ᠬᠢᠴᠢᠶᠡ︕ ᠡᠶᠢᠮᠦ ᠬᠤᠶᠠᠷ ᠬᠡᠮᠵᠢᠯᠲᠦ ᠲᠡᠮᠳᠡᠭ ᠢ ᠪᠢᠲᠡᠭᠡᠢ ᠰᠢᠷᠪᠢᠭᠡᠷᠡᠢ︕
ᠨᠡᠶᠢᠲᠡᠯᠡᠭᠰᠡᠨ ᠴᠠᠭ᠄
2023/4/14
    ᠣᠶᠢᠷ᠎ᠠ ᠳᠤ᠂ ᠴᠥᠭᠡᠨ ᠪᠤᠰᠤ ᠬᠤᠲᠠ ᠶᠢᠨ ᠠᠷᠠᠳ ᠨᠢᠭᠡᠨ ᠬᠤᠶᠠᠷ ᠬᠡᠮᠵᠢᠯᠲᠦ ᠲᠡᠮᠳᠡᠭ ᠲᠠᠢ ᠲᠠᠨᠢᠯ ᠪᠤᠰᠤ ᠲᠦᠷᠭᠡᠨ ᠬᠦᠷᠭᠡᠯᠲᠡ ᠶᠢ ᠣᠯᠪᠠ᠂ ᠵᠠᠷᠢᠮ ᠨᠢ ᠴᠣᠮᠣ ᠪᠠᠶᠢᠵᠤ᠂ ᠵᠠᠷᠢᠮ ᠨᠢ ᠤᠬᠠᠭᠤᠯᠭ᠎ᠠ ᠶᠢᠨ ᠬᠠᠭᠤᠳᠠᠰᠤ ᠪᠠᠶᠢᠯ᠎ᠠ ᠭᠡᠵᠦ ᠲᠤᠰᠬᠠᠪᠠ᠃ ᠡᠭᠦᠨ ᠤ ᠬᠠᠮᠲᠤ ᠶᠢᠨ ᠣᠨᠴᠠᠯᠢᠭ ᠭᠡᠪᠡᠯ ᠪᠣᠭᠤᠳᠠᠯ ᠳᠡᠭᠡᠷ᠎ᠡ ᠨᠢ ᠪᠦᠷ ᠬᠤᠶᠠᠷ ᠬᠡᠮᠵᠢᠯᠲᠦ ᠲᠡᠮᠳᠡᠭ ᠳᠠᠷᠤᠮᠠᠯᠯᠠᠭᠰᠠᠨ ᠪᠠᠶᠢᠪᠠ᠃ ᠡᠨᠡ ᠪᠣᠯ ᠨᠢᠭᠡᠨ ᠮᠠᠰᠢ ᠬᠥᠮᠥᠨ ᠢ ᠲᠥᠭᠡᠷᠢᠭᠳᠡᠭᠦᠯᠬᠦ ᠴᠢᠨᠠᠷᠲᠠᠢ ᠰᠢᠨ᠎ᠡ ᠬᠡᠯᠪᠡᠷᠢ ᠶᠢᠨ ᠮᠡᠬᠡᠯᠡᠯ ᠤᠨ ᠠᠷᠭ᠎ᠠ ᠪᠠᠷᠢᠯ ᠮᠥᠨ᠃ ᠤᠤᠯ ᠨᠢ ᠮᠡᠬᠡᠯᠡᠭᠴᠢ ᠬᠠᠤᠯᠢ ᠪᠤᠰᠤ ᠠᠷᠭ᠎ᠠ ᠵᠠᠮ ᠢᠶᠠᠷ ᠣᠯᠠᠨ ᠬᠥᠮᠥᠨ ᠤ ᠪᠡᠶ᠎ᠡ ᠬᠡᠮ ᠤᠨ ᠮᠡᠳᠡᠭᠡ ᠵᠠᠩᠭᠢ᠂ ᠵᠢᠱᠢᠶᠡᠯᠡᠪᠡᠯ ᠣᠪᠣᠭ ᠨᠡᠷ᠎ᠡ᠂ ᠭᠠᠷ ᠤᠲᠠᠰᠤᠨ ᠤ ᠨᠣᠮᠧᠷ᠂ ᠪᠠᠷᠠᠭ᠎ᠠ ᠲᠣᠰᠬᠤ ᠬᠠᠶ᠋ᠢᠭ ᠵᠡᠷᠭᠡ ᠶᠢ ᠣᠯᠣᠭᠠᠳ ᠬᠤᠶᠠᠷ ᠬᠡᠮᠵᠢᠯᠲᠦ ᠲᠡᠮᠳᠡᠭ ᠲᠠᠢ ᠲᠦᠷᠭᠡᠨ ᠬᠦᠷᠭᠡᠯᠲᠡ ᠶᠢ ᠰᠢᠤᠳᠠᠨ ᠢᠶᠠᠷ ᠢᠯᠡᠭᠡᠳᠡᠭ ᠪᠠᠶᠢᠨ᠎ᠠ᠃ ᠵᠠᠷᠢᠮ ᠮᠡᠬᠡᠯᠡᠭᠴᠢ ᠪᠠᠰᠠ ᠡᠯᠧᠺᠳ᠋ᠷᠣᠨ ᠬᠤᠳᠠᠯᠳᠤᠭᠠᠨ ᠤ ᠲᠠᠪᠴᠠᠩ ᠤᠨ ᠵᠣᠴᠢᠳ ᠤᠨ ᠦᠢᠯᠡᠴᠢᠯᠡᠭᠡ ᠶᠢᠨ ᠨᠡᠷ᠎ᠡ ᠪᠠᠷ ᠣᠪᠯᠠᠵᠤ᠂ ᠪᠠᠰᠠ ᠨᠢᠭᠡ ᠤᠭᠤᠲᠠ ᠪᠤᠳᠠᠭ᠎ᠠ᠂ ᠨᠢᠭᠡ ᠬᠠᠶᠢᠷᠴᠠᠭ ᠵᠢᠮᠢᠰ ᠪᠤᠶᠤ ᠬᠤᠪᠴᠠᠰᠤ ᠤᠬᠢᠶᠠᠬᠤ ᠰᠢᠩᠭᠡᠨ ᠵᠡᠷᠭᠡ ᠬᠡᠷᠡᠭᠰᠡᠯ ᠬᠦᠷᠭᠡᠵᠦ᠂ ᠵᠠᠷᠢᠮ ᠬᠤᠲᠠ ᠶᠢᠨ ᠠᠷᠠᠳ ᠤᠨ ᠰᠡᠵᠢᠭᠯᠡᠰᠢ ᠦᠭᠡᠢ ᠪᠠᠲᠤ ᠢᠲᠡᠭᠡᠯ ᠢ ᠣᠯᠳᠠᠭ᠃ ᠲᠥᠯᠥᠪᠦᠷᠢ ᠦᠭᠡᠢ ᠪᠡᠯᠡᠭ ᠢ ᠣᠯᠣᠭᠰᠠᠨ ᠤ ᠳᠠᠷᠠᠭ᠎ᠠ᠂ ᠵᠠᠷᠢᠮ ᠬᠥᠮᠥᠨ ᠡᠭᠦᠨ ᠢ ᠬᠤᠳᠠᠯᠳᠤᠭᠠᠨ ᠤ ᠲᠠᠪᠴᠠᠩ ᠤᠨ ᠵᠣᠴᠢᠳ ᠤᠨ ᠦᠢᠯᠡᠴᠢᠯᠡᠭᠡ ᠶᠢᠨ ᠬᠢᠨ ᠤ ᠬᠦᠷᠭᠡᠭᠰᠡᠨ ᠠᠰᠠᠷᠠᠮᠵᠢ ᠭᠡᠵᠦ ᠦᠵᠡᠭᠡᠳ᠂ ᠶᠠᠭᠤ ᠴᠤ ᠪᠤᠳᠤᠬᠤ ᠦᠭᠡᠢ ᠪᠠᠷ ᠨᠥᠭᠦᠭᠡ ᠡᠲᠡᠭᠡᠳ ᠤᠨ ᠢᠶᠠᠨ ᠬᠠᠩᠭᠠᠭᠰᠠᠨ ᠬᠤᠶᠠᠷ ᠬᠡᠮᠵᠢᠯᠲᠦ ᠲᠡᠮᠳᠡᠭ ᠢ ᠰᠢᠷᠪᠢᠵᠦ ᠮᠡᠬᠡᠯᠡᠭᠴᠢ ᠶᠢᠨ ᠨᠡᠭᠡᠭᠡᠭᠰᠡᠨ ᠵᠣᠭᠤᠭ ᠤᠨ ᠬᠤᠯᠪᠣᠭᠠᠨ ᠳᠤ ᠣᠷᠣᠳᠠᠭ᠃ ᠵᠣᠭᠤᠭ ᠤᠨ ᠬᠤᠯᠪᠣᠭᠠᠨ ᠳᠤ ᠣᠷᠣᠭᠰᠠᠨ ᠤ ᠳᠠᠷᠠᠭ᠎ᠠ᠂ ᠮᠡᠬᠡᠯᠡᠭᠴᠢ ᠨᠢ ᠬᠤᠯᠪᠣᠭᠠᠨ ᠳᠣᠲᠣᠷ᠎ᠠ ᠪᠠᠨ ᠵᠠᠬᠢᠶᠠᠯᠠᠭ᠎ᠠ ᠶᠢᠨ ᠬᠠᠭᠤᠳᠠᠰᠤ ᠰᠢᠷᠪᠢᠬᠦ ᠡᠭᠦᠷᠭᠡ ᠥᠭᠴᠦ᠂ ᠪᠡᠶᠡᠯᠡᠭᠦᠯᠪᠡᠯ ᠳᠠᠷᠤᠢ ᠤᠯᠠᠭᠠᠨ ᠪᠠᠭᠯᠠᠭ᠎ᠠ ᠲᠠᠷᠬᠠᠭᠠᠨ ᠥᠭᠴᠦ᠂ ᠬᠥᠮᠥᠰ ᠲᠤ ᠪᠠᠭ᠎ᠠ ᠰᠠᠭ᠎ᠠ ᠪᠠᠶᠠᠰᠤᠯ ᠬᠦᠷᠲᠡᠭᠡᠭᠡᠳ ᠬᠥᠮᠥᠰ ᠰᠡᠷᠭᠡᠶᠢᠯᠡᠬᠦ ᠪᠤᠳᠤᠯ ᠢᠶᠠᠨ ᠪᠦᠷᠢᠮᠦᠰᠦᠨ ᠲᠠᠶᠠᠭᠳᠠᠭᠰᠠᠨ ᠤ ᠬᠤᠶᠢᠨ᠎ᠠ᠂ ᠵᠥᠭᠡᠯᠡᠨ ᠲᠣᠨᠤᠭ ᠪᠠᠭᠤᠯᠭᠠᠬᠤ᠂ ᠵᠣᠭᠤᠰ ᠨᠡᠮᠡᠵᠦ ᠣᠷᠣᠯᠠᠨ ᠲᠥᠯᠥᠬᠦ ᠪᠠᠷ ᠤᠷᠮᠠᠰᠢᠭᠤᠯᠤᠨ ᠲᠠᠲᠠᠵᠤ᠂ ᠲᠡᠳᠡᠨ ᠢᠶᠠᠷ ᠬᠥᠯᠥᠰᠦᠨ ᠮᠥᠩᠭᠦ ᠨᠢ ᠨᠠᠩ ᠥᠨᠳᠥᠷ ᠲᠤᠰᠢᠶᠠᠯ ᠬᠠᠪᠰᠤᠷᠭᠠᠬᠤ ᠡᠭᠦᠷᠭᠡ ᠶᠢ ᠪᠡᠶᠡᠯᠡᠭᠦᠯᠦᠬᠦᠯᠳᠡᠭ᠃ ᠬᠡᠷᠪᠡ ᠣᠷᠤᠭᠤᠯᠤᠯᠲᠠ ᠪᠠᠨ ᠲᠠᠰᠤᠷᠠᠯᠲᠠ ᠦᠭᠡᠢ ᠨᠡᠮᠡᠭᠳᠡᠭᠦᠯᠬᠦ ᠳᠤ ᠭᠦᠷᠪᠡᠯ᠂ ᠥᠪᠡᠷ ᠤᠨ ᠴᠢᠨᠢ ᠡᠬᠡ ᠮᠥᠩᠭᠦ ᠪᠠ ᠬᠥᠯᠥᠰᠦᠨ ᠮᠥᠩᠭᠦ ᠪᠦᠷ ᠭᠠᠷᠭᠠᠵᠤ ᠠᠪᠬᠤ ᠶᠢᠨ ᠠᠷᠭ᠎ᠠ ᠦᠭᠡᠢ ᠪᠤᠯᠳᠠᠭ᠂ ᠡᠨᠡ ᠦᠶ᠎ᠡ ᠳᠤ ᠮᠡᠬᠡᠯᠡᠭᠴᠢ ᠳᠠᠷᠤᠢ ︽ᠰᠢᠰᠲ᠋ᠧᠮ ᠲᠦᠭᠵᠢᠷᠡᠯ ᠲᠠᠢ ᠪᠣᠯᠤᠭᠰᠠᠨ︾᠂ ︽ᠡᠭᠦᠷᠭᠡ ᠴᠠᠭ ᠠᠴᠠ ᠪᠠᠨ ᠬᠡᠲᠦᠷᠡᠭᠰᠡᠨ︾᠂ ︽ᠠᠵᠢᠯᠯᠠᠭᠠᠨ ᠤ ᠠᠯᠳᠠᠰᠢ ᠭᠠᠷᠤᠭᠰᠠᠨ︾ ᠭᠡᠬᠦ ᠮᠡᠲᠦ ᠶᠢᠨ ᠰᠢᠯᠲᠠᠭ ᠬᠡᠯᠡᠵᠦ ᠦᠷᠭᠦᠯᠵᠢᠯᠡᠨ ᠵᠣᠭᠤᠰ ᠨᠡᠮᠡᠵᠦ ᠣᠷᠣᠯᠠᠨ ᠲᠥᠯᠥᠬᠦ ᠶᠢ ᠱᠠᠭᠠᠷᠳᠠᠳᠠᠭ᠃ ᠦᠨᠡᠨ ᠳᠡᠭᠡᠨ᠂ ᠡᠨᠡ ᠪᠣᠯ ᠪᠦᠷ ᠮᠡᠬᠡᠯᠡᠭᠴᠢ ᠶᠢᠨ ᠶᠠᠷᠢᠶᠠᠲᠤ ᠵᠦᠴᠦᠭᠡ ᠶᠢᠨ ᠵᠣᠬᠢᠶᠠᠯ ᠪᠣᠯᠬᠤᠷ ᠮᠡᠬᠡᠯᠡᠭᠳᠡᠭᠴᠢ ᠥᠪᠡᠷ ᠤᠨ ᠡᠬᠡ ᠮᠥᠩᠭᠦ ᠪᠣᠯᠣᠨ ᠬᠥᠯᠥᠰᠦᠨ ᠮᠥᠩᠭᠦ ᠪᠠᠨ ᠭᠠᠷᠭᠠᠨ ᠠᠪᠬᠤ ᠶᠢᠨ ᠠᠷᠭ᠎ᠠ ᠦᠭᠡᠢ ᠶᠤᠮ᠃
 
ᠢᠷᠡᠯᠲᠡ᠄ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号