ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠪᠠᠨ ᠲᠠᠪᠤᠳᠤᠭᠠᠷ ᠬᠤᠭᠤᠴᠠᠭᠠᠨ ᠤ ᠬᠤᠷᠢᠶ᠎ᠠ ᠶᠢᠨ 61 ᠳ᠋ᠤᠭᠡᠷ ᠤᠳᠠᠭ᠎ᠠ ᠶᠢᠨ ︵ᠥᠷᠭᠡᠳᠬᠡᠭᠰᠡᠨ︶ ᠬᠤᠷᠠᠯ ᠢ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/6/13
   6 ᠰᠠᠷ᠎ᠠ ᠶᠢᠨ 11 ᠤ ᠡᠳᠦᠷ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠨᠠᠮ ᠤᠨ ᠬᠤᠷᠢᠶᠠᠨ ᠤ ᠱᠦᠵᠢ ᠰᠦᠨ ᠱᠤ᠋ ᠲᠤᠸ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠪᠠᠨ ᠲᠠᠪᠤᠳᠤᠭᠠᠷ ᠬᠤᠭᠤᠴᠠᠭᠠᠨ ᠤ ᠬᠤᠷᠢᠶᠠᠨ ᠤ 61 ᠳ᠋ᠤᠭᠡᠷ ᠤᠳᠠᠭᠠᠨ ᠤ ︵ᠥᠷᠭᠡᠳᠬᠡᠭᠰᠡᠨ︶ ᠬᠤᠷᠠᠯ ᠢ ᠡᠷᠭᠢᠯᠡᠨ ᠬᠤᠷᠠᠯᠳᠤᠭᠤᠯᠪᠠ᠃ ᠬᠤᠰᠢᠭᠤᠨ ᠤ ᠤᠳᠤᠷᠢᠳᠤᠯᠭ᠎ᠠ ᠸᠠᠩ ᠵᠢᠶᠠ ᠪᠥᠸᠧ᠂ ᠳ᠋ᠢᠩ ᠪᠥᠸᠧ᠂ ᠬᠤᠸᠠᠩ ᠮᠠᠨ ᠯᠢᠶᠠᠩ᠂ ᠵᠢᠶᠣᠣ ᠱᠧ ᠵᠢᠶᠦ᠋ᠨ᠂ ᠯᠢ ᠹᠠᠩ᠂ ᠸᠠᠩ ᠮᠧᠩ᠂ ᠵᠠᠩ ᠰᠢᠦᠢ ᠳ᠋ᠦᠩ᠂ ᠮᠠ ᠨᠢᠩ᠂ ᠸᠠᠩ ᠰᠢᠤᠸᠠᠢ ᠸᠧᠢ᠂ ᠯᠢ ᠶᠣᠣ ᠵᠢᠶᠧ ᠵᠡᠷᠭᠡ ᠳᠡᠳ᠋ ᠭᠠᠵᠠᠷ ᠤᠨ ᠲᠠᠰ ᠠᠴᠠ ᠳᠡᠭᠡᠭᠰᠢᠬᠢ ᠤᠳᠤᠷᠢᠳᠤᠯᠭ᠎ᠠ᠂ ᠬᠤᠰᠢᠭᠤᠨ ᠤ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ᠂ ᠡᠯ᠎ᠡ ᠰᠤᠮᠤ ᠰᠢᠶᠠᠩ ᠪᠠᠯᠭᠠᠰᠤᠨ ᠤ ᠬᠠᠷᠢᠭᠤᠴᠠᠯᠭᠠᠲᠠᠳ ᠬᠤᠷᠠᠯ ᠳᠤ ᠣᠷᠣᠯᠴᠠᠵᠠᠢ᠃     ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠥᠪᠥᠷ ᠮᠣᠩᠭᠤᠯ ᠤᠨ ᠪᠠᠶᠠᠨᠨᠠᠭᠤᠷ ᠲᠤ ᠰᠢᠨᠵᠢᠯᠡᠨ ᠪᠠᠶᠢᠴᠠᠭᠠᠬᠤ ᠶᠢᠨ ᠬᠠᠮᠲᠤ ᠴᠦᠯᠯᠡᠷᠭᠡᠭᠵᠢᠯ ᠢ ᠶᠡᠷᠦᠩᠬᠡᠶᠢᠯᠡᠨ ᠰᠡᠷᠭᠡᠶᠢᠯᠡᠨ ᠵᠠᠰᠠᠬᠤ ᠶᠢ ᠴᠢᠩᠭᠠᠳᠬᠠᠬᠤ ᠪᠠ ︽ᠤᠮᠠᠷᠠᠲᠤ ᠶᠢᠨ ᠭᠤᠷᠪᠠᠨ ᠬᠠᠯᠬᠠᠪᠴᠢ ᠤᠢ︾ ᠵᠡᠷᠭᠡ ᠭᠤᠣᠯᠳᠠᠯᠭ᠎ᠠ ᠲᠠᠢ ᠠᠮᠢ ᠠᠬᠤᠢ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠶᠠᠷᠢᠯᠴᠠᠬᠤ ᠬᠤᠷᠠᠯ ᠢ ᠡᠷᠬᠢᠯᠡᠨ ᠬᠤᠷᠠᠯᠳᠤᠭᠤᠯᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠪᠠ᠃ ᠶᠡᠷᠦᠩᠬᠡᠢ ᠱᠦᠵᠢ ᠰᠢ ᠶᠢᠨ ᠫᠢᠩ ᠥᠪᠥᠷ ᠮᠣᠩᠭᠤᠯ ᠳᠤ ᠬᠢᠯᠢ ᠶᠢᠨ ᠬᠠᠮᠢᠶᠠᠷᠤᠯᠲᠠ ᠪᠠ ᠬᠢᠯᠢ ᠶᠢᠨ ᠬᠠᠮᠠᠭᠠᠯᠠᠯᠲᠠ ᠶᠢᠨ ᠴᠡᠷᠢᠭ ᠠᠩᠭᠢ ᠶᠢᠨ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠢ ᠪᠠᠶᠢᠴᠠᠭᠠᠨ ᠰᠤᠳᠤᠯᠬᠤ ᠶᠢᠨ ᠬᠠᠮᠲᠤ ᠤᠮᠠᠷᠠᠲᠤ ᠬᠡᠰᠡᠭ ᠤᠨ ᠪᠠᠶᠢᠯᠳᠤᠭᠠᠨ ᠤ ᠲᠣᠭᠤᠷᠢᠭ᠂ ᠬᠠᠭᠤᠷᠠᠢ ᠵᠠᠮ ᠤᠨ ᠴᠡᠷᠢᠭ᠂ ᠥᠪᠥᠷ ᠮᠣᠩᠭᠤᠯ ᠳᠤ ᠰᠠᠭᠤᠭ᠎ᠠ ᠬᠢᠯᠢ ᠶᠢᠨ ᠬᠠᠮᠠᠭᠠᠯᠠᠯᠲᠠ ᠶᠢᠨ ᠪᠠᠷᠢᠭᠠᠳᠠ᠂ ᠥᠪᠥᠷ ᠮᠣᠩᠭᠤᠯ ᠤᠨ ᠴᠡᠷᠢᠭ ᠤᠨ ᠲᠣᠭᠤᠷᠢᠭ ᠤᠨ ᠬᠤᠯᠪᠣᠭᠳᠠᠯ ᠪᠦᠬᠦᠢ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠪᠠ᠃ ᠶᠡᠷᠦᠩᠬᠡᠢ ᠱᠦᠵᠢ ᠰᠢ ᠶᠢᠨ ᠫᠢᠩ ᠥᠪᠥᠷ ᠮᠣᠩᠭᠤᠯ ᠤᠨ ᠬᠥᠬᠡᠬᠤᠲᠠ ᠳᠤ ᠠᠵᠢᠯ ᠪᠠᠶᠢᠴᠠᠭᠠᠬᠤ ᠶᠢᠨ ᠬᠠᠮᠲᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠠ ᠵᠠᠰᠠᠭ ᠤᠨ ᠣᠷᠳᠣᠨ ᠤ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠵᠢᠴᠢ ᠣᠷᠣᠨ ᠠᠶᠢᠮᠠᠭ ᠤᠨ ᠬᠠᠮᠢᠶ᠎ᠠ ᠪᠦᠬᠦᠢ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠪᠠ᠃   ᠬᠤᠷᠠᠯ ᠠᠴᠠ ᠴᠢᠬᠤᠯᠠᠴᠢᠯᠠᠭᠰᠠᠨ ᠨᠢ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢ ᠴᠢᠬᠤᠯᠠ ᠪᠠᠶᠢᠷᠢᠨ ᠳᠤ ᠲᠠᠯᠪᠢᠵᠤ᠂ ᠠᠭᠤᠯᠠ ᠤᠰᠤ᠂ ᠤᠢ ᠰᠢᠭᠤᠢ᠂ ᠲᠠᠷᠢᠶᠠᠨ ᠭᠠᠵᠠᠷ᠂ ᠨᠠᠭᠤᠷ ᠴᠦᠬᠦᠷᠦᠮ᠂ ᠡᠪᠡᠰᠦ ᠪᠡᠯᠴᠢᠭᠡᠷ᠂ ᠡᠯᠡᠰᠦ ᠮᠠᠩᠬ᠎ᠠ ᠶᠢ ᠨᠢᠭᠡ ᠴᠣᠭᠴᠠᠵᠢᠭᠤᠯᠤᠨ ᠬᠠᠮᠠᠭᠠᠯᠠᠬᠤ ᠪᠠ ᠰᠢᠰᠲ᠋ᠧᠮ ᠲᠠᠢ ᠵᠠᠰᠠᠬᠤ ᠶᠢ ᠪᠠᠷᠢᠮᠲᠠᠯᠠᠵᠤ᠂ ᠤᠯᠤᠰ ᠤᠨ︽ᠤᠮᠠᠷᠠᠲᠤ ᠶᠢᠨ ᠭᠤᠷᠪᠠᠨ ᠬᠠᠯᠬᠠᠪᠴᠢ ᠤᠢ︾ ᠶᠢᠨ ᠢᠨᠵᠧᠨᠧᠷᠢᠩ ᠢᠶᠠᠷ ᠲᠤᠯᠭᠠᠭᠤᠷᠢᠯᠠᠯ ᠪᠣᠯᠭᠠᠵᠤ᠂ ᠮᠣᠳᠣᠯᠢᠭ ᠲᠣᠰᠣᠯᠢᠭ ᠲᠠᠷᠢᠮᠠᠯ ᠤᠨ ᠲᠦᠭᠦᠬᠡᠢ ᠮᠠᠲ᠋ᠧᠷᠢᠶᠠᠯ ᠤᠨ ᠰᠠᠭᠤᠷᠢᠨ ᠭᠠᠵᠠᠷ᠂ ᠣᠨᠴᠠᠯᠢᠭᠲᠤ ᠠᠵᠤ ᠠᠬᠤᠢ ᠶᠢᠨ ᠤᠢ ᠵᠢᠴᠢ ᠤᠢ ᠶᠢᠨ ᠬᠤᠷᠮᠣᠢ ᠶᠢᠨ ᠠᠵᠤ ᠠᠬᠤᠢ ᠶᠢᠨ ᠠᠵᠤ ᠦᠢᠯᠡᠰ ᠤᠨ ᠰᠠᠭᠤᠷᠢᠨ ᠵᠡᠷᠭᠡ ᠭᠤᠣᠯᠳᠠᠯᠭ᠎ᠠ ᠲᠠᠢ ᠠᠮᠢ ᠠᠬᠤᠢ ᠶᠢᠨ ᠲᠦᠷᠦᠯ ᠵᠦᠢᠯ ᠢ ᠨᠠᠷᠢᠨ ᠨᠢᠮᠪᠠᠢ ᠰᠠᠶᠢᠲᠤᠷ ᠬᠡᠷᠡᠭᠵᠢᠭᠦᠯᠵᠦ᠂ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠰᠡᠷᠭᠦᠭᠡᠯᠲᠡ ᠶᠢ ᠦᠷᠭᠦᠯᠵᠢᠯᠡᠨ ᠥᠷᠨᠢᠭᠦᠯᠬᠦ ᠶᠢ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠡᠷᠴᠢᠮ ᠢᠶᠠᠨ ᠴᠢᠩᠭᠠᠷᠠᠭᠤᠯᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠦᠨ ᠥᠷᠭᠡᠳᠬᠡᠵᠦ᠂ ᠨᠠᠷᠢᠨ ᠨᠢᠮᠪᠠᠢ ᠨᠠᠶᠢᠳᠠᠪᠤᠷᠢᠵᠢᠭᠤᠯᠵᠤ ᠲᠠᠬᠢᠨ ᠶᠠᠳᠠᠭᠤᠷᠠᠬᠤ ᠶᠢ ᠰᠡᠷᠭᠡᠶᠢᠯᠡᠬᠦ ᠪᠠᠶᠢᠳᠠᠯ ᠢ ᠬᠢᠨᠠᠨ ᠬᠡᠮᠵᠢᠬᠦ ᠪᠠ ᠬᠠᠪᠰᠤᠷᠤᠨ ᠲᠡᠳᠬᠦᠬᠦ ᠲᠣᠭᠲᠠᠴᠠ ᠶᠢ ᠨᠠᠶᠢᠳᠠᠪᠤᠷᠢᠵᠢᠭᠤᠯᠵᠤ᠂ ︽ᠦᠳᠦᠯᠦᠭᠡ ᠨᠠᠰᠤᠲᠠᠨ ᠨᠢᠯᠬ᠎ᠠ ᠬᠡᠦᠬᠡᠳ︾ ᠤᠨ ᠬᠠᠯᠠᠮᠵᠢᠯᠠᠯ ᠤᠨ ᠦᠢᠯᠡᠴᠢᠯᠡᠭᠡ ᠶᠢ ᠴᠢᠩᠭᠠᠳᠬᠠᠬᠤ ᠬᠡᠷᠡᠭᠲᠡᠢ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠶᠠᠪᠤᠳᠠᠯ ᠢ ᠦᠨᠳᠦᠰᠦᠲᠡᠨ ᠤ ᠭᠠᠵᠠᠷ ᠣᠷᠣᠨ ᠤ ᠡᠯ᠎ᠡ ᠲᠠᠯ᠎ᠠ ᠶᠢᠨ ᠠᠵᠢᠯ ᠤᠨ ᠭᠤᠣᠯ ᠱᠤᠭᠤᠮ ᠪᠣᠯᠭᠠᠵᠤ᠂ ᠬᠢᠯᠢ ᠬᠢᠵᠠᠭᠠᠷ ᠢ ᠬᠦᠴᠦᠷᠬᠡᠭᠵᠢᠭᠦᠯᠵᠦ ᠰᠡᠷᠭᠡᠶᠢᠯᠡᠯᠲᠡ ᠶᠢ ᠪᠠᠬᠢᠵᠢᠭᠦᠯᠬᠦ ᠶᠢ ᠦᠷᠭᠦᠯᠵᠢᠯᠡᠨ ᠲᠦᠯᠬᠢᠨ ᠠᠬᠢᠭᠤᠯᠵᠤ᠂ ︽ᠲᠠᠪᠤᠨ ᠲᠠᠯ᠎ᠠ ᠶᠢᠨ ᠠᠵᠢᠯᠯᠠᠭ᠎ᠠ︾ ᠶᠢ ᠦᠷᠭᠦᠯᠵᠢᠯᠡᠨ ᠥᠷᠨᠢᠭᠦᠯᠵᠦ᠂ ᠡᠯ᠎ᠡ ᠱᠠᠲᠤᠨ ᠤ ᠤᠳᠤᠷᠢᠳᠬᠤ ᠺᠠᠳ᠋ᠷᠴᠤᠳ ᠤᠨ ᠰᠤᠷᠤᠯᠴᠠᠬᠤ ᠪᠠᠷ ᠰᠤᠷᠲᠠᠯ ᠢ ᠲᠥᠪ ᠪᠣᠯᠭᠠᠬᠤ᠂ ᠠᠷᠪᠢᠴᠢ ᠪᠣᠷᠣᠭᠵᠢᠭᠤᠨ ᠰᠤᠷᠲᠠᠯ ᠢ ᠪᠤᠢ ᠪᠣᠯᠭᠠᠬᠤ᠂ ᠠᠷᠢᠭᠤᠨ ᠴᠢᠬᠡᠴᠢ ᠰᠤᠷᠲᠠᠯ ᠢ ᠪᠠᠳᠠᠷᠠᠭᠤᠯᠬᠤ᠂ ᠪᠠᠶᠢᠩᠭᠤ ᠶᠢᠨ ᠴᠢᠨᠠᠷᠲᠠᠢ ᠰᠠᠬᠢᠯᠭ᠎ᠠ ᠪᠠᠲᠤ ᠶᠢᠨ ᠬᠥᠮᠦᠵᠢᠯ ᠢ ᠴᠢᠩᠭᠠᠳᠬᠠᠬᠤ᠂ ᠬᠠᠤᠯᠢ ᠴᠠᠭᠠᠵᠠ ᠰᠠᠬᠢᠯᠭ᠎ᠠ ᠪᠠᠲᠤ ᠶᠢᠨ ᠬᠤᠷᠢᠭ᠎ᠠ ᠱᠤᠭᠤᠮ ᠢ ᠪᠠᠲᠤ ᠰᠠᠬᠢᠬᠤ ᠶᠠᠪᠤᠳᠠᠯ ᠢ ᠪᠣᠳᠠᠲᠠᠢ ᠪᠠᠷ ᠠᠳᠬᠤᠬᠤ ᠬᠡᠷᠡᠭᠲᠡᠢ ᠭᠡᠵᠡᠢ᠃   ᠬᠤᠷᠠᠯ ᠠᠴᠠ ᠴᠢᠬᠤᠯᠠᠴᠢᠯᠠᠭᠰᠠᠨ ᠨᠢ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠭᠤᠣᠯᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠦᠨ ᠦᠨᠳᠦᠰᠦᠲᠡᠨ ᠤ ᠬᠦᠷᠢᠶᠡᠨ ᠤ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠣᠷᠣᠨ᠂ ᠠᠶᠢᠮᠠᠭ ᠤᠨ ᠪᠠᠶᠢᠴᠠᠭᠠᠨ ᠰᠢᠮᠳᠠᠭᠤᠯᠤᠨ ᠪᠠᠶᠢᠴᠠᠭᠠᠬᠤ ᠠᠵᠢᠯ ᠤᠨ ᠳᠤᠭᠤᠶᠢᠯᠠᠩ ᠤᠨ ᠮᠠᠨ ᠤ ᠬᠤᠰᠢᠭᠤᠨ ᠤ ᠦᠨᠳᠦᠰᠦᠲᠡᠨ ᠤ ᠠᠵᠢᠯ ᠳᠤ ᠳᠤᠷᠠᠳᠤᠭᠰᠠᠨ ᠵᠢᠯᠤᠭᠤᠳᠬᠤ ᠰᠠᠨᠠᠯ ᠢ ᠦᠨᠳᠦᠰᠦᠯᠡᠨ᠂ ᠨᠢᠭᠡ ᠠᠴᠠ ᠬᠤᠶᠠᠷ ᠢ ᠮᠡᠳᠡᠵᠦ᠂ ᠴᠡᠭᠴᠡᠯᠡᠨ ᠰᠠᠶᠢᠵᠢᠷᠠᠭᠤᠯᠬᠤ ᠶᠢ ᠰᠠᠶᠢᠲᠤᠷ ᠠᠳᠬᠤᠵᠤ᠂ ᠨᠢᠭᠡ ᠢᠵᠢ ᠲᠠᠩᠰᠠ ᠡᠪᠬᠡᠮᠡᠯ ᠪᠠᠶᠢᠭᠤᠯᠵᠤ᠂ ᠨᠢᠭᠡ ᠲᠡᠮᠳᠡᠭ ᠢ ᠲᠣᠪᠤᠶᠢᠯᠭᠠᠨ᠂ ᠨᠢᠭᠡ ᠥᠯᠢᠭᠡᠷ ᠢ ᠰᠠᠶᠢᠲᠤᠷ ᠶᠠᠷᠢᠵᠤ᠂ ᠡᠯ᠎ᠡ ᠰᠠᠯᠠᠭ᠎ᠠ ᠮᠥᠴᠢᠷ ᠬᠦᠴᠦᠨ ᠢᠶᠠᠨ ᠨᠢᠭᠡᠳᠬᠡᠨ ᠬᠠᠮᠵᠢᠯᠴᠠᠵᠤ᠂ ᠪᠥᠬᠦ ᠨᠡᠶᠢᠭᠡᠮ ᠢᠶᠠᠷ ᠢᠶᠠᠨ ᠢᠳᠡᠪᠬᠢᠲᠡᠢ ᠣᠷᠣᠯᠴᠠᠭᠰᠠᠨ ᠦᠨᠳᠦᠰᠦᠲᠡᠨ ᠨᠦᠭᠦᠳ ᠪᠦᠯᠬᠦᠮᠳᠡᠨ ᠨᠢᠭᠡ ᠭᠡᠷ ᠤᠨ ᠬᠥᠮᠥᠨ ᠮᠡᠲᠦ ᠳᠣᠲᠣᠨᠣ ᠠᠭᠤᠷ ᠠᠮᠢᠰᠬᠤᠯ ᠢ ᠪᠣᠶ ᠪᠣᠯᠭᠠᠬᠤ ᠬᠡᠷᠡᠭᠲᠡᠢ ᠭᠡᠵᠡᠢ᠃   ᠬᠤᠷᠠᠯ  ᠠᠴᠠ ᠣᠷᠣᠨ ᠠᠶᠢᠮᠠᠭ ᠤᠨ ᠪᠠᠶᠢᠴᠠᠭᠠᠵᠤ ᠰᠢᠪᠠᠳᠠᠨ ᠪᠠᠶᠢᠴᠠᠭᠠᠬᠤ ᠠᠵᠢᠯ ᠤᠨ ᠳᠤᠭᠤᠶᠢᠯᠠᠩ ᠤᠨ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠦᠨᠳᠦᠰᠦᠲᠡᠨ ᠤ ᠠᠵᠢᠯ ᠳᠤ ᠳᠤᠷᠠᠳᠤᠭᠰᠠᠨ ᠴᠡᠭᠴᠡᠯᠡᠨ ᠰᠠᠶᠢᠵᠢᠷᠠᠭᠤᠯᠬᠤ ᠰᠠᠨᠠᠯ  ᠢ ᠵᠠᠷᠯᠠᠨ ᠮᠡᠳᠡᠭᠳᠡᠵᠦ᠂ ᠬᠠᠮᠢᠶ᠎ᠠ ᠪᠦᠬᠦᠢ ᠠᠵᠢᠯ  ᠢ ᠲᠣᠬᠢᠷᠠᠭᠤᠯᠤᠨ ᠪᠠᠶᠢᠷᠢᠯᠠᠭᠤᠯᠪᠠ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠪᠣᠯᠣᠨ ᠭᠠᠵᠠᠷ ᠣᠷᠣᠨ ᠤ ᠬᠢᠨ ᠦᠨᠳᠦᠰᠦᠲᠡᠨ ᠤ ᠠᠵᠢᠯ ᠢ ᠰᠠᠶᠢᠲᠤᠷ ᠬᠢᠬᠦ ᠲᠤᠬᠠᠢ ᠣᠪᠣᠷ ᠢᠶᠠᠨ ᠢᠯᠡᠳᠬᠡᠬᠦ ᠦᠭᠡ ᠬᠡᠯᠡᠪᠡ᠃
 
ᠢᠷᠡᠯᠲᠡ᠄ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号