ᠵᠠᠰᠠᠭ   ᠤᠨ  ᠣᠷᠳᠣᠨ   ᠤ  ᠠᠵᠢᠯ   ᠤᠨ  ᠢᠯᠡᠳᠬᠡᠯ
ᠨᠡᠶᠢᠲᠡᠯᠡᠭᠰᠡᠨ ᠴᠠᠭ᠄
2023/7/4
ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠪᠠᠨ ᠨᠠᠢᠮᠠᠳᠤᠭᠠᠷ ᠬᠤᠭᠤᠴᠠᠭᠠᠨ ᠤ ᠠᠷᠠᠳ ᠤᠨᠲᠥᠯᠣᠭᠡᠯᠡᠭᠴᠢᠳ ᠤᠨ ᠶᠡᠭᠡ ᠬᠤᠷᠡᠯ ᠤᠨ ᠬᠤᠶᠠᠳᠤᠭᠠᠷ ᠬᠤᠷᠠᠯᠳᠤᠭᠠᠨ ᠤ ᠪᠢᠴᠢᠭ ᠮᠠᠲ᠋ᠧᠷᠢᠶᠠᠯ ( ᠨᠢᠭᠡ)                    ᠵᠠᠰᠠᠭ    ᠤᠨ  ᠣᠷᠳᠣᠨ    ᠤ  ᠠᠵᠢᠯ    ᠤᠨ  ᠢᠯᠡᠳᠬᠡᠯ                                                                      ︱ 2023 ᠣᠨ ᠤ 1 ᠰᠠᠷ᠎ᠠ ᠶᠢᠨ 1 ᠡᠳᠦᠷ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠪᠠᠨ ᠨᠠᠢᠮᠠᠳᠤᠭᠠᠷ                                       ᠬᠤᠭᠤᠴᠠᠭᠠᠨ   ᠤ  ᠠᠷᠠᠳ  ᠤᠨ  ᠲᠥᠯᠥᠭᠡᠯᠡᠭᠴᠢᠳ   ᠤᠨ ᠶᠡᠭᠡ ᠬᠤᠷᠠᠯ ᠤᠨ ᠬᠤᠶᠠᠳᠤᠭᠠᠷ ᠬᠤᠷᠠᠯᠳᠤᠭᠠᠨ ᠳᠡᠭᠡᠷ᠎ᠡ                                                  ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠳᠠᠷᠤᠭ᠎ᠠ  ᠸᠠᠩ ᠯᠢ ᠳ᠋ᠦᠩ     ᠲᠥᠯᠥᠭᠡᠯᠡᠭᠴᠢᠳ ᠠ᠋᠄  ᠤᠲᠤ ᠪᠢ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠡᠮᠦᠨ᠎ᠡ ᠠᠴᠠ ᠶᠡᠭᠡ ᠬᠤᠷᠠᠯ ᠳᠤ ᠠᠵᠢᠯ ᠢᠶᠠᠨ ᠮᠡᠳᠡᠭᠦᠯᠦᠶ᠎ᠡ᠂ ᠬᠢᠨᠠᠨ ᠵᠥᠪᠯᠡᠬᠦ ᠪᠣᠯᠪᠠᠤ᠂ ᠤᠯᠤᠰ ᠲᠥᠷᠥ ᠶᠢᠨ ᠵᠦᠪᠯᠡᠯᠭᠡᠨ ᠤ ᠭᠡᠰᠢᠭᠦᠳ ᠪᠠ ᠬᠤᠷᠠᠯ ᠳᠤ ᠰᠤᠯᠠ ᠣᠷᠣᠯᠴᠠᠭᠰᠠᠨ ᠨᠥᠬᠦᠳ ᠰᠠᠨᠠᠯ ᠢᠶᠠᠨ ᠳᠤᠷᠠᠳᠬᠤ ᠪᠣᠯᠪᠠᠤ᠃ᠨᠢᠭᠡ᠂ 2022 ᠣᠨ ᠤ ᠠᠵᠢᠯ ᠤᠨ ᠡᠷᠭᠢᠴᠡᠭᠦᠯᠦᠯ    ᠥᠩᠭᠡᠷᠡᠭᠰᠡᠨ ᠨᠢᠭᠡ ᠵᠢᠯ ᠪᠣᠯ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠡᠷᠡᠯᠬᠡᠭ ᠪᠠᠭᠠᠲᠤᠷᠯᠢᠭ ᠢᠶᠠᠷ ᠤᠷᠤᠭᠰᠢᠯᠠᠵᠤ᠂ ᠡᠷᠡᠯᠬᠡᠭᠯᠡᠨ ᠲᠡᠮᠡᠴᠡᠵᠦ᠂ ᠵᠠᠮ ᠨᠡᠭᠡᠭᠡᠨ ᠤᠷᠤᠭᠰᠢᠯᠠᠭᠰᠠᠨ ᠵᠠᠩᠭᠢᠯᠠᠭ᠎ᠠ ᠶᠢᠨ ᠨᠢᠭᠡ ᠵᠢᠯ ᠪᠣᠯᠣᠨ᠎ᠠ᠃ ᠳᠡᠯᠡᠬᠡᠢ ᠶᠢᠨ ᠪᠠ ᠤᠯᠤᠰ ᠤᠨ ᠳᠣᠲᠣᠭᠠᠳᠤ ᠶᠢᠨ ᠪᠠᠶᠢᠳᠠᠯ᠂ ᠬᠦᠨᠳᠦ ᠨᠦᠰᠡᠷ ᠪᠡᠷᠬᠡ ᠬᠠᠲᠠᠭᠤᠵᠢᠯᠲᠠᠢ ᠥᠭᠡᠷᠡᠴᠢᠯᠡᠯᠲᠡ ᠬᠥᠭᠵᠢᠯᠲᠡ ᠶᠢᠨ ᠡᠭᠦᠷᠭᠡ ᠶᠢᠨ ᠡᠮᠦᠨ᠎ᠡ᠂ ᠢᠯᠠᠩᠭᠤᠶ᠎ᠠ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠳᠠᠭᠠᠷᠢᠯᠲᠠ ᠵᠡᠷᠭᠡ ᠨᠠᠷᠢᠨ ᠪᠤᠳᠤᠯᠢᠶᠠᠨᠲᠠᠢ ᠪᠠᠶᠢᠳᠠᠯ ᠳᠣᠣᠷ᠎ᠠ᠂ ᠪᠢᠳᠡ ᠨᠡᠶᠢᠭᠡᠮ ᠵᠢᠷᠤᠮ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠣᠶᠢᠯᠠᠭᠠᠵᠤ᠂ ᠠᠮᠢ ᠠᠬᠤᠢ ᠶᠢ ᠲᠡᠷᠢᠭᠦᠨ ᠳᠤ ᠲᠠᠯᠪᠢᠬᠤ᠂ ᠪᠣᠬᠢᠷᠳᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ ᠭᠤᠶᠢᠪᠢᠰᠢ ᠦᠭᠡᠢ ᠵᠠᠮᠨᠠᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠵᠠᠰᠠᠭ ᠤᠨ ᠣᠷᠳᠣᠨ᠂ ᠠᠶᠢᠮᠠᠭ ᠤᠨ ᠨᠠᠮ ᠤᠨ ᠬᠤᠷᠢᠶ᠎ᠠ ᠵᠠᠬᠢᠷᠭ᠎ᠠ ᠪᠠ ᠬᠤᠰᠢᠭᠤᠨ ᠤ ᠨᠠᠮ ᠤᠨ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠤᠨ᠂ ᠪᠥᠬᠦ ᠬᠤᠰᠢᠭᠤᠨ ᠤ ᠥᠷᠭᠡᠨ ᠣᠯᠠᠨ ᠺᠠᠳ᠋ᠷ ᠣᠯᠠᠨ ᠲᠦᠮᠡᠨ ᠲᠠᠢ ᠬᠠᠮᠲᠤ ᠪᠠᠷ ᠪᠦᠯᠬᠦᠮᠳᠡᠨ ᠲᠡᠮᠡᠴᠡᠵᠦ᠂ ᠡᠷᠡᠮᠡᠬᠡᠶᠢᠯᠡᠨ ᠤᠷᠤᠭᠰᠢᠯᠠᠵᠤ᠂ ᠡᠯ᠎ᠡ ᠵᠦᠢᠯ ᠤᠨ ᠠᠵᠢᠯ ᠦᠢᠯᠡᠰ ᠨᠠᠩ ᠴᠢᠨᠠᠷ ᠰᠠᠶᠢᠲᠠᠢ᠂ ᠨᠠᠩ ᠦᠷ᠎ᠡ ᠪᠦᠲᠦᠮᠵᠢᠲᠡᠶ᠂ ᠨᠠᠩ ᠦᠷᠭᠦᠯᠵᠢᠯᠡᠬᠦ ᠬᠥᠭᠵᠢᠯᠲᠡ ᠶᠢᠨ ᠵᠠᠮ ᠢᠶᠠᠷ ᠵᠠᠮᠨᠠᠨ᠎ᠠ᠃ ᠵᠢᠱᠢᠯᠲᠡ ᠪᠠᠷ᠂ ᠪᠥᠬᠦ ᠬᠤᠰᠢᠭᠤᠨ ᠤ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠲᠡᠭ 123 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 6% ᠪᠠᠷ ᠨᠡᠮᠡᠭᠳᠡᠪᠡ᠃ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢ 68 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 6.3% ᠪᠠᠷ ᠨᠡᠮᠡᠭᠳᠡᠪᠡ᠃ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠦᠢᠯᠡᠳᠬᠦᠨ ᠤ ᠶᠡᠷᠦᠩᠬᠡᠢ ᠦᠷᠳᠡᠭ 25 ᠳ᠋ᠦᠩᠰᠢᠭᠤᠷ ᠲᠥᠭᠦᠷᠢᠭ ᠲᠤ ᠬᠦᠷᠴᠦ᠂ 42% ᠪᠠᠷ ᠨᠡᠮᠡᠭᠳᠡᠪᠡ᠃ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠶᠡᠷᠦᠩᠬᠡᠢ ᠲᠤᠭ᠎ᠠ 21 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 5% ᠪᠠᠷ ᠨᠡᠮᠡᠭᠳᠡᠪᠡ ᠃ ᠡᠩ ᠤᠨ ᠣᠯᠠᠨ ᠨᠡᠶᠢᠲᠡ ᠶᠢᠨ ᠡᠳ᠋ ᠤᠨ ᠵᠠᠰᠠᠭ ᠤᠨ ᠲᠥᠰᠥᠪ ᠤᠨ ᠣᠷᠣᠯᠭ᠎ᠠ ᠶᠢ 4.8 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ1% ᠪᠠᠷ ᠨᠡᠮᠡᠭᠳᠡᠪᠡ᠃ ᠬᠤᠲᠠ ᠬᠥᠳᠡᠭᠡ ᠶᠢᠨ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠲᠣᠰ ᠲᠣᠰ 34336 ᠲᠥᠭᠦᠷᠢᠭ ᠪᠠ 15417 ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ ᠲᠣᠰ ᠲᠣᠰ 6.1% ᠪᠠ 7.7%  ᠪᠠᠷ ᠨᠡᠮᠡᠭᠳᠡᠪᠡ᠃︱ ᠥᠩᠭᠡᠷᠡᠭᠰᠡᠨ ᠨᠢᠭᠡ ᠵᠢᠯ ᠳᠤ᠂ ᠪᠢᠳᠡ ᠬᠦᠴᠦᠷᠬᠡᠭᠵᠢᠬᠦ ᠪᠠᠷ ᠬᠦᠴᠦᠯᠡᠨ ᠴᠢᠷᠮᠠᠶᠢᠵᠤ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠪᠦᠲᠦᠮᠵᠢ ᠶᠢ ᠳᠡᠭᠡᠭᠰᠢᠯᠡᠭᠦᠯᠬᠦ ᠶᠢ ᠠᠬᠢᠭᠤᠯᠪᠠ   ᠴᠢᠬᠤᠯᠠ ᠶᠡᠭᠡ ᠲᠦᠷᠦᠯ ᠵᠦᠢᠯ ᠢᠶᠠᠷ ᠭᠤᠣᠯ ᠭᠠᠷᠳᠠᠴᠠ ᠪᠣᠯᠭᠠᠬᠤ ᠶᠢ ᠪᠠᠷᠢᠮᠲᠠᠯᠠᠵᠤ᠂ ᠠᠵᠤ ᠦᠢᠯᠡᠰ ᠤᠨ ᠬᠡᠯᠪᠡᠷᠢ ᠶᠢ ᠬᠤᠪᠢᠷᠠᠭᠤᠯᠤᠨ ᠲᠡᠰ ᠳᠡᠪᠰᠢᠭᠦᠯᠬᠦ᠂ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ᠂ ᠠᠷᠠᠳ ᠤᠨ ᠠᠮᠢᠳᠤᠷᠠᠯ ᠤᠨ ᠦᠢᠯᠡᠰ ᠤᠨ ᠪᠠᠲᠤᠯᠠᠭ᠎ᠠ ᠲᠠᠢ ᠨᠢᠭᠲᠠ ᠤᠶᠠᠯᠳᠤᠭᠤᠯᠤᠨ᠂ ᠠᠷᠭ᠎ᠠ ᠪᠦᠬᠦᠨ ᠢ ᠰᠦᠪᠡᠭᠴᠢᠯᠡᠨ ᠪᠦᠲᠦᠮᠵᠢᠲᠡᠶ ᠪᠡᠯᠡ ᠣᠷᠣᠭᠤᠯᠤᠯᠲᠠ ᠶᠢ ᠥᠷᠭᠡᠳᠬᠡᠵᠦ᠂ ᠠᠵᠤ ᠠᠬᠤᠢ ᠶᠢᠨ ᠬᠥᠭᠵᠢᠯᠲᠡ ᠶᠢᠨ ︽ᠰᠠᠭᠤᠷᠢ ᠴᠢᠯᠠᠭᠤ︾ ᠶᠢ ᠪᠠᠲᠤ ᠴᠣᠭᠴᠠᠯᠠᠪᠠ᠃ ᠪᠥᠬᠦ ᠵᠢᠯ ᠳᠤ 40 ᠴᠢᠬᠤᠯᠠ ᠶᠡᠭᠡ ᠲᠥᠷᠥᠯ ᠵᠦᠢᠯ ᠢ ᠬᠡᠷᠡᠭᠵᠢᠭᠦᠯᠵᠦ᠂ ᠶᠡᠷᠦᠩᠬᠡᠢ ᠪᠡᠯᠡ ᠣᠷᠣᠭᠤᠯᠤᠯᠲᠠ ᠨᠢ 253.8 ᠳ᠋ᠦᠩᠰᠢᠭᠤᠷ ᠲᠥᠭᠦᠷᠢᠭ ᠲᠤ ᠬᠦᠷᠴᠦ᠂ ᠵᠢᠯ ᠤᠨ ᠳᠣᠲᠣᠷ᠎ᠠ 55.3 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠪᠡ᠃ ᠵᠦᠩ ᠭᠤᠸᠠᠩ ᠴᠥᠮ᠎ᠡ ᠶᠢᠨ ᠰᠠᠯᠬᠢᠨ ᠬᠦᠴᠦᠨ ᠤ ᠴᠠᠬᠢᠯᠭᠠᠨ ᠤ ᠲᠦᠷᠦᠯ ᠵᠦᠢᠯ ᠢ ᠲᠣᠣᠷ ᠲᠤ ᠨᠡᠶᠢᠯᠡᠭᠦᠯᠦᠨ ᠴᠠᠬᠢᠯᠭᠠᠨ ᠭᠠᠷᠭᠠᠵᠤ᠂ ᠮᠠᠨ ᠤ ᠤᠯᠤᠰ ᠤᠨ ᠠᠩᠬᠠᠳᠠᠭᠴᠢ ᠲᠠᠩ ᠪᠡᠶᠡᠲᠦ ᠵᠠᠭᠤᠨ ᠲᠦᠮᠡᠨ ᠺᠢᠯᠣᠸᠠᠲ ᠤᠨ ᠲᠡᠰ ᠤᠨ ᠬᠠᠭᠤᠷᠠᠢ ᠳᠡᠭᠡᠷᠡᠬᠢ ᠰᠠᠯᠬᠢᠨ ᠬᠦᠴᠦᠨ ᠤ ᠴᠠᠬᠢᠯᠭᠠᠨ ᠤ ᠰᠠᠭᠤᠷᠢᠨ ᠢ ᠠᠰᠢᠭᠯᠠᠯᠲᠠ ᠳᠤ ᠣᠷᠣᠭᠤᠯᠬᠤ ᠲᠦᠷᠦᠯ ᠵᠦᠢᠯ ᠪᠣᠯᠪᠠ᠃ ᠢᠯᠢ ᠶᠢᠨ 5G ᠶᠢᠨ ᠰᠢᠩᠭᠡᠨ ᠲᠤᠯᠤᠪᠲᠤ ᠰᠦ ᠶᠢ ᠣᠶᠤᠨᠴᠢ ᠪᠠᠷ ᠦᠶᠯᠡᠳᠬᠦ ᠲᠥᠷᠥᠯ ᠵᠦᠢᠯ ᠪᠥᠬᠦ ᠲᠠᠯ᠎ᠠ ᠪᠠᠷ ᠠᠰᠢᠭᠯᠠᠯᠲᠠ ᠳᠤ ᠣᠷᠣᠵᠤ᠂ ᠲᠥᠪ ᠤᠨ ᠨᠥᠭᠡᠴᠡ ᠠᠮᠤ ᠪᠤᠳᠠᠭ᠎ᠠ ᠶᠢ ᠬᠥᠮᠥᠷᠭᠡᠯᠡᠨ ᠬᠠᠳᠠᠭᠠᠯᠠᠬᠤ ᠲᠥᠷᠥᠯ ᠵᠦᠢᠯ ᠢ ᠡᠬᠢᠯᠡᠭᠦᠯᠦᠨ᠂ ᠬᠤᠸᠠ ᠨᠧᠩ 20 ᠲᠦᠮᠡᠨ ᠺᠢᠯᠣᠸᠠᠲ ᠤᠨ ᠰᠠᠯᠬᠢᠨ ᠬᠦᠴᠦᠨ ᠤ ᠴᠠᠬᠢᠯᠭᠠᠨ ᠤ ᠲᠥᠷᠥᠯ ᠵᠦᠢᠯ ᠤᠷᠤᠭᠰᠢᠲᠠᠢ ᠶᠠᠪᠤᠭᠳᠠᠵᠤ᠂ ᠲᠢᠶᠠᠨ ᠷᠦᠢ ᠬᠤᠸᠠ ᠹᠦ᠋᠂ ᠭᠤᠸᠠᠨ ᠬᠡᠦ ᠰᠢᠩ ᠵᠢᠩ ᠵᠡᠷᠭᠡ ᠨᠢᠭᠡ ᠪᠦᠯᠦᠭ ᠭᠡᠷ ᠪᠠᠶᠢᠰᠢᠩ ᠭᠠᠵᠠᠷ ᠰᠢᠷᠣᠢ ᠶᠢᠨ ᠬᠥᠷᠥᠩᠭᠡ ᠶᠢᠨ ᠲᠥᠷᠥᠯ ᠵᠦᠢᠯ ᠠᠰᠢᠭᠯᠠᠯᠲᠠ ᠳᠤ ᠣᠷᠣᠵᠤ᠂ ᠴᠢᠬᠤᠯᠠ ᠶᠡᠭᠡ ᠲᠥᠷᠥᠯ ᠵᠦᠢᠯ ᠨᠢ ᠬᠤᠰᠢᠭᠤᠨ ᠤ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢᠨ ︽ᠬᠦᠴᠦᠷᠬᠡᠭ ᠬᠥᠳᠡᠯᠭᠡᠭᠦᠷ︾ ᠢ ᠬᠥᠭᠵᠢᠭᠡᠪᠡ᠃ ᠬᠥᠮᠥᠷᠭᠡ ᠳᠤ ᠣᠷᠣᠭᠤᠯᠬᠤ ᠰᠣᠯᠣᠨ ᠤ ᠤᠰᠤ ᠲᠠᠲᠠᠵᠤ ᠡᠨᠧᠷᠭᠢ ᠬᠠᠳᠠᠭᠠᠯᠠᠬᠤ᠂ ᠳᠤᠮᠳᠠ ᠴᠥᠮ᠎ᠡ ᠶᠢᠨ ᠪᠣᠬᠢᠷᠳᠤᠯ ᠦᠭᠡᠢ ᠪᠠᠷ ᠴᠠᠬᠢᠯᠭᠠᠨ ᠬᠠᠩᠭᠠᠬᠤ᠂ ᠨᠡᠶᠢᠳᠡᠮ ᠬᠡᠷᠡᠭᠯᠡᠭᠡᠨ ᠤ ᠨᠢᠰᠬᠡᠯ ᠤᠨ ᠪᠠᠭᠤᠳᠠᠯ ᠵᠡᠷᠭᠡ 46 ᠴᠢᠬᠤᠯᠠ ᠶᠡᠭᠡ ᠲᠥᠷᠥᠯ ᠵᠦᠢᠯ ᠢ ᠨᠥᠭᠡᠴᠡᠯᠡᠵᠦ᠂ ᠨᠡᠶᠢᠲᠡ 319.3 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠪᠠ᠃ ᠪᠠᠶᠠᠨᠮᠥᠩᠬᠡ᠂ ᠬᠤᠸᠠ ᠯᠠᠢ ᠱᠢ ᠵᠡᠷᠭᠡ ᠡᠯ᠎ᠡ ᠲᠦᠷᠦᠯ ᠤᠨ ᠵᠠᠭᠤ ᠭᠠᠷᠤᠢ ᠠᠵᠤ ᠠᠬᠤᠶᠢᠯᠠᠯ ᠲᠠᠢ ᠢᠳᠡᠪᠬᠢᠲᠡᠢ ᠪᠠᠷ ᠠᠵᠢᠯ ᠢᠶᠠᠨ ᠵᠣᠯᠭᠠᠭᠤᠯᠵᠤ᠂ 39 ᠲᠦᠷᠦᠯ ᠵᠦᠢᠯ ᠳᠤ ᠭᠠᠷ ᠤᠨ ᠦᠰᠦᠭ ᠵᠢᠷᠤᠵᠤ᠂ ᠵᠥᠪᠯᠡᠯᠴᠡᠭᠡᠷ ᠤᠨ ᠶᠡᠷᠦᠩᠬᠡᠢ ᠪᠡᠯᠡ ᠣᠷᠣᠭᠤᠯᠤᠯᠲᠠ 125 ᠳ᠋ᠦᠩᠰᠢᠭᠤᠷ ᠲᠥᠭᠦᠷᠢᠭ ᠲᠤ ᠬᠦᠷᠴᠦ᠂ 50 ᠳ᠋ᠦᠩᠰᠢᠭᠤᠷ ᠲᠥᠭᠦᠷᠢᠭ ᠤᠨ ᠪᠡᠯᠡ ᠮᠥᠩᠭᠦ ᠶᠢ ᠪᠣᠳᠠᠲᠠᠶᠢᠵᠢᠭᠤᠯᠵᠤ᠂ ᠪᠦᠬᠦ ᠵᠢᠯ ᠤᠨ ᠡᠭᠦᠷᠭᠡ ᠶᠢᠨ 126% ᠢ ᠪᠡᠶᠡᠯᠡᠭᠦᠯᠵᠦ᠂ ᠨᠡᠮᠡᠭᠳᠡᠯ ᠤᠨ ᠬᠤᠷᠳᠤᠴᠠ ᠨᠢ ᠪᠦᠬᠦ ᠠᠶᠢᠮᠠᠭ ᠲᠤ ᠨᠢᠭᠡᠳᠦᠭᠡᠷ ᠲᠤ ᠵᠢᠭᠰᠠᠵᠤ ᠪᠠᠶᠢᠨ᠎ᠠ᠃    ︱ ᠥᠩᠭᠡᠷᠡᠭᠰᠡᠨ ᠨᠢᠭᠡ ᠵᠢᠯ ᠳᠤ᠂ ᠪᠢᠳᠡ ᠬᠦᠴᠦᠯᠡᠨ ᠴᠢᠷᠮᠠᠶᠢᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠨᠢᠭᠡᠳᠦᠯᠲᠡᠢ ᠲᠥᠯᠥᠪᠵᠢᠭᠦᠯᠵᠦ ᠪᠦᠲᠦᠮᠵᠢᠲᠡᠢ ᠵᠣᠯᠭᠠᠭᠤᠯᠪᠠ   ᠰᠢᠨ᠎ᠡ ᠬᠥᠭᠵᠢᠯᠲᠡ ᠶᠢᠨ ᠱᠠᠲᠤᠨ ᠤ ︽ᠲᠠᠷᠢᠶᠠᠯᠠᠩ ᠮᠠᠯ ᠠᠵᠤ ᠠᠬᠤᠢ᠂ ᠮᠠᠯᠵᠢᠬᠤ ᠲᠠᠷᠢᠶᠠᠯᠠᠬᠤ ᠣᠷᠣᠨ᠂ ᠮᠠᠯᠴᠢᠨ ᠲᠠᠷᠢᠶᠠᠴᠢᠨ︾ ᠤ ᠠᠰᠠᠭᠤᠳᠠᠯ ᠢ ᠰᠠᠶᠢᠲᠤᠷ ᠰᠢᠢᠳᠪᠦᠷᠢᠯᠡᠬᠦ ᠶᠢ ᠭᠤᠣᠯᠳᠠᠯᠭ᠎ᠠ ᠶᠢᠨ ᠳᠣᠲᠣᠷᠠᠬᠢ ᠭᠤᠣᠯᠳᠠᠯᠭ᠎ᠠ ᠪᠣᠯᠭᠠᠵᠤ᠂ ᠪᠥᠬᠦ ᠬᠤᠰᠢᠭᠤᠨ ᠤ ᠬᠦᠴᠦᠨ ᠢᠶᠠᠷ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠲᠦᠯᠬᠢᠨ ᠠᠬᠢᠭᠤᠯᠵᠤ᠂ ᠪᠥᠬᠦ ᠬᠥᠮᠥᠰ ᠢᠶᠠᠷ ᠢᠶᠠᠨ ᠭᠠᠪᠰᠢᠭᠠᠶᠢᠯᠠᠵᠤ᠂ ᠬᠠᠮᠲᠤ ᠪᠠᠷ ᠪᠡᠶᠡᠵᠢᠨ ᠴᠢᠨᠡᠭᠡᠯᠢᠭᠵᠢᠬᠦ ᠭᠤᠶᠢᠳᠠ ᠰᠠᠶᠢᠬᠠᠨ ᠬᠠᠭᠤᠳᠠᠰᠤ ᠶᠢ ᠪᠢᠴᠢᠭᠯᠡᠪᠡ᠃ ᠨᠢᠭᠡ ᠳᠤ ᠶᠠᠳᠠᠭᠤ ᠠᠴᠠ ᠠᠩᠭᠢᠵᠢᠷᠠᠭᠤᠯᠤᠭᠰᠠᠨ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠪᠡ᠃ ᠪᠥᠬᠦ ᠵᠢᠯ ᠳᠤ ᠳᠠᠬᠢᠨ ᠶᠠᠳᠠᠭᠤᠷᠠᠬᠤ ᠶᠢ ᠰᠡᠷᠭᠡᠶᠢᠯᠡᠬᠦ ᠬᠥᠳᠡᠯᠦᠩᠭᠦᠢ ᠬᠠᠮᠢᠶᠠᠷᠤᠯᠲᠠ ᠶᠢ 4 ᠤᠳᠠᠭ᠎ᠠ ᠥᠷᠨᠢᠭᠦᠯᠵᠦ᠂ ᠴᠠᠭ ᠲᠤᠬᠠᠢ ᠳᠤ ᠨᠢ ᠲᠡᠳᠬᠦᠬᠦ ᠠᠷᠭ᠎ᠠ ᠠᠪᠴᠠᠯ ᠢ ᠠᠪᠴᠤ᠂ 1094 ᠬᠥᠮᠥᠨ ᠤ ᠳᠠᠬᠢᠨ ᠶᠠᠳᠠᠭᠤᠷᠠᠬᠤ ᠲᠦᠭᠰᠢᠭᠦᠷᠢ ᠶᠢ ᠠᠷᠢᠯᠭᠠᠵᠤ᠂ 837 ᠲᠦᠮᠡᠨ ᠲᠥᠭᠦᠷᠢᠭ ᠤᠨ ᠪᠡᠯᠡ ᠮᠥᠩᠭᠦ ᠣᠷᠤᠭᠤᠯᠪᠠ᠃ ᠣᠨᠳᠣᠣ ᠭᠠᠵᠠᠷ ᠨᠡᠭᠦᠯᠭᠡᠵᠦ ᠲᠥᠪᠬᠢᠨᠡᠭᠦᠯᠦᠭᠰᠡᠨ ᠣᠷᠣᠨ ᠤ ︽ᠬᠤᠶᠠᠷ ᠢ ᠠᠬᠢᠭᠤᠯᠵᠤ ᠨᠢᠭᠡ ᠶᠢ ᠨᠥᠬᠦᠪᠦᠷᠢᠯᠡᠬᠦ︾ ᠬᠤᠶᠢᠨᠠᠬᠢ ᠲᠡᠳᠬᠦᠬᠦ ᠲᠥᠷᠥᠯ ᠵᠦᠢᠯ ᠢ ᠬᠡᠷᠡᠭᠵᠢᠭᠦᠯᠵᠦ᠂ ᠨᠡᠭᠦᠯᠭᠡᠭᠰᠡᠨ ᠣᠯᠠᠨ ᠲᠦᠮᠡᠨ ᠤ ᠠᠮᠢᠳᠤᠷᠠᠯ ᠤᠨ ᠵᠣᠯ ᠵᠢᠷᠭᠠᠯᠲᠤ ᠲᠥᠷᠥᠭᠳᠡᠯ᠂ ᠬᠠᠨᠤᠮᠵᠢ ᠶᠢᠨ ᠬᠡᠮᠵᠢᠶ᠎ᠡ ᠶᠢ ᠲᠠᠰᠤᠷᠠᠯᠲᠠ ᠦᠭᠡᠢ ᠳᠡᠭᠡᠭᠰᠢᠯᠡᠭᠦᠯᠪᠡ᠃ ᠶᠠᠳᠠᠭᠤ ᠶᠢ ᠲᠡᠳᠬᠦᠬᠦ ᠡᠳ᠋ ᠬᠥᠷᠥᠩᠭᠡ ᠶᠢ ᠢᠯᠭᠠᠷᠠᠭᠤᠯᠤᠨ ᠪᠠᠶᠢᠴᠠᠭᠠᠵᠤ ᠬᠠᠷᠭᠤᠭᠤᠯᠤᠨ ᠪᠠᠶᠢᠴᠠᠭᠠᠬᠤ ᠠᠵᠢᠯ ᠢ ᠡᠬᠢᠯᠡᠭᠦᠯᠵᠦ᠂ ︽ᠭᠤᠷᠪᠠᠨ ᠡᠬᠡ ᠲᠠᠩᠰᠠ︾ ᠶᠢ ᠱᠠᠲᠤ ᠬᠤᠪᠢᠶᠠᠨ ᠲᠦᠷᠦᠯ ᠬᠤᠪᠢᠶᠠᠨ ᠲᠡᠭᠦᠯᠳᠡᠷᠵᠢᠭᠦᠯᠵᠦ᠂ 20.7 ᠳ᠋ᠦᠩᠰᠢᠭᠤᠷ ᠲᠥᠭᠦᠷᠢᠭ ᠤᠨ ᠶᠠᠳᠠᠭᠤ ᠶᠢ ᠲᠡᠳᠬᠦᠬᠦ ᠡᠳ᠋ ᠬᠥᠷᠥᠩᠭᠡ ᠶᠢᠨ ᠦᠷᠳᠡᠭ ᠢ ᠦᠷᠭᠦᠯᠵᠢᠯᠡᠨ ᠪᠠᠲᠤᠯᠠᠵᠤ ᠦᠷᠳᠡᠭ ᠢ ᠨᠢ ᠨᠡᠮᠡᠭᠳᠡᠭᠦᠯᠪᠡ᠃ ᠬᠤᠶᠠᠷ ᠲᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠲᠣᠭᠲᠠᠭᠤᠨ ᠢᠶᠠᠷ ᠤᠷᠤᠭᠰᠢᠯᠠᠪᠠ᠃ ᠠᠮᠵᠢᠯᠲᠠ ᠲᠠᠢ ᠪᠠᠷ ᠥᠪᠡᠷᠲᠡᠭᠡᠨ ᠵᠠᠰᠠᠬᠤ ᠣᠷᠣᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠦᠷᠦᠭᠦᠯᠡᠭᠴᠢ ᠵᠢᠱᠢᠶ᠎ᠡ ᠦᠵᠡᠭᠦᠯᠬᠦ ᠬᠤᠰᠢᠭᠤ ᠪᠣᠯᠣᠨ ᠳᠡᠪᠰᠢᠵᠦ᠂ ᠪᠥᠬᠦ ᠵᠢᠯ ᠳᠤ ᠡᠯ᠎ᠡ ᠱᠠᠲᠤᠨ ᠤ ᠡᠯ᠎ᠡ ᠲᠥᠷᠥᠯ ᠤᠨ ᠪᠡᠯᠡ ᠮᠥᠩᠭᠦ ᠶᠢ 3.7 ᠳ᠋ᠦᠩᠰᠢᠭᠤᠷ ᠲᠥᠭᠦᠷᠢᠭ ᠴᠢᠷᠮᠠᠶᠢᠨ ᠣᠯᠵᠤ᠂ 141 ᠠᠵᠤ ᠦᠢᠯᠡᠰ ᠢ ᠬᠥᠭᠵᠢᠭᠦᠯᠬᠦ᠂ ᠳᠤᠲᠠᠭᠤᠳᠠᠯ ᠢ ᠨᠥᠬᠦᠪᠦᠷᠢᠯᠡᠬᠦ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ ᠲᠥᠷᠥᠯ ᠵᠦᠢᠯ ᠢ ᠪᠥᠬᠦ ᠲᠠᠯ᠎ᠠ ᠪᠠᠷ ᠪᠠᠶᠢᠭᠤᠯᠤᠨ ᠳᠠᠭᠤᠰᠬᠠᠵᠤ ᠠᠰᠢᠭᠯᠠᠯᠲᠠ ᠳᠤ ᠣᠷᠣᠭᠤᠯᠪᠠ᠃ ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯᠯᠠᠭ᠎ᠠ ᠶᠢ ᠭᠦᠨᠵᠡᠭᠡᠢ ᠬᠡᠷᠡᠭᠵᠢᠭᠦᠯᠵᠦ᠂ ᠪᠥᠬᠦ ᠣᠷᠣᠨ ᠳᠤ ᠲᠦᠷᠦᠭᠦᠯᠡᠨ ᠬᠤᠭ ᠨᠣᠪᠰᠢ ᠶᠢᠨ ᠡᠬᠢ ᠡᠭᠦᠰᠦᠯ ᠤᠨ ᠬᠡᠮᠵᠢᠶ᠎ᠡ ᠶᠢ ᠪᠠᠭᠠᠰᠬᠠᠬᠤ᠂ ᠠᠷᠢᠭᠤᠨ ᠴᠡᠪᠡᠷ ᠵᠣᠷᠯᠣᠩ ᠢ ᠥᠭᠡᠷᠡᠴᠢᠯᠡᠬᠦ᠂ ᠠᠮᠢᠳᠤᠷᠠᠯ ᠤᠨ ᠪᠣᠬᠢᠷ ᠤᠰᠤ ᠶᠢ ᠵᠠᠰᠠᠬᠤ ᠶᠢ ᠨᠢᠭᠡ ᠴᠣᠭᠴᠠᠵᠢᠭᠤᠯᠬᠤ ᠵᠡᠷᠭᠡ ᠲᠥᠷᠥᠯ ᠵᠦᠢᠯ ᠢ ᠡᠬᠢᠯᠡᠭᠦᠯᠵᠦ᠂ ︽ᠲᠠᠷᠢᠶᠠᠨ ᠭᠠᠵᠠᠷ ᠤᠰᠤᠨ ᠵᠠᠮ ᠣᠶ ᠰᠢᠭᠤᠢ ᠲᠣᠰᠬᠤᠨ︾ ᠤ ᠳᠦᠷᠰᠦ ᠪᠠᠶᠢᠳᠠᠯ ᠢ ᠢᠯᠡᠳᠲᠡ ᠳᠡᠭᠡᠭᠰᠢᠯᠡᠭᠦᠯᠪᠡ᠃ ᠲᠠᠷᠢᠶᠠᠯᠠᠩ ᠲᠠᠢ ᠬᠤᠯᠪᠣᠭᠠᠯᠠᠵᠤ ᠲᠠᠷᠢᠶᠠᠯᠠᠩ ᠢ ᠳᠠᠶᠢᠴᠢᠯᠠᠬᠤ ᠲᠣᠭᠲᠠᠴᠠ ᠶᠢ ᠦᠷᠭᠦᠯᠵᠢᠯᠡᠨ ᠲᠡᠭᠦᠯᠳᠡᠷᠵᠢᠭᠦᠯᠵᠦ᠂ ᠤᠯᠠᠨ ᠲᠦᠮᠡᠨ ᠤ ᠡᠷᠤᠭᠡ ᠶᠢᠨ ᠳᠤᠮᠳᠠᠴᠢ ᠣᠷᠣᠯᠭ᠎ᠠ ᠶᠢ 3600 ᠲᠥᠭᠦᠷᠢᠭ ᠠᠴᠠ ᠳᠡᠭᠡᠭᠰᠢ ᠨᠡᠮᠡᠭᠳᠡᠭᠦᠯᠵᠦ᠂ ︽ᠬᠦᠷᠢᠶ᠎ᠡ ᠬᠠᠰᠢᠶᠠᠨ ᠠᠴᠠ ᠣᠷᠣᠯᠭ᠎ᠠ ᠡᠭᠦᠳᠬᠦ︾ ᠶᠢᠨ ᠬᠠᠷᠠᠯᠲᠠ ᠶᠢ ᠪᠡᠶᠡᠯᠡᠭᠦᠯᠪᠡ᠃ ᠪᠡᠭᠡᠵᠢᠩ ᠥᠪᠥᠷ ᠮᠣᠩᠭᠤᠯ ᠤᠨ ᠬᠠᠮᠵᠢᠯᠴᠠᠭ᠎ᠠ᠂ ᠲᠥᠪ ᠤᠨ ᠨᠢᠭᠡᠴᠡ ᠠᠴᠠ ᠴᠡᠭ ᠲᠣᠭᠲᠠᠭᠠᠨ ᠬᠠᠪᠰᠤᠷᠤᠨ ᠲᠡᠳᠬᠦᠬᠦ᠂ ᠨᠡᠶᠢᠭᠡᠮ ᠠᠴᠠ ᠬᠠᠪᠰᠤᠷᠤᠨ ᠲᠡᠳᠬᠦᠭᠰᠡᠨ ᠦᠷ᠎ᠡ ᠪᠦᠲᠦᠭᠡᠯ ᠢ ᠭᠦᠨᠵᠡᠭᠡᠶᠢᠷᠡᠭᠦᠯᠵᠦ᠂ ︽ᠲᠦᠮᠡᠨ ᠠᠵᠤ ᠠᠬᠤᠶᠢᠯᠠᠯ ᠢᠶᠠᠷ ᠲᠦᠮᠡᠨ ᠲᠣᠰᠬᠤᠨ ᠢ ᠮᠠᠨᠳᠤᠭᠤᠯᠬᠤ︾ ᠠᠵᠢᠯᠯᠠᠭ᠎ᠠ ᠶᠢ ᠰᠠᠶᠢᠲᠤᠷ ᠠᠬᠢᠭᠤᠯᠵᠤ᠂ ᠵᠢᠯ ᠤᠨ ᠳᠣᠲᠣᠷ᠎ᠠ ᠪᠡᠭᠡᠵᠢᠩ ᠳᠤ ᠣᠷᠣᠭᠤᠯᠤᠭᠰᠠᠨ ᠪᠣᠷᠤᠯᠠᠭᠤᠯᠭ᠎ᠠ ᠶᠢᠨ ᠬᠡᠮᠵᠢᠶ᠎ᠡ 7588 ᠲᠦᠮᠡᠨ ᠲᠥᠭᠦᠷᠢᠭ ᠲᠤ ᠬᠥᠷᠪᠡ ᠃ ᠭᠤᠷᠪᠠ ᠳᠤ ᠦᠢᠯᠡᠳᠪᠦᠷᠢᠯᠡᠯ ᠤᠨ ᠬᠦᠴᠦᠨ ᠵᠦᠢᠯ ᠡᠳᠦᠷ ᠢᠷᠡᠬᠦᠶ᠎ᠡ ᠲᠡᠭᠦᠯᠳᠡᠷᠵᠢᠵᠦ ᠪᠠᠶᠢᠨ᠎ᠠ᠃ ᠪᠥᠬᠦ ᠬᠤᠰᠢᠭᠤᠨ ᠤ ᠠᠮᠤ ᠪᠤᠳᠠᠭᠠᠨ ᠤ ᠤᠨᠠᠯᠲᠠ ᠶᠢ 30 ᠳ᠋ᠦᠩᠰᠢᠭᠤᠷ ᠵᠢᠩ ᠠᠴᠠ ᠳᠡᠭᠡᠭᠰᠢ ᠬᠡᠮᠵᠢᠶᠡᠨ ᠳᠤ ᠲᠣᠭᠲᠠᠪᠤᠷᠢᠵᠢᠭᠤᠯᠵᠤ᠂ ︽ᠠᠷᠪᠠᠨ ᠭᠤᠷᠪᠠᠨ ᠵᠢᠯ ᠳᠠᠷᠠᠭᠠᠯᠠᠨ ᠡᠯᠪᠡᠭ ᠬᠤᠷᠢᠶᠠᠯᠲᠠ ᠣᠯᠬᠤ︾ ᠶᠢ ᠪᠡᠶᠡᠯᠡᠭᠦᠯᠪᠡ᠃ ᠵᠡᠭᠦᠨ ᠬᠤᠶᠢᠲᠤ ᠣᠷᠣᠨ ᠤ 81 ᠲᠦᠮᠡᠨ ᠮᠦ ᠬᠠᠷ᠎ᠠ ᠬᠥᠷᠥᠰᠥᠨ ᠤ ᠬᠠᠮᠠᠭᠠᠯᠠᠯᠲᠠ ᠶᠢᠨ ᠴᠢᠨᠠᠷᠲᠠᠢ ᠲᠠᠷᠢᠶᠠᠯᠠᠭ᠎ᠠ ᠶᠢ ᠬᠡᠷᠡᠭᠵᠢᠭᠦᠯᠵᠦ᠂ 64 ᠲᠦᠮᠡᠨ ᠮᠦ ᠬᠦᠷᠦᠰᠦ ᠶᠢ ᠰᠤᠯᠠᠷᠠᠭᠤᠯᠬᠤ ᠠᠵᠢᠯ ᠢ ᠬᠢᠵᠦ᠂ 20 ᠲᠦᠮᠡᠨ ᠮᠦ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ ᠰᠢᠨ᠎ᠡ ᠪᠠᠷ ᠪᠠᠶᠢᠭᠤᠯᠵᠤ᠂ 5.3 ᠲᠦᠮᠡᠨ ᠮᠦ ᠪᠣᠬᠢᠷᠳᠤᠯ ᠦᠭᠡᠢ ᠥᠨᠳᠥᠷ ᠦᠷ᠎ᠡ ᠠᠰᠢᠭ ᠲᠠᠢ ᠠᠮᠤ ᠪᠤᠳᠠᠭ᠎ᠠ ᠨᠡᠮᠡᠭᠳᠡᠭᠦᠯᠬᠦ ᠵᠢᠱᠢᠶ᠎ᠡ ᠦᠵᠡᠭᠦᠯᠬᠦ ᠰᠠᠭᠤᠷᠢᠨ ᠭᠠᠵᠠᠷ ᠢ ᠪᠣᠶ ᠪᠣᠯᠭᠠᠪᠠ᠃ 80 ᠲᠦᠮᠡᠨ ᠮᠦ ᠭᠠᠵᠠᠷ ᠰᠢᠷᠣᠢ ᠶᠢ ᠡᠷᠭᠢᠯᠲᠡ ᠳᠤ ᠣᠷᠣᠭᠤᠯᠵᠤ᠂ ᠲᠠᠷᠢᠮᠠᠯ ᠤᠨ ᠶᠡᠷᠦᠩᠬᠡᠶᠢᠯᠡᠭᠰᠡᠨ ᠮᠠᠰᠢᠨᠴᠢᠯᠠᠯᠲᠠ ᠶᠢᠨ ᠨᠣᠷᠮ᠎ᠠ 88.2% ᠲᠤ ᠬᠥᠷᠪᠡ᠃ ᠥᠪᠡᠷᠲᠡᠭᠡᠨ ᠵᠠᠰᠠᠬᠤ ᠣᠷᠣᠨ ᠤ ᠲᠠᠰ ᠤᠨ ᠰᠢᠷ᠎ᠠ ᠪᠤᠷᠴᠠᠭ ᠳᠠᠷᠢᠬᠤ ᠲᠣᠮᠣ ᠰᠢᠶᠠᠨ ᠤ ᠲᠥᠷᠥᠯ ᠵᠦᠢᠯ ᠠᠮᠵᠢᠯᠲᠠ ᠲᠠᠢ ᠪᠠᠷ ᠵᠥᠪᠰᠢᠶᠡᠷᠡᠭᠳᠡᠵᠦ᠂ 6 ᠲᠦᠮᠡᠨ ᠮᠦ ᠪᠦᠰᠡᠯᠢᠭ ᠨᠡᠶᠢᠯᠡᠮᠡᠯ ᠲᠠᠷᠢᠶᠠᠯᠠᠩ ᠤᠨ 6 ᠲᠦᠮᠡᠨ ᠮᠦ ᠰᠢᠨ᠎ᠡ ᠡᠭᠦᠯᠳᠡᠷ ᠢ ᠪᠣᠶ ᠪᠣᠯᠭᠠᠵᠤ ᠵᠢᠱᠢᠶ᠎ᠡ ᠦᠵᠡᠭᠦᠯᠦᠨ ᠳᠡᠯᠭᠡᠷᠡᠭᠦᠯᠪᠡ᠃ ︽ᠵᠢᠵᠢᠭ ᠠᠭᠠᠯᠢᠭ ᠠᠯᠢᠮ᠎ᠠ ᠲᠣᠮᠣ ᠠᠵᠤ ᠦᠢᠯᠡᠰ︾ ᠤᠨ ᠲᠣᠭᠤᠷᠢᠨ ᠳᠤ᠂ ᠥᠨᠳᠥᠷ ᠪᠠᠷᠢᠮᠵᠢᠶᠠᠲᠤ ᠵᠢᠮᠢᠰ ᠤᠨ ᠬᠦᠷᠢᠶᠡᠯᠡᠩ ᠢ 2000 ᠮᠦ ᠰᠢᠨ᠎ᠡ ᠪᠠᠷ ᠪᠠᠶᠢᠭᠤᠯᠪᠠ᠃ ᠪᠥᠬᠦ ᠬᠤᠰᠢᠭᠤᠨ ᠤ ᠣᠶ ᠵᠢᠮᠢᠰ ᠤᠨ ᠶᠡᠷᠦᠩᠬᠡᠢ ᠲᠠᠯᠠᠪᠠᠶ 