ᠠᠶᠢᠮᠠᠭ ᠬᠤᠲᠠ ᠶᠢᠨ ᠦᠢᠯᠡᠳᠪᠦᠷᠢᠯᠡᠯ ᠤᠨ ᠶᠡᠷᠦᠩᠬᠡᠢ ᠥᠷᠲᠡᠭ ᠤᠨ ᠨᠢᠭᠡᠳᠦᠯᠲᠡᠢ ᠲᠣᠭᠠᠴᠠᠭ᠎ᠠ ᠬᠢᠭᠰᠡᠨ ᠦᠷ᠎ᠡ | ᠳ᠋ᠦᠩ ᠢ ᠦᠨᠳᠦᠰᠦᠯᠡᠪᠡᠯ᠂ 2023 ᠣᠨ ᠤ 1 ︱ 3 ᠳ᠋ᠤᠭᠠᠷ ᠰᠠᠷ᠎ᠠ ᠳᠤ ᠮᠠᠨ ᠤ ᠬᠤᠰᠢᠭᠤᠨ ᠤ ᠭᠠᠵᠠᠷ | ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠲᠡᠭ 19.1 ᠳ᠋ᠦᠩᠰᠢᠭᠤᠷ ᠲᠥᠭᠦᠷᠢᠭ ᠲᠤ ᠬᠥᠷᠪᠡ᠃ ᠥᠯᠥ | ᠬᠤᠪᠢᠰᠬᠤ ᠦᠨ᠎ᠡ ᠪᠠᠷ ᠪᠤᠳᠤᠪᠠᠯ᠂ ᠠᠳᠠᠯᠢ ᠬᠤᠭᠤᠴᠠᠭᠠᠨ ᠤ ᠬᠢ ᠠᠴᠠ 12.3% ᠨᠡᠮᠡᠭᠳᠡᠵᠦ᠂ ᠨᠡᠮᠡᠭᠳᠡᠯ ᠤᠨ | ᠬᠤᠷᠳᠤᠴᠠ ᠨᠢ ᠪᠥᠬᠦ ᠠᠶᠢᠮᠠᠭ ᠤᠨ 6 ᠬᠤᠰᠢᠭᠤ ᠰᠢᠶᠠᠨ ᠬᠤᠲᠠ ᠶᠢᠨ ᠳᠣᠲᠣᠷ᠎ᠠ ᠨᠢᠭᠡᠳᠦᠭᠡᠷ ᠲᠤ ᠵᠢᠭᠰᠠᠭᠠᠭᠳᠠᠵᠠᠢ | ︵ᠪᠥᠬᠦ ᠠᠶᠢᠮᠠᠭ ᠤᠨ ᠨᠡᠮᠡᠭᠳᠡᠯ ᠤᠨ ᠬᠤᠷᠳᠤᠴᠠ 7.1%︶᠃ ᠠᠵᠤ ᠦᠢᠯᠡᠰ ᠢᠶᠠᠷ ᠬᠤᠪᠢᠶᠠᠵᠤ ᠦᠵᠡᠪᠡᠯ᠂ | ᠨᠢᠭᠡᠳᠦᠭᠡᠷ ᠠᠵᠤ ᠦᠢᠯᠡᠰ ᠤᠨ ᠨᠡᠮᠡᠭᠳᠡᠯ ᠥᠷᠲᠡᠭ 4.9 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ | ᠬᠤᠭᠤᠴᠠᠭᠠᠨ ᠤ ᠬᠢ ᠠᠴᠠ 11.6% ᠨᠡᠮᠡᠭᠳᠡᠪᠡ︔ ᠬᠤᠶᠠᠳᠤᠭᠠᠷ ᠠᠵᠤ ᠦᠢᠯᠡᠰ ᠤᠨ ᠨᠡᠮᠡᠭᠳᠡᠯ ᠥᠷᠲᠡᠭ 5.2 | ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 58.4% ᠨᠡᠮᠡᠭᠳᠡᠪᠡ︔ | ᠭᠤᠷᠪᠠᠳᠤᠭᠠᠷ ᠠᠵᠤ ᠦᠢᠯᠡᠰ ᠤᠨ ᠨᠡᠮᠡᠭᠳᠡᠯ ᠥᠷᠲᠡᠭ 9.0 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ | ᠬᠤᠭᠤᠴᠠᠭᠠᠨ ᠤ ᠬᠢ ᠠᠴᠠ 0.1% ᠪᠠᠷ ᠨᠡᠮᠡᠭᠳᠡᠪᠡ᠃ | 2023 ᠣᠨ ᠤ 1 ︱ 3 ᠳ᠋ᠤᠭᠠᠷ ᠰᠠᠷ᠎ᠠ ᠳᠤ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ | ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ | 148.2% ᠨᠡᠮᠡᠭᠳᠡᠵᠦ᠂ ᠨᠡᠮᠡᠭᠳᠡᠯ ᠤᠨ ᠬᠤᠷᠳᠤᠴᠠ ᠨᠢ ᠪᠥᠬᠦ ᠠᠶᠢᠮᠠᠭ ᠤᠨ 6 ᠬᠤᠰᠢᠭᠤ ᠰᠢᠶᠠᠨ ᠬᠤᠲᠠ ᠶᠢᠨ | ᠳᠣᠲᠣᠷ᠎ᠠ ᠨᠢᠭᠡᠳᠦᠭᠡᠷ ᠲᠤ ᠵᠢᠭᠰᠠᠭᠠᠭᠳᠠᠪᠠ ︵ᠪᠥᠬᠦ ᠠᠶᠢᠮᠠᠭ ᠤᠨ ᠨᠡᠮᠡᠭᠳᠡᠯ ᠤᠨ ᠬᠤᠷᠳᠤᠴᠠ 17.7%︶᠃ | 2023 ᠣᠨ ᠤ 1 ︱ 3 ᠳ᠋ᠤᠭᠠᠷ ᠰᠠᠷ᠎ᠠ ᠳᠤ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠲᠣᠭᠲᠠᠮᠠᠯ | ᠬᠥᠷᠥᠩᠭᠡ ᠶᠢᠨ ᠪᠡᠯᠡ ᠣᠷᠤᠭᠤᠯᠤᠯᠲᠠ ᠶᠢᠨ ᠪᠡᠶᠡᠯᠡᠭᠦᠯᠦᠭᠰᠡᠨ ᠲᠤᠭ᠎ᠠ ᠠᠳᠠᠯᠢ ᠬᠤᠭᠤᠴᠠᠭᠠᠨ ᠤ ᠬᠢ ᠠᠴᠠ 59. | 8% ᠪᠠᠷ ᠨᠡᠮᠡᠭᠳᠡᠵᠦ᠂ ᠨᠡᠮᠡᠭᠳᠡᠯ ᠤᠨ ᠬᠤᠷᠳᠤᠴᠠ ᠨᠢ ᠪᠥᠬᠦ ᠠᠶᠢᠮᠠᠭ ᠤᠨ 6 ᠬᠤᠰᠢᠭᠤ ᠰᠢᠶᠠᠨ ᠬᠤᠲᠠ ᠶᠢᠨ | ᠳᠣᠲᠣᠷ᠎ᠠ ᠳᠥᠷᠪᠡᠳᠦᠭᠡᠷ ᠲᠤ ᠵᠢᠭᠰᠠᠭᠠᠭᠳᠠᠪᠠ ︵ᠪᠥᠬᠦ ᠠᠶᠢᠮᠠᠭ ᠤᠨ ᠨᠡᠮᠡᠭᠳᠡᠯ ᠤᠨ ᠬᠤᠷᠳᠤᠴᠠ ᠨᠢ 48.9%︶᠃ | | 2023 ᠣᠨ ᠤ 1 ︱ 3 ᠳ᠋ᠤᠭᠠᠷ ᠰᠠᠷ᠎ᠠ ᠳᠤ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ | ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠪᠥᠬᠦ ᠲᠤᠭ᠎ᠠ ᠠᠳᠠᠯᠢ ᠬᠤᠭᠤᠴᠠᠭᠠᠨ ᠤ | ᠬᠢ ᠠᠴᠠ 2.9% ᠪᠠᠷ ᠨᠡᠮᠡᠭᠳᠡᠵᠦ᠂ ᠨᠡᠮᠡᠭᠳᠡᠯ ᠤᠨ ᠬᠤᠷᠳᠤᠴᠠ ᠨᠢ ᠪᠥᠬᠦ ᠠᠶᠢᠮᠠᠭ ᠤᠨ 6 ᠬᠤᠰᠢᠭᠤ ᠰᠢᠶᠠᠨ | ᠬᠤᠲᠠ ᠶᠢᠨ ᠳᠣᠲᠣᠷ᠎ᠠ ᠵᠢᠷᠭᠤᠳᠤᠭᠠᠷ ᠲᠤ ᠵᠢᠭᠰᠠᠭᠠᠭᠳᠠᠪᠠ ︵ᠪᠥᠬᠦ ᠠᠶᠢᠮᠠᠭ ᠤᠨ ᠨᠡᠮᠡᠭᠳᠡᠯ ᠤᠨ ᠬᠤᠷᠳᠤᠴᠠ 4. | 7%︶᠃ | |