ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ ᠦᠨᠳᠦᠰᠦᠨ ᠱᠠᠲᠤᠨ ᠳᠤ ᠠᠵᠢᠯᠯᠠᠵᠤ ᠪᠠᠶᠢᠭ᠎ᠠ ᠡᠷᠦᠬᠡ ᠶᠢᠨ ᠴᠡᠷᠢᠭ ᠤᠨ ᠴᠤᠭᠯᠠᠷᠠᠯ ᠤᠨ ᠪᠠᠶᠢᠴᠠᠭᠠᠯᠲᠠ ᠵᠢᠴᠢ ᠪᠣᠯᠪᠠᠰᠤᠷᠠᠯ ᠤᠨ ᠳᠠᠶᠢᠴᠢᠯᠠᠯᠲᠠ ᠶᠢᠨ ᠶᠡᠭᠡ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/5/9
   5 ᠰᠠᠷ᠎ᠠ ᠶᠢᠨ 6 ᠤ ᠡᠳᠦᠷ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ 2023 ᠣᠨ ᠤ ᠦᠨᠳᠦᠰᠦᠨ ᠱᠠᠲᠤᠨ ᠳᠤ ᠠᠵᠢᠯᠯᠠᠵᠤ ᠪᠠᠶᠢᠭ᠎ᠠ ᠡᠷᠦᠬᠡ ᠶᠢᠨ ᠴᠡᠷᠢᠭ ᠤᠨ ᠴᠤᠭᠯᠠᠷᠠᠯ ᠤᠨ ᠪᠠᠶᠢᠴᠠᠭᠠᠯᠲᠠ ᠵᠢᠴᠢ ᠪᠣᠯᠪᠠᠰᠤᠷᠠᠯ ᠤᠨ ᠳᠠᠶᠢᠴᠢᠯᠠᠯᠲᠠ ᠶᠢᠨ ᠶᠡᠭᠡ ᠬᠤᠷᠠᠯ ᠬᠢᠵᠦ᠂ ᠬᠢᠩᠭᠠᠨ ᠴᠡᠷᠢᠭ ᠤᠨ ᠬᠤᠪᠢᠶᠠᠷᠢ ᠲᠣᠭᠤᠷᠢᠭ ᠤᠨ ᠺᠤᠮᠠᠨᠳᠠᠯᠠᠭᠴᠢ ᠴᠢᠨ ᠸᠠᠨ ᠵᠢᠶᠠᠩ᠂ ᠬᠢᠩᠭᠠᠨ ᠴᠡᠷᠢᠭ ᠤᠨ ᠬᠤᠪᠢᠶᠠᠷᠢ ᠲᠣᠭᠤᠷᠢᠭ ᠤᠨ ᠳᠠᠶᠢᠴᠢᠯᠠᠯᠲᠠ ᠶᠢᠨ ᠭᠠᠵᠠᠷ ᠤᠨ ᠳᠠᠷᠤᠭ᠎ᠠ ᠵᠣᠣ ᠰᠢᠤᠸᠠᠢ ᡁᠢ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠠᠷᠠᠳ ᠤᠨ ᠵᠡᠪᠰᠡᠭᠲᠦ ᠬᠦᠴᠦᠨ ᠤ ᠬᠡᠯᠲᠡᠰ ᠤᠨ ᠳᠠᠷᠤᠭ᠎ᠠ ᠵᠢᠶᠣᠣ ᠱᠧ ᠵᠢᠶᠦ᠋ᠨ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠪᠠᠶᠢᠩᠭᠤ ᠶᠢᠨ ᠳᠡᠳ᠋ ᠳᠠᠷᠤᠭ᠎ᠠ ᠸᠠᠩ ᠮᠧᠩ᠂ ᠬᠤᠰᠢᠭᠤᠨ ᠤ ᠠᠷᠠᠳ ᠤᠨ ᠵᠡᠪᠰᠡᠭᠲᠦ ᠬᠦᠴᠦᠨ ᠤ ᠬᠡᠯᠲᠡᠰ ᠤᠨ ᠺᠣᠮᠢᠰᠰᠠᠷ ᠶᠣᠣ ᠢᠦᠢ ᠰᠧᠨ ᠨᠠᠷ ᠶᠡᠭᠡ ᠬᠤᠷᠠᠯ ᠳᠤ ᠣᠷᠣᠯᠴᠠᠵᠠᠢ᠃     ᠶᠡᠭᠡ ᠬᠤᠷᠠᠯ ᠨᠢ ᠰᠦᠷ ᠵᠢᠪᠬᠤᠯᠠᠩᠲᠠᠢ ︽ᠳᠤᠮᠳᠠᠳᠤ ᠤᠯᠤᠰ ᠤᠨ ᠠᠷᠠᠳ ᠤᠨ ᠴᠢᠯᠦᠭᠡᠯᠡᠬᠦ ᠴᠡᠷᠢᠭ ᠤᠨ ᠴᠡᠷᠢᠭ ᠤᠨ ᠳᠠᠭᠤᠤ︾ ᠶᠢᠨ ᠳᠠᠭᠤᠨ ᠤ ᠳᠤᠮᠳᠠ ᠬᠥᠰᠢᠭᠡ ᠪᠠᠨ ᠰᠡᠬᠦᠪᠡ᠃ ᠬᠤᠷᠠᠯ ᠠᠴᠠ ᠡᠷᠦᠬᠡ ᠶᠢᠨ ᠴᠡᠷᠢᠭ ᠤᠨ ᠺᠠᠳ᠋ᠷ ᠤᠨ ᠭᠤᠣᠯᠯᠠᠭᠴᠢ ᠬᠦᠴᠦᠨ ᠤ ᠲᠤᠰᠢᠶᠠᠯ ᠡᠭᠦᠷᠭᠡᠯᠡᠬᠦ ᠵᠠᠷᠯᠢᠭ᠂ ᠭᠤᠣᠯᠯᠠᠭᠴᠢ ᠡᠷᠦᠬᠡ ᠶᠢᠨ ᠴᠡᠷᠢᠭ ᠤᠨ ᠡᠩᠨᠡᠭᠡ ᠳᠤ ᠣᠷᠣᠵᠤ ᠭᠠᠷᠬᠤ ᠬᠥᠮᠥᠰ ᠤᠨ ᠨᠡᠷᠡᠰ ᠢ ᠤᠩᠰᠢᠨ ᠨᠡᠶᠢᠲᠡᠯᠡᠵᠦ᠂ ᠪᠦᠬᠦ ᠡᠷᠦᠬᠡ ᠶᠢᠨ ᠴᠡᠷᠢᠭ ᠲᠠᠩᠭᠠᠷᠢᠭᠯᠠᠵᠤ᠂ ᠰᠢᠨ᠎ᠡ ᠡᠩᠨᠡᠭᠡ ᠳᠤ ᠣᠷᠣᠭᠰᠠᠨ ᠡᠷᠦᠬᠡ ᠶᠢᠨ ᠴᠡᠷᠢᠭ ᠤᠨ ᠲᠥᠯᠥᠭᠡᠯᠡᠭᠴᠢ ᠣᠪᠣᠷ ᠢᠶᠠᠨ ᠢᠯᠡᠳᠬᠡᠬᠦ ᠦᠭᠡ ᠬᠡᠯᠡᠪᠡ᠃   ᠦᠨᠳᠦᠰᠦᠨ ᠱᠠᠲᠤᠨ ᠳᠤ ᠠᠵᠢᠯᠯᠠᠵᠤ ᠪᠠᠶᠢᠭ᠎ᠠ ᠡᠷᠦᠬᠡ ᠶᠢᠨ ᠴᠡᠷᠢᠭ ᠤᠨ ᠴᠤᠭᠯᠠᠷᠠᠯ ᠢ ᠰᠢᠯᠭᠠᠨ ᠪᠠᠶᠢᠴᠠᠭᠠᠬᠤ ᠶᠡᠭᠡ ᠬᠤᠷᠠᠯ ᠠᠮᠵᠢᠯᠲᠠ ᠲᠠᠢ ᠬᠤᠷᠠᠯᠳᠤᠭᠰᠠᠨ ᠨᠢ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ 2023 ᠣᠨ ᠳᠤ ᠰᠢᠯᠢᠳᠡᠭ ᠡᠷᠦᠬᠡ ᠶᠢᠨ ᠴᠡᠷᠢᠭ ᠤᠨ ᠡᠩᠨᠡᠭᠡ ᠵᠢᠩᠬᠢᠨᠢ ᠪᠠᠷ ᠪᠠᠶᠢᠭᠤᠯᠤᠭᠳᠠᠭᠰᠠᠨ ᠢ ᠬᠠᠷᠠᠭᠤᠯᠪᠠ᠃ ᠪᠠᠶᠢᠴᠠᠭᠠᠨ ᠰᠢᠯᠭᠠᠵᠤ ᠪᠠᠷᠠᠭᠰᠠᠨ ᠤ ᠳᠠᠷᠠᠭ᠎ᠠ᠂ ᠴᠢᠨ ᠸᠠᠨ ᠵᠢᠶᠠᠩ ᠬᠡᠯᠡᠬᠦ ᠳᠡᠭᠡᠨ᠂ ᠲᠣᠰ ᠤᠳᠠᠭᠠᠨ ᠤ ᠪᠠᠶᠢᠴᠠᠭᠠᠨ ᠰᠢᠯᠭᠠᠬᠤ ᠵᠢᠷᠤᠮ ᠨᠢ ᠵᠢᠩᠬᠢᠨᠢᠴᠢᠯᠡᠭᠰᠡᠨ᠂ ᠵᠣᠬᠢᠶᠠᠨ ᠪᠠᠶᠢᠭᠤᠯᠤᠯᠲᠠ ᠨᠢ ᠨᠢᠭᠲᠠ ᠴᠢᠩᠭ᠎ᠠ᠂ ᠦᠷ᠎ᠡ ᠪᠦᠲᠦᠮᠵᠢ ᠨᠢ ᠢᠯᠡᠳᠲᠡ ᠪᠠᠶᠢᠵᠤ᠂ ᠡᠷᠦᠬᠡ ᠶᠢᠨ ᠴᠡᠷᠢᠭ ᠤᠨ ᠴᠤᠭ ᠰᠦᠯᠳᠡ ᠶᠢ ᠢᠯᠡᠷᠡᠭᠦᠯᠵᠦ᠂ ᠪᠡᠯᠡᠳᠬᠡᠯ ᠬᠦᠴᠦᠨ ᠤ ᠪᠠᠶᠢᠯᠳᠤᠬᠤ ᠬᠦᠴᠦᠨ ᠢ ᠪᠠᠶᠢᠴᠠᠭᠠᠨ ᠭᠠᠷᠭᠠᠵᠠᠢ ᠭᠡᠵᠡᠢ᠃ ᠦᠨᠳᠦᠰᠦᠨ ᠱᠠᠲᠤᠨ ᠳᠤ ᠠᠵᠢᠯᠯᠠᠵᠤ ᠪᠠᠶᠢᠭ᠎ᠠ ᠡᠷᠦᠭᠡ ᠶᠢᠨ ᠴᠡᠷᠢᠭ ᠤᠨ ᠵᠣᠬᠢᠶᠠᠨ ᠪᠠᠶᠢᠭᠤᠯᠤᠯᠲᠠ ᠲᠠᠩᠭᠠᠷᠢᠭ ᠢᠶᠠᠨ ᠪᠠᠲᠤ ᠰᠠᠬᠢᠵᠤ᠂ ᠡᠷᠦᠭᠡ ᠶᠢᠨ ᠴᠡᠷᠢᠭ ᠤᠨ ᠡᠭᠦᠷᠭᠡ ᠪᠠᠨ ᠭᠦᠢᠴᠡᠳᠬᠡᠵᠦ᠂ ᠡᠷᠦᠭᠡ ᠶᠢᠨ ᠴᠡᠷᠢᠭ ᠤᠨ ᠢᠷᠠᠭᠤ ᠠᠯᠳᠠᠷᠲᠤ ᠤᠯᠠᠮᠵᠢᠯᠠᠯ ᠢᠶᠠᠨ ᠪᠠᠳᠠᠷᠠᠭᠤᠯᠤᠨ᠂ ᠡᠷᠦᠭᠡ ᠶᠢᠨ ᠴᠡᠷᠢᠭ ᠤᠨ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠯᠲᠠ ᠪᠠᠨ ᠴᠢᠩᠭᠠᠳᠬᠠᠵᠤ᠂ ᠳᠡᠭᠡᠳᠦ ᠱᠠᠲᠤᠨ ᠠᠴᠠ ᠲᠤᠰᠢᠶᠠᠭᠰᠠᠨ ᠡᠯ᠎ᠡ ᠵᠦᠢᠯ ᠤᠨ ᠡᠭᠦᠷᠭᠡ ᠪᠠᠨ ᠲᠡᠭᠦᠰ ᠠᠮᠵᠢᠯᠲᠠ ᠲᠠᠢ ᠪᠡᠶᠡᠯᠡᠭᠦᠯᠵᠦ᠂ ᠳᠠᠭᠤᠳᠠᠪᠠᠯ ᠢᠷᠡᠵ᠊ ᠤ᠂ ᠢᠷᠡᠪᠡᠯ ᠪᠠᠶᠢᠯᠳᠤᠵᠤ᠂ ᠪᠠᠶᠢᠯᠳᠤᠪᠠᠯ ᠢᠯᠠᠬᠤ ᠶᠢ ᠬᠦᠰᠡᠵᠦ ᠪᠠᠶᠢᠨ᠎ᠠ ᠭᠡᠵᠡᠢ᠃   ᠬᠤᠷᠠᠯ ᠳᠡᠭᠡᠷ᠎ᠡ᠂ ᠸᠠᠩ ᠮᠧᠩ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠡᠮᠦᠨ᠎ᠡ ᠠᠴᠠ ᠪᠠᠶᠠᠷ ᠤᠨ ᠦᠭᠡ ᠬᠡᠯᠡᠵᠦ᠂ ᠵᠢᠶᠣᠣ ᠱᠧ ᠵᠢᠶᠦ᠋ᠨ 2022 ᠣᠨ ᠤ ᠡᠷᠦᠬᠡ ᠶᠢᠨ ᠴᠡᠷᠢᠭ ᠤᠨ ᠪᠡᠯᠡᠳᠬᠡᠯ ᠠᠯᠪᠠᠨ ᠤ ᠠᠵᠢᠯ ᠢ ᠪᠡᠶᠡᠯᠡᠭᠦᠯᠦᠭᠰᠡᠨ ᠪᠠᠶᠢᠳᠠᠯ ᠢ ᠪᠥᠬᠦ ᠲᠠᠯ᠎ᠠ ᠪᠠᠷ ᠳ᠋ᠦᠩᠨᠡᠵᠦ᠂ 2023 ᠣᠨ ᠤ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃
 
ᠢᠷᠡᠯᠲᠡ᠄ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号