ᠯᠦ ᠰᠠᠷᠠᠭᠤᠯ᠄ ᠴᠠᠭᠠᠰᠤᠨ ᠬᠠᠶᠢᠴᠢᠮᠠᠯ ᠳᠤ ᠰᠢᠩᠭᠡᠭᠰᠡᠨ ᠬᠠᠶᠢᠷ᠎ᠠ
ᠨᠡᠶᠢᠲᠡᠯᠡᠭᠰᠡᠨ ᠴᠠᠭ᠄
2023/6/15
    ︽ᠡᠨᠡ ᠪᠣᠯ ᠮᠢᠨᠤ ᠡᠮᠦᠨ᠎ᠡ ᠬᠡᠳᠦᠨ ᠡᠳᠦᠷ ᠬᠠᠶᠢᠴᠢᠯᠠᠭᠰᠠᠨ  ᠰᠢᠨ᠎ᠡ ᠪᠦᠲᠦᠭᠡᠯ ︿ᠲᠤᠮᠳᠠᠳᠤ ᠶᠢᠨ ᠬᠦᠰᠡᠯ ᠵᠡᠭᠦᠳᠦ﹀᠂ ᠡᠨᠡ ᠳᠡᠭᠡᠷ᠎ᠡ ᠰᠠᠷ᠎ᠠ ᠤᠷᠤᠯᠳᠤᠭᠠᠨ ᠳᠤ ᠤᠷᠤᠯᠴᠠᠭᠰᠠᠨ ᠪᠦᠲᠦᠭᠡᠯ ︿ᠥᠯᠵᠡᠢ ᠦᠰᠦᠭ﹀ ᠁ ᠡᠮᠦᠨᠡᠬᠡᠨ᠂ ᠰᠤᠷᠪᠤᠯᠵᠢᠯᠠᠭᠴᠢ ᠠᠶᠢᠮᠠᠭ ᠤᠨ ᠲᠡᠰ ᠤᠨ ᠪᠣᠳᠠᠰ ᠤᠨ ᠪᠤᠰᠤ ᠰᠣᠶᠣᠯ ᠤᠨ ᠥᠪ ᠤᠨ ᠴᠠᠭᠠᠰᠤᠨ ᠬᠠᠶᠢᠴᠢᠮᠠᠯ ᠤᠨ ᠥᠪᠯᠡᠨ ᠵᠠᠯᠭᠠᠮᠵᠢᠯᠠᠭᠴᠢ ᠯᠤ᠋ ᠰᠠᠷᠠᠭᠤᠯ ᠢ ᠰᠤᠷᠪᠤᠯᠵᠢᠯᠠᠬᠤ ᠪᠠᠷ ᠬᠦᠷᠬᠦ  ᠳᠤ᠂ ᠲᠡᠷᠡ ᠮᠠᠨᠢ ᠴᠠᠭᠠᠰᠤᠨ ᠬᠠᠶᠢᠴᠢᠮᠠᠯ ᠤᠨ ᠪᠦᠲᠦᠭᠡᠯ ᠤᠳ ᠢᠶᠠᠨ ᠲᠠᠨᠢᠯᠴᠠᠭᠤᠯᠵᠤ ᠦᠭᠬᠦᠯ᠎ᠡ᠃          ᠯᠦ ᠰᠠᠷᠠᠭᠤᠯ ᠬᠢᠩᠭᠠᠨ  ᠠᠶᠢᠮᠠᠭ ᠤᠨ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠭᠦᠢᠯᠡᠷ ᠪᠠᠯᠭᠠᠰᠤᠨ ᠳᠤ ᠨᠤᠲᠤᠭᠲᠠᠢ᠃ ᠡᠨᠡ ᠵᠢᠯ 40 ᠨᠠᠰᠤᠲᠠᠢ ᠯᠤ᠋ ᠰᠠᠷᠠᠭᠤᠯ ᠴᠠᠭᠠᠰᠤᠨ ᠬᠠᠶᠢᠴᠢᠮᠠᠯ ᠤᠷᠤᠯᠳᠤᠭᠠᠳ ᠨᠢᠭᠡᠨᠲᠡ33 ᠵᠢᠯ ᠤᠨ ᠨᠢᠭᠤᠷ ᠢ ᠦᠵᠡᠯ᠎ᠡ᠃ ᠲᠡᠭᠦᠨ ᠤ ᠴᠠᠭᠠᠰᠤᠨ ᠬᠠᠶᠢᠴᠢᠮᠠᠯ ᠤᠨ ᠪᠦᠲᠦᠭᠡᠯ ᠨᠢ ᠣᠶᠢᠷ᠎ᠠ ᠬᠠᠪᠢ ᠶᠢᠨ ᠬᠥᠮᠥᠰ ᠤᠨ ᠬᠦᠷᠢᠶᠡᠯᠡᠯ ᠢ ᠣᠯᠵᠤ᠂ ᠪᠦᠲᠦᠭᠡᠯ ᠤᠳ ᠢ ᠨᠢᠭᠡᠳ ᠨᠢᠭᠡ ᠪᠠᠷ ᠤᠷᠪᠠᠭᠤᠯᠵᠤ ᠦᠵᠡᠪᠡᠯ ᠥᠯᠵᠡᠢ ᠪᠡᠯᠭᠡᠹᠦ ᠦᠰᠦᠭ᠂ ᠨᠢᠰᠴᠦ ᠪᠠᠶᠢᠭ᠎ᠠ ᠪᠢᠯᠵᠤᠤᠬᠠᠢ᠂ ᠳᠡᠯᠭᠡᠷᠡᠵᠦ ᠪᠠᠶᠢᠭ᠎ᠠ ᠬᠤᠸᠠᠷ ᠴᠡᠴᠡᠭ᠂ ᠠᠷᠪᠠᠨ ᠬᠤᠶᠠᠷ ᠵᠢᠯ ᠤᠨ ᠠᠮᠢᠳᠠ ᠁ ᠶᠡᠭᠡ ᠪᠠᠭ᠎ᠠ ᠨᠢ ᠠᠳᠠᠯᠢ ᠦᠭᠡᠢ᠂ ᠬᠡᠯᠪᠡᠷᠢ ᠳᠦᠷᠰᠦ ᠨᠢ ᠠᠳᠠᠯᠢ ᠪᠤᠰᠤ᠂   ᠠᠮᠢᠳᠤ ᠳᠦᠷᠰᠦᠯᠢᠭ ᠪᠠᠶᠢᠵᠤ᠂ ᠲᠡᠭᠦᠨ ᠤ ᠴᠠᠭᠠᠰᠤᠨ ᠬᠠᠶᠢᠴᠢᠮᠠᠯ ᠳᠤᠨᠢ ᠠᠮᠢᠳᠤᠷᠠᠯ ᠳᠠᠭᠠᠨ ᠬᠠᠶᠢᠷᠠᠲᠠᠢ ᠰᠡᠳᠬᠢᠯᠭᠡ ᠪᠦᠷᠢᠨ ᠳᠡᠯᠭᠡᠭᠳᠡᠨ᠎ᠡ᠃        ᠴᠠᠭᠠᠰᠤᠨ ᠬᠠᠶᠢᠴᠢᠮᠠᠯ  ᠤᠷᠠᠯᠠᠵᠤ ᠪᠦᠲᠦᠭᠡᠭᠰᠡᠨ30 ᠭᠠᠷᠤᠢ ᠵᠢᠯ ᠤᠨ ᠲᠤᠷᠰᠢ ᠂ ᠯᠤ᠋ ᠰᠠᠷᠠᠭᠤᠯ ᠦᠷᠬᠦᠯᠵᠢ ᠠᠷᠠᠳ ᠤᠨ ᠳᠤᠮᠳᠠᠬᠢ ᠬᠠᠶᠢᠴᠢᠮᠠᠯ ᠤᠨ ᠪᠠᠭᠰᠢ ᠠᠴᠠ ᠮᠡᠷᠭᠡᠵᠢᠯ ᠰᠤᠷᠤᠯᠴᠠᠳᠠᠭ᠂ ᠪᠠᠰᠠ ᠰᠦᠯᠵᠢᠶᠡᠨ ᠳᠡᠭᠡᠷ᠎ᠡ ᠠᠴᠠ ᠴᠠᠭᠠᠰᠤᠨ ᠬᠠᠶᠢᠴᠢᠮᠠᠯ ᠤᠨ ᠬᠠᠮᠢᠶ᠎ᠠ ᠪᠦᠬᠦᠢ ᠮᠡᠳᠡᠯᠭᠡ ᠰᠤᠷᠳᠠᠭ᠃ ᠢᠩᠭᠢᠵᠦ ᠲᠡᠷᠡ ᠴᠠᠭᠠᠰᠤᠨ ᠬᠠᠶᠢᠴᠢᠮᠠᠯ ᠳᠤ ᠤᠯᠠᠮ ᠢᠶᠠᠷ ᠬᠠᠶᠢᠷᠠᠲᠠᠢ ᠪᠣᠯᠵᠤ᠂ ᠬᠠᠮᠤᠭ ᠠᠩᠬᠠᠨ ᠳᠤ ᠪᠤᠰᠤᠳ ᠢ ᠳᠠᠭᠤᠷᠢᠶᠠᠵᠤ ᠬᠠᠶᠢᠴᠢᠯᠠᠵᠤ ᠪᠠᠶᠢᠭᠰᠠᠨ ᠠᠴᠠ ᠪᠠᠨ ᠤᠳᠤ ᠦᠪᠡᠰᠦᠪᠡᠨ ᠵᠢᠷᠤᠮᠵᠦ᠋ ᠲᠥᠯᠥᠪᠯᠡᠨ᠂ ᠨᠠᠷᠢᠯᠢᠭ ᠰᠢᠨᠵᠢᠵᠦ ᠨᠢᠮᠪᠠᠢ ᠰᠤᠪᠡᠭᠴᠢᠯᠡᠬᠦ ᠪᠣᠯᠵᠤ᠂ ᠴᠠᠭᠠᠰᠤᠨ ᠬᠠᠶᠢᠴᠢᠮᠠᠯ ᠤᠨ ᠪᠦᠲᠦᠭᠡᠯ ᠨᠢᠭᠡᠪᠦᠷᠢ ᠨᠢ ᠠᠮᠢᠨ᠋ᠤ᠋ᠷᠲᠤ ᠳᠦᠷᠰᠦᠯᠢᠭ᠂ ᠣᠷᠣᠨ ᠨᠤᠲᠤᠭ ᠤᠨ ᠣᠨᠴᠠᠯᠢᠭ ᠲᠠᠢ ᠪᠣᠯᠵᠤ᠂ ᠮᠡᠷᠭᠡᠵᠢᠯ ᠨᠢ ᠴᠣ᠋ ᠡᠳᠦᠷ ᠠᠴᠠ ᠡᠳᠦᠷ ᠳᠡᠭᠡᠭᠰᠢᠯᠡᠵᠡᠢ᠃          ︽ᠪᠢ ᠨᠠᠰᠤᠨ ᠠᠴᠠ ᠪᠠᠨ ᠡᠬᠢᠯᠡᠨ ᠴᠠᠭᠠᠰᠤᠨ ᠬᠠᠶᠢᠴᠢᠮᠠᠯ ᠬᠢᠵᠦ ᠰᠤᠷᠪᠠ᠂ ᠪᠠᠭ᠎ᠠ ᠶᠢᠨ ᠦᠶ᠎ᠡ ᠳᠤ ᠡᠵᠢ ᠮᠢᠨᠢ ᠨᠤᠲᠤᠭ ᠲᠠᠭᠠᠨ ᠨᠠᠷᠠᠲᠠᠢ ᠴᠠᠭᠠᠰᠤᠨ ᠬᠠᠶᠢᠴᠢᠮᠠᠯ ᠤᠷᠠᠯᠠᠵᠤ ᠪᠦᠲᠦᠭᠡᠳᠡᠭ ᠤᠷᠠᠨ ᠬᠥᠮᠥᠨ ᠪᠠᠶᠢᠯ᠎ᠠ᠂ ᠵᠢᠯ ᠪᠦᠷᠢ ᠰᠢᠨᠡᠯᠡᠬᠦ ᠠᠴᠠ ᠡᠮᠦᠨ᠎ᠡ ᠬᠡᠳᠦᠨ ᠡᠳᠦᠷ ᠮᠠᠨ ᠤ ᠡᠵᠢ ᠪᠠᠷ ᠴᠣᠩᠬᠤᠨ ᠬᠤᠸᠠᠷ᠂ ᠥᠯᠵᠡᠢ ᠦᠰᠦᠭ ᠬᠠᠶᠢᠴᠢᠯᠠᠭᠤᠯᠳᠠᠭ ᠬᠥᠮᠥᠨ ᠮᠠᠰᠢ ᠤᠯᠠᠨ ᠪᠠᠶᠢᠳᠠᠭ᠂ ᠤᠷᠠᠯᠠᠵᠤ ᠬᠠᠶᠢᠴᠢᠯᠠᠭᠰᠠᠨ ᠪᠦᠲᠦᠭᠡᠯ ᠤᠳ ᠢ ᠨᠢ ᠬᠠᠷᠠᠭᠠᠳ ᠥᠪᠡᠷ ᠤᠨ ᠡᠷᠬᠡ ᠦᠭᠡᠢ ᠪᠠᠭ᠋ᠠᠷᠬᠠᠵᠤ᠂ ᠮᠥᠨ ᠲᠡᠷᠡ ᠴᠠᠭ ᠠᠴᠠ ᠡᠬᠢᠯᠡᠨ ᠪᠢ ᠴᠣ᠋ ᠴᠠᠭᠠᠰᠤᠨ ᠬᠠᠶᠢᠴᠢᠮᠠᠯ ᠬᠢᠵᠦ ᠰᠤᠷᠤᠭᠰᠠᠨ︾ ᠭᠡᠵᠦ ᠯᠤ᠋ ᠰᠠᠷᠠᠭᠤᠯ ᠰᠤᠷᠪᠤᠯᠵᠢᠯᠠᠭᠴᠢ ᠳᠤ ᠬᠡᠯᠡᠪᠡ᠃         ᠯᠤ᠋ ᠰᠠᠷᠠᠭᠤᠯ ᠤᠳᠤ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠬᠤᠷᠴᠢᠨ ᠪᠠᠯᠭᠠᠰᠤᠨ ᠤ ᠨᠢᠭᠡᠨ ᠨᠣᠮ ᠤᠨ ᠳᠡᠯᠭᠡᠭᠦᠷ ᠲᠤ ᠠᠵᠢᠯᠯᠠᠵᠤ ᠪᠤᠢ᠂ ᠲᠡᠭᠦᠨ  ᠤ ᠠᠪᠴᠤ ᠶᠠᠪᠤᠳᠠᠭ ᠳᠤᠨᠢ ᠤᠯᠠᠭᠠᠨ ᠴᠠᠭᠠᠰᠤ᠂ ᠪᠢᠷ ᠪᠠ ᠵᠢᠢᠭ ᠬᠠᠶᠢᠴᠢ ᠵᠥᠩᠳᠡᠭᠡᠨ ᠬᠠᠷᠠᠭᠳᠠᠳᠠᠭ᠂ ᠠᠵᠢᠯ ᠤᠨ ᠴᠢᠯᠦᠭᠡ ᠪᠠᠷ ᠢᠶᠠᠨ ᠴᠠᠭᠠᠰᠤᠨ ᠬᠠᠶᠢᠴᠢᠮᠠᠯ ᠤᠷᠠᠯᠠᠨ ᠪᠦᠲᠦᠭᠡᠵᠦ᠂ ᠲᠡᠭᠦᠨ ᠤ ᠪᠦᠲᠦᠭᠡᠯ ᠤᠳ ᠨᠢ ᠨᠣᠮ ᠠᠪᠬᠤ ᠪᠠᠷ ᠢᠷᠡᠳᠡᠭ ᠬᠡᠦᠬᠡᠳ ᠤᠨ ᠠᠩᠬᠠᠷᠤᠯ ᠢ ᠲᠠᠲᠠᠳᠠᠭ᠃         ᠤᠳᠤ ᠪᠤᠯᠳᠠᠯ᠎ᠠ ᠯᠤ᠋ ᠰᠠᠷᠠᠭᠤᠯ ᠨᠢᠭᠡᠨᠲᠡ 33 ᠱᠠᠪᠢ ᠲᠠᠢ ᠪᠣᠯᠪᠠ᠂ ᠪᠦᠷ ᠬᠡᠦᠬᠡᠨ ᠤ ᠬᠢᠨᠢ ᠬᠠᠮᠲᠤ ᠰᠤᠷᠤᠯᠭᠠᠲᠠᠨ ᠨᠢ ᠪᠣᠯᠣᠨ᠎ᠠ᠃ ︽ᠬᠡᠷᠪᠡ ᠬᠡᠦᠬᠡᠳ ᠤᠳ ᠴᠠᠭᠠᠰᠤᠨ ᠬᠠᠶᠢᠴᠢᠮᠠᠯ ᠰᠤᠷᠬᠤᠨ ᠳᠤᠷᠠᠲᠠᠢ ᠪᠣᠯ ᠪᠢ ᠲᠡᠳᠡᠨ ᠳᠤ ᠦᠨ᠎ᠡ ᠲᠥᠯᠥᠪᠦᠷᠢ ᠦᠭᠡᠢ ᠪᠠᠷ ᠵᠢᠭᠠᠵᠤ ᠥᠭᠭᠦᠨ᠎ᠡ︾ ᠭᠡᠵᠦ ᠯᠤ᠋ ᠰᠠᠷᠠᠭᠤᠯ ᠦᠷᠬᠦᠯᠵᠢ ᠬᠡᠯᠡᠳᠡᠭ᠃ ᠲᠡᠭᠦᠨ ᠤ ᠨᠥᠯᠥᠭᠡᠯᠡᠨ ᠳᠣᠣᠷ᠎ᠠ᠂ ᠬᠤᠶᠠᠷ ᠬᠡᠦᠬᠡᠨ ᠨᠢ ᠪᠠᠰᠠ ᠴᠠᠭᠠᠰᠤᠨ ᠬᠠᠶᠢᠴᠢᠮᠠᠯ ᠤᠨ ᠪᠦᠲᠦᠭᠡᠯ ᠨᠢ ᠪᠦᠬᠦ ᠤᠯᠤᠰ ᠤᠨ ᠰᠤᠷᠭᠠᠭᠤᠯᠢ ᠶᠢᠨ ᠬᠦᠷᠢᠶᠡᠨ ᠤ ᠰᠢᠨ᠎ᠡ ᠶᠢ ᠡᠭᠦᠳᠦᠨ ᠪᠦᠲᠦᠭᠡᠬᠦ ᠤᠷᠤᠯᠳᠤᠭᠠᠨ ᠳ᠋ᠠ ᠬᠤᠶᠠᠳᠤᠭᠠᠷ ᠭᠤᠷᠪᠠᠳᠤᠭᠠᠷ ᠲᠡᠰ ᠤᠨ ᠱᠠᠩᠨᠠᠯ ᠬᠦᠷᠡᠩᠳᠡᠵᠦ ᠥᠩᠭᠡᠷᠡᠵᠡᠢ ᠃         ᠯᠤ᠋ ᠰᠠᠷᠠᠭᠤᠯ2020 ᠣᠨ ᠳᠤ ᠠᠶᠢᠮᠠᠭ ᠤᠨ ᠲᠡᠰ ᠤᠨ ᠪᠣᠳᠠᠰ ᠤᠨ ᠪᠤᠰᠤ ᠰᠣᠶᠣᠯ ᠤᠨ ᠥᠪ ᠤᠨ ᠴᠠᠭᠠᠰᠤᠨ ᠬᠠᠶᠢᠴᠢᠮᠠᠯ ᠤᠨ ᠥᠪᠯᠡᠨ ᠵᠠᠯᠭᠠᠮᠵᠢᠯᠠᠭᠴᠢ ᠪᠠᠷ ᠦᠨᠡᠯᠡᠭᠳᠡᠭᠰᠡᠨ ᠤ ᠰᠡᠭᠦᠯᠡᠷ᠂ ᠦᠷᠬᠦᠯᠵᠢ ᠰᠤᠷᠭᠠᠭᠤᠯᠢ ᠶᠢᠨ ᠬᠦᠷᠢᠶᠡᠨ ᠳᠤ᠂ ᠨᠡᠶᠢᠭᠡᠮ ᠲᠣᠭᠤᠷᠢᠭ ᠲᠤ ᠬᠦᠷᠴᠦ ᠴᠠᠭᠠᠰᠤᠨ ᠬᠠᠶᠢᠴᠢᠮᠠᠯ ᠤᠨ ᠮᠡᠷᠭᠡᠵᠢᠯ ᠢ ᠤᠯᠠᠮᠵᠢᠯᠠᠨ᠂ ᠨᠡᠩ ᠤᠯᠠᠨ ᠬᠥᠮᠥᠰ ᠲᠤ ᠴᠠᠭᠠᠰᠤᠨ ᠬᠠᠶᠢᠴᠢᠮᠠᠯ ᠢ ᠲᠠᠨᠢᠵᠤ᠂ ᠣᠶᠢᠯᠠᠭᠠᠬᠤ᠂ ᠤᠯᠠᠮᠵᠢᠯᠠᠬᠤ ᠲᠤᠬᠢᠶᠠᠯ ᠬᠠᠩᠭᠠᠭᠰᠠᠨ ᠪᠠᠶᠢᠨ᠎ᠠ᠃ ᠰᠤᠷᠪᠤᠯᠵᠢᠯᠠᠭᠴᠢ᠄ ᠲᠣᠳᠢ
 
ᠢᠷᠡᠯᠲᠡ᠄ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号