ᠨᠢᠭᠡᠳᠦᠭᠡᠷ ᠵᠦᠢᠯ᠂ ᠨᠡᠶᠢᠭᠡᠮ ᠤᠨ ᠳᠠᠭᠠᠳᠬᠠᠯ ᠤᠨ ᠰᠠᠭᠤᠷᠢ ᠮᠥᠩᠭᠦ ︵ᠳᠣᠷᠣᠭᠰᠢ ︽ᠰᠠᠭᠤᠷᠢ ᠮᠥᠩᠭᠦ︾ ᠭᠡᠵᠦ | ᠲᠣᠪᠴᠢᠯᠠᠨ᠎ᠠ︶ ᠶᠢᠨ ᠡᠳ᠋ ᠤᠨ ᠶᠠᠪᠤᠳᠠᠯ ᠤᠨ ᠬᠠᠮᠢᠶᠠᠷᠤᠯᠲᠠ ᠶᠢᠨ ᠠᠵᠢᠯᠯᠠᠭ᠎ᠠ ᠶᠢ ᠵᠢᠷᠤᠮᠵᠢᠭᠤᠯᠬᠤ ᠶᠢᠨ ᠲᠥᠯᠥᠭᠡ᠂ | ᠰᠠᠭᠤᠷᠢ ᠮᠥᠩᠭᠦ ᠶᠢᠨ ᠣᠷᠣᠯᠭ᠎ᠠ ᠵᠠᠷᠤᠯᠭ᠎ᠠ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠠᠷᠠᠳ ᠢᠷᠭᠡᠳ ᠤᠨ | ᠬᠠᠤᠯᠢ ᠶᠣᠰᠣᠭᠠᠷ ᠨᠡᠶᠢᠭᠡᠮ ᠤᠨ ᠳᠠᠭᠠᠳᠬᠠᠯ ᠳᠤ ᠣᠷᠣᠯᠴᠠᠬᠤ ᠪᠠ ᠨᠡᠶᠢᠭᠡᠮ ᠤᠨ ᠳᠠᠭᠠᠳᠬᠠᠯ ᠤᠨ ᠣᠯᠭᠤᠮᠵᠢ ᠭᠥᠷᠳᠡᠬᠦ | ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠵᠤ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠨᠡᠶᠢᠭᠡᠮ ᠤᠨ | ᠳᠠᠭᠠᠳᠬᠠᠯ ᠤᠨ ᠬᠠᠤᠯᠢ︾ ︵ᠳᠣᠷᠣᠭᠰᠢ ︽ᠨᠡᠶᠢᠭᠡᠮ ᠤᠨ ᠳᠠᠭᠠᠳᠬᠠᠯ ᠤᠨ ᠬᠠᠤᠯᠢ︾ ᠭᠡᠵᠦ ᠲᠣᠪᠴᠢᠯᠠᠨ᠎ᠠ︶᠂ ︽ | ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠥᠰᠥᠪ ᠤᠨ ᠬᠠᠤᠯᠢ︾ ︵ᠳᠣᠷᠣᠭᠰᠢ ︽ᠲᠥᠰᠥᠪ ᠤᠨ ᠬᠠᠤᠯᠢ︾ | ᠭᠡᠵᠦ ᠲᠣᠪᠴᠢᠯᠠᠨ᠎ᠠ︶᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠥᠳᠡᠯᠮᠦᠷᠢ ᠶᠢᠨ ᠬᠠᠤᠯᠢ︾ ᠵᠡᠷᠭᠡ | ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠢ ᠦᠨᠳᠦᠰᠦᠯᠡᠨ ᠲᠣᠰ ᠳᠦᠷᠢᠮ ᠢ ᠲᠣᠭᠲᠠᠭᠠᠪᠠ᠃ | ᠬᠤᠶᠠᠳᠤᠭᠠᠷ ᠵᠦᠢᠯ᠂ ᠲᠤᠰ ᠳᠦᠷᠢᠮ ᠢ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠢᠯᠢ ᠶᠢᠨ ᠳᠣᠲᠣᠷᠠᠬᠢ | ︽ᠨᠡᠶᠢᠭᠡᠮ ᠤᠨ ᠳᠠᠭᠠᠳᠬᠠᠯ ᠤᠨ ᠬᠠᠤᠯᠢ︾ ᠶᠢ ᠦᠨᠳᠦᠰᠦᠯᠡᠨ ᠪᠠᠶᠢᠭᠤᠯᠤᠭᠰᠠᠨ ᠠᠵᠤ ᠠᠬᠤᠶᠢᠯᠠᠯ ᠤᠨ ᠠᠵᠢᠯᠲᠠᠨ | ᠠᠵᠢᠯᠴᠢᠨ ᠤ ᠦᠨᠳᠦᠰᠦᠨ ᠨᠠᠰᠤᠵᠢᠯ ᠤᠨ ᠳᠠᠭᠠᠳᠬᠠᠯ ᠤᠨ ᠰᠠᠭᠤᠷᠢ ᠮᠥᠩᠭᠦ᠂ ᠬᠤᠲᠠ ᠬᠥᠳᠡᠭᠡ ᠶᠢᠨ ᠰᠠᠭᠤᠭᠠᠯᠢ | ᠠᠷᠠᠳ ᠤᠨ ᠦᠨᠳᠦᠰᠦᠨ ᠨᠠᠰᠤᠵᠢᠯ ᠤᠨ ᠳᠠᠭᠠᠳᠬᠠᠯ ᠤᠨ ᠰᠠᠭᠤᠷᠢ ᠮᠥᠩᠭᠦ᠂ ᠠᠯᠪᠠᠨ ᠪᠠᠶᠢᠭᠤᠯᠭ᠎ᠠ ᠠᠵᠢᠯ ᠦᠢᠯᠡᠰ ᠤᠨ | ᠨᠢᠭᠡᠴᠢ ᠶᠢᠨ ᠦᠨᠳᠦᠰᠦᠨ ᠨᠠᠰᠤᠵᠢᠯ ᠤᠨ ᠳᠠᠭᠠᠳᠬᠠᠯ ᠤᠨ ᠰᠠᠭᠤᠷᠢ ᠮᠥᠩᠭᠦ ︵ᠠᠵᠢᠯ ᠮᠡᠷᠭᠡᠵᠢᠯ ᠤᠨ ᠣᠨ ᠤ ᠮᠥᠩᠭᠦ | ᠪᠠᠭᠲᠠᠨ᠎ᠠ︶᠂ ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ ᠤᠨ ᠰᠠᠭᠤᠷᠢ ᠮᠥᠩᠭᠦ᠂ ᠠᠵᠢᠯ ᠠᠯᠳᠠᠭᠰᠠᠳ ᠤᠨ | ᠳᠠᠭᠠᠳᠬᠠᠯ ᠤᠨ ᠰᠠᠭᠤᠷᠢ ᠮᠥᠩᠭᠦ ᠵᠡᠷᠭᠡ ᠰᠠᠭᠤᠷᠢ ᠮᠥᠩᠭᠦᠨ ᠤ ᠡᠳ᠋ ᠤᠨ ᠶᠠᠪᠤᠳᠠᠯ ᠤᠨ ᠠᠵᠢᠯᠯᠠᠭ᠎ᠠ᠃ | ᠭᠤᠷᠪᠠᠳᠤᠭᠠᠷ ᠵᠦᠢᠯ᠂ ᠲᠤᠰ ᠳᠦᠷᠢᠮ ᠳᠤ ᠬᠡᠯᠡᠵᠦ ᠪᠠᠶᠢᠭ᠎ᠠ ᠰᠠᠭᠤᠷᠢ ᠮᠥᠩᠭᠦ ᠭᠡᠳᠡᠭ ᠨᠢ ᠳᠠᠭᠠᠳᠬᠠᠯ ᠳᠤ | ᠣᠷᠣᠯᠴᠠᠭᠰᠠᠨ ᠡᠲᠡᠭᠡᠳ ᠤᠨ ᠡᠷᠬᠡ ᠠᠰᠢᠭ ᠪᠠ ᠨᠡᠶᠢᠭᠡᠮ ᠤᠨ ᠳᠠᠭᠠᠳᠬᠠᠯ ᠤᠨ ᠬᠠᠷᠠᠭᠠᠯᠵᠠᠯ ᠢ ᠪᠠᠲᠤᠯᠠᠬᠤ ᠶᠢᠨ ᠲᠥᠯᠥᠭᠡ᠂ | ᠤᠯᠤᠰ ᠤᠨ ᠬᠠᠤᠯᠢ ᠴᠠᠭᠠᠵᠠ ᠬᠠᠤᠯᠢ ᠲᠣᠭᠲᠠᠭᠠᠯ ᠤᠨ ᠲᠣᠭᠲᠠᠭᠠᠯ ᠢ ᠦᠨᠳᠦᠰᠦᠯᠡᠨ᠂ ᠨᠢᠭᠡᠴᠢ ᠪᠠ ᠬᠤᠪᠢ ᠬᠥᠮᠥᠨ ᠠᠴᠠ | ᠲᠤᠰᠢᠶᠠᠬᠤ᠂ ᠵᠠᠰᠠᠭ ᠤᠨ ᠣᠷᠳᠣᠨ ᠠᠴᠠ ᠨᠥᠬᠦᠪᠦᠷᠢᠯᠡᠬᠦ ᠵᠢᠴᠢ ᠪᠤᠰᠤᠳ ᠬᠠᠤᠯᠢ ᠶᠣᠰᠣᠨ ᠤ ᠠᠷᠭ᠎ᠠ ᠮᠠᠶ᠋ᠢᠭ ᠢᠶᠠᠷ | ᠴᠤᠭᠯᠠᠭᠤᠯᠤᠭᠰᠠᠨ ᠲᠤᠰᠬᠠᠢ ᠵᠦᠢᠯ ᠤᠨ ᠪᠡᠯᠡ ᠮᠥᠩᠭᠦ ᠶᠢ ᠵᠢᠭᠠᠵᠤ ᠪᠠᠶᠢᠨ᠎ᠠ᠃ | ᠳᠥᠷᠪᠡᠳᠦᠭᠡᠷ ᠵᠦᠢᠯ᠂ ᠡᠳ᠋ ᠤᠨ ᠵᠠᠰᠠᠭ ᠤᠨ ᠰᠠᠯᠠᠭ᠎ᠠ ᠮᠥᠴᠢᠷ᠂ ᠭᠠᠶᠢᠯᠢ ᠶᠢᠨ ᠶᠠᠪᠤᠳᠠᠯ ᠤᠨ ᠰᠠᠯᠠᠭ᠎ᠠ ᠮᠥᠴᠢᠷ᠂ | ᠨᠡᠶᠢᠭᠡᠮ ᠤᠨ ᠳᠠᠭᠠᠳᠬᠠᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠵᠢᠴᠢ ᠬᠠᠷᠢᠶ᠎ᠠ ᠪᠦᠬᠦᠢ ᠨᠡᠶᠢᠭᠡᠮ ᠤᠨ ᠳᠠᠭᠠᠳᠬᠠᠯ ᠤᠨ | ᠭᠠᠷᠲᠠᠨ ᠭᠦᠢᠴᠡᠳᠬᠡᠬᠦ ᠪᠠᠶᠢᠭᠤᠯᠤᠮᠵᠢ ︵︽ᠭᠠᠷᠲᠠᠨ ᠭᠦᠢᠴᠡᠳᠬᠡᠬᠦ ᠪᠠᠶᠢᠭᠤᠯᠤᠮᠵᠢ︾ ᠭᠡᠵᠦ ᠲᠣᠪᠴᠢᠯᠠᠨ᠎ᠠ︶ ᠨᠢ ᠲᠣᠰ | ᠲᠣᠰ ᠤᠨ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ᠂ ᠨᠡᠶᠢᠭᠡᠮ ᠤᠨ ᠳᠠᠭᠠᠳᠬᠠᠯ ᠤᠨ ᠰᠠᠭᠤᠷᠢ | ᠮᠥᠩᠭᠦ ᠶᠢᠨ ᠬᠠᠮᠢᠶᠠᠷᠤᠯᠲᠠ ᠪᠠ ᠬᠢᠨᠠᠯᠲᠠ ᠶᠢ ᠴᠢᠩᠭᠠᠳᠬᠠᠵᠤ᠂ ᠰᠠᠯᠠᠭ᠎ᠠ ᠮᠥᠴᠢᠷ ᠤᠳ ᠤᠨ ᠬᠤᠭᠤᠷᠣᠨᠳᠣᠬᠢ ᠡᠳ᠋ ᠤᠨ | ᠶᠠᠪᠤᠳᠠᠯ ᠤᠨ ᠮᠡᠳᠡᠭᠡ ᠵᠠᠩᠭᠢ ᠶᠢ ᠬᠠᠮᠲᠤᠪᠠᠷ ᠭᠥᠷᠳᠡᠬᠦ ᠶᠢ ᠠᠯᠬᠤᠮ ᠠᠯᠬᠤᠮ ᠢᠶᠠᠷ ᠪᠡᠶᠡᠯᠡᠭᠦᠯᠵᠦ᠂ ᠰᠠᠭᠤᠷᠢ ᠮᠥᠩᠭᠦ ᠶᠢᠨ | ᠬᠠᠮᠢᠶᠠᠷᠤᠯᠲᠠ ᠶᠢᠨ ᠰᠢᠨᠵᠢᠯᠡᠬᠦ ᠤᠬᠠᠭᠠᠨᠴᠢᠯᠠᠯᠲᠠ᠂ ᠵᠢᠷᠦᠮᠵᠢᠯᠲᠡ ᠶᠢ ᠠᠬᠢᠭᠤᠯᠤᠨ᠎ᠠ᠃ | ︵ᠨᠢᠭᠡ︶ ᠭᠠᠶᠢᠯᠢ ᠶᠢᠨ ᠶᠠᠪᠤᠳᠠᠯ ᠤᠨ ᠰᠠᠯᠠᠭ᠎ᠠ ᠮᠥᠴᠢᠷ ᠰᠠᠷ᠎ᠠ ᠪᠦᠷᠢ ᠶᠢᠨ 11 ᠤ ᠡᠳᠦᠷ᠂ 21 ᠤ ᠡᠳᠦᠷ᠂ 31 ᠤ | ᠡᠳᠦᠷ ᠡᠳ᠋ ᠤᠨ ᠵᠠᠰᠠᠭ ᠤᠨ ᠰᠠᠯᠠᠭ᠎ᠠ ᠮᠥᠴᠢᠷ᠂ ᠨᠡᠶᠢᠭᠡᠮ ᠤᠨ ᠳᠠᠭᠠᠳᠬᠠᠯ ᠤᠨ ᠭᠠᠷᠲᠠᠨ ᠭᠦᠢᠴᠡᠳᠬᠡᠬᠦ ᠪᠠᠶᠢᠭᠤᠯᠤᠮᠵᠢ ᠳᠤ | ᠲᠣᠰ ᠬᠤᠭᠤᠴᠠᠭᠠᠨ ᠤ ᠬᠤᠷᠢᠶᠠᠨ ᠲᠤᠰᠢᠶᠠᠭᠰᠠᠨ ᠰᠠᠭᠤᠷᠢ ᠮᠥᠩᠭᠦᠨ ᠤ ᠰᠦᠢᠳᠬᠡᠯ ᠲᠤᠰᠢᠶᠠᠬᠤ ᠨᠠᠷᠢᠨ ᠵᠦᠢᠯᠡᠰ ᠵᠢᠴᠢ | ᠰᠠᠭᠤᠷᠢ ᠮᠥᠩᠭᠦ ᠶᠢ ᠬᠤᠷᠢᠶᠠᠨ ᠲᠤᠰᠢᠶᠠᠬᠤ ᠶᠢᠨ ᠬᠤᠷᠢᠶᠠᠩᠭᠤᠶᠢᠯᠠᠯ ᠢ ᠬᠠᠩᠭᠠᠨ᠎ᠠ᠃ | ︵ᠬᠤᠶᠠᠷ︶ ᠭᠠᠷᠲᠠᠨ ᠭᠦᠢᠴᠡᠳᠬᠡᠬᠦ ᠪᠠᠶᠢᠭᠤᠯᠤᠮᠵᠢ ᠨᠢ ᠨᠢᠭᠡ ᠠᠵᠢᠯ ᠤᠨ ᠡᠳᠦᠷ ᠤᠨ ᠳᠣᠲᠣᠷ᠎ᠠ ᠰᠠᠭᠤᠷᠢ ᠮᠥᠩᠭᠦ ᠶᠢ | ᠬᠤᠷᠢᠶᠠᠨ ᠲᠤᠰᠢᠶᠠᠵᠤ ᠬᠠᠷᠭᠤᠭᠤᠯᠬᠤ ᠠᠵᠢᠯ ᠢ ᠪᠡᠶᠡᠯᠡᠭᠦᠯᠵᠦ᠂ ᠬᠠᠷᠭᠤᠭᠤᠯᠤᠭᠰᠠᠨ ᠪᠠᠶᠢᠳᠠᠯ ᠢᠶᠠᠨ ᠭᠠᠶᠢᠯᠢ ᠶᠢᠨ | ᠶᠠᠪᠤᠳᠠᠯ ᠤᠨ ᠰᠠᠯᠠᠭ᠎ᠠ ᠮᠥᠴᠢᠷ ᠲᠤ ᠴᠠᠭ ᠲᠤᠬᠠᠢ ᠳᠤᠨᠢ ᠬᠠᠷᠢᠭᠤ ᠲᠤᠰᠬᠠᠬᠤ ᠬᠡᠷᠡᠭᠲᠡᠢ᠃ | ︵ᠭᠤᠷᠪᠠ︶ ᠭᠠᠶᠢᠯᠢ ᠶᠢᠨ ᠶᠠᠪᠤᠳᠠᠯ ᠤᠨ ᠰᠠᠯᠠᠭ᠎ᠠ ᠮᠥᠴᠢᠷ ᠨᠢ ᠡᠳ᠋ ᠤᠨ ᠵᠠᠰᠠᠭ᠂ ᠨᠡᠶᠢᠭᠡᠮ ᠤᠨ ᠪᠠᠲᠤᠯᠠᠭ᠎ᠠ ᠶᠢᠨ | ᠭᠠᠷᠲᠠᠨ ᠭᠦᠢᠴᠡᠳᠬᠡᠬᠦ ᠪᠠᠶᠢᠭᠤᠯᠤᠮᠵᠢ ᠯᠤᠭ᠎ᠠ ᠲᠠᠩᠰᠠ ᠬᠠᠷᠭᠤᠭᠤᠯᠬᠤ ᠶᠠᠪᠤᠴᠠ ᠳᠤ ᠲᠠᠩᠰᠠ ᠲᠠᠩᠰᠠ ᠬᠠᠷᠢᠯᠴᠠᠨ | ᠨᠡᠶᠢᠴᠡᠬᠦ᠂ ᠲᠠᠩᠰᠠ ᠪᠣᠳᠠᠲᠤ ᠵᠦᠢᠯ ᠬᠠᠷᠢᠯᠴᠠᠨ ᠨᠡᠶᠢᠴᠡᠬᠦ᠂ ᠲᠠᠩᠰᠠ ᠭᠡᠷᠡᠴᠢ ᠨᠢ ᠬᠠᠷᠢᠯᠴᠠᠨ ᠨᠡᠶᠢᠴᠡᠬᠦ ᠬᠡᠷᠡᠭᠲᠡᠢ᠃ | ᠲᠠᠪᠤᠳᠤᠭᠠᠷ ᠵᠦᠢᠯ᠂ ᠡᠳ᠋ ᠤᠨ ᠵᠠᠰᠠᠭ᠂ ᠭᠠᠶᠢᠯᠢ ᠶᠢᠨ ᠶᠠᠪᠤᠳᠠᠯ᠂ ᠬᠥᠮᠥᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ | ᠪᠠᠲᠤᠯᠠᠭ᠎ᠠ ᠵᠡᠷᠭᠡ ᠬᠠᠮᠢᠶ᠎ᠠ ᠪᠦᠬᠦᠢ ᠰᠠᠯᠠᠭ᠎ᠠ ᠮᠥᠴᠢᠷ ᠤᠳ ᠨᠡᠪᠲᠡᠷᠡᠯᠴᠡᠨ ᠬᠠᠮᠵᠢᠯᠴᠠᠬᠤ ᠪᠠᠨ ᠴᠢᠩᠭᠠᠳᠬᠠᠵᠤ᠂ | ᠬᠠᠷᠢᠭᠤᠴᠠᠯᠭ᠎ᠠ ᠪᠠᠨ ᠲᠣᠳᠣᠷᠬᠠᠶᠢᠯᠠᠨ᠂ ᠨᠢᠭᠲᠠ ᠬᠠᠮᠵᠢᠯᠴᠠᠬᠤ ᠬᠡᠷᠡᠭᠲᠡᠢ᠃ ᠭᠠᠶᠢᠯᠢ ᠶᠢᠨ ᠶᠠᠪᠤᠳᠠᠯ ᠤᠨ ᠰᠠᠯᠠᠭ᠎ᠠ | ᠮᠥᠴᠢᠷ ᠤᠳ ᠰᠦᠢᠳᠬᠡᠯ ᠲᠤᠰᠢᠶᠠᠬᠤ ᠪᠠ ᠲᠠᠲᠠᠪᠤᠷᠢᠯᠠᠬᠤ ᠠᠵᠢᠯ ᠢ ᠰᠠᠶᠢᠲᠤᠷ ᠬᠢᠵᠦ᠂ ᠡᠳ᠋ ᠤᠨ ᠵᠠᠰᠠᠭ᠂ ᠨᠡᠶᠢᠭᠡᠮ ᠤᠨ | ᠳᠠᠭᠠᠳᠬᠠᠯ ᠤᠨ ᠲᠤᠬᠠᠶᠢᠯᠠᠭᠰᠠᠨ ᠠᠵᠢᠯ ᠢ ᠭᠠᠷᠲᠠᠨ ᠭᠦᠢᠴᠡᠳᠬᠡᠬᠦ ᠪᠠᠶᠢᠭᠤᠯᠤᠮᠵᠢ ᠯᠤᠭ᠎ᠠ ᠨᠢᠭᠲᠠ ᠬᠠᠮᠵᠢᠯᠴᠠᠨ᠂ | ᠳᠠᠭᠠᠳᠬᠠᠯ ᠳᠤ ᠣᠷᠣᠯᠴᠠᠵᠤ ᠰᠦᠢᠳᠬᠡᠯ ᠲᠤᠰᠢᠶᠠᠬᠤ ᠶᠢ ᠬᠥᠮᠥᠷᠭᠡ ᠳᠤ ᠣᠷᠣᠭᠤᠯᠬᠤ ᠡᠯ᠎ᠡ ᠭᠤᠭᠴᠤᠭ᠎ᠠ ᠶᠢᠨ | ᠤᠷᠤᠭᠰᠢᠲᠠᠢ ᠪᠥᠭᠡᠳ ᠡᠮᠬᠢ ᠵᠢᠷᠤᠮ ᠲᠠᠢ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠢ᠃ | ᠵᠢᠷᠭᠤᠳᠤᠭᠠᠷ ᠵᠦᠢᠯ᠂ ᠲᠣᠰ ᠳᠦᠷᠢᠮ ᠢ 2023 ᠣᠨ ᠤ 6 ᠰᠠᠷ᠎ᠠ ᠶᠢᠨ 1 ᠤ ᠡᠳᠦᠷ ᠠᠴᠠ ᠡᠬᠢᠯᠡᠵᠦ | ᠬᠡᠷᠡᠭᠵᠢᠭᠦᠯᠦᠨ᠎ᠡ᠃ | |