52 ᠳ᠋ᠤᠭᠠᠷ ︽ᠳᠡᠯᠡᠬᠡᠢ ᠶᠢᠨ ᠣᠷᠴᠢᠨ ᠲᠣᠭᠤᠷᠢᠨ ᠤ ᠡᠳᠦᠷᠯᠢᠭ︾ ᠬᠦᠷᠴᠦ ᠢᠷᠡᠬᠦ ᠲᠠᠰᠢᠷᠠᠮ ᠳᠤ᠂ ᠰᠢ ᠶᠢᠨ | ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ᠬᠠᠤᠯᠢ | ᠴᠠᠭᠠᠵᠠ ᠶᠢᠨ ᠬᠥᠲᠥᠯᠥᠨ ᠳᠠᠭᠠᠭᠤᠯᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠥᠷᠭᠡᠨ ᠤᠯᠠᠨ ᠲᠦᠮᠡᠨ ᠤ | ᠣᠷᠴᠢᠨ ᠲᠣᠭᠤᠷᠢᠨ ᠤ ᠬᠠᠮᠠᠭᠠᠯᠠᠯᠲᠠ ᠶᠢᠨ ᠤᠬᠠᠮᠰᠠᠷ ᠢ ᠳᠡᠭᠡᠭᠰᠢᠯᠡᠭᠦᠯᠬᠦ ᠶᠢᠨ ᠲᠥᠯᠥᠭᠡ᠂ ᠣᠶᠢᠷ᠎ᠠ ᠶᠢᠨ ᠡᠳᠦᠷ᠂ | ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠠᠳ ᠤᠨ ᠰᠢᠭᠦᠬᠦ ᠬᠤᠷᠢᠶ᠎ᠠ ᠶᠢᠨ ᠡᠷᠡᠭᠦᠦ ᠶᠢᠨ ᠬᠡᠷᠡᠭ ᠤᠨ | ᠲᠢᠩᠬᠢᠮ᠂ ᠡᠷᠬᠢᠲᠦ ᠰᠢᠭᠦᠬᠦ ᠲᠢᠩᠬᠢᠮ ᠤᠨ ᠺᠠᠳ᠋ᠷ ᠴᠠᠭᠳᠠᠭ᠎ᠠ ᠶᠤᠸᠠᠢ ᠶᠢᠨ ᠮᠤᠷᠢᠨ ᠲᠠᠯᠠᠪᠠᠢ ᠳᠤ ᠭᠦᠨᠵᠡᠭᠡᠶᠢᠷᠡᠵᠦ᠂ | ︽ᠬᠥᠮᠥᠨ ᠪᠠᠶᠢᠭᠠᠯᠢ ᠡᠶ᠎ᠡ ᠵᠣᠬᠢᠴᠠᠩᠭᠤᠢ ᠬᠠᠮᠲᠤ ᠪᠠᠷ ᠣᠷᠣᠰᠢᠬᠤ ᠣᠳᠣᠬᠢᠴᠢᠯᠠᠯᠲᠠ ᠶᠢ ᠪᠠᠶᠢᠭᠤᠯᠤᠶ᠎ᠠ︾ ᠪᠠᠷ | ᠭᠤᠣᠯ ᠰᠡᠳᠦᠪ ᠪᠣᠯᠭᠠᠭᠰᠠᠨ ᠬᠠᠤᠯᠢ ᠴᠠᠭᠠᠵᠠ ᠶᠢᠨ ᠮᠡᠳᠡᠯᠭᠡ ᠶᠢ ᠲᠦᠭᠡᠮᠡᠯᠵᠢᠭᠦᠯᠬᠦ ᠤᠬᠠᠭᠤᠯᠭ᠎ᠠ ᠶᠢᠨ | ᠠᠵᠢᠯᠯᠠᠭ᠎ᠠ ᠶᠢ ᠥᠷᠨᠢᠭᠦᠯᠵᠡᠢ᠃ | ᠠᠵᠢᠯᠯᠠᠭ᠎ᠠ ᠶᠢᠨ ᠲᠤᠬᠠᠢ ᠶᠢᠨ ᠲᠠᠯᠠᠪᠠᠶ᠂ ᠺᠠᠳ᠋ᠷ ᠴᠠᠭᠳᠠᠭ᠎ᠠ ᠣᠷᠴᠢᠨ ᠠᠬᠤᠢ ᠡᠬᠢ ᠪᠠᠶᠠᠯᠢᠭ ᠤᠨ | ᠬᠦᠷᠢᠶᠡᠨ ᠳᠠᠬᠢ ᠬᠠᠮᠤᠭ ᠤᠨ ᠰᠢᠨ᠎ᠡ ᠬᠠᠤᠯᠢ ᠴᠠᠭᠠᠵᠠ ᠬᠠᠤᠯᠢ ᠲᠣᠭᠲᠠᠭᠠᠯ᠂ ᠰᠣᠩᠭᠤᠳᠠᠭ ᠬᠡᠷᠡᠭ ᠤᠨ ᠵᠢᠱᠢᠶ᠎ᠡ ᠪᠠᠷ | ᠠᠭᠤᠯᠭ᠎ᠠ ᠪᠣᠯᠭᠠᠨ ᠶᠤᠸᠠᠢ ᠶᠢᠨ ᠮᠣᠷᠢᠨ ᠲᠠᠯᠠᠪᠠᠶ ᠶᠢᠨ ᠣᠯᠠᠨ ᠲᠦᠮᠡᠨ ᠳᠤ ᠣᠷᠴᠢᠨ ᠠᠬᠤᠢ ᠡᠬᠢ ᠪᠠᠶᠠᠯᠢᠭ ᠤᠨ | ᠬᠠᠮᠠᠭᠠᠯᠠᠯᠲᠠ ᠶᠢᠨ ᠬᠠᠤᠯᠢ ᠪᠠᠷ ᠵᠠᠰᠠᠬᠤ ᠬᠢᠴᠢᠶᠡᠯ ᠣᠷᠣᠵᠤ᠂ ᠡᠭᠦᠨ ᠤ ᠬᠠᠮᠲᠤ ᠰᠠᠭᠤᠭᠠᠯᠢ ᠠᠷᠠᠳ ᠲᠤ ︽ | ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠠᠤᠯᠢ︾᠂ ︽ | ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠣᠶ ᠰᠢᠭᠤᠢ ᠶᠢᠨ ᠬᠠᠤᠯᠢ ᠶᠢ ᠬᠡᠷᠡᠭᠵᠢᠭᠦᠯᠬᠦ ᠳᠦᠷᠢᠮ︾ | ᠵᠡᠷᠭᠡ ᠬᠠᠤᠯᠢ ᠴᠠᠭᠠᠵᠠ ᠶᠢᠨ ᠤᠬᠠᠭᠤᠯᠭ᠎ᠠ ᠶᠢᠨ ᠬᠠᠭᠤᠳᠠᠰᠤ ᠶᠢ ᠲᠠᠷᠬᠠᠭᠠᠵᠤ᠂ ᠳᠤᠷ᠎ᠠ ᠪᠠᠷ ᠢᠶᠠᠨ | ᠬᠠᠭᠠᠯᠪᠤᠷᠢᠯᠠᠭᠰᠠᠨ᠂ ᠲᠠᠷᠢᠶᠠᠯᠠᠩ ᠳᠤ ᠬᠡᠷᠡᠭᠯᠡᠬᠦ ᠭᠠᠵᠠᠷ ᠢ ᠬᠠᠤᠯᠢ ᠪᠤᠰᠤ ᠪᠠᠷ ᠡᠵᠡᠯᠡᠨ ᠬᠡᠷᠡᠭᠯᠡᠭᠰᠡᠨ ᠵᠡᠷᠭᠡ | ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠶᠢᠨ ᠬᠤᠣᠷ ᠬᠥᠨᠥᠭᠡᠯ ᠵᠢᠴᠢ ᠦᠷ᠎ᠡ ᠤᠷᠰᠢᠭ ᠢ ᠨᠠᠷᠢᠨ | ᠲᠣᠳᠣᠷᠬᠠᠢ ᠥᠭᠦᠯᠡᠵᠦ᠂ ᠤᠯᠠᠨ ᠲᠦᠮᠡᠨ ᠤ ᠳᠤᠷᠠᠳᠤᠭᠰᠠᠨ ᠬᠤᠯᠪᠣᠭᠳᠠᠯ ᠪᠦᠬᠦᠢ ᠠᠰᠠᠭᠤᠳᠠᠯ ᠳᠤ ᠬᠠᠷᠢᠭᠤᠯᠲᠠ | ᠥᠭᠴᠦ᠂ ᠤᠯᠠᠨ ᠲᠦᠮᠡᠨ ᠳᠤ ᠣᠷᠴᠢᠨ ᠠᠬᠤᠢ ᠶᠢ ᠬᠠᠮᠠᠭᠠᠯᠠᠬᠤ ᠶᠢᠨ ᠴᠢᠬᠤᠯᠠ ᠴᠢᠨᠠᠷ ᠢ ᠲᠠᠨᠢᠭᠤᠯᠵᠤ᠂ ᠤᠯᠠᠨ | ᠲᠦᠮᠡᠨ ᠢ ᠪᠣᠬᠢᠷᠲᠤᠯ ᠦᠭᠡᠢ ᠭᠡᠷ ᠣᠷᠣᠨ ᠢᠶᠠᠨ ᠬᠠᠮᠲᠤ ᠪᠠᠷ ᠬᠠᠮᠠᠭᠠᠯᠠᠬᠤ ᠶᠢ ᠤᠷᠢᠶᠠᠯᠠᠪᠠ᠃ | | |