ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ 2023 ᠣᠨ ᠤ ᠭᠠᠵᠠᠷ ᠤᠨ ᠭᠠᠢ ᠭᠠᠮᠰᠢᠭ ᠢ ᠰᠡᠷᠭᠡᠶᠢᠯᠡᠨ ᠵᠠᠰᠠᠬᠤ ᠲᠥᠰᠥᠯ
ᠨᠡᠶᠢᠲᠡᠯᠡᠭᠰᠡᠨ ᠴᠠᠭ᠄
2023/6/7
   ᠮᠠᠨ ᠤ ᠬᠤᠰᠢᠭᠤᠨ ᠤ 2023 ᠣᠨ ᠤ ᠭᠠᠵᠠᠷ ᠤᠨ ᠭᠠᠮᠰᠢᠭ ᠢ ᠰᠡᠷᠭᠡᠶᠢᠯᠡᠨ ᠵᠠᠰᠠᠬᠤ ᠠᠵᠢᠯ ᠢ ᠦᠨᠡᠨᠬᠦ ᠰᠠᠶᠢᠲᠤᠷ ᠬᠢᠬᠦ ᠶᠢᠨ ᠲᠥᠯᠥᠭᠡ᠂ ᠭᠠᠵᠠᠷ ᠰᠢᠨᠵᠢᠯᠡᠭᠡᠨ ᠤ ᠭᠠᠢ ᠭᠠᠮᠰᠢᠭ ᠤᠨ ᠠᠷᠠᠳ ᠲᠦᠮᠡᠨ ᠤ ᠠᠮᠢ ᠨᠠᠰᠤ ᠡᠳ᠋ ᠬᠥᠷᠥᠩᠭᠡ ᠳᠤ ᠤᠴᠠᠷᠠᠭᠤᠯᠬᠤ ᠬᠤᠬᠢᠷᠠᠯ ᠠᠴᠠ ᠵᠠᠶᠢᠯᠠᠰᠬᠢᠬᠦ ᠪᠤᠶᠤ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠵᠤ᠂ ᠭᠠᠵᠠᠷ ᠤᠨ ᠭᠠᠮᠰᠢᠭ ᠢ ᠰᠡᠷᠭᠡᠶᠢᠯᠡᠨ ᠵᠠᠰᠠᠬᠤ ᠳᠦᠷᠢᠮ ᠢ ᠦᠨᠳᠦᠰᠦᠯᠡᠪᠡᠯ ︽2023 ᠣᠨ ᠤ ᠪᠥᠬᠦ ᠤᠯᠤᠰ ᠤᠨ ᠭᠠᠵᠠᠷ ᠤᠨ ᠭᠠᠢ ᠭᠠᠮᠰᠢᠭ ᠢ ᠰᠡᠷᠭᠡᠶᠢᠯᠡᠨ ᠵᠠᠰᠠᠬᠤ ᠠᠵᠢᠯ ᠤᠨ ᠭᠤᠣᠯᠳᠠᠯᠭ᠎ᠠ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︿ᠠᠷᠪᠠᠨ ᠳᠥᠷᠪᠡᠳᠦᠭᠡᠷ ᠲᠠᠪᠤᠨ ᠵᠢᠯ﹀ ᠤᠨ ᠤᠯᠤᠰ ᠤᠨ ᠶᠡᠷᠦᠩᠬᠡᠶᠢᠯᠡᠨ ᠰᠡᠷᠭᠡᠶᠢᠯᠡᠨ ᠵᠠᠰᠠᠵᠤ ᠭᠠᠮᠰᠢᠭ ᠢ ᠪᠠᠭᠠᠰᠬᠠᠬᠤ ᠲᠥᠯᠦᠪᠵᠢᠭᠦᠯᠭᠡ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠬᠡᠷᠡᠭᠵᠢᠭᠦᠯᠬᠦ ᠲᠥᠰᠥᠯ︾ ︽ᠬᠢᠩᠭᠠᠨ ᠠᠶᠢᠮᠠᠭ ᠤᠨ ᠭᠠᠵᠠᠷ ᠤᠨ ᠭᠠᠢ ᠭᠠᠮᠰᠢᠭ ᠢ ᠰᠡᠷᠭᠡᠶᠢᠯᠡᠨ ᠵᠠᠰᠠᠬᠤ ᠲᠥᠯᠦᠪᠵᠢᠭᠦᠯᠭᠡ ︵2021 ︱ 2025 ᠣᠨ︶︾ ︽ᠬᠢᠩᠭᠠᠨ ᠠᠶᠢᠮᠠᠭ ᠤᠨ 2023 ᠣᠨ ᠤ ᠭᠠᠵᠠᠷ ᠤᠨ ᠭᠠᠢ ᠭᠠᠮᠰᠢᠭ ᠢ ᠰᠡᠷᠭᠡᠶᠢᠯᠡᠨ ᠵᠠᠰᠠᠬᠤ ᠲᠥᠰᠥᠯ︾ ︽ᠬᠢᠩᠭᠠᠨ ᠠᠶᠢᠮᠠᠭ ᠤᠨ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠭᠠᠵᠠᠷ ᠤᠨ ᠭᠠᠢ ᠭᠠᠮᠰᠢᠭ ᠢ ᠰᠡᠷᠭᠡᠶᠢᠯᠡᠨ ᠵᠠᠰᠠᠬᠤ ᠲᠥᠯᠦᠪᠵᠢᠭᠦᠯᠭᠡ ︵2021 ︱ 2025 ᠣᠨ︶︾ ᠶᠢᠨ ᠠᠵᠢᠯ ᠤᠨ ᠵᠣᠷᠢᠭ ᠰᠠᠨᠠᠭ᠎ᠠ ᠵᠢᠴᠢ ᠬᠤᠯᠪᠣᠭᠳᠠᠯ ᠪᠦᠬᠦᠢ ᠱᠠᠭᠠᠷᠳᠠᠯᠭ᠎ᠠ᠂ ᠮᠠᠨ ᠤ ᠬᠤᠰᠢᠭᠤᠨ ᠤ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠲᠣᠰ ᠲᠥᠰᠥᠯ ᠢ ᠲᠣᠭᠲᠠᠭᠠᠪᠠ᠃    ᠨᠢᠭᠡ᠂ ᠶᠡᠷᠦᠩᠬᠡᠢ ᠱᠠᠭᠠᠷᠳᠠᠯᠭ᠎ᠠ    ᠰᠢ ᠶᠢᠨ ᠫᠢᠩ  ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠪᠣᠯᠣᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ  ᠶᠢ ᠪᠦᠬᠦ ᠲᠠᠯ᠎ᠠ  ᠪᠠᠷ  ᠲᠤᠭᠤᠰᠢᠯᠠᠭᠤᠯᠵᠤ᠂ ᠶᠡᠷᠦᠩᠬᠡᠢ ᠱᠦᠵᠢ ᠰᠢ ᠶᠢᠨ ᠫᠢᠩ  ᠤᠨ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠲᠤᠬᠠᠢ ᠴᠢᠬᠤᠯᠠ ᠶᠠᠷᠢᠶ᠎ᠠ ᠪᠣᠯᠣᠨ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ  ᠲᠣᠭᠤᠰᠢᠯᠠᠭᠤᠯᠵᠤ᠂ ︽ᠠᠷᠠᠳ ᠲᠦᠮᠡᠨ ᠢ ᠳᠡᠭᠡᠳᠦᠯᠡᠵᠦ᠂ ᠠᠮᠢ ᠨᠠᠰᠤ ᠶᠢ ᠳᠡᠭᠡᠳᠦᠯᠡᠬᠦ︾ ᠶᠢ ᠪᠠᠷᠢᠮᠲᠠᠯᠠᠵᠤ᠂ ︽ᠬᠤᠶᠠᠷ ᠢ ᠪᠠᠷᠢᠮᠲᠠᠯᠠᠵᠤ᠂ ᠭᠤᠷᠪᠠ ᠶᠢ ᠬᠤᠪᠢᠷᠠᠭᠤᠯᠬᠤ︾ ᠶᠢ ᠨᠠᠶᠢᠳᠠᠪᠤᠷᠢᠵᠢᠭᠤᠯᠵᠤ᠂ ᠬᠥᠭᠵᠢᠯᠲᠡ ᠪᠠ ᠠᠮᠤᠷ ᠲᠦᠪᠰᠢᠨ ᠢ ᠨᠡᠩ ᠰᠠᠶᠢᠲᠤᠷ ᠨᠢᠭᠡᠳᠦᠯᠲᠡᠢ ᠲᠥᠯᠥᠪᠯᠡᠨ᠂ ᠭᠠᠵᠠᠷ ᠤᠨ ᠭᠠᠢ ᠭᠠᠮᠰᠢᠭ ᠢ ᠰᠡᠷᠭᠡᠶᠢᠯᠡᠨ ᠵᠠᠰᠠᠬᠤ ᠰᠢᠰᠲ᠋ᠧᠮ ᠢ ᠤᠯᠠᠮ ᠨᠢᠭᠡ ᠠᠯᠬᠤᠮ ᠪᠦᠷᠢᠨᠰᠢᠭᠦᠯᠦᠨ ᠲᠡᠭᠦᠯᠳᠡᠷᠵᠢᠭᠦᠯᠬᠦ᠂ ᠭᠠᠢ ᠭᠠᠮᠰᠢᠭ ᠤᠨ ᠠᠶᠤᠯ ᠲᠦᠭᠰᠢᠭᠦᠷᠢ ᠶᠢ ᠪᠦᠲᠦᠮᠵᠢᠲᠡᠶ ᠪᠠᠷ ᠪᠠᠭᠠᠰᠬᠠᠬᠤ ᠪᠠᠷ ᠭᠤᠣᠯ ᠰᠢᠵᠢᠮ ᠪᠣᠯᠭᠠᠵᠤ᠂ ᠭᠠᠢ ᠭᠠᠮᠰᠢᠭ ᠤᠨ ᠳᠠᠯᠳᠠ ᠭᠡᠮ ᠢ ᠢᠯᠭᠠᠨ ᠲᠠᠨᠢᠬᠤ᠂ ᠪᠠᠶᠢᠴᠠᠭᠠᠨ ᠦᠨᠡᠯᠡᠬᠦ᠂ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ᠂ ᠶᠡᠷᠦᠩᠬᠡᠶᠢᠯᠡᠨ ᠵᠠᠰᠠᠬᠤ ᠪᠠ ᠦᠨᠳᠦᠰᠦᠨ ᠱᠠᠲᠤᠨ ᠤ ᠭᠠᠮᠰᠢᠭ ᠢ ᠰᠡᠷᠭᠡᠶᠢᠯᠡᠬᠦ ᠴᠢᠳᠠᠪᠤᠷᠢ ᠶᠢᠨ ᠪᠠᠶᠢᠭᠤᠯᠤᠯᠲᠠ ᠶᠢ ᠦᠷᠭᠦᠯᠵᠢᠯᠡᠨ ᠲᠦᠯᠬᠢᠨ ᠠᠬᠢᠭᠤᠯᠵᠤ᠂ ᠠᠷᠠᠳ ᠤᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠬᠠᠮᠤᠭ ᠤᠨ ᠶᠡᠭᠡ ᠬᠡᠮᠵᠢᠶ᠎ᠡ ᠪᠠᠷ ᠪᠠᠲᠤᠯᠠᠨ᠎ᠠ᠃    ᠬᠤᠶᠠᠷ᠂ ᠭᠠᠵᠠᠷ ᠤᠨ ᠭᠠᠢ ᠭᠠᠮᠰᠢᠭ ᠤᠨ ᠲᠣᠶᠢᠮᠣ ᠪᠠᠶᠢᠳᠠᠯ    ᠮᠠᠨ ᠤ ᠬᠤᠰᠢᠭᠤᠨ ᠤ ᠭᠠᠵᠠᠷ ᠰᠢᠨᠵᠢᠯᠡᠭᠡᠨ ᠤ ᠭᠠᠢ ᠭᠠᠮᠰᠢᠭ ᠤᠨ ᠲᠥᠷᠥᠯ ᠵᠦᠢᠯ ᠳᠤ ᠨᠤᠷᠠᠯᠲᠠ᠂ ᠰᠢᠪᠠᠷ ᠴᠢᠯᠠᠭᠤᠨ ᠤᠷᠤᠰᠬᠠᠯ ᠭᠡᠵᠦ ᠬᠤᠶᠠᠷ ᠵᠦᠢᠯ ᠪᠠᠶᠢᠳᠠᠭ᠃ ᠡᠭᠦᠨ ᠳᠤ᠂ ᠨᠤᠷᠠᠵᠤ ᠶᠡᠭᠦᠷᠡᠭᠰᠡᠨ ᠭᠠᠵᠠᠷ ᠤᠨ ᠭᠠᠢ ᠭᠠᠮᠰᠢᠭ ᠤᠨ ᠳᠠᠯᠳᠠ ᠬᠡᠮ ᠤᠨ ᠴᠡᠭ 27 ᠪᠠᠶᠢᠵᠤ᠂ ᠭᠤᠣᠯᠳᠠᠭᠤ ᠠᠭᠤᠯᠠᠷᠬᠠᠭ ᠣᠷᠣᠨ ᠤ ᠤᠯᠤᠰ᠂ ᠮᠤᠵᠢ ᠶᠢᠨ ᠵᠠᠮ ᠵᠢᠴᠢ ᠬᠥᠳᠡᠭᠡ ᠲᠣᠰᠬᠤᠨ ᠤ ᠵᠠᠮ ᠤᠨ ᠬᠥᠪᠡᠭᠡ᠂ ᠬᠥᠮᠥᠨ ᠤ ᠬᠦᠴᠦ ᠪᠠᠷ ᠴᠢᠯᠠᠭᠤ ᠭᠠᠷᠭᠠᠬᠤ ᠲᠠᠯᠠᠪᠠᠶ ᠶᠢᠨ ᠡᠭᠴᠡ ᠬᠥᠲᠥᠯ ᠠᠰᠬ᠎ᠠ ᠬᠠᠳᠠ ᠪᠠᠷ ᠲᠠᠷᠬᠠᠵᠤ ᠪᠣᠶ︔ ᠰᠢᠪᠠᠷ ᠴᠢᠯᠠᠭᠤᠨ ᠤᠷᠤᠰᠬᠠᠯ ᠤᠨ ᠭᠠᠵᠠᠷ ᠤᠨ ᠭᠠᠢ ᠭᠠᠮᠰᠢᠭ ᠤᠨ ᠳᠠᠯᠳᠠ ᠬᠡᠮ ᠤᠨ ᠴᠡᠭ 25 ᠪᠠᠶᠢᠵᠤ᠂ ᠪᠦᠬᠦᠨ ᠢᠶᠠᠷ ᠢᠶᠠᠨ  ᠲᠣᠭᠤᠷ ᠤᠨ ᠭᠤᠣᠯ᠂ ᠭᠦᠢᠯᠡᠷ ᠭᠤᠣᠯ ᠤᠨ ᠰᠠᠪᠠ ᠭᠠᠵᠠᠷ ᠤᠨ ᠭᠤᠣ ᠬᠥᠨᠳᠡᠢ ᠳᠤ ᠲᠠᠷᠬᠠᠵᠤ ᠪᠠᠶᠢᠬᠤ ᠪᠥᠭᠡᠳ ᠭᠤᠣᠯᠳᠠᠭᠤ ᠳᠤᠮᠳᠠ ᠪᠠᠷᠠᠭᠤᠨ ᠬᠡᠰᠡᠭ ᠤᠨ ᠠᠭᠤᠯᠠᠷᠬᠠᠭ ᠣᠷᠣᠨ ᠳᠤ ᠲᠥᠪᠯᠡᠷᠡᠨ ᠲᠠᠷᠬᠠᠵᠤ ᠪᠠᠶᠢᠨ᠎ᠠ᠃    ᠭᠤᠷᠪᠠ᠂ ᠭᠠᠵᠠᠷ  ᠤᠨ ᠭᠠᠮᠰᠢᠭ  ᠢ ᠭᠤᠣᠯᠳᠠᠯᠭ᠎ᠠ ᠲᠠᠢ ᠰᠡᠷᠭᠡᠶᠢᠯᠡᠬᠦ ᠬᠤᠭᠤᠴᠠᠭ᠎ᠠ ᠬᠢᠭᠡᠳ ᠭᠠᠵᠠᠷ  ᠤᠨ ᠭᠠᠮᠰᠢᠭ   ᠤᠨ ᠬᠠᠨᠳᠤᠰᠢ ᠶᠢ ᠲᠥᠰᠥᠭᠡᠯᠡᠬᠦ    ᠮᠠᠨ ᠤ ᠬᠤᠰᠢᠭᠤᠨ ᠤ ᠭᠠᠵᠠᠷ ᠤᠨ ᠭᠠᠮᠰᠢᠭ ᠢ ᠭᠤᠣᠯᠳᠠᠯᠭ᠎ᠠ ᠲᠠᠢ ᠰᠡᠷᠭᠡᠶᠢᠯᠡᠬᠦ ᠬᠤᠭᠤᠴᠠᠭ᠎ᠠ ᠪᠣᠯ ᠦᠶᠡᠷᠯᠡᠬᠦ ᠬᠤᠭᠤᠴᠠᠭ᠎ᠠ ᠪᠣᠯᠣᠨ᠎ᠠ᠂ ᠳᠠᠷᠤᠢ 5 ᠰᠠᠷ᠎ᠠ ᠶᠢᠨ 1 ᠤ ᠡᠳᠦᠷ ᠠᠴᠠ 9 ᠰᠠᠷ᠎ᠠ ᠶᠢᠨ 30 ᠤ ᠡᠳᠦᠷ ᠪᠣᠯᠣᠨ᠎ᠠ᠃ ᠴᠠᠭ ᠠᠭᠤᠷ ᠤᠨ ᠵᠢᠱᠢᠯᠲᠡ ᠶᠢ ᠦᠨᠳᠦᠰᠦᠯᠡᠪᠡᠯ᠂ 6 — 8 ᠰᠠᠷ᠎ᠠ ᠳᠤ᠂ ᠮᠠᠨ ᠤ ᠬᠤᠰᠢᠭᠤᠨ ᠤ ᠵᠤᠨ ᠤ ᠤᠯᠠᠷᠢᠯ ᠤᠨ ᠬᠤᠷ᠎ᠠ ᠲᠤᠨᠳᠠᠰᠤᠨ ᠤ ᠬᠡᠮᠵᠢᠶ᠎ᠡ ᠬᠡᠪ ᠤᠨ ᠪᠠᠶᠢᠳᠠᠯ ᠳᠠᠭᠠᠨ ᠪᠠᠭ᠋ᠠᠨ ᠠᠷᠪᠢᠨ ᠪᠣᠯᠵᠤ᠂ ᠠᠭᠠᠷ ᠤᠨ ᠳᠤᠯᠠᠭᠠᠨ ᠬᠡᠪ ᠤᠨ ᠪᠠᠶᠢᠳᠠᠯ ᠳᠠᠭᠠᠨ ᠪᠠᠭ᠋ᠠᠨ ᠥᠨᠳᠥᠷ ᠪᠣᠯᠵᠠᠢ᠃ ᠬᠡᠰᠡᠭ ᠭᠠᠵᠠᠷ ᠣᠷᠣᠨ ᠳᠤ ᠱᠠᠲᠤ ᠦᠶ᠎ᠡ ᠶᠢᠨ ᠴᠢᠨᠠᠷᠲᠠᠢ ᠭᠠᠩ ᠬᠠᠭᠰᠠᠷᠠᠭᠠᠨ ᠲᠠᠢ ᠪᠠᠶᠢᠵᠤ᠂ ᠵᠤᠨ ᠤ ᠳᠡᠯᠭᠡᠷ ᠤᠯᠠᠷᠢᠯ ᠳᠤ ᠬᠡᠰᠡᠭ ᠭᠠᠵᠠᠷ ᠲᠤ ᠰᠢᠷᠦᠭᠦᠨ ᠪᠣᠷᠣᠭᠠᠨ᠂ ᠣᠷᠣᠨ ᠪᠦᠰᠡ ᠶᠢᠨ ᠴᠢᠨᠠᠷᠲᠠᠢ ᠠᠶᠤᠩᠭᠠᠲᠤ ᠪᠣᠷᠣᠭᠠᠨ᠂ ᠮᠥᠨᠳᠥᠷ ᠵᠡᠷᠭᠡ ᠴᠠᠭ ᠠᠭᠤᠷ ᠠᠮᠠᠷᠬᠠᠨ ᠭᠠᠷᠳᠠᠭ︔ 9 — 11 ᠰᠠᠷ᠎ᠠ ᠳᠤ᠂ ᠮᠠᠨ ᠤ ᠬᠤᠰᠢᠭᠤᠨ ᠤ ᠨᠠᠮᠤᠷ ᠤᠨ ᠤᠯᠠᠷᠢᠯ ᠤᠨ ᠬᠤᠷ᠎ᠠ ᠲᠤᠨᠳᠠᠰᠤᠨ ᠤ ᠬᠡᠮᠵᠢᠶ᠎ᠡ ᠬᠡᠪ ᠤᠨ ᠪᠠᠶᠢᠳᠠᠯ ᠳᠠᠭᠠᠨ ᠪᠠᠭ᠋ᠠᠨ ᠠᠷᠪᠢᠨ ᠪᠣᠯᠵᠤ ᠂ ᠠᠭᠠᠷ ᠤᠨ ᠳᠤᠯᠠᠭᠠᠨ ᠬᠡᠪ ᠤᠨ ᠪᠠᠶᠢᠳᠠᠯ ᠳᠠᠭᠠᠨ ᠪᠠᠭ᠋ᠠᠨ ᠥᠨᠳᠥᠷ ᠪᠣᠯᠵᠠᠢ᠃ ᠡᠬᠢᠨ ᠤ ᠬᠢᠷᠠᠭᠤ ᠶᠢᠨ ᠬᠤᠭᠤᠴᠠᠭ᠎ᠠ ᠨᠢ ᠡᠩ ᠤᠨ ᠵᠢᠯ ᠤᠨ ᠬᠢ ᠠᠴᠠ ᠪᠠᠭ᠋ᠠᠨ ᠣᠷᠣᠢ ᠪᠠᠶᠢᠳᠠᠭ︔ ᠪᠠᠷᠠᠭᠤᠨ ᠬᠤᠶᠢᠲᠤ ᠬᠡᠰᠡᠭ ᠤᠨ ᠭᠠᠵᠠᠷ ᠣᠷᠣᠨ ᠨᠢ 9 ᠰᠠᠷ᠎ᠠ ᠶᠢᠨ ᠰᠢᠨᠡᠳ ᠠᠴᠠ ᠳᠤᠮᠳᠠᠴᠢ ᠪᠣᠯᠲᠠᠯ᠎ᠠ᠂ ᠪᠤᠰᠤᠳ ᠭᠠᠵᠠᠷ ᠣᠷᠣᠨ ᠨᠢ 9 ᠰᠠᠷ᠎ᠠ ᠶᠢᠨ ᠰᠡᠭᠦᠯᠴᠢ ᠠᠴᠠ 10 ᠰᠠᠷ᠎ᠠ ᠶᠢᠨ ᠰᠢᠨᠡᠳ ᠪᠣᠯᠲᠠᠯ᠎ᠠ ᠪᠠᠶᠢᠳᠠᠭ᠃    ᠭᠠᠵᠠᠷ ᠤᠨ ᠭᠠᠮᠰᠢᠭ ᠨᠢ ᠴᠠᠭ ᠬᠤᠭᠤᠴᠠᠭᠠᠨ ᠤ ᠲᠠᠯ᠎ᠠ ᠪᠠᠷ ᠲᠥᠪᠯᠡᠷᠡᠩᠭᠦᠢ ᠲᠠᠷᠬᠠᠯᠲᠠ ᠶᠢᠨ ᠵᠢᠮ᠎ᠡ ᠶᠣᠰᠣ  ᠲᠠᠢ ᠪᠠᠶᠢᠳᠠᠭ᠃ ᠣᠯᠠᠩᠬᠢ ᠳᠠᠭᠠᠨ ᠬᠤᠷ᠎ᠠ ᠲᠤᠨᠤᠳᠠᠰᠤ ᠠᠷᠪᠢᠨ ᠵᠢᠯ ᠪᠣᠯ ᠪᠠᠰᠠ ᠴᠤ ᠨᠤᠷᠠᠵᠤ ᠶᠡᠭᠦᠷᠡᠬᠦ᠂ ᠰᠢᠪᠠᠷ ᠴᠢᠯᠠᠭᠤᠨ ᠤᠷᠤᠰᠬᠠᠯ ᠣᠯᠠᠨ ᠡᠭᠦᠰᠳᠡᠭ ᠵᠢᠯ ᠪᠣᠯᠣᠨ᠎ᠠ᠂ ᠡᠨᠡ ᠵᠢᠯ ᠤᠨ ᠴᠠᠭ ᠠᠭᠤᠷ ᠤᠨ ᠵᠢᠱᠢᠯᠲᠡ ᠠᠴᠠ ᠦᠵᠡᠪᠡᠯ᠂ ᠰᠢᠪᠠᠷ ᠴᠢᠯᠠᠭᠤᠨ ᠤ ᠤᠷᠤᠰᠬᠠᠯ ᠨᠢ ᠭᠤᠣᠯᠳᠠᠭᠤ 6 ︱ 8 ᠰᠠᠷ᠎ᠠ ᠶᠢᠨ ᠦᠶᠡᠷ ᠤᠨ ᠬᠤᠭᠤᠴᠠᠭᠠᠨ ᠳᠤ ᠡᠭᠦᠰᠴᠦ᠂ ᠪᠠᠷᠤᠭ 95% ᠠᠴᠠ ᠳᠡᠭᠡᠭᠰᠢᠬᠢ ᠰᠢᠪᠠᠷ ᠴᠢᠯᠠᠭᠤᠨ ᠤ ᠤᠷᠤᠰᠬᠠᠯ ᠨᠢ ᠲᠣᠰ ᠬᠤᠭᠤᠴᠠᠭᠠᠨ ᠳᠤ ᠡᠭᠦᠰᠦᠭᠰᠡᠨ ᠪᠠᠶᠢᠨ᠎ᠠ᠃ ᠡᠯ᠎ᠡ ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ᠪᠣᠯᠣᠨ ᠪᠠᠶᠢᠭᠠᠯᠢ ᠶᠢᠨ ᠡᠬᠢ ᠪᠠᠶᠠᠯᠢᠭ ᠤᠨ ᠭᠠᠵᠠᠷ ᠨᠢ ᠴᠢᠩᠭ᠎ᠠ ᠰᠣᠯᠢᠭ ᠤᠷᠤᠰᠬᠠᠯ ᠤᠨ ᠴᠠᠭ ᠠᠭᠤᠷ ᠢ ᠨᠢᠭᠲᠠ ᠠᠩᠬᠠᠷᠴᠤ᠂ ᠪᠣᠷᠣᠭᠠᠨ ᠤ ᠤᠯᠠᠷᠢᠯ ᠳᠤ ᠲᠣᠭᠤᠷᠢᠨ ᠪᠠᠶᠢᠴᠠᠭᠠᠬᠤ ᠶᠢ ᠬᠢᠨᠠᠮᠠᠭᠠᠢ ᠰᠠᠶᠢᠲᠤᠷ ᠬᠢᠵᠦ᠂ ᠭᠠᠵᠠᠷ ᠤᠨ ᠭᠠᠢ ᠭᠠᠮᠰᠢᠭ ᠤᠨ ᠳᠠᠯᠳᠠ ᠬᠡᠮ ᠢ ᠬᠢᠨᠠᠨ ᠬᠡᠮᠵᠢᠬᠦ ᠪᠠ ᠵᠢᠭᠰᠠᠭᠠᠨ ᠪᠠᠶᠢᠴᠠᠭᠠᠵᠤ᠂ ᠨᠤᠷᠠᠵᠤ ᠶᠡᠭᠦᠷᠡᠬᠦ᠂ ᠰᠢᠪᠠᠷ ᠴᠢᠯᠠᠭᠤᠨ ᠤ ᠤᠷᠤᠰᠬᠠᠯ ᠡᠭᠦᠰᠴᠦ ᠮᠡᠳᠡᠬᠦ ᠵᠡᠷᠭᠡ ᠭᠡᠨᠡᠳᠲᠡ ᠡᠭᠦᠰᠬᠦ ᠭᠠᠵᠠᠷ ᠤᠨ ᠭᠠᠢ ᠭᠠᠮᠰᠢᠭ ᠤᠨ ᠳᠠᠯᠳᠠ ᠬᠡᠮ ᠤᠨ ᠴᠡᠭ ᠢ ᠰᠡᠷᠭᠡᠶᠢᠯᠡᠬᠦ ᠪᠠᠨ ᠴᠢᠩᠭᠠᠳᠬᠠᠬᠤ ᠬᠡᠷᠡᠭᠲᠡᠢ᠃ ᠳᠥᠷᠪᠡ᠂ ᠭᠠᠵᠠᠷ ᠤᠨ ᠭᠠᠢ ᠭᠠᠮᠰᠢᠭ ᠢ ᠭᠤᠣᠯᠳᠠᠯᠭ᠎ᠠ ᠲᠠᠢ ᠰᠡᠷᠭᠡᠶᠢᠯᠡᠬᠦ ᠬᠦᠷᠢᠶ᠎ᠡ ᠬᠡᠪᠴᠢᠶ᠎ᠡ    ︵ᠨᠢᠭᠡ︶ ᠨᠢᠭᠡᠨᠲᠡ ᠳᠠᠩᠰᠠᠯᠠᠭᠤᠯᠤᠭᠰᠠᠨ ᠬᠠᠮᠲᠤ ᠶᠢᠨ ᠥᠮᠴᠢᠯᠡᠯ ᠤᠨ ᠭᠠᠵᠠᠷ ᠰᠢᠷᠣᠢ ᠶᠢᠨ ᠥᠮᠴᠢᠯᠡᠯ ᠤᠨ ᠡᠷᠬᠡ ᠳᠤ ᠬᠤᠪᠢᠷᠠᠯᠲᠠ ᠭᠠᠷᠪᠠᠯ᠂ ᠬᠡᠷᠡᠭᠴᠡᠭᠡ ᠪᠠᠨ ᠦᠨᠳᠦᠰᠦᠯᠡᠨ ᠭᠠᠵᠠᠷ ᠰᠢᠷᠣᠢ ᠶᠢᠨ ᠬᠠᠷᠢᠶ᠎ᠠ ᠶᠢᠨ ᠪᠠᠶᠢᠴᠠᠭᠠᠯᠲᠠ ᠶᠢ ᠨᠥᠬᠦᠪᠦᠷᠢᠯᠡᠵᠦ᠂ ᠥᠯᠥ ᠬᠥᠳᠡᠯᠬᠦ ᠬᠥᠷᠥᠩᠭᠡ ᠶᠢᠨ ᠳᠠᠩᠰᠠᠯᠠᠯᠲᠠ ᠶᠢᠨ ᠰᠢᠰᠲ᠋ᠧᠮ ᠢᠶᠠᠷ ᠳᠡᠮᠵᠢᠨ᠂ ᠵᠣᠬᠢᠬᠤ ᠳᠠᠩᠰᠠᠯᠠᠯᠲᠠ ᠶᠢᠨ ᠲᠤᠬᠠᠶᠢᠯᠠᠭᠰᠠᠨ ᠠᠵᠢᠯ ᠢ ᠲᠥᠪᠯᠡᠷᠡᠭᠦᠯᠦᠨ ᠭᠦᠢᠴᠡᠳᠬᠡᠨ᠎ᠡ᠃    ︵ᠬᠤᠶᠠᠷ︶ ᠲᠠᠲᠠᠪᠤᠷᠢᠯᠠᠭᠰᠠᠨ  ᠠᠴᠠ ᠪᠣᠯᠵᠤ ᠬᠠᠮᠲᠤ ᠶᠢᠨ ᠭᠠᠵᠠᠷ ᠰᠢᠷᠣᠢ ᠶᠢᠨ ᠥᠮᠴᠢᠯᠡᠯ ᠤᠨ ᠡᠷᠬᠡ ᠶᠢ ᠪᠦᠬᠦᠨ ᠢ ᠪᠤᠶᠤ ᠬᠡᠰᠡᠭ ᠢ ᠨᠢ ᠦᠭᠡᠢ ᠪᠣᠯᠭᠠᠭᠰᠠᠨ ᠪᠠᠶᠢᠪᠠᠯ᠂ ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ  ᠠᠴᠠ ᠭᠠᠵᠠᠷ ᠰᠢᠷᠣᠢ ᠲᠠᠲᠠᠪᠤᠷᠢᠯᠠᠬᠤ ᠶᠢ ᠵᠥᠪᠰᠢᠶᠡᠷᠡᠭᠰᠡᠨ ᠪᠢᠴᠢᠭ ᠮᠠᠲ᠋ᠧᠷᠢᠶᠠᠯ ︵ᠲᠡᠮᠦᠷ ᠵᠠᠮ ᠤᠨ ᠭᠠᠵᠠᠷ ᠲᠠᠲᠠᠪᠤᠷᠢᠯᠠᠬᠤ ᠤᠯᠠᠭᠠᠨ ᠱᠤᠭᠤᠮ ᠪᠠᠭᠲᠠᠨ᠎ᠠ︶ ᠵᠡᠷᠭᠡ ᠶᠢ ᠦᠨᠳᠦᠰᠦᠯᠡᠵᠦ᠂ ᠬᠦᠴᠦᠨ ᠦᠭᠡᠢ ᠪᠣᠯᠭᠠᠬᠤ ᠪᠤᠶᠤ ᠳᠠᠩᠰᠠᠯᠠᠯᠲᠠ ᠶᠢ ᠬᠤᠪᠢᠷᠠᠭᠤᠯᠬᠤ ᠶᠢ ᠲᠥᠪᠯᠡᠷᠡᠭᠦᠯᠦᠨ ᠭᠦᠢᠴᠡᠳᠬᠡᠨ᠎ᠡ᠃    ︵ᠭᠤᠷᠪᠠ︶ ᠲᠠᠷᠢᠶᠠᠴᠢᠳ ᠤᠨ ᠬᠠᠮᠲᠤ ᠨᠡᠶᠢᠲᠡ ᠨᠢ ᠬᠠᠷᠢᠯᠴᠠᠨ ᠰᠣᠯᠢᠬᠤ᠂ ᠭᠠᠵᠠᠷ ᠰᠢᠷᠣᠢ ᠶᠢᠨ ᠪᠠᠶᠢᠴᠠᠭᠠᠯᠲᠠ ᠬᠢᠬᠦ ᠵᠡᠷᠭᠡ ᠰᠢᠯᠲᠠᠭᠠᠨ  ᠠᠴᠠ ᠪᠣᠯᠵᠤ ᠬᠠᠮᠲᠤ ᠶᠢᠨ ᠭᠠᠵᠠᠷ ᠰᠢᠷᠣᠢ ᠶᠢᠨ ᠥᠮᠴᠢᠯᠡᠬᠦ ᠡᠷᠬᠡ ᠶᠢ ᠰᠢᠯᠵᠢᠭᠦᠯᠬᠦ ᠳᠤ ᠬᠦᠷᠦᠭᠦᠯᠦᠭᠰᠡᠨ ᠪᠠᠶᠢᠪᠠᠯ᠂ ᠰᠤᠮᠤ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ  ᠠᠴᠠ ᠬᠤᠯᠪᠣᠭᠳᠠᠯ ᠪᠦᠬᠦᠢ ᠲᠠᠷᠢᠶᠠᠴᠢᠳ ᠤᠨ ᠬᠠᠮᠲᠤ ᠨᠡᠶᠢᠲᠡ ᠶᠢ ᠨᠢᠭᠡᠳᠦᠯᠲᠡᠢ ᠵᠣᠬᠢᠶᠠᠨ ᠪᠠᠶᠢᠭᠤᠯᠵᠤ ᠰᠢᠯᠵᠢᠭᠦᠯᠬᠦ ᠳᠠᠩᠰᠠᠯᠠᠯᠲᠠ ᠬᠢᠯᠭᠡᠬᠦ ᠪᠠᠷ ᠭᠤᠶᠤᠴᠢᠯᠠᠬᠤ ᠵᠡᠷᠭᠡ ᠪᠣᠯᠣᠨ᠎ᠠ᠃    ︵ᠳᠥᠷᠪᠡ︶ ᠲᠠᠷᠢᠶᠠᠴᠢᠳ ᠤᠨ ᠬᠠᠮᠲᠤ ᠶᠢ ᠨᠡᠶᠢᠯᠡᠭᠦᠯᠦᠭᠰᠡᠨ ᠪᠤᠶᠤ ᠬᠠᠰᠤᠭᠰᠠᠨ᠂ ᠵᠠᠰᠠᠭ ᠵᠠᠬᠢᠷᠭᠠᠨ ᠤ ᠣᠷᠣᠨ ᠤ ᠬᠤᠪᠢᠶᠠᠷᠢᠯᠠᠯ ᠳᠤ ᠲᠣᠬᠢᠷᠠᠭᠤᠯᠤᠯᠲᠠ ᠬᠢᠭᠰᠡᠨ ᠵᠡᠷᠭᠡ ᠠᠴᠠ ᠪᠣᠯᠵᠤ ᠭᠠᠵᠠᠷ ᠰᠢᠷᠣᠢ ᠶᠢᠨ ᠥᠮᠴᠢᠯᠡᠯ ᠤᠨ ᠡᠷᠬᠡ᠂ ᠲᠠᠷᠢᠶᠠᠴᠢᠳ ᠤᠨ ᠬᠠᠮᠲᠤ ᠶᠢᠨ ᠨᠡᠷᠡᠶᠢᠳᠦᠯ ᠪᠤᠶᠤ ᠣᠷᠣᠯᠠᠬᠤ ᠨᠣᠮᠧᠷ ᠲᠤ ᠬᠤᠪᠢᠷᠠᠯᠲᠠ ᠭᠠᠷᠤᠭᠰᠠᠨ ᠪᠠᠶᠢᠪᠠᠯ᠂ ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ  ᠠᠴᠠ ᠬᠤᠯᠪᠣᠭᠳᠠᠯ ᠪᠦᠬᠦᠢ ᠲᠠᠷᠢᠶᠠᠴᠢᠳ ᠤᠨ ᠬᠠᠮᠲᠤ ᠶᠢ ᠨᠢᠭᠡᠳᠦᠯᠲᠡᠢ ᠵᠣᠬᠢᠶᠠᠨ ᠪᠠᠶᠢᠭᠤᠯᠵᠤ ᠬᠠᠮᠢᠶ᠎ᠠ ᠪᠦᠬᠦᠢ ᠳᠠᠩᠰᠠᠯᠠᠯᠲᠠ ᠬᠢᠯᠭᠡᠬᠦ ᠪᠠᠷ ᠭᠤᠶᠤᠴᠢᠯᠠᠨ᠎ᠠ᠃    ︵ᠲᠠᠪᠤ︶ ᠬᠡᠷᠡᠭᠯᠡᠭᠰᠡᠨ ᠰᠠᠭᠤᠷᠢ ᠵᠢᠷᠤᠭ ᠨᠢ ᠠᠳᠠᠯᠢ ᠪᠤᠰᠤ᠂ ᠬᠡᠮᠵᠢᠨ ᠵᠢᠷᠤᠭᠯᠠᠯᠲᠠ ᠶᠢᠨ ᠨᠠᠷᠢᠯᠢᠭ ᠤᠨ ᠬᠡᠮᠵᠢᠶ᠎ᠡ ᠨᠢ ᠠᠳᠠᠯᠢ ᠪᠤᠰᠤ ᠪᠤᠶᠤ ᠰᠣᠯᠪᠢᠴᠠᠯ ᠤᠨ ᠰᠣᠯᠢᠭᠳᠠᠯ ᠵᠡᠷᠭᠡ ᠰᠢᠯᠲᠠᠭᠠᠨ  ᠠᠴᠠ ᠪᠣᠯᠵᠤ ᠬᠠᠮᠲᠤ ᠶᠢᠨ ᠭᠠᠵᠠᠷ ᠰᠢᠷᠣᠢ ᠶᠢᠨ ᠥᠮᠴᠢᠯᠡᠯ ᠤᠨ ᠡᠷᠬᠡ ᠶᠢᠨ ᠬᠤᠭᠤᠷᠣᠨᠳᠤ ᠰᠣᠯᠪᠢᠴᠠᠨ ᠳᠠᠪᠬᠤᠴᠠᠭᠰᠠᠨ ᠪᠤᠶᠤ ᠵᠠᠢ ᠵᠠᠪᠰᠠᠷ ᠣᠷᠣᠰᠢᠵᠤ᠂ ᠬᠢᠨᠠᠨ ᠬᠠᠷᠭᠤᠭᠤᠯᠬᠤ ᠪᠠᠷ ᠳᠡᠮᠵᠢᠨ᠂ ᠵᠠᠭᠠᠭ ᠬᠠᠶ᠋ᠢᠭ ᠲᠤᠨᠢ ᠬᠤᠪᠢᠷᠠᠯᠲᠠ ᠭᠠᠷᠤᠭᠰᠠᠨ ᠦᠭᠡᠢ ᠮᠥᠷᠲᠡᠭᠡᠨ ᠡᠷᠬᠡ ᠶᠢᠨ ᠬᠠᠷᠢᠶᠠᠯᠠᠯ ᠤᠨ ᠮᠠᠷᠭᠤᠯᠳᠤᠭᠠᠨ ᠣᠷᠣᠰᠢᠬᠤ ᠦᠭᠡᠢ ᠪᠠᠶᠢᠪᠠᠯ᠂ ᠡᠷᠬᠡ ᠶᠢᠨ ᠬᠠᠷᠢᠶᠠᠯᠠᠯ ᠤᠨ ᠵᠠᠭᠠᠭ ᠬᠢᠵᠠᠭᠠᠷ ᠢ ᠳᠠᠭᠢᠵᠤ ᠥᠷᠨᠢᠭᠦᠯᠬᠦ ᠦᠭᠡᠢ᠃ ᠬᠠᠮᠲᠤ ᠶᠢᠨ ᠭᠠᠵᠠᠷ ᠰᠢᠷᠣᠢ ᠶᠢᠨ ᠥᠮᠴᠢᠯᠡᠯ ᠤᠨ ᠡᠷᠬᠡ ᠶᠢᠨ ᠵᠠᠭᠠᠭ ᠱᠤᠭᠤᠮ ᠤᠨ ᠴᠢᠭᠯᠡᠯ ᠤᠨ ᠲᠣᠳᠣᠷᠬᠠᠶᠢᠯᠠᠯᠲᠠ ᠵᠡᠷᠭᠡ ᠡᠷᠬᠡ ᠶᠢᠨ ᠬᠠᠷᠢᠶᠠᠯᠠᠯ ᠤᠨ ᠪᠠᠶᠢᠴᠠᠭᠠᠯᠲᠠ ᠶᠢᠨ ᠮᠠᠲ᠋ᠧᠷᠢᠶᠠᠯ ᠤᠨ ᠶᠣᠰᠣᠭᠠᠷ᠂ ᠵᠢᠷᠤᠭ ᠳᠦᠷᠰᠦ ᠶᠢᠨ ᠣᠨᠴᠠᠯᠢᠭ ᠤᠨ ᠱᠤᠭᠤᠮ ᠲᠠᠢ ᠤᠶᠠᠯᠳᠤᠭᠤᠯᠤᠨ᠂ ᠬᠠᠮᠲᠤ ᠶᠢᠨ ᠭᠠᠵᠠᠷ ᠰᠢᠷᠣᠢ ᠶᠢᠨ ᠥᠮᠴᠢᠯᠡᠯ ᠤᠨ ᠡᠷᠬᠡ ᠶᠢᠨ ᠬᠡᠰᠡᠭ ᠭᠠᠵᠠᠷ ᠤᠨ ᠵᠠᠭᠠᠭ ᠱᠤᠭᠤᠮ ᠢ ᠲᠣᠬᠢᠷᠠᠭᠤᠯᠤᠨ ᠲᠣᠭᠲᠠᠭᠠᠨ᠎ᠠ    ︵ᠵᠢᠷᠭᠤᠭ᠎ᠠ︶ ᠡᠷᠬᠡ ᠶᠢᠨ ᠬᠠᠷᠢᠶᠠᠯᠠᠯ ᠤᠨ ᠮᠠᠷᠭᠤᠯᠳᠤᠭᠠᠨ ᠣᠷᠣᠰᠢᠵᠤ ᠪᠠᠶᠢᠬᠤ ᠮᠥᠷᠲᠡᠭᠡᠨ ᠲᠦᠷ ᠴᠠᠭ ᠰᠢᠢᠳᠪᠦᠷᠢᠯᠡᠬᠦ ᠳᠤ ᠪᠡᠷᠬᠡᠲᠡᠢ ᠪᠠᠶᠢᠪᠠᠯ᠂ ᠭᠠᠵᠠᠷ ᠰᠢᠷᠣᠢ ᠶᠢᠨ ᠡᠷᠬᠡ ᠶᠢᠨ ᠬᠠᠷᠢᠶᠠᠯᠠᠯ ᠤᠨ ᠮᠠᠷᠭᠤᠯᠳᠤᠭᠠᠨ ᠤ ᠰᠢᠯᠲᠠᠭᠠᠨ ᠤ ᠪᠢᠴᠢᠭ ᠢ ᠨᠠᠶᠢᠷᠠᠭᠤᠯᠤᠨ ᠵᠣᠬᠢᠶᠠᠵᠤ᠂ ᠡᠷᠬᠡ ᠶᠢᠨ ᠬᠠᠷᠢᠶᠠᠯᠠᠯ ᠤᠨ ᠮᠠᠷᠭᠤᠯᠳᠤᠭᠠᠨ ᠤ ᠪᠡᠶᠡᠴᠢ ᠴᠣᠭᠴᠠ ᠶᠢ ᠪᠠᠶᠢᠴᠠᠭᠠᠨ ᠲᠣᠳᠣᠷᠬᠠᠶᠢᠯᠠᠵᠤ᠂ ᠮᠠᠷᠭᠤᠯᠳᠤᠭᠠᠨ ᠲᠠᠢ ᠡᠯ᠎ᠡ ᠲᠠᠯ᠎ᠠ ᠶᠢᠨ ᠬᠢᠨ ᠢᠶᠠᠷ ᠵᠥᠪᠰᠢᠶᠡᠷᠡᠭᠦᠯᠦᠭᠡᠳ᠂ ᠮᠠᠷᠭᠤᠯᠳᠤᠭᠠᠨ ᠲᠠᠢ ᠬᠡᠰᠡᠭ ᠲᠤ ᠮᠠᠷᠭᠤᠯᠳᠤᠭᠠᠨ ᠲᠠᠢ ᠣᠷᠣᠨ ᠢ ᠵᠠᠭᠠᠭᠯᠠᠨ ᠲᠣᠭᠲᠠᠭᠠᠵᠤ᠂ ᠮᠠᠷᠭᠤᠯᠳᠤᠭᠠᠨ ᠲᠠᠢ ᠬᠡᠰᠡᠭ ᠭᠠᠵᠠᠷ ᠢ ᠪᠠᠶᠢᠭᠤᠯᠵᠤ᠂ ᠦᠯᠦ ᠬᠥᠳᠡᠯᠬᠦ ᠬᠥᠷᠥᠩᠭᠡ ᠶᠢᠨ ᠨᠢᠭᠡᠴᠢ ᠶᠢᠨ ᠣᠷᠣᠯᠠᠬᠤ ᠨᠣᠮᠧᠷ ᠢ ᠨᠠᠶᠢᠷᠠᠭᠤᠯᠤᠨ ᠵᠣᠬᠢᠶᠠᠨ᠎ᠠ︔ ᠮᠠᠷᠭᠤᠯᠳᠤᠭᠠᠨ ᠦᠭᠡᠢ ᠬᠡᠰᠡᠭ ᠭᠠᠵᠠᠷ ᠰᠢᠷᠣᠢ ᠳᠤ ᠥᠯᠥ ᠬᠥᠳᠡᠯᠬᠦ ᠬᠥᠷᠥᠩᠭᠡ ᠶᠢᠨ ᠨᠢᠭᠡᠴᠡ ᠶᠢᠨ ᠣᠷᠣᠯᠠᠬᠤ ᠨᠣᠮᠧᠷ ᠢ ᠲᠣᠭᠲᠠᠭᠠᠬᠤ ᠶᠢᠨ ᠬᠠᠮᠲᠤ ᠳ᠋ᠤᠭᠠᠷᠯᠠᠵᠤ᠂ ᠬᠢᠨᠠᠨ ᠬᠠᠷᠭᠤᠭᠤᠯᠬᠤ ᠶᠢᠨ ᠬᠠᠮᠲᠤ ᠡᠷᠬᠡ ᠶᠢᠨ ᠬᠠᠷᠢᠶᠠᠯᠠᠯ ᠤᠨ ᠵᠠᠭᠠᠭ ᠱᠤᠭᠤᠮ ᠢ ᠲᠣᠭᠲᠠᠭᠠᠵᠤ᠂ ᠵᠠᠭᠠᠭ ᠬᠠᠶ᠋ᠢᠭ ᠤᠨ ᠬᠠᠨᠳᠤᠰᠢ ᠶᠢ ᠨᠠᠷᠢᠨ ᠲᠣᠳᠣᠷᠬᠠᠢ ᠳᠦᠷᠰᠦᠯᠡᠵᠦ᠂ ᠳᠠᠩᠰᠠᠯᠠᠬᠤ ᠬᠡᠪᠴᠢᠶᠡᠨ ᠳᠤ ᠣᠷᠣᠭᠤᠯᠤᠨ᠎ᠠ᠃ ᠡᠷᠬᠡ ᠶᠢᠨ ᠬᠠᠷᠢᠶᠠᠯᠠᠯ ᠤᠨ ᠵᠠᠭᠠᠭ ᠱᠤᠭᠤᠮ ᠤᠨ ᠪᠢᠲᠡᠭᠦᠮᠵᠢᠯᠡᠭᠰᠡᠨ ᠣᠷᠣᠨ ᠵᠠᠢ ᠶᠢ ᠦᠨᠳᠦᠰᠦᠯᠡᠨ ᠦᠯᠦ ᠬᠥᠳᠡᠯᠬᠦ ᠬᠥᠷᠥᠩᠭᠡ ᠶᠢ ᠳᠠᠩᠰᠠᠯᠠᠬᠤ ᠨᠢᠭᠡᠴᠢ ᠶᠢ ᠬᠤᠪᠢᠶᠠᠷᠢᠯᠠᠵᠤ᠂ ᠪᠡᠶ᠎ᠡ ᠪᠠᠨ ᠳᠠᠭᠠᠭᠠᠭᠰᠠᠨ ᠬᠤᠯᠪᠣᠭ᠎ᠠ ᠦᠭᠡᠢ ᠤᠯᠠᠨ ᠤᠯᠤᠰ ᠤᠨ ᠥᠮᠴᠢᠯᠡᠯ ᠤᠨ ᠭᠠᠵᠠᠷ ᠰᠢᠷᠣᠢ ᠶᠢᠨ ᠥᠮᠴᠢᠯᠡᠯ ᠤᠨ ᠡᠷᠬᠡ ᠶᠢᠨ ᠬᠠᠷᠢᠶᠠᠯᠠᠯ ᠤᠨ ᠵᠠᠭᠠᠭ ᠱᠤᠭᠤᠮ ᠤᠨ ᠪᠢᠲᠡᠭᠦᠮᠵᠢᠯᠡᠭᠰᠡᠨ ᠣᠷᠣᠨ ᠵᠠᠢ ᠶᠢ ᠲᠤᠰ ᠲᠤᠰ ᠲᠤᠨᠢ ᠳᠠᠩᠰᠠᠯᠠᠬᠤ ᠨᠢᠭᠡᠴᠢ ᠶᠢ ᠵᠠᠭᠠᠭᠯᠠᠨ ᠲᠣᠭᠲᠠᠭᠠᠨ᠎ᠠ᠃    ᠲᠠᠪᠤ᠂ ᠭᠠᠮᠰᠢᠭ  ᠢ ᠰᠡᠷᠭᠡᠶᠢᠯᠡᠨ ᠭᠠᠮᠰᠢᠭ  ᠢ ᠪᠠᠭᠠᠰᠬᠠᠬᠤ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ    ᠡᠯ᠎ᠡ ᠭᠠᠵᠠᠷ ᠣᠷᠣᠨ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠭᠠᠵᠠᠷ ᠤᠨ ᠭᠠᠢ ᠭᠠᠮᠰᠢᠭ ᠢ ᠰᠡᠷᠭᠡᠶᠢᠯᠡᠨ ᠵᠠᠰᠠᠬᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠠᠵᠢᠯ ᠢ ᠴᠢᠬᠤᠯᠠ ᠠᠵᠢᠯ ᠪᠣᠯᠭᠠᠨ ᠠᠳᠬᠤᠵᠤ᠂ ᠳᠡᠭᠡᠳᠦ ᠬᠡᠮᠵᠢᠶᠡᠨ ᠤ ᠬᠠᠷᠢᠭᠤᠴᠠᠯᠭᠠᠲᠤ ᠰᠡᠳᠬᠢᠯᠭᠡ ᠪᠠ ᠬᠠᠷᠢᠭᠤᠴᠠᠯᠭᠠᠲᠤ ᠣᠪᠣᠷ ᠢᠶᠠᠷ ᠤᠯᠤᠰ ᠣᠷᠣᠨ ᠪᠠ ᠠᠷᠠᠳ ᠤᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠦᠨᠡᠨ ᠬᠦ ᠬᠠᠮᠠᠭᠠᠯᠠᠬᠤ ᠬᠡᠷᠡᠭᠲᠡᠢ᠃ 24 ᠴᠠᠭ ᠤᠨ ᠤᠳᠤᠷᠢᠳᠤᠯᠭ᠎ᠠ ᠶᠢᠨ ᠡᠭᠡᠯᠵᠢ ᠳᠠᠭᠠᠭᠤᠯᠤᠨ ᠵᠢᠵᠢᠭᠦᠷᠯᠡᠬᠦ ᠳᠦᠷᠢᠮ ᠢ ᠪᠠᠶᠢᠭᠤᠯᠵᠤ ᠂ ᠵᠢᠵᠢᠭᠦᠷᠯᠡᠬᠦ ᠬᠤᠭᠤᠴᠠᠭᠠᠨ ᠳᠤ ᠵᠢᠵᠢᠭᠦᠷᠯᠡᠭᠴᠢ ᠴᠢᠮᠡᠭᠡ ᠨᠡᠪᠲᠡᠷᠡᠯᠭᠡ ᠶᠢᠨ ᠰᠠᠭᠠᠳ ᠦᠭᠡᠢ ᠨᠡᠪᠲᠡᠷᠡᠬᠦ ᠶᠢ ᠪᠠᠲᠤᠯᠠᠬᠤ ᠬᠡᠷᠡᠭᠲᠡᠢ᠃ ︽ᠤᠷᠢᠳᠴᠢᠯᠠᠨ ᠰᠡᠷᠭᠡᠶᠢᠯᠡᠬᠦ ᠪᠠᠷ ᠭᠤᠣᠯ ᠪᠣᠯᠭᠠᠬᠤ᠂ ᠵᠠᠶᠢᠯᠠᠬᠤ ᠪᠠ ᠵᠠᠰᠠᠬᠤ︾ ᠶᠢ ᠤᠶᠠᠯᠳᠤᠭᠤᠯᠬᠤ ᠴᠢᠭᠯᠡᠯᠲᠡ ᠪᠠ ︽ᠬᠡᠨ ᠥᠳᠥᠭᠡᠪᠡᠯ ᠲᠡᠷᠡ ᠵᠠᠰᠠᠬᠤ︾ ᠵᠠᠷᠴᠢᠮ ᠢ ᠪᠠᠷᠢᠮᠲᠠᠯᠠᠵᠤ᠂ ᠵᠠᠰᠠᠭ ᠵᠠᠬᠢᠷᠭᠠᠨ ᠤ ᠬᠠᠷᠢᠶᠠᠯᠠᠯ ᠪᠠ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠡᠷᠬᠡ ᠶᠢᠨ ᠶᠣᠰᠣᠭᠠᠷ ᠤᠷᠢᠳᠴᠢᠯᠠᠨ ᠰᠡᠷᠭᠡᠶᠢᠯᠡᠵᠦ ᠤᠷᠢᠳᠴᠢᠯᠠᠨ ᠮᠡᠳᠡᠭᠡᠯᠡᠬᠦ ᠲᠤᠰᠢᠶᠠᠯ ᠬᠠᠷᠢᠭᠤᠴᠠᠯᠭ᠎ᠠ ᠶᠢ ᠲᠣᠭᠲᠠᠭᠠᠨ᠎ᠠ᠃ 1. ᠬᠤᠰᠢᠭᠤᠨ ᠤ ᠠᠷᠠᠳ ᠤᠨ ᠵᠡᠪᠰᠡᠭᠲᠦ ᠬᠦᠴᠦᠨ ᠤ ᠬᠡᠯᠲᠡᠰ᠄ ᠦᠨᠳᠦᠰᠦᠨ ᠱᠠᠲᠤᠨ ᠤ ᠡᠷᠦᠬᠡ ᠶᠢᠨ ᠴᠡᠷᠢᠭ ᠢᠶᠠᠷ ᠭᠤᠣᠯ ᠬᠦᠴᠦᠨ ᠪᠣᠯᠭᠠᠭᠰᠠᠨ ᠠᠶᠤᠯ  ᠠᠴᠠ ᠠᠪᠤᠷᠠᠬᠤ ᠡᠩᠨᠡᠭᠡ ᠶᠢ ᠵᠣᠬᠢᠶᠠᠨ ᠪᠠᠶᠢᠭᠤᠯᠬᠤ ᠶᠢ ᠬᠠᠷᠢᠭᠤᠴᠠᠵᠤ᠂ ᠡᠩᠨᠡᠭᠡ ᠶᠢᠨ ᠬᠤᠷᠢᠭᠯᠠᠯᠲᠠ ᠶᠢᠨ ᠭᠠᠵᠠᠷ ᠪᠣᠯᠣᠨ ᠪᠣᠳᠠᠲᠠᠢ ᠡᠭᠦᠷᠭᠡ ᠶᠢ ᠲᠣᠳᠣᠷᠬᠠᠶᠢᠯᠠᠵᠤ᠂ ᠪᠠᠬᠢᠯᠡᠯᠲᠡ ᠪᠠᠨ ᠴᠢᠩᠳᠠᠯᠠᠨ᠂ ᠠᠶᠤᠯ ᠲᠦᠭᠰᠢᠭᠦᠷᠢ ᠳᠤ ᠤᠴᠠᠷᠠᠪᠠᠯ᠂ ᠠᠶᠤᠯ  ᠠᠴᠠ ᠠᠪᠤᠷᠠᠵᠤ ᠭᠠᠮᠰᠢᠭ ᠲᠠᠢ ᠲᠡᠮᠡᠴᠡᠬᠦ ᠳᠤ ᠴᠠᠭ ᠲᠤᠬᠠᠢ ᠳᠤᠨᠢ ᠣᠷᠣᠯᠴᠠᠨ᠎ᠠ᠃ 2. ᠬᠤᠰᠢᠭᠤᠨ ᠤ ᠰᠤᠷᠭᠠᠨ ᠬᠥᠮᠦᠵᠢᠯ ᠤᠨ ᠲᠣᠪᠴᠢᠶ᠎ᠠ᠄ ᠪᠥᠬᠦ ᠬᠤᠰᠢᠭᠤᠨ ᠤ ᠳᠤᠮᠳᠠᠳᠤ ᠪᠠᠭ᠎ᠠ ᠰᠤᠷᠭᠠᠭᠤᠯᠢ᠂ ᠬᠡᠦᠬᠡᠳ ᠤᠨ ᠴᠡᠴᠡᠷᠯᠢᠭ ᠲᠤ ᠰᠤᠷᠭᠠᠭᠤᠯᠢ ᠶᠢᠨ ᠪᠠᠶᠢᠷᠢ ᠶᠢᠨ ᠠᠮᠤᠷ ᠲᠦᠪᠰᠢᠨ ᠤ ᠪᠠᠶᠢᠴᠠᠭᠠᠯᠲᠠ ᠬᠢᠬᠦ ᠶᠢ ᠬᠠᠷᠢᠭᠤᠴᠠᠵᠤ᠂ ᠪᠠᠭᠰᠢ ᠰᠤᠷᠤᠭᠴᠢᠳ ᠲᠤ ᠭᠠᠵᠠᠷ ᠤᠨ ᠭᠠᠢ ᠭᠠᠮᠰᠢᠭ ᠢ ᠰᠡᠷᠭᠡᠶᠢᠯᠡᠨ ᠵᠠᠰᠠᠬᠤ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠦᠨ᠂ ᠠᠶᠤᠯ ᠭᠠᠮᠰᠢᠭ  ᠠᠴᠠ ᠠᠪᠤᠷᠠᠬᠤ ᠶᠠᠪᠤᠴᠠ ᠳᠤ ᠪᠠᠭᠰᠢ ᠰᠤᠷᠤᠭᠴᠢᠳ ᠢ ᠠᠮᠤᠷ ᠲᠦᠪᠰᠢᠨ ᠢᠶᠠᠷ ᠰᠢᠯᠵᠢᠭᠦᠯᠬᠦ ᠠᠵᠢᠯ ᠢ ᠬᠠᠷᠢᠭᠤᠴᠠᠨ᠎ᠠ᠃ 3. ᠬᠤᠰᠢᠭᠤᠨ ᠤ ᠠᠷᠠᠳ ᠤᠨ ᠶᠠᠪᠤᠳᠠᠯ ᠤᠨ ᠲᠣᠪᠴᠢᠶ᠎ᠠ᠄ ᠭᠠᠮᠰᠢᠭᠳᠠᠭᠰᠠᠨ ᠣᠯᠠᠨ ᠲᠦᠮᠡᠨ ᠳᠤ ᠲᠦᠷ ᠴᠠᠭ ᠤᠨ ᠮᠠᠶᠢᠬᠠᠨ ᠲᠦᠭᠡᠭᠡᠨ ᠥᠭᠴᠦ᠂ ᠪᠥᠬᠦ ᠬᠤᠰᠢᠭᠤᠨ ᠤ ᠭᠠᠵᠠᠷ ᠤᠨ ᠭᠠᠮᠰᠢᠭ  ᠠᠴᠠ ᠠᠪᠤᠷᠠᠨ ᠭᠠᠮᠰᠢᠭ  ᠠᠴᠠ ᠠᠪᠤᠷᠠᠬᠤ ᠠᠵᠢᠯ  ᠢ ᠵᠣᠬᠢᠴᠠᠭᠤᠯᠤᠨ᠎ᠠ᠃ ᠭᠠᠮᠰᠢᠭ ᠤᠨ ᠪᠠᠶᠢᠳᠠᠯ ᠢ ᠬᠢᠨᠠᠨ ᠪᠠᠶᠢᠴᠠᠭᠠᠬᠤ ᠠᠵᠢᠯ ᠢ ᠵᠣᠬᠢᠶᠠᠨ ᠪᠠᠶᠢᠭᠤᠯᠵᠤ᠂ ᠭᠠᠮᠰᠢᠭ ᠤᠨ ᠪᠠᠶᠢᠳᠠᠯ ᠵᠢᠴᠢ ᠭᠠᠮᠰᠢᠭ ᠠᠴᠠ ᠠᠪᠤᠷᠠᠬᠤ ᠮᠡᠳᠡᠭᠡ ᠵᠠᠩᠭᠢ ᠶᠢ ᠴᠤᠭᠯᠠᠭᠤᠯᠵᠤ᠂ ᠭᠠᠮᠰᠢᠭᠳᠠᠭᠰᠠᠨ ᠣᠷᠣᠨ ᠤ ᠭᠠᠮᠰᠢᠭ ᠠᠴᠠ ᠠᠪᠤᠷᠠᠬᠤ ᠪᠠ ᠭᠠᠮᠰᠢᠭᠳᠠᠭᠰᠠᠨ ᠠᠷᠠᠳ ᠤᠨ ᠠᠮᠢᠳᠤᠷᠠᠯ ᠢ ᠠᠪᠤᠷᠠᠨ ᠲᠤᠰᠠᠯᠠᠬᠤ ᠠᠵᠢᠯ ᠢ ᠵᠣᠬᠢᠶᠠᠨ ᠪᠠᠶᠢᠭᠤᠯᠤᠨ ᠵᠣᠬᠢᠴᠠᠭᠤᠯᠵᠤ᠂ ᠭᠠᠮᠰᠢᠭ ᠠᠴᠠ ᠠᠪᠤᠷᠠᠬᠤ ᠵᠣᠭᠤᠰ ᠮᠥᠩᠭᠦ ᠡᠳ᠋ ᠪᠣᠳᠠᠰ ᠢ ᠲᠠᠷᠬᠠᠭᠠᠵᠤ ᠬᠠᠮᠢᠶᠠᠷᠬᠤ ᠪᠠ ᠲᠡᠭᠦᠨ ᠳᠤ ᠬᠢᠨᠠᠯᠲᠠ ᠲᠠᠯᠪᠢᠬᠤ ᠠᠵᠢᠯ ᠢ ᠰᠠᠶᠢᠲᠤᠷ ᠬᠢᠵᠦ᠂ ᠭᠠᠮᠰᠢᠭ ᠠᠴᠠ ᠠᠪᠤᠷᠠᠬᠤ ᠳᠤ ᠪᠡᠯᠡᠭᠯᠡᠨ ᠬᠦᠷᠭᠡᠬᠦ ᠵᠡᠷᠭᠡ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ 4. ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ᠄ ᠭᠠᠵᠠᠷ ᠰᠢᠨᠵᠢᠯᠡᠭᠡᠨ ᠤ ᠭᠠᠢ ᠭᠠᠮᠰᠢᠭ ᠢ ᠰᠡᠷᠭᠡᠶᠢᠯᠡᠨ ᠵᠠᠰᠠᠬᠤ ᠪᠠ ᠠᠶᠤᠯ ᠭᠠᠮᠰᠢᠭ  ᠠᠴᠠ ᠠᠪᠤᠷᠠᠬᠤ ᠵᠢᠴᠢ ᠭᠠᠮᠰᠢᠭ ᠤᠨ ᠳᠠᠷᠠᠭᠠᠬᠢ ᠳᠠᠬᠢᠨ ᠪᠦᠲᠦᠭᠡᠨ ᠪᠠᠶᠢᠭᠤᠯᠬᠤ ᠪᠡᠯᠡ ᠮᠥᠩᠭᠦ ᠶᠢ ᠲᠣᠬᠢᠷᠠᠭᠤᠯᠬᠤ ᠪᠠ ᠴᠤᠭᠯᠠᠭᠤᠯᠬᠤ ᠶᠢ ᠬᠠᠷᠢᠭᠤᠴᠠᠵᠤ᠂ ᠡᠯ᠎ᠡ ᠵᠦᠢᠯ ᠤᠨ ᠵᠠᠷᠤᠳᠠᠯ ᠢ ᠴᠠᠭ ᠲᠤᠬᠠᠢ ᠳᠤᠨᠢ ᠰᠢᠯᠵᠢᠭᠦᠯᠦᠨ ᠥᠭᠬᠦ ᠶᠢ ᠦᠨᠡᠨ ᠬᠦ ᠪᠠᠲᠤᠯᠠᠬᠤ ᠶᠢᠨ ᠬᠠᠮᠲᠤ ᠪᠡᠯᠡ ᠮᠥᠩᠭᠦ ᠶᠢᠨ ᠬᠡᠷᠡᠭᠯᠡᠯᠲᠡ ᠬᠠᠮᠢᠶᠠᠷᠤᠯᠲᠠ ᠪᠠ ᠬᠢᠨᠠᠯᠲᠠ ᠪᠠᠶᠢᠴᠠᠭᠠᠯᠲᠠ ᠶᠢᠨ ᠠᠵᠢᠯ ᠢ ᠰᠠᠶᠢᠲᠤᠷ ᠬᠢᠨ᠎ᠡ᠃ 5. ᠬᠤᠰᠢᠭᠤᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠄ ᠪᠥᠬᠦ ᠬᠤᠰᠢᠭᠤᠨ ᠤ ᠪᠠᠶᠢᠭᠤᠯᠵᠤ ᠪᠠᠶᠢᠭ᠎ᠠ ᠲᠥᠷᠥᠯ ᠵᠦᠢᠯ ᠳᠤ ᠭᠠᠵᠠᠷ ᠤᠨ ᠭᠠᠢ ᠭᠠᠮᠰᠢᠭ ᠢ ᠪᠠᠶᠢᠴᠠᠭᠠᠬᠤ᠂ ᠲᠣᠭᠤᠷᠢᠨ ᠪᠠᠶᠢᠴᠠᠭᠠᠬᠤ᠂ ᠵᠢᠭᠰᠠᠭᠠᠨ ᠪᠠᠶᠢᠴᠠᠭᠠᠬᠤ᠂ ᠬᠢᠨᠠᠯᠲᠠ ᠲᠠᠯᠪᠢᠬᠤ ᠠᠵᠢᠯ ᠢ ᠬᠠᠷᠢᠭᠤᠴᠠᠵᠤ᠂ ᠭᠠᠮᠰᠢᠭ ᠤᠨ ᠳᠠᠷᠠᠭᠠᠬᠢ ᠠᠷᠠᠳ ᠤᠨ ᠭᠡᠷ ᠪᠠᠶᠢᠰᠢᠩ ᠪᠠ ᠠᠷᠠᠳ ᠤᠨ ᠬᠡᠷᠡᠭᠯᠡᠭᠡᠨ ᠤ ᠪᠡᠯᠡᠳᠬᠡᠮᠵᠢ ᠶᠢ ᠳᠠᠬᠢᠨ ᠪᠠᠶᠢᠭᠤᠯᠬᠤ ᠠᠵᠢᠯ ᠢ ᠵᠢᠯᠣᠭᠤᠳᠤᠨ᠎ᠠ᠃ 6. ᠬᠤᠰᠢᠭᠤᠨ ᠤ ᠤᠰᠤᠨ ᠠᠰᠢᠭᠯᠠᠯᠲᠠ ᠶᠢᠨ ᠲᠣᠪᠴᠢᠶ᠎ᠠ᠄ ᠪᠥᠬᠦ ᠬᠤᠰᠢᠭᠤᠨ ᠤ ᠬᠠᠰᠢᠯᠭ᠎ᠠ ᠳᠠᠯᠠᠩ᠂ ᠤᠰᠤᠨ ᠴᠥᠭᠦᠷᠥᠮ᠂ ᠬᠠᠰᠢᠯᠭ᠎ᠠ ᠳᠠᠯᠠᠩ ᠵᠡᠷᠭᠡ ᠡᠯ᠎ᠡ ᠲᠥᠷᠥᠯ ᠤᠨ ᠦᠶᠡᠷ ᠢ ᠰᠡᠷᠭᠡᠶᠢᠯᠡᠬᠦ ᠪᠠᠷᠢᠯᠭ᠎ᠠ ᠪᠠ ᠤᠰᠤᠨ ᠵᠠᠮ ᠤᠨ ᠠᠮᠤᠷ ᠲᠦᠪᠰᠢᠨ ᠢᠶᠠᠷ ᠠᠵᠢᠯᠯᠠᠵᠤ ᠪᠠᠶᠢᠭ᠎ᠠ ᠪᠠᠶᠢᠳᠠᠯ ᠵᠢᠴᠢ ᠭᠠᠵᠠᠷ ᠤᠨ ᠭᠠᠢ ᠭᠠᠮᠰᠢᠭ ᠢ ᠰᠡᠷᠭᠡᠶᠢᠯᠡᠨ ᠵᠠᠰᠠᠬᠤ ᠠᠵᠢᠯ ᠢ ᠪᠠᠶᠢᠴᠠᠭᠠᠬᠤ᠂ ᠲᠣᠭᠤᠷᠢᠨ ᠪᠠᠶᠢᠴᠠᠭᠠᠬᠤ᠂ ᠵᠢᠭᠰᠠᠭᠠᠨ ᠪᠠᠶᠢᠴᠠᠭᠠᠬᠤ᠂ ᠰᠢᠮᠳᠠᠭᠤᠯᠤᠨ ᠪᠠᠶᠢᠴᠠᠭᠠᠬᠤ ᠶᠢ ᠬᠠᠷᠢᠭᠤᠴᠠᠨ᠎ᠠ᠃ ᠪᠣᠷᠣᠭᠠᠨ ᠤ ᠪᠠᠶᠢᠳᠠᠯ᠂ ᠤᠰᠤᠨ ᠤ ᠪᠠᠶᠢᠳᠠᠯ᠂ ᠭᠠᠮᠰᠢᠭ ᠤᠨ ᠪᠠᠶᠢᠳᠠᠯ ᠢ ᠲᠥᠰᠥᠭᠡᠯᠡᠵᠦ ᠰᠡᠷᠡᠮᠵᠢᠯᠡᠭᠦᠯᠬᠦ ᠮᠡᠳᠡᠭᠡ ᠵᠠᠩᠭᠢ ᠶᠢ ᠴᠠᠭ ᠲᠤᠬᠠᠢ ᠳᠤᠨᠢ ᠣᠨᠣᠪᠴᠢᠲᠠᠶ ᠳᠠᠮᠵᠢᠭᠤᠯᠵᠤ᠂ ᠦᠶᠡᠷ ᠢ ᠰᠡᠷᠭᠡᠶᠢᠯᠡᠬᠦ ᠠᠷᠭ᠎ᠠ ᠬᠡᠮᠵᠢᠶ᠎ᠡ ᠵᠢᠴᠢ ᠪᠠᠷᠢᠯᠭ᠎ᠠ ᠶᠢᠨ ᠦᠶᠡᠷ ᠢ ᠰᠡᠷᠭᠡᠶᠢᠯᠡᠬᠦ ᠣᠨ ᠤ ᠵᠠᠰᠠᠯᠲᠠ᠂ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠪᠠ ᠤᠰᠤᠨ ᠳᠤ ᠡᠪᠳᠡᠭᠳᠡᠭᠰᠡᠨ ᠪᠠᠶᠢᠳᠠᠯ ᠢ ᠵᠠᠰᠠᠨ ᠰᠡᠷᠭᠦᠭᠡᠬᠦ ᠲᠥᠯᠥᠪᠯᠡᠭᠡ ᠶᠢ ᠲᠣᠭᠲᠠᠭᠠᠬᠤ ᠶᠢᠨ ᠬᠠᠮᠲᠤ ᠬᠢᠨᠠᠯᠲᠠ ᠲᠠᠯᠪᠢᠵᠤ ᠬᠡᠷᠡᠭᠵᠢᠭᠦᠯᠬᠦ ᠬᠡᠷᠡᠭᠲᠡᠢ᠃ ᠭᠠᠮᠰᠢᠭ ᠠᠴᠠ ᠪᠣᠯᠤᠭᠰᠠᠨ ᠲᠠᠷᠢᠶᠠᠯᠠᠩ ᠤᠨ ᠭᠠᠮᠰᠢᠭ ᠤᠨ ᠪᠠᠶᠢᠳᠠᠯ ᠢ ᠴᠠᠭ ᠲᠤᠬᠠᠢ ᠳᠤᠨᠢ ᠴᠤᠭᠯᠠᠭᠤᠯᠵᠤ᠂ ᠬᠠᠮᠢᠶᠠᠷᠴᠤ᠂ ᠮᠡᠳᠡᠭᠦᠯᠬᠦ ᠬᠡᠷᠡᠭᠲᠡᠢ᠃ 7. ᠬᠤᠰᠢᠭᠤᠨ ᠤ ᠲᠠᠷᠢᠶᠠᠯᠠᠩ ᠤᠨ ᠰᠢᠨᠵᠢᠯᠡᠬᠦ ᠤᠬᠠᠭᠠᠨ ᠤ ᠲᠣᠪᠴᠢᠶ᠎ᠠ᠄ ᠲᠠᠷᠢᠶᠠᠯᠠᠩ ᠤᠨ ᠭᠠᠮᠰᠢᠭ  ᠠᠴᠠ ᠠᠪᠤᠷᠠᠬᠤ ᠠᠵᠢᠯ  ᠢ ᠵᠢᠯᠤᠭᠤᠳᠴᠤ᠂ ᠭᠠᠮᠰᠢᠭ ᠤᠨ ᠳᠠᠷᠠᠭᠠᠬᠢ ᠲᠠᠷᠢᠶᠠᠯᠠᠩ ᠤᠨ ᠦᠢᠯᠡᠳᠪᠦᠷᠢᠯᠡᠯ  ᠢ ᠰᠡᠷᠭᠦᠭᠡᠬᠦ ᠠᠵᠢᠯ  ᠢ ᠵᠢᠯᠣᠭᠤᠳᠤᠨ᠎ᠠ᠃ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠰᠠᠯᠠᠭ᠎ᠠ ᠮᠥᠴᠢᠷ ᠢ ᠬᠠᠮᠵᠢᠨ ᠭᠠᠮᠰᠢᠭᠳᠠᠭᠰᠠᠨ ᠣᠷᠣᠨ ᠤ ᠮᠠᠯ ᠠᠵᠤ ᠠᠬᠤᠢ ᠶᠢᠨ ᠬᠢᠵᠢᠭ ᠡᠪᠡᠳᠴᠢᠨ ᠢ ᠰᠡᠷᠭᠡᠶᠢᠯᠡᠨ ᠬᠢᠵᠠᠭᠠᠷᠯᠠᠬᠤ ᠠᠵᠢᠯ ᠢ ᠰᠠᠶᠢᠲᠤᠷ ᠬᠢᠨ᠎ᠡ᠃ 8. ᠬᠤᠰᠢᠭᠤᠨ ᠤ ᠰᠣᠶᠣᠯ ᠤᠨ ᠵᠢᠭᠤᠯᠴᠢᠯᠠᠯ ᠤᠨ ᠲᠣᠪᠴᠢᠶ᠎ᠠ᠄ ᠵᠢᠭᠤᠯᠴᠢᠯᠠᠯ ᠤᠨ ᠦᠵᠡᠮᠵᠢ ᠶᠢᠨ ᠣᠷᠣᠨ ︵ᠴᠢᠭ︶ ᠤ ᠭᠠᠵᠠᠷ ᠤᠨ ᠭᠠᠢ ᠭᠠᠮᠰᠢᠭ ᠢ ᠰᠡᠷᠭᠡᠶᠢᠯᠡᠨ ᠵᠠᠰᠠᠬᠤ ᠠᠵᠢᠯ ᠢ ᠦᠨᠡᠨᠬᠦ ᠴᠢᠩᠭᠠᠳᠬᠠᠨ᠎ᠠ᠃ ᠵᠢᠭᠤᠯᠴᠢᠯᠠᠯ ᠤᠨ ᠦᠵᠡᠮᠵᠢ ᠶᠢᠨ ᠣᠷᠣᠨ ︵ᠴᠢᠭ︶ ᠤ ᠭᠠᠵᠠᠷ ᠤᠨ ᠭᠠᠢ ᠭᠠᠮᠰᠢᠭ ᠤᠨ ᠳᠠᠯᠳᠠ ᠬᠡᠮ ᠤᠨ ᠴᠢᠭ᠋ ᠲᠤ ᠦᠶᠡᠷ ᠤᠨ ᠬᠤᠭᠤᠴᠠᠭᠠᠨ ᠤ ᠲᠤᠰᠬᠠᠢ ᠵᠦᠢᠯ ᠤᠨ ᠪᠠᠶᠢᠴᠠᠭᠠᠯᠲᠠ ᠬᠢᠵᠦ᠂ ᠵᠣᠬᠢᠬᠤ ᠰᠡᠷᠡᠮᠵᠢ ᠶᠢᠨ ᠲᠡᠮᠳᠡᠭ ᠪᠠᠶᠢᠷᠢᠯᠠᠭᠤᠯᠤᠨ᠂ ᠬᠢᠨᠠᠨ ᠬᠡᠮᠵᠢᠬᠦ ᠠᠷᠭ᠎ᠠ ᠬᠡᠮᠵᠢᠶ᠎ᠡ ᠲᠣᠭᠲᠠᠭᠠᠵᠤ᠂ ᠲᠦᠭᠰᠢᠭᠦᠷᠢ ᠶᠢᠨ ᠪᠠᠶᠢᠳᠠᠯ ᠢ ᠣᠯᠵᠤ ᠮᠡᠳᠡᠪᠡᠯ ᠴᠠᠭ ᠲᠤᠬᠠᠢ ᠳᠤᠨᠢ ᠰᠢᠢᠳᠪᠦᠷᠢᠯᠡᠬᠦ ᠬᠡᠷᠡᠭᠲᠡᠢ᠃ ᠵᠢᠭᠤᠯᠴᠢᠯᠠᠯ ᠤᠨ ᠦᠵᠡᠮᠵᠢ ᠶᠢᠨ ᠣᠷᠣᠨ ︵ᠴᠢᠭ︶ ᠤ ᠭᠠᠵᠠᠷ ᠤᠨ ᠭᠠᠢ ᠭᠠᠮᠰᠢᠭ ᠢ ᠪᠠᠶᠢᠴᠠᠭᠠᠬᠤ᠂ ᠲᠣᠭᠤᠷᠢᠨ ᠪᠠᠶᠢᠴᠠᠭᠠᠬᠤ᠂ ᠵᠢᠭᠰᠠᠭᠠᠨ ᠪᠠᠶᠢᠴᠠᠭᠠᠬᠤ᠂ ᠬᠢᠨᠠᠯᠲᠠ ᠲᠠᠯᠪᠢᠬᠤ ᠠᠵᠢᠯ ᠳᠤ ᠬᠢᠨᠠᠯᠲᠠ ᠲᠠᠯᠪᠢᠬᠤ ᠶᠢ ᠬᠠᠷᠢᠭᠤᠴᠠᠵᠤ᠂ ᠦᠶᠡᠷ ᠤᠨ ᠬᠤᠭᠤᠴᠠᠭᠠᠨ ᠤ ᠵᠢᠭᠤᠯᠴᠢᠯᠠᠯ ᠤᠨ ᠠᠮᠤᠷ ᠲᠦᠪᠰᠢᠨ ᠤ ᠬᠠᠮᠢᠶᠠᠷᠤᠯᠲᠠ ᠶᠢ ᠴᠢᠩᠭᠠᠳᠬᠠᠨ᠂ ᠵᠤᠭᠠᠴᠠᠭᠰᠠᠳ ᠤᠨ ᠦᠶᠡᠷ ᠤᠰᠤᠲᠤᠯ ᠤᠨ ᠣᠷᠣᠨ᠂ ᠭᠠᠵᠠᠷ ᠤᠨ ᠭᠠᠢ ᠭᠠᠮᠰᠢᠭ ᠠᠮᠠᠷᠬᠠᠨ ᠡᠭᠦᠰᠳᠡᠭ ᠣᠷᠣᠨ ᠳᠤ ᠣᠷᠣᠬᠤ ᠶᠢ ᠴᠢᠩᠭ᠎ᠠ ᠰᠡᠷᠭᠡᠶᠢᠯᠡᠨ᠎ᠡ᠃ 9. ᠬᠤᠰᠢᠭᠤᠨ ᠤ ᠪᠠᠴᠢᠮ ᠪᠠᠶᠢᠳᠠᠯ ᠢ ᠠᠷᠭᠠᠴᠠᠬᠤ ᠲᠣᠪᠴᠢᠶ᠎ᠠ᠄ ᠦᠶᠡᠷ ᠤᠨ ᠬᠤᠭᠤᠴᠠᠭᠠᠨ ᠤ ᠠᠭᠤᠷᠬᠠᠢ ᠶᠢᠨ ᠨᠡᠭᠡᠭᠡᠨ ᠮᠠᠯᠲᠠᠬᠤ ᠣᠷᠣᠨ᠂ ᠦᠯᠡᠳᠡᠭᠳᠡᠯ ᠬᠦᠳᠡᠷ ᠤᠨ ᠬᠥᠮᠥᠷᠭᠡ᠂ ᠡᠯᠡᠰᠦᠨ ᠲᠠᠯᠠᠪᠠᠶ᠂ ᠰᠢᠷᠣᠢ ᠣᠪᠣᠭᠠᠯᠠᠬᠤ ᠲᠠᠯᠠᠪᠠᠶ ᠶᠢᠨ ᠠᠮᠤᠷ ᠲᠦᠪᠰᠢᠨ ᠤ ᠪᠠᠶᠢᠴᠠᠭᠠᠯᠲᠠ  ᠶᠢ ᠬᠠᠷᠢᠭᠤᠴᠠᠨ ᠥᠷᠨᠢᠭᠦᠯᠵᠦ᠂ ᠵᠣᠷᠢᠭᠤᠳᠠ ᠭᠠᠵᠠᠷ ᠰᠢᠨᠵᠢᠯᠡᠭᠡᠨ ᠤ ᠭᠠᠢ ᠭᠠᠮᠰᠢᠭ ᠡᠭᠦᠰᠬᠡᠬᠦ ᠠᠴᠠ ᠵᠠᠶᠢᠯᠠᠰᠬᠢᠵᠦ᠂ ᠪᠥᠬᠦ ᠬᠤᠰᠢᠭᠤᠨ ᠤ ᠠᠶᠤᠯ ᠦᠭᠡᠢ ᠦᠢᠯᠡᠳᠪᠦᠷᠢᠯᠡᠯ ᠤᠨ ᠠᠵᠢᠯ ᠢ ᠬᠢᠨᠠᠨ ᠬᠠᠮᠢᠶᠠᠷᠴᠤ᠂ ᠠᠶᠤᠯ ᠦᠭᠡᠢ ᠦᠢᠯᠡᠳᠪᠦᠷᠢᠯᠡᠯ ᠤᠨ ᠪᠠᠶᠢᠳᠠᠯ ᠢ ᠵᠠᠳᠠᠯᠬᠤ ᠪᠠ ᠲᠥᠰᠥᠭᠡᠯᠡᠵᠦ᠂ ᠪᠥᠬᠦ ᠬᠤᠰᠢᠭᠤᠨ ᠤ ᠠᠶᠤᠯ ᠦᠭᠡᠢ ᠦᠢᠯᠡᠳᠪᠦᠷᠢᠯᠡᠯ ᠤᠨ ᠠᠵᠢᠯ ᠤᠨ ᠲᠥᠯᠦᠪᠵᠢᠭᠦᠯᠭᠡ ᠶᠢ ᠲᠤᠭᠤᠷᠪᠢᠨ ᠲᠣᠭᠲᠠᠭᠠᠵᠤ᠂ ᠨᠡᠭᠦᠷᠡᠰᠦᠨ ᠠᠭᠤᠷᠬᠠᠢ ᠶᠢᠨ ᠪᠤᠰᠤ ᠭᠠᠵᠠᠷ ᠰᠢᠨᠵᠢᠯᠡᠭᠡᠨ ᠤ ᠭᠠᠢ ᠭᠠᠮᠰᠢᠭ ᠢ ᠰᠡᠷᠭᠡᠶᠢᠯᠡᠨ ᠵᠠᠰᠠᠬᠤ ᠪᠠ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠠᠶᠤᠯ ᠦᠭᠡᠢ ᠦᠢᠯᠡᠳᠪᠦᠷᠢᠯᠡᠯ ᠤᠨ ᠠᠵᠢᠯ ᠢ ᠵᠢᠯᠣᠭᠤᠳᠤᠨ ᠵᠣᠬᠢᠴᠠᠭᠤᠯᠵᠤ᠂ ᠬᠢᠨᠠᠯᠲᠠ ᠲᠠᠯᠪᠢᠵᠤ᠂ ᠭᠡᠨᠡᠳᠲᠡ ᠶᠢᠨ ᠭᠠᠵᠠᠷ ᠰᠢᠨᠵᠢᠯᠡᠭᠡᠨ ᠤ ᠭᠠᠢ ᠭᠠᠮᠰᠢᠭ ᠤᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠪᠠ ᠠᠶᠤᠯ  ᠠᠴᠠ ᠠᠪᠤᠷᠠᠨ ᠲᠤᠰᠠᠯᠠᠬᠤ ᠠᠵᠢᠯ ᠢ ᠴᠢᠩᠭᠠᠳᠬᠠᠨ᠎ᠠ᠃ 10᠂ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠄ ᠠᠶᠤᠯ ᠭᠠᠮᠰᠢᠭ  ᠠᠴᠠ ᠠᠪᠤᠷᠠᠬᠤ ᠠᠮᠤᠷ ᠲᠦᠪᠰᠢᠨ ᠤ ᠡᠮᠬᠢ ᠳᠢᠭᠯᠢᠮ ᠢ ᠬᠠᠮᠠᠭᠠᠯᠠᠬᠤ ᠪᠠ ᠭᠠᠮᠰᠢᠭᠳᠠᠭᠰᠠᠨ ᠣᠷᠣᠨ ᠤ ᠨᠡᠶᠢᠭᠡᠮ ᠤᠨ ᠠᠮᠤᠷ ᠲᠦᠪᠰᠢᠨ ᠤ ᠬᠠᠮᠢᠶᠠᠷᠤᠯᠲᠠ ᠵᠢᠴᠢ ᠠᠮᠤᠷ ᠲᠦᠪᠰᠢᠨ ᠤ ᠬᠠᠮᠠᠭᠠᠯᠠᠯᠲᠠ ᠶᠢᠨ ᠠᠵᠢᠯ ᠢ ᠬᠠᠷᠢᠭᠤᠴᠠᠵᠤ᠂ ᠴᠤᠤᠷᠬᠠᠯ ᠲᠠᠯᠪᠢᠨ ᠣᠯᠠᠨ ᠢ ᠦᠢᠮᠡᠭᠦᠯᠬᠦ ᠪᠠ ᠠᠶᠤᠯ ᠭᠠᠮᠰᠢᠭ  ᠠᠴᠠ ᠠᠪᠤᠷᠠᠬᠤ ᠡᠳ᠋ ᠪᠣᠳᠠᠰ ᠤᠨ ᠲᠥᠬᠦᠭᠡᠷᠦᠮᠵᠢ ᠶᠢ ᠬᠤᠯᠠᠭᠠᠶᠢᠯᠠᠬᠤ᠂ ᠡᠪᠳᠡᠬᠦ ᠵᠡᠷᠭᠡ ᠶᠠᠯᠠᠲᠤ ᠠᠵᠢᠯᠯᠠᠭ᠎ᠠ ᠳᠤ ᠬᠠᠤᠯᠢ ᠶᠣᠰᠣᠭᠠᠷ ᠴᠣᠬᠢᠯᠲᠠ ᠥᠭᠴᠦ᠂ ᠠᠶᠤᠯ ᠭᠠᠮᠰᠢᠭ  ᠠᠴᠠ ᠠᠪᠤᠷᠠᠬᠤ ᠠᠵᠢᠯᠯᠠᠭ᠎ᠠ  ᠠᠴᠠ ᠪᠣᠯᠤᠭᠰᠠᠨ ᠬᠠᠮᠲᠤᠯᠢᠭ ᠤᠨ ᠴᠢᠨᠠᠷᠲᠠᠢ ᠠᠮᠤᠷ ᠲᠦᠪᠰᠢᠨ ᠤ ᠬᠡᠷᠡᠭ  ᠢ ᠲᠣᠬᠢᠲᠠᠢ ᠰᠢᠢᠳᠪᠦᠷᠢᠯᠡᠬᠦ ᠶᠢᠨ ᠬᠠᠮᠲᠤ ᠭᠠᠮᠰᠢᠭᠳᠠᠭᠰᠠᠨ ᠪᠦᠰᠡᠯᠡᠯᠲᠡ ᠠᠴᠠ ᠤᠬᠤᠷᠢᠨ ᠭᠠᠷᠬᠤ ᠣᠯᠠᠨ ᠲᠦᠮᠡᠨ  ᠢ ᠬᠠᠪᠰᠤᠷᠤᠨ ᠵᠣᠬᠢᠶᠠᠨ ᠪᠠᠶᠢᠭᠤᠯᠤᠨ᠎ᠠ᠃ 11᠂ ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠄ ᠭᠠᠵᠠᠷ ᠰᠢᠨᠵᠢᠯᠡᠭᠡᠨ ᠤ ᠭᠠᠢ ᠭᠠᠮᠰᠢᠭ ᠤᠨ ᠳᠠᠯᠳᠠ ᠬᠡᠮ ᠢ ᠵᠢᠭᠰᠠᠭᠠᠨ ᠪᠠᠶᠢᠴᠠᠭᠠᠬᠤ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠦᠨ᠎ᠡ︔ ᠴᠠᠭ ᠠᠭᠤᠷ᠂ ᠤᠰᠤᠨ ᠠᠰᠢᠭᠯᠠᠯᠲᠠ᠂ ᠪᠠᠴᠢᠮ ᠪᠠᠶᠢᠳᠠᠯ ᠢ ᠠᠷᠭᠠᠴᠠᠬᠤ᠂ ᠣᠷᠣᠨ ᠰᠠᠭᠤᠴᠠ ᠪᠠ ᠬᠤᠳᠠ ᠬᠥᠳᠡᠭᠡ ᠶᠢᠨ ᠪᠦᠲᠦᠭᠡᠨ ᠪᠠᠶᠢᠭᠤᠯᠤᠯᠲᠠ᠂ ᠵᠠᠮ ᠬᠠᠷᠢᠯᠴᠠᠭ᠎ᠠ ᠵᠡᠷᠭᠡ ᠰᠠᠯᠠᠭ᠎ᠠ ᠮᠥᠴᠢᠷ ᠯᠦᠭᠡ ᠶᠢᠨ ᠵᠣᠬᠢᠴᠠᠯᠳᠤᠨ ᠬᠠᠮᠲᠤᠷᠠᠨ ᠬᠥᠳᠡᠯᠦᠯᠴᠡᠬᠦ ᠶᠢ ᠴᠢᠩᠭᠠᠳᠬᠠᠵᠤ᠂ ᠭᠠᠵᠠᠷ ᠤᠨ ᠭᠠᠢ ᠭᠠᠮᠰᠢᠭ ᠤᠨ ᠴᠠᠭ ᠠᠭᠤᠷ ᠢ ᠤᠷᠢᠳᠴᠢᠯᠠᠨ ᠮᠡᠳᠡᠭᠡᠯᠡᠵᠦ ᠤᠷᠢᠳᠴᠢᠯᠠᠨ ᠰᠡᠷᠡᠮᠵᠢᠯᠡᠭᠦᠯᠬᠦ ᠠᠵᠢᠯ ᠢ ᠢᠳᠡᠪᠬᠢᠲᠡᠢ ᠥᠷᠨᠢᠭᠦᠯᠦᠨ᠎ᠡ︔ ᠦᠶᠡᠷ ᠤᠨ ᠬᠤᠭᠤᠴᠠᠭᠠᠨ ᠤ ᠭᠠᠵᠠᠷ ᠤᠨ ᠭᠠᠮᠰᠢᠭ ᠤᠨ 24 ᠴᠠᠭ ᠤᠨ ᠤᠳᠤᠷᠢᠳᠤᠯᠭ᠎ᠠ ᠡᠭᠡᠯᠵᠢ ᠳᠠᠭᠠᠭᠤᠯᠤᠨ ᠵᠢᠵᠢᠭᠦᠷᠯᠡᠬᠦ ᠳᠦᠷᠢᠮ ᠪᠠ ᠭᠠᠮᠰᠢᠭ ᠤᠨ ᠪᠠᠶᠢᠳᠠᠯ ᠲᠦᠭᠰᠢᠭᠦᠷᠢᠲᠦ ᠪᠠᠶᠢᠳᠠᠯ ᠢ ᠲᠦᠷᠭᠡᠨ ᠮᠡᠳᠡᠭᠦᠯᠬᠦ ᠳᠦᠷᠢᠮ ᠢ ᠴᠢᠩᠭ᠎ᠠ ᠬᠡᠷᠡᠭᠵᠢᠭᠦᠯᠵᠦ᠂ ᠲᠤᠰᠬᠠᠢ ᠠᠵᠢᠯᠲᠠᠨ ᠢ ᠡᠳᠦᠷ ᠰᠥᠨᠢ ᠦᠭᠡᠢ ᠵᠢᠵᠢᠭᠦᠷᠯᠡᠵᠦ᠂ ᠬᠠᠷᠢᠭᠤᠴᠠᠯᠭ᠎ᠠ ᠶᠢ ᠬᠥᠮᠥᠨ ᠳᠤᠨᠢ ᠳᠠᠭᠠᠭᠠᠯᠭᠠᠨ᠂ ᠵᠢᠵᠢᠭᠦᠷ ᠢ ᠪᠣᠳᠠᠲᠠᠶᠢᠵᠢᠭᠤᠯᠵᠤ᠂ ᠴᠢᠮᠡᠭᠡ ᠬᠤᠯᠪᠣᠭ᠎ᠠ ᠶᠢᠨ ᠰᠠᠭᠠᠳ ᠦᠭᠡᠢ ᠨᠡᠪᠲᠡᠷᠡᠬᠦ ᠶᠢ ᠪᠠᠲᠤᠯᠠᠬᠤ ᠬᠡᠷᠡᠭᠲᠡᠢ᠃ 12᠂ ᠬᠤᠰᠢᠭᠤᠨ ᠤ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ᠄ ᠠᠶᠤᠯ  ᠠᠴᠠ ᠠᠪᠤᠷᠠᠵᠤ ᠭᠠᠮᠰᠢᠭ   ᠠᠴᠠ ᠠᠪᠤᠷᠠᠬᠤ ᠶᠠᠪᠤᠴᠠ ᠳᠠᠬᠢ ᠵᠠᠮ ᠬᠠᠷᠢᠯᠴᠠᠭᠠᠨ ᠤ ᠠᠮᠤᠷ ᠲᠦᠪᠰᠢᠨ ᠤ ᠵᠢᠯᠤᠭᠤᠳᠬᠤ ᠠᠵᠢᠯ ᠢ ᠬᠠᠷᠢᠭᠤᠴᠠᠵᠤ᠂ ᠴᠢᠬᠤᠯᠠ ᠲᠠᠢ ᠦᠶ᠎ᠡ ᠳᠤ᠂ ᠨᠢᠭᠡᠨᠲᠡ ᠲᠣᠭᠲᠠᠭᠠᠭᠰᠠᠨ ᠠᠶᠤᠯ  ᠠᠴᠠ ᠠᠪᠤᠷᠠᠵᠤ ᠭᠠᠮᠰᠢᠭ  ᠠᠴᠠ ᠠᠪᠤᠷᠠᠬᠤ ᠵᠠᠮ ᠤᠨ ᠬᠡᠰᠡᠭ ᠲᠤ ᠵᠠᠮ ᠬᠠᠷᠢᠯᠴᠠᠭᠠᠨ ᠤ ᠵᠠᠬᠢᠷᠤᠨ ᠬᠠᠮᠢᠶᠠᠷᠤᠯᠲᠠ ᠶᠠᠪᠤᠭᠤᠯᠵᠤ᠂ ᠠᠶᠤᠯ  ᠠᠴᠠ ᠠᠪᠤᠷᠠᠵᠤ ᠭᠠᠮᠰᠢᠭ  ᠠᠴᠠ ᠠᠪᠤᠷᠠᠬᠤ ᠵᠠᠮ ᠤᠨ ᠰᠠᠭᠠᠳ ᠦᠭᠡᠢ ᠨᠡᠪᠲᠡᠷᠡᠬᠦ ᠶᠢ ᠪᠠᠲᠤᠯᠠᠨ᠎ᠠ᠃ 13. ᠬᠤᠰᠢᠭᠤᠨ ᠤ  ᠡᠷᠡᠭᠦᠯ ᠬᠠᠮᠠᠭᠠᠯᠠᠯ ᠤᠨ ᠵᠥᠪᠯᠡᠯ᠄ ᠭᠠᠮᠰᠢᠭᠳᠠᠭᠰᠠᠨ ᠣᠷᠣᠨ ᠤ ᠬᠢᠵᠢᠭ ᠡᠪᠡᠳᠴᠢᠨ ᠢ ᠰᠡᠷᠭᠡᠶᠢᠯᠡᠨ ᠬᠢᠵᠠᠭᠠᠷᠯᠠᠬᠤ᠂ ᠡᠮᠨᠡᠯᠭᠡ ᠶᠢᠨ ᠠᠪᠤᠷᠠᠯᠳᠠ ᠪᠠ ᠤᠤᠭᠤᠬᠤ ᠤᠰᠤ᠂ ᠢᠳᠡᠭᠡᠨ ᠤ ᠠᠷᠢᠭᠤᠨ ᠴᠡᠪᠡᠷ ᠤᠨ ᠠᠮᠤᠷ ᠲᠦᠪᠰᠢᠨ ᠤ ᠠᠵᠢᠯ ᠢ ᠬᠠᠷᠢᠭᠤᠴᠠᠨ᠎ᠠ᠃ ᠭᠠᠮᠰᠢᠭ ᠭᠠᠷᠤᠭᠰᠠᠨ ᠤ ᠲᠠᠷᠠᠭ᠎ᠠ᠂ ᠡᠮ ᠡᠮᠨᠡᠯᠭᠡ ᠡᠷᠡᠭᠦᠯ ᠬᠠᠮᠠᠭᠠᠯᠠᠯ ᠤᠨ ᠡᠩᠨᠡᠭᠡ ᠪᠣᠯᠣᠨ ᠠᠪᠤᠷᠠᠨ ᠲᠤᠰᠠᠯᠠᠬᠤ ᠲᠡᠷᠭᠡ ᠬᠥᠰᠬᠡ ᠶᠢ ᠵᠣᠬᠢᠶᠠᠨ ᠪᠠᠶᠢᠭᠤᠯᠤᠨ ᠭᠠᠮᠰᠢᠭᠳᠠᠭᠰᠠᠨ ᠣᠷᠣᠨ ᠳᠤ ᠳᠠᠷᠤᠢ ᠲᠦᠷᠭᠡᠨ ᠣᠴᠢᠭᠤᠯᠵᠤ᠂ ᠡᠪᠡᠳᠴᠢᠨ ᠢ ᠰᠡᠷᠭᠡᠶᠢᠯᠡᠨ ᠡᠪᠡᠳᠴᠢᠨ ᠢ ᠵᠠᠰᠠᠵᠤ ᠠᠪᠤᠷᠠᠬᠤ ᠠᠵᠢᠯ ᠢ ᠥᠷᠨᠢᠭᠦᠯᠬᠦ ᠬᠡᠷᠡᠭᠲᠡᠢ᠃ ᠣᠷᠣᠨ ᠤ ᠬᠢᠵᠢᠭ ᠤᠨ ᠪᠠᠶᠢᠳᠠᠯ ᠪᠣᠯᠣᠨ ᠰᠡᠷᠭᠡᠶᠢᠯᠡᠨ ᠵᠠᠰᠠᠬᠤ ᠮᠡᠳᠡᠭᠡ ᠵᠠᠩᠭᠢ ᠶᠢ ᠴᠠᠭ ᠲᠤᠬᠠᠢ ᠳᠤᠨᠢ ᠬᠠᠩᠭᠠᠵᠤ᠂ ᠭᠠᠮᠰᠢᠭᠳᠠᠭᠰᠠᠨ ᠣᠷᠣᠨ ᠤ ᠠᠷᠢᠭᠤᠳᠬᠠᠬᠤ ᠪᠠ ᠬᠢᠵᠢᠭ ᠢ ᠰᠡᠷᠭᠡᠶᠢᠯᠡᠬᠦ ᠠᠵᠢᠯ ᠢ ᠰᠠᠶᠢᠲᠤᠷ ᠬᠢᠵᠦ᠂ ᠭᠠᠮᠰᠢᠭᠳᠠᠭᠰᠠᠨ ᠣᠷᠣᠨ ᠤ ᠤᠤᠭᠤᠬᠤ ᠤᠰᠤ᠂ ᠡᠮ ᠡᠮᠨᠡᠯᠭᠡ ᠶᠢᠨ ᠬᠡᠷᠡᠭᠰᠡᠯ ᠪᠣᠯᠣᠨ ᠢᠳᠡᠭᠡᠨ ᠤ ᠠᠷᠢᠭᠤᠨ ᠴᠡᠪᠡᠷ ᠲᠤ ᠬᠢᠨᠠᠯᠲᠠ ᠲᠠᠯᠪᠢᠬᠤ ᠶᠢ ᠴᠢᠩᠭᠠᠳᠬᠠᠵᠤ᠂ ᠬᠢᠵᠢᠭ ᠤᠨ ᠪᠠᠶᠢᠳᠠᠯ ᠡᠭᠦᠰᠬᠦ ᠪᠠ ᠳᠡᠯᠭᠡᠷᠡᠬᠦ ᠶᠢ ᠰᠡᠷᠭᠡᠶᠢᠯᠡᠨ ᠬᠢᠵᠠᠭᠠᠷᠯᠠᠬᠤ ᠬᠡᠷᠡᠭᠲᠡᠢ᠃ 14. ᠡᠯ᠎ᠡ ᠰᠤᠮᠤ ᠰᠢᠶᠠᠩ ᠪᠠᠯᠭᠠᠰᠤ᠂ ᠭᠠᠴᠠᠭ᠎ᠠ ᠲᠣᠰᠬᠤᠨ ᠤ ᠠᠷᠠᠳ ᠤᠨ ᠵᠥᠪᠯᠡᠯ᠄ ᠬᠠᠷᠢᠶ᠎ᠠ ᠣᠷᠣᠨ ᠤ ᠳᠣᠲᠣᠷᠠᠬᠢ ᠪᠠ ᠬᠠᠷᠢᠶ᠎ᠠ ᠠᠵᠤ ᠠᠬᠤᠶᠢᠯᠠᠯ ᠤᠨ ᠭᠠᠵᠠᠷ ᠤᠨ ᠭᠠᠢ ᠭᠠᠮᠰᠢᠭ ᠢ ᠰᠡᠷᠭᠡᠶᠢᠯᠡᠨ ᠵᠠᠰᠠᠬᠤ ᠠᠵᠢᠯ ᠢ ᠰᠠᠶᠢᠲᠤᠷ ᠬᠢᠬᠦ ᠬᠡᠷᠡᠭᠲᠡᠢ᠃ ᠭᠠᠵᠠᠷ ᠰᠢᠨᠵᠢᠯᠡᠭᠡᠨ ᠤ ᠭᠠᠢ ᠭᠠᠮᠰᠢᠭ ᠢ ᠤᠷᠢᠳᠴᠢᠯᠠᠨ ᠰᠡᠷᠭᠡᠶᠢᠯᠡᠬᠦ ᠪᠠ ᠠᠶᠤᠯ ᠠᠴᠠ ᠪᠠᠴᠢᠮ ᠵᠠᠶᠢᠯᠠᠬᠤ ᠮᠡᠳᠡᠯᠭᠡ ᠶᠢ ᠤᠬᠠᠭᠤᠯᠤᠨ ᠲᠦᠭᠡᠮᠡᠯᠵᠢᠭᠦᠯᠬᠦ ᠠᠵᠢᠯ ᠢ ᠴᠢᠩᠭᠠᠳᠬᠠᠵᠤ᠂ ᠥᠷᠭᠡᠨ ᠤᠯᠠᠨ ᠲᠦᠮᠡᠨ ᠳᠤ ᠭᠠᠵᠠᠷ ᠰᠢᠨᠵᠢᠯᠡᠭᠡᠨ ᠤ ᠭᠠᠢ ᠭᠠᠮᠰᠢᠭ ᠡᠭᠦᠰᠬᠦ ᠠᠴᠠ ᠡᠮᠦᠨᠡᠬᠢ ᠰᠢᠨᠵᠢ ᠲᠡᠮᠳᠡᠭ ᠪᠠ ᠡᠭᠦᠰᠬᠦ ᠦᠶ᠎ᠡ ᠶᠢᠨ ᠠᠶᠤᠯ ᠠᠴᠠ ᠪᠠᠴᠢᠮ ᠵᠠᠶᠢᠯᠠᠬᠤ ᠮᠡᠳᠡᠯᠭᠡ ᠶᠢ ᠡᠵᠡᠮᠰᠢᠭᠦᠯᠵᠦ᠂ ᠠᠷᠠᠳ ᠤᠯᠠᠨ ᠤ ᠠᠮᠢ ᠨᠠᠰᠤ ᠪᠠ ᠡᠳ᠋ ᠬᠥᠷᠥᠩᠭᠡ ᠶᠢᠨ ᠬᠤᠬᠢᠷᠠᠯ ᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠬᠤ ᠪᠠ ᠲᠡᠭᠦᠨ ᠠᠴᠠ ᠵᠠᠶᠢᠯᠠᠭᠤᠯᠬᠤ ᠬᠡᠷᠡᠭᠲᠡᠢ᠃ ᠢᠯᠠᠩᠭᠤᠶ᠎ᠠ ᠪᠣᠷᠣᠭᠠᠨ ᠤ ᠤᠯᠠᠷᠢᠯ ᠳᠤ ᠭᠠᠵᠠᠷ ᠰᠢᠨᠵᠢᠯᠡᠭᠡᠨ ᠤ ᠭᠠᠮᠰᠢᠭ ᠭᠠᠷᠴᠤ ᠮᠡᠳᠡᠬᠦ ᠭᠠᠵᠠᠷ ᠤᠨ ᠬᠡᠰᠡᠭ ᠢ ᠪᠠᠶᠢᠴᠠᠭᠠᠬᠤ ᠪᠠ ᠬᠢᠨᠠᠨ ᠬᠡᠮᠵᠢᠬᠦ ᠠᠵᠢᠯ ᠢ ᠴᠢᠩᠭᠠᠳᠬᠠᠵᠤ᠂  ᠢᠯᠡᠷᠡᠭᠦᠯᠦᠭᠰᠡᠨ ᠭᠠᠵᠠᠷ ᠰᠢᠨᠵᠢᠯᠡᠭᠡᠨ ᠤ ᠭᠠᠮᠰᠢᠭ ᠤᠨ ᠡᠮᠦᠨᠡᠬᠢ ᠬᠤᠭᠤᠴᠠᠭᠠᠨ ᠤ ᠰᠢᠨᠵᠢ ᠲᠡᠮᠳᠡᠭ ᠢ ᠨᠢᠭᠲᠠ ᠬᠢᠨᠠᠨ ᠠᠵᠢᠭᠯᠠᠵᠤ᠂ ᠠᠶᠤᠯ ᠲᠦᠭᠰᠢᠭᠦᠷᠢ ᠭᠠᠷᠪᠠᠯ ᠲᠡᠷᠡ ᠳᠠᠷᠤᠢ ᠳᠤᠨᠢ ᠳᠡᠭᠡᠭᠰᠢ ᠮᠡᠳᠡᠭᠦᠯᠬᠦ ᠶᠢᠨ ᠬᠠᠮᠲᠤ ᠤᠯᠠᠨ ᠲᠦᠮᠡᠨ ᠢ ᠲᠠᠷᠬᠠᠭᠠᠨ ᠵᠠᠶᠢᠯᠠᠭᠤᠯᠬᠤ ᠠᠵᠢᠯ ᠢ ᠰᠠᠶᠢᠲᠤᠷ ᠬᠢᠬᠦ ᠬᠡᠷᠡᠭᠲᠡᠢ᠃ 15᠂ ᠬᠤᠰᠢᠭᠤᠨ ᠤ ᠴᠠᠬᠢᠯᠭᠠᠨ ᠬᠠᠩᠭᠠᠬᠤ ᠺᠣᠮᠫᠠᠨᠢ᠄ ᠭᠠᠮᠰᠢᠭᠳᠠᠭᠰᠠᠨ ᠣᠷᠣᠨ ᠤ ᠡᠪᠳᠡᠭᠳᠡᠭᠰᠡᠨ ᠴᠠᠬᠢᠯᠭᠠᠨ ᠬᠠᠩᠭᠠᠬᠤ ᠱᠤᠭᠤᠮ ᠢ ᠱᠠᠯᠠᠪᠳᠠᠨ ᠵᠠᠰᠠᠬᠤ ᠶᠢ ᠬᠠᠷᠢᠭᠤᠴᠠᠵᠤ᠂ ᠠᠶᠤᠯ ᠭᠠᠮᠰᠢᠭ  ᠠᠴᠠ ᠠᠪᠤᠷᠠᠬᠤ ᠪᠠᠴᠢᠮ ᠬᠡᠷᠡᠭᠯᠡᠬᠦ ᠴᠠᠬᠢᠯᠭᠠᠨ ᠢ ᠤᠷᠢᠳᠠᠪᠠᠷ ᠲᠣᠬᠢᠷᠠᠭᠤᠯᠤᠨ᠂ ᠲᠣᠰ ᠰᠢᠰᠲ᠋ᠧᠮ ᠤᠨ ᠤᠰᠤᠨ ᠴᠠᠬᠢᠯᠭᠠᠨ ᠤ ᠢᠨᠵᠧᠨᠧᠷᠢᠩ ᠤᠨ ᠠᠶᠤᠯ  ᠠᠴᠠ ᠠᠪᠤᠷᠠᠬᠤ ᠴᠠᠬᠢᠯᠭᠠᠨ ᠤ ᠠᠮᠤᠷ ᠲᠦᠪᠰᠢᠨ ᠤ ᠲᠣᠬᠢᠷᠠᠭᠤᠯᠤᠯᠲᠠ ᠶᠢᠨ ᠠᠵᠢᠯ ᠢ ᠰᠠᠶᠢᠲᠤᠷ ᠬᠢᠨ᠎ᠡ᠃    ᠵᠢᠷᠭᠤᠭ᠎ᠠ᠂ ᠭᠠᠵᠠᠷ  ᠤᠨ ᠭᠠᠮᠰᠢᠭ  ᠢ ᠲᠦᠷᠭᠡᠨ ᠮᠡᠳᠡᠭᠦᠯᠬᠦ ᠳᠦᠷᠢᠮ ᠬᠢᠭᠡᠳ ᠲᠦᠷᠭᠡᠨ ᠲᠤᠰᠬᠠᠬᠤ ᠲᠣᠭᠲᠠᠴᠠ ᠶᠢ ᠪᠠᠶᠢᠭᠤᠯᠬᠤ ᠬᠡᠷᠡᠭᠲᠡᠢ 1. ᠬᠠᠷᠢᠶ᠎ᠠ ᠣᠷᠣᠨ ᠳᠤ ᠭᠠᠵᠠᠷ ᠰᠢᠨᠵᠢᠯᠡᠭᠡᠨ ᠤ ᠭᠠᠮᠰᠢᠭ ᠭᠠᠷᠪᠠᠯ᠂ ᠬᠦᠨᠳᠦ ᠨᠣᠴᠢᠲᠠᠢ ᠡᠰᠡᠬᠦ ᠶᠢ ᠬᠠᠮᠢᠶᠠᠷᠤᠯ ᠦᠭᠡᠢ᠂ ᠬᠢᠨᠠᠨ ᠰᠢᠯᠭᠠᠬᠤ ᠠᠵᠢᠯ ᠢ ᠬᠠᠷᠢᠭᠤᠴᠠᠵᠤ ᠪᠠᠶᠢᠭ᠎ᠠ ᠨᠢᠭᠡᠴᠡ᠂ ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ ᠪᠣᠯᠣᠨ ᠬᠤᠪᠢ ᠬᠥᠮᠥᠨ ᠲᠡᠷᠡ ᠳᠠᠷᠤᠢ ᠳᠤᠨᠢ ᠬᠤᠰᠢᠭᠤᠨ ᠵᠠᠰᠠᠭ ᠤᠨ ᠣᠷᠳᠣᠨ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠵᠢᠴᠢ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠳᠤ ᠭᠠᠮᠰᠢᠭ ᠤᠨ ᠪᠠᠶᠢᠳᠠᠯ ᠢ ᠮᠡᠳᠡᠭᠦᠯᠵᠦ᠂ ᠭᠠᠵᠠᠷ ᠰᠢᠨᠵᠢᠯᠡᠭᠡᠨ ᠤ ᠭᠠᠮᠰᠢᠭ ᠡᠭᠦᠰᠦᠭᠰᠡᠨ ᠴᠠᠭ᠂ ᠣᠨᠣᠪᠴᠢᠲᠠᠶ ᠭᠠᠵᠠᠷ᠂ ᠬᠥᠮᠥᠨ ᠬᠠᠷ᠎ᠠ ᠦᠬᠦᠵᠦ ᠰᠢᠷᠬᠠᠲᠤᠭᠰᠠᠨ᠂ ᠤᠴᠠᠷᠠᠭᠤᠯᠤᠭᠰᠠᠨ ᠬᠤᠬᠢᠷᠠᠯ᠂ ᠬᠡᠷᠡᠭᠴᠡᠭᠡ ᠪᠦᠬᠦᠢ ᠲᠤᠰᠠᠯᠠᠮᠵᠢ ᠭᠤᠶᠤᠴᠢᠯᠠᠬᠤ ᠠᠷᠭ᠎ᠠ ᠮᠠᠶ᠋ᠢᠭ ᠵᠢᠴᠢ ᠣᠴᠢᠬᠤ ᠵᠠᠮ ᠱᠤᠭᠤᠮ ᠵᠡᠷᠭᠡ ᠶᠢ ᠲᠣᠪᠴᠢ ᠲᠣᠳᠣᠷᠬᠠᠢ ᠮᠡᠳᠡᠭᠦᠯᠬᠦ ᠬᠡᠷᠡᠭᠲᠡᠢ᠃ 2. ᠡᠯ᠎ᠡ ᠰᠤᠮᠤ ᠰᠢᠶᠠᠩ ᠪᠠᠯᠭᠠᠰᠤ᠂ ᠪᠠᠴᠢᠮ ᠪᠠᠶᠢᠳᠠᠯ ᠢ ᠠᠷᠭᠠᠴᠠᠬᠤ ᠪᠠ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ  ᠨᠢ ᠮᠡᠳᠡᠭᠦᠯᠦᠯᠲᠡ ᠶᠢ ᠣᠯᠣᠭᠰᠠᠨ ᠤ ᠳᠠᠷᠠᠭ᠎ᠠ᠂ ᠳᠠᠷᠤᠢ ᠲᠦᠷᠭᠡᠨ ᠬᠥᠮᠥᠰ ᠢ ᠵᠣᠬᠢᠶᠠᠨ ᠪᠠᠶᠢᠭᠤᠯᠤᠨ ᠲᠤᠬᠠᠢ ᠶᠢᠨ ᠲᠠᠯᠠᠪᠤᠷ  ᠲᠤᠨᠢ ᠬᠦᠷᠴᠦ ᠭᠠᠮᠰᠢᠭ ᠡᠭᠦᠰᠦᠭᠰᠡᠨ ᠰᠢᠯᠲᠠᠭᠠᠨ ᠪᠠ ᠬᠥᠭᠵᠢᠯᠲᠡ ᠶᠢᠨ ᠬᠠᠨᠳᠤᠰᠢ ᠶᠢ ᠪᠠᠶᠢᠴᠠᠭᠠᠨ ᠣᠶᠢᠯᠠᠭᠠᠵᠤ᠂ ᠪᠠᠴᠢᠮ ᠪᠠᠶᠢᠳᠠᠯ ᠢ ᠠᠷᠭᠠᠴᠠᠬᠤ ᠠᠷᠭ᠎ᠠ ᠬᠡᠮᠵᠢᠶ᠎ᠡ ᠠᠪᠴᠤ ᠪᠠᠶᠢᠭᠠᠳ ᠭᠠᠮᠰᠢᠭ ᠲᠤ ᠨᠥᠯᠥᠭᠡᠯᠡᠭᠳᠡᠵᠦ ᠮᠡᠳᠡᠬᠦ ᠬᠥᠮᠥᠰ ᠢ ᠲᠠᠷᠬᠠᠭᠠᠬᠤ ᠬᠡᠷᠡᠭᠲᠡᠢ᠃ ᠦᠢᠯᠡᠳᠪᠦᠷᠢᠯᠡᠯ ᠤᠨ ᠴᠢᠬᠤᠯᠠ ᠲᠥᠬᠦᠭᠡᠷᠦᠮᠵᠢ ᠶᠢ ᠬᠠᠮᠠᠭᠠᠯᠠᠬᠤ ᠪᠠ ᠰᠢᠯᠵᠢᠭᠦᠯᠵᠦ᠂ ᠪᠣᠳᠠᠲᠠᠢ ᠪᠠᠶᠢᠳᠠᠯ ᠳᠤ ᠴᠢᠭᠯᠡᠭᠦᠯᠦᠨ ᠬᠡᠷᠡᠭᠵᠢᠭᠦᠯᠵᠦ ᠪᠣᠯᠬᠤ ᠲᠥᠰᠥᠯ ᠭᠠᠷᠭᠠᠵᠤ᠂ ᠭᠠᠮᠰᠢᠭ ᠤᠨ ᠥᠷᠭᠡᠳᠬᠦ ᠶᠢ ᠰᠡᠷᠭᠡᠶᠢᠯᠡᠬᠦ ᠬᠡᠷᠡᠭᠲᠡᠢ᠃ 3. ᠭᠠᠵᠠᠷ ᠤᠨ ᠭᠠᠮᠰᠢᠭ ᠠᠴᠠ ᠠᠪᠤᠷᠠᠬᠤ ᠶᠠᠪᠤᠴᠠ ᠳᠤ᠂ ᠬᠠᠮᠢᠶ᠎ᠠ ᠪᠦᠬᠦᠢ ᠲᠥᠬᠦᠭᠡᠷᠦᠮᠵᠢ᠂ ᠪᠠᠭᠠᠵᠢ ᠬᠡᠷᠡᠭᠰᠡᠯ᠂ ᠡᠳ᠋ ᠪᠣᠳᠠᠰ  ᠢ ᠲᠣᠬᠢᠷᠠᠭᠤᠯᠬᠤ᠂ ᠰᠢᠯᠵᠢᠭᠦᠯᠬᠦ᠂ ᠬᠡᠷᠡᠭᠯᠡᠬᠦ᠂ ᠬᠤᠷᠣᠭᠳᠠᠭᠤᠯᠬᠤ ᠵᠡᠷᠭᠡ ᠳᠤ ᠬᠤᠯᠪᠣᠭᠳᠠᠪᠠᠯ᠂ ᠣᠨᠴᠠᠭᠠᠶ ᠬᠡᠷᠡᠭ   ᠢ ᠣᠨᠴᠠᠭᠠᠶ ᠰᠢᠢᠳᠪᠦᠷᠢᠯᠡᠬᠦ ᠵᠠᠷᠴᠢᠮ ᠶᠣᠰᠣᠭᠠᠷ᠂ ᠬᠤᠰᠢᠭᠤᠨ ᠤ ᠨᠠᠮ ᠤᠨ ᠬᠤᠷᠢᠶᠠᠨ ᠤ ᠨᠢᠭᠡᠳᠦᠯᠲᠡᠢ ᠪᠠᠶᠢᠷᠢᠯᠠᠭᠤᠯᠤᠯᠲᠠ ᠳᠣᠣᠷ᠎ᠠ᠂ ᠤᠷᠢᠳ ᠢᠶᠠᠷ ᠭᠠᠮᠰᠢᠭ  ᠠᠴᠠ ᠰᠡᠷᠭᠡᠶᠢᠯᠡᠵᠦ ᠠᠶᠤᠯ  ᠠᠴᠠ ᠠᠪᠤᠷᠠᠬᠤ ᠠᠵᠢᠯ ᠳᠤ ᠬᠡᠷᠡᠭᠯᠡᠵᠦ᠂ ᠳᠠᠷᠠᠭ᠎ᠠ ᠨᠢ ᠴᠢᠬᠤᠯᠠ ᠪᠦᠬᠦᠢ ᠮᠡᠳᠡᠭᠦᠯᠬᠦ᠂ ᠬᠢᠨᠠᠨ ᠵᠥᠪᠰᠢᠶᠡᠷᠡᠬᠦ ᠪᠤᠶᠤ ᠨᠥᠬᠦᠪᠦᠷᠢᠯᠡᠬᠦ ᠭᠠᠷ ᠭᠦᠢᠴᠡᠳᠬᠡᠯ  ᠢ ᠭᠦᠢᠴᠡᠳᠬᠡᠵᠦ᠂ ᠠᠶᠤᠯ   ᠠᠴᠠ ᠠᠪᠤᠷᠠᠬᠤ ᠠᠵᠢᠯ ᠤᠨ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠬᠤᠬᠢᠷᠠᠯ  ᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠨ᠎ᠠ᠃    
 
ᠢᠷᠡᠯᠲᠡ᠄ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号