ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ 2023 ᠣᠨ ᠤ ᠤᠯᠤᠰ ᠤᠨ ᠡᠷᠡᠭᠦᠯ ᠬᠠᠮᠠᠭᠠᠯᠠᠯ ᠤᠨ ᠰᠢᠶᠠᠨ ᠤ ᠬᠤᠲᠠ ᠶᠢ ᠳᠠᠬᠢᠨ ᠬᠢᠨᠠᠬᠤ ᠠᠵᠢᠯ ᠢ ᠠᠬᠢᠭᠤᠯᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/6/14
   6 ᠰᠠᠷ᠎ᠠ ᠶᠢᠨ 12 ᠤᠨ ᠡᠳᠦᠷ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ 2023 ᠣᠨ ᠤ ᠤᠯᠤᠰ ᠤᠨ ᠡᠷᠡᠭᠦᠯ ᠬᠠᠮᠠᠭᠠᠯᠠᠯ ᠤᠨ ᠰᠢᠶᠠᠨ ᠤ ᠬᠤᠲᠠ ᠶᠢ ᠳᠠᠬᠢᠨ ᠬᠢᠨᠠᠬᠤ ᠠᠵᠢᠯ ᠢ ᠲᠦᠯᠬᠢᠨ ᠠᠬᠢᠭᠤᠯᠬᠤ ᠬᠤᠷᠠᠯ ᠬᠤᠷᠠᠯᠳᠤᠭᠤᠯᠵᠤ᠂ ᠬᠤᠰᠢᠭᠤᠨ ᠤ ᠵᠠᠰᠠᠭ ᠤᠨ ᠣᠷᠳᠣᠨ ᠤ ᠬᠠᠮᠢᠶ᠎ᠠ ᠪᠦᠬᠦᠢ ᠤᠳᠤᠷᠢᠳᠤᠯᠭ᠎ᠠ᠂ ᠬᠤᠰᠢᠭᠤᠨ ᠤ ᠰᠢᠭᠤᠳ ᠬᠠᠷᠢᠶ᠎ᠠ ᠰᠠᠯᠠᠭ᠎ᠠ ᠮᠥᠴᠢᠷ ᠤᠨ ᠬᠠᠮᠢᠶ᠎ᠠ ᠪᠦᠬᠦᠢ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠢ᠃     ᠬᠤᠷᠠᠯ ᠠᠴᠠ ᠴᠢᠬᠤᠯᠠᠴᠢᠯᠠᠭᠰᠠᠨ ᠨᠢ᠂ ᠲᠣᠰ ᠤᠳᠠᠭᠠᠨ ᠤ ᠳᠠᠬᠢᠨ ᠬᠢᠨᠠᠯᠲᠠ ᠪᠣᠯ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠤᠯᠤᠰ ᠤᠨ ᠡᠷᠡᠭᠦᠯ ᠬᠠᠮᠠᠭᠠᠯᠠᠯ ᠤᠨ ᠰᠢᠶᠠᠨ ᠤ ᠬᠤᠲᠠ ᠶᠢ ᠡᠭᠦᠳᠦᠨ ᠪᠠᠶᠢᠭᠤᠯᠤᠭᠰᠠᠨ ᠦᠷ᠎ᠡ ᠪᠦᠲᠦᠭᠡᠯ ᠤᠨ ᠰᠢᠯᠭᠠᠨ ᠪᠠᠶᠢᠴᠠᠭᠠᠯᠲᠠ ᠪᠣᠯᠣᠨ᠎ᠠ᠂ ᠡᠯ᠎ᠡ ᠭᠠᠵᠠᠷ ᠡᠯ᠎ᠡ ᠰᠠᠯᠠᠭ᠎ᠠ ᠮᠥᠴᠢᠷ ᠤᠨ ᠬᠢᠨ ᠪᠠᠷᠢᠮᠵᠢᠶ᠎ᠠ ᠶᠢ ᠬᠠᠷᠭᠤᠭᠤᠯᠵᠤ ᠬᠦᠰᠦᠨᠦᠭᠲᠦ ᠶᠢ ᠲᠠᠭᠠᠷᠠᠭᠤᠯᠵᠤ᠂ ᠬᠠᠷᠢᠯᠴᠠᠨ ᠬᠠᠮᠵᠢᠯᠴᠠᠵᠤ᠂ ᠬᠦᠴᠦ ᠪᠠᠨ ᠬᠠᠮᠲᠤᠳᠬᠠᠨ ᠪᠡᠷᠬᠡ ᠰᠡᠳᠦᠪ ᠢ ᠰᠢᠢᠳᠪᠦᠷᠢᠯᠡᠵᠦ᠂ ︽ᠤᠯᠤᠰ ᠤᠨ ᠡᠷᠡᠭᠦᠯ ᠬᠠᠮᠠᠭᠠᠯᠠᠯ ᠤᠨ ᠰᠢᠶᠠᠨ ᠤ ᠪᠠᠷᠢᠮᠵᠢᠶ᠎ᠠ︾ ᠲᠠᠢ ᠴᠢᠩᠭ᠎ᠠ ᠬᠠᠷᠢᠴᠠᠭᠤᠯᠤᠨ ᠴᠡᠭᠴᠡᠯᠡᠨ ᠰᠠᠶᠢᠵᠢᠷᠠᠭᠤᠯᠬᠤ ᠴᠢᠭᠯᠡᠯ ᠢ ᠣᠨᠣᠪᠴᠢᠲᠠᠶ ᠡᠷᠢᠨ ᠣᠯᠵᠤ᠂ ᠪᠠᠭᠤᠷᠠᠢ ᠭᠤᠭᠴᠤᠭ᠎ᠠ ᠶᠢ ᠬᠦᠴᠦ ᠪᠠᠨ ᠬᠠᠮᠲᠤᠳᠬᠠᠨ ᠰᠢᠪᠲᠤᠯᠵᠤ᠂ ᠥᠪᠡᠷᠮᠢᠴᠡ ᠣᠨᠴᠠᠯᠢᠭ ᠲᠠᠢ ᠬᠢᠯᠠᠰ ᠴᠡᠭ ᠢ ᠪᠣᠶ ᠪᠣᠯᠭᠠᠨ ᠲᠠᠩᠰᠠ ᠡᠪᠬᠡᠮᠡᠯ ᠢ ᠳᠡᠭᠡᠭᠰᠢᠯᠡᠭᠦᠯᠦᠨ ᠲᠠᠰ ᠳᠡᠪᠰᠢᠭᠦᠯᠵᠦ᠂ ᠠᠵᠢᠯ ᠤᠨ ᠲᠥᠰᠥᠯ ᠢᠶᠠᠨ ᠨᠠᠷᠢᠯᠢᠭᠵᠢᠭᠤᠯᠤᠨ ᠂ ᠨᠢᠭᠡ ᠨᠢᠭᠡ ᠪᠠᠷ ᠪᠠᠶᠢᠴᠠᠭᠠᠨ ᠳᠤᠲᠠᠭᠤ ᠶᠢ ᠨᠥᠬᠦᠪᠦᠷᠢᠯᠡᠵᠦ᠂ ᠬᠠᠲᠠᠭᠤ ᠲᠣᠨᠤᠭ ᠢ ᠪᠠᠷᠢᠮᠵᠢᠶ᠎ᠠ ᠳᠤ ᠬᠦᠷᠭᠡᠬᠦ ᠬᠡᠷᠡᠭᠲᠡᠢ᠃ ᠱᠠᠯᠠᠪᠳᠠᠭᠤᠯᠤᠨ ᠪᠠᠶᠢᠴᠠᠭᠠᠵᠤ ᠮᠡᠳᠡᠭᠡᠯᠡᠬᠦ ᠡᠷᠴᠢᠮ ᠢᠶᠠᠨ ᠴᠢᠩᠭᠠᠷᠠᠭᠤᠯᠵᠤ᠂ ᠬᠤᠳᠠ ᠶᠢᠨ ᠲᠣᠭᠤᠷᠢᠭ ᠤᠨ ᠣᠷᠴᠢᠨ ᠲᠣᠭᠤᠷᠢᠨ᠂ ᠲᠠᠷᠢᠶᠠᠯᠠᠩ ᠤᠨ ᠠᠷᠠᠯᠵᠢᠶᠠᠨ ᠤ ᠵᠠᠬ᠎ᠠ ᠳᠡᠯᠭᠡᠭᠦᠷ᠂ ᠭᠤᠣᠯᠳᠠᠯᠭ᠎ᠠ ᠲᠠᠢ ᠣᠷᠣᠨ ᠪᠦᠰᠡ ᠪᠣᠯᠣᠨ ᠭᠤᠣᠯᠳᠠᠯᠭ᠎ᠠ ᠲᠠᠢ ᠲᠠᠯᠠᠪᠤᠷ᠂ ᠢᠳᠡᠭᠡᠨ ᠤ ᠠᠮᠤᠷ ᠲᠦᠪᠰᠢᠨ ᠵᠢᠴᠢ ᠪᠠᠷᠢᠯᠭ᠎ᠠ ᠶᠢᠨ ᠪᠠᠷᠢᠯᠭ᠎ᠠ ᠶᠢᠨ ᠭᠠᠵᠠᠷ ᠪᠣᠯᠣᠨ ᠰᠠᠭᠤᠭᠠᠯᠢ ᠠᠷᠠᠳ ᠤᠨ ᠲᠣᠭᠤᠷᠢᠭ ᠢ ᠴᠡᠭᠴᠡᠯᠡᠨ ᠵᠠᠰᠠᠬᠤ ᠶᠢ ᠴᠢᠩᠭᠠᠳᠬᠠᠵᠤ᠂ ᠬᠠᠮᠤᠭ ᠤᠨ ᠣᠬᠤᠷ ᠬᠤᠭᠤᠴᠠᠭ᠎ᠠ᠂ ᠬᠠᠮᠤᠭ ᠤᠨ ᠥᠨᠳᠥᠷ ᠦᠷ᠎ᠡ ᠪᠦᠲᠦᠮᠵᠢ ᠪᠠᠷ ᠳᠤᠲᠠᠭᠤᠳᠠᠯ ᠢ ᠨᠥᠬᠦᠪᠦᠷᠢᠯᠡᠵᠦ᠂ ᠪᠠᠭᠤᠷᠠᠢ ᠵᠦᠢᠯ ᠢ ᠴᠢᠩᠭᠠᠳᠬᠠᠵᠤ᠂ ᠤᠯᠤᠰ ᠤᠨ ᠡᠷᠡᠭᠦᠯ ᠬᠠᠮᠠᠭᠠᠯᠠᠯ ᠤᠨ ᠰᠢᠶᠠᠨ ᠤ ᠬᠤᠳᠠ ᠶᠢ ᠲᠠᠬᠢᠨ ᠬᠢᠨᠠᠬᠤ ᠠᠵᠢᠯ ᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠢ᠃ ᠤᠬᠠᠭᠤᠯᠵᠤ ᠬᠥᠲᠥᠯᠥᠨ ᠵᠢᠯᠤᠭᠤᠳᠬᠤ ᠪᠠᠨ ᠴᠢᠩᠭᠠᠳᠬᠠᠵᠤ᠂ ᠴᠤᠭ ᠪᠠᠳᠠᠷᠠᠩᠭᠤᠢ ᠲᠡᠮᠡᠴᠡᠯ ᠤᠨ ᠵᠣᠷᠢᠭ᠂ ᠪᠣᠳᠠᠲᠠᠢ ᠠᠵᠢᠯᠯᠠᠬᠤ ᠵᠣᠷᠢᠭ ᠰᠠᠨᠠᠭ᠎ᠠ ᠪᠠᠷ᠂ ᠪᠦᠬᠦ ᠰᠡᠳᠬᠢᠯ ᠪᠦᠬᠦ ᠵᠣᠷᠢᠭ ᠢᠶᠠᠷ ᠢᠶᠠᠨ ᠪᠠᠶᠢᠴᠠᠭᠠᠯᠲᠠ ᠶᠢ ᠤᠭᠲᠤᠬᠤ ᠠᠵᠢᠯ ᠳᠤ ᠣᠷᠣᠯᠴᠠᠵᠤ᠂ ᠤᠯᠤᠰ ᠤᠨ ᠡᠷᠡᠭᠦᠯ ᠬᠠᠮᠠᠭᠠᠯᠠᠯ ᠤᠨ ᠰᠢᠶᠠᠨ ᠤ ᠬᠤᠳᠠ ᠶᠢ ᠲᠠᠬᠢᠨ ᠬᠢᠨᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠬᠦ ᠬᠡᠷᠡᠭᠲᠡᠢ ᠭᠡᠵᠡᠢ᠃   ᠬᠤᠷᠠᠯ  ᠠᠴᠠ᠂ ᠪᠠᠰᠠ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠤᠯᠤᠰ ᠤᠨ ᠡᠷᠡᠭᠦᠯ ᠬᠠᠮᠠᠭᠠᠯᠠᠯ ᠤᠨ ᠰᠢᠶᠠᠨ ᠤ ᠬᠤᠲᠠ ᠶᠢ ᠳᠠᠬᠢᠨ ᠬᠢᠨᠠᠬᠤ ᠠᠵᠢᠯ ᠤᠨ ᠠᠰᠠᠭᠤᠳᠠᠯ ᠤᠨ ᠨᠠᠷᠢᠨ ᠲᠠᠩᠰᠠ ᠶᠢ ᠵᠠᠷᠯᠠᠨ ᠮᠡᠳᠡᠭᠳᠡᠪᠡ᠃  
 
ᠢᠷᠡᠯᠲᠡ᠄ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号