6 ᠰᠠᠷ᠎ᠠ ᠶᠢᠨ 6 ᠤ ᠡᠳᠦᠷ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠪᠤᠷᠭᠠᠰᠤᠲᠠᠢ ᠰᠢᠶᠠᠩ ᠳᠤ | ᠬᠤᠪᠢᠰᠬᠠᠯ ᠤᠨ ᠭᠤᠣᠯ ᠰᠡᠳᠦᠪᠲᠦ ᠲᠠᠮᠢᠷ ᠤᠨ ᠴᠤᠭᠯᠠᠭᠠᠨ ᠵᠢᠴᠢ ᠠᠩᠬᠠᠳᠤᠭᠠᠷ ᠬᠤᠭᠤᠴᠠᠭᠠᠨ ᠤ ︽ᠤᠭ ᠰᠠᠨᠠᠭ᠎ᠠ | ᠬᠤᠨᠳᠠᠭᠠᠲᠤ︾ ᠮᠠᠯᠴᠢᠨ ᠲᠠᠷᠢᠶᠠᠴᠢᠨ ᠠᠵᠢᠯᠲᠠᠨ ᠠᠵᠢᠯᠴᠢᠨ ᠤ ᠬᠥᠯ ᠪᠥᠮᠪᠦᠭᠡ ᠶᠢᠨ ᠤᠷᠤᠯᠳᠤᠭᠠᠨ ᠡᠷᠭᠢᠯᠡᠵᠦ᠂ | ᠥᠷᠭᠡᠨ ᠣᠯᠠᠨ ᠺᠠᠳ᠋ᠷ ᠣᠯᠠᠨ ᠲᠦᠮᠡᠨ ᠳᠤ ᠤᠷᠤᠯᠳᠤᠭᠠᠨ ᠪᠠ ᠲᠣᠭᠯᠠᠭᠠᠮ ᠤᠨ ᠳᠤᠮᠳᠠ ᠠᠴᠠ ᠬᠤᠪᠢᠰᠬᠠᠯ ᠤᠨ | ᠲᠡᠦᠬᠡ ᠶᠢ ᠣᠶᠢᠯᠠᠭᠠᠭᠤᠯᠵᠤ᠂ ᠬᠤᠪᠢᠰᠬᠠᠯ ᠤᠨ ᠤᠯᠠᠮᠵᠢᠯᠠᠯ ᠤᠨ ᠬᠥᠮᠦᠵᠢᠯ ᠬᠦᠷᠲᠡᠭᠡᠪᠡ᠃ | ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠪᠤᠷᠭᠠᠰᠤᠲᠠᠢ ᠪᠠᠭ᠎ᠠ ᠰᠤᠷᠭᠠᠭᠤᠯᠢ ᠳᠤ᠂ ᠬᠤᠰᠢᠭᠤᠨ ᠤ | ᠬᠥᠯ ᠪᠥᠮᠪᠦᠭᠡ ᠶᠢᠨ ᠨᠡᠶᠢᠭᠡᠮᠯᠢᠭ ᠤᠨ ᠨᠡᠷ᠎ᠡ ᠬᠦᠨᠳᠦᠲᠦ ᠲᠡᠷᠢᠭᠦᠯᠡᠭᠴᠢ ᠰᠢᠸ ᠿᠤ᠋ ᠹᠧᠩ ᠬᠥᠯ ᠪᠥᠮᠪᠦᠭᠡ ᠶᠢᠨ | ᠤᠷᠤᠯᠳᠤᠭᠠᠨ ᠵᠢᠩᠬᠢᠨᠢ ᠪᠠᠷ ᠡᠬᠢᠯᠡᠭᠰᠡᠨ ᠢ ᠵᠠᠷᠯᠠᠵᠤ᠂ ︽ᠬᠦᠰᠡᠯ ᠵᠡᠭᠦᠳᠦ ᠪᠠᠨ ᠲᠡᠷᠭᠡᠯᠰᠢᠭᠦᠯᠬᠦ ᠰᠢᠨ᠎ᠡ ᠴᠠᠭ | ᠦᠶ᠎ᠡ ᠶᠢᠨ ᠬᠥᠯ ᠪᠥᠮᠪᠦᠭᠡ ᠶᠢᠨ ᠤᠷᠤᠯᠳᠤᠭᠠᠨ ᠨᠡᠩ ᠭᠤᠶᠢᠳᠠ ᠰᠠᠶᠢᠬᠠᠨ︾ ᠭᠡᠬᠦ ᠭᠤᠣᠯ ᠰᠡᠳᠦᠪᠲᠦ ᠬᠥᠳᠡᠭᠡ | ᠲᠣᠰᠬᠤᠨ ᠤ ᠬᠤᠶᠠᠷ ᠳᠡᠰ ᠤᠨ ᠬᠥᠯ ᠪᠥᠮᠪᠦᠭᠡ ᠶᠢᠨ ᠤᠷᠤᠯᠳᠤᠭᠠᠨ ᠢ ᠳᠡᠯᠭᠡᠷᠡᠭᠦᠯᠬᠦ ᠲᠤᠷᠰᠢᠯᠲᠠ ᠶᠢᠨ ᠴᠢᠭ᠋ ᠤᠨ | ᠤᠷᠤᠯᠳᠤᠭᠠᠨ ᠪᠠᠶᠠᠷ ᠬᠦᠷ ᠲᠠᠢ ᠠᠶᠢᠵᠠᠮ ᠴᠣᠬᠢᠯᠭ᠎ᠠ ᠶᠢᠨ ᠲᠠᠮᠢᠷ ᠤᠨ ᠳᠤᠮᠳᠠ ᠬᠥᠰᠢᠭᠡ ᠪᠠᠨ ᠰᠡᠬᠦᠵᠡᠢ᠃ | ᠤᠷᠤᠯᠳᠤᠭᠠᠨ ᠤ ᠲᠠᠯᠠᠪᠠᠶ ᠳᠤ ᠨᠡᠶᠢᠲᠡ 8 ᠠᠩᠭᠢ ᠤᠷᠤᠯᠳᠤᠭᠠᠨ ᠳᠤ ᠣᠷᠣᠯᠴᠠᠵᠠᠢ᠃ ᠬᠥᠯ ᠪᠥᠮᠪᠦᠭᠡ ᠶᠢᠨ | ᠲᠠᠮᠢᠷᠴᠢᠳ ᠤᠨ ᠭᠤᠴᠣ ᠰᠠᠶᠢᠬᠠᠨ ᠪᠥᠮᠪᠥᠭᠡᠨ ᠮᠡᠷᠭᠡᠵᠢᠯ ᠨᠢ ᠦᠵᠡᠭᠴᠢᠳ ᠤᠨ ᠤᠷᠠᠶᠢᠯᠠᠯ ᠪᠠ ᠠᠯᠠᠭ᠎ᠠ | ᠲᠡᠰᠢᠯᠲᠡ ᠶᠢ ᠣᠯᠵᠤ᠂ ᠲᠤᠬᠠᠢ ᠶᠢᠨ ᠲᠠᠯᠠᠪᠠᠢ ᠶᠢᠨ ᠠᠭᠤᠷ ᠠᠮᠢᠰᠬᠤᠯ ᠬᠦᠷ ᠬᠥᠭᠵᠢᠶᠡᠨ ᠲᠠᠢ ᠪᠠᠶᠢᠯ᠎ᠠ᠃ | ᠪᠤᠷᠭᠠᠰᠤᠲᠠᠢ ᠰᠢᠶᠠᠩ ᠤᠨ ᠬᠤᠪᠢᠰᠬᠠᠯ ᠤᠨ ᠳᠤᠷᠠᠰᠤᠮᠵᠢ ᠶᠢᠨ ᠠᠭᠤᠳᠠᠮ ᠲᠠᠯᠠᠪᠠᠢ ᠳᠤ᠂ ︽ᠬᠤᠪᠢᠰᠬᠠᠯ ᠤᠨ | ᠰᠤᠳᠠᠰᠤ ᠶᠢ ᠦᠷᠭᠦᠯᠵᠢᠯᠡᠭᠦᠯᠬᠦ · ᠪᠤᠷᠭᠠᠰᠤᠲᠠᠢ ᠶᠢᠨ ᠴᠤᠭ ᠵᠢᠪᠬᠤᠭ᠎ᠠ ᠶᠢ ᠢᠯᠡᠷᠡᠭᠦᠯᠬᠦ︾ ᠪᠠᠷ ᠭᠤᠣᠯ ᠰᠡᠳᠦᠪ | ᠪᠣᠯᠭᠠᠭᠰᠠᠨ ᠬᠤᠪᠢᠰᠬᠠᠯ ᠤᠨ ᠭᠤᠣᠯ ᠰᠡᠳᠦᠪᠲᠦ ᠲᠠᠮᠢᠷ ᠤᠨ ᠴᠤᠭᠯᠠᠭᠠᠨ ᠨᠡᠩ ᠭᠤᠶᠢᠳᠠ ᠰᠠᠶᠢᠬᠠᠨ ᠪᠣᠯᠵᠤ᠂ ᠪᠦᠬᠦ | ᠰᠢᠶᠠᠩ ᠤᠨ 32 ᠲᠥᠯᠥᠭᠡᠯᠡᠭᠴᠢᠳ ᠤᠨ ᠠᠩᠭᠢ᠂ 200 ᠰᠢᠬᠠᠮ ᠺᠠᠳ᠋ᠷ ᠤᠯᠠᠨ ᠲᠦᠮᠡᠨ ᠤᠷᠤᠯᠳᠤᠭᠠᠨ ᠳᠤ | ᠣᠷᠣᠯᠴᠠᠵᠠᠢ᠃ | ᠲᠤᠰ ᠤᠷᠤᠯᠳᠤᠭᠠᠨ ᠳᠤ ᠳᠠᠶᠢᠰᠤᠨ ᠤ ᠪᠠᠬᠢᠯᠡᠯᠲᠡ ᠶᠢ ᠳᠡᠯᠪᠡᠴᠢᠬᠦ᠂ ᠭᠠᠯ ᠹᠷᠣᠨᠲ ᠤᠨ ᠦᠳᠦᠳᠦ ᠵᠠᠬᠢᠳᠠᠯ᠂ | ᠤᠯᠠᠭᠠᠨ ᠴᠡᠷᠢᠭ ᠤᠨ ᠳᠠᠮᠨᠠᠭᠤᠷ᠂ ᠯᠦᠩ ᠹᠧᠩ ᠱᠠᠨ ᠤ ᠲᠦᠷᠭᠡᠨ ᠠᠶᠠᠯᠠᠯ᠂ ᠬᠢᠩᠭᠠᠨ ᠶᠡᠭᠡ ᠦᠢᠯᠡᠳᠪᠦᠷᠢᠯᠡᠯ | ᠵᠡᠷᠭᠡ ᠤᠷᠤᠯᠳᠤᠭᠠᠨ ᠤ ᠲᠦᠷᠦᠯ ᠵᠦᠢᠯ ᠢ ᠲᠣᠬᠢᠷᠠᠭᠤᠯᠪᠠ᠂ ᠡᠳᠡᠭᠡᠷ ᠲᠦᠷᠦᠯ ᠵᠦᠢᠯ ᠨᠢ ᠬᠤᠪᠢᠰᠬᠠᠯᠲᠤ ᠳᠠᠶᠢᠨ ᠤ | ᠦᠶ᠎ᠡ ᠶᠢᠨ ᠪᠠᠭᠠᠲᠤᠷ ᠬᠥᠮᠥᠰ ᠪᠣᠯᠣᠨ ᠰᠡᠳᠬᠢᠯ ᠬᠥᠳᠡᠯᠭᠡᠮ᠎ᠡ ᠦᠯᠢᠭᠡᠷ ᠢᠶᠠᠷ ᠰᠡᠳᠦᠪᠯᠡᠵᠦ᠂ ᠲᠤᠬᠠᠢ ᠶᠢᠨ ᠵᠢᠯ ᠤᠨ | ᠬᠤᠪᠢᠰᠬᠠᠯ ᠤᠨ ᠡᠷᠲᠡ ᠴᠢᠯᠦᠭᠡᠯᠡᠭᠳᠡᠭᠰᠡᠨ ᠣᠷᠣᠨ ᠤ ᠴᠡᠷᠢᠭ ᠠᠷᠠᠳ ᠤᠨ ᠵᠢᠭᠠᠰᠤ ᠤᠰᠤᠨ ᠤ ᠬᠠᠶᠢᠷ᠎ᠠ | ᠰᠡᠳᠬᠢᠯᠭᠡ ᠶᠢ ᠳᠠᠬᠢᠨᠲᠠ ᠢᠯᠡᠷᠡᠭᠦᠯᠦᠭᠰᠡᠨ ᠪᠠᠶᠢᠨ᠎ᠠ᠃ |