ᠬᠤᠪᠢᠰᠬᠠᠯ ᠤᠨ ᠬᠠᠭᠤᠴᠢᠨ ᠰᠠᠭᠤᠷᠢᠨ ᠭᠠᠵᠠᠷ ᠤᠨ ᠦᠯᠡᠳᠡᠭᠳᠡᠯ ᠦᠯᠡᠳᠡᠭᠳᠡᠯ-- ᠬᠢᠩᠭᠠᠨ ᠪᠠᠯᠭᠠᠰᠤᠨ ᠤ ᠨᠠᠮ ᠤᠨ ᠡᠭᠦᠷ ᠤᠨ ᠬᠠᠭᠤᠴᠢᠨ ᠪᠠᠭᠤᠷᠢ
ᠨᠡᠶᠢᠲᠡᠯᠡᠭᠰᠡᠨ ᠴᠠᠭ᠄
2023/6/21
      ᠬᠢᠩᠭᠠᠨ ᠪᠠᠯᠭᠠᠰᠤᠨ ᠤ ᠨᠠᠮ ᠤᠨ ᠡᠭᠦᠷ ᠤᠨ ᠬᠠᠭᠤᠴᠢᠨ ᠪᠠᠭᠤᠷᠢ    ᠬᠢᠩᠭᠠᠨ ᠪᠠᠯᠭᠠᠰᠤᠨ ᠤ ᠨᠠᠮ ᠤᠨ ᠡᠭᠦᠷ ᠤᠨ ᠬᠠᠭᠤᠴᠢᠨ ᠪᠠᠭᠤᠷᠢ ᠨᠢ ᠥᠪᠥᠷ ᠮᠣᠩᠭᠤᠯ ᠤᠨ ᠬᠢᠩᠭᠠᠨ ᠠᠶᠢᠮᠠᠭ ᠤᠨ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ  ᠪᠤᠷᠭᠠᠰᠤᠲᠠᠢ ᠰᠢᠶᠠᠩ ᠤᠨ ᠬᠢᠩᠭᠠᠨ ᠲᠣᠰᠬᠤᠨ ᠤ ᠭᠤᠣᠯ ᠬᠡᠰᠡᠭ ᠲᠤ ᠪᠤᠢ᠃    ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠪᠤᠷᠭᠠᠰᠤᠲᠠᠢ ᠰᠢᠶᠠᠩ ᠪᠣᠯ ᠬᠢᠩᠭᠠᠨ ᠠᠶᠢᠮᠠᠭ ᠤᠨ ᠨᠠᠮ ᠪᠠᠶᠢᠭᠤᠯᠵᠤ ᠵᠠᠰᠠᠭ ᠪᠠᠶᠢᠭᠤᠯᠤᠭᠰᠠᠨ ᠬᠠᠮᠤᠭ ᠤᠨ ᠡᠷᠲᠡ ᠴᠢᠯᠦᠭᠡᠯᠡᠭᠳᠡᠭᠰᠡᠨ ᠣᠷᠣᠨ ᠤ ᠨᠢᠭᠡ ᠪᠣᠯᠣᠨ᠎ᠠ᠂ ᠬᠢᠩᠭᠠᠨ ᠠᠶᠢᠮᠠᠭ ᠤᠨ ᠠᠩᠬᠠᠳᠠᠭᠴᠢ  ᠨᠤᠲᠤᠭ ᠤᠨ ᠠᠷᠠᠳᠴᠢᠯᠠᠭᠰᠠᠨ ᠵᠠᠰᠠᠭ ᠤᠨ ᠣᠷᠳᠣᠨ ︱ ᠪᠤᠷᠭᠠᠰᠦᠲᠠᠨᠨᠤᠲᠤᠭ ᠵᠠᠰᠠᠭ ᠤᠨ ᠣᠷᠳᠣᠨ ᠪᠣᠯᠣᠨ᠎ᠠ᠂ ᠠᠩᠬᠠᠳᠠᠭᠴᠢ ᠬᠥᠳᠡᠭᠡ ᠲᠣᠰᠬᠤᠨ ᠤ ᠨᠠᠮ ᠤᠨ ᠡᠭᠦᠷ ︱ ᠬᠢᠩᠭᠠᠨ ᠪᠠᠯᠭᠠᠰᠤᠨ ᠤ ᠨᠠᠮ ᠤᠨ ᠡᠭᠦᠷ ᠴᠥᠮ ᠠᠳᠡ ᠮᠡᠨᠳᠦᠯᠡᠵᠡᠢ᠃    1946 ᠣᠨ ᠤ 9 ᠰᠠᠷ᠎ᠠ ᠶᠢᠨ 1 ᠤ ᠡᠳᠦᠷ᠂ ᠰᠦ᠋ᠩ ᠵᠧᠨ ᠳ᠋ᠢᠩ᠂ ᠵᠢᠶᠠᠩ ᠪᠢ ᠿᠧᠨ᠂ ᠫᠠᠨ  ᠽᠦ᠋ ᠱᠧᠩ᠂ ᠸᠠᠩ ᠶᠢᠨ ᠬᠠᠢ ᠨᠠᠷ ᠤᠨ ᠤᠳᠤᠷᠢᠳᠤᠯᠭ᠎ᠠ ᠳᠣᠣᠷ᠎ᠠ᠂ ᠳᠡᠭᠡᠳᠦ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠵᠥᠪᠰᠢᠶᠡᠷᠡᠯ ᠢᠶᠠᠷ᠂  ᠪᠤᠷᠭᠠᠰᠤᠲᠠᠢ ᠨᠤᠲᠤᠭ ᠤᠨ ᠬᠢᠩᠭᠠᠨ ᠪᠠᠯᠭᠠᠰᠤᠨ ᠳᠤ ᠠᠩᠬᠠᠨ ᠤ ᠪᠦᠯᠦᠭ ᠲᠠᠷᠢᠶᠠᠴᠢᠨ ᠨᠠᠮ ᠤᠨ ᠭᠡᠰᠢᠭᠦᠨ ᠢ ᠡᠯᠰᠡᠪᠡ᠂  ᠯᠢ  ᠭᠦᠸᠧ ᠹᠠᠩ᠂ ᠸᠧᠨ ᠶᠦ᠋ᠩ ᠬᠠᠢ᠂ ᠵᠠᠩ ᠳ᠋ᠧ ᠱᠧᠩ᠂ ᠸᠠᠩ ᠹᠦ᠋᠂ ᠾᠧᠦ ᠹᠦ᠋ ᠱᠦᠨ᠂ ᠰᠦᠨ ᠢᠦᠢ  ᠱᠤ᠋᠂ ᠯᠢ ᠵᠢᠩ  ᠺᠦᠢ᠂ ᠳ᠋ᠢᠩ ᠹᠦ᠋ ᠶᠠᠨ᠂ ᠵᠠᠩ ᠵᠢᠢ ᠴᠢᠤᠸᠠᠨ᠂ ᠯᠢ ᠵᠧᠨ ᠺᠤᠸᠠᠨ ᠵᠡᠷᠭᠡ ᠬᠥᠮᠥᠰ ᠢ ᠡᠯᠰᠡᠨ ᠠᠪᠴᠠᠢ᠂  ᠡᠭᠦᠨ ᠤ ᠬᠠᠮᠲᠤ᠂ ᠬᠢᠩᠭᠠᠨ ᠠᠶᠢᠮᠠᠭ ᠤᠨ ᠬᠥᠳᠡᠭᠡ ᠲᠣᠰᠬᠤᠨ ᠤ ᠠᠩᠬᠠᠳᠠᠭᠴᠢ ᠨᠠᠮ ᠤᠨ ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ ︱ ᠬᠢᠩᠭᠠᠨ ᠪᠠᠯᠭᠠᠰᠤᠨ ᠤ ᠨᠠᠮ ᠤᠨ ᠡᠭᠦᠷ ᠢ ᠪᠠᠶᠢᠭᠤᠯᠵᠤ᠂ ᠯᠢ ᠭᠦᠸᠧ ᠹᠠᠩ ᠱᠦᠵᠢ ᠶᠢᠨ ᠲᠤᠰᠢᠶᠠᠯ ᠢ ᠡᠭᠦᠷᠭᠡᠯᠡᠪᠡ᠃ ᠬᠤᠵᠢᠮ ᠨᠢ ᠬᠥᠮᠥᠰ ᠬᠢᠩᠭᠠᠨ ᠪᠠᠯᠭᠠᠰᠤᠨ ᠤ ᠨᠠᠮ ᠤᠨ ᠡᠭᠦᠷ ᠢ ᠬᠢᠩᠭᠠᠨ ᠲᠣᠰᠬᠤᠨ ᠤ ᠨᠢᠭᠡᠳᠦᠭᠡᠷ ᠨᠠᠮ ᠤᠨ ᠡᠭᠦᠷ ᠭᠡᠵᠦ ᠳᠠᠭᠤᠳᠠᠬᠤ ᠵᠠᠩᠰᠢᠯ ᠲᠠᠢ ᠪᠣᠯᠪᠠ᠃    1947 ᠣᠨ ᠤ 8 ᠰᠠᠷ᠎ᠠ ᠳᠤ᠂ ᠬᠢᠩᠭᠠᠨ ᠠᠶᠢᠮᠠᠭ ᠤᠨ ᠭᠤᠣᠯ ᠬᠤᠰᠢᠭᠤᠨ ᠤ ᠨᠠᠮ ᠤᠨ ᠬᠤᠷᠢᠶ᠎ᠠ ᠶᠢᠨ ᠲᠣᠭᠲᠠᠭᠠᠯ ᠢᠶᠠᠷ᠂  ᠪᠤᠷᠭᠠᠰᠦᠲᠠᠨᠨᠤᠲᠤᠭ ᠤᠨ ᠨᠠᠮ ᠤᠨ ᠡᠭᠦᠷ ᠢ ᠪᠠᠶᠢᠭᠤᠯᠪᠠ︔ 1948 ᠣᠨ ᠤ 3 ᠰᠠᠷ᠎ᠠ ᠳᠤ᠂  ᠪᠤᠷᠭᠠᠰᠦᠲᠠᠨᠨᠤᠲᠤᠭ ᠤᠨ ᠨᠠᠮ ᠤᠨ ᠡᠭᠦᠷ ᠤᠨ ᠰᠠᠭᠤᠷᠢᠨ ᠳᠡᠭᠡᠷ᠎ᠡ ᠳᠤᠮᠳᠠᠳᠤ ᠤᠯᠤᠰ ᠤᠨ ᠡᠪ ᠬᠠᠮᠲᠤ ᠨᠠᠮ  ᠪᠠᠶᠢᠭᠤᠯᠤᠭᠳᠠᠪᠠ᠃ 1948 ᠣᠨ ᠤ 9 ᠰᠠᠷ᠎ᠠ ᠳᠤ᠂  ᠪᠤᠷᠭᠠᠰᠦᠲᠠᠨᠨᠤᠲᠤᠭ ᠠᠵᠢᠯ ᠤᠨ ᠬᠤᠷᠢᠶ᠎ᠠ ᠶᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠪᠤᠷᠭᠠᠰᠦᠲᠠᠨᠨᠤᠲᠤᠭ ᠤᠨ ᠬᠤᠷᠢᠶ᠎ᠠ ᠪᠣᠯᠭᠠᠨ ᠥᠭᠡᠷᠡᠴᠢᠯᠡᠨ ᠪᠠᠶᠢᠭᠤᠯᠪᠠ᠃    ᠬᠢᠩᠭᠠᠨ ᠤ ᠨᠢᠭᠡᠳᠦᠭᠡᠷ ᠤᠯᠠᠭᠠᠨ ᠭᠠᠴᠠᠭᠠᠨ ᠤ ᠨᠠᠮ ᠤᠨ ᠡᠭᠦᠷ ᠤᠨ ᠬᠠᠭᠤᠴᠢᠨ ᠪᠠᠭᠤᠷᠢ ᠶᠢ ᠤᠳᠠᠭᠠᠨ ᠵᠢᠯ ᠵᠠᠰᠠᠭᠰᠠᠨ ᠦᠭᠡᠢ ᠠᠴᠠ ᠪᠣᠯᠵᠤ ᠨᠢᠭᠡᠨᠲᠡ ᠡᠪᠳᠡᠪᠡ᠃ 2007 ᠣᠨ ᠤ ᠬᠠᠪᠤᠷ᠂  ᠪᠤᠷᠭᠠᠰᠤᠲᠠᠢ ᠬᠡᠷᠡᠭ ᠡᠷᠬᠢᠯᠡᠬᠦ ᠭᠠᠵᠠᠷ ᠤᠨ ᠨᠠᠮ ᠤᠨ ᠠᠵᠢᠯᠯᠠᠬᠤ ᠬᠤᠷᠢᠶ᠎ᠠ ᠪᠣᠯᠣᠨ ᠬᠢᠩᠭᠠᠨ ᠲᠣᠰᠬᠤᠨ ᠤ ᠨᠠᠮ ᠤᠨ ᠡᠭᠦᠷ ᠤᠤᠯ ᠤᠨ ᠭᠠᠵᠠᠷ ᠲᠠᠭᠠᠨ ᠨᠠᠮ ᠤᠨ ᠡᠭᠦᠷ ᠤᠨ ᠠᠵᠢᠯᠯᠠᠬᠤ ᠬᠠᠭᠤᠴᠢᠨ ᠭᠠᠵᠠᠷ ᠢ ᠰᠡᠷᠭᠦᠭᠡᠨ ᠪᠠᠶᠢᠭᠤᠯᠵᠤ᠂ ᠬᠤᠶᠠᠷ ᠲᠠᠰᠤᠯᠭ᠎ᠠ ᠠᠵᠢᠯᠯᠠᠬᠤ ᠭᠠᠵᠠᠷ ᠢ ᠰᠡᠷᠭᠦᠭᠡᠬᠦ ᠶᠢᠨ ᠬᠠᠮᠲᠤ ᠲᠦᠷᠪᠡᠨ ᠲᠠᠯ᠎ᠠ ᠪᠠᠷ ᠢᠶᠠᠨ ᠬᠦᠷᠢᠶ᠎ᠡ ᠬᠡᠷᠡᠮ ᠪᠣᠰᠬᠠᠵᠠᠢ᠃ 2010 ᠣᠨ ᠤ 5 ᠰᠠᠷ᠎ᠠ ᠳᠤ᠂ ᠬᠢᠩᠭᠠᠨ ᠪᠠᠯᠭᠠᠰᠤᠨ ᠤ ᠨᠠᠮ ᠤᠨ ᠡᠭᠦᠷ ᠤᠨ ᠬᠠᠭᠤᠴᠢᠨ ᠪᠠᠭᠤᠷᠢ ᠶᠢ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠠᠴᠠ ᠭᠤᠣᠯᠳᠠᠯᠭ᠎ᠠ ᠲᠠᠢ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠨᠢᠭᠡᠴᠡ ᠪᠣᠯᠭᠠᠪᠠ︔ 2010 ᠣᠨ ᠤ 6 ᠰᠠᠷ᠎ᠠ ᠶᠢᠨ 28 ᠤ ᠡᠳᠦᠷ᠂ ᠬᠢᠩᠭᠠᠨ ᠠᠶᠢᠮᠠᠭ ᠤᠨ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠠᠴᠠ ᠲᠡᠭᠦᠨ ᠢ ᠪᠥᠬᠦ ᠠᠶᠢᠮᠠᠭ ᠤᠨ ᠨᠠᠮ ᠤᠨ ᠭᠡᠰᠢᠭᠦᠨ ᠺᠠᠳ᠋ᠷᠴᠤᠳ ᠤᠨ ᠰᠤᠷᠭᠠᠨ ᠬᠥᠮᠦᠵᠢᠯ ᠤᠨ ᠰᠠᠭᠤᠷᠢᠨ ᠡᠳᠦᠭᠡ᠂ ᠰᠡᠷᠭᠦᠭᠡᠨ ᠪᠠᠶᠢᠭᠤᠯᠵᠤ ᠰᠡᠯᠪᠢᠨ ᠵᠠᠰᠠᠭᠰᠠᠨ ᠤ ᠳᠠᠷᠠᠭᠠᠬᠢ ᠬᠢᠩᠭᠠᠨ ᠪᠠᠯᠭᠠᠰᠤᠨ ᠤ ᠨᠠᠮ ᠤᠨ ᠡᠭᠦᠷ ᠤᠨ ᠬᠠᠭᠤᠴᠢᠨ ᠪᠠᠭᠤᠷᠢ ᠨᠢ ᠨᠢᠭᠡᠨᠲᠡ ᠬᠢᠩᠭᠠᠨ ᠠᠶᠢᠮᠠᠭ ᠤᠨ ᠠᠩᠬᠠᠳᠠᠭᠴᠢ ᠨᠠᠮ ᠤᠨ ᠭᠡᠰᠢᠭᠦᠨ ᠺᠠᠳ᠋ᠷ ᠤᠨ ᠬᠥᠮᠦᠵᠢᠯ ᠤᠨ ᠰᠠᠭᠤᠷᠢᠨ᠂ ᠵᠠᠯᠠᠭᠤᠴᠤᠳ ᠪᠠᠭᠠᠴᠤᠳ ᠤᠨ ᠤᠯᠤᠰ ᠢᠶᠠᠨ ᠬᠠᠶᠢᠷᠠᠯᠠᠬᠤ ᠦᠵᠡᠯ ᠤᠨ ᠬᠥᠮᠦᠵᠢᠯ ᠤᠨ ᠰᠠᠭᠤᠷᠢᠨ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠡᠦᠬᠡ ᠶᠢᠨ ᠬᠥᠮᠦᠵᠢᠯ ᠤᠨ ᠰᠠᠭᠤᠷᠢᠨ ᠪᠣᠯᠤᠭᠰᠠᠨ ᠪᠠᠶᠢᠨ᠎ᠠ᠃
 
ᠢᠷᠡᠯᠲᠡ᠄ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号