ᠸᠠᠩ ᠯᠢ ᠳ᠋ᠦᠩ ᠬᠡᠰᠡᠭ ᠰᠤᠮᠤ ᠰᠢᠶᠠᠩ ᠪᠠᠯᠭᠠᠰᠤᠨ ᠳᠤ ᠭᠦᠨᠵᠡᠭᠡᠶᠢᠷᠡᠨ ᠣᠳᠣᠬᠠᠨ ᠤ ᠭᠤᠣᠯᠳᠠᠯᠭ᠎ᠠ ᠲᠠᠢ ᠠᠵᠢᠯ ᠢ ᠪᠠᠶᠢᠴᠠᠭᠠᠨ ᠰᠤᠳᠤᠯᠵᠤ ᠵᠢᠭᠠᠨ ᠵᠢᠯᠣᠭᠤᠳᠪᠠ
ᠨᠡᠶᠢᠲᠡᠯᠡᠭᠰᠡᠨ ᠴᠠᠭ᠄
2023/6/28
   6 ᠰᠠᠷ᠎ᠠ ᠶᠢᠨ 26 ᠤ ᠡᠳᠦᠷ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠸᠠᠩ ᠯᠢ ᠳ᠋ᠦᠩ ᠬᠡᠰᠡᠭ ᠰᠤᠮᠤ ᠰᠢᠶᠠᠩ ᠪᠠᠯᠭᠠᠰᠤᠨ ᠳᠤ ᠭᠦᠨᠵᠡᠭᠡᠶᠢᠷᠡᠨ ᠣᠳᠣᠬᠠᠨ ᠤ ᠭᠤᠣᠯᠳᠠᠯᠭ᠎ᠠ ᠲᠠᠢ ᠠᠵᠢᠯ ᠢ ᠪᠠᠶᠢᠴᠠᠭᠠᠨ ᠵᠢᠯᠤᠭᠤᠳᠴᠤ᠂ ᠬᠤᠰᠢᠭᠤᠨ ᠤ ᠵᠠᠰᠠᠭ ᠤᠨ ᠣᠷᠳᠣᠨ ᠤ ᠬᠠᠮᠢᠶ᠎ᠠ ᠪᠦᠬᠦᠢ ᠤᠳᠤᠷᠢᠳᠤᠯᠭ᠎ᠠ ᠵᠢᠴᠢ ᠬᠡᠰᠡᠭ ᠰᠤᠮᠤ ᠰᠢᠶᠠᠩ ᠪᠠᠯᠭᠠᠰᠤᠨ ᠤ ᠬᠠᠷᠢᠭᠤᠴᠠᠯᠭᠠᠲᠠᠳ ᠬᠠᠮᠲᠤ ᠪᠠᠷ ᠪᠠᠶᠢᠴᠠᠭᠠᠨ ᠰᠤᠳᠤᠯᠤᠯᠲᠠ ᠬᠢᠪᠡ᠃   ᠸᠠᠩ ᠯᠢ ᠳ᠋ᠦᠩ ᠨᠠᠷ ᠤᠷᠢᠳ ᠬᠤᠵᠢᠳ ᠠᠯᠳᠠᠷ ᠰᠤᠮᠤ ᠶᠢᠨ ᠤᠳᠤ ᠦᠶ᠎ᠡ ᠶᠢᠨ ᠡᠪᠡᠰᠦᠨ ᠤ ᠠᠵᠤ ᠦᠢᠯᠡᠰ ᠤᠨ ᠡᠳ᠋ᠰᠢᠭᠦᠯᠵᠦ ᠡᠳ᠋ ᠪᠠᠷᠠᠭᠠᠨ ᠤ ᠭᠦᠢᠯᠭᠡᠭᠡᠨ ᠤ ᠠᠷᠠᠯᠵᠢᠶᠠᠨ ᠤ ᠬᠦᠷᠢᠶᠡᠯᠡᠩ ᠲᠣᠭᠤᠷᠢᠭ᠂ ᠲᠢᠶᠠᠨ ᠰᠢᠩ ᠶᠤᠸᠠᠨ ᠲᠥᠮᠥᠰᠥ ᠶᠢᠨ ᠠᠵᠤ ᠦᠢᠯᠡᠰ ᠤᠨ ᠬᠦᠷᠢᠶᠡᠯᠡᠩ᠂  ᠳᠡᠪᠰᠡᠭ ᠪᠠᠯᠭᠠᠰᠤᠨ ᠤ ᠬᠠᠷ᠎ᠠ ᠢᠮᠠᠭᠠᠲᠤ ᠶᠢᠨ ᠠᠭᠤᠯᠠᠨ ᠤ ᠵᠢᠭᠤᠯᠴᠢᠯᠠᠯ ᠤᠨ ᠠᠮᠠᠷᠠᠯᠲᠠ ᠶᠢᠨ ᠲᠣᠭᠤᠷᠢᠭ᠂ ᠮᠧᠩ ᠢ ᠡᠯᠧᠺᠲᠷᠣᠨ ᠬᠤᠳᠠᠯᠳᠤᠭᠠᠨ ᠤ ᠰᠠᠭᠤᠷᠢᠨ ᠭᠠᠵᠠᠷ᠂ ᠴᠠᠷᠠᠰᠤᠨ ᠪᠠᠯᠭᠠᠰᠤᠨ ᠤ ᠴᠠᠭ ᠤᠨ ᠴᠡᠴᠡᠷᠯᠢᠭ ᠦᠵᠡᠮᠵᠢ ᠶᠢᠨ ᠣᠷᠣᠨ ᠳᠤ ᠬᠦᠷᠴᠦ᠂ ᠣᠳᠣᠬᠠᠨ ᠤ ᠡᠯ᠎ᠡ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠬᠢᠴᠠ ᠶᠢ ᠣᠶᠢᠯᠠᠭᠠᠬᠤ ᠶᠢᠨ ᠬᠠᠮᠲᠤ ᠬᠠᠯᠠᠨ ᠰᠠᠶᠢᠵᠢᠷᠠᠭᠤᠯᠬᠤ ᠴᠢᠬᠤᠯᠠᠲᠠᠢ ᠠᠰᠠᠭᠤᠳᠠᠯ ᠢ ᠵᠢᠭᠠᠵᠤ ᠭᠠᠷᠭᠠᠪᠠ᠃    ᠠᠯᠳᠠᠷ ᠰᠤᠮᠤᠨ ᠤ ᠤᠳᠤ ᠦᠶ᠎ᠡ ᠶᠢᠨ ᠡᠪᠡᠰᠦᠨ ᠤ ᠠᠵᠤ ᠦᠢᠯᠡᠰ ᠤᠨ ᠡᠳ᠋ᠰᠢᠭᠦᠯᠵᠦ ᠪᠣᠯᠪᠠᠰᠤᠷᠠᠭᠤᠯᠬᠤ ᠪᠠᠷᠠᠭᠠᠨ ᠤ ᠭᠦᠢᠯᠭᠡᠭᠡᠨ ᠤ ᠠᠷᠠᠯᠵᠢᠶᠠᠨ ᠤ ᠬᠦᠷᠢᠶᠡᠯᠡᠩ ᠲᠣᠭᠤᠷᠢᠭ ᠲᠤ᠂ ᠸᠠᠩ ᠯᠢ ᠳ᠋ᠦᠩ ᠬᠦᠷᠢᠶᠡᠯᠡᠩ ᠲᠣᠭᠤᠷᠢᠭ ᠤᠨ ᠡᠪᠡᠰᠦᠨ ᠤ ᠠᠵᠤ ᠦᠢᠯᠡᠰ ᠤᠨ ᠨᠡᠭᠡᠭᠡᠨ ᠬᠥᠭᠵᠢᠭᠦᠯᠬᠦ ᠵᠠᠭᠪᠤᠷ᠂ ᠡᠪᠡᠰᠦ ᠪᠣᠷᠳᠤᠭ᠎ᠠ ᠶᠢᠨ ᠬᠥᠮᠥᠷᠭᠡ ᠶᠢᠨ ᠪᠦᠲᠦᠭᠡᠨ ᠪᠠᠶᠢᠭᠤᠯᠤᠯᠲᠠ ᠶᠢᠨ ᠲᠥᠯᠦᠪᠵᠢᠭᠦᠯᠭᠡ ᠵᠡᠷᠭᠡ ᠲᠠᠯ᠎ᠠ ᠶᠢᠨ ᠪᠠᠶᠢᠳᠠᠯ ᠤᠨ ᠲᠠᠨᠢᠯᠴᠠᠭᠤᠯᠭ᠎ᠠ ᠶᠢ ᠰᠣᠨᠣᠰᠴᠤ᠂ ᠲᠤᠬᠠᠢ ᠶᠢᠨ ᠭᠠᠵᠠᠷ ᠲᠤᠨᠢ ᠡᠪᠡᠰᠦ ᠬᠠᠳᠠᠭᠠᠯᠠᠬᠤ ᠬᠥᠮᠥᠷᠭᠡ ᠶᠢ ᠪᠠᠶᠢᠴᠠᠭᠠᠨ ᠦᠵᠡᠵᠦ᠂ ᠣᠳᠣᠬᠠᠨ ᠤ ᠡᠪᠡᠰᠦᠨ ᠤ ᠠᠵᠤ ᠦᠢᠯᠡᠰ ᠤᠨ ᠦᠢᠯᠡᠳᠪᠦᠷᠢᠯᠡᠵᠦ ᠡᠳ᠋ᠰᠢᠭᠦᠯᠵᠦ ᠪᠣᠷᠣᠯᠠᠭᠤᠯᠵᠤ ᠪᠠᠶᠢᠭ᠎ᠠ ᠪᠠᠶᠢᠳᠠᠯ ᠢ ᠨᠠᠷᠢᠨ ᠣᠶᠢᠯᠠᠭᠠᠪᠠ᠃ ᠸᠠᠩ ᠯᠢ ᠳ᠋ᠦᠩ᠂ ᠵᠥᠪ ᠣᠨᠣᠪᠴᠢᠲᠠᠢ ᠵᠠᠳᠠᠯᠵᠤ᠂ ᠨᠢᠭᠡᠳᠦᠯᠲᠡᠢ ᠲᠥᠯᠥᠪᠵᠢᠭᠦᠯᠵᠦ᠂ ᠪᠠᠶᠢᠷᠢᠰᠢᠭᠤᠯᠤᠯᠲᠠ ᠶᠢ ᠰᠢᠯᠢᠳᠡᠭᠵᠢᠭᠦᠯᠵᠦ᠂ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠬᠤ ᠬᠡᠷᠡᠭᠲᠡᠢ᠃ ᠵᠠᠰᠠᠭ ᠤᠨ ᠣᠷᠳᠣᠨ ᠨᠢ ᠠᠵᠤ ᠦᠢᠯᠡᠰ ᠤᠨ ᠪᠦᠲᠦᠭᠡᠨ ᠪᠠᠶᠢᠭᠤᠯᠤᠯᠲᠠ ᠶᠢᠨ ᠬᠤᠭᠤᠴᠠᠭᠠᠨ ᠳᠤ ᠬᠡᠷᠡᠭᠴᠡᠭᠡ ᠱᠠᠭᠠᠷᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠦᠨ ᠦᠢᠯᠡᠴᠢᠯᠡᠭᠡ ᠪᠠᠨ ᠴᠢᠩᠭᠠᠳᠬᠠᠵᠤ᠂ ᠬᠦᠷᠢᠶᠡᠯᠡᠩ ᠲᠣᠭᠤᠷᠢᠭ ᠵᠢᠴᠢ ᠬᠠᠮᠢᠶ᠎ᠠ ᠪᠦᠬᠦᠢ ᠰᠠᠯᠠᠭ᠎ᠠ ᠮᠥᠴᠢᠷ ᠤᠳ ᠰᠠᠨᠠᠭᠠᠴᠢᠯᠠᠭ᠎ᠠ ᠠᠴᠠ ᠪᠠᠨ ᠳᠠᠭᠠᠵᠤ᠂ ᠡᠪᠡᠰᠦ ᠪᠣᠷᠳᠣᠭᠠᠨ ᠤ ᠬᠥᠮᠥᠷᠭᠡ ᠶᠢᠨ ᠪᠦᠲᠦᠭᠡᠨ ᠪᠠᠶᠢᠭᠤᠯᠤᠯᠲᠠ ᠶᠢᠨ ᠤᠷᠤᠭᠰᠢᠲᠠᠢ ᠶᠠᠪᠤᠭᠳᠠᠬᠤ ᠶᠢ ᠪᠠᠲᠤᠯᠠᠵᠤ᠂ ᠠᠵᠤ ᠠᠬᠤᠶᠢᠯᠠᠯ ᠢ ᠰᠠᠨᠠᠭ᠎ᠠ ᠠᠮᠤᠷ ᠦᠢᠯᠡᠳᠪᠦᠷᠢᠯᠡᠵᠦ ᠡᠵᠡᠩᠨᠡᠬᠦ ᠪᠣᠯᠭᠠᠬᠤ ᠬᠡᠷᠡᠭᠲᠡᠢ ᠭᠡᠵᠡᠢ᠃   ᠲᠢᠶᠠᠨ ᠰᠢᠩ ᠶᠤᠸᠠᠨ ᠲᠥᠮᠥᠰᠥᠨ ᠤ ᠠᠵᠤ ᠦᠢᠯᠡᠰ ᠤᠨ ᠬᠦᠷᠢᠶᠡᠯᠡᠩ ᠳᠤ᠂ ᠸᠠᠩ ᠯᠢ ᠳ᠋ᠦᠩ ᠴᠠᠷᠳᠠᠭᠤᠯ ᠤᠨ ᠬᠥᠮᠥᠷᠭᠡᠯᠡᠯᠲᠡ ᠪᠣᠯᠣᠨ ᠦᠢᠯᠡᠳᠪᠦᠷᠢᠯᠡᠯ ᠤᠨ ᠱᠤᠭᠤᠮ ᠢ ᠪᠠᠶᠢᠴᠠᠭᠠᠨ ᠦᠵᠡᠵᠦ᠂ ᠲᠥᠮᠥᠰᠥ ᠶᠢᠨ ᠦᠷ᠎ᠡ ᠪᠣᠶᠢᠵᠢᠭᠤᠯᠤᠯᠲᠠ᠂ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ᠂ ᠦᠢᠯᠡᠳᠪᠦᠷᠢᠯᠡᠯ ᠤᠨ ᠬᠡᠮᠵᠢᠶ᠎ᠡ ᠪᠣᠯᠣᠨ ᠪᠣᠷᠤᠯᠠᠭᠤᠯᠭ᠎ᠠ ᠵᠡᠷᠭᠡ ᠪᠠᠶᠢᠳᠠᠯ ᠢ ᠣᠶᠢᠯᠠᠭᠠᠬᠤ ᠶᠢᠨ ᠬᠠᠮᠲᠤ᠂ ᠬᠦᠷᠢᠶᠡᠯᠡᠩ ᠲᠣᠭᠤᠷᠢᠭ ᠤᠨ ᠦᠷ᠎ᠡ ᠪᠣᠶᠢᠵᠢᠭᠤᠯᠬᠤ ᠦᠢᠯᠡᠳᠪᠦᠷᠢᠯᠡᠯ ᠤᠨ ᠳᠠᠪᠠᠭᠤᠯᠢᠭ ᠮᠡᠳᠡᠭᠳᠡᠮ᠎ᠡ ᠪᠠᠶᠢᠨ᠎ᠠ᠂ ᠴᠢᠨᠠᠷ ᠰᠠᠶᠢᠲᠠᠢ ᠲᠥᠮᠥᠰᠥ ᠲᠠᠷᠢᠬᠤ ᠪᠣᠯᠪᠠᠰᠤᠷᠠᠯ ᠢ ᠴᠢᠩᠭᠠᠳᠬᠠᠵᠤ᠂ ᠬᠦᠷᠢᠶᠡᠯᠡᠩ ᠲᠣᠭᠤᠷᠢᠭ ᠤᠨ ᠮᠡᠷᠭᠡᠵᠢᠯ ᠳᠡᠯᠭᠡᠷᠡᠭᠦᠯᠬᠦ ᠬᠦᠴᠦᠨ ᠢ ᠪᠠᠳᠠᠷᠠᠭᠤᠯᠵᠤ᠂ ᠲᠥᠮᠥᠰᠥ ᠶᠢᠨ ᠦᠷ᠎ᠡ ᠪᠠ ᠬᠤᠳᠠᠯᠳᠤᠨ ᠠᠪᠬᠤ ᠬᠤᠶᠠᠷ ᠲᠠᠯ᠎ᠠ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠲᠥᠮᠥᠰᠥ ᠶᠢᠨ ᠠᠵᠤ ᠦᠢᠯᠡᠰ ᠤᠨ ᠬᠥᠭᠵᠢᠯᠲᠡ ᠶᠢ ᠳᠠᠶᠢᠴᠢᠯᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃    ᠳᠡᠪᠰᠡᠭ ᠪᠠᠯᠭᠠᠰᠤᠨ ᠤ ᠬᠠᠷ᠎ᠠ ᠢᠮᠠᠭᠠᠲᠤ ᠶᠢᠨ ᠠᠭᠤᠯᠠᠨ ᠤ ᠵᠢᠭᠤᠯᠴᠢᠯᠠᠯ ᠠᠮᠠᠷᠠᠯᠲᠠ ᠶᠢᠨ ᠣᠷᠣᠨ ᠳᠤ᠂ ᠸᠠᠩ ᠯᠢ ᠳ᠋ᠦᠩ ᠦᠵᠡᠮᠵᠢ ᠶᠢᠨ ᠣᠷᠣᠨ ᠤ ᠪᠦᠲᠦᠭᠡᠨ ᠪᠠᠶᠢᠭᠤᠯᠤᠯᠲᠠ ᠶᠢᠨ ᠠᠬᠢᠴᠠ ᠶᠢ ᠪᠠᠶᠢᠴᠠᠭᠠᠨ ᠦᠵᠡᠵᠦ᠂ ᠬᠠᠷ᠎ᠠ ᠢᠮᠠᠭᠠᠲᠤ ᠶᠢᠨ ᠠᠭᠤᠯᠠᠨ ᠤ ᠵᠢᠭᠤᠯᠴᠢᠯᠠᠯ ᠤᠨ ᠬᠥᠭᠵᠢᠯᠲᠡ ᠶᠢᠨ ᠪᠠᠶᠢᠳᠠᠯ ᠢ ᠨᠠᠷᠢᠨ ᠣᠶᠢᠯᠠᠭᠠᠪᠠ᠃ ᠸᠠᠩ ᠯᠢ ᠳ᠋ᠦᠩ᠂ ᠴᠡᠷᠢᠭ ᠤᠨ ᠬᠤᠸᠠᠷᠠᠨ ᠤ ᠪᠦᠲᠦᠭᠡᠨ ᠪᠠᠶᠢᠭᠤᠯᠤᠯᠲᠠ ᠶᠢ ᠬᠠᠮᠠᠭᠠᠯᠠᠯᠲᠠ ᠶᠢᠨ ᠰᠠᠭᠤᠷᠢᠨ ᠳᠡᠭᠡᠷ᠎ᠡ ᠨᠡᠭᠡᠭᠡᠨ ᠬᠥᠭᠵᠢᠭᠦᠯᠵᠦ᠂ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠴᠢᠳᠠᠮᠵᠢ ᠶᠢᠨ ᠳᠤᠲᠠᠭᠤᠳᠠᠯ ᠢ ᠨᠥᠬᠦᠪᠦᠷᠢᠯᠡᠵᠦ᠂ ᠵᠢᠭᠤᠯᠴᠢᠯᠠᠭᠴᠢᠳ ᠤᠨ ᠪᠡᠶᠡᠴᠢᠯᠡᠨ ᠣᠶᠢᠯᠠᠭᠠᠬᠤ ᠲᠥᠷᠥᠭᠳᠡᠯ᠂ ᠲᠠᠭᠠᠯᠠᠮᠵᠢ ᠶᠢ ᠲᠣᠪᠣᠶᠢᠮ᠎ᠠ ᠪᠠᠶᠢᠷᠢᠨ ᠳᠤ ᠲᠠᠯᠪᠢᠵᠤ᠂ ᠵᠢᠭᠤᠯᠴᠢᠯᠠᠯ ᠤᠨ ᠪᠦᠲᠦᠭᠡᠭᠳᠡᠬᠦᠨ ᠤ ᠬᠠᠩᠭᠠᠯᠭ᠎ᠠ ᠶᠢ ᠪᠠᠶᠠᠯᠢᠭᠵᠢᠭᠤᠯᠵᠤ᠂ ᠵᠢᠭᠤᠯᠴᠢᠯᠠᠯ ᠤᠨ ᠦᠢᠯᠡᠴᠢᠯᠡᠭᠡᠨ ᠤ ᠰᠢᠰᠲ᠋ᠧᠮ ᠢ ᠲᠡᠭᠦᠯᠳᠡᠷᠵᠢᠭᠦᠯᠵᠦ᠂ ᠪᠦᠬᠦ ᠤᠯᠠᠷᠢᠯ ᠤᠨ ᠵᠢᠭᠤᠯᠴᠢᠯᠠᠯ ᠤᠨ ᠦᠵᠡᠮᠵᠢ ᠶᠢᠨ ᠣᠷᠣᠨ ᠢ ᠪᠠᠶᠢᠭᠤᠯᠬᠤ ᠬᠡᠷᠡᠭᠲᠡᠢ ᠭᠡᠵᠦ ᠬᠡᠯᠡᠪᠡ᠃   ᠸᠠᠩ ᠯᠢ ᠳ᠋ᠦᠩ ᠪᠠᠰᠠ ᠮᠧᠩ ᠢ ᠡᠯᠧᠺᠲᠷᠣᠨ ᠬᠤᠳᠠᠯᠳᠤᠭᠠᠨ ᠤ ᠰᠠᠭᠤᠷᠢᠨ ᠭᠠᠵᠠᠷ ᠪᠠ ᠴᠠᠷᠠᠰᠤᠨ ᠤ ᠴᠠᠭ ᠤᠨ ᠴᠡᠴᠡᠷᠯᠢᠭ ᠦᠵᠡᠮᠵᠢ ᠶᠢᠨ ᠣᠷᠣᠨ ᠳᠤ ᠭᠦᠨᠵᠡᠭᠡᠶᠢᠷᠡᠨ᠂ ᠮᠧᠩ ᠢ  ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠦᠢᠯᠡᠴᠢᠯᠡᠭᠡᠨ ᠤ ᠥᠷᠲᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠥᠯᠦᠪᠵᠢᠭᠦᠯᠭᠡ ᠪᠠ ᠲᠠᠸᠠᠷ ᠤᠨ ᠨᠡᠭᠡᠭᠡᠯᠲᠡ ᠶᠢᠨ ᠴᠢᠭᠯᠡᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠪᠦᠲᠦᠭᠡᠨ ᠪᠠᠶᠢᠭᠤᠯᠤᠯᠲᠠ ᠶᠢᠨ ᠠᠬᠢᠴᠠ ᠵᠡᠷᠭᠡ ᠪᠠᠶᠢᠳᠠᠯ ᠢ ᠲᠤᠬᠠᠢ ᠶᠢᠨ ᠭᠠᠵᠠᠷ ᠲᠤᠨᠢ ᠣᠶᠢᠯᠠᠭᠠᠭᠰᠠᠨ ᠪᠥᠭᠡᠳ ᠵᠢᠭᠤᠯᠴᠢᠯᠠᠯ ᠤᠨ ᠦᠢᠯᠡᠳᠬᠦᠨ ᠤ ᠡᠵᠡᠩᠨᠡᠯᠲᠡ ᠪᠣᠷᠣᠯᠠᠭᠤᠯᠤᠯᠲᠠ ᠵᠢᠴᠢ ᠵᠢᠭᠤᠯᠴᠢᠯᠠᠯ ᠤᠨ ᠵᠦᠢᠯᠡᠰ ᠤᠨ ᠠᠯᠤᠰ ᠬᠡᠲᠦ ᠶᠢᠨ ᠲᠥᠯᠦᠪᠵᠢᠭᠦᠯᠭᠡ ᠳᠤ ᠪᠣᠳᠠᠲᠠᠢ ᠱᠠᠭᠠᠷᠳᠠᠯᠭ᠎ᠠ ᠳᠤᠷᠠᠳᠤᠭᠰᠠᠨ ᠪᠠᠶᠢᠨ᠎ᠠ᠃
 
ᠢᠷᠡᠯᠲᠡ᠄ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号