ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ ︽ᠬᠠᠤᠯᠢ ᠢᠶᠠᠷ ᠬᠢᠯᠢ ᠬᠢᠵᠠᠭᠠᠷ ᠢ ᠤᠮᠳᠠᠯᠠᠵᠤ ᠂ ᠬᠠᠤᠯᠢ ᠪᠠᠷ ᠵᠠᠰᠠᠬᠤ ᠶᠢ ᠵᠡᠷᠭᠡᠪᠡᠷ ᠶᠠᠪᠤᠭᠤᠯᠬᠤ︾ ᠬᠤᠣᠰ ᠬᠡᠯᠡᠨ ᠤ ᠬᠠᠤᠯᠢ ᠲᠦᠭᠡᠮᠡᠯᠵᠢᠭᠦᠯᠦᠯᠲᠡ ᠶᠢ ᠦᠨᠳᠦᠰᠦᠨ ᠱᠠᠲᠤᠨ ᠳᠤ ᠬᠦᠷᠭᠡᠬᠦ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2023/6/14
   6 ᠰᠠᠷ᠎ᠠ ᠶᠢᠨ 12 ᠤᠨ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ᠂ ᠬᠢᠩᠭᠠᠨ ᠠᠶᠢᠮᠠᠭ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠭᠤᠷᠪᠠᠨ ᠱᠠᠲᠤᠨ ᠤ ᠪᠠᠶᠢᠴᠠᠭᠠᠬᠤ ᠬᠤᠷᠢᠶ᠎ᠠ ᠶᠢᠨ ᠬᠠᠮᠲᠤᠷᠠᠨ ᠡᠷᠭᠢᠯᠡᠭᠰᠡᠨ ᠪᠥᠬᠦ ᠣᠷᠣᠨ ᠤ ᠪᠠᠶᠢᠴᠠᠭᠠᠬᠤ ᠪᠠᠶᠢᠭᠤᠯᠤᠯᠭ᠎ᠠ ᠶᠢᠨ ︽ᠬᠠᠤᠯᠢ ᠢᠶᠠᠷ ᠬᠢᠯᠢ ᠬᠢᠵᠠᠭᠠᠷ ᠢ ᠤᠮᠳᠠᠯᠠᠵᠤ ᠂ ᠬᠠᠤᠯᠢ ᠪᠠᠷ ᠵᠠᠰᠠᠬᠤ ᠶᠢ ᠵᠡᠷᠭᠡᠪᠡᠷ ᠶᠠᠪᠤᠭᠤᠯᠬᠤ︾ ᠬᠤᠣᠰ ᠬᠡᠯᠡᠨ ᠤ ᠬᠠᠤᠯᠢ ᠲᠦᠭᠡᠮᠡᠯᠵᠢᠭᠦᠯᠦᠯᠲᠡ ᠶᠢ ᠦᠨᠳᠦᠰᠦᠨ ᠱᠠᠲᠤᠨ ᠳᠤ ᠬᠦᠷᠭᠡᠬᠦ ᠠᠵᠢᠯᠯᠠᠭ᠎ᠠ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠤᠯᠠᠭᠠᠨᠮᠣᠳᠤ ᠶᠢᠨ ᠲᠠᠯ᠎ᠠ ᠨᠤᠲᠤᠭ ᠲᠤ ᠵᠢᠩᠬᠢᠨᠢ ᠪᠠᠷ ᠡᠬᠢᠯᠡᠪᠡ᠃ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ᠂  ᠪᠠᠶᠢᠴᠠᠭᠠᠬᠤ ᠳᠡᠳ᠋ ᠳᠠᠷᠤᠭ᠎ᠠ ᠵᠣᠣ ᠭᠦᠸᠧ ᠬᠤᠸᠠ ᠡᠬᠢᠯᠡᠯᠲᠡ ᠶᠢᠨ ᠶᠣᠰᠣᠯᠠᠯ ᠳᠤ ᠣᠷᠣᠯᠴᠠᠵᠤ ᠶᠠᠷᠢᠶ᠎ᠠ ᠲᠠᠯᠪᠢᠪᠠ᠃ ᠬᠢᠩᠭᠠᠨ ᠠᠶᠢᠮᠠᠭ ᠤᠨ ᠪᠠᠶᠢᠴᠠᠭᠠᠬᠤ ᠬᠤᠪᠢᠶᠠᠷᠢ ᠬᠦᠷᠢᠶᠡᠯᠡᠩ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠪᠠᠶᠢᠴᠠᠭᠠᠬᠤ ᠳᠠᠷᠤᠭ᠎ᠠ ᠵᠠᠩ ᠬᠤᠩ ᠰᠢᠶᠠ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ ᠳ᠋ᠢᠩ ᠪᠥᠸᠧ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠪᠠᠶᠢᠴᠠᠭᠠᠬᠤ ᠬᠤᠷᠢᠶ᠎ᠠ᠂ ᠰᠢᠭᠦᠬᠦ ᠬᠤᠷᠢᠶ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠵᠡᠷᠭᠡ ᠬᠠᠮᠢᠶ᠎ᠠ ᠪᠦᠬᠦᠢ ᠨᠢᠭᠡᠴᠡ ᠵᠢᠴᠢ ᠤᠯᠠᠭᠠᠨᠮᠣᠳᠤ ᠳᠤᠮᠳᠠᠳᠤ ᠪᠠᠭ᠎ᠠ ᠰᠤᠷᠭᠠᠭᠤᠯᠢ ᠶᠢᠨ ᠪᠠᠭᠰᠢ ᠰᠤᠷᠤᠭᠴᠢᠳ ᠤᠨ ᠲᠥᠯᠥᠭᠡᠯᠡᠭᠴᠢ ᠠᠵᠢᠯᠯᠠᠭ᠎ᠠ ᠳᠤ ᠣᠷᠣᠯᠴᠠᠵᠠᠢ᠃   ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ᠂ ᠠᠵᠢᠯᠲᠠᠳ ᠦᠨᠳᠦᠰᠦᠲᠡᠨ ᠨᠦᠭᠦᠳ ᠤᠨ ᠺᠠᠳ᠋ᠷ ᠤᠯᠠᠨ ᠲᠦᠮᠡᠨ᠂ ᠤᠯᠠᠭᠠᠨᠮᠣᠳᠤ ᠳᠤᠮᠳᠠᠳᠤ ᠪᠠᠭ᠎ᠠ ᠰᠤᠷᠭᠠᠭᠤᠯᠢ ᠶᠢᠨ ᠪᠠᠭᠰᠢ ᠰᠤᠷᠤᠭᠴᠢ᠂ ᠭᠡᠷ ᠤᠨ ᠠᠬᠠᠮᠠᠳ ᠤᠨ ᠲᠥᠯᠥᠭᠡᠯᠡᠭᠴᠢᠳ ᠲᠤ ︽ᠬᠤᠣᠰ ᠬᠡᠯᠡᠨ ᠤ ︿ᠬᠠᠤᠯᠢ ᠴᠠᠭᠠᠵᠠ ᠶᠢᠨ ᠮᠡᠳᠡᠯᠭᠡ﹀ ᠶᠢᠨ ᠲᠣᠮᠣ ᠪᠡᠯᠡᠭ︾ ᠬᠦᠷᠭᠡᠭᠰᠡᠨ ᠪᠥᠭᠡᠳ ᠰᠣᠶᠣᠯ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠵᠦ᠂ ᠮᠠᠯᠴᠢᠨ ᠲᠠᠷᠢᠶᠠᠴᠢᠨ ᠤ ᠦᠵᠡᠵᠦ ᠰᠣᠨᠢᠷᠬᠠᠬᠤ ᠳᠤᠷᠠᠲᠠᠢ ᠬᠡᠯᠪᠡᠷᠢ ᠪᠠᠷ ᠨᠢᠭᠡ ᠤᠳᠠᠭᠠᠨ ᠤ ᠬᠠᠤᠯᠢ ᠴᠠᠭᠠᠵᠠ ᠶᠢᠨ ᠮᠡᠳᠡᠯᠭᠡ ᠶᠢ ᠲᠦᠭᠡᠮᠡᠯᠵᠢᠭᠦᠯᠬᠦ ᠦᠪᠡᠳᠡᠭᠰᠢ ᠳᠠᠶᠢᠯᠠᠯᠭ᠎ᠠ ᠳᠤ ᠣᠷᠣᠯᠴᠠᠵᠠᠢ᠃ ᠠᠳᠠᠯᠢ ᠠᠯᠬᠤᠮ ᠢᠶᠠᠷ ᠶᠠᠪᠤᠭᠳᠠᠭᠰᠠᠨ ᠬᠠᠤᠯᠢ ᠲᠦᠭᠡᠮᠡᠯᠵᠢᠭᠦᠯᠬᠦ ᠲᠠᠶᠢᠯᠤᠮᠵᠢ ᠳᠤ᠂ ᠪᠠᠶᠢᠴᠠᠭᠠᠯᠲᠠ ᠬᠢᠭᠰᠡᠨ ᠦᠭᠡᠢ ᠬᠤᠣᠰ ᠬᠡᠯᠡᠨ ᠤ ᠬᠡᠷᠡᠭ ᠰᠢᠢᠳᠪᠦᠷᠢᠯᠡᠬᠦ ᠪᠦᠯᠬᠦᠮ ᠤᠨ ᠬᠢᠨ ᠲᠥᠬᠦᠮ ᠣᠶᠢᠯᠠᠭᠠᠮᠵᠢᠲᠠᠢ ᠦᠨᠳᠦᠰᠦᠲᠡᠨ ᠤ ᠦᠭᠡ ᠬᠡᠯᠡ ᠪᠠᠷ ᠥᠷᠭᠡᠨ ᠣᠯᠠᠨ ᠪᠠᠭᠰᠢ ᠰᠣᠷᠣᠭᠴᠢ ᠪᠣᠯᠣᠨ ᠭᠡᠷ ᠤᠨ ᠠᠬᠠᠮᠠᠳ ᠤᠨ ᠲᠥᠯᠥᠭᠡᠯᠡᠭᠴᠢᠳ ᠲᠤ ︽ᠢᠷᠭᠡᠨ ᠤ ᠬᠠᠤᠯᠢ ᠶᠢᠨ ᠪᠢᠴᠢᠭ︾᠂ ︽ᠨᠠᠰᠤᠨ ᠳᠤ ᠥᠯᠥ ᠭᠦᠷᠦᠭᠰᠡᠳ ᠢ ᠬᠠᠮᠠᠭᠠᠯᠠᠬᠤ ᠬᠠᠤᠯᠢ︾᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠵᠡᠷᠭᠡ ᠬᠠᠮᠢᠶ᠎ᠠ ᠪᠦᠬᠦᠢ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠨᠠᠷᠢᠨ ᠲᠣᠳᠣᠷᠬᠠᠢ ᠵᠢᠭᠠᠵᠤ ᠥᠭᠭᠦᠭᠰᠡᠨ ᠪᠥᠭᠡᠳ ᠲᠤᠬᠠᠢ ᠶᠢᠨ ᠲᠠᠯᠠᠪᠤᠷ ᠲᠤ ᠮᠠᠳᠠᠭ ᠲᠠᠢ ᠠᠰᠠᠭᠤᠳᠠᠯ ᠢ ᠨᠢ ᠲᠠᠶᠢᠯᠪᠤᠷᠢᠯᠠᠵᠤ ᠲᠥᠭᠡᠷᠢᠭᠳᠡᠯ ᠢ ᠨᠢ ᠲᠠᠶᠢᠯᠤᠭᠰᠠᠨ ᠪᠠᠶᠢᠨ᠎ᠠ᠃ ᠨᠠᠰᠤᠨ ᠳᠤ ᠥᠯᠥ ᠬᠦᠷᠬᠦ ᠰᠣᠷᠣᠭᠴᠢ ᠵᠢᠴᠢ ᠭᠡᠷ ᠤᠨ ᠠᠬᠠᠮᠠᠳ ᠲᠤ ᠬᠠᠤᠯᠢ ᠴᠠᠭᠠᠵᠠ ᠶᠢ ᠵᠥᠪ ᠬᠡᠷᠡᠭᠯᠡᠵᠦ ᠬᠠᠤᠯᠢ ᠪᠤᠰᠤ ᠬᠠᠯᠳᠠᠯᠭ᠎ᠠ ᠶᠢ ᠰᠡᠷᠭᠡᠶᠢᠯᠡᠵᠦ᠂ ᠬᠠᠤᠯᠢ ᠴᠠᠭᠠᠵᠠ ᠶᠢᠨ ᠵᠡᠪᠰᠡᠭ ᠢ ᠬᠡᠷᠡᠭᠯᠡᠨ ᠲᠣᠰ ᠪᠡᠶ᠎ᠡ ᠶᠢᠨ ᠡᠷᠬᠡ ᠠᠰᠢᠭ ᠢᠶᠠᠨ  ᠬᠠᠮᠠᠭᠠᠯᠠᠬᠤ  ᠶᠢ ᠬᠥᠮᠥᠵᠢᠭᠦᠯᠦᠨ ᠬᠥᠲᠥᠯᠥᠨ  