ᠲᠡᠪᠰᠡᠭ ᠲᠠᠬᠢ ᠵᠥᠪᠯᠡᠯᠲᠦ  ᠶᠢᠨ ᠤᠯᠠᠭᠠᠨ ᠴᠡᠷᠢᠭ ᠤᠨ ᠦᠷᠡᠭᠳᠡᠭᠰᠡᠨ ᠪᠠᠭᠠᠲᠤᠷᠴᠤᠳ ᠤᠨ ᠳᠤᠷᠠᠰᠬᠠᠯ ᠤᠨ ᠬᠥᠰᠢᠶ᠎ᠡ
ᠨᠡᠶᠢᠲᠡᠯᠡᠭᠰᠡᠨ ᠴᠠᠭ᠄
2023/7/12
   ᠲᠡᠪᠰᠡᠭ ᠲᠠᠬᠢ ᠵᠥᠪᠯᠡᠯᠲᠦ ᠶᠢᠨ ᠤᠯᠠᠭᠠᠨ ᠴᠡᠷᠢᠭ ᠤᠨ ᠦᠷᠡᠭᠳᠡᠭᠰᠡᠨ ᠪᠠᠭᠠᠲᠤᠷᠴᠤᠳ ᠤᠨ ᠳᠤᠷᠠᠰᠬᠠᠯ ᠤᠨ ᠬᠥᠰᠢᠶ᠎ᠡ ᠨᠢ ᠥᠪᠥᠷ ᠮᠣᠩᠭᠤᠯ ᠤᠨ ᠬᠢᠩᠭᠠᠨ ᠠᠶᠢᠮᠠᠭ ᠤᠨ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠲᠡᠪᠰᠡᠭ ᠪᠠᠯᠭᠠᠰᠤᠨ ᠤ ᠭᠠᠯᠲᠤ ᠲᠡᠷᠭᠡᠨ ᠦᠷᠳᠡᠭᠡ ᠠᠴᠠ ᠵᠡᠭᠦᠨᠰᠢ 30 ᠮᠥ᠋ᠲᠷ ᠵᠠᠶᠢᠲᠠᠢ ᠭᠠᠵᠠᠷ ᠲᠤ ᠪᠤᠢ᠃    1945 ᠣᠨ ᠤ 8 ᠰᠠᠷ᠎ᠠ ᠶᠢᠨ 12 ᠤᠨ ᠡᠳᠦᠷ᠂ ᠵᠥᠪᠯᠡᠯᠲᠦ ᠶᠢᠨ ᠤᠯᠠᠭᠠᠨ ᠴᠡᠷᠢᠭ  ᠪᠠᠷᠠᠭᠤᠨ ᠬᠤᠷᠴᠢᠨ ᠡᠮᠦᠨᠡᠲᠦ ᠬᠤᠰᠢᠭᠤᠨ ᠤ ᠲᠡᠪᠰᠡᠭ ᠤᠨ ᠪᠠᠭ᠎ᠠ ᠰᠠᠨ ᠵᠢᠶᠠ ᠽᠢ ᠠᠴᠠ ᠶᠢᠨ ᠱᠠᠨ ᠲᠦᠨ ᠲᠣᠰᠬᠤᠨ ᠳᠤ ᠬᠦᠷᠴᠦ ᠶᠠᠫᠤᠨ ᠴᠡᠷᠢᠭ ᠲᠠᠢ ᠪᠠᠶᠢᠯᠳᠤᠵᠤ᠂ 400 ᠭᠠᠷᠤᠢ ᠶᠠᠫᠤᠨ ᠴᠡᠷᠢᠭ ᠢ ᠰᠥᠨᠥᠭᠡᠵᠦ᠂ 20 ᠨᠡᠷᠡᠰ ᠵᠥᠪᠯᠡᠯᠲᠦ ᠶᠢᠨ ᠤᠯᠠᠭᠠᠨ ᠴᠡᠷᠢᠭ ᠤᠨ ᠪᠡᠶ᠎ᠡ ᠦᠷᠡᠭᠳᠡᠭᠰᠡᠨ ᠳᠠᠷᠤᠭ᠎ᠠ ᠪᠠᠶᠢᠯᠳᠤᠭᠴᠢ ᠶᠢ ᠰᠥᠨᠥᠭᠡᠵᠡᠢ᠃ ᠪᠠᠶᠢᠯᠳᠤᠭᠠᠨ ᠳᠠᠭᠤᠰᠤᠭᠰᠠᠨ ᠤ ᠲᠠᠷᠠᠭ᠎ᠠ᠂ ᠵᠥᠪᠯᠡᠯᠲᠦ ᠶᠢᠨ ᠤᠯᠠᠭᠠᠨ ᠴᠡᠷᠢᠭ ᠲᠤᠬᠠᠢ ᠶᠢᠨ ᠭᠠᠵᠠᠷ ᠲᠠᠭᠠᠨ ᠦᠷᠡᠭᠳᠡᠭᠰᠡᠨ ᠪᠠᠭᠠᠲᠤᠷᠴᠤᠳ ᠤᠨ ᠳᠤᠷᠠᠰᠬᠠᠯ ᠤᠨ ᠬᠥᠰᠢᠶ᠎ᠡ ᠪᠣᠰᠬᠠᠵᠤ᠂ 20 ᠦᠷᠡᠭᠳᠡᠭᠰᠡᠨ ᠪᠠᠭᠠᠲᠤᠷᠴᠤᠳ ᠤᠨ ᠴᠢᠨᠳᠠᠷ ᠢ ᠳᠤᠷᠠᠰᠬᠠᠯ ᠤᠨ ᠬᠥᠰᠢᠶ᠎ᠡ ᠶᠢᠨ ᠳᠣᠣᠷ᠎ᠠ ᠣᠷᠣᠰᠢᠭᠤᠯᠵᠠᠢ᠃    2009 ᠣᠨ ᠳᠤ᠂ ᠳᠡᠯᠡᠬᠡᠢ ᠶᠢᠨ ᠹᠠᠱᠢᠰ ᠢ ᠡᠰᠡᠷᠭᠦᠴᠡᠬᠦ ᠲᠠᠶᠢᠨ ᠢᠯᠠᠯᠲᠠ ᠣᠯᠣᠭᠰᠠᠨ 65 ᠵᠢᠯ ᠤᠨ ᠤᠢ ᠶᠢ ᠳᠤᠷᠠᠰᠬᠠᠬᠤ ᠶᠢᠨ ᠲᠥᠯᠥᠭᠡ᠂ ᠤᠷᠤᠰ ᠤᠨ ᠲᠠᠯ᠎ᠠ ᠠᠴᠠ ᠪᠡᠯᠡ ᠮᠥᠩᠭᠦ ᠭᠠᠷᠭᠠᠵᠤ᠂ ᠳᠤᠮᠳᠠᠳᠤ ᠤᠯᠤᠰ ᠤᠨ ᠲᠠᠯ᠎ᠠ ᠠᠴᠠ ᠳᠠᠭᠠᠭᠠᠴᠢᠯᠠᠨ ᠪᠠᠶᠢᠭᠤᠯᠵᠤ᠂ ᠤᠤᠯ ᠤᠨ ᠭᠠᠵᠠᠷ ᠲᠠᠭᠠᠨ ᠲᠡᠪᠰᠡᠭ ᠲᠠᠬᠢ ᠵᠥᠪᠯᠡᠯᠲᠦ ᠶᠢᠨ ᠤᠯᠠᠭᠠᠨ ᠴᠡᠷᠢᠭ ᠤᠨ ᠦᠷᠡᠭᠳᠡᠭᠰᠡᠨ ᠪᠠᠭᠠᠲᠤᠷᠴᠤᠳ ᠤᠨ ᠳᠤᠷᠠᠰᠬᠠᠯ ᠤᠨ ᠬᠥᠰᠢᠶ᠎ᠡ ᠶᠢ ᠰᠢᠨ᠎ᠡ ᠪᠠᠷ ᠪᠠᠶᠢᠭᠤᠯᠪᠠ᠃
 
ᠢᠷᠡᠯᠲᠡ᠄ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号