ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠠᠳ ᠤᠨ ᠪᠠᠶᠢᠴᠠᠭᠠᠬᠤ  ᠬᠤᠷᠢᠶ᠎ᠡ ᠶᠢᠨ ᠠᠵᠢᠯ  ᠤᠨ ᠮᠡᠳᠡᠬᠦᠯᠦᠯᠳᠡ
ᠨᠡᠶᠢᠲᠡᠯᠡᠭᠰᠡᠨ ᠴᠠᠭ᠄
2023/7/4
ᠲᠥᠯᠥᠭᠡᠯᠡᠭᠴᠢᠳ ᠠ᠋᠄     ᠣᠳᠣ ᠪᠢ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠠᠳ ᠤᠨ ᠪᠠᠶᠢᠴᠠᠭᠠᠬᠤ ᠬᠤᠷᠢᠶ᠎ᠠ ᠶᠢ ᠲᠥᠯᠥᠭᠡᠯᠡᠨ ᠶᠡᠭᠡ ᠬᠤᠷᠠᠯ ᠳᠤ ᠠᠵᠢᠯ ᠢᠶᠠᠨ ᠮᠡᠳᠡᠭᠦᠯᠦᠶ᠎ᠡ᠂ ᠬᠢᠨᠠᠨ ᠵᠥᠪᠯᠡᠬᠦ ᠪᠣᠯᠪᠠᠤ᠂ ᠬᠤᠷᠠᠯ ᠳᠤ ᠰᠤᠯᠠ ᠣᠷᠣᠯᠴᠠᠭᠰᠠᠨ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ᠂ ᠡᠯ᠎ᠡ ᠤᠳᠤᠷᠢᠳᠤᠯᠭ᠎ᠠ ᠪᠣᠯᠣᠨ ᠨᠥᠬᠦᠳ ᠰᠠᠨᠠᠯ ᠢᠶᠠᠨ ᠳᠤᠷᠠᠳᠬᠤ ᠪᠣᠯᠪᠠᠤ᠃     ᠨᠢᠭᠡ᠂ 2022 ᠣᠨ ᠤ ᠠᠵᠢᠯ ᠤᠨ ᠡᠷᠭᠢᠴᠡᠭᠦᠯᠦᠯ    2022 ᠣᠨ ᠳᠤ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠠᠳ ᠤᠨ ᠪᠠᠶᠢᠴᠠᠭᠠᠬᠤ ᠬᠤᠷᠢᠶ᠎ᠠ ᠰᠢ ᠶᠢᠨ ᠫᠢᠩ  ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ᠂ ᠠᠷᠪᠠ ᠶᠢᠰᠦᠳᠦᠭᠡᠷ ᠬᠤᠭᠤᠴᠠᠭᠠᠨ ᠤ ᠤᠳᠠᠭ᠎ᠠ ᠪᠦᠷᠢ ᠶᠢᠨ ᠪᠦᠭᠦᠳᠡ ᠬᠤᠷᠠᠯ ᠪᠣᠯᠣᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠰᠤᠷᠤᠯᠴᠠᠨ  ᠲᠣᠭᠤᠰᠢᠯᠠᠭᠤᠯᠵᠣ᠂ ᠰᠢ ᠶᠢᠨ ᠫᠢᠩ  ᠤᠨ  ᠬᠠᠣᠯᠢ  ᠪᠠᠷ ᠵᠠᠰᠠᠬᠤ ᠦᠵᠡᠯ ᠰᠠᠨᠠᠭ᠎ᠠ  ᠶᠢ ᠭᠦᠨᠵᠡᠭᠡᠢ  ᠲᠣᠭᠤᠰᠢᠯᠠᠭᠤᠯᠣᠨ ᠨᠠᠶᠢᠳᠠᠪᠤᠷᠢᠵᠢᠭᠤᠯᠵᠤ᠂ ︽ᠬᠤᠶᠠᠷ  ᠢ ᠲᠣᠭᠲᠠᠭᠠᠬᠤ︾  ᠶᠢ ᠴᠢᠩ ᠰᠡᠳᠬᠢᠯ ᠠᠴᠠ ᠪᠠᠨ ᠬᠦᠷᠢᠶᠡᠯᠡᠵᠦ᠂ ︽ᠬᠤᠶᠠᠷ  ᠢ ᠬᠠᠮᠠᠭᠠᠯᠠᠬᠤ︾  ᠶᠢ ᠦᠨᠡᠨᠴᠢ ᠪᠠᠷ ᠦᠢᠯᠡᠳᠦᠯᠭᠡᠵᠢᠭᠦᠯᠵᠦ᠂ ᠬᠤᠰᠢᠭᠤᠨ ᠤ ᠨᠠᠮ ᠤᠨ ᠬᠤᠷᠢᠶ᠎ᠠ ᠪᠣᠯᠣᠨ ᠳᠡᠭᠡᠳᠦ ᠱᠠᠲᠤᠨ ᠤ ᠪᠠᠶᠢᠴᠠᠭᠠᠬᠤ ᠪᠠᠶᠢᠭᠤᠯᠤᠯᠭ᠎ᠠ  ᠶᠢᠨ ᠪᠠᠲᠤ ᠴᠢᠩᠭ᠎ᠠ ᠤᠳᠤᠷᠢᠳᠤᠯᠭ᠎ᠠ ᠳᠤ ᠴᠢᠩᠭ᠎ᠠ ᠲᠦᠰᠢᠭᠯᠡᠨ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠵᠢᠴᠢ ᠲᠡᠭᠦᠨ ᠤ ᠪᠠᠶᠢᠩᠭᠤ  ᠶᠢᠨ ᠬᠤᠷᠢᠶ᠎ᠠ  ᠶᠢᠨ ᠬᠠᠤᠯᠢ ᠶᠣᠰᠣᠨ ᠤ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠵᠦ᠂ ᠬᠤᠰᠢᠭᠤᠨ ᠤ ᠵᠠᠰᠠᠭ ᠤᠨ ᠣᠷᠳᠣᠨ᠂   ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠪᠣᠯᠣᠨ ᠨᠡᠶᠢᠭᠡᠮ ᠤᠨ ᠡᠯ᠎ᠡ ᠡᠲᠡᠭᠡᠳ ᠤᠨ ᠬᠦᠴᠦᠲᠡᠢ ᠳᠡᠮᠵᠢᠯᠭᠡ ᠳᠣᠣᠷ᠎ᠠ᠂ ᠦᠨᠳᠦᠰᠦᠨ ᠬᠠᠤᠯᠢ  ᠬᠠᠤᠯᠢ ᠴᠠᠭᠠᠵᠠ ᠠᠴᠠ ᠣᠯᠭᠤᠭᠰᠠᠨ ᠡᠭᠦᠷᠭᠡ ᠬᠠᠷᠢᠭᠤᠴᠠᠯᠭ᠎ᠠ ᠪᠠᠨ ᠦᠨᠡᠨᠴᠢ ᠪᠠᠷ ᠭᠦᠢᠴᠡᠳᠬᠡᠵᠦ᠂ ᠡᠯ᠎ᠡ ᠵᠦᠢᠯ ᠤᠨ ᠠᠵᠢᠯ ᠰᠢᠨ᠎ᠡ ᠠᠬᠢᠴᠠ ᠲᠠᠢ ᠪᠣᠯᠪᠠ᠃   ︵ᠨᠢᠭᠡ︶ ᠤᠯᠤᠰ ᠲᠦᠷᠦ ᠶᠢᠨ ᠡᠭᠦᠷᠭᠡᠯᠡᠯ ᠢ ᠴᠢᠩᠭᠠᠳᠬᠠᠵᠤ᠂  ᠭᠤᠣᠯ ᠲᠥᠪ ᠤᠨ  ᠲᠣᠭᠤᠷᠢᠨ ᠳᠤ ᠶᠡᠭᠡ ᠲᠠᠯ᠎ᠠ ᠳᠤ ᠦᠢᠯᠡᠴᠢᠯᠡᠪᠡ   1. ᠨᠡᠩ ᠥᠨᠳᠥᠷ ᠲᠦᠪᠰᠢᠨ ᠪᠦᠬᠦᠢ ᠠᠮᠤᠷ ᠠᠮᠤᠭᠤᠯᠠᠩ ᠡᠮᠦᠨᠡᠲᠦ ᠬᠤᠰᠢᠭᠤᠨ ᠤ ᠪᠦᠲᠦᠭᠡᠨ ᠪᠠᠶᠢᠭᠤᠯᠤᠯᠲᠠ ᠳᠤ ᠠᠩᠬᠠᠷᠤᠯ ᠢᠶᠠᠨ  ᠲᠥᠪᠯᠡᠷᠡᠬᠦᠯᠪᠡ   ᠤᠯᠤᠰ ᠤᠨ ᠶᠡᠷᠦᠩᠬᠡᠢ ᠴᠣᠭᠴᠠ ᠶᠢᠨ ᠠᠮᠤᠷ ᠲᠦᠪᠰᠢᠨ ᠤ ᠦᠵᠡᠯᠲᠡ ᠶᠢ ᠪᠠᠲᠤ ᠪᠠᠬᠢ ᠪᠤᠢ ᠪᠣᠯᠭᠠᠵᠤ᠂ ︽ᠤᠯᠤᠰ ᠲᠦᠷᠦ ᠶᠢᠨ ᠶᠡᠭᠡ ᠣᠨ︾  ᠤᠨ ᠠᠮᠤᠷ ᠲᠦᠪᠰᠢᠨ ᠤ ᠬᠥᠪᠴᠢ ᠶᠢ ᠴᠠᠭ ᠢᠮᠠᠭᠲᠠ ᠴᠢᠩᠭᠠᠷᠠᠭᠤᠯᠵᠤ᠂ ᠡᠯ᠎ᠡ ᠲᠥᠷᠣᠯ ᠤᠨ ᠡᠷᠡᠬᠦᠣ ᠶᠢᠨ ᠬᠡᠷᠡᠭ ᠤᠨ82 ᠬᠡᠷᠡᠭ 128 ᠬᠥᠮᠣᠨ ᠢ ᠬᠥᠯᠢᠶᠡᠨ ᠠᠪᠴᠣ ᠬᠢᠨᠠᠨ ᠪᠠᠶᠢᠴᠠᠭᠠᠵᠣ ᠪᠠᠷᠢᠪᠴᠢᠯᠡᠵᠣ᠂ 40 ᠬᠡᠷᠡᠭ61 ᠬᠥᠮᠣᠨ ᠢ ᠪᠠᠷᠢᠪᠴᠢᠯᠠᠬᠤ ᠶᠢ ᠵᠥᠪᠰᠢᠶᠡᠷᠡᠭᠰᠡᠨ ᠪᠠ ᠲᠣᠭᠳᠠᠭᠠᠵᠣ᠂ 447 ᠬᠡᠷᠡᠭ 532 ᠬᠥᠮᠣᠨ ᠢ ᠬᠥᠯᠢᠶᠡᠨ ᠠᠪᠴᠣ ᠬᠢᠨᠠᠨ ᠪᠠᠶᠢᠴᠠᠭᠠᠵᠣ ᠵᠠᠭᠠᠯᠳᠣᠵᠣ᠂240 ᠬᠡᠷᠡᠭ282 ᠬᠥᠮᠣᠨ ᠳᠤ ᠠᠯᠪᠠᠨ ᠵᠠᠭᠠᠯᠳᠣᠯᠭ᠎ᠠ ᠬᠢᠵᠠᠢ᠃ ᠠᠮᠢᠨ ᠬᠡᠷᠡᠭ ᠢ ᠰᠡᠷᠭᠡᠶᠢᠯᠡᠨ ᠡᠵᠡᠮᠳᠡᠬᠦ ᠠᠵᠢᠯ ᠳᠤ ᠢᠳᠡᠪᠬᠢᠲᠡᠢ ᠣᠷᠣᠯᠴᠠᠵᠤ᠂ ᠲᠤᠷᠰᠢᠨ ᠪᠠᠶᠢᠴᠠᠭᠠᠬᠤ ᠳᠤ ᠤᠷᠢᠳᠴᠢᠯᠠᠨ ᠣᠷᠤᠯᠴᠠᠬᠤ ᠪᠠ ᠬᠥᠲᠥᠯᠥᠨ ᠵᠢᠯᠤᠭᠤᠳᠬᠤ ᠶᠢ ᠴᠢᠩᠭᠠᠳᠬᠠᠵᠤ᠂ ᠤᠯᠤᠰ ᠤᠨ ᠥᠮᠴᠢᠯᠡᠯ ᠤᠨ ᠪᠠ ᠬᠠᠮᠲᠤ ᠶᠢᠨ ᠡᠳ᠋ ᠬᠥᠷᠥᠩᠭᠡ ᠶᠢ ᠬᠠᠮᠠᠭᠠᠯᠠᠵᠤ ᠂ ᠠᠷᠠᠳ ᠤᠯᠠᠨ ᠤ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠨ᠂ ᠪᠦᠬᠦ ᠵᠢᠯ ᠳᠤ ᠠᠷᠠᠳ ᠢᠷᠭᠡᠨ ᠤ ᠪᠡᠶ᠎ᠡ ᠶᠢᠨ ᠡᠷᠬᠡ᠂ ᠠᠷᠠᠳᠴᠢᠯᠠᠯ ᠤᠨ ᠡᠷᠬᠡ ᠳᠤ ᠬᠠᠯᠳᠠᠭᠰᠠᠨ ᠶᠠᠯᠠᠲᠤ ᠠᠵᠢᠯᠯᠠᠭ᠎ᠠ ᠬᠢᠭᠰᠡᠨ 27 ᠬᠡᠷᠡᠭ 31 ᠬᠥᠮᠥᠨ᠂ ᠡᠳ᠋ ᠬᠥᠷᠥᠩᠭᠡ ᠳᠤ ᠬᠠᠯᠳᠠᠭᠰᠠᠨ ᠶᠠᠯᠠᠲᠤ ᠠᠵᠢᠯᠯᠠᠭ᠎ᠠ ᠬᠢᠭᠰᠡᠨ 25 ᠬᠡᠷᠡᠭ 31 ᠬᠥᠮᠥᠨ᠂ ᠤᠯᠠᠨ ᠨᠡᠶᠢᠲᠡ ᠶᠢᠨ ᠠᠮᠤᠷ ᠲᠦᠪᠰᠢᠨ ᠳᠤ ᠬᠤᠣᠷ ᠬᠥᠨᠥᠭᠡᠯ ᠤᠴᠠᠷᠠᠭᠤᠯᠤᠭᠰᠠᠨ ᠶᠠᠯᠠᠲᠤ ᠠᠵᠢᠯᠯᠠᠭ᠎ᠠ ᠬᠢᠭᠰᠡᠨ 158 ᠬᠡᠷᠡᠭ 160 ᠬᠥᠮᠥᠨ ᠳᠤ ᠠᠯᠪᠠᠨ ᠵᠠᠭᠠᠯᠳᠤᠯᠭ᠎ᠠ  ᠬᠢᠪᠠ᠃ ᠨᠡᠶᠢᠭᠡᠮ ᠤᠨ ᠬᠡᠪ ᠰᠤᠷᠲᠠᠯ ᠢ ᠦᠷᠭᠦᠯᠵᠢᠯᠡᠨ ᠴᠡᠪᠡᠷᠰᠢᠭᠦᠯᠵᠦ᠂ 《ᠱᠠᠯᠢᠭ ᠵᠠᠪᠬᠠᠢ ᠵᠦᠢᠯ᠂ ᠵᠣᠭᠤᠰ ᠨᠠᠭᠠᠳᠤᠭᠰᠠᠨ᠂ ᠬᠤᠣᠷᠲᠤ ᠡᠳ᠋  ᠫᠠᠨᠽᠠᠯᠠᠬᠤ 》 ᠲᠥᠷᠣᠯ ᠤᠨ ᠨᠡᠶᠢᠭᠡᠮ ᠤᠨ ᠬᠠᠮᠢᠶᠠᠷᠤᠯᠲᠠ ᠶᠢᠨ ᠡᠮᠬᠢ ᠵᠢᠷᠤᠮ ᠢ ᠬᠠᠷᠰᠢᠯᠠᠭᠰᠠᠨ ᠶᠠᠯᠠᠲᠤ ᠬᠡᠷᠡᠭ ᠲᠤ  ᠬᠤᠯᠪᠣᠭᠳᠠᠭᠰᠠᠨ 18 ᠬᠡᠷᠡᠭ 42 ᠬᠥᠮᠥᠨ ᠳᠤ ᠠᠯᠪᠠᠨ  ᠵᠠᠭᠠᠯᠳᠣᠯᠭ᠎ᠠ ᠬᠢᠪᠠ ᠃ ᠨᠠᠰᠤᠵᠢᠯ ᠤᠨ ᠮᠡᠬᠡᠯᠡᠯ ᠳᠤ ᠴᠣᠬᠢᠯᠲᠠ ᠥᠭᠴᠦ ᠴᠡᠭᠴᠡᠯᠡᠨ ᠵᠠᠰᠠᠬᠤ ᠲᠤᠰᠬᠠᠢ ᠠᠵᠢᠯᠯᠠᠭ᠎ᠠ ᠶᠢ ᠢᠳᠡᠪᠬᠢᠲᠡᠢ ᠪᠠᠷ ᠲᠦᠯᠬᠢᠨ ᠠᠬᠢᠭᠤᠯᠵᠤ᠂ ᠣᠯᠠᠨ ᠲᠦᠮᠡᠨ ᠤ ᠰᠣᠨᠣᠰᠴᠤ ᠣᠶᠢᠯᠠᠭᠠᠬᠤ᠂ ᠰᠣᠨᠣᠰᠴᠤ ᠣᠷᠣᠬᠤ ᠠᠷᠭ᠎ᠠ ᠮᠠᠶ᠋ᠢᠭ ᠢᠶᠠᠷ ᠮᠡᠬᠡᠯᠡᠬᠦ ᠶᠢ ᠡᠰᠡᠷᠭᠦᠴᠡᠬᠦ ᠤᠬᠠᠭᠤᠯᠭ᠎ᠠ ᠶᠢ ᠶᠡᠬᠡᠪᠡᠷ  ᠥᠷᠨᠢᠬᠦᠯᠪᠡ᠃   2. ᠬᠢᠵᠢᠭ  ᠢ ᠡᠰᠡᠷᠭᠦᠴᠡᠬᠦ ᠠᠵᠢᠯ ᠳᠤ ᠪᠦᠬᠦ ᠬᠦᠴᠦᠨ  ᠢᠶᠠᠷ  ᠢᠶᠠᠨ  ᠣᠷᠣᠯᠴᠠᠪᠠ   ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠤᠭᠤᠳᠬᠤ ᠭᠠᠵᠠᠷ ᠤᠨ ᠨᠢᠭᠡᠳᠦᠯᠲᠡᠢ ᠪᠠᠶᠢᠷᠢᠯᠠᠭᠤᠯᠤᠯᠲᠠ ᠶᠢ ᠴᠢᠩᠭ᠎ᠠ ᠨᠠᠶᠢᠳᠠᠪᠤᠷᠢᠵᠢᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠮᠦᠨ᠎ᠡ ᠵᠠᠬ᠎ᠠ ᠶᠢᠨ ᠪᠠᠬᠢᠯᠡᠯᠳᠡ ᠶᠢᠨ  ᠭᠠᠵᠠᠷ ᠢ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠦᠢᠯᠡᠳᠦᠯᠭᠡᠵᠢᠭᠦᠯᠬᠦ᠂ ᠬᠠᠷᠢᠭᠤᠴᠠᠯᠭ᠎ᠠ ᠡᠭᠦᠷᠭᠡᠯᠡᠯ ᠢᠶᠠᠨ ᠢᠯᠡᠷᠡᠭᠦᠯᠬᠦ ︽ᠰᠢᠯᠭᠠᠭᠤᠷ︾ ᠪᠠ ︽ᠪᠢᠯᠡᠭᠦᠳᠡᠬᠦ ᠴᠢᠯᠠᠭᠤ︾ ᠪᠣᠯᠭᠠᠵᠤ᠂ ᠨᠠᠮ ᠤᠨ ᠭᠡᠰᠢᠭᠦᠨ ᠤᠳᠤᠷᠢᠳᠬᠤ ᠺᠠᠳ᠋ᠷ ᠡᠮᠦᠨ᠎ᠡ ᠨᠢ ᠭᠠᠪᠰᠢᠭᠠᠶᠢᠯᠠᠵᠤ᠂ ᠨᠢᠭᠡᠳᠦᠭᠡᠷ ᠹᠷᠣᠨᠲ ᠤᠨ ᠬᠤᠯᠪᠤᠭᠠᠯᠠᠨ ᠰᠡᠷᠭᠡᠶᠢᠯᠡᠵᠦ ᠬᠤᠯᠪᠤᠭᠠᠯᠠᠨ ᠡᠵᠡᠮᠳᠡᠬᠦ ᠳᠤ ᠢᠳᠡᠪᠬᠢᠲᠡᠢ ᠣᠷᠣᠯᠴᠠᠵᠤ᠂ ︽ᠵᠠᠩᠭᠢᠯᠠᠭ᠎ᠠ ᠶᠢᠨ ᠴᠥᠭᠡᠨ ᠲᠣᠭᠠᠲᠠᠨ︾ ᠢᠶᠠᠷ ︽ᠵᠣᠩᠬᠢᠯᠠᠬᠤ ᠤᠯᠠᠨ ᠲᠣᠭᠠᠲᠠᠨ︾ ᠢ ᠳᠠᠶᠢᠴᠢᠯᠠᠵᠤ᠂  ᠪᠥᠬᠦ ᠰᠡᠳᠬᠢᠯ ᠪᠥᠬᠦ ᠵᠣᠷᠢᠭ ᠢᠶᠠᠷ  ᠬᠦᠴᠦ ᠪᠠᠨ ᠬᠠᠮᠳᠣᠳᠬᠠᠨ  ᠬᠢᠵᠢᠭ ᠤᠨ ᠪᠠᠶᠢᠳᠠᠯ ᠢ ᠡᠰᠡᠷᠭᠦᠴᠡᠬᠦ ᠪᠠᠲᠤ ᠴᠢᠩᠭ᠎ᠠ ᠪᠠᠬᠢᠯᠡᠯᠲᠡ ᠶᠢ  ᠪᠠᠶᠢᠭᠤᠯᠪᠠ᠃ ᠭᠤᠷᠪᠠᠳᠤᠭᠠᠷ ᠰᠠᠷ᠎ᠠ ᠠᠴᠠ ᠨᠠᠰᠢ᠂ ᠮᠠᠨ ᠤ ᠬᠤᠷᠢᠶᠠᠨ ᠤ 77 ᠺᠠᠳ᠋ᠷ ᠴᠠᠭᠳᠠᠭ᠎ᠠ ᠥᠨᠳᠣᠷ ᠬᠤᠷᠳᠣᠴᠠᠳᠣ ᠵᠠᠰᠠᠮᠠᠯ ᠵᠠᠮ ᠤᠨ  ᠪᠣᠭᠤᠮᠳᠠ ᠶᠢᠨ  ᠬᠢᠵᠢᠭ ᠢ ᠰᠡᠷᠭᠡᠶᠢᠯᠡᠬᠦ ᠡᠭᠦᠷᠭᠡ ᠭᠦᠢᠴᠡᠳᠬᠡᠬᠦ᠂ ᠲᠥᠪᠯᠡᠷᠡᠭᠦᠯᠦᠨ ᠲᠤᠰᠠᠭᠠᠷᠯᠠᠬᠤ ᠴᠡᠭ ᠤᠨ ᠰᠠᠶᠢᠨ ᠳᠤᠷ᠎ᠠ ᠶᠢᠨ ᠦᠢᠯᠡᠴᠢᠯᠡᠭᠡ᠂  ᠲᠠᠭᠠᠭᠠᠴᠢᠯᠠᠭᠰᠠᠨ ᠪᠠᠭ᠎ᠠ ᠲᠣᠭᠤᠷᠢᠭ ᠤᠨ ᠡᠭᠦᠷᠭᠡ ᠭᠦᠢᠴᠡᠳᠬᠡᠬᠦ ᠵᠢᠴᠢ ᠪᠠᠲᠤᠯᠠᠭ᠎ᠠ ᠶᠢᠨ ᠠᠵᠢᠯ᠂ ᠨᠤᠲᠤᠭ ᠲᠠᠭᠠᠨ ᠪᠤᠴᠠᠭᠰᠠᠳ ᠢ ᠰᠢᠯᠵᠢᠭᠦᠯᠦᠨ ᠲᠡᠭᠡᠭᠡᠪᠦᠷᠢᠯᠡᠬᠦ ᠠᠵᠢᠯ ᠵᠢᠴᠢ ᠲᠣᠭᠳᠠᠩᠭᠤᠢ ᠪᠤᠰᠤ ᠪᠠᠶᠢᠳᠠᠯ ᠪᠠ  ᠲᠣᠭᠳᠠᠩᠭᠤᠢ ᠪᠠᠶᠢᠳᠠᠯ ᠤᠨ ᠳᠣᠣᠷᠠᠬᠢ ᠡᠭᠡᠯᠵᠢ ᠪᠦᠷᠢ ᠶᠢᠨ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠳᠤ ᠣᠷᠣᠯᠴᠠᠵᠤ᠂ ᠵᠠᠩᠭᠢᠯᠠᠭ᠎ᠠ ᠶᠢᠨ ᠦᠶ᠎ᠡ ᠳᠤ ᠵᠣᠭᠰᠣᠵᠤ ᠳᠡᠶᠢᠯᠬᠦ᠂ ᠲᠤᠯᠵᠤ ᠳᠡᠶᠢᠯᠬᠦ᠂ ᠨᠠᠶᠢᠳᠠᠪᠤᠷᠢᠲᠠᠢ ᠪᠠᠶᠢᠬᠤ ᠶᠢ  ᠥᠨᠡᠨᠬᠦ ᠪᠡᠶᠡᠯᠡᠭᠦᠯᠦᠭᠰᠡᠨ ᠪᠠᠶᠢᠨ᠎ᠠ᠃   3. ᠣᠯᠠᠨ ᠠᠷᠭ᠎ᠠ ᠬᠡᠮᠵᠢᠶ᠎ᠡ  ᠪᠠᠷ ᠬᠠᠤᠯᠢ ᠪᠠᠷ ᠵᠠᠰᠠᠬᠤ ᠬᠤᠳᠠᠯᠳᠤᠭ᠎ᠠ  ᠡᠷᠬᠢᠯᠡᠬᠦ ᠣᠷᠴᠢᠨ ᠨᠥᠬᠦᠴᠡᠯ  ᠢ  ᠰᠢᠯᠢᠳᠡᠭᠵᠢᠬᠦᠯᠪᠡ   ᠵᠠᠬ᠎ᠠ ᠳᠡᠯᠭᠡᠭᠦᠷ ᠤᠨ ᠠᠵᠤ ᠠᠬᠤᠢ ᠶᠢᠨ ᠡᠮᠬᠢ ᠵᠢᠷᠤᠮ ᠢ ᠡᠪᠳᠡᠭᠰᠡᠨ ᠶᠠᠯ᠎ᠠ ᠬᠢᠭᠰᠡᠨ 7 ᠬᠡᠷᠡᠭ 13 ᠬᠥᠮᠥᠨ ᠢ ᠵᠠᠷᠭᠤᠯᠳᠣᠬᠤ ᠵᠠᠷᠭᠤ ᠬᠢᠵᠣ ᠂  ᠵᠠᠬ᠎ᠠ ᠳᠡᠯᠭᠡᠭᠦᠷ ᠤᠨ ᠪᠡᠶᠡᠴᠢ ᠴᠣᠭᠴᠠ ᠶᠢᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠨ᠂ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠰᠠᠶᠢᠵᠢᠷᠠᠭᠤᠯᠬᠤ ᠶᠢ ᠠᠬᠢᠭᠤᠯᠪᠠ᠃ ᠠᠷᠠᠳ  ᠠᠴᠠ ᠡᠵᠡᠩᠨᠡᠭᠰᠡᠨ ᠠᠵᠤ ᠠᠬᠤᠶᠢᠯᠠᠯ ᠤᠨ ᠬᠠᠷᠢᠭᠤᠴᠠᠯᠭᠠᠲᠠᠨ ᠤ ᠡᠵᠡᠩᠨᠡᠯᠲᠡ ᠳᠤ ᠬᠤᠯᠪᠣᠭᠳᠠᠭᠰᠠᠨ ᠲᠦᠷᠦᠯ ᠤᠨ ᠶᠠᠯᠠᠲᠤ ᠠᠵᠢᠯᠯᠠᠭ᠎ᠠ ᠳᠤ 1 ᠬᠥᠮᠥᠨ ᠢ ᠬᠠᠷᠢᠴᠠᠩᠭᠤᠢ ᠪᠠᠷ ᠦᠯᠦ ᠵᠠᠭᠠᠯᠳᠤᠬᠤ ᠲᠣᠭᠲᠠᠭᠠᠯ ᠭᠠᠷᠭᠠᠵᠤ᠂ ᠠᠵᠤ ᠠᠬᠤᠶᠢᠯᠠᠯ ᠤᠨ ᠬᠡᠪ ᠤᠨ ᠦᠢᠯᠡᠳᠪᠦᠷᠢᠯᠡᠯ ᠡᠵᠡᠩᠨᠡᠯᠲᠡ ᠶᠢ ᠴᠢᠷᠮᠠᠶᠢᠨ ᠬᠠᠮᠠᠭᠠᠯᠠᠪᠠ᠃ ᠪᠦᠬᠦ ᠣᠷᠣᠨ ᠤ ᠤᠯᠤᠰ ᠲᠦᠷᠦ ᠬᠠᠤᠯᠢ ᠴᠠᠭᠠᠵᠠ ᠶᠢᠨ ᠪᠠᠶᠢᠭᠤᠯᠤᠯᠭ᠎ᠠ ᠶᠢᠨ ︽ᠨᠠᠮ ᠤᠨ ᠬᠤᠷᠢᠳᠤᠭᠠᠷ ᠶᠡᠭᠡ ᠬᠤᠷᠠᠯ ᠢ ᠤᠭᠲᠤᠵᠤ ᠂  ᠬᠠᠣᠯᠢ ᠪᠠᠷ ᠵᠠᠰᠠᠬᠤ ᠡᠵᠡᠩᠨᠡᠯᠲᠡ ᠶᠢᠨ ᠣᠷᠴᠢᠨ ᠲᠣᠭᠤᠷᠢᠨ ᠢ ᠰᠢᠯᠢᠳᠡᠭᠵᠢᠭᠦᠯᠵᠦ᠂ ᠴᠢᠨᠠᠷ ᠰᠠᠶᠢᠲᠠᠢ ᠬᠥᠭᠵᠢᠯᠲᠡ ᠳᠤ ᠦᠢᠯᠡᠴᠢᠯᠡᠬᠦ︾ ᠶᠡᠭᠡ ᠶᠠᠷᠢᠯᠴᠠᠭᠠᠨ ᠤ ᠠᠵᠢᠯᠯᠠᠭ᠎ᠠ ᠪᠠᠷ  ᠠᠴᠢᠶᠠᠯᠠᠪᠣᠷᠢ ᠪᠣᠯᠭᠠᠵᠤ᠂ ︽ᠤᠷᠢᠵᠤ ᠠᠪᠴᠢᠷᠠᠬᠤ︾ ᠪᠠ ︽ᠭᠠᠳᠠᠭᠰᠢ ᠭᠠᠷᠬᠤ︾ ᠶᠢ ᠤᠶᠠᠯᠳᠤᠭᠤᠯᠵᠤ  ᠠᠵᠤ ᠠᠬᠤᠶᠢᠯᠠᠯ ᠤᠨ ᠬᠦᠴᠢᠷᠳᠡᠯ ᠢ ᠰᠢᠢᠳᠪᠦᠷᠢᠯᠡᠵᠦ ᠥᠭᠴᠡᠢ᠃ ᠠᠵᠤ ᠠᠬᠤᠶᠢᠯᠠᠯ ᠢ ᠰᠤᠷᠪᠤᠯᠵᠢᠯᠠᠬᠤ ᠪᠠᠷ  ᠲᠠᠮᠵᠢᠨ᠂ ᠴᠡᠷᠡᠰᠣᠨ ᠤᠰᠤᠨ ᠴᠥᠭᠦᠷᠥᠮ ᠤᠨ ᠡᠷᠬᠢᠨ ᠲᠣᠭᠤᠷᠢᠨ ᠤ ᠠᠶᠢᠯ ᠲᠣᠰᠬᠤᠨ ᠳᠤ ᠠᠮᠢᠳᠤᠷᠠᠯ ᠤᠨ ᠬᠤᠭ ᠨᠣᠪᠰᠢ ᠪᠠ ᠦᠯᠡᠳᠡᠭᠳᠡᠯ ᠲᠠᠷᠢᠶᠠᠨ ᠡᠮ ᠤᠨ ᠬᠤᠭ ᠨᠣᠪᠰᠢ  ᠬᠠᠶᠠᠵᠣ᠂ ᠤᠰᠤᠨ ᠤ ᠴᠢᠨᠠᠷ ᠢ ᠪᠣᠬᠢᠷᠲᠤᠭᠤᠯᠬᠤ᠂ ᠬᠤᠯᠪᠣᠭᠳᠠᠯ ᠪᠦᠬᠦᠢ ᠠᠵᠤ ᠦᠢᠯᠡᠰ ᠤᠨ ᠠᠵᠤ ᠠᠬᠤᠢ ᠶᠢᠨ ᠬᠥᠭᠵᠢᠯᠲᠡ ᠶᠢ ᠬᠢᠵᠠᠭᠠᠷᠯᠠᠬᠤ ᠳᠠᠯᠳᠠ ᠭᠡᠮ ᠣᠷᠣᠰᠢᠵᠤ ᠪᠠᠶᠢᠬᠤ ᠶᠢ ᠥᠢᠯᠭᠠᠵᠣ᠂ ᠨᠡᠶᠢᠲᠡ ᠶᠢᠨ ᠠᠰᠠᠷᠠᠮᠵᠢ ᠶᠢᠨ ᠵᠠᠷᠭᠤ ᠶᠢᠨ ᠵᠠᠭᠠᠯᠳᠤᠬᠤ ᠠᠴᠠ ᠡᠮᠦᠨᠡᠬᠢ ᠵᠥᠪᠳᠡᠯᠴᠡᠨ ᠶᠠᠷᠢᠯᠴᠠᠬᠤ ᠬᠤᠷᠠᠯ ᠬᠤᠷᠠᠯᠳᠤᠭᠤᠯᠵᠤ᠂ ᠴᠡᠷᠡᠰᠣᠨ ᠪᠠᠯᠭᠠᠰᠤᠨ ᠤ ᠵᠠᠰᠠᠭ ᠤᠨ ᠣᠷᠳᠣᠨ ᠳᠤ ᠪᠠᠶᠢᠴᠠᠭᠠᠬᠤ ᠰᠠᠨᠠᠭᠤᠯᠭ᠎ᠠ ᠲᠣᠭᠲᠠᠭᠠᠨ ᠥᠭᠴᠦ᠂ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠶᠢ  ᠱᠠᠯᠠᠪᠳᠠᠪᠠ᠃   4. ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠦᠷᠭᠦᠯᠵᠢᠯᠡᠨ  ᠠᠬᠢᠭᠤᠯᠪᠠ   ᠠᠯᠳᠠᠷ ᠰᠤᠮᠤ ᠶᠢᠨ ᠬᠤᠶᠠᠷ ᠭᠠᠴᠠᠭ᠎ᠠ ᠲᠣᠰᠬᠤᠨ ᠳᠤ 5 ᠺᠠᠳ᠋ᠷ ᠢ ᠲᠣᠮᠢᠯᠠᠨ ᠰᠠᠭᠤᠯᠭᠠᠵᠤ᠂ 30.57 ᠲᠦᠮᠡᠨ ᠲᠥᠭᠦᠷᠢᠭ ᠤᠨ ᠠᠵᠢᠯᠳᠡᠨ ᠤ ᠵᠠᠷᠣᠳᠠᠯ ᠤᠨ ᠪᠡᠯᠡ ᠣᠷᠣᠭᠤᠯᠵᠤ᠂ ᠲᠣᠰᠬᠤᠨ ᠳᠤ ᠰᠠᠭᠤᠭ᠎ᠠ ᠠᠵᠢᠯᠯᠠᠬᠤ ᠠᠩᠭᠢ ᠶᠢᠨ ᠬᠢᠨ ᠬᠠᠪᠰᠤᠷᠤᠨ ᠲᠡᠳᠬᠦᠬᠦ ᠡᠭᠦᠷᠭᠡ ᠬᠠᠷᠢᠭᠤᠴᠠᠯᠭ᠎ᠠ ᠶᠢ ᠢᠮᠠᠭᠲᠠ ᠡᠭᠦᠷᠭᠡᠯᠡᠵᠦ᠂ ᠲᠣᠰᠬᠤᠨ ᠤ ︽ᠬᠤᠶᠠᠷ ᠵᠥᠪᠯᠡᠯ︾ ᠲᠠᠢ ᠪᠦᠯᠬᠦᠮᠳᠡᠨ ᠬᠠᠮᠵᠢᠯᠴᠠᠵᠤ ᠪᠠᠶᠢᠭᠠᠳ ᠡᠯ᠎ᠡ ᠵᠦᠢᠯ ᠤᠨ ᠠᠵᠢᠯ ᠢ ᠰᠠᠶᠢᠲᠤᠷ ᠥᠷᠨᠢᠭᠦᠯᠵᠦ᠂ ᠤᠯᠠᠨ ᠲᠦᠮᠡᠨ ᠤ ᠪᠠᠴᠢᠮ ᠬᠡᠷᠡᠭᠴᠡᠭᠡ ᠶᠢ ᠴᠢᠩᠭ᠎ᠠ ᠠᠩᠬᠠᠷᠴᠤ᠂  ᠪᠣᠳᠠᠳᠣ ᠶᠠᠪᠤᠳᠠᠯ ᠬᠢᠬᠦ ᠲᠠᠯ᠎ᠠ ᠪᠠᠷ ᠬᠥᠴᠣᠨ  ᠲᠠᠢ ᠪᠥᠭᠡᠳ ᠪᠥᠳᠣᠮᠵᠢᠳᠡᠢ ᠲᠠᠢ᠃  ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ︽ᠰᠢᠶᠣᠣ ᠵᠢᠩ ᠲᠥᠯᠥᠪᠯᠡᠭᠡ︾ ᠳᠤ ᠲᠦᠰᠢᠭᠯᠡᠨ᠂ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠬᠤᠣᠰᠯᠠᠯ ᠪᠠᠶᠢᠭᠤᠯᠵᠤ ᠬᠠᠪᠰᠤᠷᠤᠨ ᠳᠠᠭᠠᠭᠤᠯᠬᠤ 《 ᠳᠠᠭᠠᠭᠤᠯᠤᠭᠴᠢ ᠴᠢᠳᠠᠪᠤᠷᠢᠲᠠᠨ 》 ᠢ ᠰᠤᠷᠪᠤᠯᠵᠢᠯᠠᠬᠤ ᠶᠢᠨ ᠬᠠᠮᠲᠤ ᠬᠠᠪᠰᠤᠷᠤᠨ ᠳᠠᠭᠠᠭᠤᠯᠬᠤ ᠡᠲᠡᠭᠡᠳ ᠤᠨ ᠪᠣᠳᠠᠲᠠᠢ ᠠᠰᠠᠭᠤᠳᠠᠯ ᠢ ᠨᠢ ᠰᠢᠢᠳᠪᠣᠷᠢᠯᠡᠵᠡᠢ᠃《ᠺᠠᠳ᠋ᠷ ᠢ ᠬᠥᠳᠡᠭᠡ ᠲᠣᠰᠬᠤᠨ ᠳᠤ ᠪᠠᠭᠤᠯᠭᠠᠬᠤ︾ ᠢᠨᠵᠧᠨᠧᠷᠢᠩ ᠢ ᠠᠬᠢᠭᠤᠯᠵᠤ᠂ ᠪᠦᠬᠦ ᠬᠤᠷᠢᠶᠡᠨ ᠤ ᠺᠠᠳ᠋ᠷ ᠴᠠᠭᠳᠠᠭ᠎ᠠ ᠬᠠᠪᠰᠤᠷᠤᠨ ᠲᠡᠳᠭᠦᠬᠦ ᠲᠣᠰᠬᠤᠨ ᠢᠶᠠᠷ ᠬᠥᠨᠵᠡᠬᠡᠶᠢᠷᠡᠵᠣ ᠡᠷᠣᠭᠡ ᠳᠤ ᠬᠥᠷᠳᠡᠯ᠎ᠡ ᠲᠠᠭᠠᠭᠠᠴᠢᠯᠡᠨ ᠬᠤᠯᠪᠣᠭᠠᠯᠠᠵᠣ ᠂ ᠬᠤᠣᠰᠯᠠᠭᠰᠠᠨ ᠭᠡᠷ ᠪᠦᠯᠢ ᠶᠢᠨ ᠦᠨᠳᠦᠰᠦᠨ ᠪᠠᠶᠢᠳᠠᠯ ᠢ ᠣᠶᠢᠯᠠᠭᠠᠵᠤ᠂  ᠰᠠᠨᠠᠯ ᠰᠠᠨᠠᠭᠤᠯᠭ᠎ᠠ ᠶᠢ ᠰᠣᠨᠣᠰᠴᠤ᠂ ᠺᠠᠳ᠋ᠷ ᠤᠯᠠᠨ ᠲᠦᠮᠡᠨ ᠤ ᠬᠠᠷᠢᠴᠠᠭ᠎ᠠ ᠶᠢ ᠤᠯᠠᠮ ᠴᠢᠨᠠᠭᠰᠢᠳᠠ ᠨᠢᠭᠲᠠᠷᠠᠭᠤᠯᠵᠤ᠂《 ᠪᠥᠬᠦ ᠭᠡᠷ ᠢᠶᠠᠷ ᠢᠶᠠᠨ ᠰᠡᠳᠬᠢᠯ ᠨᠢᠭᠡᠳᠴᠦ᠂ ᠨᠢᠭᠡ ᠬᠥᠯᠭᠡ ᠰᠢᠲᠠᠷ᠎ᠠ ᠮᠡᠲᠦ ᠲᠡᠮᠡᠴᠡᠬᠦ 》ᠬᠠᠮᠲᠤ ᠶᠢᠨ ᠲᠠᠨᠢᠯᠲᠠ ᠶᠢ ᠨᠢᠭᠲᠠᠷᠠᠭᠤᠯᠪᠠ᠃  ︵ᠬᠤᠶᠠᠷ︶  ᠠᠷᠠᠳ ᠤᠨ ᠰᠡᠳᠬᠢᠯ ᠢᠶᠠᠷ  ᠪᠠᠶᠢᠴᠠᠭᠠᠬᠤ ᠬᠤᠷᠢᠶᠡᠨ ᠤ ᠲᠥᠪ  ᠪᠣᠯᠭᠠᠵᠣ᠂ ᠨᠡᠶᠢᠭᠡᠮ ᠤᠨ ᠵᠠᠰᠠᠯᠲᠠ ᠶᠢᠨ ᠦᠷ᠎ᠡ ᠪᠦᠲᠦᠮᠵᠢ ᠶᠢ   ᠲᠡᠭᠡᠭᠰᠢᠯᠡᠬᠦᠯᠪᠡ  1. ᠨᠠᠰᠤᠨ ᠳᠤ ᠥᠯᠥ ᠭᠦᠷᠦᠭᠰᠡᠳ ᠤᠨ ᠡᠷᠡᠬᠦᠯ ᠢᠶᠠᠷ ᠥᠰᠣᠨ ᠪᠣᠶᠢᠵᠢᠬᠤ ᠶᠢ ᠪᠥᠬᠦ ᠲᠠᠯ᠎ᠠ ᠪᠠᠷ  ᠬᠠᠮᠠᠭᠠᠯᠠᠪᠠᠨᠠᠰᠤᠨ ᠳᠤ ᠦᠯᠦ ᠬᠦᠷᠦᠭᠰᠡᠳ ᠤᠨ《ᠤᠯᠤᠰ ᠤᠨ ᠬᠢᠨᠠᠨ ᠬᠠᠮᠠᠭᠠᠯᠠᠭᠴᠢ 》 ᠶᠢᠨ ᠬᠠᠤᠯᠢ ᠪᠠᠷ ᠲᠣᠭᠲᠠᠭᠠᠭᠰᠠᠨ ᠲᠤᠰᠢᠶᠠᠯ ᠬᠠᠷᠢᠭᠤᠴᠠᠯᠭ᠎ᠠ ᠶᠢ ᠯᠠᠪᠳᠠᠭᠤᠨ ᠪᠠᠲᠤᠲᠠᠢ ᠭᠦᠢᠴᠡᠳᠬᠡᠵᠦ᠂ ᠨᠠᠰᠤᠨ ᠳᠤ ᠦᠯᠦ ᠬᠦᠷᠦᠭᠰᠡᠳ ᠲᠤ ᠬᠠᠯᠳᠠᠭᠰᠠᠨ 5 ᠬᠡᠷᠡᠭ 5 ᠬᠥᠮᠥᠨ ᠳᠤ  ᠵᠠᠷᠭᠤᠯᠳᠣᠬᠤ ᠵᠠᠷᠭᠤ ᠬᠢᠪᠠ᠃ 《ᠨᠢᠯᠬ᠎ᠠ ᠬᠡᠦᠬᠡᠳ ᠢᠶᠠᠨ ᠬᠠᠶᠢᠷᠠᠯᠠᠬᠤ》ᠬᠠᠤᠯᠢ ᠴᠠᠭᠠᠵᠠ ᠶᠢᠨ ᠬᠠᠯᠠᠮᠵᠢᠯᠠᠯ ᠢᠶᠠᠨ ᠲᠠᠯᠪᠢᠵᠤ᠂ ᠶᠠᠯ᠎ᠠ ᠳᠤ ᠬᠤᠯᠪᠣᠭᠳᠠᠭᠰᠠᠨ 3 ᠨᠠᠰᠤᠨ ᠳᠤ ᠦᠯᠦ ᠬᠦᠷᠦᠭᠰᠡᠳ ᠲᠤ ᠨᠥᠬᠦᠴᠡᠯ ᠲᠠᠢ ᠪᠠᠷ ᠦᠯᠦ ᠵᠠᠭᠠᠯᠳᠤᠬᠤ ᠲᠣᠭᠲᠠᠭᠠᠯ ᠭᠠᠷᠭᠠᠵᠤ᠂ ᠶᠠᠯ᠎ᠠ ᠳᠤ ᠬᠤᠯᠪᠣᠭᠳᠠᠭᠰᠠᠨ 1 ᠨᠠᠰᠤᠨ ᠳᠤ ᠦᠯᠦ ᠬᠦᠷᠦᠭᠰᠡᠳ ᠢ ᠬᠠᠷᠢᠴᠠᠩᠭᠤᠢ ᠪᠠᠷ ᠦᠯᠦ ᠵᠠᠭᠠᠯᠳᠤᠪᠠ᠃ ᠰᠢᠨ᠎ᠡ ᠴᠠᠭ ᠦᠶ᠎ᠡ ᠶᠢᠨ ᠨᠠᠰᠤᠨ ᠳᠤ ᠥᠯᠥ ᠭᠦᠷᠦᠭᠰᠡᠳ ᠤᠨ ᠬᠠᠤᠯᠢ ᠪᠠᠷᠢᠬᠤ ᠬᠡᠷᠡᠭᠴᠡᠭᠡ ᠪᠠ ᠪᠡᠶ᠎ᠡ ᠰᠡᠳᠬᠢᠯ ᠤᠨ ᠬᠥᠭᠵᠢᠯᠲᠡ ᠶᠢᠨ ᠵᠢᠮ᠎ᠡ ᠶᠣᠰᠣᠨ ᠳᠤ ᠨᠡᠶᠢᠴᠡᠭᠰᠡᠨ ᠬᠠᠤᠯᠢ ᠪᠠᠷ ᠵᠠᠰᠠᠬᠤ ᠬᠥᠮᠦᠵᠢᠯ ᠢ ᠦᠷᠭᠦᠯᠵᠢᠯᠡᠨ ᠬᠠᠶᠢᠨ ᠰᠦᠪᠡᠭᠴᠢᠯᠡᠵᠦ᠂ 27 ᠪᠠᠶᠢᠴᠠᠭᠠᠬᠤ ᠲᠤᠰᠢᠶᠠᠯᠲᠠᠨ ᠬᠠᠤᠯᠢ ᠪᠠᠷ ᠵᠠᠰᠠᠬᠤ ᠳᠡᠳ᠋ ᠵᠠᠬᠢᠷᠤᠯ ᠤᠨ ᠲᠤᠰᠢᠶᠠᠯ ᠢ ᠡᠭᠦᠷᠭᠡᠯᠡᠵᠦ᠂ ᠰᠦᠯᠵᠢᠶᠡᠨ ᠳᠡᠭᠡᠷ᠎ᠡ ᠪᠠ ᠰᠦᠯᠵᠢᠶᠡᠨ ᠭᠠᠳᠠᠨ᠎ᠠ ᠬᠠᠤᠯᠢ ᠲᠦᠭᠡᠮᠡᠯᠵᠢᠭᠦᠯᠬᠦ ᠤᠬᠠᠭᠤᠯᠭ᠎ᠠ ᠶᠢᠨ ᠠᠵᠢᠯᠯᠠᠭ᠎ᠠ ᠶᠢ 30 ᠭᠠᠷᠤᠢ ᠤᠳᠠᠭ᠎ᠠ ᠥᠷᠨᠢᠭᠦᠯᠪᠡ᠃  2. ᠬᠠᠤᠯᠢ ᠴᠠᠭᠠᠵᠠ ᠶᠢᠨ ᠠᠪᠤᠷᠠᠨ ᠲᠤᠰᠠᠯᠠᠯᠲᠠ  ᠬᠢᠬᠦ ᠳᠤ ᠪᠠᠶᠢᠴᠠᠭᠠᠬᠤ ᠬᠤᠷᠢᠶᠡᠨ ᠤ ᠬᠠᠯᠠᠮᠵᠢ ᠶᠢ ᠲᠠᠮᠵᠢᠭᠤᠯᠪᠠ  ᠬᠡᠷᠡᠭ ᠰᠢᠢᠳᠪᠦᠷᠢᠯᠡᠬᠦ ᠰᠢᠰᠲ᠋ᠧᠮ ᠢᠶᠠᠷ ᠳᠠᠮᠵᠢᠭᠤᠯᠤᠨ ᠰᠦᠪᠡᠭᠴᠢ ᠶᠢ ᠣᠶᠢᠯᠠᠭᠠᠬᠤ ᠶᠢᠨ ᠬᠠᠮᠲᠤ ᠬᠠᠤᠯᠢ ᠴᠠᠭᠠᠵᠠ ᠶᠢᠨ ᠠᠪᠤᠷᠠᠨ ᠲᠤᠰᠠᠯᠠᠬᠤ ᠵᠢᠷᠤᠮ ᠢ ᠰᠠᠨᠠᠭᠠᠴᠢᠯᠠᠭ᠎ᠠ ᠠᠴᠠ ᠪᠠᠨ ᠡᠬᠢᠯᠡᠭᠦᠯᠵᠦ᠂ ᠬᠠᠤᠯᠢ ᠴᠠᠭᠠᠵᠠ ᠶᠢᠨ ᠠᠪᠤᠷᠠᠨ ᠲᠤᠰᠠᠯᠠᠯᠲᠠ ᠶᠢᠨ ᠬᠡᠷᠡᠭ ᠢ 5 ᠬᠡᠷᠡᠭ 11 ᠬᠥᠮᠥᠨ ᠳᠤ ᠰᠢᠢᠳᠪᠦᠷᠢᠯᠡᠵᠦ᠂ ᠤᠯᠤᠰ ᠤᠨ ᠬᠠᠤᠯᠢ ᠴᠠᠭᠠᠵᠠ ᠶᠢᠨ ᠠᠪᠤᠷᠠᠨ ᠲᠤᠰᠠᠯᠠᠯᠲᠠ ᠶᠢᠨ ᠮᠥᠩᠭᠦ ᠶᠢ 16.5 ᠲᠦᠮᠡᠨ ᠲᠥᠭᠦᠷᠢᠭ ᠲᠠᠷᠬᠠᠭᠠᠵᠤ᠂ ᠪᠥᠬᠦᠳᠡ ᠶᠢ  ᠬᠤᠷᠰᠢᠶᠡᠵᠢᠯ ᠲᠡᠰᠢ ᠤᠷᠲᠤᠳᠬᠠᠪᠠ᠃ ᠬᠦᠴᠢᠷᠳᠡᠯᠲᠡᠢ ᠡᠮᠡᠭᠲᠡᠶᠢᠴᠦᠳ ᠲᠤ ᠬᠠᠤᠯᠢ ᠴᠠᠭᠠᠵᠠ ᠶᠢᠨ ᠲᠤᠰᠠᠯᠠᠮᠵᠢ ᠦᠵᠡᠭᠦᠯᠬᠦ ᠶᠢᠨ ᠬᠠᠮᠲᠤ᠂ ᠡᠮᠡᠭᠲᠡᠶᠢᠴᠦᠳ ᠤᠨ ᠬᠤᠯᠪᠣᠭᠠᠲᠤ ᠬᠤᠷᠠᠯ᠂ ᠠᠷᠠᠳ ᠤᠨ ᠶᠠᠪᠤᠳᠠᠯ ᠵᠡᠷᠭᠡ ᠰᠠᠯᠠᠭ᠎ᠠ ᠮᠥᠴᠢᠷ ᠲᠠᠢ ᠬᠠᠮᠵᠢᠯᠴᠠᠨ ᠰᠡᠳᠬᠢᠴᠡ ᠶᠢᠨ ᠲᠠᠯ᠎ᠠ ᠪᠠᠷ ᠬᠠᠪᠰᠤᠷᠤᠨ ᠵᠢᠯᠤᠭᠤᠳᠬᠤ᠂ ᠨᠡᠶᠢᠭᠡᠮ ᠤᠨ ᠲᠠᠯ᠎ᠠ ᠪᠠᠷ ᠠᠪᠤᠷᠠᠨ ᠲᠤᠰᠠᠯᠠᠬᠤ ᠵᠡᠷᠭᠡ ᠠᠷᠭ᠎ᠠ ᠮᠠᠶ᠋ᠢᠭ ᠢ ᠠᠪᠤᠷᠠᠨ ᠲᠤᠰᠠᠯᠠᠬᠤ ᠲᠥᠯᠥᠪᠯᠡᠭᠡ ᠳᠤ ᠣᠷᠣᠭᠤᠯᠵᠤ᠂ ᠠᠪᠤᠷᠠᠨ ᠲᠤᠰᠠᠯᠠᠭᠳᠠᠭᠰᠠᠳ ᠲᠤ ᠣᠷᠳᠣ ᠬᠤᠭᠤᠴᠠᠭ᠎ᠠ ᠪᠠᠷ ᠠᠰᠢᠭ  ᠬᠥᠷᠳᠡᠭᠡᠪᠡ᠃  3. ᠵᠠᠭᠠᠯᠳᠤᠯᠭ᠎ᠠ ᠶᠢᠨ ᠢᠷᠡᠯᠲᠡ ᠶᠢ ᠵᠠᠰᠠᠵᠤ ᠨᠡᠶᠢᠭᠡᠮ ᠤᠨ ᠡᠶ᠎ᠡ ᠵᠣᠬᠢᠴᠠᠯ ᠢ ᠠᠬᠢᠭᠤᠯᠪᠠ 《 ᠬᠡᠷᠪᠡ ᠪᠢ ᠵᠠᠭᠠᠯᠳᠤᠵᠤ ᠪᠠᠶᠢᠪᠠᠯ 》 ᠵᠠᠬᠢᠳᠠᠯ ᠰᠣᠷᠪᠤᠯᠵᠢᠯᠠᠭ᠎ᠠ ᠶᠢᠨ ᠵᠦᠢᠯᠡᠰ ᠲᠤ ᠬᠠᠷᠢᠭᠤᠯᠲᠠ ᠥᠭᠬᠦ ᠳᠦᠷᠢᠮ ᠢ ᠨᠠᠶᠢᠳᠠᠪᠤᠷᠢᠵᠢᠭᠤᠯᠵᠤ᠂ ᠤᠯᠠᠨ ᠲᠦᠮᠡᠨ ᠤ   ᠵᠠᠬᠢᠳᠠᠯ ᠰᠣᠷᠪᠤᠯᠵᠢᠯᠠᠭ᠎ᠠ ᠶᠢ 61 ᠬᠤᠪᠢ ᠤᠳᠠᠭ᠎ᠠ ᠭᠥᠯᠢᠶᠡᠨ ᠠᠪᠴᠤ ᠰᠢᠢᠳᠪᠦᠷᠢᠯᠡᠨ᠂ ᠬᠠᠤᠯᠢ ᠴᠠᠭᠠᠵᠠ ᠶᠢ ᠲᠠᠶᠢᠯᠪᠤᠷᠢᠯᠠᠨ ᠶᠣᠰᠣ ᠶᠠᠷᠢᠬᠤ ᠶᠢ ᠪᠣᠳᠠᠲᠠᠶᠢᠵᠢᠭᠤᠯᠬᠤ ᠶᠢ ᠪᠠᠷᠢᠮᠲᠠᠯᠠᠵᠤ᠂ 7 ᠡᠳᠦᠷ ᠤᠨ ᠳᠣᠲᠣᠷ᠎ᠠ ᠬᠠᠷᠢᠭᠤᠯᠲᠠ ᠥᠭᠭᠦᠭᠰᠡᠨ ᠨᠤᠷᠮ᠎ᠠ ᠶᠢ ᠪᠠᠷᠢᠮᠲᠠᠯᠠᠵᠤ᠂ 3 ᠰᠠᠷ᠎ᠠ ᠶᠢᠨ ᠬᠤᠭᠤᠴᠠᠭ᠎ᠠ ᠲᠤᠯᠪᠠᠯ ᠰᠢᠢᠳᠪᠦᠷᠢᠯᠡᠵᠦ ᠳᠠᠭᠤᠰᠬᠠᠭᠠᠳ ᠬᠠᠷᠢᠭᠤᠯᠲᠠ ᠥᠭᠭᠦᠭᠰᠡᠨ ᠨᠤᠷᠮ᠎ᠠ ᠶᠢ ᠴᠥᠮ 100%  ᠳᠤ ᠬᠦᠷᠭᠡᠵᠦ᠂ ᠬᠤᠷᠢᠶᠠᠨ ᠤ ᠤᠳᠤᠷᠢᠳᠤᠯᠭ᠎ᠠ ᠬᠡᠷᠡᠭ ᠢ ᠳᠠᠭᠠᠭᠠᠵᠤ ᠠᠪᠤᠭᠰᠠᠨ ᠠᠩᠬᠠᠳᠠᠭᠴᠢ ᠵᠠᠬᠢᠳᠠᠯ ᠰᠣᠷᠪᠤᠯᠵᠢᠯᠠᠭ᠎ᠠ ᠶᠢᠨ ᠵᠦᠢᠯᠡᠰ ᠢ 22 ᠬᠤᠪᠢ ᠭᠥᠯᠢᠶᠡᠨ ᠠᠪᠴᠤ᠂ ᠪᠦᠬᠦᠨ ᠢ ᠰᠢᠢᠳᠪᠦᠷᠢᠯᠡᠵᠦ ᠳᠠᠭᠤᠰᠬᠠᠭᠰᠠᠨ ᠤ ᠲᠠᠷᠠᠭ᠎ᠠ ᠳᠡᠭᠡᠳᠦ ᠱᠠᠲᠤᠨ ᠤ ᠪᠠᠶᠢᠴᠠᠭᠠᠬᠤ ᠪᠠᠶᠢᠭᠤᠯᠭ᠎ᠠ ᠳᠤ ᠲᠠᠬᠢᠨ ᠣᠴᠢᠵᠤ ᠭᠤᠮᠣᠳᠠᠯ ᠲᠣᠭᠠᠴᠢᠭᠰᠠᠨ ᠦᠭᠡᠢ ᠵᠠᠬᠢᠳᠠᠯ ᠰᠣᠷᠪᠤᠯᠵᠢᠯᠠᠭ᠎ᠠ ᠶᠢᠨ  ᠵᠥᠢᠯ ᠢ ᠰᠢᠢᠳᠪᠦᠷᠢᠯᠡᠪᠡ᠃ ᠴᠥᠭᠡᠨ ᠪᠠᠷᠢᠪᠴᠢᠯᠠᠵᠣ ᠪᠣᠯᠭᠤᠮᠵᠢᠲᠠᠢ  ᠵᠠᠭᠠᠯᠳᠣᠵᠣ᠂ ᠪᠣᠯᠭᠤᠮᠵᠢᠲᠠᠢ  ᠬᠤᠷᠢᠬᠤ ᠡᠷᠡᠭᠦᠦ ᠶᠢᠨ ᠬᠡᠷᠡᠭ ᠤᠨ ᠬᠠᠤᠯᠢ ᠪᠠᠷᠢᠬᠤ ᠲᠦᠷᠦ ᠶᠢᠨ ᠪᠣᠳᠣᠯᠭ᠎ᠠ ᠶᠢ  ᠲᠣᠭᠤᠰᠢᠯᠠᠭᠤᠯᠵᠣ᠂ ᠦᠯᠦ ᠪᠠᠷᠢᠪᠴᠢᠯᠠᠬᠤ ᠨᠤᠷᠮ᠎ᠠ 52.34%᠂ ᠦᠯᠦ ᠵᠠᠭᠠᠯᠳᠤᠬᠤ ᠨᠤᠷᠮ᠎ᠠ 34% ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ ᠲᠤᠰ ᠲᠤᠰ 21.63%᠂ 12.3% ᠪᠠᠷ ᠳᠡᠭᠡᠭᠰᠢᠯᠡᠵᠦ᠂ ᠬᠥᠮᠥᠨ ᠤ ᠡᠷᠬᠡ ᠶᠢᠨ ᠬᠠᠤᠯᠢ ᠪᠠᠷᠢᠬᠤ ᠪᠠᠲᠤᠯᠠᠭ᠎ᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠨᠡᠶᠢᠭᠡᠮ ᠤᠨ ᠬᠠᠷᠢᠴᠠᠭ᠎ᠠ ᠶᠢ ᠵᠠᠰᠠᠨ ᠰᠡᠷᠭᠦᠭᠡᠬᠦ ᠶᠢ ᠠᠬᠢᠭᠤᠯᠪᠠ᠃ ᠪᠠᠶᠢᠴᠠᠭᠠᠬᠤ ᠰᠠᠨᠠᠭᠤᠯᠭ᠎ᠠ ᠶᠢ ᠴᠢᠩᠭᠠᠳᠬᠠᠬᠤ ᠶᠢ ᠨᠡᠶᠢᠭᠡᠮ ᠤᠨ ᠵᠠᠰᠠᠯᠲᠠ ᠳᠤ ᠣᠷᠤᠯᠴᠠᠬᠤ ᠴᠢᠬᠤᠯᠠ  ᠭᠠᠷᠳᠡᠴᠠ ᠪᠣᠯᠭᠠᠵᠤ᠂ 90 ᠬᠤᠪᠢ ᠪᠠᠶᠢᠴᠠᠭᠠᠬᠤ ᠰᠠᠨᠠᠭᠤᠯᠭ᠎ᠠ ᠶᠢ ᠳᠤᠷᠠᠳᠤᠨ ᠭᠠᠷᠭᠠᠪᠠ᠂ ᠡᠭᠦᠨ ᠤ ᠳᠣᠲᠣᠷ᠎ᠠ᠂ ᠨᠡᠶᠢᠭᠡᠮ ᠤᠨ ᠵᠠᠰᠠᠯᠲᠠ ᠶᠢᠨ ᠲᠦᠷᠦᠯ ᠪᠠ ᠨᠡᠶᠢᠲᠡ ᠶᠢᠨ ᠠᠰᠠᠷᠠᠮᠵᠢ ᠶᠢᠨ ᠵᠠᠷᠭᠤ ᠶᠢᠨ ᠲᠦᠷᠦᠯ 45 ᠬᠤᠪᠢ ᠪᠠᠶᠢᠵᠤ᠂ ᠪᠠᠶᠢᠴᠠᠭᠠᠬᠤ ᠰᠠᠨᠠᠭᠤᠯᠭ᠎ᠠ ᠶᠢᠨ ᠨᠡᠶᠢᠭᠡᠮ ᠤᠨ ᠵᠠᠰᠠᠯᠲᠠ ᠳᠠᠬᠢ ᠵᠢᠷᠤᠮᠵᠢᠭᠤᠯᠤᠨ ᠳᠠᠭᠠᠭᠤᠯᠬᠤ ᠦᠢᠯᠡᠳᠦᠯ ᠢ ᠭᠦᠢᠴᠡᠳ ᠪᠠᠳᠠᠷᠠᠭᠤᠯᠪᠠ᠃   4.ᠨᠡᠶᠢᠭᠡᠮ ᠤᠨ ᠡᠯ᠎ᠡ ᠡᠲᠡᠭᠡᠳ ᠤᠨ ᠬᠢᠨ ᠤ ᠬᠢᠨᠠᠯᠲᠠ ᠶᠢ ᠣᠬᠠᠮᠰᠠᠷ ᠠᠴᠠ ᠪᠠᠨ  ᠬᠥᠯᠢᠶᠡᠪᠡ12309 ᠳᠤᠮᠳᠠᠳᠤ ᠤᠯᠤᠰ ᠤᠨ ᠪᠠᠶᠢᠴᠠᠭᠠᠬᠤ ᠰᠦᠯᠵᠢᠶ᠎ᠡ ᠪᠠᠷ ᠳᠠᠮᠵᠢᠭᠤᠯᠤᠨ 967  ᠵᠣᠷᠪᠣᠰ ᠤᠨ ᠬᠡᠷᠡᠭ ᠤᠨ  ᠲᠠᠷᠠᠭᠠᠯᠠᠯ ᠤᠨ ᠴᠢᠨᠠᠷᠲᠠᠢ ᠮᠡᠳᠡᠭᠡ ᠵᠠᠩᠭᠢ ᠶᠢ ᠢᠯᠡ ᠪᠣᠯᠭᠠᠵᠤ᠂ 77 ᠬᠥᠮᠥᠨ ᠤᠳᠠᠭ᠎ᠠ ᠶᠢᠨ ᠬᠠᠤᠯᠢᠴᠢ ᠶᠢ ᠭᠥᠯᠢᠶᠡᠨ ᠠᠪᠴᠤ ᠡᠪᠬᠡᠮᠡᠯ ᠢ  ᠣᠡᠭᠰᠢᠵᠣ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠤᠯᠤᠰ ᠲᠦᠷᠦ ᠶᠢᠨ ᠵᠥᠪᠯᠡᠯᠭᠡᠨ ᠤ ᠭᠡᠰᠢᠭᠦᠨ᠂ ᠠᠷᠠᠳ ᠤᠨ ᠬᠢᠨᠠᠯᠲᠠ ᠲᠠᠯᠪᠢᠭᠴᠢ ᠵᠡᠷᠭᠡ ᠡᠯ᠎ᠡ ᠡᠲᠡᠭᠡᠳ ᠤᠨ ᠲᠥᠯᠥᠭᠡᠯᠡᠭᠴᠢ ᠶᠢ ᠤᠷᠢᠵᠤ ᠢᠯᠡ ᠪᠠᠷ ᠭᠡᠷᠡᠴᠢᠯᠡᠭᠡ ᠰᠣᠨᠣᠰᠬᠤ ᠳᠤ 41 ᠬᠤᠪᠢ ᠤᠳᠠᠭ᠎ᠠ ᠣᠷᠣᠯᠴᠠᠭᠤᠯᠵᠤ᠂ ᠦᠯᠦ ᠵᠠᠭᠠᠯᠳᠤᠬᠤ ᠬᠡᠷᠡᠭ ᠲᠤ ᠴᠥᠮ ᠭᠡᠷᠡᠴᠢᠯᠡᠭᠡ ᠰᠣᠨᠣᠰᠴᠤ ᠪᠣᠯᠬᠤ ᠶᠢ ᠨᠢ ᠴᠥᠮ ᠰᠣᠨᠣᠰᠴᠤ᠂ ᠢᠯᠡ ᠪᠣᠯᠭᠠᠬᠤ ᠶᠣᠰᠣᠲᠠᠢ ᠶᠢ ᠨᠢ ᠴᠥᠮ ᠢᠯᠡ ᠪᠣᠯᠭᠠᠵᠤ᠂ ᠡᠷᠬᠡ ᠶᠢ ᠬᠠᠮᠢᠭ᠎ᠠ ᠬᠦᠷᠲᠡᠯ᠎ᠡ ᠬᠡᠷᠡᠭᠵᠢᠭᠦᠯᠪᠡᠯ᠂ ᠬᠢᠨᠠᠯᠲᠠ ᠬᠢᠵᠠᠭᠠᠷᠯᠠᠯ ᠲᠡᠨᠳᠡ ᠬᠦᠷᠲᠡᠯ᠎ᠡ ᠳᠠᠭᠠᠬᠤ ᠶᠢ  ᠥᠨᠡᠨᠬᠦ  ᠪᠠᠲᠤᠯᠠᠪᠠ᠃  ︵ᠭᠤᠷᠪᠠ︶  《ᠰᠠᠶᠢᠨ  ᠶᠠᠪᠤᠳᠠᠯ ᠬᠢᠬᠦ  》 ᠪᠠᠷ ᠪᠠᠷᠢᠮᠵᠢᠶ᠎ᠠ ᠶᠢ ᠬᠠᠷᠭᠤᠭᠤᠯᠵᠤ᠂ 《ᠲᠥᠷᠪᠡᠨ ᠶᠡᠭᠡ ᠪᠠᠶᠢᠴᠠᠭᠠᠯᠲᠠ 》 ᠶᠢ ᠨᠢᠭᠡᠳᠦᠯᠲᠡᠢ  ᠲᠥᠯᠬᠢᠨ ᠠᠬᠢᠭᠤᠯᠪᠠ  1. ᠡᠷᠡᠭᠦᠦ ᠶᠢᠨ ᠬᠡᠷᠡᠭ ᠤᠨ ᠪᠠᠶᠢᠴᠠᠭᠠᠬᠤ ᠠᠵᠢᠯ ᠢ ᠰᠢᠯᠢᠳᠡᠭᠵᠢᠭᠦᠯᠦᠨ ᠳᠡᠭᠡᠭᠰᠢᠯᠡᠭᠦᠯᠪᠡ 《 ᠪᠠᠷᠢᠪᠴᠢᠯᠠᠬᠤ ᠪᠠ ᠵᠠᠭᠠᠯᠳᠤᠬᠤ ᠶᠢ ᠨᠢᠭᠡ ᠴᠣᠭᠴᠠᠵᠢᠭᠤᠯᠬᠤ  》 ᠬᠡᠷᠡᠭ ᠰᠢᠢᠳᠪᠦᠷᠢᠯᠡᠬᠦ ᠲᠣᠭᠲᠠᠴᠠ ᠶᠢ ᠨᠠᠶᠢᠳᠠᠪᠤᠷᠢᠵᠢᠭᠤᠯᠤᠨ᠂ 《 ᠬᠡᠷᠡᠭ ᠰᠢᠢᠳᠪᠦᠷᠢᠯᠡᠬᠦ ᠶᠠᠪᠤᠴᠠ ᠳᠤ ᠬᠢᠨᠠᠯᠲᠠ ᠲᠠᠯᠪᠢᠬᠤ᠂ ᠬᠢᠨᠠᠯᠲᠠ ᠲᠠᠯᠪᠢᠬᠤ ᠶᠠᠪᠤᠴᠠ ᠳᠤ ᠬᠡᠷᠡᠭ ᠰᠢᠢᠳᠪᠦᠷᠢᠯᠡᠬᠦ》ᠬᠠᠤᠯᠢ ᠪᠠᠷᠢᠬᠤ ᠣᠶᠢᠯᠠᠭᠠᠭᠳᠠᠬᠤᠨ ᠢ ᠭᠦᠨᠵᠡᠭᠡᠶᠢᠷᠡᠭᠦᠯᠵᠦ᠂ ᠰᠢᠭᠦᠬᠦ ᠠᠴᠠ ᠡᠮᠦᠨᠡᠬᠢ ᠭᠤᠣᠯᠯᠠᠬᠤ ᠦᠢᠯᠡᠳᠦᠯ ᠢ ᠭᠦᠢᠴᠡᠳ ᠪᠠᠳᠠᠷᠠᠭᠤᠯᠪᠠ᠃1 ᠬᠡᠷᠡᠭ 1 ᠬᠥᠮᠥᠨ ᠢ ᠬᠠᠤᠯᠢ ᠶᠣᠰᠣᠭᠠᠷ ᠬᠡᠷᠡᠭ ᠪᠣᠯᠭᠠᠨ ᠳᠠᠩᠰᠠᠯᠠᠬᠤ ᠳᠤ ᠬᠢᠨᠠᠯᠲᠠ ᠲᠠᠯᠪᠢᠵᠤ᠂ 1 ᠬᠡᠷᠡᠭ 1 ᠬᠥᠮᠥᠨ ᠢ ᠬᠦᠴᠦᠨ ᠦᠭᠡᠢ ᠪᠣᠯᠭᠠᠵᠤ᠂ 4 ᠬᠡᠷᠡᠭ ᠢ ᠤᠷᠢᠳᠴᠢᠯᠠᠨ ᠬᠥᠲᠥᠯᠥᠨ ᠵᠢᠯᠤᠭᠤᠳᠴᠤ ᠲᠤᠷᠰᠢᠨ ᠪᠠᠶᠢᠴᠠᠭᠠᠵᠤ᠂ 22 ᠬᠡᠷᠡᠭ ᠢ ᠲᠤᠷᠰᠢᠨ ᠪᠠᠶᠢᠴᠠᠭᠠᠭᠰᠠᠨ ᠪᠠ ᠰᠢᠭᠦᠨ ᠲᠠᠰᠤᠯᠤᠭᠰᠠᠨ ᠬᠠᠤᠯᠢ ᠠᠴᠠ ᠵᠥᠷᠢᠴᠡᠭᠰᠡᠨ ᠪᠠᠶᠢᠳᠠᠯ ᠢ ᠵᠠᠯᠠᠷᠠᠭᠤᠯᠵᠤ᠂ 2 ᠬᠥᠮᠥᠨ ᠢ ᠪᠠᠷᠢᠪᠴᠢᠯᠠᠬᠤ ᠠᠴᠠ ᠭᠤᠭᠤᠵᠢᠭᠳᠠᠭᠰᠠᠨ ᠪᠠ ᠵᠠᠭᠠᠯᠳᠤᠬᠤ ᠠᠴᠠ ᠭᠤᠭᠤᠵᠢᠭᠳᠠᠭᠰᠠᠨ ᠬᠡᠷᠡᠭ ᠢ ᠵᠠᠯᠠᠷᠠᠭᠤᠯᠵᠤ᠂ 4 ᠬᠡᠷᠡᠭ ᠢ ᠡᠷᠡᠭᠦᠦ ᠶᠢᠨ ᠬᠡᠷᠡᠭ ᠢᠶᠠᠷ ᠡᠰᠡᠷᠭᠦᠴᠡᠨ ᠵᠠᠭᠠᠯᠳᠤᠪᠠ᠃ ᠬᠦᠨᠳᠦ ᠶᠡᠭᠡ ᠬᠡᠷᠡᠭ ᠤᠨ ᠰᠢᠭᠦᠨ ᠠᠰᠠᠭᠤᠯᠲᠠ ᠶᠢᠨ ᠬᠠᠤᠯᠢ ᠶᠣᠰᠣᠴᠢ ᠴᠢᠨᠠᠷ ᠢ ᠬᠢᠨᠠᠨ ᠪᠠᠶᠢᠴᠠᠭᠠᠭᠰᠠᠨ 7 ᠬᠤᠪᠢ ᠬᠡᠷᠡᠭ᠂ ᠡᠳ᠋ ᠬᠥᠷᠥᠩᠭᠡ ᠶᠢᠨ ᠡᠷᠡᠭᠦᠦ ᠶᠢᠨ ᠭᠦᠢᠴᠡᠳᠭᠡᠯᠲᠡ ᠳᠤ ᠬᠢᠨᠠᠯᠲᠠ ᠲᠠᠯᠪᠢᠭᠰᠠᠨ 1 ᠬᠤᠪᠢ ᠬᠡᠷᠡᠭ᠂ ᠬᠢᠨᠠᠯᠲᠠ ᠬᠠᠮᠢᠶᠠᠷᠤᠯᠲᠠ ᠶᠢᠨ ᠲᠠᠯᠠᠪᠤᠷ ᠭᠠᠵᠠᠷ᠂ ᠨᠡᠶᠢᠭᠡᠮ ᠲᠣᠭᠤᠷᠢᠭ ᠤᠨ ᠵᠠᠯᠠᠷᠠᠭᠤᠯᠭ᠎ᠠ ᠶᠢ ᠵᠢᠷᠤᠮᠵᠢᠭᠤᠯᠤᠭᠰᠠᠨ ᠦᠭᠡᠢ 10 ᠬᠤᠪᠢ ᠠᠰᠠᠭᠤᠳᠠᠯ ᠳᠤ ᠬᠢᠨᠠᠯᠲᠠ ᠲᠠᠯᠪᠢᠵᠤ ᠵᠠᠯᠠᠷᠠᠭᠤᠯᠤᠭᠰᠠᠨ ᠪᠠᠶᠢᠨ᠎ᠠ᠃ ᠳᠡᠭᠡᠳᠦ ᠱᠠᠲᠤᠨ ᠤ ᠬᠤᠷᠢᠶ᠎ᠠ ᠠᠴᠠ ᠲᠤᠰᠢᠶᠠᠨ ᠰᠢᠢᠳᠪᠦᠷᠢᠯᠡᠭᠦᠯᠦᠭᠰᠡᠨ ᠵᠠᠯᠠᠶᠢᠳ   ᠤᠨ ᠮᠧᠩ ᠶᠢᠨ ᠲᠣᠰᠬᠤᠨ ᠪᠠᠯᠭᠠᠰᠣᠨ ᠤ  ᠪᠠᠩᠬᠢ ᠶᠢᠨ ᠴᠧᠨ ᠣᠪᠣᠭᠲᠤ᠂ ᠸᠠᠩ ᠣᠪᠣᠭᠲᠤ ᠵᠡᠷᠭᠡ ᠬᠥᠮᠥᠰ ᠤᠨ ᠬᠠᠤᠯᠢ ᠶᠢ ᠵᠥᠷᠢᠴᠡᠨ ᠵᠢᠭᠡᠯᠡᠯᠭᠡ ᠲᠠᠯᠪᠢᠭᠰᠠᠨ᠂ ᠥᠨᠳᠥᠷ ᠬᠦᠦ ᠲᠠᠢ ᠪᠠᠷ ᠰᠢᠯᠵᠢᠭᠦᠯᠦᠨ ᠵᠢᠭᠡᠯᠡᠯᠭᠡ ᠲᠠᠯᠪᠢᠭᠰᠠᠨ ᠬᠡᠷᠡᠭ ᠲᠤ᠂ ᠴᠥᠭᠡᠨ ᠪᠠᠷᠢᠪᠴᠢᠯᠠᠵᠤ ᠪᠣᠯᠭᠤᠮᠵᠢᠲᠠᠢ ᠵᠠᠭᠠᠯᠳᠤᠬᠤ ᠣᠶᠢᠯᠠᠭᠠᠭᠳᠠᠬᠤᠨ ᠢ ᠪᠠᠷᠢᠮᠲᠠᠯᠠᠨ᠂ ᠶᠠᠯ᠎ᠠ ᠪᠠᠨ ᠮᠡᠳᠡᠷᠡᠵᠦ ᠲᠣᠷᠭᠠᠭᠤᠯᠢ ᠶᠢ ᠬᠦᠯᠢᠶᠡᠬᠦ ᠳᠦᠷᠢᠮ ᠢ ᠲᠣᠭᠤᠰᠢᠯᠠᠭᠤᠯᠣᠨ ᠨᠠᠶᠢᠳᠠᠪᠤᠷᠢᠵᠢᠭᠤᠯᠵᠤ᠂ ᠶᠠᠯ᠎ᠠ ᠬᠢᠭᠰᠡᠨ ᠰᠡᠵᠢᠭᠲᠡᠨ ᠠᠴᠠ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠭᠰᠡᠨ ᠮᠥᠷᠲᠡᠭᠡᠨ ᠮᠥᠩᠭᠦᠨ ᠭᠦᠢᠯᠭᠡᠭᠡᠨ ᠤ ᠠᠮᠤᠷ ᠲᠦᠪᠰᠢᠨ ᠬᠢᠭᠡᠳ ᠨᠡᠶᠢᠭᠡᠮ ᠤᠨ ᠲᠣᠭᠲᠠᠭᠤᠨ ᠪᠠᠶᠢᠳᠠᠯ ᠢ ᠬᠠᠮᠠᠭᠠᠯᠠᠵᠤ᠂ ᠭᠤᠷᠪᠠᠨ ᠦᠷ᠎ᠡ ᠪᠦᠲᠦᠮᠵᠢ ᠶᠢ ᠬᠠᠷᠢᠯᠴᠠᠨ ᠨᠢᠭᠡᠳᠬᠡᠬᠦ ᠶᠢ ᠪᠡᠶᠡᠯᠡᠭᠦᠯᠪᠡ᠃ ᠬᠠᠤᠯᠢ ᠴᠠᠭᠠᠵᠠ ᠶᠢᠨ ᠠᠵᠢᠯᠲᠠᠨ ᠤ ᠡᠷᠬᠡ ᠲᠤᠰᠢᠶᠠᠯ ᠢᠶᠠᠨ ᠠᠰᠢᠭᠯᠠᠨ ᠬᠢᠭᠰᠡᠨ 1 ᠬᠡᠷᠡᠭ 1 ᠬᠥᠮᠥᠨ ᠢ ᠲᠠᠩᠨᠠᠨ ᠰᠢᠢᠳᠪᠦᠷᠢᠯᠡᠪᠡ᠂ ᠤᠳᠤ ᠨᠢᠭᠡᠨᠲᠡ ᠬᠢᠨᠠᠨ ᠪᠠᠶᠢᠴᠠᠭᠠᠯᠭᠠᠵᠤ ᠵᠠᠭᠠᠯᠳᠤᠭᠤᠯᠬᠤ ᠪᠠᠷ ᠰᠢᠯᠵᠢᠭᠦᠯᠦᠨ ᠬᠦᠷᠭᠡᠵᠡᠢ᠃   2. ᠢᠷᠭᠡᠨ ᠤ ᠬᠡᠷᠡᠭ ᠤᠨ ᠪᠠᠶᠢᠴᠠᠭᠠᠯᠳᠠ ᠳᠤ  ᠣᠨᠢᠯᠡᠨ ᠬᠥᠴᠣᠯᠡᠨ᠎ᠠ  ︽ᠨᠠᠷᠢᠯᠢᠭ ᠣᠨᠣᠴᠠᠲᠠᠢ ᠪᠠᠷ ᠬᠢᠨᠠᠯᠲᠠ ᠲᠠᠯᠪᠢᠬᠤ︾ ᠣᠶᠢᠯᠠᠭᠠᠭᠳᠠᠬᠤᠨ ᠢᠶᠠᠷ ᠢᠷᠭᠡᠨ ᠤ ᠬᠡᠷᠡᠭ ᠤᠨ ᠪᠠᠶᠢᠴᠠᠭᠠᠬᠤ ᠠᠵᠢᠯ ᠤᠨ ᠦᠷᠭᠦᠯᠵᠢᠯᠡᠨ ᠰᠠᠶᠢᠵᠢᠷᠠᠬᠤ ᠶᠢ ᠬᠥᠲᠥᠯᠥᠨ ᠵᠢᠯᠣᠭᠤᠳᠪᠠ᠃ ᠮᠠᠨ ᠤ ᠬᠤᠷᠢᠶᠠᠨ ᠤ ᠣᠶᠢᠷ᠎ᠠ ᠶᠢᠨ ᠭᠤᠴᠢᠨ ᠵᠢᠯ ᠠᠴᠠ ᠨᠠᠰᠢᠬᠢ ᠬᠦᠴᠦᠨ ᠲᠠᠢ ᠪᠣᠯᠤᠭᠰᠠᠨ ᠲᠠᠰᠤᠯᠤᠨ ᠲᠣᠭᠲᠠᠭᠠᠯᠲᠠ ᠶᠢ ᠡᠰᠡᠷᠭᠦᠴᠡᠨ ᠵᠠᠭᠠᠯᠳᠤᠭᠤᠯᠬᠤ ᠪᠠᠷ ᠳᠡᠪᠰᠢᠭᠦᠯᠦᠭᠰᠡᠨ ᠠᠩᠬᠠᠳᠠᠭᠴᠢ ᠬᠡᠷᠡᠭ ᠢ ᠰᠢᠢᠳᠪᠦᠷᠢᠯᠡᠭᠰᠡᠨ ᠪᠥᠭᠡᠳ ᠳᠡᠭᠡᠳᠦ ᠱᠠᠲᠤᠨ ᠤ ᠬᠤᠷᠢᠶᠠᠨ ᠤ ᠳᠡᠮᠵᠢᠯᠭᠡ ᠶᠢ ᠣᠯᠪᠠ᠃ ᠠᠵᠤ ᠠᠬᠤᠶᠢᠯᠠᠯ ᠳᠤ ᠬᠤᠯᠪᠣᠭᠳᠠᠭᠰᠠᠨ ᠢᠷᠭᠡᠨ ᠤ ᠬᠡᠷᠡᠭ ᠤᠨ ᠪᠠᠶᠢᠴᠠᠭᠠᠬᠤ ᠬᠢᠨᠠᠯᠲᠠ ᠶᠢ ᠴᠢᠩᠭᠠᠳᠬᠠᠵᠤ᠂ ᠠᠵᠤ ᠠᠬᠤᠶᠢᠯᠠᠯ ᠳᠤ ᠬᠤᠯᠪᠣᠭᠳᠠᠭᠰᠠᠨ ᠢᠷᠭᠡᠨ ᠤ ᠬᠡᠷᠡᠭ ᠤᠨ ᠪᠠᠶᠢᠴᠠᠭᠠᠬᠤ ᠬᠢᠨᠠᠯᠲᠠ ᠶᠢᠨ ᠬᠡᠷᠡᠭ ᠢ ᠬᠠᠤᠯᠢ ᠶᠣᠰᠣᠭᠠᠷ ᠤᠷᠢᠳᠠᠪᠠᠷ ᠰᠢᠢᠳᠪᠦᠷᠢᠯᠡᠬᠦ ᠲᠤᠰᠬᠠᠢ ᠵᠦᠢᠯ ᠤᠨ ᠠᠵᠢᠯᠯᠠᠭ᠎ᠠ ᠶᠢ ᠬᠢᠨᠠᠮᠠᠭᠠᠢ ᠥᠷᠨᠢᠭᠦᠯᠵᠦ᠂ ᠠᠵᠤ ᠠᠬᠤᠶᠢᠯᠠᠯ ᠳᠤ ᠬᠤᠯᠪᠣᠭᠳᠠᠭᠰᠠᠨ 6 ᠬᠡᠷᠡᠭ ᠢ ᠭᠥᠯᠢᠶᠡᠨ ᠠᠪᠴᠤ ᠰᠢᠢᠳᠪᠦᠷᠢᠯᠡᠨ᠂ 6 ᠬᠤᠪᠢ ᠪᠠᠶᠢᠴᠠᠭᠠᠬᠤ ᠰᠠᠨᠠᠭᠤᠯᠭ᠎ᠠ ᠳᠤᠷᠠᠳᠴᠤ᠂ ᠰᠢᠭᠦᠬᠦ ᠬᠤᠷᠢᠶ᠎ᠠ ᠪᠦᠬᠦᠨ ᠢ ᠭᠥᠯᠢᠶᠡᠨ ᠠᠪᠤᠪᠠ᠃ ᠢᠷᠭᠡᠨ ᠤ ᠬᠡᠷᠡᠭ ᠤᠨ ᠰᠢᠭᠦᠨ ᠲᠠᠰᠤᠯᠬᠤ ᠵᠢᠷᠤᠮ ᠤᠨ ᠬᠠᠤᠯᠢ ᠠᠴᠠ ᠵᠥᠷᠢᠴᠡᠭᠰᠡᠨ 1 ᠬᠡᠷᠡᠭ ᠢ ᠬᠢᠨᠠᠨ ᠵᠠᠯᠠᠷᠠᠭᠤᠯᠬᠤ ᠶᠢᠨ ᠬᠠᠮᠲᠤ ᠪᠠᠶᠢᠴᠠᠭᠠᠬᠤ ᠰᠠᠨᠠᠭᠤᠯᠭ᠎ᠠ ᠶᠢ ᠲᠣᠭᠲᠠᠭᠠᠨ ᠲᠠᠷᠬᠠᠭᠠᠪᠠ᠂ ᠡᠭᠦᠨ ᠢ ᠰᠢᠭᠦᠬᠦ ᠬᠤᠷᠢᠶ᠎ᠠ ᠨᠢᠭᠡᠨᠲᠡ ᠭᠥᠯᠢᠶᠡᠨ ᠠᠪᠴᠤ ᠵᠠᠯᠠᠷᠠᠭᠤᠯᠪᠠ᠃ ᠢᠷᠭᠡᠨ ᠤ ᠬᠡᠷᠡᠭ ᠤᠨ ᠭᠦᠢᠴᠡᠳᠬᠡᠬᠦ ᠶᠠᠪᠤᠴᠠ ᠳᠠᠬᠢ ᠤᠯᠠᠨ ᠲᠦᠮᠡᠨ ᠤ ᠨᠡᠯᠢᠶᠡᠳ ᠠᠩᠬᠠᠷᠴᠤ ᠪᠠᠶᠢᠭ᠎ᠠ ᠠᠰᠠᠭᠤᠳᠠᠯ ᠲᠠᠢ ᠤᠶᠠᠯᠳᠤᠭᠤᠯᠤᠨ᠂《ᠲᠤᠰ ᠤᠳᠠᠭᠠᠨ ᠤ ᠭᠦᠢᠴᠡᠳᠭᠡᠯᠲᠡ ᠶᠢ ᠳᠠᠭᠤᠰᠬᠠᠬᠤ 》ᠬᠡᠷᠡᠭ ᠲᠤ ᠲᠤᠰᠬᠠᠢ ᠬᠢᠨᠠᠯᠲᠠ ᠲᠠᠯᠪᠢᠬᠤ ᠠᠵᠢᠯᠯᠠᠭ᠎ᠠ ᠶᠢ ᠯᠠᠪᠳᠠᠭᠤᠨ ᠢᠶᠠᠷ ᠲᠦᠯᠬᠢᠨ ᠠᠬᠢᠭᠤᠯᠵᠤ᠂ ᠲᠤᠰ ᠤᠳᠠᠭᠠᠨ ᠤ ᠭᠦᠢᠴᠡᠳᠬᠡᠬᠦ ᠵᠢᠷᠤᠮ ᠤᠨ ᠬᠡᠷᠡᠭ ᠢ 15 ᠬᠤᠪᠢ ᠭᠥᠯᠢᠶᠡᠨ ᠠᠪᠴᠤ ᠳᠠᠭᠤᠰᠬᠠᠵᠤ᠂ 15 ᠬᠤᠪᠢ ᠪᠠᠶᠢᠴᠠᠭᠠᠬᠤ ᠰᠠᠨᠠᠭᠤᠯᠭ᠎ᠠ ᠶᠢ ᠳᠤᠷᠠᠳᠤᠨ ᠭᠠᠷᠭᠠᠵᠤ᠂ ᠢᠷᠭᠡᠨ ᠤ ᠬᠡᠷᠡᠭ ᠤᠨ ᠭᠦᠢᠴᠡᠳᠭᠡᠯᠲᠡ ᠶᠢ ᠨᠡᠩ ᠵᠢᠷᠤᠮᠵᠢᠭᠤᠨ᠂ ᠨᠡᠩ ᠥᠨᠳᠥᠷ ᠪᠦᠲᠦᠮᠵᠢᠲᠡᠶ ᠪᠣᠯᠭᠠᠬᠤ ᠶᠢ ᠲᠦᠯᠬᠢᠨ ᠠᠬᠢᠭᠤᠯᠪᠠ᠃  3. ᠵᠠᠰᠠᠭ ᠵᠠᠬᠢᠷᠭᠠᠨ ᠤ ᠪᠠᠶᠢᠴᠠᠭᠠᠬᠤ ᠠᠵᠢᠯ ᠤᠨ ᠡᠷᠴᠢᠮ ᠢ ᠴᠢᠩᠭᠠᠷᠠᠭᠤᠯᠪᠠᠰᠢᠭᠦᠨ ᠲᠠᠰᠤᠯᠬᠤ ᠪᠠᠶᠢᠭᠤᠯᠭ᠎ᠠ ᠶᠢᠨ ᠲᠥᠪ ᠭᠤᠣᠯᠴᠢ ᠪᠠᠷ ᠬᠠᠤᠯᠢ ᠪᠠᠷᠢᠬᠤ ᠳᠤ ᠬᠢᠨᠠᠯᠲᠠ ᠲᠠᠯᠪᠢᠬᠤ ᠶᠢ ᠪᠠᠷᠢᠮᠲᠠᠯᠠᠬᠤ ᠮᠥᠷᠲᠡᠭᠡᠨ ᠪᠠᠰᠠ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠠᠬᠢᠭᠤᠯᠪᠠ᠃ ᠰᠢᠭᠦᠬᠦ ᠬᠤᠷᠢᠶᠠᠨ ᠤ ᠵᠠᠰᠠᠭ ᠵᠠᠬᠢᠷᠭᠠᠨ ᠤ ᠰᠢᠭᠦᠨ ᠲᠠᠰᠤᠯᠬᠤ ᠵᠢᠷᠤᠮ ᠤᠨ ᠬᠠᠤᠯᠢ ᠶᠢ ᠵᠥᠷᠢᠴᠡᠭᠰᠡᠨ ᠠᠵᠢᠯᠯᠠᠭ᠎ᠠ ᠳᠤ 3 ᠬᠤᠪᠢ ᠪᠠᠶᠢᠴᠠᠭᠠᠬᠤ ᠰᠠᠨᠠᠭᠤᠯᠭ᠎ᠠ ᠳᠤᠷᠠᠳᠴᠤ᠂ ᠵᠠᠰᠠᠭ ᠵᠠᠬᠢᠷᠭᠠᠨ ᠤ ᠵᠠᠷᠭᠤ ᠶᠢᠨ ᠪᠤᠰᠤ ᠭᠦᠢᠴᠡᠳᠬᠡᠬᠦ ᠬᠡᠷᠡᠭ ᠲᠤ 13 ᠬᠤᠪᠢ ᠪᠠᠶᠢᠴᠠᠭᠠᠬᠤ ᠰᠠᠨᠠᠭᠤᠯᠭ᠎ᠠ ᠳᠤᠷᠠᠳᠴᠤ᠂ ᠰᠢᠭᠦᠬᠦ ᠬᠤᠷᠢᠶ᠎ᠠ ᠪᠦᠬᠦᠨ ᠢ ᠬᠠᠷᠢᠭᠤᠯᠲᠠ ᠥᠭᠬᠦ ᠶᠢᠨ ᠬᠠᠮᠲᠤ ᠭᠥᠯᠢᠶᠡᠨ ᠠᠪᠤᠪᠠ᠃ ︽ᠵᠠᠰᠠᠭ ᠵᠠᠬᠢᠷᠭᠠᠨ ᠤ ᠪᠠᠶᠢᠴᠠᠭᠠᠬᠤ ᠬᠢᠨᠠᠯᠲᠠ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠵᠦ᠂ ᠠᠷᠠᠳ ᠤᠨ ᠠᠮᠢᠳᠤᠷᠠᠯ ᠠᠷᠠᠳ ᠤᠨ ᠠᠰᠢᠭ ᠲᠤᠰᠠ ᠶᠢ ᠬᠠᠤᠯᠢ ᠶᠣᠰᠣᠭᠠᠷ ᠬᠠᠮᠠᠭᠠᠯᠠᠬᠤ︾ ᠲᠤᠰᠬᠠᠢ ᠠᠵᠢᠯᠯᠠᠭ᠎ᠠ ᠶᠢ ᠯᠠᠪᠳᠠᠭᠤᠨ ᠪᠠᠲᠤᠲᠠᠢ ᠥᠷᠨᠢᠭᠦᠯᠵᠦ᠂ ᠵᠠᠰᠠᠭ ᠵᠠᠬᠢᠷᠭᠠᠨ ᠤ ᠬᠠᠤᠯᠢ ᠶᠢ ᠵᠥᠷᠢᠴᠡᠭᠰᠡᠨ ᠦᠢᠯᠡ ᠠᠵᠢᠯᠯᠠᠭ᠎ᠠ ᠳᠤ ᠬᠢᠨᠠᠯᠲᠠ ᠲᠠᠯᠪᠢᠬᠤ ᠬᠡᠷᠡᠭ ᠢ 25 ᠬᠤᠪᠢ ᠰᠢᠢᠳᠪᠦᠷᠢᠯᠡᠭᠰᠡᠨ ᠪᠥᠭᠡᠳ ᠲᠥᠪᠯᠡᠷᠡᠭᠦᠯᠦᠨ ᠢᠯᠡ ᠪᠠᠷ ᠭᠡᠷᠡᠴᠢᠯᠡᠭᠡ ᠰᠣᠨᠣᠰᠴᠤ᠂ ᠲᠦᠷᠦᠯ ᠤᠨ ᠬᠡᠷᠡᠭ ᠢ ᠪᠠᠶᠢᠴᠠᠭᠠᠬᠤ ᠰᠠᠨᠠᠭᠤᠯᠭ᠎ᠠ ᠶᠢ ᠲᠣᠭᠲᠠᠭᠠᠨ ᠲᠠᠷᠬᠠᠭᠠᠵᠤ᠂ ᠵᠠᠰᠠᠭ ᠵᠠᠬᠢᠷᠭᠠᠨ ᠤ ᠪᠠᠶᠢᠭᠤᠯᠭ᠎ᠠ ᠪᠦᠷᠢᠮᠦᠰᠦᠨ ᠭᠥᠯᠢᠶᠡᠨ ᠠᠪᠤᠪᠠ᠃  4. ᠨᠡᠶᠢᠲᠡ ᠶᠢᠨ ᠠᠰᠠᠷᠠᠮᠵᠢ ᠶᠢᠨ ᠵᠠᠷᠭᠤ ᠶᠢᠨ ᠪᠠᠶᠢᠴᠠᠭᠠᠬᠤ ᠠᠵᠢᠯ ᠢ ᠲᠣᠭᠳᠠᠭᠤᠨ ᠲᠥᠷᠭᠡᠳᠭᠡᠪᠡ ᠪᠠᠶᠢᠴᠠᠭᠠᠬᠤ ᠲᠤᠰᠢᠶᠠᠯᠲᠠᠨ ᠤ ᠤᠯᠠᠨ ᠨᠡᠶᠢᠲᠡ ᠶᠢᠨ ᠠᠰᠢᠭ ᠲᠤᠰᠠ ᠶᠢᠨ ᠲᠥᠯᠥᠭᠡᠯᠡᠭᠴᠢ ᠪᠣᠯᠤᠭᠰᠠᠨ ᠤ ᠬᠤᠪᠢ ᠳᠠᠬᠢ ᠠᠷᠢᠭᠤᠨ ᠲᠠᠷᠬᠠᠨ ᠲᠤᠰᠢᠶᠠᠯ ᠬᠠᠷᠢᠭᠤᠴᠠᠯᠭ᠎ᠠ ᠶᠢ ᠪᠠᠲᠤ ᠴᠡᠭᠡᠵᠢᠯᠡᠵᠦ᠂ ᠤᠯᠠᠨ ᠨᠡᠶᠢᠲᠡ ᠶᠢᠨ ᠠᠰᠢᠭ ᠲᠤᠰᠠ ᠶᠢᠨ ᠬᠦᠰᠡᠯ ᠱᠠᠭᠠᠷᠳᠠᠯᠭ᠎ᠠ ᠳᠤ ᠢᠳᠡᠪᠬᠢᠲᠡᠢ  ᠬᠠᠷᠢᠭᠤᠯᠳᠠ ᠥᠭᠪᠠ᠃ 2022 ᠣᠨ ᠳᠤ᠂ ᠵᠠᠰᠠᠭ ᠵᠠᠬᠢᠷᠭᠠᠨ ᠤ ᠨᠡᠶᠢᠲᠡ ᠶᠢᠨ ᠠᠰᠠᠷᠠᠮᠵᠢ ᠶᠢᠨ ᠵᠠᠷᠭᠤ ᠶᠢᠨ ᠰᠦᠪᠡᠭᠴᠢ ᠶᠢ 78 ᠰᠢᠢᠳᠪᠦᠷᠢᠯᠡᠵᠦ᠂ 64 ᠬᠡᠷᠡᠭ ᠢ ᠬᠡᠷᠡᠭ ᠪᠣᠯᠭᠠᠨ ᠳᠡᠩᠰᠡᠯᠡᠵᠦ᠂ 2 ᠬᠡᠷᠡᠭ ᠤᠨ ᠨᠡᠶᠢᠲᠡ ᠶᠢᠨ ᠠᠰᠠᠷᠠᠮᠵᠢ ᠶᠢᠨ ᠵᠠᠷᠭᠤ ᠶᠢᠨ ᠰᠦᠪᠡᠭᠴᠢ ᠶᠢ ᠬᠡᠷᠡᠭ ᠪᠣᠯᠭᠠᠨ ᠳᠡᠩᠰᠡᠯᠡᠵᠦ᠂ 2 ᠬᠡᠷᠡᠭ ᠢ ᠬᠡᠷᠡᠭ ᠪᠣᠯᠭᠠᠨ ᠳᠡᠩᠰᠡᠯᠡᠪᠡ᠃ ᠨᠡᠶᠢᠲᠡ ᠶᠢᠨ ᠠᠰᠠᠷᠠᠮᠵᠢ ᠶᠢᠨ ᠵᠠᠷᠭᠤ ᠶᠢᠨ ︽ᠡᠷᠬᠢᠵᠣ ᠬᠠᠷᠠᠬᠤ︾ ᠲᠤᠰᠬᠠᠢ ᠠᠵᠢᠯᠯᠠᠭ᠎ᠠ ᠪᠠᠷ  ᠡᠬᠢᠯᠡᠯᠳᠡ ᠶᠢᠨ  ᠴᠡᠭ ᠪᠣᠯᠭᠠᠵᠤ᠂ ᠬᠢᠯᠢ ᠶᠢᠨ ᠳᠣᠲᠣᠷᠠᠬᠢ ᠭᠠᠳᠠᠨ᠎ᠠ ᠠᠴᠠ ᠢᠷᠡᠭᠰᠡᠨ ᠠᠮᠢᠳᠤ ᠪᠣᠳᠠᠰ ᠤᠨ ᠲᠥᠷᠥᠯ ᠤᠨ ᠥᠷᠭᠡᠰᠦᠲᠦ ᠴᠡᠴᠡᠭ  ᠤᠨ ᠲᠣᠭᠳᠣᠢ ᠢ ᠠᠷᠢᠯᠭᠠᠵᠤ ᠴᠡᠭᠴᠡᠯᠡᠨ ᠵᠠᠰᠠᠭᠰᠠᠨ ᠪᠠᠶᠢᠳᠠᠯ ᠳᠤ ᠦᠷᠭᠦᠯᠵᠢᠯᠡᠨ ᠮᠥᠷᠳᠡᠨ ᠬᠢᠨᠠᠯᠲᠠ ᠲᠠᠯᠪᠢᠬᠤ ᠶᠢᠨ ᠬᠠᠮᠲᠤ᠂ ᠬᠢᠨᠠᠨ ᠬᠠᠮᠢᠶᠠᠷᠬᠤ ᠡᠭᠦᠷᠭᠡ ᠬᠠᠷᠢᠭᠤᠴᠠᠯᠭ᠎ᠠ ᠲᠠᠢ ᠬᠠᠮᠢᠶ᠎ᠠ ᠪᠦᠬᠦᠢ ᠨᠢᠭᠡᠴᠡ ᠳᠤ ᠪᠠᠶᠢᠴᠠᠭᠠᠬᠤ ᠰᠠᠨᠠᠭᠤᠯᠭ᠎ᠠ ᠲᠣᠭᠲᠠᠭᠠᠨ ᠥᠭᠴᠦ᠂ ᠬᠤᠷᠴᠢᠨ ᠤ ᠲᠠᠯ᠎ᠠ ᠨᠤᠲᠤᠭ ᠤᠨ ᠨᠣᠮᠢᠨ ᠨᠣᠭᠤᠭᠠᠨ ᠢ ᠰᠠᠬᠢᠨ ᠬᠠᠮᠠᠭᠠᠯᠠᠪᠠ᠃ ᠪᠥᠬᠦ ᠠᠶᠢᠮᠠᠭ ᠲᠤ ᠡᠩ ᠲᠡᠷᠢᠭᠦᠨ ᠳᠤ ᠰᠤᠩᠭᠠᠷᠢ ᠮᠥᠷᠡᠨ ᠬᠢᠭᠡᠳ ᠯᠢᠶᠣᠤᠾᠧ ᠭᠤᠣᠯ ᠤᠨ ᠨᠠᠮ ᠤᠨ ᠬᠤᠷᠢᠶ᠎ᠠ ᠶᠢᠨ ᠴᠡᠷᠡᠰᠣᠨ ᠤᠰᠤᠨ ᠴᠥᠭᠦᠷᠥᠮ ᠤᠨ ᠬᠠᠮᠢᠶᠠᠷᠤᠯᠲᠠ ᠶᠢᠨ ᠲᠣᠪᠴᠢᠶ᠎ᠠ ᠲᠠᠢ ︽ᠤᠰᠤᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠬᠢᠭᠡᠳ ᠪᠠᠶᠢᠴᠠᠭᠠᠬᠤ ᠠᠵᠢᠯ ᠤᠨ ᠨᠡᠶᠢᠲᠡ ᠶᠢᠨ ᠠᠰᠠᠷᠠᠮᠵᠢ ᠶᠢᠨ ᠵᠠᠷᠭᠤ ᠶᠢᠨ ᠬᠠᠮᠵᠢᠯᠴᠠᠬᠤ ᠲᠣᠭᠲᠠᠴᠠ ᠶᠢ ᠪᠠᠶᠢᠭᠤᠯᠬᠤ ᠲᠤᠬᠠᠢ ᠬᠡᠷᠡᠭᠵᠢᠭᠦᠯᠬᠦ ᠰᠠᠨᠠᠯ︾ ᠳᠤ ᠭᠠᠷ ᠤᠨ ᠥᠰᠥᠭ ᠵᠢᠷᠤᠵᠤ᠂ ᠤᠰᠤᠨ ᠠᠰᠢᠭᠯᠠᠯᠲᠠ ᠶᠢᠨ ᠰᠠᠯᠠᠭ᠎ᠠ ᠮᠥᠴᠢᠷ ᠬᠢᠭᠡᠳ ᠪᠠᠶᠢᠴᠠᠭᠠᠬᠤ ᠪᠠᠶᠢᠭᠤᠯᠭ᠎ᠠ ᠶᠢᠨ ᠰᠠᠶᠢᠨ ᠦᠢᠯᠡᠳᠦᠯᠴᠡᠯ ᠢ ᠠᠬᠢᠭᠤᠯᠤᠨ᠂ ᠪᠠᠶᠢᠴᠠᠭᠠᠬᠤ ᠠᠵᠢᠯ ᠤᠨ ᠨᠡᠶᠢᠲᠡ ᠶᠢᠨ ᠠᠰᠠᠷᠠᠮᠵᠢ ᠶᠢᠨ ᠵᠠᠷᠭᠤ ᠳᠤ ᠬᠢᠨᠠᠯᠲᠠ ᠲᠠᠯᠪᠢᠬᠤ᠂ ᠳᠡᠮᠵᠢᠬᠦ ᠪᠠ ᠪᠠᠲᠤᠯᠠᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠵᠠᠰᠠᠭ ᠵᠠᠬᠢᠷᠭᠠᠨ ᠤ ᠪᠠ ᠪᠠᠶᠢᠴᠠᠭᠠᠬᠤ ᠠᠵᠢᠯ ᠤᠨ ᠬᠠᠮᠠᠭᠠᠯᠠᠯᠲᠠ ᠶᠢᠨ ᠨᠡᠶᠢᠯᠡᠮᠡᠯ ᠬᠦᠴᠦᠨ ᠢ ᠨᠢᠭᠲᠠᠷᠠᠭᠤᠯᠤᠨ᠂ ᠤᠯᠤᠰ ᠤᠨ ᠤᠰᠤᠨ ᠤ ᠠᠮᠤᠷ ᠲᠦᠪᠰᠢᠨ ᠢ ᠬᠠᠮᠲᠤᠪᠠᠷ ᠬᠠᠮᠠᠭᠠᠯᠠᠪᠠ᠃  ︵ᠳᠥᠷᠪᠡ︶ ᠲᠤᠰ ᠪᠡᠶ᠎ᠡ ᠶᠢᠨ ᠪᠠᠶᠢᠭᠤᠯᠤᠯᠲᠠ ᠪᠠᠨ ᠪᠣᠳᠠᠲᠠᠢ ᠠᠳᠬᠤᠵᠤ᠂ ᠰᠢᠯᠭᠠᠷᠠᠭᠰᠠᠨ ᠪᠠᠶᠢᠴᠠᠭᠠᠬᠤ ᠡᠩᠨᠡᠭᠡ ᠶᠢ ᠳᠠᠪᠲᠠᠨ ᠪᠣᠯᠪᠠᠰᠤᠷᠠᠭᠤᠯᠪᠠ  1. ᠤᠯᠤᠰ ᠲᠥᠷᠥ  ᠶᠢᠨ ᠪᠠᠶᠢᠴᠠᠭᠠᠬᠤ ᠪᠠᠶᠢᠭᠤᠯᠣᠯᠳᠠ ᠶᠢ ᠴᠢᠩᠭᠠᠳᠬᠠᠵᠣ  ᠂ ᠠᠮᠢᠨ ᠰᠥᠨᠠᠰᠣ ᠶᠢ  ᠱᠣᠭᠤᠪᠠ ᠤᠨᠤᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ︽ᠨᠢᠭᠡᠳᠦᠭᠡᠷ ᠵᠥᠪᠯᠡᠬᠦ ᠰᠡᠳᠦᠪ︾ ᠤᠨ ᠰᠤᠷᠤᠯᠴᠠᠯᠭ᠎ᠠ ᠶᠢ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠤᠨ ᠰᠢᠢᠳᠪᠦᠷᠢᠲᠦ ᠪᠣᠳᠣᠯᠭ᠎ᠠ  ᠶᠢᠨ ᠣᠴᠢᠷ ᠶᠠᠪᠣᠳᠠᠯ ᠢ ᠶᠠᠷᠢᠯᠴᠠᠬᠤ ᠂  ᠠᠵᠢᠯ ᠢᠶᠠᠨ ᠰᠤᠳᠤᠯᠤᠨ ᠪᠠᠶᠢᠷᠢᠯᠠᠭᠤᠯᠬᠤ ᠶᠢᠨ ᠦᠵᠡᠯ ᠰᠠᠨᠠᠭᠠᠨ ᠤ ᠵᠦᠭᠯᠡᠭᠦᠷ ᠪᠠ ᠲᠡᠷᠢᠭᠦᠨ ᠴᠢᠬᠤᠯᠠ ᠠᠭᠤᠯᠭ᠎ᠠ ᠪᠣᠯᠭᠠᠵᠤ᠂ ᠤᠨᠤᠯ ᠤᠨ ᠰᠤᠷᠤᠯᠴᠠᠯᠭ᠎ᠠ ᠶᠢᠨ ᠭᠤᠣᠯ ᠳᠤᠭᠤᠶᠢᠯᠠᠩ ᠵᠡᠷᠭᠡ ᠬᠡᠯᠪᠡᠷᠢ ᠪᠠᠷ ᠳᠠᠮᠵᠢᠭᠤᠯᠤᠨ ︽ᠨᠢᠭᠡᠳᠦᠭᠡᠷ ᠵᠥᠪᠯᠡᠬᠦ ᠰᠡᠳᠦᠪ︾ ᠤᠨ ᠰᠤᠷᠤᠯᠴᠠᠯᠭ᠎ᠠ ᠶᠢ 11 ᠤᠳᠠᠭ᠎ᠠ ᠥᠷᠨᠢᠭᠦᠯᠵᠦ ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠴᠢᠬᠤᠯᠠ ᠵᠢᠭᠠᠪᠤᠷᠢ ᠪᠠ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠪᠠ᠃ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠢ ᠳᠡᠭᠡᠳᠦ ᠬᠡᠮᠵᠢᠶ᠎ᠡ ᠪᠠᠷ ᠬᠥᠨᠳᠣᠳᠭᠡᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ  ᠶᠢ ᠤᠬᠠᠭᠤᠯᠤᠨ ᠲᠣᠭᠤᠰᠢᠯᠠᠭᠤᠯᠬᠤ ᠭᠤᠣᠯ ᠰᠢᠵᠢᠮ ᠲᠠᠢ ᠤᠶᠠᠯᠳᠤᠭᠤᠯᠤᠨ᠂ ᠰᠢᠨ᠎ᠡ ᠵᠠᠭᠤᠴᠢᠯᠠᠭᠤᠷ ᠤᠨ ᠵᠢᠭᠰᠠᠭᠠᠯ ᠢ ᠭᠦᠢᠴᠡᠳ ᠠᠰᠢᠭᠯᠠᠨ ᠬᠠᠤᠯᠢ ᠶᠣᠰᠣᠭᠠᠷ ᠲᠤᠰᠢᠶᠠᠯ ᠬᠠᠷᠢᠭᠤᠴᠠᠯᠭ᠎ᠠ ᠪᠠᠨ ᠴᠢᠳᠠᠮᠠᠭᠠᠢ ᠭᠦᠢᠴᠡᠳᠬᠡᠭᠰᠡᠨ ᠪᠠᠶᠢᠴᠠᠭᠠᠬᠤ ᠠᠵᠢᠯ ᠤᠨ ᠦᠯᠢᠭᠡᠷ ᠢ ᠰᠠᠶᠢᠲᠤᠷ ᠶᠠᠷᠢᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠴᠠᠭ ᠲᠤᠬᠠᠢ ᠳᠤᠨᠢ ᠣᠨᠣᠪᠴᠢᠲᠠᠶ ᠤᠬᠠᠭᠤᠯᠤᠨ ᠲᠠᠶᠢᠯᠪᠤᠷᠢᠯᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠢᠯᠡᠳᠬᠡᠯ ᠪᠠ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠬᠤ ᠤᠯᠤᠰ ᠲᠦᠷᠦ ᠶᠢᠨ ᠬᠠᠯᠠᠭᠤᠨ ᠰᠡᠳᠬᠢᠯᠭᠡ ᠪᠠ ᠬᠠᠯᠠᠭᠤᠨ ᠲᠤᠰᠬᠠᠯ ᠢ ᠢᠳᠡᠪᠬᠢᠲᠡᠢ ᠮᠡᠳᠡᠭᠡᠯᠡᠵᠦ᠂ ᠨᠠᠮ ᠤᠨ ᠬᠤᠷᠢᠳᠤᠭᠠᠷ ᠶᠡᠭᠡ ᠬᠤᠷᠠᠯ ᠤᠨ ᠢᠯᠠᠯᠲᠠ ᠲᠠᠢ ᠪᠠᠷ ᠬᠤᠷᠠᠯᠳᠤᠬᠤ ᠪᠠ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ   ᠲᠣᠭᠤᠰᠢᠯᠠᠭᠤᠯᠬᠤ ᠳᠤ ᠰᠠᠶᠢᠨ ᠰᠠᠶᠢᠬᠠᠨ ᠶᠠᠷᠢᠶ᠎ᠠ ᠬᠡᠯᠡᠯᠴᠡᠭᠡᠨ ᠤ ᠠᠭᠤᠷ ᠠᠮᠢᠰᠬᠤᠯ ᠢ ᠪᠤᠢ ᠪᠣᠯᠭᠠᠵᠤ ᠥᠭᠪᠡ᠃ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠵᠦ ᠬᠡᠷᠡᠭ ᠰᠢᠢᠳᠪᠦᠷᠢᠯᠡᠬᠦ ᠶᠠᠪᠤᠴᠠ ᠳᠤ ᠤᠯᠤᠰ ᠲᠦᠷᠦ ᠶᠢᠨ ᠰᠡᠷᠭᠡᠭ ᠴᠢᠨᠠᠷ ᠪᠠ ᠦᠵᠡᠯ ᠤᠬᠠᠮᠰᠠᠷ ᠤᠨ ᠬᠡᠯᠪᠡᠷᠢ ᠶᠢᠨ ᠠᠶᠤᠯ ᠲᠦᠭᠰᠢᠭᠦᠷᠢ ᠶᠢᠨ ᠤᠬᠠᠮᠰᠠᠷ ᠢᠶᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠨᠠᠮ ᠤᠨ ᠲᠦᠷᠦ ᠪᠠᠷᠢᠬᠤ ᠤᠯᠤᠰ ᠲᠦᠷᠦ ᠶᠢᠨ ᠰᠠᠭᠤᠷᠢ ᠶᠢ ᠵᠤᠵᠠᠭᠠᠳᠬᠠᠪᠠ᠃ ᠨᠠᠮ ᠤᠨ ᠦᠨᠳᠦᠰᠦᠲᠡᠨ ᠤ ᠲᠥᠷᠥ ᠶᠢᠨ ᠪᠣᠳᠣᠯᠭ᠎ᠠ ᠶᠢ ᠪᠥᠬᠦ ᠲᠠᠯ᠎ᠠ ᠪᠠᠷ  ᠲᠣᠭᠤᠰᠢᠯᠠᠭᠤᠯᠵᠣ᠂ ᠬᠠᠤᠯᠢ ᠪᠠᠷ ᠵᠠᠰᠠᠬᠤ ᠰᠡᠳᠬᠢᠬᠦᠢ ᠪᠠ ᠬᠠᠤᠯᠢ ᠪᠠᠷ ᠵᠠᠰᠠᠬᠤ ᠠᠷᠭ᠎ᠠ ᠮᠠᠶ᠋ᠢᠭ ᠢ ᠴᠢᠳᠠᠮᠠᠭᠠᠢ ᠬᠡᠷᠡᠭᠯᠡᠨ ᠦᠨᠳᠦᠰᠦᠲᠡᠨ ᠤ ᠬᠠᠷᠢᠴᠠᠭ᠎ᠠ ᠶᠢ ᠵᠣᠬᠢᠴᠠᠭᠤᠯᠵᠤ᠂ ᠪᠠᠶᠢᠴᠠᠭᠠᠬᠤ ᠠᠵᠢᠯ ᠤᠨ ᠶᠠᠪᠤᠴᠠ ᠳᠤ ᠮᠣᠩᠭᠤᠯ ᠬᠢᠲᠠᠳ ᠬᠤᠣᠰ ᠬᠡᠯᠡᠨ ᠤ ᠦᠢᠯᠡᠴᠢᠯᠡᠭᠡ ᠬᠠᠩᠭᠠᠬᠤ ᠶᠢ ᠴᠢᠬᠤᠯᠠᠴᠢᠯᠠᠨ᠂ ᠦᠨᠳᠦᠰᠦᠲᠡᠨ ᠤ ᠪᠦᠯᠬᠦᠮᠳᠡᠯ  ᠲᠠᠪᠰᠢᠯᠳᠡ ᠢ ᠴᠢᠷᠮᠠᠶᠢᠨ  ᠠᠬᠢᠭᠤᠯᠪᠠ᠃  2. ᠪᠠᠶᠢᠴᠠᠭᠠᠬᠤ ᠠᠵᠢᠯ  ᠢ ᠴᠢᠩᠭ᠎ᠠ ᠵᠠᠰᠠᠵᠤ ᠰᠤᠷᠲᠠᠯ  ᠢ ᠴᠡᠭᠴᠡᠯᠡᠵᠦ ᠰᠠᠬᠢᠯᠭ᠎ᠠ ᠪᠠᠲᠤ  ᠶᠢ  ᠴᠢᠩᠳᠠᠯᠠᠪᠠᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠪᠣᠯᠣᠨ ᠢᠯᠵᠠᠷᠡᠯ ᠢ ᠡᠰᠡᠷᠭᠦᠴᠡᠬᠦ ᠠᠵᠢᠯ ᠢ ᠪᠠᠶᠢᠴᠠᠭᠠᠬᠤ ᠠᠵᠢᠯ ᠪᠣᠯᠣᠨ ᠪᠠᠶᠢᠭᠤᠯᠭ᠎ᠠ ᠶᠢᠨ ᠨᠠᠮ ᠤᠨ ᠪᠠᠶᠢᠭᠤᠯᠤᠯᠲᠠ ᠶᠢᠨ ᠶᠡᠷᠦᠩᠬᠡᠢ ᠲᠥᠯᠥᠪᠵᠢᠭᠦᠯᠦᠨ ᠪᠠᠶᠢᠷᠢᠯᠠᠭᠤᠯᠬᠤ ᠳᠤ ᠣᠷᠣᠭᠤᠯᠵᠤ᠂ ᠨᠢᠭᠡᠳᠦᠯᠲᠡᠢ ᠰᠤᠳᠤᠯᠤᠨ ᠪᠠᠶᠢᠷᠢᠯᠠᠭᠤᠯᠵᠤ᠂ ᠵᠣᠬᠢᠶᠠᠨ ᠪᠠᠶᠢᠭᠤᠯᠤᠨ ᠬᠡᠷᠡᠭᠵᠢᠭᠦᠯᠬᠦ ᠪᠠ ᠪᠠᠶᠢᠴᠠᠭᠠᠵᠤ ᠬᠢᠨᠠᠨ  ᠰᠢᠯᠭᠠᠪᠠ᠃ ᠲᠣᠮᠢᠯᠠᠨ ᠰᠠᠭᠤᠯᠭᠠᠭᠰᠠᠨ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠳᠤᠭᠤᠶᠢᠯᠠᠩ ᠤᠨ ᠬᠢᠨᠠᠯᠲᠠ ᠲᠠᠯᠪᠢᠬᠤ ᠬᠠᠷᠢᠭᠤᠴᠠᠯᠭ᠎ᠠ ᠪᠠᠨ ᠭᠦᠢᠴᠡᠳᠬᠡᠬᠦ ᠶᠢ ᠲᠤᠭ ᠲᠡᠮᠳᠡᠭ ᠲᠣᠳᠣᠷᠬᠠᠢ ᠪᠠᠷ ᠳᠡᠮᠵᠢᠵᠦ᠂ ᠤᠯᠤᠰ ᠲᠦᠷᠦ ᠶᠢᠨ ᠬᠢᠨᠠᠯᠲᠠ ᠶᠢᠨ ᠡᠬᠡ ᠲᠠᠩᠰᠠ ᠶᠢ ᠲᠣᠭᠲᠠᠮᠠᠯ ᠬᠤᠭᠤᠴᠠᠭ᠎ᠠ ᠲᠠᠢ ᠪᠠᠷ ᠮᠡᠳᠡᠭᠦᠯᠦᠨ ᠬᠦᠷᠭᠡᠵᠦ᠂ ︽ᠬᠤᠶᠠᠷ ᠬᠠᠷᠢᠭᠤᠴᠠᠯᠭ᠎ᠠ︾ ᠶᠢ ᠠᠳᠠᠯᠢ ᠰᠡᠳᠦᠪ ᠢᠶᠠᠷ ᠬᠠᠮᠲᠤ ᠪᠠᠷ ᠬᠠᠷᠢᠭᠤᠯᠬᠤ᠂ ᠲᠤᠤᠱᠲᠠᠢ ᠵᠣᠬᠢᠴᠠᠭᠤᠯᠬᠤ ᠶᠢ ᠲᠦᠯᠬᠢᠨ ᠠᠬᠢᠭᠤᠯᠪᠠ᠃ ᠨᠠᠮ ᠤᠨ ᠳᠣᠲᠣᠭᠠᠳᠤ ᠶᠢᠨ ᠤᠯᠤᠰ ᠲᠦᠷᠦ ᠶᠢᠨ ᠠᠮᠢᠳᠤᠷᠠᠯ ᠢ ᠪᠣᠯᠭᠢᠴᠢᠯᠠᠵᠤ ᠠᠷᠠᠯᠵᠢᠶᠠᠯᠠᠭᠤᠯᠬᠤ ᠠᠰᠠᠭᠤᠳᠠᠯ ᠢ ᠲᠥᠪᠯᠡᠷᠡᠭᠦᠯᠦᠨ ᠵᠠᠰᠠᠬᠤ ᠶᠢ ᠭᠦᠨᠵᠡᠭᠡᠢ ᠥᠷᠨᠢᠭᠦᠯᠵᠦ᠂ ᠭᠤᠣᠯᠳᠠᠯᠭ᠎ᠠ ᠲᠠᠢ ᠡᠭᠦᠷᠭᠡ ᠳᠤ ᠠᠩᠬᠠᠷᠤᠯ ᠢᠶᠠᠨ ᠲᠥᠪᠯᠡᠷᠡᠭᠦᠯᠵᠦ᠂ ᠦᠷᠭᠦᠯᠵᠢᠯᠡᠨ ᠣᠨᠣᠴᠠᠳᠡᠢ ᠳᠡᠭᠡᠷ᠎ᠡ ᠨᠢ ᠬᠦᠴᠦᠯᠡᠵᠦ᠂ ᠨᠠᠮ ᠤᠨ ᠳᠣᠲᠣᠭᠠᠳᠤ ᠶᠢᠨ ᠤᠯᠤᠰ ᠲᠦᠷᠦ ᠶᠢᠨ ᠠᠮᠢᠳᠤᠷᠠᠯ ᠢ ᠤᠯᠠᠮ ᠨᠢᠭᠡ ᠠᠯᠬᠤᠮ ᠬᠠᠮᠢᠶᠠᠷᠴᠤ᠂ ᠴᠢᠩᠭ᠎ᠠ ᠪᠣᠳᠠᠲᠠᠢ  ᠠᠳᠬᠤᠵᠠᠢ᠃ ︽ᠭᠤᠷᠪᠠᠨ ᠲᠣᠭᠲᠠᠭᠠᠯ︾ ᠢ ᠴᠢᠩᠭ᠎ᠠ ᠬᠡᠷᠡᠭᠵᠢᠭᠦᠯᠬᠦ ᠳᠣᠲᠣᠭᠠᠳᠤ ᠶᠢᠨ ᠬᠠᠮᠲᠤ ᠶᠢᠨ ᠲᠠᠨᠢᠯᠲᠠ ᠶᠢ ᠲᠠᠰᠤᠷᠠᠯᠳᠠ ᠦᠭᠡᠢ ᠪᠠᠬᠢᠵᠢᠭᠦᠯᠵᠦ᠂ ᠪᠦᠬᠦ ᠵᠢᠯ ᠳᠤ ᠮᠡᠳᠡᠭᠦᠯᠦᠯᠲᠡ ᠶᠢ ᠬᠠᠮᠢᠶᠠᠷᠬᠤ ᠂ ᠪᠠᠶᠢᠴᠠᠭᠠᠬᠤ ᠪᠠ ᠬᠡᠷᠡᠭ ᠰᠢᠢᠳᠪᠦᠷᠢᠯᠡᠬᠦ ᠳᠤ ᠭᠠᠷ ᠲᠦᠷᠦᠭᠦ ᠵᠡᠷᠭᠡ ᠴᠢᠬᠤᠯᠠ ᠶᠡᠭᠡ ᠬᠡᠷᠡᠭ ᠶᠠᠪᠤᠳᠠᠯ ᠢ ᠨᠡᠶᠢᠳᠡ 25 ᠬᠤᠪᠢ ᠲᠡᠮᠳᠡᠭᠯᠡᠵᠦ᠂ ᠡᠭᠦᠨ ᠤ ᠳᠣᠲᠣᠷ᠎ᠠ᠂ ᠬᠤᠷᠢᠶᠠᠨ ᠤ ᠤᠳᠤᠷᠢᠳᠤᠯᠭ᠎ᠠ ᠲᠦᠷᠦᠭᠦᠯᠡᠨ 14 ᠬᠤᠪᠢ ᠮᠡᠳᠡᠭᠦᠯᠦᠯᠲᠡ ᠶᠢ ᠲᠡᠮᠳᠡᠭᠯᠡᠵᠦ᠂ ︽ᠠᠰᠠᠭᠤᠪᠠᠯ ᠵᠠᠪᠠᠯ ᠲᠡᠮᠳᠡᠭᠯᠡᠬᠦ︾ ᠶᠢ ᠶᠣᠰᠣ ᠳᠦᠷᠢᠮ ᠪᠣᠯᠭᠠᠵᠤ᠂ ᠤᠬᠠᠮᠰᠠᠷᠲᠤ ᠪᠠᠶᠢᠳᠠᠯ ᠢ ᠪᠤᠢ ᠪᠣᠯᠭᠠᠪᠠ᠃ ᠡᠭᠦᠨ ᠳᠤ ᠡᠮᠨᠡᠯᠭᠡ ᠶᠢᠨ ᠬᠤᠷᠢᠶᠠᠨ ᠤ ᠤᠳᠤᠷᠢᠳᠤᠯᠭ᠎ᠠ ᠲᠦᠷᠦᠭᠦᠯᠡᠨ 14 ᠬᠤᠪᠢ ᠮᠡᠳᠡᠭᠦᠯᠦᠯᠲᠡ ᠶᠢ ᠲᠡᠮᠳᠡᠭᠯᠡᠵᠦ᠂ ︽ᠠᠰᠠᠭᠤᠪᠠᠯ ᠵᠠᠪᠠᠯ ᠲᠡᠮᠳᠡᠭᠯᠡᠬᠦ︾ ᠶᠢ ᠶᠣᠰᠣ ᠳᠦᠷᠢᠮ ᠪᠣᠯᠭᠠᠵᠤ᠂ ᠤᠬᠠᠮᠰᠠᠷᠲᠤ ᠪᠠᠶᠢᠳᠠᠯ ᠢ ᠪᠤᠢ ᠪᠣᠯᠭᠠᠪᠠ᠃ ᠰᠤᠷᠲᠠᠯ ᠤᠨ ᠪᠠᠶᠢᠭᠤᠯᠤᠯᠲᠠ ᠶᠢ ᠨᠠᠷᠢᠨ ᠨᠢᠮᠪᠠᠢ ᠨᠠᠶᠢᠳᠠᠪᠤᠷᠢᠵᠢᠭᠤᠯᠵᠤ᠂ ᠡᠳᠦᠷ ᠳᠤᠳᠤᠮ ᠤᠨ ᠬᠠᠮᠢᠶᠠᠷᠤᠯᠲᠠ᠂ ᠡᠮᠦᠰᠬᠡᠯ ᠵᠠᠰᠠᠯ ᠤᠨ ᠳᠦᠷᠢ ᠲᠥᠷᠬᠦ᠂ ᠪᠣᠯᠪᠠᠰᠤᠨ ᠵᠢᠷᠤᠮᠵᠢᠯ ᠠᠴᠠ ᠡᠬᠢᠯᠡᠨ ᠠᠳᠬᠤᠵᠤ᠂  ︽ᠬᠡᠷᠡᠭ ᠶᠠᠪᠤᠳᠠᠯ ᠢ ᠪᠠᠭ᠎ᠠ ᠳᠡᠭᠡᠷ᠎ᠡ ᠨᠢ ᠰᠡᠷᠭᠡᠶᠢᠯᠡᠵᠦ᠂ ᠢᠯᠡ ᠲᠣᠳᠣ ᠪᠠᠷ ᠡᠭᠦᠷᠭᠡ ᠬᠠᠷᠢᠭᠤᠴᠠᠯᠭ᠎ᠠ ᠪᠠᠨ  ᠬᠥᠢᠴᠡᠳᠭᠡᠵᠡᠢ︾  ᠃  3. ᠠᠩᠬᠠᠨ ᠤ ᠡᠨᠧᠷᠭᠢ ᠪᠠᠷ  ᠪᠠᠶᠢᠴᠠᠭᠠᠯᠳᠠ ᠶᠢ ᠬᠥᠭᠵᠢᠭᠦᠯᠵᠦ ᠦᠨᠳᠦᠰᠦ ᠶᠢ ᠪᠠᠬᠢᠵᠢᠭᠦᠯᠵᠦ ᠰᠠᠭᠤᠷᠢ ᠶᠢ   ᠪᠠᠳᠣᠳᠬᠠᠪᠠ  ᠬᠠᠤᠯᠢ ᠴᠠᠭᠠᠵᠠ ᠶᠢᠨ ᠪᠠᠶᠢᠭᠤᠯᠤᠯ ᠤᠨ ᠶᠡᠷᠦᠩᠬᠡᠶᠢᠯᠡᠭᠰᠡᠨ ᠢᠵᠢ ᠪᠦᠷᠢᠳᠦᠭᠦᠯᠬᠦ ᠥᠭᠡᠷᠡᠴᠢᠯᠡᠯᠲᠡ ᠶᠢ ᠲᠦᠯᠬᠢᠨ ᠠᠬᠢᠭᠤᠯᠵᠤ᠂ ᠠᠵᠢᠯ ᠤᠨ ᠲᠣᠭᠠᠨ ᠳᠤ ᠣᠷᠣᠭᠤᠯᠤᠭᠰᠠᠨ ᠤᠳᠤᠷᠢᠳᠤᠯᠭ᠎ᠠ ᠲᠦᠷᠦᠭᠦᠯᠡᠨ ᠬᠡᠷᠡᠭ ᠰᠢᠢᠳᠪᠦᠷᠢᠯᠡᠬᠦ ᠳᠦᠷᠢᠮ ᠢ ᠲᠤᠭᠤᠰᠢᠯᠠᠭᠤᠯᠵᠤ᠂ ᠪᠦᠬᠦ ᠵᠢᠯ ᠳᠤ ᠠᠵᠢᠯ ᠤᠨ ᠲᠣᠭᠠᠨ ᠳᠤ ᠣᠷᠣᠭᠤᠯᠤᠭᠰᠠᠨ ᠬᠤᠷᠢᠶᠠᠨ ᠤ ᠤᠳᠤᠷᠢᠳᠤᠯᠭ᠎ᠠ 243 ᠬᠤᠪᠢ ᠬᠡᠷᠡᠭ ᠢ ᠰᠢᠢᠳᠪᠦᠷᠢᠯᠡᠵᠦ᠂ ᠪᠠᠶᠢᠴᠠᠭᠠᠬᠤ ᠳᠠᠷᠤᠭ᠎ᠠ ᠲᠦᠷᠦᠭᠦᠯᠡᠨ ᠬᠦᠴᠢᠷ ᠲᠦᠪᠡᠭᠲᠡᠢ ᠪᠤᠳᠤᠯᠢᠶᠠᠨᠲᠠᠢ ᠬᠡᠷᠡᠭ ᠢ ᠰᠢᠢᠳᠪᠦᠷᠢᠯᠡᠵᠦ᠂ ︽ᠲᠥᠷᠣᠬᠦᠴᠢ ᠭᠠᠯᠠᠭᠤ ᠶᠢᠨ ᠦᠢᠯᠡᠳᠦᠯ︾ ᠢᠶᠠᠷ ︽ᠤᠯᠠᠨ ᠭᠠᠯᠠᠭᠤ ᠶᠢᠨ ᠠᠮᠢᠵᠢᠷᠠᠯ ᠤᠨ ᠬᠦᠴᠦᠨ︾ ᠢ ᠬᠥᠭᠵᠢᠭᠡᠪᠡ᠃ ᠪᠠᠶᠢᠴᠠᠭᠠᠬᠤ ᠺᠣᠮᠢᠰ ᠤᠨ ᠡᠭᠦᠷᠭᠡ ᠴᠢᠳᠠᠪᠤᠷᠢ ᠶᠢᠨ ᠪᠠᠶᠢᠷᠢ ᠲᠣᠭᠲᠠᠭᠠᠯᠲᠠ ᠶᠢ ᠣᠨᠣᠪᠴᠢᠲᠠᠶ ᠡᠵᠡᠮᠳᠡᠵᠦ᠂ ᠴᠢᠬᠤᠯᠠ ᠶᠡᠭᠡ᠂ ᠬᠦᠴᠢᠷ ᠲᠦᠪᠡᠭᠲᠡᠢ᠂ ᠪᠤᠳᠤᠯᠢᠶᠠᠨᠲᠠᠢ ᠬᠡᠷᠡᠭ ᠢ 8 ᠤᠳᠠᠭ᠎ᠠ ᠶᠠᠷᠢᠯᠴᠠᠨ ᠲᠣᠭᠲᠠᠭᠠᠵᠤ᠂ ᠬᠠᠮᠲᠤ ᠪᠠᠷ 2 ᠤᠳᠠᠭ᠎ᠠ ᠰᠤᠷᠤᠯᠴᠠᠵᠤ᠂ ᠪᠠᠶᠢᠴᠠᠭᠠᠬᠤ ᠺᠣᠮᠢᠰ ᠤᠨ ᠲᠤᠬᠠᠶᠢᠯᠠᠭᠰᠠᠨ ᠠᠵᠢᠯ ᠤᠨ ᠰᠢᠢᠳᠪᠦᠷᠢᠲᠦ ᠪᠣᠳᠣᠯᠭ᠎ᠠ ᠲᠣᠭᠲᠠᠭᠠᠬᠤ᠂ ᠪᠣᠭᠤᠮᠲᠠ ᠡᠵᠡᠮᠳᠡᠬᠦ ᠪᠠ ᠳ᠋ᠦᠩᠨᠡᠬᠦ᠂ ᠵᠢᠯᠤᠭᠤᠳᠬᠤ ᠦᠢᠯᠡᠳᠦᠯ ᠢ ᠨᠠᠩ ᠰᠠᠶᠢᠲᠤᠷ  ᠪᠠᠳᠠᠷᠠᠭᠤᠯᠪᠠ᠃ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠣᠶ ᠰᠢᠭᠤᠢ ᠡᠪᠡᠰᠦ ᠪᠡᠯᠴᠢᠭᠡᠷ ᠤᠨ ᠲᠣᠪᠴᠢᠶ᠎ᠠ ᠵᠡᠷᠭᠡ 5 ᠵᠠᠰᠠᠭ ᠵᠠᠬᠢᠷᠭᠠᠨ ᠤ ᠪᠠᠶᠢᠭᠤᠯᠭ᠎ᠠ ᠶᠢᠨ 10 ᠲᠤᠬᠠᠶᠢᠯᠠᠭᠰᠠᠨ ᠠᠵᠢᠯ ᠤᠨ ᠭᠤᠣᠯᠯᠠᠭᠴᠢ ᠬᠦᠴᠦᠨ ᠢ ᠣᠨᠴᠠ ᠤᠷᠢᠭᠰᠠᠨ ᠪᠠᠶᠢᠴᠠᠭᠠᠬᠤ ᠲᠤᠰᠢᠶᠠᠯᠲᠠᠨ ᠤ ᠲᠤᠰᠠᠯᠠᠭᠴᠢ ᠪᠠᠷ ᠤᠷᠢᠵᠤ᠂ ︽ᠭᠠᠳᠠᠷ ᠲᠠᠷᠢᠬᠢ︾ ᠶᠢᠨ ᠬᠦᠴᠦᠨ ᠢ ᠠᠰᠢᠭᠯᠠᠨ ᠲᠤᠰᠬᠠᠢ ᠮᠡᠷᠭᠡᠵᠢᠯ ᠤᠨ ᠴᠢᠨᠠᠷ ᠢᠶᠠᠷ ᠨᠡᠯᠢᠶᠡᠳ ᠴᠢᠩᠭ᠎ᠠ ᠪᠠᠶᠢᠴᠠᠭᠠᠬᠤ ᠠᠵᠢᠯ ᠤᠨ ᠲᠤᠰᠠᠯᠠᠬᠤ ᠬᠡᠷᠡᠭ ᠶᠠᠪᠤᠳᠠᠯ ᠳᠤ ᠭᠦᠨᠵᠡᠭᠡᠢ ᠣᠷᠤᠯᠴᠠᠬᠤ ᠪᠠ ᠪᠦᠲᠦᠮᠵᠢᠲᠡᠶ ᠵᠢᠯᠣᠭᠤᠳᠤᠯᠭ᠎ᠠ ᠬᠢᠵᠦ᠂ ᠲᠤᠰᠬᠠᠶᠢᠵᠢᠭᠰᠠᠨ ᠬᠡᠷᠡᠭ ᠰᠢᠢᠳᠪᠦᠷᠢᠯᠡᠬᠦ ᠴᠢᠳᠠᠪᠤᠷᠢ ᠶᠢ  ᠲᠡᠭᠡᠭᠰᠢᠯᠡᠬᠦᠯᠪᠡ᠃ ᠡᠳ᠋ ᠤᠨ ᠵᠠᠰᠠᠭ ᠤᠨ ᠪᠠᠶᠢᠳᠠᠯ ᠪᠠᠴᠢᠮ ᠪᠠᠶᠢᠭ᠎ᠠ ᠪᠠᠶᠢᠳᠠᠯ ᠤᠨ ᠳᠣᠣᠷ᠎ᠠ ᠬᠤᠬᠢᠷᠠᠯ ᠢ ᠴᠠᠭ ᠲᠤᠬᠠᠢ ᠳᠤᠨᠢ ᠵᠣᠭᠰᠣᠭᠠᠵᠤ᠂ ᠬᠥᠮᠥᠨ ᠤ ᠬᠦᠴᠦᠨ ᠢ ᠴᠣᠮᠬᠠᠳᠬᠠᠨ᠂ ᠴᠢᠬᠤᠯᠠ ᠪᠤᠰᠤ ᠠᠵᠢᠯ ᠤᠨ ᠪᠠᠶᠢᠷᠢ ᠶᠢᠨ ᠲᠦᠷ ᠤᠷᠢᠭᠳᠠᠭᠰᠠᠳ ᠢ ᠤᠷᠢᠬᠤ ᠪᠠᠨ ᠪᠣᠯᠢᠵᠤ᠂ ᠴᠠᠯᠢᠩ ᠪᠠ ᠲᠥᠯᠥᠪᠦᠷᠢ ᠶᠢᠨ ᠮᠥᠩᠭᠦ ᠶᠢ ᠪᠦᠬᠦᠨ ᠢ ᠥᠭᠴᠦ ᠳᠠᠭᠤᠰᠬᠠᠪᠠ᠃ ᠲᠤᠬᠠᠶᠢᠯᠠᠭᠰᠠᠨ ᠠᠵᠢᠯ ᠤᠨ ᠰᠤᠷᠤᠯᠴᠠᠯᠭ᠎ᠠ ᠶᠢ ᠴᠢᠩᠭᠠᠳᠬᠠᠵᠤ᠂ ᠺᠠᠳ᠋ᠷ ᠴᠠᠭᠳᠠᠭ᠎ᠠ ᠶᠢ ᠵᠣᠬᠢᠶᠠᠨ ᠪᠠᠶᠢᠭᠤᠯᠤᠨ ᠰᠦᠯᠵᠢᠶᠡᠨ  ᠲᠡᠭᠡᠷ᠎ᠡ ᠪᠠ ᠰᠦᠯᠵᠢᠶᠡᠨ  ᠭᠠᠳᠠᠨ᠎ᠠ ᠡᠯ᠎ᠡ ᠲᠦᠷᠦᠯ ᠤᠨ ᠪᠣᠯᠪᠠᠰᠤᠷᠠᠯ ᠳᠤ 408 ᠬᠥᠮᠥᠨ ᠤᠳᠠᠭ᠎ᠠ ᠣᠷᠣᠯᠴᠠᠭᠤᠯᠵᠤ᠂ ᠺᠠᠳ᠋ᠷ ᠴᠠᠭᠳᠠᠭ᠎ᠠ ᠶᠢᠨ ᠮᠡᠳᠡᠯᠭᠡ ᠶᠢᠨ ᠨᠥᠭᠡᠴᠡ ᠪᠠᠨ ᠥᠷᠭᠡᠳᠬᠡᠬᠦ ᠶᠢ ᠠᠬᠢᠭᠤᠯᠵᠤ᠂ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠴᠢᠳᠠᠪᠤᠷᠢ  ᠶᠢ ᠨᠡᠮᠡᠭᠳᠡᠭᠦᠯᠪᠡ᠃    ᠨᠢᠭᠡ ᠵᠢᠯ ᠤᠨ ᠲᠣᠷᠰᠢ ᠪᠠᠶᠢᠴᠠᠭᠠᠬᠤ ᠠᠵᠢᠯ ᠳᠤ ᠬᠠᠲᠠᠭᠤ ᠪᠡᠷᠬᠡᠰᠢᠶᠡᠯᠲᠡᠢ ᠠᠶᠠᠨ ᠵᠠᠮ ᠪᠠᠶᠢᠬᠤ ᠪᠥᠭᠡᠳ ᠪᠠᠶᠠᠷᠯᠠᠭᠤᠰᠢᠲᠠᠢ ᠠᠮᠵᠢᠯᠲᠠ ᠴᠤ ᠪᠠᠶᠢᠨ᠎ᠠ᠃ ᠵᠠᠭᠠᠯᠳᠤᠯᠭ᠎ᠠ ᠭᠤᠮᠣᠳᠠᠯ ᠲᠣᠭᠠᠴᠢᠯᠲᠠ ᠶᠢ ᠪᠠᠶᠢᠴᠠᠭᠠᠬᠤ ᠰᠠᠯᠠᠭ᠎ᠠ ᠮᠥᠴᠢᠷ ᠨᠢ ᠣᠯᠠᠨ ᠲᠦᠮᠡᠨ ᠳᠤ ᠬᠠᠨᠳᠤᠭᠤᠯᠤᠭᠰᠠᠨ ᠠᠵᠢᠯ ᠤᠨ ︽ᠴᠣᠩᠬᠤ︾ ᠪᠣᠯᠤᠭᠰᠠᠨ ᠤ ᠬᠤᠪᠢ ᠳᠤ᠂ ︽ᠬᠢᠩᠭᠠᠨ   ᠤ ᠬᠠᠪᠤᠷ︾ ᠪᠠᠶᠢᠴᠠᠭᠠᠬᠤ ᠠᠵᠢᠯ ᠤᠨ ᠲᠠᠰᠤᠭ ᠲᠤ ᠲᠦᠰᠢᠭᠯᠡᠵᠦ᠂ ︽ᠪᠦᠬᠦ ᠤᠯᠤᠰ ᠤᠨ ᠵᠢᠱᠢᠶᠡᠴᠢ ᠪᠠᠶᠢᠴᠠᠭᠠᠬᠤ ᠲᠤᠰᠢᠶᠠᠯᠲᠠᠨ︾ ᠴᠦᠨ ᠬᠤᠸᠠ ᠨᠥᠬᠦᠷ ᠤᠨ ᠳᠠᠭᠠᠭᠤᠯᠭ᠎ᠠ ᠪᠠᠷ᠂ ᠰᠢᠨ᠎ᠡ ᠴᠠᠭ ᠦᠶ᠎ᠡ ᠶᠢᠨ︽  ᠹᠸᠡᠭᠴᠢᠶᠣᠣ ᠶᠢᠨ ᠲᠤᠷᠰᠢᠯᠭ᠎ᠠ︾ ᠶᠢ ᠢᠳᠡᠪᠬᠢᠲᠡᠢ ᠦᠢᠯᠡᠳᠦᠯᠭᠡᠵᠢᠭᠦᠯᠵᠦ᠂ ᠠᠷᠠᠳ ᠲᠦᠮᠡᠨ ᠳᠤ ᠦᠢᠯᠡᠴᠢᠯᠡᠬᠦ ︽ᠴᠣᠩᠬᠤᠪᠴᠢ︾ ᠶᠢ ᠰᠡᠳᠬᠢᠯ ᠲᠠᠯᠪᠢᠨ ᠬᠦᠴᠦ ᠣᠷᠣᠭᠤᠯᠤᠨ  ᠬᠢᠵᠣ᠂ ᠡᠨᠡ ᠵᠢᠯ ᠠᠷᠠᠳ ᠤᠨ ᠳᠡᠭᠡᠳᠦ ᠪᠠᠶᠢᠴᠠᠭᠠᠬᠤ ᠬᠤᠷᠢᠶ᠎ᠠ ᠠᠴᠠ《 ᠪᠦᠬᠦ ᠤᠯᠤᠰ ᠤᠨ ᠪᠣᠯᠪᠠᠰᠤᠨ ᠤ ᠭᠥᠯᠢᠶᠡᠨ ᠠᠪᠬᠤ ᠲᠠᠰᠤᠭ 》 ᠤᠨ ᠢᠷᠠᠭᠤ ᠠᠯᠳᠠᠷ ᠤᠨ ᠴᠣᠯᠠ ᠶᠢ ᠬᠦᠷᠳᠡᠪᠡ ᠃ ᠡᠨᠡ ᠨᠢ ᠮᠥᠨ ᠴᠦ ᠮᠠᠨ ᠤ ᠬᠤᠷᠢᠶᠠᠨ ᠤ ᠭᠤᠷᠪᠠᠳᠠᠭᠢ ᠤᠳᠠᠭ᠎ᠠ ᠡᠨᠡᠬᠦ ᠢᠷᠠᠭᠤ ᠠᠯᠳᠠᠷ ᠢ ᠭᠥᠷᠳᠡᠭᠰᠡᠨ ᠶᠠᠪᠤᠳᠠᠯ ᠪᠣᠯᠣᠨ᠎ᠠ᠃ ᠠᠷᠠᠳ ᠤᠨ ᠳᠡᠭᠡᠳᠦ ᠪᠠᠶᠢᠴᠠᠭᠠᠬᠤ ᠬᠤᠷᠢᠶᠠᠨ ᠠᠴᠠ ᠳ᠋ᠦᠩ ᠰᠢᠶᠠᠩ ᠯᠢ ᠨᠥᠬᠦᠷ ᠲᠤ ︽ᠲᠠᠩᠰᠠ ᠡᠪᠬᠡᠮᠡᠯ ᠤᠨ ᠠᠵᠢᠯ ᠬᠢᠭᠰᠡᠨ ᠪᠦᠬᠦᠯᠢ 15 ᠵᠢᠯ ᠪᠣᠯᠤᠭᠰᠠᠨ︾ ᠢᠷᠠᠭᠤ ᠠᠯᠳᠠᠷ ᠤᠨ ᠦᠨᠡᠮᠯᠡᠯ ᠣᠯᠭᠤᠪᠠ ᠃ ᠮᠠ ᠵᠢᠶᠦ᠋ᠨ ᠶᠢᠩ᠂ ᠲᠠᠩ  ᠶᠢᠨ ᠬᠠᠢ ᠬᠤᠶᠠᠷ ᠨᠥᠬᠦᠷ ᠲᠤ ᠥᠪᠡᠷᠲᠡᠭᠡᠨ ᠵᠠᠰᠠᠬᠤ ᠣᠷᠣᠨ ᠤ ᠪᠠᠶᠢᠴᠠᠭᠠᠬᠤ ᠬᠤᠷᠢᠶ᠎ᠠ  ᠠᠴᠠ ᠥᠪᠡᠷᠲᠡᠭᠡᠨ ᠵᠠᠰᠠᠬᠤ ᠣᠷᠣᠨ ᠤ ᠪᠠᠶᠢᠴᠠᠭᠠᠬᠤ ᠪᠠᠶᠢᠭᠤᠯᠤᠯᠭ᠎ᠠ ᠶᠢᠨ ︽ᠬᠤᠣᠰ ᠲᠡᠷᠢᠭᠦᠨ ᠤ ᠬᠥᠬᠢᠭᠦᠯᠦᠯ︾ ᠤᠨ ᠲᠡᠷᠢᠭᠦᠨ ᠤ ᠬᠤᠪᠢ ᠬᠥᠮᠥᠨ ᠤ ᠢᠷᠠᠭᠤ ᠠᠯᠳᠠᠷ ᠤᠨ ᠴᠣᠯᠠ ᠣᠯᠭᠤᠪᠠ ᠃ ᠪᠦᠦ ᠭᠦᠸᠧ ᠴᠢᠩ ᠨᠥᠬᠦᠷ ᠥᠪᠡᠷᠲᠡᠭᠡᠨ ᠵᠠᠰᠠᠬᠤ ᠣᠷᠣᠨ ᠤ  ᠪᠠᠶᠢᠴᠠᠭᠠᠬᠤ  ᠬᠤᠷᠢᠶ᠎ᠡ ᠶᠢᠨ ᠡᠷᠭᠢᠯᠡᠭᠰᠡᠨ ᠪᠥᠬᠦ ᠣᠷᠣᠨ ᠤ ᠪᠠᠶᠢᠴᠠᠭᠠᠬᠤ  ᠪᠠᠶᠢᠭᠤᠯᠭ᠎ᠠ ᠶᠢᠨ ᠬᠠᠤᠯᠢ ᠪᠠᠷᠢᠬᠤ ᠴᠠᠭᠳᠠᠭ᠎ᠠ ᠶᠢᠨ ᠪᠡᠶ᠎ᠡ ᠶᠢᠨ ᠴᠢᠳᠠᠪᠤᠷᠢ ᠶᠢᠨ ᠤᠷᠤᠯᠳᠤᠭᠠᠨ ᠳᠤ ᠡᠷᠡᠭᠲᠡᠢ ᠴᠠᠭᠳᠠᠭ᠎ᠠ ᠶᠢᠨ ᠶᠡᠷᠦᠩᠬᠡᠢ ᠬᠢᠷᠢ ᠪᠦᠲᠦᠮᠵᠢ ᠶᠢᠨ ᠨᠢᠭᠡᠳᠦᠭᠡᠷ ᠂ ᠡᠷᠡᠭᠲᠡᠢ ᠴᠠᠭᠳᠠᠭ᠎ᠠ ᠶᠢᠨ 1000 ᠮᠧᠲᠷ ᠤᠨ ᠨᠢᠭᠡᠳᠦᠭᠡᠷ ᠵᠡᠷᠭᠡ ᠵᠢᠷᠭᠤᠭᠠᠨ ᠵᠦᠢᠯ ᠤᠨ ᠢᠷᠠᠭᠤ ᠠᠯᠳᠠᠷ ᠢ ᠭᠥᠷᠳᠡᠪᠡ᠃  ᠪᠡᠶ᠎ᠡ ᠶᠢᠨ ᠲᠠᠮᠢᠷ ᠤᠨ ᠤᠷᠤᠯᠳᠤᠭᠠᠨ ᠳᠤ ᠡᠷᠡᠯᠬᠡᠭᠯᠡᠨ ᠲᠡᠮᠡᠴᠡᠬᠦ᠂ ᠡᠷᠡᠰ ᠬᠠᠲᠠᠭᠤ ᠵᠣᠷᠢᠭ ᠰᠠᠨᠠᠭᠠᠨ ᠤ ᠳᠦᠷᠰᠦ ᠪᠠᠶᠢᠳᠠᠯ  ᠢ ᠭᠦᠢᠴᠡᠳ ᠢᠯᠡᠷᠡᠭᠦᠯᠵᠦ᠂ ᠮᠠᠨ ᠤ ᠬᠤᠷᠢᠶ᠎ᠠ ᠪᠦᠬᠦ ᠠᠶᠢᠮᠠᠭ ᠤᠨ ᠪᠠᠶᠢᠴᠠᠭᠠᠬᠤ  ᠪᠠᠶᠢᠭᠤᠯᠭ᠎ᠠ  ᠶᠢᠨ ᠳᠣᠯᠣᠳᠤᠭᠠᠷ ᠬᠤᠭᠤᠴᠠᠭᠠᠨ ᠤ ︽ᠰᠢᠳᠤᠷᠭᠤ ᠶᠣᠰᠣᠨ ᠤ ᠬᠤᠨᠳᠠᠭᠠᠲᠤ︾ ᠠᠯᠠᠭᠠᠳᠠᠬᠤ ᠪᠥᠮᠪᠦᠭᠡ  ᠶᠢᠨ ᠤᠷᠤᠯᠳᠤᠭᠠᠨ ᠳᠤ ᠮᠠᠩᠯᠠᠶᠢᠯᠠᠪᠠ᠃    ᠠᠮᠵᠢᠯᠲᠠ ᠪᠦᠲᠦᠮᠵᠢ ᠣᠯᠣᠭᠰᠠᠨ᠂ ᠦᠨᠳᠦᠰᠦᠨ ᠵᠦᠢᠯ ᠨᠢ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠤ ᠪᠤᠢ᠂ ᠰᠢ ᠶᠢᠨ ᠫᠢᠩ  ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠰᠢᠨᠵᠢᠯᠡᠬᠦ ᠤᠬᠠᠭᠠᠨᠴᠢ ᠵᠢᠯᠣᠭᠤᠳᠤᠯᠭ᠎ᠠ ᠳᠤ ᠪᠤᠢ᠂ ᠡᠨᠡ ᠨᠢ ᠬᠤᠰᠢᠭᠤᠨ ᠤ ᠨᠠᠮ ᠤᠨ ᠬᠤᠷᠢᠶ᠎ᠠ ᠪᠣᠯᠣᠨ ᠳᠡᠭᠡᠳᠦ ᠱᠠᠲᠤᠨ ᠤ ᠬᠤᠷᠢᠶ᠎ᠠ ᠶᠢᠨ ᠵᠥᠪ ᠤᠳᠤᠷᠢᠳᠤᠯᠭ᠎ᠠ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠵᠢᠴᠢ ᠲᠡᠭᠦᠨ ᠤ ᠪᠠᠶᠢᠩᠭᠤ ᠶᠢᠨ ᠬᠤᠷᠢᠶ᠎ᠠ ᠶᠢᠨ ᠬᠦᠴᠦᠲᠡᠢ ᠬᠢᠨᠠᠯᠲᠠ᠂ ᠬᠤᠰᠢᠭᠤᠨ ᠤ ᠵᠠᠰᠠᠭ ᠤᠨ ᠣᠷᠳᠣᠨ᠂ ᠬᠤᠰᠢᠭᠤᠨ ᠤ ᠤᠯᠤᠰ ᠲᠦᠷᠦ ᠶᠢᠨ ᠵᠥᠪᠯᠡᠯᠭᠡᠨ ᠪᠣᠯᠣᠨ ᠨᠡᠶᠢᠭᠡᠮ ᠤᠨ ᠡᠯ᠎ᠡ ᠡᠲᠡᠭᠡᠳ ᠤᠨ ᠬᠢᠨ ᠬᠠᠯᠠᠮᠵᠢᠯᠠᠨ ᠳᠡᠮᠵᠢᠭᠰᠡᠨ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠤᠨ ᠬᠠᠯᠠᠭᠤᠨ ᠰᠡᠳᠬᠢᠯ ᠢᠶᠠᠷ ᠬᠠᠪᠰᠤᠷᠤᠭᠰᠠᠨ ᠤ ᠦᠷ᠎ᠡ ᠳ᠋ᠦᠩ ᠪᠣᠯᠣᠨ᠎ᠠ᠃ ᠠᠳᠡ᠂ ᠪᠢ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠠᠳ ᠤᠨ ᠪᠠᠶᠢᠴᠠᠭᠠᠬᠤ ᠬᠤᠷᠢᠶ᠎ᠠ ᠶᠢ ᠲᠥᠯᠥᠭᠡᠯᠡᠨ ᠤᠯᠠᠨ ᠳᠤ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠬᠦ ᠶᠢᠨ ᠬᠠᠮᠲᠤ ᠡᠷᠬᠢᠮ ᠳᠡᠭᠡᠳᠦ ᠬᠦᠨᠳᠦᠳᠬᠡᠯ ᠢᠶᠠᠨ ᠳᠡᠪᠰᠢᠭᠦᠯᠦᠶ᠎ᠡ︕ᠡᠭᠦᠨ ᠤ ᠵᠡᠷᠭᠡ ᠳᠤ᠂ ᠪᠠᠶᠢᠴᠠᠭᠠᠬᠤ ᠠᠵᠢᠯ ᠳᠤ ᠪᠠᠰᠠ ᠵᠠᠷᠢᠮ ᠬᠦᠴᠢᠷᠳᠡᠯ ᠪᠠ ᠬᠦᠷᠦᠯᠴᠡᠬᠦ ᠦᠭᠡᠢ ᠲᠠᠯ᠎ᠠ ᠣᠷᠣᠰᠢᠵᠤ ᠪᠠᠶᠢᠬᠤ ᠶᠢ ᠪᠢᠳᠡ ᠪᠠᠰᠠ ᠰᠡᠷᠭᠡᠭ ᠢᠶᠠᠷ ᠲᠠᠨᠢᠵᠤ  ᠣᠯᠵᠣ᠂ ᠡᠭᠦᠨ ᠢ ᠪᠢᠳᠡ ᠤᠯᠠᠮ ᠨᠢᠭᠡ ᠠᠯᠬᠤᠮ ᠴᠢᠬᠤᠯᠠᠴᠢᠯᠠᠨ ᠰᠠᠶᠢᠵᠢᠷᠠᠭᠤᠯᠬᠤ ᠴᠢᠬᠤᠯᠠᠲᠠᠢ ᠪᠠᠶᠢᠨ᠎ᠠ᠄ ᠨᠢᠭᠡ ᠳᠤ᠂ ᠬᠠᠤᠯᠢ ᠪᠠᠷᠢᠬᠤ ᠣᠶᠢᠯᠠᠭᠠᠭᠳᠠᠬᠤᠨ ᠢᠶᠠᠨ ᠲᠤᠶᠢᠯᠪᠤᠷᠢᠲᠠᠢ ᠰᠢᠨᠡᠳᠬᠡᠭᠰᠡᠨ ᠦᠭᠡᠢ᠂ ᠬᠠᠤᠯᠢ ᠪᠠᠷ ᠵᠠᠰᠠᠬᠤ ᠤᠶᠤᠨ ᠤᠬᠠᠭᠠᠨ ᠢᠶᠠᠷ ᠬᠥᠭᠵᠢᠯᠲᠡ ᠶᠢᠨ ᠶᠡᠭᠡ ᠲᠠᠯ᠎ᠠ ᠳᠤ ᠦᠢᠯᠡᠴᠢᠯᠡᠬᠦ᠂ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠪᠠᠲᠤᠯᠠᠬᠤ ᠴᠢᠳᠠᠪᠤᠷᠢ ᠪᠠᠨ ᠳᠡᠭᠡᠭᠰᠢᠯᠡᠭᠦᠯᠬᠦ ᠴᠢᠬᠤᠯᠠᠲᠠᠢ ᠪᠠᠶᠢᠨ᠎ᠠ᠃ ᠬᠤᠶᠠᠷ ᠲᠤ᠂ ᠰᠢᠨ᠎ᠡ ᠴᠠᠭ ᠦᠶ᠎ᠡ ᠰᠢᠨ᠎ᠡ ᠬᠥᠭᠵᠢᠯᠲᠡ ᠶᠢᠨ ᠱᠠᠲᠤᠨ ᠤ ᠨᠡᠩ ᠥᠨᠳᠥᠷ ᠱᠠᠭᠠᠷᠳᠠᠯᠭ᠎ᠠ ᠶᠢᠨ ᠡᠮᠦᠨ᠎ᠡ᠂ ᠪᠠᠶᠢᠴᠠᠭᠠᠬᠤ ᠡᠩᠨᠡᠭᠡᠨ ᠤ ᠪᠦᠬᠦᠯᠢ ᠴᠣᠭᠴᠠ ᠶᠢᠨ ᠲᠥᠷᠥᠯᠬᠢ ᠴᠢᠳᠠᠪᠤᠷᠢ ᠨᠢ ᠪᠠᠰᠠ ᠪᠦᠷᠢᠮᠦᠰᠦᠨ ᠵᠣᠬᠢᠴᠠᠵᠤ ᠳᠡᠶᠢᠯᠬᠦ ᠦᠭᠡᠢ᠂ ᠡᠩᠨᠡᠭᠡᠨ ᠤ ᠲᠤᠰᠬᠠᠶᠢᠵᠢᠯᠲᠠ᠂ ᠠᠵᠢᠯ ᠮᠡᠷᠭᠡᠵᠢᠯᠳᠡᠨ  ᠤ ᠪᠠᠶᠢᠭᠤᠯᠤᠯᠲᠠ ᠶᠢ ᠪᠠᠰᠠ ᠤᠯᠠᠮ ᠨᠢᠭᠡ ᠠᠯᠬᠤᠮ ᠴᠢᠩᠭᠠᠳᠬᠠᠬᠤ ᠴᠢᠬᠤᠯᠠᠲᠠᠢ ᠪᠠᠶᠢᠨ᠎ᠠ᠃ ᠭᠤᠷᠪᠠ ᠳᠤ᠂ ᠪᠠᠶᠢᠴᠠᠭᠠᠬᠤ ᠠᠵᠢᠯ ᠤᠨ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ ᠬᠠᠷᠢᠴᠠᠩᠭᠤᠢ ᠪᠠᠷ ᠬᠤᠴᠣᠷᠴᠤ᠂ ᠪᠠᠶᠢᠴᠠᠭᠠᠬᠤ ᠤᠬᠠᠭᠤᠯᠭ᠎ᠠ ᠶᠢᠨ ᠥᠷᠭᠡᠴᠡ ᠭᠦᠨᠴᠡ ᠪᠠ ᠬᠠᠤᠯᠢ ᠪᠠᠷ ᠵᠠᠰᠠᠬᠤ ᠶᠢᠨ ᠬᠥᠲᠥᠯᠥᠨ ᠳᠠᠭᠠᠭᠤᠯᠬᠤ ᠦᠢᠯᠡᠳᠦᠯ ᠢ ᠲᠦᠷᠭᠡᠨ ᠥᠷᠭᠡᠳᠬᠡᠬᠦ ᠴᠢᠬᠤᠯᠠᠲᠠᠢ ᠪᠠᠶᠢᠨ᠎ᠠ᠃ ᠳᠥᠷᠪᠡ ᠳᠤ᠂ ᠬᠡᠷᠡᠭ ᠤᠯᠠᠨ ᠬᠥᠮᠥᠨ ᠴᠥᠭᠡᠨ ᠪᠠᠶᠢᠬᠤ ᠪᠤᠰᠤᠳᠴᠢ ᠪᠠᠶᠢᠳᠠᠯ ᠨᠢ ᠪᠠᠰᠠ ᠪᠠᠶᠢᠴᠠᠭᠠᠬᠤ ᠠᠵᠢᠯ ᠤᠨ ᠴᠢᠨᠠᠷ ᠴᠢᠨᠰᠠᠭ᠎ᠠ ᠦᠷ᠎ᠡ ᠪᠦᠲᠦᠮᠵᠢ ᠶᠢᠨ ᠳᠡᠭᠡᠭᠰᠢᠯᠡᠯᠲᠡ ᠶᠢ ᠬᠢᠵᠠᠭᠠᠷᠯᠠᠵᠤ ᠪᠠᠶᠢᠨ᠎ᠠ᠃    ᠬᠤᠶᠠᠷ᠂ 2023 ᠣᠨ ᠤ ᠠᠵᠢᠯ ᠤᠨ ᠲᠣᠬᠢᠷᠠᠭᠤᠯᠤᠯᠲᠠ   2023 ᠣᠨ ᠳᠤ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠠᠳ ᠤᠨ ᠪᠠᠶᠢᠴᠠᠭᠠᠬᠤ ᠬᠤᠷᠢᠶ᠎ᠠ ᠰᠢ ᠶᠢᠨ ᠫᠢᠩ  ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ᠂ ᠰᠢ ᠶᠢᠨ ᠫᠢᠩ ᠤᠨ ᠬᠠᠣᠯᠢ ᠪᠠᠷ ᠵᠠᠰᠠᠬᠤ  ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ ᠢᠮᠠᠭᠲᠠ ᠪᠠᠷᠢᠮᠲᠠᠯᠠᠵᠤ᠂ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠲᠠᠢ ᠦᠨᠡᠨ ᠬᠦ ᠨᠢᠭᠡᠳᠬᠡᠵᠦ᠂ ᠭᠦᠨᠵᠡᠭᠡᠢ ᠰᠤᠷᠤᠯᠴᠠᠨ ᠨᠠᠷᠢᠨ ᠣᠶᠢᠯᠠᠭᠠᠬᠤ ᠳᠤᠮᠳᠠ ᠤᠯᠤᠰ ᠲᠦᠷᠦ ᠶᠢᠨ ᠦᠨᠡᠨᠴᠢ ᠰᠢᠳᠤᠷᠭᠤ ᠶᠢ ᠪᠠᠲᠤ ᠪᠠᠬᠢ ᠪᠤᠢ ᠪᠣᠯᠭᠠᠵᠤ᠂ ᠮᠡᠳᠡᠬᠦᠢ ᠪᠠ ᠦᠢᠯᠡ ᠠᠵᠢᠯᠯᠠᠭ᠎ᠠ ᠶᠢ ᠨᠢᠭᠡᠳᠬᠡᠬᠦ ᠳᠤᠮᠳᠠ ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠳᠬᠠᠵᠤ᠂ ᠨᠠᠮ ᠪᠠ ᠠᠷᠠᠳ ᠲᠦᠮᠡᠨ᠂ ᠦᠨᠳᠦᠰᠦᠨ ᠬᠠᠤᠯᠢ ᠪᠠ ᠬᠠᠤᠯᠢ ᠴᠠᠭᠠᠵᠠ ᠠᠴᠠ ᠣᠯᠭᠤᠭᠰᠠᠨ ᠪᠠᠶᠢᠴᠠᠭᠠᠬᠤ ᠡᠭᠦᠷᠭᠡ ᠶᠢ ᠦᠨᠡᠨ ᠬᠦ ᠡᠭᠦᠷᠭᠡᠯᠡᠨ᠎ᠡ᠃  ︵ᠨᠢᠭᠡ︶ ᠨᠠᠮ ᠤᠨ ᠤᠯᠤᠰ ᠲᠦᠷᠦ ᠶᠢᠨ ᠪᠠᠶᠢᠭᠤᠯᠤᠯᠲᠠ ᠶᠢ ᠦᠷᠭᠦᠯᠵᠢᠯᠡᠨ ᠴᠢᠩᠭᠠᠳᠬᠠᠵᠤ᠂ ᠨᠠᠮ ᠤᠨ ᠲᠥᠪ ᠬᠤᠷᠢᠶᠠᠨ ᠤ ᠡᠯ᠎ᠡ ᠵᠦᠢᠯ ᠤᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠡᠷᠡᠰ ᠢᠶᠠᠷ ᠪᠣᠳᠠᠲᠠᠢ ᠳᠤ  ᠨᠠᠶᠢᠳᠠᠪᠣᠷᠢᠵᠢᠭᠤᠯᠬᠤ ᠬᠡᠷᠡᠭᠲᠡᠢ   ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠤᠬᠠᠭᠤᠯᠵᠤ   ᠲᠣᠭᠤᠰᠢᠯᠠᠭᠤᠯᠬᠤ ᠶᠠᠪᠤᠳᠠᠯ ᠢ ᠣᠳᠣᠬᠠᠨ ᠤ ᠪᠠ ᠬᠤᠶᠢᠰᠢᠳᠠ ᠶᠢᠨ ᠨᠢᠭᠡ ᠬᠤᠭᠤᠴᠠᠭᠠᠨ ᠤ ᠲᠡᠷᠢᠭᠦᠨ ᠴᠢᠬᠤᠯᠠ ᠤᠯᠤᠰ ᠲᠦᠷᠦ ᠶᠢᠨ ᠡᠭᠦᠷᠭᠡ ᠪᠠ ᠪᠦᠬᠦ ᠠᠵᠢᠯ ᠤᠨ ᠢᠶᠠᠨ ᠭᠤᠣᠯᠳᠠᠯᠭ᠎ᠠ ᠪᠣᠯᠭᠠᠵᠤ᠂ ᠪᠠᠶᠢᠴᠠᠭᠠᠬᠤ ᠠᠵᠢᠯ ᠳᠠᠬᠢ ᠨᠠᠮ ᠤᠨ ᠬᠠᠷᠢᠴᠠᠯᠠᠰᠢ ᠦᠭᠡᠢ ᠤᠳᠤᠷᠢᠳᠤᠯᠭ᠎ᠠ ᠶᠢ ᠢᠮᠠᠭᠲᠠ ᠪᠠᠷᠢᠮᠲᠠᠯᠠᠵᠤ᠂ ᠤᠯᠤᠰ ᠲᠦᠷᠦ ᠶᠢᠨ ᠵᠣᠭᠰᠣᠯᠲᠠ᠂ ᠤᠯᠤᠰ ᠲᠦᠷᠦ ᠶᠢᠨ ᠴᠢᠭᠯᠡᠯ᠂ ᠤᠯᠤᠰ ᠲᠦᠷᠦ ᠶᠢᠨ ᠵᠠᠷᠴᠢᠮ᠂ ᠤᠯᠤᠰ ᠲᠦᠷᠦ ᠶᠢᠨ ᠵᠠᠮ ᠳᠡᠭᠡᠷ᠎ᠡ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶ᠎ᠠ ᠲᠠᠢ ᠳᠡᠭᠡᠳᠦ ᠬᠡᠮᠵᠢᠶ᠎ᠡ ᠪᠠᠷ ᠨᠢᠭᠡᠳᠦᠯᠲᠡᠢ ᠪᠠᠶᠢᠬᠤ ᠬᠡᠷᠡᠭᠲᠡᠢ᠃ ᠭᠤᠣᠯ ᠳᠤᠭᠤᠶᠢᠯᠠᠩ ᠤᠨ ᠰᠤᠷᠤᠯᠴᠠᠯᠭ᠎ᠠ᠂ ᠨᠠᠮ ᠤᠨ ᠡᠭᠦᠷ ᠤᠨ ᠰᠤᠷᠤᠯᠴᠠᠯᠭ᠎ᠠ᠂ ᠪᠠᠶᠢᠩᠭᠤ ᠶᠢᠨ ᠪᠣᠯᠪᠠᠰᠤᠷᠠᠯ᠂ ᠤᠨᠤᠯ ᠤᠨ ᠰᠤᠳᠤᠯᠭᠠᠨ ᠵᠡᠷᠭᠡ ᠲᠥᠰᠥᠯ ᠪᠠ ᠲᠥᠯᠥᠪᠯᠡᠭᠡ ᠶᠢ ᠤᠯᠠᠮ ᠨᠢᠭᠡ ᠠᠯᠬᠤᠮ ᠨᠠᠷᠢᠯᠢᠭᠵᠢᠭᠤᠯᠤᠨ ᠲᠡᠭᠦᠯᠳᠡᠷᠵᠢᠭᠦᠯᠵᠦ᠂ ᠰᠤᠷᠤᠯᠴᠠᠯᠭ᠎ᠠ ᠶᠢᠨ ᠥᠷᠨᠢᠯᠲᠡ᠂ ᠤᠬᠠᠭᠤᠯᠭ᠎ᠠ ᠶᠢᠨ ᠥᠷᠨᠢᠯᠲᠡ᠂  ᠲᠣᠭᠤᠰᠢᠯᠠᠭᠤᠯᠭ᠎ᠠ  ᠶᠢᠨ ᠥᠷᠨᠢᠯᠲᠡ ᠶᠢ ᠪᠦᠬᠦ ᠲᠠᠯ᠎ᠠ ᠪᠠᠷ ᠪᠤᠢ ᠪᠣᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠦᠨᠡᠨ ᠬᠦ ᠰᠡᠳᠬᠢᠯ ᠵᠢᠷᠦᠬᠡᠨ ᠳᠤ ᠠᠭᠤᠰᠬᠠᠵᠤ᠂ ᠰᠦᠭ ᠰᠦᠨᠡᠰᠦᠨ ᠳᠤ ᠱᠤᠭᠤᠵᠤ᠂ ᠦᠢᠯᠡᠳᠦᠯᠭᠡᠵᠢᠭᠦᠯᠬᠦ ᠶᠢ ᠦᠨᠡᠨ ᠬᠦ ᠪᠠᠲᠤᠯᠠᠬᠤ ᠬᠡᠷᠡᠭᠲᠡᠢ᠃ ᠨᠠᠮ ᠤᠨ ᠬᠤᠷᠢᠳᠤᠭᠠᠷ ᠶᠡᠭᠡ ᠬᠤᠷᠠᠯ ᠠᠴᠠ ᠲᠣᠭᠲᠠᠭᠠᠭᠰᠠᠨ ᠪᠠᠶᠢᠯᠳᠤᠬᠤ ᠪᠣᠳᠣᠯᠭ᠎ᠠ ᠶᠢᠨ ᠲᠥᠯᠦᠪᠵᠢᠭᠦᠯᠭᠡ᠂ ᠢᠯᠠᠩᠭᠤᠶ᠎ᠠ ᠬᠠᠤᠯᠢ ᠪᠠᠷ ᠵᠠᠰᠠᠬᠤ ᠪᠠᠶᠢᠭᠤᠯᠤᠯᠲᠠ ᠶᠢᠨ ᠲᠤᠬᠠᠢ ᠡᠯ᠎ᠡ ᠵᠦᠢᠯ ᠤᠨ ᠪᠠᠶᠢᠷᠢᠯᠠᠭᠤᠯᠤᠯᠲᠠ ᠱᠠᠭᠠᠷᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠦᠨ᠂ ︽ᠰᠢᠨ᠎ᠡ ᠴᠠᠭ ᠦᠶ᠎ᠡ ᠶᠢᠨ ᠪᠠᠶᠢᠴᠠᠭᠠᠬᠤ  ᠪᠠᠶᠢᠭᠤᠯᠭ᠎ᠠ ᠶᠢᠨ ᠬᠠᠤᠯᠢ ᠴᠠᠭᠠᠵᠠ ᠶᠢᠨ ᠬᠢᠨᠠᠯᠲᠠ ᠲᠠᠯᠪᠢᠬᠤ ᠠᠵᠢᠯ ᠢ ᠴᠢᠩᠭᠠᠳᠬᠠᠬᠤ ᠲᠤᠬᠠᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠰᠠᠨᠠᠯ︾ ᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠲᠠᠢ ᠤᠶᠠᠯᠳᠤᠭᠤᠯᠤᠨ᠂ ᠬᠠᠤᠯᠢ ᠶᠣᠰᠣᠭᠠᠷ ᠴᠢᠳᠠᠮᠠᠭᠠᠢ ᠪᠠᠷ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠶᠢᠨ  ᠣᠶᠠᠯᠳᠣᠯ ᠤᠨ ᠴᠡᠭ ᠂  ᠬᠥᠴᠣᠯᠡᠴᠠ ᠶᠢᠨ ᠴᠡᠭ ᠢ ᠣᠨᠣᠪᠴᠢᠲᠠᠢ ᠡᠷᠢᠵᠦ᠂ ᠪᠠᠶᠢᠴᠠᠭᠠᠬᠤ ᠠᠵᠢᠯ ᠤᠨ ᠰᠢᠨ᠎ᠡ ᠠᠷᠭ᠎ᠠ ᠵᠠᠮ ᠢ ᠦᠷᠭᠦᠯᠵᠢᠯᠡᠨ ᠬᠠᠶᠢᠨ  ᠰᠥᠪᠡᠭᠴᠢᠯᠡᠨ᠎ᠡ᠃ ᠤᠯᠤᠰ ᠲᠦᠷᠦ ᠶᠢ ᠡᠷᠬᠢᠮᠯᠡᠬᠦ ᠪᠠ ᠲᠤᠬᠠᠶᠢᠯᠠᠭᠰᠠᠨ ᠠᠵᠢᠯ ᠢ ᠠᠳᠬᠤᠬᠤ  ᠶᠢ ᠬᠠᠷᠢᠯᠴᠠᠨ ᠠᠭᠤᠰᠤᠯᠴᠠᠬᠤ᠂ ᠬᠠᠷᠢᠯᠴᠠᠨ ᠠᠬᠢᠭᠤᠯᠬᠤ ᠶᠢᠨ ᠬᠤᠪᠢᠰᠤᠩᠭᠤᠢ ᠬᠠᠷᠢᠴᠠᠭ᠎ᠠ ᠶᠢ ᠵᠥᠪ ᠡᠵᠡᠮᠳᠡᠵᠦ᠂ ᠤᠯᠤᠰ ᠲᠦᠷᠦ ᠶᠢᠨ ᠪᠠᠶᠢᠭᠤᠯᠤᠯᠲᠠ ᠶᠢᠨ ᠪᠣᠳᠠᠲᠤ ᠦᠷ᠎ᠡ ᠪᠦᠲᠦᠮᠵᠢ ᠪᠠᠷ ᠪᠠᠶᠢᠴᠠᠭᠠᠬᠤ ᠠᠵᠢᠯ ᠤᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠭᠰᠡᠨ ᠦᠷ᠎ᠡ ᠪᠦᠲᠦᠮᠵᠢ ᠶᠢ ᠬᠢᠨᠠᠨ ᠦᠵᠡᠵᠦ᠂ ᠪᠠᠶᠢᠴᠠᠭᠠᠬᠤ ᠠᠵᠢᠯ ᠤᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠭᠰᠡᠨ ᠦᠷ᠎ᠡ ᠪᠦᠲᠦᠮᠵᠢ ᠪᠠᠷ ᠤᠯᠤᠰ ᠲᠦᠷᠦ ᠶᠢᠨ ᠪᠠᠶᠢᠭᠤᠯᠤᠯᠲᠠ ᠶᠢᠨ ᠤᠬᠠᠮᠰᠠᠷ ᠢ ᠰᠢᠯᠭᠠᠨ᠎ᠠ᠃  ︵ᠬᠤᠶᠠᠷ︶ ᠬᠠᠤᠯᠢ ᠴᠠᠭᠠᠵᠠ ᠶᠢᠨ ᠬᠢᠨᠠᠯᠲᠠ ᠶᠢᠨ ᠴᠢᠨᠠᠷ ᠴᠢᠨᠰᠠᠭ᠎ᠠ ᠦᠷ᠎ᠡ ᠪᠦᠲᠦᠮᠵᠢ ᠶᠢ ᠬᠦᠴᠦᠯᠡᠨ ᠳᠡᠭᠡᠭᠰᠢᠯᠡᠭᠦᠯᠵᠦ᠂ ᠪᠠᠶᠢᠴᠠᠭᠠᠬᠤ ᠠᠵᠢᠯ ᠤᠨ ᠡᠭᠦᠷᠭᠡ ᠲᠤᠰᠢᠶᠠᠯ ᠢᠶᠠᠨ ᠭᠦᠢᠴᠡᠳᠬᠡᠬᠦ ᠨᠡᠩ ᠰᠢᠯᠢᠳᠡᠭ ᠦᠢᠯᠡᠴᠢᠯᠡᠭᠡ ᠪᠠᠷ ᠴᠢᠨᠠᠷ ᠰᠠᠶᠢᠲᠠᠢ ᠬᠥᠭᠵᠢᠯᠲᠡ ᠶᠢ  ᠪᠠᠳᠣᠯᠠᠨ᠎ᠠ   ᠨᠠᠮ ᠤᠨ ᠬᠤᠷᠢᠳᠤᠭᠠᠷ ᠶᠡᠭᠡ ᠬᠤᠷᠠᠯ ᠤᠨ ᠢᠯᠡᠳᠬᠡᠯ ᠳᠠᠬᠢ ︽ᠪᠠᠶᠢᠴᠠᠭᠠᠬᠤ  ᠪᠠᠶᠢᠭᠤᠯᠭ᠎ᠠ  ᠶᠢᠨ ᠬᠠᠤᠯᠢ ᠴᠠᠭᠠᠵᠠ  ᠶᠢᠨ ᠬᠢᠨᠠᠯᠲᠠ ᠲᠠᠯᠪᠢᠬᠤ ᠠᠵᠢᠯ  ᠢ ᠴᠢᠩᠭᠠᠳᠬᠠᠬᠤ ᠬᠡᠷᠡᠭᠲᠡᠢ︾ ︽ᠨᠡᠶᠢᠲᠡ  ᠶᠢᠨ ᠠᠰᠠᠷᠠᠮᠵᠢ  ᠶᠢᠨ ᠵᠠᠷᠭᠤ  ᠶᠢᠨ ᠳᠦᠷᠢᠮ  ᠢ ᠲᠡᠭᠦᠯᠳᠡᠷᠵᠢᠭᠦᠯᠬᠦ ᠬᠡᠷᠡᠭᠲᠡᠢ︾ ᠭᠡᠬᠦ ᠥᠭᠦᠯᠡᠯᠲᠡ  ᠶᠢᠨ ᠠᠷᠤ ᠳᠠᠬᠢ ᠪᠠᠶᠢᠴᠠᠭᠠᠬᠤ  ᠪᠠᠶᠢᠭᠤᠯᠭ᠎ᠠ ᠳᠤ ᠳᠤᠷᠠᠳᠤᠭᠰᠠᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠰᠢᠨ᠎ᠡ ᠱᠠᠭᠠᠷᠳᠠᠯᠭ᠎ᠠ  ᠶᠢ ᠭᠦᠨᠵᠡᠭᠡᠢ ᠰᠤᠳᠤᠯᠵᠤ᠂ ᠡᠷᠡᠭᠦᠦ ᠶᠢᠨ ᠬᠡᠷᠡᠭ ᠤᠨ ᠪᠠᠶᠢᠴᠠᠭᠠᠬᠤ ᠠᠵᠢᠯ ᠢ ︽ᠰᠢᠯᠢᠳᠡᠭ︾  ᠲᠠᠰᠢ ᠲᠡᠰ ᠳᠡᠪᠰᠢᠭᠦᠯᠬᠦ᠂ ᠢᠷᠭᠡᠨ ᠤ ᠬᠡᠷᠡᠭ ᠤᠨ ᠪᠠᠶᠢᠴᠠᠭᠠᠬᠤ ᠠᠵᠢᠯ ᠢ ︽ᠬᠦᠴᠦᠷᠬᠡᠭ︾  ᠲᠠᠰᠢ ᠡᠷᠡᠯᠬᠡᠭᠯᠡᠨ ᠤᠷᠤᠭᠰᠢᠯᠠᠭᠤᠯᠬᠤ᠂ ᠵᠠᠰᠠᠭ ᠵᠠᠬᠢᠷᠭᠠᠨ ᠤ ᠪᠠᠶᠢᠴᠠᠭᠠᠬᠤ ᠠᠵᠢᠯ ᠢ ︽ᠪᠣᠳᠠᠲᠠᠢ︾  ᠲᠠᠰᠢ ᠰᠢᠪᠲᠤᠯᠬᠤ ᠶᠢ ᠲᠦᠯᠬᠢᠨ ᠠᠬᠢᠭᠤᠯᠵᠤ᠂ ᠤᠯᠠᠨ ᠲᠦᠮᠡᠨ ᠤ ᠪᠠᠴᠢᠮ ᠪᠡᠷᠬᠡ ᠵᠣᠪᠠᠵᠤ ᠪᠠᠶᠢᠭ᠎ᠠ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠦᠨ ᠨᠡᠶᠢᠲᠡ ᠶᠢᠨ ᠠᠰᠠᠷᠠᠮᠵᠢ ᠶᠢᠨ ᠵᠠᠷᠭᠤ ᠶᠢᠨ ᠪᠠᠶᠢᠴᠠᠭᠠᠬᠤ ᠠᠵᠢᠯ ᠢ ᠨᠡᠩ ᠢᠳᠡᠪᠬᠢᠲᠡᠢ ᠯᠠᠪᠳᠠᠭᠤᠨ ᠢᠶᠠᠷ ᠲᠦᠯᠬᠢᠨ ᠠᠬᠢᠭᠤᠯᠣᠨ᠎ᠠ᠃ ᠤᠯᠤᠰ ᠤᠨ ᠶᠡᠷᠦᠩᠬᠡᠢ ᠠᠮᠤᠷ ᠲᠦᠪᠰᠢᠨ ᠤ ᠦᠵᠡᠯᠲᠡ ᠶᠢ ᠪᠠᠲᠤ ᠪᠤᠢ ᠪᠣᠯᠭᠠᠬᠤ ᠪᠠ ᠦᠢᠯᠡᠳᠦᠯᠭᠡᠵᠢᠭᠦᠯᠵᠦ᠂  ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠪᠠᠶᠢᠩᠭᠤ ᠶᠢᠨ ᠴᠢᠨᠠᠷᠲᠠᠢ ᠭᠦᠨᠵᠡᠭᠡᠶᠢᠷᠡᠨ ᠬᠥᠭᠵᠢᠬᠦ ᠶᠢ ᠠᠬᠢᠭᠤᠯᠵᠤ᠂ ᠭᠤᠣᠯᠳᠠᠯᠭ᠎ᠠ ᠲᠠᠢ ᠬᠦᠷᠢᠶᠡᠨ ᠤ ᠠᠮᠤᠷ ᠲᠦᠪᠰᠢᠨ ᠤ ᠠᠶᠤᠯ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠶᠢ ᠤᠬᠠᠮᠰᠠᠷ ᠠᠴᠠ ᠪᠠᠨ ᠴᠢᠩᠭᠠᠳᠬᠠᠨ᠎ᠠ᠃ ᠠᠭᠤᠴᠢᠯᠠᠨ  ᠰᠢᠢᠳᠭᠡᠬᠦ ᠪᠠ ᠴᠢᠩᠭ᠎ᠠ ᠰᠢᠢᠳᠭᠡᠬᠦ ᠶᠢ ᠬᠤᠣᠰᠯᠠᠭᠤᠯᠬᠤ ᠡᠷᠡᠭᠦᠦ ᠶᠢᠨ ᠬᠡᠷᠡᠭ ᠤᠨ ᠲᠦᠷᠦ ᠶᠢᠨ ᠪᠣᠳᠣᠯᠭ᠎ᠠ ᠶᠢ ᠪᠦᠬᠦ ᠲᠠᠯ᠎ᠠ ᠪᠠᠷ ᠲᠣᠭᠤᠰᠢᠯᠠᠭᠤᠯᠵᠣ᠂ ᠴᠥᠭᠡᠨ ᠪᠠᠷᠢᠪᠴᠢᠯᠠᠵᠤ᠂ ᠪᠣᠯᠭᠤᠮᠵᠢᠲᠠᠢ ᠵᠠᠭᠠᠯᠳᠤᠵᠤ᠂ ᠪᠣᠯᠭᠤᠮᠵᠢᠲᠠᠢ ᠬᠤᠷᠢᠬᠤ ᠡᠷᠡᠭᠦᠦ ᠶᠢᠨ ᠬᠡᠷᠡᠭ ᠤᠨ ᠬᠠᠤᠯᠢ ᠪᠠᠷᠢᠬᠤ ᠲᠦᠷᠦ ᠶᠢᠨ ᠪᠣᠳᠣᠯᠭ᠎ᠠ ᠪᠠ ᠶᠠᠯ᠎ᠠ ᠪᠠᠨ ᠮᠡᠳᠡᠷᠡᠵᠦ  ᠰᠢᠢᠳᠭᠡᠯ ᠢ ᠮᠡᠳᠡᠷᠡᠭᠰᠡᠨ ᠢ ᠠᠭᠤᠴᠢᠯᠠᠨ‌‍ᠰᠢᠢᠳᠭᠡᠬᠦ ᠳᠦᠷᠢᠮ ᠢ ᠨᠢᠭᠡᠳᠦᠯᠲᠡᠢ ᠲᠥᠯᠥᠪᠯᠡᠨ ᠨᠠᠶᠢᠳᠠᠪᠤᠷᠢᠵᠢᠭᠤᠯᠵᠤ᠂ ᠨᠡᠶᠢᠭᠡᠮ ᠤᠨ ᠳᠣᠲᠣᠭᠠᠳᠤ ᠶᠢᠨ ᠲᠣᠭᠲᠠᠭᠤᠨ ᠪᠠᠶᠢᠳᠠᠯ ᠢ ᠬᠦᠴᠦᠲᠡᠢ ᠠᠬᠢᠭᠤᠯᠣᠨ᠎ᠠ᠃ ᠠᠷᠠᠳ ᠤᠨ ᠡᠵᠡᠩᠨᠡᠯᠲᠡ ᠶᠢᠨ ᠠᠵᠤ ᠠᠬᠤᠢ ᠶᠢ ᠬᠠᠤᠯᠢ ᠶᠣᠰᠣᠭᠠᠷ ᠡᠷᠬᠡ ᠲᠡᠭᠰᠢ ᠪᠠᠷ ᠬᠠᠮᠠᠭᠠᠯᠠᠵᠤ᠂ ᠬᠡᠷᠡᠭ ᠲᠤ ᠬᠤᠯᠪᠣᠭᠳᠠᠭᠰᠠᠨ ᠠᠵᠤ ᠠᠬᠤᠶᠢᠯᠠᠯ ᠤᠨ ᠲᠣᠭᠲᠠᠭᠠᠯ ᠳᠤ ᠨᠡᠶᠢᠴᠡᠭᠰᠡᠨ ᠥᠭᠡᠷᠡᠴᠢᠯᠡᠯᠲᠡ ᠶᠢᠨ ᠠᠵᠢᠯ ᠢ ᠢᠳᠡᠪᠬᠢᠲᠡᠢ ᠲᠤᠷᠰᠢᠨ ᠠᠬᠢᠭᠤᠯᠵᠤ᠂ ᠬᠠᠤᠯᠢ ᠪᠠᠷ ᠵᠠᠰᠠᠬᠤ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠦᠷᠭᠦᠯᠵᠢᠯᠡᠨ  ᠰᠢᠯᠢᠳᠡᠭᠵᠢᠬᠦᠯᠦᠨ᠎ᠡ᠃ ᠪᠠᠶᠢᠴᠠᠭᠠᠬᠤ ᠰᠠᠨᠠᠭᠤᠯᠭ᠎ᠠ ᠪᠠᠷ ᠦᠨᠳᠦᠰᠦ ᠰᠤᠷᠪᠤᠯᠵᠢ ᠶᠢ ᠨᠢ ᠡᠷᠢᠵᠦ ᠵᠠᠰᠠᠬᠤ ᠶᠢ ᠲᠦᠯᠬᠢᠨ ᠠᠬᠢᠭᠤᠯᠵᠤ᠂ ᠶᠠᠯ᠎ᠠ ᠶᠢ ᠨᠢ ᠵᠠᠰᠠᠬᠤ ᠂ ᠦᠡᠭᠭᠡᠨ ᠲᠠᠯ᠎ᠠ ᠶᠢ ᠨᠢ ᠵᠠᠰᠠᠬᠤ ᠪᠠ ᠦᠨᠳᠦᠰᠦ ᠰᠤᠷᠪᠤᠯᠵᠢ ᠶᠢ ᠨᠢ ᠵᠠᠰᠠᠬᠤ ᠶᠢ ᠵᠡᠷᠭᠡ ᠪᠠᠷ ᠴᠢᠬᠤᠯᠠᠴᠢᠯᠠᠬᠤ ᠶᠢ ᠪᠠᠶᠠᠯᠠᠬᠦᠯᠦᠨ᠎ᠡ᠃ ︽ᠲᠦᠷᠪᠡᠨ ᠶᠡᠭᠡ ᠪᠠᠶᠢᠴᠠᠭᠠᠯᠲᠠ︾ ᠶᠢᠨ ᠬᠡᠷᠡᠭ ᠰᠢᠢᠳᠪᠦᠷᠢᠯᠡᠬᠦ ᠦᠢᠯᠡᠳᠦᠯᠭᠡ ᠲᠠᠢ ᠨᠢᠭᠲᠠ ᠤᠶᠠᠯᠳᠤᠭᠤᠯᠤᠨ᠂ ︽ᠬᠡᠨ ᠬᠠᠤᠯᠢ ᠬᠡᠷᠡᠭᠵᠢᠭᠦᠯᠪᠡᠯ ᠬᠡᠨ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ︾ ᠬᠠᠷᠢᠭᠤᠴᠠᠯᠭ᠎ᠠ ᠶᠢᠨ ᠳᠦᠷᠢᠮ ᠢ ᠲᠡᠷᠡ ᠬᠡᠪ ᠢᠶᠠᠷ ᠨᠢ ᠰᠠᠶᠢᠲᠤᠷ ᠨᠠᠶᠢᠳᠠᠪᠤᠷᠢᠵᠢᠭᠤᠯᠵᠤ᠂ ᠨᠡᠶᠢᠭᠡᠮ ᠤᠨ ᠬᠠᠤᠯᠢ ᠪᠠᠷ ᠵᠠᠰᠠᠬᠤ ᠤᠬᠠᠮᠰᠠᠷ ᠢ ᠬᠥᠲᠥᠯᠥᠨ ᠳᠠᠭᠠᠭᠤᠯᠵᠤ᠂ ᠪᠦᠬᠦ ᠠᠷᠠᠳ ᠤᠨ ᠬᠠᠤᠯᠢ ᠪᠠᠷ ᠵᠠᠰᠠᠬᠤ ᠦᠵᠡᠯᠲᠡ ᠶᠢ ᠪᠤᠢ ᠪᠣᠯᠭᠠᠬᠤ ᠶᠢ  ᠠᠬᠢᠭᠤᠯᠣᠨ᠎ᠠ᠃   ︵ᠭᠤᠷᠪᠠ︶ ᠠᠷᠠᠳ ᠤᠨ ᠲᠥᠯᠥᠭᠡ ᠪᠣᠳᠠᠲᠤ ᠶᠠᠪᠤᠳᠠᠯ ᠢ ᠦᠨᠡᠨ ᠰᠡᠳᠬᠢᠯ ᠠᠴᠠ ᠪᠠᠨ ᠰᠠᠶᠢᠲᠤᠷ ᠬᠢᠵᠦ᠂ ᠠᠷᠠᠳ ᠤᠯᠠᠨ ᠤ ᠲᠥᠪ ᠭᠤᠣᠯᠴᠢ ᠰᠢᠳᠤᠷᠭᠤ ᠶᠣᠰᠣᠨ ᠤ ᠲᠠᠯ᠎ᠠ ᠪᠠᠷ ᠬᠢ ᠨᠡᠩ ᠥᠨᠳᠥᠷ ᠬᠡᠷᠡᠭᠴᠡᠭᠡ ᠶᠢ ᠬᠠᠩᠭᠠᠨ᠎ᠠ   ᠰᠢ ᠶᠢᠨ ᠫᠢᠩ  ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠳᠤ ᠲᠤᠭᠤᠰᠢᠯᠠᠭᠳᠠᠵᠤ ᠪᠠᠶᠢᠬᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠢᠯᠡᠳᠬᠡᠯ ᠳᠤ ᠲᠤᠭᠤᠰᠢᠯᠠᠭᠳᠠᠵᠤ ᠪᠠᠶᠢᠭ᠎ᠠ ᠠᠷᠠᠳ ᠲᠦᠮᠡᠨ ᠢ ᠳᠡᠭᠡᠳᠦᠯᠡᠬᠦ ᠵᠣᠭᠰᠣᠯᠲᠠ ᠶᠢ ᠭᠦᠨᠵᠡᠭᠡᠢ ᠣᠶᠢᠯᠠᠭᠠᠵᠤ᠂ ᠬᠠᠮᠤᠭ ᠤᠨ ᠥᠷᠭᠡᠨ ᠤᠯᠠᠨ ᠠᠷᠠᠳ ᠲᠦᠮᠡᠨ ᠤ ᠦᠨᠳᠦᠰᠦᠨ ᠠᠰᠢᠭ ᠲᠤᠰᠠ ᠶᠢ ᠰᠠᠶᠢᠲᠤᠷ ᠪᠡᠶᠡᠯᠡᠭᠦᠯᠬᠦ᠂ ᠰᠠᠶᠢᠲᠤᠷ ᠬᠠᠮᠠᠭᠠᠯᠠᠬᠤ᠂ ᠰᠠᠶᠢᠲᠤᠷ ᠬᠥᠭᠵᠢᠭᠦᠯᠬᠦ ᠶᠢ ᠦᠨᠡᠨ ᠬᠦ ᠠᠯᠢᠪᠠ ᠪᠠᠶᠢᠴᠠᠭᠠᠬᠤ ᠠᠵᠢᠯ ᠤᠨ ᠢᠶᠠᠨ ᠡᠭᠦᠰᠬᠡᠯ ᠪᠠ ᠲᠡᠭᠦᠰᠬᠡᠯ ᠪᠣᠯᠭᠠᠨ᠎ᠠ᠃ ᠬᠠᠤᠯᠢ ᠴᠠᠭᠠᠵᠠ ᠶᠢᠨ ᠬᠢᠨᠠᠯᠲᠠ ᠪᠣᠯᠣᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢ ᠪᠦᠲᠦᠮᠵᠢᠲᠡᠢ ᠵᠣᠯᠭᠠᠭᠤᠯᠬᠤ ᠂ ᠵᠠᠯᠬᠠᠭᠠᠬᠤ ᠴᠢᠨᠠᠷᠲᠠᠢ ᠠᠷᠭ᠎ᠠ ᠬᠡᠮᠵᠢᠶ᠎ᠡ ᠪᠣᠯᠣᠨ ᠤᠷᠢᠳᠴᠢᠯᠠᠨ ᠰᠡᠷᠭᠡᠶᠢᠯᠡᠬᠦ ᠴᠢᠨᠠᠷᠲᠠᠢ ᠪᠠᠶᠢᠭᠤᠯᠤᠯᠲᠠ ᠶᠢ ᠨᠢᠭᠡᠳᠦᠯᠲᠡᠢ ᠲᠥᠯᠥᠪᠵᠢᠭᠦᠯᠬᠦ ᠶᠢ ᠵᠡᠷᠭᠡᠪᠡᠷ ᠠᠳᠬᠤᠬᠤ ᠶᠢ ᠪᠠᠷᠢᠮᠲᠠᠯᠠᠵᠤ᠂ ᠬᠠᠮᠤᠭ ᠤᠨ ᠨᠢᠭᠲᠠ ᠴᠢᠩᠭ᠎ᠠ ᠬᠠᠣᠯᠢ ᠪᠠᠷ ᠵᠠᠰᠠᠬᠤ  ᠰᠠᠶᠢᠨ ᠰᠠᠶᠢᠬᠠᠨ ᠠᠮᠢ ᠠᠬᠤᠢ ᠶᠢᠨ ᠣᠷᠴᠢᠨ ᠲᠣᠭᠤᠷᠢᠨ ᠭᠡᠬᠦ ᠡᠨᠡᠬᠦ ᠬᠠᠮᠤᠭ ᠤᠨ ᠲᠦᠭᠡᠮᠡᠯ ᠬᠠᠷᠠᠭᠠᠯᠵᠠᠯᠲᠤ ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠢ ᠰᠠᠬᠢᠨ ᠬᠠᠮᠠᠭᠠᠯᠠᠨ᠎ᠠ᠃ ᠬᠠᠤᠯᠢ ᠲᠣᠭᠲᠠᠭᠠᠬᠤ ᠤᠭ ᠰᠠᠨᠠᠭ᠎ᠠ ᠪᠠ ᠬᠠᠤᠯᠢ ᠪᠠᠷᠢᠬᠤ ᠲᠦᠷᠦ ᠶᠢᠨ ᠪᠣᠳᠣᠯᠭ᠎ᠠ ᠶᠢ ᠣᠨᠣᠪᠴᠢᠲᠠᠶ ᠡᠵᠡᠮᠰᠢᠵᠦ᠂ ᠲᠡᠭᠷᠢ ᠶᠢᠨ ᠵᠥᠢ᠂ ᠤᠯᠤᠰ ᠤᠨ ᠬᠠᠤᠯᠢ᠂ ᠨᠠᠶᠢᠷ ᠲᠠᠯ᠎ᠠ ᠶᠢ ᠬᠠᠮᠲᠤ ᠳᠤᠨᠢ ᠬᠠᠷᠠᠭᠠᠯᠵᠠᠵᠤ᠂ ᠬᠡᠷᠡᠭ ᠢ ᠰᠢᠢᠳᠪᠦᠷᠢᠯᠡᠬᠦ ᠶᠢᠨ ᠲᠥᠯᠥᠭᠡ ᠬᠡᠷᠡᠭ ᠰᠢᠢᠳᠪᠦᠷᠢᠯᠡᠬᠦ᠂ ᠮᠧᠬᠠᠨᠢᠭ ᠢᠶᠠᠷ ᠬᠠᠤᠯᠢ ᠪᠠᠷᠢᠬᠤ ᠠᠴᠠ ᠵᠠᠶᠢᠯᠠᠰᠬᠢᠵᠦ᠂ ᠬᠡᠷᠡᠭ ᠰᠢᠢᠳᠪᠦᠷᠢᠯᠡᠬᠦ ᠤᠯᠤᠰ ᠲᠦᠷᠦ ᠶᠢᠨ ᠦᠷ᠎ᠡ ᠪᠦᠲᠦᠮᠵᠢ᠂ ᠨᠡᠶᠢᠭᠡᠮ ᠤᠨ ᠦᠷ᠎ᠡ ᠪᠦᠲᠦᠮᠵᠢ ᠪᠠ ᠬᠠᠤᠯᠢ ᠴᠠᠭᠠᠵᠠ ᠶᠢᠨ ᠦᠷ᠎ᠡ ᠪᠦᠲᠦᠮᠵᠢ ᠶᠢᠨ ᠬᠠᠷᠢᠯᠴᠠᠨ ᠨᠢᠭᠡᠳᠬᠦ ᠶᠢ ᠲᠦᠯᠬᠢᠨ ᠠᠬᠢᠭᠤᠯᠤᠨ᠎ᠠ᠃ ᠬᠠᠤᠯᠢ ᠴᠠᠭᠠᠵᠠ ᠶᠢᠨ ᠯᠠᠪᠯᠠᠯᠭ᠎ᠠ ᠶᠢᠨ ᠦᠢᠯᠡᠴᠢᠯᠡᠭᠡ ᠬᠠᠩᠭᠠᠬᠤ᠂ ᠲᠦᠷᠦ ᠶᠢᠨ ᠪᠣᠳᠣᠯᠭ᠎ᠠ ᠶᠢᠨ ᠳᠡᠮᠵᠢᠯᠭᠡ ᠶᠢ ᠲᠡᠮᠡᠴᠡᠨ ᠣᠯᠬᠤ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠤᠨ᠂ ᠠᠷᠠᠳ ᠤᠯᠠᠨ ᠤ ︽ᠪᠠᠴᠢᠮ ᠬᠦᠴᠢᠷᠲᠡᠢ ᠵᠣᠪᠠᠨᠢᠯ︾ ᠤᠨ ᠠᠰᠠᠭᠤᠳᠠᠯ ᠢ ᠰᠠᠶᠢᠲᠤᠷ ᠰᠢᠢᠳᠪᠦᠷᠢᠯᠡᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠬᠦ ᠲᠠᠯ᠎ᠠ ᠪᠠᠷ ᠠᠬᠢᠭᠤᠯᠬᠤ ᠳᠤᠮᠳᠠ ᠰᠢᠨ᠎ᠡ ᠡᠭᠦᠷᠭᠡᠯᠡᠯ ᠰᠢᠨ᠎ᠡ ᠵᠢᠳᠬᠦᠯ ᠴᠢᠷᠮᠠᠶᠢᠯᠭ᠎ᠠ ᠶᠢ ᠢᠯᠡᠷᠡᠬᠦᠯᠦᠨ᠎ᠡ᠃ ᠤᠯᠠᠨ ᠲᠦᠮᠡᠨ ᠤ ᠵᠠᠬᠢᠳᠠᠯ ᠰᠣᠷᠪᠤᠯᠵᠢᠯᠠᠭ᠎ᠠ ᠶᠢᠨ ︽ᠵᠦᠢᠯ ᠪᠦᠷᠢ ᠳᠤ ᠬᠠᠷᠢᠭᠤᠯᠲᠠ ᠥᠭᠬᠦ︾᠂ ᠬᠠᠤᠯᠢ ᠴᠠᠭᠠᠵᠠ ᠶᠢᠨ ᠠᠪᠤᠷᠠᠨ ᠲᠤᠰᠠᠯᠠᠯᠲᠠ᠂ ᠢᠯᠡ ᠪᠠᠷ ᠭᠡᠷᠡᠴᠢᠯᠡᠭᠡ ᠰᠣᠨᠣᠰᠬᠤ᠂ ᠨᠠᠰᠤᠨ ᠳᠤ ᠦᠯᠦ ᠬᠦᠷᠦᠭᠰᠡᠳ ᠤᠨ ᠡᠷᠬᠡ ᠠᠰᠢᠭ ᠢ ᠬᠠᠮᠠᠭᠠᠯᠠᠬᠤ ᠵᠡᠷᠭᠡ ᠠᠷᠠᠳ ᠤᠨ ᠲᠥᠯᠥᠭᠡ ᠪᠠᠶᠢᠴᠠᠭᠠᠬᠤ ᠪᠣᠳᠠᠲᠤ ᠶᠠᠪᠤᠳᠠᠯ ᠢ ᠢᠮᠠᠭᠲᠠ ᠰᠠᠶᠢᠲᠤᠷ ᠬᠢᠵᠦ᠂ ᠠᠷᠠᠳ ᠤᠯᠠᠨ ᠤ ᠬᠦᠷᠲᠡᠮᠵᠢ ᠶᠢᠨ ᠲᠥᠷᠥᠭᠳᠡᠯ᠂ ᠵᠣᠯ ᠵᠢᠷᠭᠠᠯᠲᠤ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠢ ᠨᠡᠩ ᠲᠡᠭᠦᠯᠳᠡᠷ᠂ ᠨᠡᠩ ᠪᠠᠲᠤᠯᠠᠭ᠎ᠠ ᠲᠠᠢ᠂ ᠨᠡᠩ ᠦᠷᠭᠦᠯᠵᠢᠯᠡᠬᠦᠶᠢᠴᠡ ᠪᠣᠯᠭᠠᠨ᠎ᠠ᠃   ︵ᠳᠥᠷᠪᠡ︶ ᠪᠦᠬᠦ ᠲᠠᠯ᠎ᠠ ᠪᠠᠷ ᠨᠠᠮ ᠢ ᠴᠢᠩᠭ᠎ᠠ ᠬᠠᠮᠢᠶᠠᠷᠴᠤ ᠪᠠᠶᠢᠴᠠᠭᠠᠬᠤ ᠠᠵᠢᠯ ᠢ ᠴᠢᠩᠭ᠎ᠠ ᠵᠠᠰᠠᠬᠤ ᠶᠢ ᠭᠦᠨᠵᠡᠭᠡᠶᠢᠷᠡᠭᠦᠯᠵᠦ᠂ ᠴᠠᠭ ᠦᠶ᠎ᠡ ᠶᠢᠨ ᠬᠦᠨᠳᠦ ᠡᠭᠦᠷᠭᠡ ᠶᠢ ᠡᠭᠦᠷᠭᠡᠯᠡᠵᠦ ᠳᠡᠶᠢᠯᠬᠦ ᠥᠨᠳᠥᠷ ᠬᠡᠪ ᠪᠣᠯᠪᠠᠰᠤᠷᠠᠯ ᠲᠠᠢ ᠪᠠᠶᠢᠴᠠᠭᠠᠬᠤ ᠡᠩᠨᠡᠭᠡ ᠶᠢ ᠳᠠᠪᠲᠠᠨ ᠪᠣᠯᠪᠠᠰᠣᠷᠠᠭᠤᠯᠣᠨ᠎ᠠ    ᠨᠠᠮ ᠤᠨ ᠬᠤᠷᠢᠳᠤᠭᠠᠷ ᠶᠡᠭᠡ ᠬᠤᠷᠠᠯ ᠤᠨ ᠢᠯᠡᠳᠬᠡᠯ ᠳᠠᠬᠢ ᠰᠢᠨ᠎ᠡ ᠴᠠᠭ ᠦᠶ᠎ᠡ ᠶᠢᠨ ᠨᠠᠮ ᠤᠨ ᠪᠠᠶᠢᠭᠤᠯᠤᠯᠲᠠ ᠶᠢᠨ ᠲᠤᠬᠠᠢ ᠶᠡᠷᠦᠩᠬᠡᠢ ᠱᠠᠭᠠᠷᠳᠠᠯᠭ᠎ᠠ ᠶᠢ ᠲᠣᠭᠤᠰᠢᠯᠠᠭᠤᠯᠣᠨ ᠨᠠᠶᠢᠳᠠᠪᠤᠷᠢᠵᠢᠭᠤᠯᠵᠤ᠂ ᠪᠦᠬᠦ ᠲᠠᠯ᠎ᠠ ᠪᠠᠷ ᠨᠠᠮ ᠢ ᠴᠢᠩᠭ᠎ᠠ ᠬᠠᠮᠢᠶᠠᠷᠴᠤ ᠪᠠᠶᠢᠴᠠᠭᠠᠬᠤ ᠬᠤᠷᠢᠶ᠎ᠠ ᠶᠢ ᠴᠢᠩᠭ᠎ᠠ ᠵᠠᠰᠠᠬᠤ ᠤᠯᠤᠰ ᠲᠦᠷᠦ ᠶᠢᠨ ᠬᠠᠷᠢᠭᠤᠴᠠᠯᠭ᠎ᠠ ᠶᠢ ᠡᠷᠡᠰ ᠪᠠᠲᠤ ᠡᠭᠦᠷᠭᠡᠯᠡᠬᠦ ᠬᠡᠷᠡᠭᠲᠡᠢ᠃ ᠪᠠᠶᠢᠴᠠᠭᠠᠬᠤ ᠡᠩᠨᠡᠭᠡᠨ ᠤ ᠦᠵᠡᠯ ᠤᠬᠠᠮᠰᠠᠷ ᠤᠨ ᠬᠡᠯᠪᠡᠷᠢ ᠶᠢᠨ ᠬᠠᠮᠢᠶᠠᠷᠤᠯᠲᠠ ᠶᠢ ᠤᠷᠳᠤ ᠬᠤᠭᠤᠴᠠᠭ᠎ᠠ ᠪᠠᠷ ᠪᠠᠷᠢᠮᠲᠠᠯᠠᠨ ᠴᠢᠩᠭᠠᠳᠬᠠᠵᠤ᠂ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠤᠳᠤᠷᠢᠳᠬᠤ ᠡᠷᠬᠡ᠂ ᠬᠠᠮᠢᠶᠠᠷᠬᠤ ᠡᠷᠬᠡ᠂ ᠦᠭᠡ ᠬᠡᠯᠡᠬᠦ ᠡᠷᠬᠡ ᠶᠢ ᠪᠠᠲᠤ ᠡᠵᠡᠮᠰᠢᠨ᠎ᠡ᠃ ᠤᠯᠤᠰ ᠲᠦᠷᠦ ᠬᠠᠤᠯᠢ ᠴᠠᠭᠠᠵᠠ ᠶᠢᠨ ᠡᠩᠨᠡᠭᠡᠨ ᠤ ᠬᠥᠮᠦᠵᠢᠯ ᠴᠡᠭᠴᠡᠯᠡᠯᠲᠡ ᠶᠢᠨ ᠦᠷ᠎ᠡ ᠪᠦᠲᠦᠭᠡᠯ ᠢ ᠪᠠᠬᠢᠵᠢᠭᠦᠯᠦᠨ ᠭᠦᠨᠵᠡᠭᠡᠶᠢᠷᠡᠭᠦᠯᠵᠦ᠂ ︽ᠲᠦᠷᠪᠡᠨ ᠰᠤᠷᠲᠠᠯ︾ ᠢ ᠴᠥᠬᠦᠷᠡᠰᠢ ᠦᠭᠡᠢ ᠵᠠᠯᠠᠷᠠᠭᠤᠯᠤᠨ ᠵᠠᠰᠠᠵᠤ᠂ ᠲᠥᠪ ᠤᠨ ︽ᠨᠠᠢᠮᠠᠨ ᠵᠦᠢᠯ ᠤᠨ ᠲᠣᠭᠲᠠᠭᠠᠯ︾ ᠵᠢᠴᠢ ᠲᠡᠭᠦᠨ ᠤ ᠬᠡᠷᠡᠭᠵᠢᠭᠦᠯᠬᠦ ᠨᠠᠷᠢᠨ ᠳᠦᠷᠢᠮ ᠢ ᠴᠥᠬᠦᠷᠡᠰᠢ ᠦᠭᠡᠢ ᠨᠠᠶᠢᠳᠠᠪᠤᠷᠢᠵᠢᠭᠤᠯᠵᠤ᠂ ᠪᠠᠶᠢᠴᠠᠭᠠᠬᠤ ᠡᠩᠨᠡᠭᠡᠨ ᠤ ᠥᠪᠡᠷ ᠢ ᠪᠠᠨ ᠴᠡᠪᠡᠷᠰᠢᠭᠦᠯᠬᠦ᠂ ᠥᠪᠡᠷ ᠢ ᠪᠠᠨ ᠲᠡᠭᠦᠯᠳᠡᠷᠵᠢᠭᠦᠯᠬᠦ᠂ ᠥᠪᠡᠷ ᠢ ᠪᠠᠨ ᠰᠢᠨᠡᠴᠢᠯᠡᠬᠦ᠂ ᠥᠪᠡᠷ ᠢ ᠪᠠᠨ ᠳᠡᠭᠡᠭᠰᠢᠯᠡᠭᠦᠯᠬᠦ ᠶᠢ ᠪᠦᠬᠦ ᠲᠠᠯ᠎ᠠ ᠪᠠᠷ ᠲᠦᠯᠬᠢᠨ  ᠠᠬᠢᠭᠤᠯᠣᠨ᠎ᠠ᠃ ︽ᠵᠠᠩᠭᠢᠯᠠᠭ᠎ᠠ ᠶᠢᠨ ᠴᠥᠭᠡᠨ ᠲᠣᠭᠠᠲᠠᠨ︾ ᠢᠶᠠᠷ ︽ᠵᠣᠩᠬᠢᠯᠠᠬᠤ ᠤᠯᠠᠨ ᠲᠣᠭᠠᠲᠠᠨ︾ ᠢ ᠲᠠᠶᠢᠴᠢᠯᠠᠨ ︽ᠭᠤᠷᠪᠠᠨ ᠲᠣᠭᠲᠠᠭᠠᠯ︾ ᠢ ᠰᠠᠶᠢᠲᠤᠷ ᠨᠠᠶᠢᠳᠠᠪᠤᠷᠢᠵᠢᠭᠤᠯᠵᠤ᠂ ᠢᠯᠵᠠᠷᠠᠬᠤ  ᠠᠴᠠ ᠵᠢᠷᠣᠭᠡᠰᠢᠶᠡᠵᠣ᠂ ᠢᠯᠵᠠᠷᠠᠵᠤ ᠴᠢᠳᠠᠬᠤ ᠦᠭᠡᠢ᠂ ᠢᠯᠵᠠᠷᠠᠬᠤ ᠶᠢ ᠪᠤᠳᠤᠬᠤ ᠦᠭᠡᠢ ᠪᠠᠶᠢᠬᠤ ᠦᠵᠡᠯ ᠰᠠᠨᠠᠭᠠᠨ ᠤ ᠰᠡᠷᠭᠡᠶᠢᠯᠡᠯᠲᠡ ᠶᠢᠨ ᠱᠤᠭᠤᠮ ᠢ ᠪᠠᠲᠤ ᠪᠠᠬᠢ ᠪᠠᠶᠢᠭᠤᠯᠤᠨ᠎ᠠ᠃ ᠬᠠᠤᠯᠢ ᠪᠠᠷᠢᠬᠤ ᠬᠠᠷᠢᠭᠤᠴᠠᠯᠭ᠎ᠠ ᠶᠢᠨ ᠳᠦᠷᠢᠮ ᠤᠨ ᠶᠡᠷᠦᠩᠬᠡᠶᠢᠯᠡᠭᠰᠡᠨ ᠢᠵᠢ ᠪᠦᠷᠢᠳᠦᠭᠦᠯᠬᠦ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠠᠵᠢᠯ ᠤᠨ ᠪᠦᠲᠦᠮᠵᠢ ᠶᠢ ᠰᠢᠯᠭᠠᠨ ᠦᠨᠡᠯᠡᠬᠦ ᠪᠠᠷ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠶᠢ ᠤᠷᠮᠠᠰᠢᠭᠤᠯᠤᠨ ᠵᠣᠷᠢᠭᠵᠢᠭᠤᠯᠵᠤ᠂ ᠬᠥᠮᠦᠵᠢᠯ ᠪᠣᠯᠪᠠᠰᠣᠷᠡᠯ ᠤᠨ ᠠᠵᠢᠯ ᠢ ᠰᠢᠨᠵᠢᠯᠡᠬᠦ ᠤᠬᠠᠭᠠᠨᠴᠢ ᠪᠠᠷ ᠪᠠᠶᠢᠷᠢᠰᠢᠭᠤᠯᠵᠤ᠂ ᠪᠠᠶᠢᠴᠠᠭᠠᠬᠤ ᠠᠵᠢᠯᠲᠠᠨ ᠤ ᠲᠤᠰᠬᠠᠢ ᠮᠡᠷᠭᠡᠵᠢᠯ ᠤᠨ ᠮᠡᠳᠡᠯᠭᠡ᠂ ᠲᠤᠰᠬᠠᠢ ᠮᠡᠷᠭᠡᠵᠢᠯ ᠤᠨ ᠴᠢᠳᠠᠪᠤᠷᠢ᠂ ᠲᠤᠰᠬᠠᠢ ᠮᠡᠷᠭᠡᠵᠢᠯ ᠤᠨ ᠰᠤᠷᠲᠠᠯ᠂ ᠲᠤᠰᠬᠠᠢ ᠮᠡᠷᠭᠡᠵᠢᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠪᠠᠶᠢᠴᠠᠭᠠᠬᠤ ᠡᠷᠬᠡ ᠶᠢ ᠵᠢᠷᠤᠮᠵᠢᠭᠤᠯᠤᠨ ᠠᠵᠢᠯᠯᠠᠭᠤᠯᠬᠤ ᠴᠢᠳᠠᠪᠤᠷᠢᠲᠠᠨ ᠤ ᠰᠠᠭᠤᠷᠢ ᠶᠢ ᠪᠠᠲᠤᠳᠬᠠᠨ᠎ᠠ᠃ ᠲᠡᠷᠢᠭᠦᠨ ᠤ ᠨᠡᠶᠢᠲᠡᠯᠢᠭ ᠵᠢᠱᠢᠶ᠎ᠡ ᠶᠢᠨ ᠵᠢᠱᠢᠶ᠎ᠡ ᠦᠵᠡᠭᠦᠯᠵᠦ ᠬᠥᠲᠥᠯᠥᠨ ᠳᠠᠭᠠᠭᠤᠯᠬᠤ ᠦᠢᠯᠡᠳᠦᠯ ᠢ ᠪᠠᠳᠠᠷᠠᠭᠤᠯᠵᠤ᠂ ᠨᠢᠭᠡᠳᠦᠯᠲᠡᠢ ᠪᠠᠶᠢᠬᠤ ᠪᠠᠷᠢᠮᠵᠢᠶ᠎ᠠ ᠪᠠ  ᠨᠡᠭᠡᠵᠣ ᠭᠦᠢᠴᠡᠬᠦ ᠬᠠᠷᠠᠯᠲᠠ ᠶᠢ ᠲᠣᠳᠣᠷᠬᠠᠶᠢᠯᠠᠵᠤ᠂ ᠺᠠᠳ᠋ᠷ ᠴᠠᠭᠳᠠᠭ᠎ᠠ ᠶᠢᠨ ᠠᠵᠢᠯ ᠮᠡᠷᠭᠡᠵᠢᠯ ᠤᠨ ᠢᠷᠠᠭᠤ ᠠᠯᠳᠠᠷ ᠤᠨ ᠰᠡᠳᠬᠢᠯᠭᠡ ᠪᠠ ᠪᠦᠯᠬᠦᠮ ᠨᠡᠶᠢᠲᠡ ᠶᠢᠨ  ᠲᠥᠪᠯᠡᠷᠠᠩᠬᠦᠢ ᠬᠦᠴᠦᠨ ᠢ ᠨᠡᠮᠡᠭᠳᠡᠭᠦᠯᠦᠨ᠎ᠡ᠃   ᠬᠠᠪᠤᠷ ᠤᠨ ᠰᠡᠯᠬᠢ ᠥᠯᠢᠶᠡᠬᠦᠶ᠎ᠡ ᠪᠠᠶᠢᠯᠳᠤᠭᠠᠨ ᠤ ᠬᠡᠩᠭᠡᠷᠭᠡ ᠨᠢᠵᠢᠭᠢᠨᠡᠵᠦ᠂ ᠵᠠᠭᠤᠨ ᠣᠩᠭᠤᠴᠠ ᠣᠷᠣᠭᠰᠢᠯᠠᠬᠤᠶ᠎ᠠ ᠢᠳᠡᠪᠬᠢᠯᠡᠨ ᠴᠢᠷᠮᠠᠶᠢᠭᠰᠡᠳ  ᠲᠡᠷᠢᠬᠦᠯᠮᠣᠢ ᠃ ᠲᠥᠯᠥᠭᠡᠯᠡᠭᠴᠢᠳ ᠠ᠋᠂ ᠰᠢᠨ᠎ᠡ ᠨᠢᠭᠡᠨ ᠵᠢᠯ᠂ ᠪᠢᠳᠡ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠦ᠂ ᠬᠤᠰᠢᠭᠤᠨ ᠤ ᠨᠠᠮ ᠤᠨ ᠬᠤᠷᠢᠶ᠎ᠠ ᠪᠣᠯᠣᠨ ᠠᠶᠢᠮᠠᠭ ᠤᠨ ᠪᠠᠶᠢᠴᠠᠭᠠᠬᠤ ᠬᠤᠪᠢᠶᠠᠷᠢ ᠬᠤᠷᠢᠶ᠎ᠠ ᠶᠢᠨ ᠵᠥᠪ ᠣᠨᠣᠪᠴᠢᠲᠠᠶ ᠤᠳᠤᠷᠢᠳᠤᠯᠭ᠎ᠠ ᠳᠣᠣᠷ᠎ᠠ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠵᠢᠴᠢ ᠲᠡᠭᠦᠨ ᠤ ᠪᠠᠶᠢᠩᠭᠤ ᠶᠢᠨ ᠬᠤᠷᠢᠶ᠎ᠠ ᠶᠢᠨ ᠬᠦᠴᠦᠲᠡᠢ ᠬᠢᠨᠠᠯᠲᠠ ᠳᠣᠣᠷ᠎ᠠ᠂ ᠬᠤᠰᠢᠭᠤᠨ ᠤ ᠵᠠᠰᠠᠭ ᠤᠨ ᠣᠷᠳᠣᠨ᠂ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠪᠣᠯᠣᠨ ᠨᠡᠶᠢᠭᠡᠮ ᠤᠨ ᠡᠯ᠎ᠡ ᠡᠲᠡᠭᠡᠳ ᠤᠨ ᠬᠠᠯᠠᠮᠵᠢᠯᠠᠯ ᠳᠡᠮᠵᠢᠯᠭᠡ ᠳᠣᠣᠷ᠎ᠠ᠂ ᠲᠣᠰ ᠤᠳᠠᠭᠠᠨ ᠤ ᠶᠡᠭᠡ ᠬᠤᠷᠠᠯ ᠤᠨ ᠰᠢᠢᠳᠪᠦᠷᠢ ᠶᠢ ᠨᠠᠷᠢᠨ ᠬᠢᠨᠠᠮᠠᠭᠠᠢ ᠬᠡᠷᠡᠭᠵᠢᠭᠦᠯᠵᠦ᠂ ᠲᠥᠪ ᠴᠢᠬᠡᠴᠢ ᠪᠠᠷ ᠰᠢᠨ᠎ᠡ ᠶᠢ ᠡᠭᠦᠳᠴᠦ᠂ ᠢᠯᠠᠯᠲᠠ ᠶᠢᠨ ᠡᠷᠴᠢᠨ ᠳᠡᠭᠡᠷ᠎ᠡ   ᠡᠷᠡᠮᠡᠬᠡᠶᠢᠯᠡᠨ ᠤᠷᠤᠭᠰᠢᠯᠠᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠪᠥᠬᠦ ᠲᠠᠯ᠎ᠠ ᠪᠠᠷ ᠲᠦᠯᠬᠢᠨ ᠠᠬᠢᠭᠤᠯᠬᠤ ᠳᠤ ᠨᠠᠩ ᠰᠢᠯᠢᠳᠡᠭ ᠪᠠᠶᠢᠴᠠᠭᠠᠬᠤ ᠬᠦᠴᠦᠨ ᠢᠶᠠᠨ  ᠨᠡᠮᠡᠷᠢᠯᠡᠶ᠎ᠡ᠃    
 
ᠢᠷᠡᠯᠲᠡ᠄ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号