ᠬᠢᠩᠭᠠᠨ ᠠᠶᠢᠮᠠᠭ ᠤᠨ ︽ᠠᠮᠤᠭᠤᠯᠠᠩ ᠡᠵᠢ︾ ᠶᠢᠨ ᠬᠠᠮᠢᠶᠠᠷᠤᠨ ᠬᠠᠮᠠᠭᠠᠯᠠᠬᠤ ᠠᠩᠭᠢ ᠪᠠᠶᠢᠭᠤᠯᠤᠭᠳᠠᠬᠤ ᠶᠣᠰᠣᠯᠠᠯ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠳᠤ ᠶᠠᠪᠤᠭᠳᠠᠪᠠ
ᠨᠡᠶᠢᠲᠡᠯᠡᠭᠰᠡᠨ ᠴᠠᠭ᠄
2023/5/8
   5 ᠰᠠᠷ᠎ᠠ ᠶᠢᠨ 6 ᠤ ᠡᠳᠦᠷ᠂ ᠬᠢᠩᠭᠠᠨ ᠠᠶᠢᠮᠠᠭ ᠤᠨ ︽ᠠᠮᠤᠭᠤᠯᠠᠩ ᠡᠵᠢ︾ ᠶᠢᠨ ᠬᠠᠮᠢᠶᠠᠷᠤᠨ ᠬᠠᠮᠠᠭᠠᠯᠠᠬᠤ ᠠᠩᠭᠢ ᠪᠠᠶᠢᠭᠤᠯᠤᠭᠳᠠᠬᠤ ᠶᠣᠰᠣᠯᠠᠯ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠳᠤ ᠶᠠᠪᠤᠭᠳᠠᠪᠠ᠃ ᠠᠶᠢᠮᠠᠭ ᠤᠨ ᠡᠮᠡᠭᠲᠡᠶᠢᠴᠦᠳ ᠤᠨ ᠬᠤᠯᠪᠣᠭ᠎ᠠ ᠶᠢᠨ ᠳᠡᠳ᠋ ᠲᠡᠷᠢᠭᠦᠯᠡᠭᠴᠢ ᠹᠧᠩ ᠶᠢᠩ᠂ ᠬᠤᠰᠢᠭᠤᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ ᠶᠢᠨ ᠱᠦᠵᠢ ᠳ᠋ᠢᠩ ᠪᠥᠸᠧ ᠠᠵᠢᠯᠯᠠᠭ᠎ᠠ ᠳᠤ ᠣᠷᠣᠯᠴᠠᠵᠠᠢ᠃ ᠪᠥᠬᠦ ᠬᠤᠰᠢᠭᠤᠨ ᠤ ᠡᠯ᠎ᠡ ᠰᠤᠮᠤ ᠰᠢᠶᠠᠩ ᠪᠠᠯᠭᠠᠰᠤ ︵ᠲᠥᠪ︶᠂ ᠬᠤᠰᠢᠭᠤᠨ ᠤ ᠰᠢᠭᠤᠳ ᠬᠠᠷᠢᠶ᠎ᠠ ᠰᠠᠯᠠᠭ᠎ᠠ ᠮᠥᠴᠢᠷ ᠤᠨ ︽ᠠᠮᠤᠭᠤᠯᠠᠩ ᠡᠵᠢ︾ ᠶᠢᠨ ᠬᠠᠮᠢᠶᠠᠷᠤᠨ ᠬᠠᠮᠠᠭᠠᠯᠠᠬᠤ ᠠᠩᠭᠢ ᠶᠢᠨ ᠲᠥᠯᠥᠭᠡᠯᠡᠭᠴᠢ ᠠᠵᠢᠯᠯᠠᠭ᠎ᠠ ᠳᠤ ᠣᠷᠣᠯᠴᠠᠵᠠᠢ᠃   ᠪᠠᠶᠢᠭᠤᠯᠤᠭᠳᠠᠬᠤ ᠶᠣᠰᠣᠯᠠᠯ ᠳᠡᠭᠡᠷ᠎ᠡ᠂ ᠹᠥ᠋ᠩ ᠶᠢᠩ᠂ ᠡᠯ᠎ᠡ ᠱᠠᠲᠤᠨ ᠤ ᠡᠮᠡᠭᠲᠡᠶᠢᠴᠦᠳ ᠤᠨ ᠬᠤᠯᠪᠣᠭ᠎ᠠ ᠶᠢᠨ ᠵᠣᠬᠢᠶᠠᠨ ᠪᠠᠶᠢᠭᠤᠯᠤᠯᠲᠠ ᠪᠣᠳᠠᠲᠠᠢ ᠳᠤ ᠰᠠᠭᠤᠷᠢᠯᠠᠵᠤ᠂ ︽ᠠᠮᠤᠭᠤᠯᠠᠩ ᠡᠵᠢ︾ ᠶᠢᠨ ᠰᠠᠶᠢᠨ ᠳᠤᠷ᠎ᠠ ᠶᠢᠨ ᠦᠢᠯᠡᠴᠢᠯᠡᠭᠡᠨ ᠤ ᠡᠩᠨᠡᠭᠡ ᠶᠢ ᠠᠮᠤᠷ ᠠᠮᠤᠭᠤᠯᠠᠩ ᠤᠨ ᠪᠠᠶᠢᠭᠤᠯᠤᠯᠲᠠ ᠶᠢᠨ ᠣᠶᠢᠯᠠᠭᠠᠭᠳᠠᠬᠤᠨ᠂ ᠳᠦᠷᠢᠮ᠂ ᠲᠣᠭᠲᠠᠴᠠ᠂ ᠠᠷᠭ᠎ᠠ ᠶᠢᠨ ᠰᠢᠨ᠎ᠡ ᠶᠢ ᠡᠭᠦᠳᠬᠦ ᠶᠢ ᠠᠬᠢᠭᠤᠯᠬᠤ ᠴᠢᠬᠤᠯᠠ ᠬᠦᠴᠦᠨ ᠪᠣᠯᠭᠠᠨ ᠪᠠᠶᠢᠭᠤᠯᠬᠤ ᠪᠠᠷ ᠴᠢᠷᠮᠠᠶᠢᠬᠤ ᠬᠡᠷᠡᠭᠲᠡᠢ ᠭᠡᠵᠦ ᠬᠡᠯᠡᠪᠡ᠃ ᠡᠯ᠎ᠡ ᠰᠠᠯᠠᠭ᠎ᠠ ︽ᠠᠮᠤᠭᠤᠯᠠᠩ ᠡᠵᠢ︾ ᠶᠢᠨ ᠬᠠᠮᠢᠶᠠᠷᠤᠨ ᠬᠠᠮᠠᠭᠠᠯᠠᠬᠤ ᠠᠩᠭᠢ ᠶᠢᠨ ᠬᠢᠨ ᠠᠮᠤᠷ ᠠᠮᠤᠭᠤᠯᠠᠩ ᠤᠨ ᠪᠠᠶᠢᠭᠤᠯᠤᠯᠲᠠ ᠳᠤ ᠣᠷᠣᠯᠴᠠᠭᠰᠠᠳ ᠤᠨ ᠢᠳᠡᠪᠬᠢᠲᠡᠢ ᠦᠢᠯᠡᠳᠦᠯ ᠢ ᠭᠦᠢᠴᠡᠳ ᠪᠠᠳᠠᠷᠠᠭᠤᠯᠵᠤ᠂ ︽ᠠᠮᠤᠭᠤᠯᠠᠩ ᠡᠵᠢ︾ ᠶᠢᠨ ᠬᠠᠮᠢᠶᠠᠷᠤᠨ ᠬᠠᠮᠠᠭᠠᠯᠠᠬᠤ ᠠᠩᠭᠢ ᠶᠢᠨ ᠬᠢᠨ ᠢ ᠨᠠᠩ ᠣᠯᠠᠨ ᠬᠥᠮᠥᠰ ᠤᠨ ᠰᠡᠳᠬᠢᠯ ᠢ ᠨᠢᠭᠲᠠᠷᠠᠭᠤᠯᠵᠤ᠂ ᠨᠠᠩ ᠣᠯᠠᠨ ᠬᠦᠴᠦᠨ ᠴᠢᠳᠠᠯ ᠢ ᠨᠢᠭᠲᠠᠷᠠᠭᠤᠯᠬᠤ ᠶᠢ ᠬᠦᠰᠡᠵᠦ ᠪᠠᠶᠢᠨ᠎ᠠ ᠭᠡᠵᠡᠢ᠃ ᠡᠭᠦᠨ ᠤ ᠵᠡᠷᠭᠡ ᠳᠤ᠂ ᠨᠠᠩ ᠣᠯᠠᠨ ᠡᠮᠡᠭᠲᠡᠢ ᠡᠭᠡᠴᠢ ᠥᠬᠢᠨ ᠳᠡᠭᠦᠦ ᠨᠠᠷ ᠢ ︽ᠠᠮᠤᠭᠤᠯᠠᠩ ᠡᠵᠢ ︾ ᠶᠢᠨ ᠬᠠᠮᠢᠶᠠᠷᠤᠨ ᠬᠠᠮᠠᠭᠠᠯᠠᠬᠤ ᠡᠩᠨᠡᠭᠡᠨ ᠳᠤ ᠣᠷᠣᠭᠤᠯᠵᠤ᠂ ᠶᠡᠭᠡ ᠭᠡᠷ ᠪᠦᠯᠢ ᠶᠢᠨ ᠠᠮᠤᠷ ᠠᠮᠤᠭᠤᠯᠠᠩ ᠢ ᠰᠠᠬᠢᠨ ᠬᠠᠮᠠᠭᠠᠯᠠᠬᠤ ᠳᠤ ᠡᠮᠡᠭᠲᠡᠶᠢᠴᠦᠳ ᠤᠨ ᠬᠦᠴᠦᠨ ᠴᠢᠳᠠᠯ ᠢᠶᠠᠨ ᠡᠷᠭᠦᠬᠦ ᠶᠢ ᠤᠷᠢᠶᠠᠯᠠᠪᠠ᠃   ᠳ᠋ᠢᠩ ᠪᠥᠸᠧ ᠪᠠᠶᠠᠷ ᠤᠨ ᠦᠭᠡ ᠬᠡᠯᠡᠬᠦ ᠳᠡᠭᠡᠨ᠂ ᠪᠥᠬᠦ ᠬᠤᠰᠢᠭᠤᠨ ᠤ ᠡᠮᠡᠭᠲᠡᠶᠢᠴᠦᠳ ᠤᠨ ᠬᠤᠯᠪᠣᠭ᠎ᠠ ᠶᠢᠨ ᠵᠣᠬᠢᠶᠠᠨ ᠪᠠᠶᠢᠭᠤᠯᠤᠯᠲᠠ ᠨᠢ ᠪᠤᠰᠤᠳ ᠰᠠᠯᠠᠭ᠎ᠠ ᠮᠥᠴᠢᠷ᠂ ᠰᠤᠮᠤ ᠰᠢᠶᠠᠩ ᠪᠠᠯᠭᠠᠰᠤ᠂ ᠭᠠᠴᠠᠭ᠎ᠠ ᠲᠣᠰᠬᠤᠨ ᠲᠠᠢ ᠬᠠᠮᠲᠤ ᠪᠠᠷ ᠡᠩᠨᠡᠭᠡᠨ ᠤ ᠪᠠᠶᠢᠭᠤᠯᠤᠯᠲᠠ ᠪᠠᠨ ᠪᠥᠬᠦ ᠲᠠᠯ᠎ᠠ ᠪᠠᠷ ᠴᠢᠩᠭᠠᠳᠬᠠᠵᠤ᠂ ᠦᠢᠯᠡᠴᠢᠯᠡᠭᠡᠨ ᠤ ᠶᠠᠰᠤ ᠴᠢᠨᠠᠷ ᠢᠶᠠᠨ ᠪᠥᠬᠦ ᠬᠦᠴᠦᠨ ᠢᠶᠠᠷ ᠢᠶᠠᠨ ᠳᠡᠭᠡᠭᠰᠢᠯᠡᠭᠦᠯᠵᠦ᠂ ︽ᠬᠠᠮᠲᠤ ᠪᠠᠷ ᠪᠠᠶᠢᠭᠤᠯᠬᠤ᠂ ᠬᠠᠮᠲᠤ ᠪᠠᠷ ᠵᠠᠰᠠᠬᠤ᠂ ᠬᠠᠮᠲᠤ ᠪᠠᠷ ᠡᠳ᠋ᠯᠡᠬᠦ︾ ᠨᠡᠶᠢᠭᠡᠮ ᠤᠨ ᠵᠠᠰᠠᠯᠲᠠ ᠶᠢᠨ ᠰᠢᠨ᠎ᠡ ᠰᠢᠰᠲ᠋ᠧᠮ ᠢ ᠪᠥᠬᠦ ᠬᠤᠷᠳᠤᠴᠠ ᠪᠠᠷ ᠪᠠᠶᠢᠭᠤᠯᠤᠨ᠎ᠠ ᠭᠡᠵᠡᠢ᠃ ︽  ᠠᠮᠤᠭᠤᠯᠠᠩ ᠡᠵᠢ︾ ᠶᠢᠨ ᠬᠠᠮᠢᠶᠠᠷᠤᠨ ᠬᠠᠮᠠᠭᠠᠯᠠᠬᠤ ᠠᠩᠭᠢ ᠶᠢᠨ ᠬᠢᠨ ᠣᠯᠠᠨ ᠲᠦᠮᠡᠨ ᠤ ᠪᠠᠴᠢᠮ ᠪᠡᠷᠬᠡ ᠵᠣᠪᠠᠵᠤ ᠪᠠᠶᠢᠭ᠎ᠠ ᠠᠰᠠᠭᠤᠳᠠᠯ ᠤᠨ ᠲᠣᠭᠤᠷᠢᠨ ᠳᠤ᠂ ᠦᠷᠭᠦᠯᠵᠢ ᠲᠠᠷᠢᠶᠠᠨ ᠭᠠᠵᠠᠷ ᠲᠤ ᠭᠦᠨᠵᠡᠭᠡᠶᠢᠷᠡᠵᠦ᠂ ᠣᠷᠤᠭ ᠭᠡᠷ ᠪᠦᠯᠢ ᠶᠢᠨ ᠵᠥᠷᠢᠴᠡᠯ ᠵᠢᠭᠤᠷᠠᠯᠳᠤᠭᠠᠨ ᠢ ᠰᠡᠷᠭᠡᠶᠢᠯᠡᠨ ᠠᠷᠢᠯᠭᠠᠬᠤ᠂ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠤᠬᠠᠭᠤᠯᠭ᠎ᠠ᠂ ᠡᠷᠬᠡ ᠪᠠᠨ ᠬᠠᠮᠠᠭᠠᠯᠠᠵᠤ ᠬᠠᠯᠠᠮᠵᠢᠯᠠᠨ ᠬᠠᠶᠢᠷᠠᠯᠠᠬᠤ ᠵᠡᠷᠭᠡ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠪᠠᠭ᠎ᠠ ᠡᠩᠨᠡᠭᠡ ᠶᠢᠨ ᠶᠡᠭᠡ ᠦᠢᠯᠡᠳᠦᠯ ᠢ ᠪᠠᠳᠠᠷᠠᠭᠤᠯᠵᠤ᠂ ᠶᠡᠭᠡ ᠬᠦᠴᠦᠨ ᠴᠢᠳᠠᠯ ᠢ ᠪᠠᠳᠠᠷᠠᠭᠤᠯᠬᠤ ᠬᠡᠷᠡᠭᠲᠡᠢ ᠭᠡᠵᠡᠢ᠃   ᠠᠵᠢᠯᠯᠠᠭ᠎ᠠ ᠶᠢᠨ ᠳᠤᠮᠳᠠ᠂ ᠬᠤᠷᠠᠯ ᠳᠤ ᠣᠷᠣᠯᠴᠠᠭᠰᠠᠨ ᠤᠳᠤᠷᠢᠳᠤᠯᠭ᠎ᠠ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ 16 ᠰᠠᠯᠠᠭ᠎ᠠ ︽ᠠᠮᠤᠭᠤᠯᠠᠩ ᠡᠵᠢ︾ ᠶᠢᠨ ᠬᠠᠮᠢᠶᠠᠷᠤᠨ ᠬᠠᠮᠠᠭᠠᠯᠠᠬᠤ ᠠᠩᠭᠢ ᠳᠤ ᠲᠤᠭ ᠣᠯᠭᠤᠵᠤ᠂ ︽ᠠᠮᠤᠭᠤᠯᠠᠩ ᠡᠵᠢ︾ ᠶᠢᠨ ᠬᠠᠮᠢᠶᠠᠷᠤᠨ ᠬᠠᠮᠠᠭᠠᠯᠠᠬᠤ ᠠᠩᠭᠢ ᠶᠢᠨ ᠲᠥᠯᠥᠭᠡᠯᠡᠭᠴᠢᠳ ᠲᠤ ᠣᠪᠣᠷ ᠢᠶᠠᠨ ᠢᠯᠡᠳᠬᠡᠬᠦ ᠶᠠᠷᠢᠶ᠎ᠠ ᠲᠠᠯᠪᠢᠭᠰᠠᠨ ᠪᠥᠭᠡᠳ ᠬᠠᠮᠲᠤ ᠪᠠᠷ ᠲᠠᠩᠭᠠᠷᠢᠭᠯᠠᠪᠠ᠃   ᠣᠶᠢᠯᠠᠭᠠᠭᠰᠠᠨ ᠢᠶᠠᠷ᠂ ᠬᠢᠩᠭᠠᠨ ᠠᠶᠢᠮᠠᠭ ᠤᠨ ︽ᠠᠮᠤᠭᠤᠯᠠᠩ ᠡᠵᠢ︾ ᠶᠢᠨ ᠬᠠᠮᠢᠶᠠᠷᠤᠨ ᠬᠠᠮᠠᠭᠠᠯᠠᠬᠤ ᠠᠩᠭᠢ ᠶᠢ ᠪᠥᠬᠦ ᠠᠶᠢᠮᠠᠭ ᠤᠨ 70 ᠰᠤᠮᠤ ᠰᠢᠶᠠᠩ ᠪᠠᠯᠭᠠᠰᠤ᠂ ᠵᠡᠭᠡᠯᠢ ᠭᠤᠳᠤᠮᠵᠢ ᠠᠴᠠ 70 ᠬᠠᠮᠢᠶᠠᠷᠤᠨ ᠬᠠᠮᠠᠭᠠᠯᠠᠬᠤ ᠠᠩᠭᠢ ᠪᠠᠶᠢᠭᠤᠯᠵᠠᠢ᠃ ᠡᠭᠦᠨ ᠳᠤ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠳᠤ ᠨᠡᠶᠢᠲᠡ 16 ᠰᠠᠯᠠᠭ᠎ᠠ ︽ᠠᠮᠤᠭᠤᠯᠠᠩ ᠡᠵᠢ︾ ᠶᠢᠨ ᠬᠠᠮᠢᠶᠠᠷᠤᠨ ᠬᠠᠮᠠᠭᠠᠯᠠᠬᠤ ᠠᠩᠭᠢ ᠪᠠᠶᠢᠭᠤᠯᠵᠤ᠂ ᠬᠠᠮᠢᠶᠠᠷᠤᠨ ᠬᠠᠮᠠᠭᠠᠯᠠᠬᠤ ᠠᠩᠭᠢ ᠶᠢᠨ ᠪᠦᠷᠢᠯᠳᠦᠭᠦᠨ ᠢ ᠡᠯ᠎ᠡ ᠰᠤᠮᠤ ᠰᠢᠶᠠᠩ ᠪᠠᠯᠭᠠᠰᠤ ︵ᠲᠥᠪ︶᠂ ᠬᠤᠰᠢᠭᠤᠨ ᠤ ᠰᠢᠭᠤᠳ ᠬᠠᠷᠢᠶ᠎ᠠ ᠰᠠᠯᠠᠭ᠎ᠠ ᠮᠥᠴᠢᠷ ᠤᠨ ᠰᠠᠶᠢᠨ ᠳᠤᠷ᠎ᠠ ᠶᠢᠨ ᠦᠢᠯᠡᠴᠢᠯᠡᠭᠴᠢ ᠪᠠᠷ  ᠪᠦᠷᠢᠯᠳᠦᠭᠦᠯᠪᠡ᠃
 
ᠢᠷᠡᠯᠲᠡ᠄ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号