ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ ᠪᠥᠬᠦ ᠤᠯᠤᠰ ᠤᠨ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠠᠵᠢᠯ ᠢ ᠲᠦᠯᠬᠢᠨ ᠠᠬᠢᠭᠤᠯᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/5/8
   5 ᠰᠠᠷ᠎ᠠ ᠶᠢᠨ 6 ᠤ ᠡᠳᠦᠷ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ ᠪᠥᠬᠦ ᠤᠯᠤᠰ ᠤᠨ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠠᠵᠢᠯ ᠢ ᠲᠦᠯᠬᠢᠨ ᠠᠬᠢᠭᠤᠯᠬᠤ ᠬᠤᠷᠠᠯ ᠬᠢᠪᠡ᠃ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠸᠠᠩ ᠰᠢᠤᠸᠠᠢ ᠸᠧᠢ ᠬᠤᠷᠠᠯ ᠡᠷᠭᠢᠯᠡᠪᠡ᠃     ᠬᠤᠷᠠᠯ ᠠᠴᠠ ᠣᠳᠣᠬᠠᠨ ᠤ ᠬᠤᠳᠠ ᠶᠢ ᠴᠣᠭᠴᠠᠯᠠᠬᠤ ᠠᠵᠢᠯ ᠳᠤ ᠣᠷᠣᠰᠢᠵᠤ ᠪᠠᠶᠢᠭ᠎ᠠ ᠭᠤᠣᠯ ᠠᠰᠠᠭᠤᠳᠠᠯ ᠢ ᠵᠢᠭᠠᠨ ᠭᠠᠷᠭᠠᠵᠤ᠂ ᠳᠠᠷᠠᠭᠠᠴᠢ ᠶᠢᠨ ᠠᠯᠬᠤᠮ ᠤᠨ ᠭᠤᠣᠯᠳᠠᠯᠭ᠎ᠠ ᠲᠠᠢ ᠠᠵᠢᠯ ᠤᠨ ᠡᠭᠦᠷᠭᠡ ᠶᠢ ᠲᠣᠬᠢᠷᠠᠭᠤᠯᠤᠨ ᠪᠠᠶᠢᠷᠢᠯᠠᠭᠤᠯᠬᠤ ᠶᠢᠨ ᠬᠠᠮᠲᠤ ᠬᠤᠳᠠ ᠶᠢ ᠴᠣᠭᠴᠠᠯᠠᠬᠤ ᠠᠵᠢᠯ ᠤᠨ ᠠᠷᠭ᠎ᠠ ᠬᠡᠯᠪᠡᠷᠢ ᠶᠢᠨ ᠲᠠᠯ᠎ᠠ ᠪᠠᠷ ᠵᠢᠭᠠᠨ ᠵᠢᠯᠣᠭᠤᠳᠪᠠ᠃   ᠬᠤᠷᠠᠯ ᠠᠴᠠ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠤᠳᠤᠷᠢᠳᠤᠯᠭ᠎ᠠ ᠪᠠᠨ ᠦᠨᠡᠨᠬᠦ ᠴᠢᠩᠭᠠᠳᠬᠠᠵᠤ᠂ ᠬᠠᠷᠢᠭᠤᠴᠠᠯᠭ᠎ᠠ ᠪᠠᠨ ᠪᠣᠳᠠᠲᠠᠶᠢᠵᠢᠭᠤᠯᠵᠤ᠂ ︽ᠬᠤᠳᠠ ᠶᠢ ᠴᠣᠭᠴᠠᠯᠠᠨ ᠪᠠᠶᠢᠭᠤᠯᠬᠤ︾ ᠠᠵᠢᠯ ᠤᠨ ᠬᠠᠮᠲᠤᠷᠠᠯ ᠤᠨ ᠬᠦᠴᠦᠨ ᠢ ᠴᠢᠨᠠᠭᠰᠢᠳᠠ ᠨᠢᠭᠲᠠᠷᠠᠭᠤᠯᠵᠤ᠂ ᠳᠣᠯᠣᠳᠤᠭᠠᠷ ᠬᠤᠭᠤᠴᠠᠭᠠᠨ ᠤ ᠪᠦᠬᠦ ᠤᠯᠤᠰ ᠤᠨ ᠪᠣᠯᠪᠠᠰᠤᠨ ᠬᠤᠳᠠ ᠶᠢ ᠴᠣᠭᠴᠠᠯᠠᠨ ᠪᠠᠶᠢᠭᠤᠯᠬᠤ ᠠᠵᠢᠯ ᠢ ᠰᠠᠶᠢᠲᠤᠷ ᠬᠢᠵᠦ᠂ ︽ᠢᠲᠡᠭᠡᠯ ᠪᠢᠰᠢᠷᠡᠯ ᠡᠷᠡᠰ ᠪᠠᠲᠤ᠂ ᠶᠣᠰᠣ ᠰᠤᠷᠲᠠᠬᠤᠨ ᠢ ᠡᠷᠬᠢᠮᠯᠡᠨ ᠪᠤᠶᠠᠨ ᠦᠢᠯᠡᠳᠬᠦ᠂ ᠡᠶ᠎ᠡ ᠵᠣᠬᠢᠴᠠᠩᠭᠤᠢ ᠣᠷᠣᠰᠢᠨ ᠰᠠᠭᠤᠬᠤ ᠳᠤ ᠲᠣᠬᠢᠷᠠᠮᠵᠢᠲᠠᠢ︾ ᠠᠵᠢᠯ ᠤᠨ ᠰᠢᠨ᠎ᠡ ᠪᠠᠶᠢᠳᠠᠯ ᠢ ᠴᠢᠷᠮᠠᠶᠢᠨ ᠪᠤᠢ ᠪᠣᠯᠭᠠᠬᠤ ᠬᠡᠷᠡᠭᠲᠡᠢ ᠭᠡᠵᠦ ᠴᠢᠬᠤᠯᠠᠴᠢᠯᠠᠪᠠ᠃  
 
ᠢᠷᠡᠯᠲᠡ᠄ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号