ᠵᠢᠯᠤᠭᠤᠳᠪᠠ᠃   ᠳᠠᠷᠠᠭᠠᠪᠠᠷ ᠨᠢ ᠬᠤᠷᠠᠯᠳᠤᠭᠤᠯᠤᠭᠰᠠᠨ ᠶᠠᠷᠢᠯᠴᠠᠬᠤ ᠬᠤᠷᠠᠯ ᠳᠡᠭᠡᠷ᠎ᠡ᠂ ᠭᠤᠷᠪᠠᠨ ᠱᠠᠲᠤᠨ ᠤ ᠪᠠᠶᠢᠴᠠᠭᠠᠬᠤ ᠬᠤᠷᠢᠶ᠎ᠠ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠰᠤᠷᠭᠠᠨ ᠬᠥᠮᠦᠵᠢᠯ ᠤᠨ ᠲᠣᠪᠴᠢᠶ᠎ᠠ᠂ ᠣᠶ ᠰᠢᠭᠤᠢ ᠡᠪᠡᠰᠦ ᠪᠡᠯᠴᠢᠭᠡᠷ ᠤᠨ ᠲᠣᠪᠴᠢᠶ᠎ᠠ᠂ ᠬᠢᠯᠢ ᠶᠢᠨ ᠬᠠᠮᠢᠶᠠᠷᠤᠯᠲᠠ ᠶᠢᠨ ᠶᠡᠭᠡ ᠠᠩᠭᠢ᠂ ᠨᠤᠲᠤᠭ ᠪᠡᠯᠴᠢᠭᠡᠷ ᠤᠨ ᠴᠠᠭᠳᠠᠨ ᠰᠡᠷᠭᠡᠶᠢᠯᠡᠬᠦ ᠠᠩᠭᠢ ᠵᠡᠷᠭᠡ ᠨᠢᠭᠡᠴᠡ ᠶᠢᠨ ᠠᠵᠢᠯᠲᠠᠨ ᠪᠠ ᠣᠯᠠᠨ ᠲᠦᠮᠡᠨ ᠤ ᠲᠥᠯᠥᠭᠡᠯᠡᠭᠴᠢ ᠲᠠᠢ ᠨᠢᠭᠲᠠ ᠬᠠᠮᠲᠤᠷᠠᠨ ᠠᠵᠢᠯᠯᠠᠬᠤ᠂ ᠦᠨᠳᠦᠰᠦᠲᠡᠨ ᠤ ᠪᠦᠯᠬᠦᠮᠳᠡᠯ ᠢ ᠬᠠᠮᠲᠤ ᠪᠠᠷ ᠠᠬᠢᠭᠤᠯᠬᠤ᠂ ᠨᠠᠰᠤᠨ ᠳᠤ ᠥᠯᠥ ᠭᠦᠷᠦᠭᠰᠡᠳ ᠤᠨ ᠡᠷᠬᠡ ᠠᠰᠢᠭ ᠢ ᠬᠠᠮᠠᠭᠠᠯᠠᠬᠤ᠂ ᠬᠢᠯᠢ ᠬᠢᠵᠠᠭᠠᠷ ᠣᠷᠣᠨ ᠤ ᠲᠣᠭᠲᠠᠭᠤᠨ ᠪᠠᠶᠢᠳᠠᠯ ᠢ ᠬᠠᠮᠠᠭᠠᠯᠠᠬᠤ ᠵᠡᠷᠭᠡ ᠲᠠᠯ᠎ᠠ ᠶᠢᠨ ᠲᠣᠭᠤᠷᠢᠨ ᠳᠤ ᠰᠠᠨᠠᠯ ᠢᠶᠠᠨ ᠭᠦᠨᠵᠡᠭᠡᠢ ᠰᠣᠯᠢᠯᠴᠠᠪᠠ᠃ ᠪᠠᠶᠢᠴᠠᠭᠠᠬᠤ ᠪᠠᠶᠢᠭᠤᠯᠭ᠎ᠠ ᠨᠤᠭᠤᠳ ᠡᠯ᠎ᠡ ᠨᠢᠭᠡᠴᠢ ᠶᠢᠨ ᠲᠥᠯᠥᠭᠡᠯᠡᠭᠴᠢᠳ ᠤᠨ ᠳᠤᠷᠠᠳᠤᠭᠰᠠᠨ ᠰᠠᠨᠠᠯ ᠰᠠᠨᠠᠭᠤᠯᠭ᠎ᠠ ᠳᠤ ᠢᠳᠡᠪᠬᠢᠲᠡᠢ ᠪᠠᠷ ᠬᠠᠷᠢᠭᠤᠯᠲᠠ ᠥᠭᠭᠦᠭᠰᠡᠨ ᠪᠥᠭᠡᠳ ᠠᠵᠢᠯ ᠢᠶᠠᠨ ᠤᠯᠠᠮ ᠨᠢᠭᠡ ᠠᠯᠬᠤᠮ ᠴᠢᠩᠭᠠᠳᠬᠠᠨ ᠰᠠᠶᠢᠵᠢᠷᠠᠭᠤᠯᠬᠤ ᠪᠣᠳᠠᠲᠠᠢ ᠠᠷᠭ᠎ᠠ ᠬᠡᠮᠵᠢᠶ᠎ᠡ ᠶᠢ ᠳᠤᠷᠠᠳᠤᠨ ᠭᠠᠷᠭᠠᠵᠠᠢ᠃  
 
ᠢᠷᠡᠯᠲᠡ᠄ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号