1. ᠨᠠᠷᠠᠨ ᠳᠤ ᠶᠠᠪᠤᠭᠠᠳ ᠠᠷᠠᠰᠤ ᠬᠤᠷᠣᠰᠴᠤ ᠤᠯᠠᠶᠢᠬᠤ ᠪᠠᠶᠢᠳᠠᠯ ᠭᠠᠷᠪᠠᠯ ᠳᠠᠷᠤᠶᠢᠬᠠᠨ ᠨᠠᠷᠠᠨ ᠠᠴᠠ | ᠬᠠᠯᠬᠠᠯᠠᠬᠤ ᠠᠷᠭ᠎ᠠ ᠬᠡᠮᠵᠢᠶ᠎ᠡ ᠠᠪᠬᠤ ᠬᠡᠷᠡᠭᠲᠡᠢ᠃ ᠬᠡᠷᠪᠡ ᠦᠷᠭᠦᠯᠵᠢᠯᠡᠨ ᠨᠠᠷᠠᠨ ᠳᠤ ᠰᠢᠷᠠᠭᠳᠠᠬᠤ ᠳᠤ ᠬᠦᠷᠪᠡᠯ | ᠰᠢᠷᠬᠠᠲᠤᠯ ᠨᠢ ᠤᠯᠠᠮ ᠬᠦᠨᠳᠦᠷᠡᠳᠡᠭ᠂ ᠨᠠᠷᠠᠨ ᠤ ᠰᠢᠷᠬᠠᠲᠤᠯ ᠤᠨ ᠬᠥᠭᠵᠢᠯᠲᠡ ᠶᠢᠨ ᠶᠠᠪᠤᠴᠠ ᠨᠢ ᠪᠠᠷᠤᠭ 4 - 6 | ᠴᠠᠭ ᠪᠠᠶᠢᠳᠠᠭ ᠪᠣᠯᠬᠤᠷ ᠬᠡᠳᠦᠢ ᠡᠷᠲᠡ ᠠᠷᠭ᠎ᠠ ᠬᠡᠮᠵᠢᠶ᠎ᠡ ᠠᠪᠤᠪᠠᠯ ᠲᠡᠳᠦᠢ ᠰᠠᠶᠢᠨ᠃ | 2. ᠬᠦᠢᠲᠡᠨ ᠤᠰᠤ ᠪᠠᠷ ᠱᠠᠪᠰᠢᠵᠤ ᠴᠢᠭᠢᠭ ᠢ ᠬᠠᠮᠠᠭᠠᠯᠠᠬᠤ ᠣ ᠳᠦᠷᠭᠢᠨ᠎ᠠ᠃ ᠠᠩᠬᠠᠷ︕ ᠮᠥᠰᠥ ᠬᠡᠷᠡᠭᠯᠡᠵᠦ | ᠪᠤᠯᠬᠤ ᠦᠭᠡᠢ᠂ ᠠᠯᠴᠢᠭᠤᠷ ᠢᠶᠠᠨ ᠬᠥᠷᠥᠭᠡᠭᠦᠷ ᠲᠤ ᠬᠢᠵᠦ ᠬᠦᠢᠲᠡᠨ ᠪᠣᠯᠭᠠᠭᠠᠳ ᠰᠢᠷᠠᠭᠳᠠᠭᠰᠠᠨ ᠭᠠᠵᠠᠷ ᠢᠶᠠᠨ | ᠳᠠᠷᠤᠵᠤ ᠪᠣᠯᠣᠨ᠎ᠠ᠃ ᠳᠠᠬᠢᠨ ᠳᠠᠪᠲᠠᠨ ᠴᠢᠭᠢᠭ ᠢ ᠬᠠᠮᠠᠭᠠᠯᠠᠬᠤ ᠣ ᠳᠦᠷᠭᠢᠪᠡᠯ ᠠᠷᠠᠰᠤ ᠬᠠᠭᠤᠷᠬᠤ ᠶᠢ ᠪᠠᠭᠠᠰᠬᠠᠵᠤ | ᠪᠤᠯᠳᠠᠭ᠂ ᠸᠢᠲ᠋ᠠᠮᠢᠨ C᠂ E ᠡᠯᠪᠡᠭ ᠠᠭᠤᠯᠤᠭᠰᠠᠨ ᠪᠦᠲᠦᠭᠡᠭᠳᠡᠬᠦᠨ ᠬᠡᠷᠡᠭᠯᠡᠪᠡᠯ ᠰᠠᠶᠢᠨ᠃ | 3. ᠬᠦᠨᠳᠦ ᠬᠡᠴᠡᠭᠦᠦ ᠰᠢᠷᠠᠭᠳᠠᠵᠤ ᠴᠥᠪᠥᠷᠢᠭᠦᠦ ᠭᠠᠷᠬᠤ ᠳᠡᠭᠡᠷ᠎ᠡ ᠬᠦᠷᠪᠡᠯ ᠪᠡᠶ᠎ᠡ ᠶᠢᠨ ᠤᠰᠤ ᠠᠯᠳᠠᠭᠳᠠᠳᠠᠭ ᠂ | ᠤᠰᠤ ᠢᠯᠡᠭᠦᠦ ᠨᠥᠬᠦᠪᠡᠯ ᠵᠣᠬᠢᠨ᠎ᠠ᠃ ᠬᠡᠦᠬᠡᠳ ᠣᠨᠴᠠᠭᠠᠶᠢᠯᠠᠨ ᠠᠩᠬᠠᠷᠬᠤ ᠬᠡᠷᠡᠭᠲᠡᠢ᠃ ᠨᠠᠷᠠᠨ ᠳᠤ ᠰᠢᠷᠠᠭᠳᠠᠵᠤ | ᠴᠥᠪᠥᠷᠢᠭᠦᠦ ᠭᠠᠷᠤᠭᠰᠠᠨ ᠭᠠᠵᠠᠷ ᠨᠢ ᠪᠡᠶ᠎ᠡ ᠶᠢᠨ 20% ︵ᠬᠡᠦᠬᠡᠳ ᠤᠨ ᠪᠦᠬᠦᠯᠢ ᠨᠢᠷᠤᠭᠤᠨ ᠤ ᠬᠡᠰᠡᠭ ᠲᠠᠢ | ᠪᠠᠷᠤᠭ ᠲᠡᠩᠴᠡᠨ᠎ᠡ︶ ᠠᠴᠠ ᠳᠠᠪᠠᠭᠰᠠᠨ ᠪᠠᠶᠢᠳᠠᠯ ᠳᠤ ᠡᠮᠨᠡᠯᠭᠡ ᠳᠤ ᠣᠴᠢᠪᠠᠯ ᠵᠣᠬᠢᠨ᠎ᠠ᠃ | 4. ᠨᠠᠷᠠᠨ ᠳᠤ ᠰᠢᠷᠠᠭᠳᠠᠪᠠᠯ ᠠᠷᠠᠰᠤ ᠬᠡᠪᠡᠷᠡᠭ ᠪᠤᠯᠳᠠᠭ᠂ ᠳᠡᠶᠢᠮᠦ ᠠᠴᠠ ᠪᠡᠶ᠎ᠡ ᠤᠬᠢᠶᠠᠬᠤ ᠳᠠᠭᠠᠨ | ᠰᠢᠷᠠᠭᠳᠠᠭᠰᠠᠨ ᠬᠡᠰᠡᠭ ᠢᠶᠠᠨ ᠭᠡᠳᠦ ᠰᠢᠷᠦᠭᠦᠨ ᠨᠢᠳᠬᠡᠷᠴᠦ ᠠᠷᠴᠢᠬᠤ ᠦᠭᠡᠢ ᠪᠠᠶᠢᠬᠤ ᠶᠢ ᠬᠢᠴᠢᠶᠡᠵᠦ᠂ ᠰᠢᠷᠬᠠᠯᠠᠵᠤ | ᠦᠷᠪᠢᠰᠦᠯᠡᠬᠦ ᠠᠴᠠ ᠰᠡᠷᠭᠡᠶᠢᠯᠡᠬᠦ ᠬᠡᠷᠡᠭᠲᠡᠢ᠃ | |