23 ᠲᠦᠮᠡᠨ ᠮᠦ ᠶᠢ ᠳᠠᠪᠠᠵᠤ᠂ ᠪᠣᠬᠢᠷᠳᠤᠯ ᠦᠭᠡᠢ ᠢᠳᠡᠭᠡᠨ ᠤ ᠲᠦᠭᠦᠬᠡᠢ ᠮᠠᠲ᠋ᠧᠷᠢᠶᠠᠯ ᠤᠨ ᠪᠠᠷᠢᠮᠵᠢᠶᠠᠵᠢᠭᠤᠯᠤᠭᠰᠠᠨ ᠦᠢᠯᠡᠳᠪᠦᠷᠢᠯᠡᠯ ᠤᠨ ᠰᠠᠭᠤᠷᠢᠨ ᠭᠠᠵᠠᠷ ᠢ 257 ᠲᠦᠮᠡᠨ ᠮᠦ ᠭᠡᠷᠡᠴᠢᠯᠡᠵᠦ᠂ 23 ᠲᠠᠷᠢᠶᠠᠯᠠᠩ ᠤᠨ ᠪᠦᠲᠦᠭᠡᠭᠳᠡᠬᠦᠨ ᠢ ᠪᠥᠬᠦ ᠤᠯᠤᠰ ᠤᠨ ︽ᠣᠨᠴᠠ ᠨᠡᠷᠡᠲᠦ ᠰᠢᠨ᠎ᠡ ᠰᠢᠯᠢᠳᠡᠭ︾ ᠲᠠᠷᠢᠶᠠᠯᠠᠩ ᠤᠨ ᠪᠦᠲᠦᠭᠡᠭᠳᠡᠬᠦᠨ ᠤ ᠨᠡᠷᠡᠰ ᠤᠨ ᠵᠢᠭᠰᠠᠭᠠᠯᠲᠠ ᠳᠤ ᠣᠷᠣᠭᠤᠯᠪᠠ᠃ ᠬᠤᠰᠢᠭᠤᠨ ᠤ ᠲᠠᠷᠢᠶᠠᠯᠠᠩ ᠤᠨ ᠮᠡᠷᠭᠡᠵᠢᠯ ᠤᠨ ᠬᠥᠭᠵᠢᠯᠲᠡ ᠶᠢᠨ ᠲᠥᠪ ᠨᠢ ︽ᠪᠥᠬᠦ ᠤᠯᠤᠰ ᠤᠨ ᠲᠠᠪᠤᠨ ᠣᠳᠣᠲᠤ ᠳᠡᠯᠭᠡᠷᠡᠭᠦᠯᠬᠦ ᠪᠠᠶᠢᠭᠤᠯᠤᠮᠵᠢ︾᠂ ︽ᠪᠥᠬᠦ ᠤᠯᠤᠰ ᠤᠨ ᠲᠠᠷᠢᠮᠠᠯ ᠤᠨ ᠡᠪᠡᠳᠴᠢᠨ ᠬᠤᠷᠣᠬᠠᠢ ᠶᠢᠨ ᠬᠥᠨᠥᠭᠡᠯ ᠢ ᠰᠡᠷᠭᠡᠶᠢᠯᠡᠨ ᠡᠵᠡᠮᠳᠡᠵᠦ ᠳᠡᠯᠭᠡᠷᠡᠭᠦᠯᠬᠦ ᠰᠠᠭᠤᠷᠢᠨ ᠭᠠᠵᠠᠷ︾ ᠢᠶᠠᠷ ᠦᠨᠡᠯᠡᠭᠳᠡᠪᠡ᠃ ᠳᠥᠷᠪᠡ ᠳᠤ ᠬᠥᠭᠵᠢᠯᠲᠡ ᠶᠢᠨ ᠬᠥᠳᠡᠯᠭᠡᠭᠴᠢ ᠡᠨᠧᠷᠭᠢ ᠦᠷᠭᠦᠯᠵᠢᠯᠡᠨ ᠴᠢᠩᠭᠠᠷᠠᠪᠠ᠃ 4 ᠰᠠᠭᠤᠷᠢ ᠲᠦᠮᠡᠨ ᠲᠣᠯᠣᠭᠠᠢ ᠮᠠᠯᠵᠢᠯ ᠤᠨ ᠲᠠᠯᠠᠪᠠᠢ ᠶᠢᠨ ᠪᠠᠷᠢᠯᠭ᠎ᠠ ᠳᠠᠭᠤᠰᠴᠤ ᠠᠰᠢᠭᠯᠠᠯᠲᠠ ᠳᠤ ᠣᠷᠣᠵᠤ᠂ ᠰᠢᠦ ᠭᠠᠩ ᠶᠦᠨ ᠳ᠋ᠤᠸᠠᠨ ᠮᠠᠯᠵᠢᠯ ᠤᠨ ᠲᠠᠯᠠᠪᠠᠶ ᠶᠢᠨ ᠭᠤᠣᠯ ᠴᠣᠭᠴᠠ ᠶᠢᠨ ᠪᠦᠲᠦᠭᠡᠨ ᠪᠠᠶᠢᠭᠤᠯᠤᠯᠲᠠ ᠤᠷᠤᠭᠰᠢᠲᠠᠢ ᠶᠠᠪᠤᠭᠳᠠᠵᠤ᠂ ᠪᠥᠬᠦ ᠬᠤᠰᠢᠭᠤᠨ ᠤ ᠰᠠᠭᠠᠯᠢ ᠶᠢᠨ ᠦᠨᠢᠶ᠎ᠡ 5.8 ᠲᠦᠮᠡ ᠪᠠᠶᠢᠵᠤ᠂ ᠵᠢᠯ ᠳᠤ 33 ᠲᠦᠮᠡᠨ ᠲᠣᠨ ᠰᠦ ᠭᠠᠷᠤᠨ᠎ᠠ᠃ ︽ᠠᠯᠠᠰᠢᠨ ᠦᠬᠡᠷ ᠤᠨ ᠠᠵᠤ ᠦᠢᠯᠡᠰ ᠢ ᠳᠠᠬᠢᠨ ᠪᠠᠶᠢᠭᠤᠯᠬᠤ ᠠᠵᠢᠯᠯᠠᠭ᠎ᠠ︾ ᠢᠯᠡᠳᠲᠡ ᠦᠷ᠎ᠡ ᠪᠦᠲᠦᠮᠵᠢ ᠣᠯᠵᠤ᠂ 2 ᠳ᠋ᠦᠩᠰᠢᠭᠤᠷ ᠰᠢᠬᠠᠮ ᠲᠥᠭᠦᠷᠢᠭ ᠤᠨ ᠵᠢᠭᠡᠯᠡᠯᠭᠡ ᠲᠠᠯᠪᠢᠪᠠ᠃ ᠠᠯᠠᠰᠢᠨ ᠦᠬᠡᠷ ᠤᠨ ᠬᠡᠪᠴᠢᠶᠡᠵᠢᠭᠦᠯᠦᠭᠰᠡᠨ ᠲᠡᠵᠢᠭᠡᠨ ᠦᠷᠡᠵᠢᠭᠦᠯᠬᠦ ᠲᠠᠯᠠᠪᠠᠶ ᠶᠢ 5 ᠰᠢᠨ᠎ᠡ ᠪᠠᠷ ᠨᠡᠮᠡᠭᠳᠡᠭᠦᠯᠵᠦ᠂ ᠠᠯᠠᠰᠢᠨ ᠦᠬᠡᠷ ᠤᠨ ᠲᠤᠭ᠎ᠠ ᠲᠣᠯᠣᠭᠠᠢ 32 ᠲᠦᠮᠡ ᠳᠤ ᠬᠥᠷᠪᠡ᠃ 2 ᠠᠯᠠᠰᠢᠨ ᠬᠤᠨᠢᠨ ᠤ ᠬᠡᠪᠴᠢᠶᠡᠵᠢᠭᠦᠯᠦᠨ ᠲᠡᠵᠢᠭᠡᠨ ᠦᠷᠡᠵᠢᠭᠦᠯᠬᠦ ᠲᠠᠯᠠᠪᠠᠶ ᠶᠢ ᠰᠢᠨ᠎ᠡ ᠪᠠᠷ ᠪᠠᠶᠢᠭᠤᠯᠵᠤ᠂ 10 ᠭᠡᠷ ᠪᠦᠯᠢ ᠶᠢᠨ ᠲᠠᠷᠢᠶᠠᠯᠠᠩ ᠮᠠᠯᠵᠢᠯ ᠤᠨ ᠲᠠᠯᠠᠪᠠᠶ ᠶᠢ ᠰᠢᠨ᠎ᠡ ᠪᠠᠷ ᠨᠡᠮᠡᠭᠳᠡᠭᠦᠯᠦᠨ᠂ ᠬᠡᠪᠴᠢᠶᠡᠵᠢᠭᠦᠯᠦᠨ ᠲᠡᠵᠢᠭᠡᠨ ᠦᠷᠡᠵᠢᠭᠦᠯᠬᠦ ᠬᠤᠪᠢ ᠶᠢᠨ ᠵᠢᠩ 65% ᠬᠦᠷᠴᠦ᠂ ᠪᠥᠬᠦ ᠬᠤᠰᠢᠭᠤᠨ ᠤ ᠠᠯᠠᠰᠢᠨ ᠬᠤᠨᠢᠨ ᠤ ᠲᠤᠭ᠎ᠠ 380 ᠲᠦᠮᠡ ᠳᠤ ᠬᠥᠷᠪᠡ᠃ ᠳ᠋ᠧ ᠺᠠᠩ ᠤᠨ ᠵᠠᠭᠤᠨ ᠲᠦᠮᠡᠨ ᠭᠠᠭ᠋ᠠᠢ ᠶᠢᠨ ᠠᠵᠤ ᠦᠢᠯᠡᠰ ᠢ ᠨᠢᠭᠡ ᠴᠣᠭᠴᠠᠵᠢᠭᠤᠯᠬᠤ ᠲᠥᠷᠥᠯ ᠵᠦᠢᠯ ᠢ ᠲᠣᠭᠲᠠᠭᠤᠨ ᠢᠶᠠᠷ ᠠᠵᠢᠯᠯᠠᠭᠤᠯᠵᠤ᠂ 12 ᠦᠢᠯᠡᠳᠪᠦᠷᠢ ᠶᠢᠨ ᠲᠣᠭᠤᠷᠢᠭ ᠤᠨ ᠭᠤᠣᠯ ᠴᠣᠭᠴᠠ ᠶᠢᠨ ᠪᠦᠲᠦᠭᠡᠨ ᠪᠠᠶᠢᠭᠤᠯᠤᠯᠲᠠ ᠶᠢ ᠪᠥᠬᠦ ᠲᠠᠯ᠎ᠠ ᠪᠠᠷ ᠪᠡᠶᠡᠯᠡᠭᠦᠯᠵᠦ᠂ 2 ᠮᠢᠩᠭᠠᠨ ᠭᠠᠭ᠋ᠠᠢ ᠶᠢᠨ ᠲᠠᠯᠠᠪᠠᠶ ᠶᠢ ᠰᠢᠨ᠎ᠡ ᠪᠠᠷ ᠪᠠᠶᠢᠭᠤᠯᠵᠤ᠂ ᠵᠢᠯ ᠳᠤ 50 ᠲᠦᠮᠡᠨ ᠲᠣᠯᠣᠭᠠᠢ ᠠᠮᠢᠳᠤ ᠭᠠᠭ᠋ᠠᠢ ᠶᠢᠨ ᠭᠠᠷᠭᠠᠯᠲᠠ ᠶᠢ ᠪᠡᠶᠡᠯᠡᠭᠦᠯᠪᠡ᠃ ᠮᠠᠯ ᠠᠵᠤ ᠠᠬᠤᠢ ᠶᠢᠨ ᠵᠢᠯ ᠤᠨ ᠬᠠᠳᠠᠭᠠᠯᠠᠯᠲᠠ ᠶᠢᠨ ᠮᠠᠯ ᠤᠨ ᠲᠤᠭ᠎ᠠ 445 ᠲᠦᠮᠡ ᠳᠤ ᠬᠦᠷᠴᠦ᠂ ᠣᠲᠣ ᠦᠶ᠎ᠡ ᠶᠢᠨ ᠮᠠᠯ ᠠᠵᠤ ᠠᠬᠤᠢ ᠶᠢᠨ ︽ᠡᠮᠦᠨᠡᠲᠦ ᠬᠤᠰᠢᠭᠤᠨ ᠤ ᠥᠯᠢᠭᠡᠷ ᠳᠠᠭᠤᠷᠢᠶᠠᠯ︾ ᠤᠨ ᠦᠷ᠎ᠡ ᠪᠦᠲᠦᠮᠵᠢ ᠶᠢ ᠣᠯᠪᠠ᠃ ᠲᠠᠪᠤ ᠳᠤ ᠡᠪᠡᠰᠦᠨ ᠤ ᠦᠢᠯᠡᠰ ᠤᠨ ᠬᠡᠯᠬᠢᠶ᠎ᠡ ᠠᠩᠬ᠎ᠠ ᠠᠯᠬᠤᠮ ᠬᠡᠪᠴᠢᠶ᠎ᠡ ᠲᠠᠢ ᠪᠣᠯᠪᠠ᠃ ᠡᠰᠢ ᠰᠦᠷᠡᠯ ᠢ ᠶᠡᠷᠦᠩᠬᠡᠶᠢᠯᠡᠨ ᠠᠰᠢᠭᠯᠠᠬᠤ ᠲᠥᠷᠥᠯ ᠵᠦᠢᠯ ᠢ ᠡᠮᠬᠢ ᠵᠢᠷᠤᠮ ᠲᠠᠢ ᠲᠦᠯᠬᠢᠨ ᠠᠬᠢᠭᠤᠯᠵᠤ᠂ ᠪᠥᠬᠦ ᠵᠢᠯ ᠳᠤ 125 ᠲᠦᠮᠡᠨ ᠲᠣᠨ ᠡᠰᠢ ᠰᠦᠷᠡᠯ ᠢ ᠰᠢᠩᠭᠡᠬᠡᠨ ᠠᠪᠴᠤ᠂ ᠤᠯᠠᠷᠢᠭᠤᠯᠤᠨ ᠠᠰᠢᠭᠯᠠᠬᠤ ᠨᠣᠷᠮ᠎ᠠ ᠶᠢ 90% ᠳᠤ ᠬᠦᠷᠦᠭᠦᠯᠦᠨ᠎ᠡ᠃ ᠬᠢᠲᠠᠳ ᠡᠪᠡᠰᠦᠨ ᠡᠮ ᠤᠨ ᠲᠠᠷᠢᠮᠠᠯ 6 ᠲᠦᠮᠡᠨ ᠮᠦ ᠠᠴᠠ ᠳᠠᠪᠠᠵᠤ᠂ ︽ᠬᠢᠲᠠᠳ ᠡᠮ ᠤᠨ ᠮᠠᠲ᠋ᠧᠷᠢᠶᠠᠯ ᠤᠨ ᠨᠤᠲᠤᠭ ᠪᠠ ᠡᠷᠡᠭᠦᠯ ᠮᠡᠨᠳᠦ ᠶᠢᠨ ᠦᠵᠡᠮᠵᠢᠲᠦ ᠣᠷᠣᠨ︾ ᠳᠠᠰᠢ ᠯᠠᠪᠳᠠᠭᠤᠨ ᠢᠶᠠᠷ ᠤᠷᠤᠭᠰᠢᠯᠠᠪᠠ᠃ 41.3 ᠲᠦᠮᠡᠨ ᠮᠦ ᠶᠢᠨ ᠤᠯᠤᠰ ᠤᠨ ᠥᠮᠴᠢᠯᠡᠯᠲᠦ ᠪᠡᠯᠴᠢᠭᠡᠷ ᠤᠨ ᠲᠤᠷᠰᠢᠯᠲᠠ ᠶᠢᠨ ᠴᠡᠭ ᠢ ᠭᠤᠶᠤᠴᠢᠯᠠᠵᠤ᠂ 1.2 ᠲᠦᠮᠡᠨ ᠮᠦ ᠶᠢᠨ ᠨᠤᠲᠤᠭ ᠪᠡᠯᠴᠢᠭᠡᠷ ᠤᠨ ᠠᠮᠢ ᠠᠬᠤᠢ ᠶᠢ ᠵᠠᠰᠠᠨ ᠰᠡᠷᠭᠦᠭᠡᠵᠦ᠂ 10 ᠲᠦᠮᠡᠨ ᠮᠦ ᠶᠢᠨ ᠮᠠᠭᠤᠳᠠᠭᠰᠠᠨ ᠨᠤᠲᠤᠭ ᠪᠡᠯᠴᠢᠭᠡᠷ ᠢ ᠰᠠᠶᠢᠵᠢᠷᠠᠭᠤᠯᠵᠵᠤ᠂ 3 ᠲᠦᠮᠡᠨ ᠮᠦ ᠶᠢᠨ ᠬᠤᠣᠷᠲᠤ ᠡᠪᠡᠰᠦ ᠶᠢ ᠵᠠᠰᠠᠬᠤ ᠶᠢ ᠬᠡᠷᠡᠭᠵᠢᠭᠦᠯᠪᠡ᠃ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠰᠠᠯᠠᠭᠠᠨ ᠤ 8000 ᠮᠦ ᠬᠤᠨᠢᠨ ᠡᠪᠡᠰᠦ ᠶᠢ ᠳᠠᠷᠢᠵᠤ᠂ ᠵᠢᠯ ᠳᠤ 5.1 ᠲᠦᠮᠡᠨ ᠲᠣᠨ ᠴᠢᠨᠠᠷ ᠰᠠᠶᠢᠲᠠᠢ ᠲᠡᠵᠢᠭᠡᠯ ᠡᠪᠡᠰᠦ ᠶᠢ ᠦᠢᠯᠡᠳᠪᠦᠷᠢᠯᠡᠨ᠎ᠡ᠃ ︽ᠳᠤᠮᠳᠠᠳᠤ ᠤᠯᠤᠰ · ᠥᠪᠥᠷ ᠮᠣᠩᠭᠤᠯ ᠤᠨ ᠳᠥᠷᠪᠡᠳᠦᠭᠡᠷ ᠬᠤᠭᠤᠴᠠᠭᠠᠨ ᠤ ᠲᠡᠵᠢᠭᠡᠯ ᠡᠪᠡᠰᠦᠨ ᠤ ᠠᠵᠤ ᠦᠢᠯᠡᠰ ᠤᠨ ᠶᠡᠭᠡ ᠬᠤᠷᠠᠯ︾ ᠪᠠ ︽ᠳᠤᠮᠳᠠᠳᠤ ᠤᠯᠤᠰ ᠤᠨ ᠬᠢᠲᠠᠳ ᠡᠮ ᠤᠨ ᠮᠠᠲ᠋ᠧᠷᠢᠶᠠᠯ ᠤᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢᠨ ᠶᠡᠭᠡ ᠬᠤᠷᠠᠯ︾ ᠢ ᠠᠮᠵᠢᠯᠲᠠ ᠲᠠᠢ ᠳᠠᠭᠠᠭᠠᠴᠢᠯᠠᠨ ᠡᠷᠭᠢᠯᠡᠪᠡ᠃ ᠠᠯᠳᠠᠷ ᠡᠪᠡᠰᠦᠨ ᠤ ᠠᠵᠤ ᠦᠢᠯᠡᠰ ᠤᠨ ᠬᠦᠷᠢᠶᠡᠯᠡᠩ ᠲᠣᠭᠤᠷᠢᠭ ᠤᠨ ᠨᠢᠭᠡᠳᠦᠭᠡᠷ ᠬᠤᠭᠤᠴᠠᠭ᠎ᠠ ᠶᠢ ᠠᠰᠢᠭᠯᠠᠯᠲᠠ ᠳᠤ ᠣᠷᠣᠭᠤᠯᠵᠤ᠂ ᠮᠧᠩ ᠱᠦ᠂ ᠮᠧᠩ ᠼᠣᠣ᠂ ᠼᠤᠤ ᠳ᠋ᠦ᠋ ᠵᠡᠷᠭᠡ ᠤᠯᠤᠰ ᠤᠨ ᠳᠣᠲᠣᠭᠠᠳᠤ ᠶᠢᠨ 7 ᠡᠪᠡᠰᠦᠨ ᠤ ᠦᠢᠯᠡᠰ ᠤᠨ ᠬᠥᠲᠥᠴᠢ ᠠᠵᠤ ᠠᠬᠤᠶᠢᠯᠠᠯ ᠢ ᠣᠷᠣᠭᠤᠯᠤᠨ ᠠᠪᠴᠢᠷᠠᠵᠤ᠂ ︽ᠡᠪᠡᠰᠦ ᠪᠠᠷ ᠦᠢᠯᠡᠰ ᠪᠣᠯᠭᠠᠵᠤ᠂ ᠡᠪᠡᠰᠦ ᠪᠡᠯᠴᠢᠭᠡᠷ ᠢ ᠵᠡᠷᠭᠡ ᠪᠠᠷ ᠬᠥᠭᠵᠢᠭᠦᠯᠦᠨ᠂ ᠮᠠᠯ ᠪᠡᠯᠴᠢᠭᠡᠷ ᠢ ᠨᠢᠭᠡ ᠴᠣᠭᠴᠠᠵᠢᠭᠤᠯᠬᠤ︾ ᠣᠷᠴᠢᠯ ᠬᠥᠭᠵᠢᠯᠲᠡ ᠶᠢᠨ ᠪᠠᠶᠢᠷᠢᠰᠢᠯ ᠢ ᠠᠩᠬ᠎ᠠ ᠠᠯᠬᠤᠮ ᠪᠦᠷᠢᠯᠳᠦᠭᠦᠯᠪᠡ   ︱ ᠥᠩᠭᠡᠷᠡᠭᠰᠡᠨ ᠨᠢᠭᠡ ᠵᠢᠯ ᠳᠤ᠂ ᠪᠢᠳᠡ ᠪᠠᠭᠲᠠᠭᠠᠮᠵᠢ ᠶᠢ ᠥᠷᠭᠡᠳᠬᠡᠨ ᠨᠡᠮᠡᠭᠳᠡᠯ ᠢ ᠠᠬᠢᠭᠤᠯᠵᠤ᠂ ᠠᠵᠤ ᠦᠢᠯᠡᠳᠪᠦᠷᠢ ᠶᠢᠨ ᠠᠵᠤ ᠠᠬᠤᠢ ᠶᠢᠨ ᠰᠠᠭᠠᠳ ᠢ ᠤᠷᠤᠭᠰᠢᠯᠠᠬᠤ ᠶᠢ ᠪᠡᠶᠡᠯᠡᠭᠦᠯᠪᠡ  ︽ᠠᠵᠤ ᠦᠢᠯᠡᠳᠪᠦᠷᠢ ᠶᠢ ᠶᠡᠬᠡᠪᠡᠷ ᠠᠳᠬᠤᠵᠤ᠂ ᠠᠵᠤ ᠦᠢᠯᠡᠰ ᠢ ᠶᠡᠬᠡᠪᠡᠷ ᠠᠳᠬᠤᠬᠤ︾ ᠢᠯᠡ ᠲᠣᠳᠣ ᠤᠳᠤᠷᠢᠳᠤᠮᠵᠢ ᠶᠢ ᠪᠠᠲᠤ ᠪᠠᠬᠢ ᠪᠣᠶ ᠪᠣᠯᠭᠠᠵᠤ᠂ ᠬᠦᠷᠢᠶᠡᠯᠡᠩ ᠲᠣᠭᠤᠷᠢᠭ ᠢᠶᠠᠷ ᠵᠠᠩᠭᠢᠯᠠᠭ᠎ᠠ ᠴᠡᠭ ᠪᠣᠯᠭᠠᠨ᠂ ᠠᠵᠤ ᠠᠬᠤᠶᠢᠯᠠᠯ ᠢᠶᠠᠷ ᠲᠤᠯᠬᠤ ᠴᠡᠭ ᠪᠣᠯᠭᠠᠵᠤ᠂ ᠲᠥᠷᠥᠯ ᠵᠦᠢᠯ ᠢᠶᠠᠷ ᠭᠤᠣᠯᠳᠠᠯᠭ᠎ᠠ ᠪᠣᠯᠭᠠᠨ᠂ ᠠᠵᠤ ᠦᠢᠯᠡᠰ ᠤᠨ ᠬᠡᠯᠬᠢᠶ᠎ᠡ᠂ ᠰᠢᠨ᠎ᠡ ᠶᠢ ᠡᠭᠦᠳᠬᠦ ᠬᠡᠯᠬᠢᠶ᠎ᠡ᠂ ᠬᠠᠩᠭᠠᠯᠭ᠎ᠠ ᠶᠢᠨ ᠬᠡᠯᠬᠢᠶ᠎ᠡ ᠶᠢᠨ ᠬᠠᠮᠵᠢᠯᠴᠠᠨ ᠬᠥᠭᠵᠢᠬᠦ ᠬᠢᠷᠢ ᠬᠡᠮᠵᠢᠶ᠎ᠡ ᠶᠢ ᠪᠥᠬᠦ ᠲᠠᠯ᠎ᠠ ᠪᠠᠷ ᠳᠡᠭᠡᠭᠰᠢᠯᠡᠭᠦᠯᠦᠨ᠎ᠡ᠃ ᠨᠢᠭᠡ ᠳᠤ᠂ ᠠᠵᠤ ᠦᠢᠯᠡᠳᠪᠦᠷᠢ ᠶᠢᠨ ᠭᠤᠣᠯᠳᠠᠯᠭ᠎ᠠ ᠲᠠᠢ ᠲᠦᠷᠦᠯ ᠵᠦᠢᠯ ᠢ ᠦᠨᠳᠦᠷ ᠪᠦᠲᠦᠮᠵᠢᠲᠡᠢ ᠪᠠᠷ ᠲᠦᠯᠬᠢᠨ ᠠᠬᠢᠭᠤᠯᠤᠨ᠎ᠠ᠃ ᠮᠢᠩᠭᠠᠨ ᠲᠦᠮᠡᠨ ᠲᠥᠭᠦᠷᠢᠭ ᠠᠴᠠ ᠳᠡᠭᠡᠭᠰᠢᠬᠢ ᠭᠤᠣᠯᠳᠠᠯᠭ᠎ᠠ ᠲᠠᠢ ᠲᠥᠷᠥᠯ ᠵᠦᠢᠯ ᠢ 17 ᠬᠡᠷᠡᠭᠵᠢᠭᠦᠯᠵᠦ᠂ 24.2 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠦᠨ᠎ᠡ᠃ ᠰᠢᠨ᠎ᠡ ᠪᠠᠷ ᠨᠡᠮᠡᠭᠳᠡᠭᠰᠡᠨ ᠲᠣᠭᠲᠠᠭᠠᠯ ᠠᠴᠠ ᠳᠡᠭᠡᠭᠰᠢᠬᠢ ᠠᠵᠤ ᠠᠬᠤᠶᠢᠯᠠᠯ 4 ᠪᠣᠯᠵᠤ᠂ ᠨᠡᠶᠢᠲᠡ ᠲᠤᠭ᠎ᠠ ᠨᠢ 25 ᠪᠣᠯᠪᠠ᠃ ᠬᠢᠲᠠᠳ ᠡᠮ ᠤᠨ ᠰᠢᠨᠵᠢᠯᠡᠬᠦ ᠤᠬᠠᠭᠠᠨ ᠮᠡᠷᠭᠡᠵᠢᠯ ᠤᠨ ᠠᠵᠤ ᠦᠢᠯᠡᠰ ᠤᠨ ᠬᠦᠷᠢᠶᠡᠯᠡᠩ᠂ ᠳ᠋ᠦᠩ ᠬᠠᠨ ᠵᠢᠯᠣᠭᠤᠴᠢ ᠦᠭᠡᠢ ᠨᠢᠰᠬᠡᠯ ᠵᠡᠷᠭᠡ 6 ᠲᠥᠷᠥᠯ ᠵᠦᠢᠯ ᠤᠨ ᠭᠤᠣᠯ ᠴᠣᠭᠴᠠ ᠶᠢ ᠪᠠᠶᠢᠭᠤᠯᠵᠤ ᠳᠠᠭᠤᠰᠬᠠᠪᠠ᠃ ᠱᠦᠢ ᠹᠠ ᠠᠭᠠᠯᠢᠭ ᠠᠯᠢᠮ᠎ᠠ ᠶᠢ ᠨᠠᠷᠢᠯᠢᠭ ᠡᠳ᠋ᠰᠢᠭᠦᠯᠬᠦ᠂ ᠰᠢᠨ ᠲᠧ ᠺᠠᠩ ᠡᠳ᠋ ᠪᠠᠷᠠᠭᠠᠨ ᠤ ᠭᠦᠢᠯᠭᠡᠭᠡ ᠵᠡᠷᠭᠡ 12 ᠵᠦᠢᠯᠡᠰ ᠤᠨ ᠪᠠᠷᠢᠯᠭ᠎ᠠ ᠶᠢᠨ ᠠᠵᠢᠯ ᠢ ᠡᠬᠢᠯᠡᠭᠦᠯᠪᠡ᠃ ᠰᠢᠤᠸᠠᠨ ᠦ᠋ ᠶᠠᠨ ᠰᠢᠷᠬᠡᠭᠯᠢᠭ ᠲᠠᠲᠠᠮᠠᠯ ᠰᠢᠷᠬᠡᠭ᠂ ᠣᠶᠤᠨᠲᠤ ᠲᠠᠷᠢᠶᠠᠯᠠᠩ ᠤᠨ ᠵᠢᠱᠢᠶ᠎ᠡ ᠦᠵᠡᠭᠦᠯᠬᠦ ᠵᠡᠷᠭᠡ 17 ᠲᠦᠷᠦᠯ ᠵᠦᠢᠯ ᠢ ᠲᠦᠷᠭᠡᠨ ᠠᠬᠢᠭᠤᠯᠪᠠ᠃ ᠠᠵᠤ ᠦᠢᠯᠡᠳᠪᠦᠷᠢ ᠶᠢᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠳᠤ ︽ᠰᠢᠨ᠎ᠡ ᠬᠥᠳᠡᠯᠭᠡᠭᠦ ᠡᠨᠧᠷᠭᠢ︾ ᠶᠢ ᠲᠠᠬᠢᠨ ᠨᠡᠮᠡᠭᠳᠡᠭᠦᠯᠪᠡ᠃ ᠬᠤᠶᠠᠷ ᠲᠤ᠂ ᠠᠵᠤ ᠠᠬᠤᠶᠢᠯᠠᠯ ᠤᠨ ᠬᠥᠭᠵᠢᠯᠲᠡ ᠶᠢᠨ ᠠᠮᠢᠳᠤᠯᠢᠭ ᠬᠦᠴᠦᠨ ᠢ ᠦᠷᠭᠦᠯᠵᠢᠯᠡᠨ ᠪᠠᠳᠠᠷᠠᠭᠤᠯᠪᠠ᠃ ᠤᠯᠠᠭᠠᠨ ᠲᠠᠢ ᠠᠨ ᠤ ᠳᠦᠷᠢᠮ ᠢ ᠠᠮᠵᠢᠯᠲᠠ ᠲᠠᠢ ᠳᠡᠭᠡᠭᠰᠢᠯᠡᠭᠦᠯᠵᠦ᠂ ᠠᠢ ᠮᠠ ᠠᠭᠤᠷᠬᠠᠢ ᠶᠢᠨ ᠦᠢᠯᠡᠰ ᠤᠨ ᠦᠯᠡᠳᠡᠭᠳᠡᠯ ᠬᠦᠳᠡᠷ ᠤᠨ ᠬᠥᠮᠥᠷᠭᠡ ᠶᠢᠨ ᠪᠠᠭᠲᠠᠭᠠᠮᠵᠢ ᠶᠢ ᠠᠮᠵᠢᠯᠲᠠ ᠲᠠᠢ ᠥᠷᠭᠡᠳᠬᠡᠵᠦ᠂ ᠠᠢ ᠯᠠᠩ ᠰᠠᠯᠬᠢᠨ ᠬᠦᠴᠦᠨ ᠤ ᠴᠠᠬᠢᠯᠭᠠᠨ ᠤ ᠮᠡᠷᠭᠡᠵᠢᠯ ᠢ ᠥᠭᠡᠷᠡᠴᠢᠯᠡᠨ ᠲᠠᠰ ᠳᠡᠪᠰᠢᠭᠦᠯᠬᠦ ᠠᠵᠢᠯ ᠢ ᠲᠣᠭᠲᠠᠭᠰᠠᠨ ᠬᠤᠭᠤᠴᠠᠭᠠᠨ ᠳᠤ ᠪᠡᠶᠡᠯᠡᠭᠦᠯᠵᠦ᠂ ᠲᠢᠶᠠᠨ ᠰᠢᠩ ᠶᠤᠸᠠᠨ ᠲᠥᠮᠥᠰᠥᠨ ᠤ ᠠᠵᠤ ᠦᠢᠯᠡᠰ ᠤᠨ ᠬᠦᠷᠢᠶᠡᠯᠡᠩ ᠢ ᠪᠠᠶᠢᠭᠤᠯᠤᠨ ᠠᠰᠢᠭᠯᠠᠯᠲᠠ ᠳᠤ ᠣᠷᠣᠭᠤᠯᠵᠤ᠂ ᠬᠤᠩ ᠳ᠋ᠠ ᠳᠠᠷᠤᠨ ᠴᠢᠳᠬᠤᠬᠤ ᠶᠢᠨ ᠭᠦᠢᠴᠡᠳ ᠦᠢᠯᠡᠳᠪᠦᠷᠢᠯᠡᠵᠦ ᠭᠦᠢᠴᠡᠳ ᠪᠣᠷᠣᠯᠠᠭᠤᠯᠬᠤ ᠶᠢ ᠪᠡᠶᠡᠯᠡᠭᠦᠯᠵᠦ᠂ ᠾᠧ ᠹᠧᠩ ᠤᠨ ᠲᠠᠷᠢᠶᠠᠯᠠᠩ ᠤᠨ ᠠᠵᠢᠯᠯᠠᠭᠠᠨ ᠰᠠᠶᠢᠨ ᠪᠠᠶᠢᠵᠤ᠂ ᠰᠢᠨ᠎ᠡ ᠶᠢ ᠡᠭᠦᠳᠦᠨ ᠬᠥᠭᠵᠢᠬᠦ ᠨᠢ ᠠᠵᠤ ᠠᠬᠤᠶᠢᠯᠠᠯ ᠤᠨ ᠲᠦᠷᠭᠡᠨ ᠤᠷᠤᠭᠰᠢᠯᠠᠬᠤ ᠨᠢᠭᠡᠳᠦᠭᠡᠷ ᠬᠥᠳᠡᠯᠭᠡᠭᠦ ᠬᠦᠴᠦᠨ ᠪᠣᠯᠪᠠ᠃ ᠵᠢᠩ ᠴᠢᠤᠸᠠᠨ ᠡᠮ ᠤᠨ ᠦᠢᠯᠡᠰ᠂ ᠮᠧᠩ ᠵᠢᠶᠠ ᠠᠮᠤ ᠪᠤᠳᠠᠭ᠎ᠠ ᠲᠣᠰᠣ᠂ ᠾᠧᠩ ᠵᠢᠶᠠ ᠵᠢᠮᠢᠰ ᠤᠨ ