ᠨᠢᠭᠡᠳᠦᠭᠡᠷ ᠪᠦᠯᠦᠭ ᠶᠡᠷᠦᠩᠬᠡᠢ ᠳᠦᠷᠢᠮ | ᠨᠢᠭᠡᠳᠦᠭᠡᠷ ᠵᠦᠢᠯ ᠂ ᠡᠯ᠎ᠡ ᠲᠥᠷᠥᠯ ᠤᠨ ᠬᠥᠳᠡᠭᠡ ᠲᠣᠰᠬᠤᠨ ᠤ ᠥᠮᠴᠢᠯᠡᠯ ᠤᠨ ᠡᠷᠬᠡ ᠶᠢ ᠵᠠᠬ᠎ᠠ ᠳᠡᠯᠭᠡᠭᠦᠷ ᠲᠤ | ᠣᠷᠣᠭᠤᠯᠵᠤ ᠡᠷᠭᠢᠯᠳᠦᠭᠦᠯᠦᠨ ᠠᠷᠠᠯᠵᠢᠶᠠᠯᠠᠬᠤ ᠶᠢ ᠤᠯᠠᠮ ᠨᠢᠭᠡ ᠠᠯᠬᠤᠮ ᠵᠣᠷᠢᠭᠵᠢᠭᠤᠯᠬᠤ ᠪᠠ ᠬᠥᠲᠥᠯᠥᠨ ᠵᠢᠯᠤᠭᠤᠳᠴᠤ᠂ | ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠬᠥᠳᠡᠭᠡ ᠲᠣᠰᠬᠤᠨ ᠤ ᠥᠮᠴᠢᠯᠡᠯ ᠤᠨ ᠡᠷᠬᠡ ᠶᠢᠨ ᠠᠷᠠᠯᠵᠢᠶᠠᠨ ᠤ | ᠲᠥᠪ ︵ᠳᠣᠷᠣᠭᠰᠢ ︽ᠲᠠᠷᠢᠶᠠᠯᠠᠩ ᠤᠨ ᠵᠠᠮ ᠬᠠᠷᠢᠯᠴᠠᠭᠠᠨ ᠤ ᠲᠥᠪ︾ ᠭᠡᠵᠦ ᠲᠣᠪᠴᠢᠯᠠᠨ᠎ᠠ︶ ᠤᠨ ᠲᠠᠪᠴᠠᠩ ᠤᠨ | ᠦᠢᠯᠡᠳᠦᠯ ᠢ ᠭᠦᠢᠴᠡᠳ ᠪᠠᠳᠠᠷᠠᠭᠤᠯᠵᠤ᠂ ᠡᠷᠭᠢᠯᠳᠦᠭᠦᠯᠦᠨ ᠠᠷᠠᠯᠵᠢᠶᠠᠯᠠᠬᠤ ᠠᠵᠢᠯᠯᠠᠭ᠎ᠠ ᠶᠢ ᠵᠢᠷᠤᠮᠵᠢᠭᠤᠯᠤᠨ᠂ | ᠦᠢᠯᠡᠳᠪᠦᠷᠢᠯᠡᠯ ᠤᠨ ᠬᠦᠴᠦᠨ ᠵᠦᠢᠯ ᠤᠨ ᠬᠤᠲᠠ ᠬᠥᠳᠡᠭᠡ ᠶᠢᠨ ᠬᠤᠭᠤᠷᠣᠨᠳᠤ ᠴᠢᠯᠦᠭᠡᠲᠡᠢ ᠰᠢᠯᠵᠢᠬᠦ ᠶᠢ ᠠᠬᠢᠭᠤᠯᠬᠤ ᠶᠢᠨ | ᠲᠤᠰᠠᠳᠠ᠂ ᠮᠠᠨ ᠤ ᠬᠤᠰᠢᠭᠤᠨ ᠤ ᠪᠣᠳᠠᠲᠠᠢ ᠲᠠᠢ ᠪᠠᠨ ᠤᠶᠠᠯᠳᠤᠭᠤᠯᠵᠤ᠂ ᠲᠣᠰ ᠠᠷᠭ᠎ᠠ ᠶᠢ ᠲᠣᠭᠲᠠᠭᠠᠪᠠ᠃ | ᠬᠤᠶᠠᠳᠤᠭᠠᠷ ᠵᠦᠢᠯ᠂ ᠲᠤᠰ ᠠᠷᠭ᠎ᠠ ᠳᠤ ᠬᠡᠯᠡᠵᠦ ᠪᠠᠶᠢᠭ᠎ᠠ ᠬᠥᠳᠡᠭᠡ ᠲᠣᠰᠬᠤᠨ ᠤ ᠥᠮᠴᠢᠯᠡᠯ ᠤᠨ ᠡᠷᠬᠡ ᠶᠢ ᠵᠠᠬ᠎ᠠ | ᠳᠡᠯᠭᠡᠭᠦᠷ ᠲᠤ ᠣᠷᠣᠭᠤᠯᠵᠤ ᠡᠷᠭᠢᠯᠲᠡ ᠳᠤ ᠣᠷᠣᠭᠤᠯᠵᠤ ᠠᠷᠠᠯᠵᠢᠶᠠᠯᠠᠬᠤ ᠭᠡᠳᠡᠭ ᠨᠢ ᠡᠷᠬᠡ ᠶᠢᠨ ᠬᠠᠷᠢᠶᠠᠯᠠᠯ ᠨᠢ ᠲᠣᠳᠣᠷᠬᠠᠢ | ᠬᠥᠳᠡᠭᠡ ᠲᠣᠰᠬᠤᠨ ᠤ ᠥᠮᠴᠢᠯᠡᠯ ᠤᠨ ᠡᠷᠬᠡ ᠶᠢ ᠵᠢᠭᠠᠵᠤ ᠪᠠᠶᠢᠨ᠎ᠠ᠂ ᠬᠥᠳᠡᠭᠡ ᠲᠣᠰᠬᠤᠨ ᠤ ᠥᠮᠴᠢᠯᠡᠯ ᠤᠨ ᠡᠷᠬᠡ ᠶᠢᠨ | ᠠᠷᠠᠯᠵᠢᠶᠠᠨ ᠤ ᠵᠠᠬ᠎ᠠ ᠳᠡᠯᠭᠡᠭᠦᠷ ᠢᠶᠠᠷ ᠳᠠᠮᠵᠢᠭᠤᠯᠤᠨ ᠳᠠᠭᠠᠭᠠᠴᠢᠯᠠᠯᠲᠠ ᠵᠠᠷᠯᠠᠬᠤ᠂ ᠦᠨ᠎ᠡ ᠬᠠᠶᠠᠨ ᠬᠤᠳᠠᠯᠳᠤᠬᠤ᠂ ᠫᠠᠶᠢᠰᠠ | ᠡᠯᠭᠦᠬᠦ᠂ ᠡᠯᠧᠺᠲᠷᠣᠨ ᠢᠶᠠᠷ ᠦᠨ᠎ᠡ ᠥᠷᠢᠰᠦᠯᠳᠦᠬᠦ᠂ ᠬᠡᠯᠡᠯᠴᠡᠭᠡᠷ ᠢᠶᠠᠷ ᠰᠢᠯᠵᠢᠭᠦᠯᠦᠨ ᠥᠭᠬᠦ ᠵᠡᠷᠭᠡ ᠠᠷᠭ᠎ᠠ ᠮᠠᠶ᠋ᠢᠭ ᠢᠶᠠᠷ | ᠰᠢᠯᠵᠢᠭᠦᠯᠦᠨ ᠠᠪᠤᠭᠴᠢ ᠶᠢ ᠡᠷᠢᠵᠦ ᠡᠷᠭᠢᠯᠲᠡ ᠳᠤ ᠣᠷᠣᠭᠤᠯᠵᠤ ᠠᠷᠠᠯᠵᠢᠶᠠᠯᠠᠬᠤ ᠠᠵᠢᠯᠯᠠᠭ᠎ᠠ ᠶᠢ ᠵᠢᠭᠠᠵᠤ ᠪᠠᠶᠢᠨ᠎ᠠ᠃ | ᠭᠤᠷᠪᠠᠳᠤᠭᠠᠷ ᠵᠦᠢᠯ᠂ ᠬᠥᠳᠡᠭᠡ ᠲᠣᠰᠬᠤᠨ ᠤ ᠥᠮᠴᠢᠯᠡᠯ ᠤᠨ ᠡᠷᠬᠡ ᠶᠢ ᠵᠠᠬ᠎ᠠ ᠳᠡᠯᠭᠡᠭᠦᠷ ᠲᠤ ᠣᠷᠣᠭᠤᠯᠵᠤ ᠡᠷᠭᠢᠯᠲᠡ ᠳᠤ | ᠣᠷᠣᠭᠤᠯᠵᠤ ᠠᠷᠠᠯᠵᠢᠶᠠᠯᠠᠬᠤ ᠶᠢ ᠵᠣᠷᠢᠭᠵᠢᠭᠤᠯᠬᠤ ᠪᠠ ᠬᠥᠲᠥᠯᠥᠨ ᠵᠢᠯᠤᠭᠤᠳᠬᠤ ᠳᠤ ᠳᠣᠣᠷᠠᠬᠢ ᠵᠠᠷᠴᠢᠮ ᠤᠳ ᠢ | ᠪᠠᠷᠢᠮᠲᠠᠯᠠᠬᠤ ᠬᠡᠷᠡᠭᠲᠡᠢ︔ ᠵᠠᠬ᠎ᠠ ᠳᠡᠯᠭᠡᠭᠦᠷᠴᠢᠯᠡᠬᠦ ᠵᠠᠷᠴᠢᠮ᠂ ᠢᠯᠡ ᠲᠣᠳᠣ᠂ ᠡᠷᠬᠡ ᠲᠡᠭᠰᠢ᠂ ᠲᠥᠪ ᠭᠤᠣᠯᠴᠢ ᠪᠠᠶᠢᠬᠤ | ᠵᠠᠷᠴᠢᠮ᠂ ᠲᠠᠷᠢᠶᠠᠴᠢᠳ ᠤᠨ ᠬᠠᠤᠯᠢ ᠶᠣᠰᠣᠨ ᠤ ᠡᠷᠬᠡ ᠠᠰᠢᠭ ᠢ ᠪᠠᠲᠤᠯᠠᠬᠤ ᠵᠠᠷᠴᠢᠮ᠂ ᠵᠠᠰᠠᠭ ᠤᠨ ᠣᠷᠳᠣᠨ ᠠᠴᠠ | ᠬᠥᠲᠥᠯᠥᠨ ᠵᠢᠯᠤᠭᠤᠳᠬᠤ ᠵᠠᠷᠴᠢᠮ᠃ | ᠬᠤᠶᠠᠳᠤᠭᠠᠷ ᠪᠦᠯᠦᠭ ᠡᠷᠠᠯᠵᠢᠶᠠᠨ ᠤ ᠲᠦᠷᠦᠯ ᠵᠦᠢᠯ | ᠳᠥᠷᠪᠡᠳᠦᠭᠡᠷ ᠵᠦᠢᠯ᠂ ︽ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠲᠠᠷᠢᠶᠠᠯᠠᠩ ᠤᠨ ᠵᠠᠮ ᠬᠠᠷᠢᠯᠴᠠᠭᠠᠨ ᠤ | ᠲᠥᠪ ᠤᠨ ᠬᠥᠳᠡᠭᠡ ᠲᠣᠰᠬᠤᠨ ᠤ ᠥᠮᠴᠢᠯᠡᠯ ᠤᠨ ᠡᠷᠬᠡ ᠶᠢ ᠡᠷᠭᠢᠯᠳᠦᠭᠦᠯᠦᠨ ᠠᠷᠠᠯᠵᠢᠶᠠᠯᠠᠬᠤ ᠭᠠᠷᠴᠠᠭ︾ ᠤᠨ | ᠬᠡᠪᠴᠢᠶᠡᠨ ᠳᠤ ᠬᠠᠷᠢᠶᠠᠯᠠᠭᠳᠠᠬᠤ ᠬᠥᠳᠡᠭᠡ ᠲᠣᠰᠬᠤᠨ ᠤ ᠥᠮᠴᠢᠯᠡᠯ ᠤᠨ ᠡᠷᠬᠡ ᠪᠠ ᠲᠥᠷᠥᠯ ᠵᠦᠢᠯ ᠪᠦᠬᠦᠨ ᠳᠤ ᠲᠣᠰ | ᠠᠷᠭ᠎ᠠ ᠲᠣᠬᠢᠷᠠᠨ᠎ᠠ᠃ | ᠲᠠᠪᠤᠳᠤᠭᠠᠷ ᠵᠦᠢᠯ᠂ ᠬᠠᠤᠯᠢ ᠶᠣᠰᠣᠭᠠᠷ ᠲᠦᠷᠢᠶᠡᠰᠦᠯᠡᠭᠦᠯᠬᠦ᠂ ᠰᠢᠯᠵᠢᠭᠦᠯᠦᠨ ᠥᠭᠬᠦ᠂ ᠬᠤᠪᠢ ᠣᠷᠣᠭᠤᠯᠬᠤ᠂ ᠪᠡᠯᠡ | ᠨᠡᠶᠢᠯᠡᠭᠦᠯᠬᠦ ᠪᠤᠶᠤ ᠪᠤᠰᠤᠳ ᠠᠷᠭ᠎ᠠ ᠮᠠᠶ᠋ᠢᠭ ᠢᠶᠠᠷ ᠡᠷᠭᠢᠯᠲᠡ ᠳᠤ ᠣᠷᠣᠭᠤᠯᠵᠤ ᠠᠷᠠᠯᠵᠢᠶᠠᠯᠠᠬᠤ ᠬᠥᠳᠡᠭᠡ ᠲᠣᠰᠬᠤᠨ ᠤ | ᠬᠠᠮᠲᠤ ᠶᠢᠨ ᠡᠳ᠋ ᠬᠥᠷᠥᠩᠭᠡ ᠵᠢᠴᠢ ᠬᠥᠳᠡᠭᠡ ᠲᠣᠰᠬᠤᠨ ᠤ ᠬᠠᠮᠲᠤ ᠶᠢᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠶᠢᠨ | ᠨᠠᠶᠢᠳᠠᠯᠭ᠎ᠠ ᠪᠠᠷ ᠡᠷᠭᠢᠯᠲᠡ ᠳᠤ ᠣᠷᠣᠭᠤᠯᠵᠤ ᠠᠷᠠᠯᠵᠢᠶᠠᠯᠠᠬᠤ ᠬᠥᠳᠡᠭᠡ ᠲᠣᠰᠬᠤᠨ ᠤ ᠥᠮᠴᠢᠯᠡᠯ ᠤᠨ ᠡᠷᠬᠡ ᠪᠠ ᠵᠦᠢᠯᠡᠰ ᠢ | ᠡᠷᠬᠡᠪᠰᠢ ᠲᠠᠯᠠᠪᠤᠷ ᠲᠤ ᠣᠷᠣᠭᠤᠯᠵᠤ ᠢᠯᠡ ᠪᠠᠷ ᠠᠷᠠᠯᠵᠢᠶᠠᠯᠠᠬᠤ ᠬᠡᠷᠡᠭᠲᠡᠢ᠃ | ᠵᠢᠷᠭᠤᠳᠤᠭᠠᠷ ᠵᠦᠢᠯ᠂ ᠬᠥᠳᠡᠭᠡ ᠲᠣᠰᠬᠤᠨ ᠤ ᠬᠠᠮᠲᠤ ᠶᠢᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠠᠴᠠ | ᠬᠡᠷᠡᠭᠵᠢᠭᠦᠯᠦᠭᠰᠡᠨ ᠬᠥᠳᠡᠭᠡ ᠲᠣᠰᠬᠤᠨ ᠤ ᠭᠠᠵᠠᠷ ᠰᠢᠷᠣᠢ ᠶᠢ ᠶᠡᠷᠦᠩᠬᠡᠶᠢᠯᠡᠨ ᠵᠠᠰᠠᠬᠤ ᠲᠥᠷᠥᠯ ᠵᠦᠢᠯ ᠤᠨ | ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠶᠢ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠲᠠᠷᠢᠶᠠᠯᠠᠩ ᠤᠨ | ᠵᠠᠮ ᠬᠠᠷᠢᠯᠴᠠᠭᠠᠨ ᠤ ᠲᠥᠪ ᠲᠤ ᠢᠯᠡ ᠪᠠᠷ ᠶᠠᠪᠤᠭᠳᠠᠭᠤᠯᠤᠨ᠎ᠠ᠃ | ᠳᠣᠯᠣᠳᠤᠭᠠᠷ ᠵᠦᠢᠯ᠂ ᠬᠤᠪᠢ ᠬᠥᠮᠥᠨ ᠤ ᠡᠵᠡᠮᠰᠢᠵᠦ ᠪᠠᠶᠢᠭ᠎ᠠ ᠬᠥᠳᠡᠭᠡ ᠲᠣᠰᠬᠤᠨ ᠤ ᠥᠮᠴᠢᠯᠡᠯ ᠤᠨ ᠡᠷᠬᠡ᠂ | ᠲᠤᠰᠬᠠᠢ ᠲᠣᠮᠣ ᠡᠷᠦᠭᠡ᠂ ᠭᠡᠷ ᠪᠦᠯᠢ ᠶᠢᠨ ᠲᠠᠷᠢᠶᠠᠯᠠᠩ ︵ᠤᠢ ᠰᠢᠭᠤᠢ︶ ᠤᠨ ᠲᠠᠯᠠᠪᠠᠢ᠂ ᠲᠠᠷᠢᠶᠠᠴᠢᠳ ᠤᠨ ᠬᠤᠷᠰᠢᠶ᠎ᠠ᠂ | ᠲᠠᠷᠢᠶᠠᠯᠠᠩ ᠳᠤ ᠬᠤᠯᠪᠣᠭᠳᠠᠬᠤ ᠠᠵᠤ ᠠᠬᠤᠶᠢᠯᠠᠯ ᠵᠡᠷᠭᠡ ᠰᠢᠨ᠎ᠡ ᠮᠠᠶ᠋ᠢᠭ ᠤᠨ ᠲᠠᠷᠢᠶᠠᠯᠠᠩ ᠤᠨ ᠡᠵᠡᠩᠨᠡᠯᠲᠡ ᠶᠢᠨ ᠪᠡᠶᠡᠴᠢ | ᠴᠣᠭᠴᠠ ᠶᠢᠨ ᠬᠥᠳᠡᠭᠡ ᠲᠣᠰᠬᠤᠨ ᠤ ᠡᠯ᠎ᠡ ᠲᠦᠷᠦᠯ ᠤᠨ ᠥᠮᠴᠢᠯᠡᠯ ᠤᠨ ᠡᠷᠬᠡ ᠶᠢ ᠡᠷᠭᠢᠯᠲᠡ ᠳᠤ ᠣᠷᠣᠭᠤᠯᠵᠤ | ᠠᠷᠠᠯᠵᠢᠶᠠᠯᠠᠬᠤ ᠦᠶ᠎ᠡ ᠳᠤ᠂ ᠲᠡᠳᠡᠨ ᠤ ᠲᠠᠯᠠᠪᠠᠢ ᠳᠤ ᠣᠷᠣᠵᠤ ᠡᠷᠭᠢᠯᠲᠡ ᠳᠤ ᠣᠷᠣᠭᠤᠯᠵᠤ ᠠᠷᠠᠯᠵᠢᠶᠠᠯᠠᠬᠤ ᠶᠢ | ᠵᠣᠷᠢᠭᠵᠢᠭᠤᠯᠤᠨ᠎ᠠ᠃ | ᠭᠤᠷᠪᠠᠳᠤᠭᠠᠷ ᠪᠦᠯᠦᠭ ᠡᠷᠠᠯᠵᠢᠶᠠᠨ ᠤ ᠦᠢᠯᠡᠴᠢᠯᠡᠭᠡ | ᠨᠠᠢᠮᠠᠳᠤᠭᠠᠷ ᠵᠦᠢᠯ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠲᠠᠷᠢᠶᠠᠯᠠᠩ ᠤᠨ ᠵᠠᠮ ᠬᠠᠷᠢᠯᠴᠠᠭᠠᠨ ᠤ | ᠲᠥᠪ ᠪᠣᠯ ᠮᠠᠨ ᠤ ᠬᠤᠰᠢᠭᠤᠨ ᠤ ᠬᠠᠤᠯᠢ ᠶᠣᠰᠣᠭᠠᠷ ᠪᠠᠶᠢᠭᠤᠯᠤᠭᠰᠠᠨ ᠬᠥᠳᠡᠭᠡ ᠲᠣᠰᠬᠤᠨ ᠤ ᠥᠮᠴᠢᠯᠡᠯ ᠤᠨ ᠡᠷᠬᠡ ᠶᠢᠨ | ᠶᠡᠷᠦᠩᠬᠡᠶᠢᠯᠡᠭᠰᠡᠨ ᠠᠷᠠᠯᠵᠢᠶᠠᠨ ᠤ ᠲᠠᠪᠴᠠᠩ ᠪᠠᠶᠢᠵᠤ᠂ ᠡᠯ᠎ᠡ ᠲᠥᠷᠥᠯ ᠤᠨ ᠬᠥᠳᠡᠭᠡ ᠲᠣᠰᠬᠤᠨ ᠤ ᠥᠮᠴᠢᠯᠡᠯ ᠤᠨ ᠡᠷᠬᠡ ᠶᠢ | ᠰᠢᠯᠵᠢᠭᠦᠯᠦᠨ ᠠᠷᠠᠯᠵᠢᠶᠠᠯᠠᠬᠤ ᠳᠤ ᠲᠠᠯᠠᠪᠤᠷ ᠭᠠᠵᠠᠷ ᠤᠨ ᠲᠥᠬᠦᠭᠡᠷᠦᠮᠵᠢ᠂ ᠮᠡᠳᠡᠭᠡ ᠵᠠᠩᠭᠢ ᠨᠡᠶᠢᠲᠡᠯᠡᠬᠦ ᠪᠠ ᠵᠣᠬᠢᠶᠠᠨ | ᠪᠠᠶᠢᠭᠤᠯᠵᠤ ᠠᠷᠠᠯᠵᠢᠶᠠᠯᠠᠬᠤ ᠵᠡᠷᠭᠡ ᠦᠢᠯᠡᠴᠢᠯᠡᠭᠡ ᠬᠠᠩᠭᠠᠨ᠎ᠠ᠃ | ᠶᠢᠰᠦᠳᠦᠭᠡᠷ ᠵᠦᠢᠯ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠲᠠᠷᠢᠶᠠᠯᠠᠩ ᠤᠨ ᠵᠠᠮ ᠬᠠᠷᠢᠯᠴᠠᠭᠠᠨ ᠤ | ᠲᠥᠪ ᠨᠢ ᠬᠥᠳᠡᠭᠡ ᠲᠣᠰᠬᠤᠨ ᠤ ᠡᠯ᠎ᠡ ᠲᠥᠷᠥᠯ ᠤᠨ ᠥᠮᠴᠢᠯᠡᠯ ᠤᠨ ᠡᠷᠬᠡ ᠶᠢ ᠡᠷᠭᠢᠯᠲᠡ ᠳᠤ ᠣᠷᠣᠭᠤᠯᠵᠤ ᠠᠷᠠᠯᠵᠢᠶᠠᠯᠠᠬᠤ | ᠠᠵᠢᠯᠯᠠᠭ᠎ᠠ ᠳᠤ ᠰᠢᠯᠭᠠᠨ ᠭᠡᠷᠡᠴᠢᠯᠡᠯ ᠬᠢᠵᠦ᠂ ᠠᠷᠠᠯᠵᠢᠶᠠᠨ ᠤ ᠦᠨᠡᠮᠯᠡᠯ ᠢ ᠭᠠᠷᠭᠠᠵᠤ ᠥᠭᠬᠦ ᠶᠢᠨ ᠬᠠᠮᠲᠤ ᠠᠷᠠᠯᠵᠢᠶ᠎ᠠ | ᠪᠦᠲᠦᠭᠰᠡᠨ ᠠᠯᠪᠠᠨ ᠵᠠᠷ ᠨᠡᠶᠢᠲᠡᠯᠡᠨ᠎ᠡ᠃ | ᠠᠷᠪᠠᠳᠤᠭᠠᠷ ᠵᠦᠢᠯ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠲᠠᠷᠢᠶᠠᠯᠠᠩ ᠤᠨ ᠵᠠᠮ ᠬᠠᠷᠢᠯᠴᠠᠭᠠᠨ ᠤ | ᠲᠥᠪ ᠬᠥᠳᠡᠭᠡ ᠲᠣᠰᠬᠤᠨ ᠤ ᠥᠮᠴᠢᠯᠡᠯ ᠤᠨ ᠡᠷᠬᠡ ᠶᠢ ᠲᠠᠨᠢᠯᠴᠠᠭᠤᠯᠬᠤ ᠡᠯ᠎ᠡ ᠲᠥᠷᠥᠯ ᠤᠨ ᠠᠵᠢᠯᠯᠠᠭ᠎ᠠ ᠶᠢ ᠵᠣᠬᠢᠶᠠᠨ | ᠪᠠᠶᠢᠭᠤᠯᠤᠨ ᠥᠷᠨᠢᠭᠦᠯᠵᠦ᠂ ᠲᠥᠷᠥ ᠶᠢᠨ ᠪᠣᠳᠣᠯᠭ᠎ᠠ ᠬᠠᠤᠯᠢ ᠴᠠᠭᠠᠵᠠ ᠶᠢᠨ ᠯᠠᠪᠯᠠᠭ᠎ᠠ ᠪᠠ ᠮᠡᠳᠡᠭᠡ ᠵᠠᠩᠭᠢ ᠶᠢᠨ | ᠯᠠᠪᠯᠠᠯᠲᠠ ᠶᠢᠨ ᠦᠢᠯᠡᠴᠢᠯᠡᠭᠡ ᠬᠠᠩᠭᠠᠨ᠎ᠠ᠃ | ᠠᠷᠪᠠᠨ ᠨᠢᠭᠡᠳᠦᠭᠡᠷ ᠵᠦᠢᠯ᠂ ᠬᠥᠳᠡᠭᠡ ᠲᠣᠰᠬᠤᠨ ᠤ ᠥᠮᠴᠢᠯᠡᠯ ᠤᠨ ᠡᠷᠬᠡ ᠶᠢ ᠡᠷᠭᠢᠯᠲᠡ ᠳᠤ ᠣᠷᠣᠭᠤᠯᠵᠤ | ᠠᠷᠠᠯᠵᠢᠶᠠᠯᠠᠬᠤ ︽ᠨᠢᠭᠡ ᠥᠷᠲᠡᠭᠡᠨ ᠤ ᠮᠠᠶ᠋ᠢᠭ︾ ᠤᠨ ᠦᠢᠯᠡᠴᠢᠯᠡᠭᠡ ᠶᠢ ᠪᠠᠶᠢᠭᠤᠯᠤᠨ᠎ᠠ᠃ ᠬᠤᠷᠴᠢᠨ ᠪᠠᠷᠠᠭᠤᠨ ᠭᠠᠷᠤᠨ | ᠡᠮᠦᠨᠡᠲᠦ ᠬᠤᠰᠢᠭᠤᠨ ᠤ ᠲᠠᠷᠢᠶᠠᠯᠠᠩ ᠤᠨ ᠵᠠᠮ ᠬᠠᠷᠢᠯᠴᠠᠭᠠᠨ ᠤ ᠲᠥᠪ ᠲᠤ ᠬᠥᠳᠡᠭᠡ ᠲᠣᠰᠬᠤᠨ ᠤ ᠥᠮᠴᠢᠯᠡᠯ ᠤᠨ | ᠡᠷᠬᠡ ᠶᠢᠨ ᠦᠨᠡᠮᠯᠡᠯ ᠤᠨ ᠣᠷᠣᠯᠠᠨ ᠭᠦᠢᠴᠡᠳᠬᠡᠬᠦ ᠴᠣᠩᠬᠤ ᠭᠠᠷᠭᠠᠵᠤ᠂ ᠲᠠᠷᠢᠶᠠᠯᠠᠩ ᠮᠠᠯ ᠠᠵᠤ ᠠᠬᠤᠢ ᠪᠠ ᠰᠢᠨᠵᠢᠯᠡᠬᠦ | ᠤᠬᠠᠭᠠᠨ ᠮᠡᠷᠭᠡᠵᠢᠯ᠂ ᠪᠠᠶᠢᠭᠠᠯᠢ ᠶᠢᠨ ᠡᠬᠢ ᠪᠠᠶᠠᠯᠢᠭ᠂ ᠣᠶ ᠰᠢᠭᠤᠢ ᠡᠪᠡᠰᠦ ᠪᠡᠯᠴᠢᠭᠡᠷ᠂ ᠤᠰᠤᠨ ᠠᠰᠢᠭᠯᠠᠯᠲᠠ ᠵᠡᠷᠭᠡ | ᠰᠠᠯᠠᠭ᠎ᠠ ᠮᠥᠴᠢᠷ ᠤᠨ ᠨᠠᠶᠢᠳᠠᠯᠭ᠎ᠠ ᠪᠠᠷ ᠭᠤᠶᠤᠴᠢᠯᠠᠭᠴᠢ ᠶᠢᠨ ᠬᠢᠷᠢ ᠬᠡᠮ᠂ ᠮᠠᠲ᠋ᠧᠷᠢᠶᠠᠯ ᠵᠡᠷᠭᠡ ᠮᠡᠳᠡᠭᠡ ᠵᠠᠩᠭᠢ ᠳᠤ | ᠠᠩᠬᠠᠨ ᠤ ᠬᠢᠨᠠᠨ ᠬᠠᠷᠭᠤᠭᠤᠯᠤᠯᠲᠠ ᠬᠢᠵᠦ᠂ ᠠᠷᠠᠯᠵᠢᠶᠠᠨ ᠤ ᠭᠤᠣᠯ ᠴᠣᠭᠴᠠ ᠳᠤ ᠣᠷᠣᠯᠠᠨ ᠭᠦᠢᠴᠡᠳᠬᠡᠬᠦ ᠦᠢᠯᠡᠴᠢᠯᠡᠭᠡ | ᠬᠠᠩᠭᠠᠨ᠎ᠠ᠃ ᠲᠠᠷᠢᠶᠠᠯᠠᠩ ᠮᠠᠯ ᠠᠵᠤ ᠠᠬᠤᠢ ᠪᠠ ᠰᠢᠨᠵᠢᠯᠡᠬᠦ ᠤᠬᠠᠭᠠᠨ ᠮᠡᠷᠭᠡᠵᠢᠯ᠂ ᠪᠠᠶᠢᠭᠠᠯᠢ ᠶᠢᠨ ᠡᠬᠢ ᠪᠠᠶᠠᠯᠢᠭ᠂ ᠣᠶ | ᠰᠢᠭᠤᠢ ᠡᠪᠡᠰᠦ ᠪᠡᠯᠴᠢᠭᠡᠷ᠂ ᠤᠰᠤᠨ ᠠᠰᠢᠭᠯᠠᠯᠲᠠ ᠵᠡᠷᠭᠡ ᠰᠠᠯᠠᠭ᠎ᠠ ᠮᠥᠴᠢᠷ ᠤᠳ ᠣᠷᠣᠯᠠᠨ ᠭᠦᠢᠴᠡᠳᠬᠡᠬᠦ | ᠦᠢᠯᠡᠴᠢᠯᠡᠭᠡᠨ ᠤ ᠵᠢᠯᠤᠭᠤᠳᠬᠤ ᠪᠠ ᠵᠣᠬᠢᠴᠠᠭᠤᠯᠬᠤ ᠠᠵᠢᠯ ᠢ ᠰᠠᠶᠢᠲᠤᠷ ᠬᠢᠬᠦ ᠶᠢ ᠬᠠᠷᠢᠭᠤᠴᠠᠨ᠎ᠠ᠃ | ᠠᠷᠪᠠᠨ ᠬᠤᠶᠠᠳᠤᠭᠠᠷ ᠵᠦᠢᠯ ᠂ ᠠᠯᠪᠠᠨ ᠭᠡᠷᠡᠴᠢᠯᠡᠭᠡ᠂ ᠬᠥᠨᠳᠡᠯᠡᠨ ᠠᠴᠠ ᠲᠠᠰᠤᠯᠬᠤ᠂ ᠮᠥᠩᠭᠦᠨ ᠭᠦᠢᠯᠭᠡᠭᠡ᠂ | ᠳᠠᠭᠠᠳᠬᠠᠯ᠂ ᠳᠠᠭᠠᠭᠠᠯᠲᠠ ᠵᠡᠷᠭᠡ ᠪᠠᠶᠢᠭᠤᠯᠤᠮᠵᠢ ᠶᠢᠨ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ | ᠲᠠᠷᠢᠶᠠᠯᠠᠩ ᠤᠨ ᠵᠠᠮ ᠬᠠᠷᠢᠯᠴᠠᠭᠠᠨ ᠤ ᠲᠥᠪ ᠲᠤ ᠬᠡᠷᠡᠭ ᠡᠷᠭᠢᠯᠡᠬᠦ ᠴᠣᠩᠬᠤ ᠭᠠᠷᠭᠠᠬᠤ ᠶᠢ ᠵᠣᠷᠢᠭᠵᠢᠭᠤᠯᠤᠨ᠎ᠠ ᠃ | ᠳᠥᠷᠪᠡᠳᠦᠭᠡᠷ ᠪᠦᠯᠦᠭ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ | ᠠᠷᠪᠠᠨ ᠭᠤᠷᠪᠠᠳᠤᠭᠠᠷ ᠵᠦᠢᠯ᠂ ᠠᠷᠠᠯᠵᠢᠶᠠᠨ ᠤ ᠦᠨᠡᠮᠯᠡᠯ ᠣᠯᠣᠭᠰᠠᠨ ᠲᠠᠷᠢᠶᠠᠯᠠᠩ ᠳᠤ ᠬᠤᠯᠪᠣᠭᠳᠠᠬᠤ ᠲᠥᠷᠥᠯ ᠵᠦᠢᠯ ᠳᠤ᠂ | ᠬᠤᠰᠢᠭᠤᠨ ᠤ ᠱᠠᠲᠤᠨ ᠤ ᠡᠳ᠋ ᠤᠨ ᠵᠠᠰᠠᠭ ᠤᠨ ᠲᠠᠷᠢᠶᠠᠯᠠᠩ ᠳᠤ ᠬᠤᠯᠪᠣᠭᠳᠠᠬᠤ ᠬᠤᠯᠪᠣᠭᠳᠠᠯ ᠪᠦᠬᠦᠢ ᠬᠠᠷᠠᠭᠠᠯᠵᠠᠯ ᠤᠨ | ᠲᠥᠷᠥ ᠶᠢᠨ ᠪᠣᠳᠣᠯᠭ᠎ᠠ ᠶᠢ ᠭᠥᠷᠳᠡᠬᠦ ᠳᠤ ᠨᠡᠶᠢᠴᠡᠪᠡᠯ᠂ ᠤᠷᠢᠳᠠᠪᠠᠷ ᠳᠡᠮᠵᠢᠯᠭᠡ ᠦᠵᠡᠭᠦᠯᠬᠦ ᠬᠡᠷᠡᠭᠲᠡᠢ᠃ ᠬᠤᠰᠢᠭᠤᠨ ᠤ | ᠱᠠᠲᠤᠨ ᠤ ᠬᠠᠮᠢᠶ᠎ᠠ ᠪᠦᠬᠦᠢ ᠰᠠᠯᠠᠭ᠎ᠠ ᠮᠥᠴᠢᠷ ᠤᠳ ᠬᠠᠮᠢᠶ᠎ᠠ ᠪᠦᠬᠦᠢ ᠢᠵᠢ ᠪᠦᠷᠢᠳᠦᠭᠦᠯᠬᠦ ᠲᠥᠷᠥ ᠶᠢᠨ ᠪᠣᠳᠣᠯᠭ᠎ᠠ ᠶᠢ | ᠨᠠᠷᠢᠨ ᠬᠢᠨᠠᠮᠠᠭᠠᠢ ᠲᠡᠭᠦᠯᠳᠡᠷᠵᠢᠭᠦᠯᠬᠦ ᠬᠡᠷᠡᠭᠲᠡᠢ᠃ | ᠠᠷᠪᠠᠨ ᠳᠥᠷᠪᠡᠳᠦᠭᠡᠷ ᠵᠦᠢᠯ᠂ ᠲᠠᠷᠢᠶᠠᠯᠠᠩ ᠮᠠᠯ ᠠᠵᠤ ᠠᠬᠤᠢ ᠪᠠ ᠰᠢᠨᠵᠢᠯᠡᠬᠦ ᠤᠬᠠᠭᠠᠨ ᠮᠡᠷᠭᠡᠵᠢᠯ᠂ ᠪᠠᠶᠢᠭᠠᠯᠢ ᠶᠢᠨ | ᠡᠬᠢ ᠪᠠᠶᠠᠯᠢᠭ᠂ ᠤᠢ ᠰᠢᠭᠤᠢ ᠡᠪᠡᠰᠦ ᠪᠡᠯᠴᠢᠭᠡᠷ᠂ ᠤᠰᠤᠨ ᠠᠰᠢᠭᠯᠠᠯᠲᠠ ᠵᠡᠷᠭᠡ ᠰᠠᠯᠠᠭ᠎ᠠ ᠮᠥᠴᠢᠷ ᠤᠨ ᠠᠷᠠᠯᠵᠢᠶᠠᠯᠠᠭᠰᠠᠨ | ᠦᠨᠡᠮᠯᠡᠯ ᠢ ᠬᠥᠳᠡᠭᠡ ᠲᠣᠰᠬᠤᠨ ᠤ ᠥᠮᠴᠢᠯᠡᠬᠦ ᠡᠷᠬᠡ ᠶᠢ ᠬᠤᠪᠢᠷᠠᠭᠤᠯᠬᠤ ᠪᠠ ᠳᠠᠩᠰᠠᠯᠠᠨ ᠲᠡᠮᠳᠡᠭᠯᠡᠬᠦ ᠶᠢᠨ ᠴᠢᠬᠤᠯᠠ | ᠦᠨᠳᠦᠰᠦᠯᠡᠯ ᠪᠣᠯᠭᠠᠵᠤ᠂ ᠦᠨᠡᠮᠯᠡᠯ ᠭᠦᠢᠴᠡᠳᠬᠡᠬᠦ ᠵᠣᠬᠢᠴᠠᠩᠭᠤᠢ ᠭᠠᠷᠳᠠᠮ ᠢ ᠰᠢᠯᠢᠳᠡᠭᠵᠢᠭᠦᠯᠬᠦ ᠬᠡᠷᠡᠭᠲᠡᠢ᠃ ᠬᠥᠳᠡᠭᠡ | ᠲᠣᠰᠬᠤᠨ ᠤ ᠡᠯ᠎ᠡ ᠲᠦᠷᠦᠯ ᠤᠨ ᠬᠠᠮᠲᠤ ᠶᠢᠨ ᠡᠳ᠋ ᠬᠥᠷᠥᠩᠭᠡ ᠶᠢ ᠡᠷᠭᠢᠯᠲᠡ ᠳᠤ ᠣᠷᠣᠭᠤᠯᠵᠤ ᠠᠷᠠᠯᠵᠢᠶᠠᠯᠠᠭᠰᠠᠨ ᠤ | ᠳᠠᠷᠠᠭ᠎ᠠ ᠬᠤᠪᠢᠷᠠᠭᠤᠯᠬᠤ ︵ᠰᠢᠯᠵᠢᠭᠦᠯᠬᠦ︶ ᠳᠠᠩᠰᠠᠯᠠᠯᠲᠠ ᠬᠢᠯᠭᠡᠬᠦ ᠪᠠᠷ ᠭᠤᠶᠤᠴᠢᠯᠠᠬᠤ ᠦᠶ᠎ᠡ ᠳᠤ᠂ ᠢᠯᠡ ᠪᠠᠷ | ᠠᠷᠠᠯᠵᠢᠶᠠᠯᠠᠬᠤ ᠶᠢ ᠭᠡᠷᠡᠴᠢᠯᠡᠬᠦ ᠮᠠᠲ᠋ᠧᠷᠢᠶᠠᠯ ︵ᠠᠷᠠᠯᠵᠢᠶᠠᠨ ᠤ ᠭᠡᠷᠡᠴᠢ ᠪᠢᠴᠢᠭ ᠪᠤᠶᠤ ᠠᠷᠠᠯᠵᠢᠶ᠎ᠠ ᠪᠦᠲᠦᠭᠰᠡᠨ ᠠᠯᠪᠠᠨ ᠵᠠᠷ | ᠪᠤᠶᠤ ᠢᠯᠡ ᠪᠠᠷ ᠠᠷᠠᠯᠵᠢᠶᠠᠯᠠᠭᠰᠠᠨ ᠵᠣᠭᠤᠰ ᠲᠤᠰᠢᠶᠠᠭᠰᠠᠨ ᠭᠡᠷᠡᠴᠢ ᠪᠠᠷᠢᠮᠲᠠ︶ ᠢ ᠬᠠᠩᠭᠠᠬᠤ ᠬᠡᠷᠡᠭᠲᠡᠢ᠃ ᠬᠤᠰᠢᠭᠤᠨ ᠤ | ᠱᠠᠲᠤᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠬᠥᠳᠡᠭᠡ ᠲᠣᠰᠬᠤᠨ ᠤ ᠥᠮᠴᠢᠯᠡᠬᠦ ᠡᠷᠬᠡ ᠶᠢ ᠳᠠᠩᠰᠠᠯᠠᠬᠤ | ᠠᠷᠭ᠎ᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠬᠥᠳᠡᠭᠡ ᠲᠣᠰᠬᠤᠨ ᠤ ᠥᠮᠴᠢᠯᠡᠬᠦ ᠡᠷᠬᠡ ᠶᠢ ᠵᠠᠬ᠎ᠠ ᠳᠡᠯᠭᠡᠭᠦᠷ ᠲᠤ | ᠣᠷᠣᠭᠤᠯᠵᠤ ᠠᠷᠠᠯᠵᠢᠶᠠᠯᠠᠬᠤ ᠶᠢ ᠢᠳᠡᠪᠬᠢᠲᠡᠢ ᠵᠣᠷᠢᠭᠵᠢᠭᠤᠯᠬᠤ ᠬᠡᠷᠡᠭᠲᠡᠢ᠃ | ᠠᠷᠪᠠᠨ ᠲᠠᠪᠤᠳᠤᠭᠠᠷ ᠵᠦᠢᠯ᠂ ᠪᠠᠩᠬᠢ᠂ ᠳᠠᠭᠠᠳᠬᠠᠯ᠂ ᠪᠡᠯᠡ ᠲᠣᠬᠢᠷᠠᠭᠤᠯᠭ᠎ᠠ ᠶᠢᠨ ᠲᠦᠷᠢᠶᠡᠰᠦᠯᠡᠯ᠂ ᠬᠤᠳᠠᠯᠳᠤᠭᠠᠨ ᠤ | ᠪᠠᠲᠤᠯᠠᠨ ᠬᠠᠮᠢᠶᠠᠷᠤᠯᠲᠠ ᠪᠠ ᠳᠠᠭᠠᠭᠠᠯᠲᠠ ᠶᠢᠨ ᠺᠣᠮᠫᠠᠨᠢ ᠵᠡᠷᠭᠡ ᠪᠠᠶᠢᠭᠤᠯᠤᠮᠵᠢ ᠶᠢ ᠬᠥᠲᠥᠯᠥᠨ ᠵᠢᠯᠤᠭᠤᠳᠴᠤ ᠪᠠᠶᠢᠭᠠᠳ | ᠠᠷᠠᠯᠵᠢᠶ᠎ᠠ ᠶᠢᠨ ᠦᠨᠡᠮᠯᠡᠯ ᠳᠤ ᠲᠡᠮᠳᠡᠭᠯᠡᠭᠰᠡᠨ ᠠᠷᠠᠯᠵᠢᠶ᠎ᠠ ᠪᠦᠲᠦᠭᠰᠡᠨ ᠦᠨ᠎ᠡ ᠬᠠᠩᠰᠢ ᠶᠢ ᠪᠠᠷᠢᠴᠠᠭᠠᠯᠠᠭᠰᠠᠨ ᠪᠡᠯᠡ | ᠲᠣᠬᠢᠷᠠᠭᠤᠯᠭ᠎ᠠ ᠶᠢᠨ ᠬᠠᠷᠠᠯᠲᠠ ᠡᠳ᠋ ᠬᠥᠷᠥᠩᠭᠡ ᠶᠢᠨ ᠥᠷᠲᠡᠭ ᠢ ᠦᠨᠡᠯᠡᠨ ᠵᠢᠱᠢᠬᠦ ᠦᠨᠳᠦᠰᠦᠯᠡᠯ ᠤᠨ ᠨᠢᠭᠡ ᠪᠣᠯᠭᠠᠵᠤ᠂ | ᠠᠷᠠᠯᠵᠢᠶ᠎ᠠ ᠶᠢᠨ ᠭᠤᠣᠯ ᠴᠣᠭᠴᠠ ᠳᠤ ᠤᠷᠢᠳᠠᠪᠠᠷ ᠪᠡᠯᠡ ᠲᠣᠬᠢᠷᠠᠭᠤᠯᠬᠤ᠂ ᠳᠠᠭᠠᠭᠠᠯᠲᠠ ᠬᠢᠬᠦ ᠵᠡᠷᠭᠡ ᠮᠥᠩᠭᠦᠨ | ᠭᠦᠢᠯᠭᠡᠭᠡᠨ ᠤ ᠦᠢᠯᠡᠴᠢᠯᠡᠭᠡ ᠶᠢ ᠬᠠᠩᠭᠠᠨ᠎ᠠ᠃ | ᠠᠷᠪᠠᠨ ᠵᠢᠷᠭᠤᠳᠤᠭᠠᠷ ᠵᠦᠢᠯ᠂ ᠲᠣᠰ ᠠᠷᠭ᠎ᠠ ᠶᠢ ᠬᠡᠷᠡᠭᠵᠢᠭᠦᠯᠦᠭᠰᠡᠨ ᠡᠳᠦᠷ ᠠᠴᠠ ᠡᠬᠢᠯᠡᠨ᠂ ᠮᠠᠨ ᠤ ᠬᠤᠰᠢᠭᠤᠨ ᠤ | ᠬᠥᠳᠡᠭᠡ ᠲᠣᠰᠬᠤᠨ ᠤ ᠭᠠᠵᠠᠷ ᠰᠢᠷᠣᠢ ᠶᠢᠨ ᠡᠵᠡᠩᠨᠡᠯᠲᠡ ᠶᠢᠨ ᠡᠷᠬᠡ᠂ ᠣᠶ ᠮᠣᠳᠣᠨ ᠤ ᠡᠷᠬᠡ᠂ ᠬᠥᠳᠡᠭᠡ ᠲᠣᠰᠬᠤᠨ ᠤ | ᠭᠡᠷ ᠪᠠᠶᠢᠰᠢᠩ ᠤᠨ ᠥᠮᠴᠢᠯᠡᠬᠦ ᠡᠷᠬᠡ ᠪᠠ ᠬᠡᠷᠡᠭᠯᠡᠬᠦ ᠡᠷᠬᠡ᠂ ᠬᠥᠳᠡᠭᠡ ᠲᠣᠰᠬᠤᠨ ᠤ ᠬᠠᠮᠲᠤ ᠶᠢᠨ ᠡᠳ᠋ ᠬᠥᠷᠥᠩᠭᠡ ᠶᠢᠨ | ᠰᠲ᠋ᠣᠺ ᠤᠨ ᠡᠷᠬᠡ᠂ ᠲᠠᠷᠢᠶᠠᠯᠠᠩ ᠤᠨ ᠲᠥᠷᠥᠯ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢ ᠬᠤᠷᠴᠢᠨ | ᠪᠠᠷᠠᠭᠤᠨ ᠭᠠᠷᠤᠨ ᠡᠮᠦᠨᠡᠲᠦ ᠬᠤᠰᠢᠭᠤᠨ ᠤ ᠲᠠᠷᠢᠶᠠᠯᠠᠩ ᠤᠨ ᠵᠠᠮ ᠬᠠᠷᠢᠯᠴᠠᠭᠠᠨ ᠤ ᠲᠥᠪ ᠲᠤ ᠡᠷᠭᠢᠯᠲᠡ ᠳᠤ ᠣᠷᠣᠭᠤᠯᠵᠤ | ᠠᠷᠠᠯᠵᠢᠶᠠᠯᠠᠬᠤ ᠶᠢ ᠪᠡᠶᠡᠯᠡᠭᠦᠯᠦᠭᠰᠡᠨ ᠪᠠᠶᠢᠪᠠᠯ᠂ ᠰᠢᠯᠵᠢᠭᠦᠯᠦᠨ ᠥᠭᠬᠦ ᠲᠠᠯ᠎ᠠ ᠪᠣᠯᠬᠤ ᠬᠥᠳᠡᠭᠡ ᠲᠣᠰᠬᠤᠨ ᠤ ᠬᠠᠮᠲᠤ ᠶᠢᠨ | ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠪᠠ ᠲᠠᠷᠢᠶᠠᠴᠢᠨ ᠡᠷᠦᠬᠡ ᠶᠢᠨ ᠠᠷᠠᠯᠵᠢᠶᠠᠨ ᠤ ᠦᠢᠯᠡᠴᠢᠯᠡᠭᠡᠨ ᠤ ᠰᠦᠢᠳᠬᠡᠯ | ᠬᠤᠷᠢᠶᠠᠨ᠎ᠠ᠃ | ᠲᠠᠪᠤᠳᠤᠭᠠᠷ ᠪᠦᠯᠦᠭ ᠳ᠋ᠠᠭᠠᠯᠳᠤᠭᠤᠯᠤᠭᠰᠠᠨ ᠳᠦᠷᠢᠮ | ᠠᠷᠪᠠᠨ ᠳᠣᠯᠣᠳᠤᠭᠠᠷ ᠵᠦᠢᠯ᠂ ᠲᠣᠰ ᠠᠷᠭ᠎ᠠ ᠶᠢ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠪᠠ ᠰᠢᠨᠵᠢᠯᠡᠬᠦ | ᠤᠬᠠᠭᠠᠨ ᠮᠡᠷᠭᠡᠵᠢᠯ᠂ ᠪᠠᠶᠢᠭᠠᠯᠢ ᠶᠢᠨ ᠡᠬᠢ ᠪᠠᠶᠠᠯᠢᠭ᠂ ᠣᠶ ᠰᠢᠭᠤᠢ ᠡᠪᠡᠰᠦ ᠪᠡᠯᠴᠢᠭᠡᠷ᠂ ᠤᠰᠤᠨ ᠠᠰᠢᠭᠯᠠᠯᠲᠠ ᠵᠡᠷᠭᠡ | ᠰᠠᠯᠠᠭ᠎ᠠ ᠮᠥᠴᠢᠷ ᠠᠴᠠ ᠡᠭᠦᠷᠭᠡ ᠴᠢᠳᠠᠪᠤᠷᠢ ᠶᠢᠨ ᠶᠣᠰᠣᠭᠠᠷ ᠬᠠᠷᠢᠭᠤᠴᠠᠨ ᠲᠠᠶᠢᠯᠪᠤᠷᠢᠯᠠᠨ᠎ᠠ᠃ | ᠠᠷᠪᠠᠨ ᠨᠠᠢᠮᠠᠳᠤᠭᠠᠷ ᠵᠦᠢᠯ᠂ ᠲᠤᠰ ᠠᠷᠭ᠎ᠠ ᠶᠢ ᠳᠠᠷᠤᠮᠠᠯᠯᠠᠨ ᠶᠠᠪᠤᠭᠤᠯᠤᠭᠰᠠᠨ ᠡᠳᠦᠷ ᠠᠴᠠ ᠡᠬᠢᠯᠡᠵᠦ ᠬᠡᠷᠡᠭᠵᠢᠭᠦᠯᠦᠨ᠎ᠡ | ᠃ | |