ᠶᠡᠷᠦᠩᠬᠡᠢ ᠱᠦᠵᠢ ᠰᠢ ᠶᠢᠨ ᠫᠢᠩ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠶᠢᠨ ᠬᠠᠮᠲᠤ ᠶᠠᠷᠢᠭᠰᠠᠨ ᠴᠢᠬᠤᠯᠠ ᠶᠠᠷᠢᠶ᠎ᠠ ᠨᠢ ᠴᠢᠩᠭ᠎ᠠ ᠨᠦᠯᠦᠭᠡ ᠲᠤᠰᠬᠠᠯ ᠭᠠᠷᠭᠠᠪᠠ
ᠨᠡᠶᠢᠲᠡᠯᠡᠭᠰᠡᠨ ᠴᠠᠭ᠄
2023/6/15
   ᠣᠶᠢᠷ᠎ᠠ ᠳᠤ᠂ ᠶᠡᠷᠦᠩᠬᠡᠢ ᠱᠦᠵᠢ ᠰᠢ ᠶᠢᠨ ᠫᠢᠩ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠭᠰᠠᠨ ᠰᠣᠨᠢᠨ ᠮᠡᠳᠡᠭᠡ ᠶᠢ ᠲᠥᠪ ᠤᠨ ᠲᠧᠯᠸᠢᠰ ᠬᠤᠷᠢᠶ᠎ᠠ ᠶᠢᠨ ᠰᠣᠨᠢᠨ ᠮᠡᠳᠡᠭᠡᠨ ᠤ ᠳᠠᠮᠵᠢᠭᠤᠯᠬᠤ ᠫᠷᠣᠭ᠍ᠷᠠᠮ ᠢᠶᠠᠷ ᠨᠠᠪᠲᠠᠷᠡᠭᠦᠯᠵᠦ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠬᠤᠷᠴᠢᠨ ᠪᠠᠯᠭᠠᠰᠤᠨ ᠤ ᠫᠢᠩ ᠠᠨ ᠲᠣᠰᠬᠤᠨ ᠤ ᠲᠥᠪᠡᠳ ᠬᠠᠰᠢ ᠶᠢᠨ ᠨᠢᠭᠡᠳᠦᠯ ᠤᠨ ᠭᠡᠰᠢᠭᠦᠳ ᠲᠧᠯᠸᠢᠰ ᠢᠶᠠᠷ ᠭᠥᠯᠢᠶᠡᠨ ᠠᠪᠴᠤ ᠦᠵᠡᠵᠦ᠂ ᠴᠢᠩᠭ᠎ᠠ ᠲᠤᠰᠬᠠᠯ ᠭᠠᠷᠭᠠᠪᠠ᠃   ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠬᠤᠷᠴᠢᠨ ᠪᠠᠯᠭᠠᠰᠤᠨ ᠤ ᠫᠢᠩ ᠠᠨ ᠲᠣᠰᠬᠤᠨ ᠤ ᠹᠠᠨ ᠴᠢᠶᠧ ᠭᠦᠩᠱᠧ ᠳᠤ᠂ ᠨᠤᠲᠤᠭ ᠤᠨ ᠴᠢᠳᠠᠪᠤᠷᠢᠲᠠᠨ ᠢ ᠨᠡᠪᠴᠢᠭᠦᠯᠬᠦ ᠲᠥᠪ ᠤᠨ ᠬᠠᠷᠢᠭᠤᠴᠠᠯᠭᠠᠲᠠᠨ ᠴᠢ ᠰᠢᠶᠣᠣ ᠵᠢᠩ ᠪᠣᠯᠣᠨ ᠭᠡᠰᠢᠭᠦᠳ ᠲᠠᠢ ᠪᠠᠨ ᠲᠧᠯᠸᠢᠰ ᠤᠨ ᠡᠮᠦᠨ᠎ᠡ ᠲᠣᠭᠤᠷᠢᠨ ᠰᠠᠭᠤᠵᠤ᠂ ᠰᠣᠨᠢᠨ ᠮᠡᠳᠡᠭᠡᠨ ᠤ ᠳᠠᠮᠵᠢᠭᠤᠯᠬᠤ ᠨᠡᠪᠲᠡᠷᠡᠭᠦᠯᠭᠡ ᠶᠢ ᠨᠠᠷᠢᠨ ᠬᠢᠨᠠᠮᠠᠭᠠᠢ ᠰᠣᠨᠢᠷᠬᠠᠪᠠ᠃ ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠪᠠᠶᠢᠳᠠᠯ ᠢ ᠬᠠᠷᠠᠭᠠᠳ ᠤᠯᠠᠨ ᠢᠶᠠᠷ ᠢᠶᠠᠨ ᠮᠠᠰᠢ ᠰᠡᠳᠬᠢᠯ ᠳᠣᠭᠳᠣᠯᠵᠤ ᠪᠠᠶᠢᠯ᠎ᠠ᠃ ᠸᠠᠩ ᠯᠢ ᠵᠢᠤᠸᠠᠨ ᠹᠠᠨ ᠴᠢᠶᠧ ᠭᠦᠩᠱᠧ ᠶᠢᠨ ︽ᠭᠡᠷ ᠬᠠᠮᠢᠶᠠᠷᠤᠭᠴᠢ︾ ᠪᠣᠯᠤᠭᠰᠠᠨ ᠤ ᠬᠤᠪᠢ ᠳᠤ᠂ ᠰᠣᠨᠢᠨ ᠮᠡᠳᠡᠭᠡ ᠶᠢ ᠦᠵᠡᠭᠡᠳ ᠶᠡᠬᠡᠳᠡ ᠵᠣᠷᠢᠭᠵᠢᠪᠠ᠃ ᠲᠡᠷᠡ᠄ ︽ᠶᠡᠷᠦᠩᠬᠡᠢ ᠱᠦᠵᠢ ᠶᠢᠨ ᠴᠢᠬᠤᠯᠠ ᠶᠠᠷᠢᠶ᠎ᠠ ᠶᠢ ᠰᠣᠨᠣᠰᠤᠭᠰᠠᠨ ᠠᠴᠠ ᠪᠢ ᠮᠠᠨ ᠤ  ᠹᠠᠨ ᠴᠢᠶᠧ ᠭᠦᠩᠱᠧ ᠶᠢᠨ ᠢᠷᠡᠭᠡᠳᠦᠢ ᠶᠢᠨ ᠬᠥᠭᠵᠢᠯᠲᠡ ᠳᠤ ᠢᠲᠡᠭᠡᠯ ᠲᠡᠭᠦᠯᠳᠡᠷ ᠪᠣᠯᠪᠠ᠂ ᠬᠤᠷᠰᠢᠶ᠎ᠠ ᠳᠤ ᠣᠷᠣᠭᠰᠠᠨ ᠤ ᠲᠠᠷᠠᠭ᠎ᠠ᠂ ᠪᠢᠳᠡᠨ ᠤ ᠣᠷᠣᠯᠭ᠎ᠠ ᠴᠤ ᠨᠡᠮᠡᠭᠳᠡᠪᠡ᠂ ᠪᠢᠳᠡ ᠪᠦᠷ ᠳᠤᠷᠠᠲᠠᠶ᠎ᠠ ᠴᠢ ᠰᠢᠶᠣᠣ ᠵᠢᠩ ᠢ ᠲᠠᠭᠠᠵᠦ ᠠᠵᠢᠯᠯᠠᠨ᠎ᠠ᠂ ᠬᠤᠷᠰᠢᠶ᠎ᠠ ᠶᠢᠨ ᠬᠤᠶᠢᠰᠢᠳᠠ ᠶᠢᠨ ᠬᠥᠭᠵᠢᠯᠲᠡ ᠤᠯᠠᠮ ᠠᠴᠠ ᠤᠯᠠᠮ ᠰᠠᠶᠢᠨ ᠪᠣᠯᠬᠤ ᠳᠤ ᠪᠠᠲᠤ ᠢᠳᠡᠭᠡᠯ ᠲᠠᠢ︾ ᠭᠡᠵᠦ ᠬᠡᠯᠡᠵᠡᠢ᠃ ᠲᠡᠷᠡ ᠬᠡᠯᠡᠬᠦ ᠳᠡᠭᠡᠨ᠄ ︽ᠶᠡᠷᠦᠩᠬᠡᠢ ᠱᠦᠵᠢ ᠶᠢᠨ ᠴᠢᠬᠤᠯᠠ ᠶᠠᠷᠢᠶ᠎ᠠ ᠶᠢ ᠰᠣᠨᠣᠰᠤᠭᠰᠠᠨ ᠠᠴᠠ ᠪᠢ ᠮᠠᠨ ᠤ ᠹᠠᠨ ᠴᠢᠶᠧ ᠭᠦᠩᠱᠧ ᠶᠢᠨ ᠢᠷᠡᠭᠡᠳᠦᠢ ᠶᠢᠨ ᠬᠥᠭᠵᠢᠯᠲᠡ ᠳᠤ ᠢᠲᠡᠭᠡᠯ ᠲᠡᠭᠦᠯᠳᠡᠷ ᠪᠣᠯᠵᠠᠢ᠃︾ ᠭᠡᠪᠡ᠃   ᠣᠶᠢᠷ᠎ᠠ ᠶᠢᠨ ᠵᠢᠯ ᠠᠴᠠ᠂ ᠬᠤᠷᠴᠢᠨ ᠪᠠᠯᠭᠠᠰᠤ ᠶᠢᠨ ᠫᠢᠩ ᠠᠨ ᠲᠣᠰᠬᠤᠨ ᠤ ᠬᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢᠨ ᠶᠡᠷᠦᠩᠬᠡᠢ ᠱᠠᠭᠠᠷᠳᠠᠯᠭ᠎ᠠ ᠶᠣᠰᠣᠭᠠᠷ᠂ ᠲᠤᠰ ᠲᠣᠰᠬᠤᠨ ᠤ ᠪᠠᠨ ᠲᠠᠪᠠᠭᠤᠯᠢᠭ ᠣᠨᠴᠠᠯᠢᠭ ᠢ ᠭᠦᠢᠴᠡᠳ ᠠᠭᠤᠳᠠᠯᠵᠤ᠂ ᠬᠥᠳᠡᠭᠡ ᠲᠣᠰᠬᠤᠨ ᠤ ᠰᠣᠶᠣᠯ  ᠵᠢᠭᠤᠯᠴᠢᠯᠠᠯ ᠤᠨ ᠠᠵᠤ ᠦᠢᠯᠡᠰ ᠢ ᠴᠣᠭᠴᠠᠯᠠᠪᠠ᠃ ᠨᠤᠲᠤᠭ ᠲᠠᠭᠠᠨ ᠪᠤᠴᠠᠵᠤ 14 ᠵᠢᠯ ᠰᠢᠬᠠᠮ ᠦᠢᠯᠡᠰ ᠪᠣᠰᠬᠠᠭᠰᠠᠨ ᠥᠩᠭᠡᠷᠡᠯᠲᠡ ᠲᠠᠢ ᠴᠢ ᠰᠢᠶᠣᠣ ᠵᠢᠩ ᠲᠠᠷᠢᠶᠠᠴᠢᠨ ᠤ ᠲᠤᠰᠬᠠᠢ ᠬᠤᠷᠰᠢᠶ᠎ᠠ ᠶᠢ ᠡᠭᠦᠳᠦᠨ ᠪᠠᠶᠢᠭᠤᠯᠵᠤ᠂ ᠪᠣᠬᠢᠷᠲᠤᠯ ᠦᠭᠡᠢ ᠲᠠᠷᠢᠶᠠᠯᠠᠩ ᠤᠨ ᠣᠨᠴᠠ ᠭᠠᠷᠤᠯᠲᠠ ᠶᠢ ᠲᠠᠷᠢᠵᠤ᠂ ᠪᠣᠬᠢᠷᠲᠤᠯ ᠦᠭᠡᠢ᠂ ᠠᠮᠢ ᠠᠬᠤᠢ᠂ ᠡᠷᠡᠭᠦᠯ ᠰᠠᠷᠠᠭᠤᠯ ᠨᠤᠲᠤᠭ ᠤᠨ ᠲᠦᠷᠦᠯ ᠲᠡᠮᠳᠡᠭ ᠢ ᠴᠢᠷᠮᠠᠶᠢᠨ ᠡᠭᠦᠳᠴᠡᠢ᠃  ᠹᠠᠨ ᠴᠢᠶᠧ ᠭᠦᠩᠱᠧ ᠨᠢ ᠲᠠᠷᠢᠶᠠᠯᠠᠩ ᠢᠶᠠᠷ ᠵᠢᠭᠤᠯᠴᠢᠯᠠᠯ ᠢ ᠬᠥᠭᠵᠢᠭᠦᠯᠵᠦ᠂ ᠵᠢᠭᠤᠯᠴᠢᠯᠠᠯ ᠢᠶᠠᠷ ᠲᠠᠷᠢᠶᠠᠯᠠᠩ ᠢ ᠠᠬᠢᠭᠤᠯᠵᠤ᠂ ᠲᠠᠷᠢᠶᠠᠯᠠᠩ ᠤᠨ ᠵᠢᠭᠤᠯᠴᠢᠯᠠᠯ ᠂ ᠬᠤᠭᠤᠯᠠ ᠤᠮᠳᠠ᠂ ᠬᠤᠨᠤᠭ ᠪᠠᠭᠤᠳᠠᠯ᠂ ᠰᠡᠯᠡᠭᠦᠴᠡᠯ ᠵᠤᠭ᠎ᠠ ᠴᠡᠩᠭᠡᠯ᠂ ᠠᠮᠢ ᠠᠬᠤᠢ ᠶᠢᠨ ᠵᠢᠭᠤᠯᠴᠢᠯᠠᠯ ᠢ ᠶᠡᠷᠦᠩᠬᠡᠶᠢᠯᠡᠨ ᠢᠵᠢ ᠪᠦᠷᠢᠳᠦᠭᠦᠯᠬᠦ ᠶᠢ ᠦᠨᠳᠦᠰᠦᠨ ᠳᠡᠭᠡᠨ ᠪᠡᠶᠡᠯᠡᠭᠦᠯᠵᠦ᠂ ᠥᠪᠡᠷᠮᠢᠴᠡ ᠣᠨᠴᠠᠯᠢᠭ ᠲᠠᠢ ᠬᠥᠳᠡᠭᠡ ᠲᠣᠰᠬᠤᠨ ᠤ ᠦᠵᠡᠮᠵᠢ ᠶᠢᠨ ᠰᠠᠨᠠᠭ᠎ᠠ ᠠᠬᠤᠢ ᠶᠢ ᠢᠯᠡᠷᠡᠭᠦᠯᠪᠡ᠃   ᠴᠢ ᠰᠢᠶᠣᠣ ᠵᠢᠩ ᠤᠨ ᠳᠠᠭᠠᠭᠤᠯᠭ᠎ᠠ ᠲᠤᠤᠷ᠎ᠠ᠂ ᠨᠢᠳᠤᠨᠤᠨ ᠵᠢᠯ᠂ 91 ᠡᠷᠦᠬᠡ ᠲᠣᠰᠬᠤᠨ ᠤ ᠠᠷᠠᠳ ᠠᠵᠢᠯ ᠣᠯᠵᠤ᠂ ᠡᠷᠦᠬᠡ ᠪᠦᠷᠢ ᠶᠢᠨ ᠣᠷᠣᠯᠭ᠎ᠠ ᠳᠤᠮᠳᠠᠴᠢ ᠪᠠᠷ 1.8 ᠲᠦᠮᠡᠨ ᠲᠥᠭᠦᠷᠢᠭ ᠨᠡᠮᠡᠭᠳᠡᠵᠦ᠂ 5 ᠡᠷᠦᠬᠡ ᠲᠣᠰᠬᠤᠨ ᠤ ᠠᠷᠠᠳ ᠬᠥᠳᠡᠭᠡ ᠲᠣᠰᠬᠤᠨ ᠤ ᠣᠷᠣᠨ ᠰᠠᠭᠤᠴᠠ ᠶᠢ ᠬᠥᠭᠵᠢᠭᠦᠯᠵᠦ᠂ ᠡᠷᠦᠬᠡ ᠪᠦᠷᠢ ᠶᠢᠨ ᠣᠷᠣᠯᠭ᠎ᠠ 2.2 ᠲᠦᠮᠡᠨ ᠲᠥᠭᠦᠷᠢᠭ ᠲᠤ ᠬᠦᠷᠴᠡᠢ᠃   ︽ᠶᠡᠷᠦᠩᠬᠡᠢ ᠱᠦᠵᠢ ᠶᠢᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠭᠰᠠᠨ ᠰᠣᠨᠢᠨ ᠮᠡᠳᠡᠭᠡ ᠶᠢ ᠦᠵᠡᠭᠰᠡᠨ ᠤ ᠳᠠᠷᠠᠭ᠎ᠠ᠂ ᠪᠢᠳᠡᠨ ᠤ ᠰᠡᠳᠬᠢᠯ ᠮᠠᠰᠢ ᠳᠣᠭᠳᠣᠯᠵᠤ᠂ ᠲᠥᠷᠥᠭᠳᠡᠯ ᠴᠦ ᠮᠠᠰᠢ ᠤᠯᠠᠨ᠂ ᠪᠢᠳᠡᠨ ᠳᠤ ᠨᠡᠩ ᠶᠡᠭᠡ ᠬᠥᠳᠡᠯᠭᠡᠬᠦ ᠬᠦᠴᠦᠨ ᠲᠠᠢ ᠪᠣᠯᠣᠯ᠎ᠠ᠃ ᠶᠡᠷᠦᠩᠬᠡᠢ ᠱᠦᠵᠢ ᠠᠮᠢ ᠠᠬᠤᠢ ᠶᠢᠨ ᠬᠠᠮᠠᠭᠠᠯᠠᠯᠲᠠ ᠪᠣᠯᠣᠨ ᠬᠥᠳᠡᠭᠡ ᠠᠵᠤ ᠠᠬᠤᠢ ᠬᠥᠳᠡᠭᠡ ᠲᠣᠰᠬᠤᠨ ᠤ ᠠᠵᠢᠯ ᠢ ᠲᠤᠶᠢᠯ ᠢᠶᠠᠷ ᠬᠠᠯᠠᠮᠵᠢᠯᠠᠵᠤ᠂ ᠪᠢᠳᠡ ᠵᠠᠪᠠᠯ ᠶᠡᠷᠦᠩᠬᠡᠢ ᠱᠦᠵᠢ ᠶᠢᠨ ᠵᠢᠭᠠᠭᠰᠠᠨ ᠴᠢᠭᠯᠡᠯ ᠢᠶᠠᠷ ᠲᠥᠬᠦᠭᠡᠷᠦᠮᠵᠢᠲᠦ ᠲᠠᠷᠢᠶᠠᠯᠠᠩ ᠢ ᠶᠡᠬᠡᠪᠡᠷ ᠬᠥᠭᠵᠢᠭᠦᠯᠵᠦ᠂ ᠲᠣᠰᠬᠤᠨ ᠤ ᠠᠷᠠᠳ ᠤᠨ ᠬᠥᠳᠡᠭᠡ ᠲᠣᠰᠬᠤᠨ ᠤ ᠵᠢᠭᠤᠯᠴᠢᠯᠠᠯ ᠢ ᠬᠥᠭᠵᠢᠭᠦᠯᠵᠦ᠂ ᠪᠢᠳᠡᠨ ᠤ ᠠᠮᠢᠳᠤᠷᠠᠯ ᠢ ᠨᠡᠩ ᠵᠣᠯ ᠵᠢᠷᠭᠠᠯ ᠲᠠᠢ ᠪᠣᠯᠭᠠᠨ᠎ᠠ᠃ ᠬᠥᠳᠡᠭᠡ ᠲᠣᠰᠬᠤᠨ ᠤ ᠠᠵᠤ ᠦᠢᠯᠡᠰ ᠤᠨ ᠳᠠᠭᠠᠭᠤᠯᠤᠭᠴᠢ ᠪᠣᠯᠤᠭᠰᠠᠨ ᠤ ᠬᠤᠪᠢ ᠳᠤ᠂ ᠪᠢ ᠦᠷᠭᠦᠯᠵᠢᠯᠡᠨ ᠳᠠᠭᠠᠭᠤᠯᠬᠤ ᠦᠢᠯᠡᠳᠦᠯ ᠢᠶᠠᠨ ᠰᠠᠶᠢᠲᠤᠷ ᠪᠠᠳᠠᠷᠠᠭᠤᠯᠵᠤ᠂ ᠬᠥᠳᠡᠭᠡ ᠲᠣᠰᠬᠤᠨ ᠤ ᠵᠢᠭᠤᠯᠴᠢᠯᠠᠯ ᠢ ᠬᠥᠭᠵᠢᠭᠦᠯᠬᠦ᠂ ᠲᠣᠰᠬᠤᠨ ᠢ ᠬᠦᠴᠦᠷᠬᠡᠭᠵᠢᠭᠦᠯᠬᠦ ᠶᠢ ᠨᠢᠭᠡᠳᠦᠭᠡᠷ ᠡᠭᠦᠷᠭᠡ ᠪᠠᠨ ᠪᠣᠯᠭᠠᠵᠤ᠂ ᠲᠣᠰᠬᠤᠨ ᠤ ᠠᠷᠠᠳ ᠢ ᠦᠨᠡᠨᠬᠦ ᠳᠠᠭᠠᠭᠤᠯᠤᠨ ᠣᠷᠣᠯᠭ᠎ᠠ ᠶᠢ ᠨᠢ ᠨᠡᠮᠡᠭᠳᠡᠭᠦᠯᠵᠦ᠂ ᠬᠥᠳᠡᠭᠡ ᠠᠵᠤ ᠠᠬᠤᠢ ᠶᠢᠨ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠵᠤ᠂ ᠤᠯᠠᠨ ᠢ ᠬᠠᠮᠲᠤᠪᠠᠷ ᠴᠢᠨᠡᠭᠡᠯᠢᠭᠵᠢᠬᠦ ᠵᠠᠮ ᠢᠶᠠᠷ ᠵᠠᠮᠨᠠᠭᠤᠯᠤᠨ᠎ᠠ ᠃︾ ᠭᠡᠵᠦ ᠬᠡᠯᠡᠪᠡ᠃ ︽ᠨᠠᠶᠠᠭᠠᠳ ᠣᠨ ᠳᠤ ᠲᠥᠷᠥᠭᠰᠡᠨ︾ ᠰᠢᠨ᠎ᠡ ᠲᠠᠷᠢᠶᠠᠴᠢᠨ ᠪᠣᠯᠤᠭᠰᠠᠨ ᠤ ᠬᠤᠪᠢ ᠳᠤ᠂ ᠴᠢ ᠰᠢᠶᠣᠣ ᠵᠢᠩ ᠶᠡᠷᠦᠩᠬᠡᠢ ᠱᠦᠵᠢ ᠶᠢᠨ ᠨᠠᠶᠢᠳᠠᠯᠭ᠎ᠠ ᠶᠢ ᠵᠠᠪᠠᠯ ᠪᠠᠲᠤ ᠴᠡᠭᠡᠵᠢᠯᠡᠵᠦ᠂ ᠪᠥᠬᠦ ᠲᠣᠰᠬᠤᠨ ᠤ ᠠᠷᠠᠳ ᠢ ᠳᠠᠭᠠᠭᠤᠯᠤᠨ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ᠂ ᠣᠷᠣᠰᠢᠨ ᠰᠠᠭᠤᠬᠤ ᠳᠤ ᠲᠣᠬᠢᠷᠠᠮᠵᠢᠲᠠᠢ ᠠᠵᠢᠯ ᠦᠢᠯᠡᠰ ᠴᠣᠭᠴᠠᠯᠠᠬᠤ ᠳᠤ ᠲᠣᠬᠢᠷᠠᠮᠵᠢᠲᠠᠢ ᠡᠶ᠎ᠡ ᠨᠠᠶᠢᠷᠠᠮᠳᠠᠭᠤ ᠭᠡᠷ ᠣᠷᠣᠨ ᠢ ᠴᠢᠷᠮᠠᠶᠢᠨ ᠪᠦᠲᠦᠭᠡᠨ ᠪᠠᠶᠢᠭᠤᠯᠤᠨ᠎ᠠ ᠭᠡᠵᠦ ᠢᠯᠡᠷᠬᠡᠶᠢᠯᠡᠪᠡ᠃  
 
ᠢᠷᠡᠯᠲᠡ᠄ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号