ᠪᠥᠬᠦ ᠠᠶᠢᠮᠠᠭ ᠤᠨ ᠴᠢᠬᠤᠯᠠ ᠶᠡᠭᠡ ᠲᠥᠷᠥᠯ ᠵᠦᠢᠯ ᠤᠨ ᠪᠠᠶᠢᠴᠠᠭᠠᠨ ᠰᠤᠳᠤᠯᠤᠯᠲᠠ ᠶᠢᠨ ᠶᠠᠷᠢᠯᠴᠠᠬᠤ ᠬᠤᠷᠠᠯ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠳᠤ ᠬᠤᠷᠠᠯᠳᠤᠪᠠ
ᠨᠡᠶᠢᠲᠡᠯᠡᠭᠰᠡᠨ ᠴᠠᠭ᠄
2023/6/8
   ᠴᠢᠬᠤᠯᠠ ᠶᠡᠭᠡ ᠲᠦᠷᠦᠯ ᠵᠦᠢᠯ ᠢ ᠲᠦᠷᠭᠡᠨ ᠨᠠᠶᠢᠳᠠᠪᠤᠷᠢᠵᠢᠭᠤᠯᠬᠤ ᠶᠢ ᠠᠬᠢᠭᠤᠯᠬᠤ ᠶᠢᠨ ᠲᠥᠯᠥᠭᠡ᠂ 6 ᠰᠠᠷ᠎ᠠ ᠶᠢᠨ 5  ᠤ ᠡᠳᠦᠷ᠂ ᠪᠦᠬᠦ ᠠᠶᠢᠮᠠᠭ ᠤᠨ ᠴᠢᠬᠤᠯᠠ ᠶᠡᠭᠡ ᠲᠦᠷᠦᠯ ᠵᠦᠢᠯ ᠤᠨ ᠪᠠᠶᠢᠴᠠᠭᠠᠨ ᠰᠤᠳᠤᠯᠬᠤ ᠶᠠᠷᠢᠯᠴᠠᠬᠤ ᠬᠤᠷᠠᠯ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠳᠤ ᠬᠤᠷᠠᠯᠳᠤᠪᠠ᠃ ᠬᠤᠰᠢᠭᠤᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠰᠢᠭᠤᠨ ᠳᠠᠷᠤᠭ᠎ᠠ ᠸᠠᠩ ᠯᠢ ᠳ᠋ᠦᠩ᠂ ᠬᠤᠰᠢᠭᠤᠨ ᠤ ᠵᠠᠰᠠᠭ ᠤᠨ ᠣᠷᠳᠣᠨ ᠤ ᠬᠠᠮᠢᠶ᠎ᠠ ᠪᠦᠬᠦᠢ ᠤᠳᠤᠷᠢᠳᠤᠯᠭ᠎ᠠ ᠵᠢᠴᠢ ᠬᠠᠮᠢᠶ᠎ᠠ ᠪᠦᠬᠦᠢ ᠰᠠᠯᠠᠭ᠎ᠠ ᠮᠥᠴᠢᠷ᠂ ᠠᠵᠤ ᠠᠬᠤᠶᠢᠯᠠᠯ ᠤᠨ ᠬᠠᠷᠢᠭᠤᠴᠠᠯᠭᠠᠲᠠᠳ ᠬᠤᠷᠠᠯ ᠳᠤ ᠣᠷᠣᠯᠴᠠᠵᠠᠢ᠃ ᠠᠶᠢᠮᠠᠭ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠡᠷᠬᠢᠯᠡᠭᠴᠢ ᠭᠦ᠋ ᠯᠢ ᠮᠢᠨ᠂ ᠠᠶᠢᠮᠠᠭ ᠤᠨ ᠵᠠᠬᠢᠷᠭ᠎ᠠ ᠶᠢᠨ ᠨᠠᠷᠢᠨ ᠪᠢᠴᠢᠭ ᠤᠨ ᠳᠡᠳ᠋ ᠳᠠᠷᠤᠭ᠎ᠠ ᠯᠢᠨ ᡁᠢ ᠺᠦᠨ ᠨᠠᠷ ᠬᠤᠷᠠᠯ ᠳᠤ ᠣᠷᠣᠯᠴᠠᠨ ᠵᠢᠭᠠᠨ ᠵᠢᠯᠣᠭᠤᠳᠪᠠ᠃  
    2023060709110676062.png
    ᠬᠤᠷᠠᠯ  ᠠᠴᠠ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠴᠢᠬᠤᠯᠠ ᠶᠡᠭᠡ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠬᠢᠴᠠ᠂ ᠠᠵᠢᠯ ᠡᠬᠢᠯᠡᠭᠦᠯᠦᠭᠡᠳᠦᠢ ᠲᠥᠷᠥᠯ ᠵᠦᠢᠯ᠂ 2023 ᠣᠨ ᠤ ᠴᠢᠬᠤᠯᠠ ᠶᠡᠭᠡ ᠲᠥᠷᠥᠯ ᠵᠦᠢᠯ ᠤᠨ ᠨᠥᠭᠡᠴᠡ᠂ ᠣᠷᠣᠰᠢᠵᠤ ᠪᠠᠶᠢᠭ᠎ᠠ ᠠᠰᠠᠭᠤᠳᠠᠯ ᠵᠢᠴᠢ ᠬᠦᠴᠢᠷᠳᠡᠯ᠂ ᠲᠠᠷᠠᠭᠠᠴᠢ ᠶᠢᠨ ᠠᠯᠬᠤᠮ ᠤᠨ ᠠᠵᠢᠯ ᠤᠨ ᠲᠥᠯᠥᠪᠯᠡᠭᠡ ᠵᠡᠷᠭᠡ ᠲᠠᠯ᠎ᠠ ᠶᠢᠨ ᠬᠠᠷᠢᠭᠤ ᠮᠡᠳᠡᠭᠦᠯᠦᠯᠲᠡ ᠶᠢ ᠰᠣᠨᠣᠰᠪᠠ᠃   ᠠᠶᠢᠮᠠᠭ ᠤᠨ ᠤᠳᠤᠷᠢᠳᠤᠯᠭ᠎ᠠ ᠨᠠᠷ ᠣᠳᠣᠬᠠᠨ ᠤ ᠲᠦᠷᠦᠯ ᠵᠦᠢᠯ ᠤᠨ ᠠᠬᠢᠴᠠ ᠶᠢᠨ ᠪᠠᠶᠢᠳᠠᠯ ᠤᠨ ᠲᠤᠬᠠᠢ ᠵᠢᠯᠣᠭᠤᠳᠤᠯᠭ᠎ᠠ ᠶᠢᠨ ᠴᠢᠨᠠᠷᠲᠠᠢ ᠰᠠᠨᠠᠯ ᠰᠠᠨᠠᠭᠤᠯᠭ᠎ᠠ ᠳᠤᠷᠠᠳᠴᠠᠢ᠃ ᠬᠤᠷᠠᠯ ᠳᠤ ᠣᠷᠣᠯᠴᠠᠭᠰᠠᠳ ᠴᠢᠬᠤᠯᠠ ᠶᠡᠭᠡ ᠵᠦᠢᠯᠡᠰ ᠢ ᠠᠬᠢᠭᠤᠯᠬᠤ ᠶᠠᠪᠤᠴᠠ ᠳᠠᠬᠢ ᠪᠡᠷᠬᠡ ᠠᠰᠠᠭᠤᠳᠠᠯ ᠵᠢᠴᠢ ᠪᠡᠷᠬᠡ ᠠᠰᠠᠭᠤᠳᠠᠯ ᠤᠨ ᠲᠣᠭᠤᠷᠢᠨ ᠳᠤ ᠰᠠᠨᠠᠯ ᠢᠶᠠᠨ ᠭᠦᠨᠵᠡᠭᠡᠢ ᠰᠣᠯᠢᠯᠴᠠᠪᠠ᠃   ᠬᠤᠷᠠᠯ ᠤᠨ ᠵᠣᠷᠢᠭ ᠰᠠᠨᠠᠭ᠎ᠠ ᠶᠢ ᠤᠯᠠᠮ ᠨᠢᠭᠡ ᠠᠯᠬᠤᠮ ᠰᠠᠶᠢᠲᠤᠷ ᠨᠠᠶᠢᠳᠠᠪᠤᠷᠢᠵᠢᠭᠤᠯᠬᠤ ᠲᠤᠬᠠᠢ᠂ ᠸᠠᠩ ᠯᠢ ᠳ᠋ᠦᠩ ᠵᠢᠭᠠᠵᠤ ᠭᠠᠷᠭᠠᠬᠤ ᠳᠠᠭᠠᠨ᠂ ᠴᠢᠬᠤᠯᠠ ᠶᠡᠭᠡ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠪᠣᠯ ᠠᠵᠤ ᠠᠬᠤᠢ ᠶᠢᠨ ᠬᠥᠭᠵᠢᠯᠲᠡ ᠶᠢᠨ ᠠᠮᠢᠨ ᠰᠤᠳᠠᠰᠤ ᠮᠥᠨ᠂ ᠮᠥᠨ ᠴᠦ ᠴᠢᠨᠠᠷ ᠰᠠᠶᠢᠲᠠᠢ ᠬᠥᠭᠵᠢᠯᠲᠡ ᠶᠢ ᠪᠡᠶᠡᠯᠡᠭᠦᠯᠬᠦ ᠶᠢᠨ ᠴᠢᠬᠤᠯᠠ ᠭᠠᠷᠳᠠᠴᠠ ᠮᠥᠨ᠂ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠤᠳ ᠪᠣᠳᠠᠲᠠᠢ ᠲᠠᠢ ᠪᠠᠨ ᠤᠶᠠᠯᠳᠤᠭᠤᠯᠤᠨ᠂ ᠬᠦᠴᠦ ᠪᠠᠨ ᠬᠠᠮᠲᠤᠳᠬᠠᠨ ᠬᠠᠮᠵᠢᠯᠴᠠᠵᠤ᠂ ᠵᠠᠩᠭᠢᠯᠠᠭ᠎ᠠ ᠶᠢᠨ ᠴᠡᠭ ᠤᠨ ᠱᠠᠭᠠᠷᠳᠠᠯᠭ᠎ᠠ ᠶᠢ ᠴᠢᠩᠭ᠎ᠠ ᠠᠳᠬᠤᠵᠤ᠂ ᠡᠮᠦᠨᠡᠬᠢ ᠬᠤᠭᠤᠴᠠᠭᠠᠨ ᠤ ᠲᠥᠷᠥᠯ ᠵᠦᠢᠯ ᠤᠨ ᠠᠵᠢᠯ ᠡᠬᠢᠯᠡᠭᠦᠯᠬᠦ ᠭᠠᠷᠳᠠᠮ ᠢ ᠭᠦᠢᠴᠡᠳᠬᠡᠬᠦ ᠠᠵᠢᠯ ᠢ ᠨᠢᠭᠡᠳᠦᠯᠲᠡᠢ ᠲᠥᠯᠥᠪᠯᠡᠨ ᠰᠠᠶᠢᠲᠤᠷ ᠠᠳᠬᠤᠵᠤ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠬᠢᠴᠠ ᠶᠢ ᠲᠦᠷᠭᠡᠳᠬᠡᠨ᠂ ᠲᠥᠷᠥᠯ ᠵᠦᠢᠯ ᠤᠨ ᠡᠷᠲᠡ ᠠᠵᠢᠯ ᠡᠬᠢᠯᠡᠭᠦᠯᠬᠦ᠂ ᠡᠷᠲᠡ ᠪᠦᠲᠦᠭᠡᠨ ᠪᠠᠶᠢᠭᠤᠯᠬᠤ᠂ ᠡᠷᠲᠡ ᠠᠰᠢᠭᠯᠠᠯᠲᠠ ᠳᠤ ᠣᠷᠣᠭᠤᠯᠬᠤ ᠶᠢ ᠬᠦᠴᠦᠯᠡᠨ ᠠᠬᠢᠭᠤᠯᠵᠤ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠳᠤ ᠬᠦᠴᠦᠨ ᠴᠢᠳᠠᠯ ᠬᠤᠷᠠᠮᠳᠤᠭᠤᠯᠤᠨ ᠬᠦᠴᠦᠨ ᠴᠢᠳᠠᠯ ᠣᠯᠭᠤᠬᠤ ᠬᠡᠷᠡᠭᠲᠡᠢ  ᠭᠡᠵᠡᠢ᠃
 
ᠢᠷᠡᠯᠲᠡ᠄ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号