ᠰᠦᠨ ᠱᠤ᠋ ᠲᠤᠸ ᠬᠤᠲᠠ ᠶᠢᠨ ᠳᠤᠮᠳᠠᠬᠢ ᠲᠠᠯ᠎ᠠ ᠨᠤᠲᠤᠭ ᠤᠨ ᠵᠢᠭᠤᠯᠴᠢᠯᠠᠯ ︵ᠰᠥᠨᠢ ᠶᠢᠨ ᠠᠵᠤ ᠠᠬᠤᠢ︶ ᠤᠨ ᠶᠠᠷᠢᠯᠴᠠᠬᠤ ᠬᠤᠷᠠᠯ ᠢ ᠡᠷᠭᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/5/9
   5 ᠰᠠᠷ᠎ᠠ ᠶᠢᠨ 8 ᠤ ᠡᠳᠦᠷ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠨᠠᠮ ᠤᠨ ᠬᠤᠷᠢᠶᠠᠨ ᠤ ᠱᠦᠵᠢ ᠰᠦᠨ ᠱᠤ᠋ ᠲᠤᠸ ᠬᠤᠲᠠ ᠶᠢᠨ ᠳᠤᠮᠳᠠᠬᠢ ᠲᠠᠯ᠎ᠠ ᠨᠤᠲᠤᠭ ᠤᠨ ᠵᠢᠭᠤᠯᠴᠢᠯᠠᠯ ︵ᠰᠥᠨᠢ ᠶᠢᠨ ᠠᠵᠤ ᠠᠬᠤᠢ︶ ᠤᠨ ᠶᠠᠷᠢᠯᠴᠠᠬᠤ ᠬᠤᠷᠠᠯ ᠢ ᠡᠷᠭᠢᠯᠡᠨ ᠬᠤᠷᠠᠯᠳᠤᠭᠤᠯᠵᠤ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠰᠢᠭᠤᠨ ᠤ ᠨᠠᠮ ᠤᠨ ᠬᠤᠷᠢᠶᠠᠨ ᠤ ᠠᠯᠪᠠᠨ ᠭᠡᠷ ᠤᠨ ᠡᠷᠬᠢᠯᠡᠭᠴᠢ ᠵᠠᠩ ᠰᠢᠦᠢ ᠳ᠋ᠦᠩ᠂ ᠬᠤᠰᠢᠭᠤᠨ ᠤ ᠵᠠᠰᠠᠭ ᠤᠨ ᠣᠷᠳᠣᠨ ᠤ ᠬᠠᠮᠢᠶ᠎ᠠ ᠪᠦᠬᠦᠢ ᠤᠳᠤᠷᠢᠳᠤᠯᠭ᠎ᠠ ᠵᠢᠴᠢ ᠳᠤᠮᠳᠠᠳᠤ ᠤᠯᠤᠰ ᠤᠨ ᠵᠠᠭᠤᠴᠢᠯᠠᠭᠤᠷ ᠤᠨ ᠶᠡᠭᠡ ᠰᠤᠷᠭᠠᠭᠤᠯᠢ᠂ ᠬᠤᠰᠢᠭᠤᠨ ᠤ ᠰᠢᠭᠤᠳ ᠬᠠᠷᠢᠶ᠎ᠠ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠂ ᠬᠠᠮᠢᠶ᠎ᠠ ᠪᠦᠬᠦᠢ ᠠᠵᠤ ᠠᠬᠤᠶᠢᠯᠠᠯ ᠤᠨ ᠠᠵᠢᠯᠲᠠᠳ ᠬᠤᠷᠠᠯ ᠳᠤ ᠣᠷᠣᠯᠴᠠᠵᠠᠢ᠃   ᠰᠦᠨ ᠱᠤ᠋ ᠲᠤᠤ᠂ ᠣᠶᠢᠷ᠎ᠠ ᠶᠢᠨ ᠵᠢᠯ ᠠᠴᠠ᠂ ᠰᠥᠨᠢ ᠶᠢᠨ ᠠᠵᠤ ᠠᠬᠤᠢ ᠨᠢᠭᠡᠨᠲᠡ ᠬᠤᠳᠠ ᠶᠢᠨ ᠬᠡᠷᠡᠭᠯᠡᠭᠡᠨ ᠤ ᠳᠠᠯᠳᠠ ᠬᠦᠴᠦᠨ ᠢ ᠨᠡᠮᠡᠭᠳᠡᠭᠦᠯᠬᠦ᠂ ᠬᠡᠷᠡᠭᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠵᠦ ᠲᠡᠰ ᠳᠡᠪᠰᠢᠭᠦᠯᠬᠦ ᠶᠢ ᠠᠬᠢᠭᠤᠯᠬᠤ ᠴᠢᠬᠤᠯᠠ ᠬᠥᠳᠡᠯᠭᠡᠭᠦᠷ ᠪᠣᠯᠤᠭᠰᠠᠨ ᠪᠠᠶᠢᠨ᠎ᠠ᠃ ᠪᠦᠬᠦ ᠬᠤᠰᠢᠭᠤ ᠪᠠᠷ ᠢᠶᠠᠨ ᠵᠢᠭᠤᠯᠴᠢᠯᠠᠯ ᠤᠨ ᠦᠢᠯᠡᠰ ᠤᠨ ᠰᠡᠷᠭᠦᠯᠲᠡ ᠶᠢᠨ ᠠᠵᠠ ᠲᠣᠬᠢᠶᠠᠯ ᠢ ᠠᠮᠵᠢᠵᠤ᠂ ᠢᠲᠡᠭᠡᠯ ᠵᠣᠷᠢᠭ ᠢᠶᠠᠨ ᠬᠥᠪᠴᠢᠯᠡᠵᠦ᠂ ᠡᠷᠴᠢ ᠵᠣᠷᠢᠭ ᠢᠶᠠᠨ ᠬᠥᠪᠴᠢᠯᠡᠵᠦ᠂ ᠬᠤᠷᠴᠢᠨ ᠲᠠᠯ᠎ᠠ ᠬᠤᠲᠠ ᠶᠢᠨ ᠲᠠᠯ᠎ᠠ ᠨᠤᠲᠤᠭ ᠤᠨ ᠡᠬᠢ ᠪᠠᠶᠠᠯᠢᠭ ᠤᠨ ᠳᠠᠪᠠᠭᠤᠯᠢᠭ ᠲᠤ ᠲᠦᠰᠢᠭᠯᠡᠨ᠂ ᠪᠤᠰᠤᠳ ᠭᠠᠵᠠᠷ ᠣᠷᠣᠨ ᠤ ᠰᠥᠨᠢ ᠶᠢᠨ ᠠᠵᠤ ᠠᠬᠤᠢ ᠶᠢᠨ ᠬᠥᠭᠵᠢᠯᠲᠡ ᠶᠢᠨ ᠠᠮᠵᠢᠯᠲᠠ ᠲᠠᠢ ᠬᠡᠷᠡᠭ ᠤᠨ ᠵᠢᠱᠢᠶ᠎ᠡ ᠪᠠᠷ ᠲᠣᠯᠢ ᠪᠣᠯᠭᠠᠵᠤ᠂ ᠰᠢᠨ᠎ᠡ ᠶᠢ ᠡᠭᠦᠳᠬᠦ ᠰᠡᠳᠬᠢᠬᠦᠢ ᠪᠠᠷ ᠢᠶᠠᠨ ᠬᠠᠯᠠᠮᠰᠢᠯ ᠺᠠᠷᠲ ᠢ ᠲᠡᠮᠳᠡᠭᠯᠡᠬᠦ ᠭᠠᠵᠠᠷ ᠢ ᠵᠢᠷᠤᠭᠯᠠᠨ ᠲᠥᠯᠥᠪᠯᠡᠵᠦ᠂ ᠴᠢᠳᠠᠮᠵᠢ ᠶᠢᠨ ᠴᠢᠨᠠᠷᠲᠠᠢ ᠲᠥᠬᠦᠷᠵᠢᠭᠦᠯᠦᠯᠲᠡ ᠶᠢ ᠲᠠᠰᠤᠷᠠᠯᠲᠠ ᠦᠭᠡᠢ ᠲᠡᠭᠦᠯᠳᠡᠷᠵᠢᠭᠦᠯᠦᠨ᠂ ᠲᠠᠯ᠎ᠠ ᠨᠤᠲᠤᠭ ᠤᠨ ᠣᠨᠴᠠᠯᠢᠭ ᠢ ᠳᠣᠪᠤᠶᠢᠯᠭᠠᠵᠤ᠂ ᠬᠤᠷᠴᠢᠨ ᠲᠠᠯ᠎ᠠ ᠬᠤᠲᠠ ᠶᠢᠨ ᠲᠠᠯ᠎ᠠ ᠨᠤᠲᠤᠭ ᠤᠨ ᠰᠥᠨᠢ ᠶᠢᠨ ᠠᠵᠤ ᠠᠬᠤᠢ ᠶᠢᠨ ᠬᠢᠯᠠᠰ ᠴᠡᠭ ᠢ ᠪᠣᠶ ᠪᠣᠯᠭᠠᠨ᠂ ᠬᠥᠮᠥᠰ ᠤᠨ ᠠᠩᠬᠠᠷᠤᠯ ᠢ ᠨᠠᠩ ᠰᠠᠶᠢᠨ ᠲᠥᠪᠯᠡᠷᠡᠭᠦᠯᠵᠦ᠂ ᠬᠡᠷᠡᠭᠯᠡᠭᠡ ᠶᠢ ᠨᠠᠩ ᠰᠠᠶᠢᠨ ᠳᠠᠶᠢᠴᠢᠯᠠᠬᠤ ᠬᠡᠷᠡᠭᠲᠡᠢ᠃   ᠬᠤᠷᠠᠯ ᠳᠡᠭᠡᠷ᠎ᠡ᠂ ᠬᠤᠷᠠᠯ ᠳᠤ ᠣᠷᠣᠯᠴᠠᠭᠰᠠᠳ ᠥᠪᠡᠷ ᠥᠪᠡᠷ ᠤᠨ ᠠᠵᠢᠯ ᠲᠦᠷᠦᠯ ᠤᠨ ᠣᠨᠴᠠᠯᠢᠭ ᠲᠠᠢ ᠪᠠᠨ ᠤᠶᠠᠯᠳᠤᠭᠤᠯᠵᠤ᠂ ᠠᠳᠠᠯᠢ ᠪᠤᠰᠤ ᠲᠠᠯ᠎ᠠ ᠠᠴᠠ ᠰᠠᠨᠠᠯ ᠢᠶᠠᠨ ᠰᠣᠯᠢᠯᠴᠠᠵᠤ ᠶᠠᠷᠢᠶ᠎ᠠ ᠲᠠᠯᠪᠢᠵᠠᠢ᠃
 
ᠢᠷᠡᠯᠲᠡ᠄ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号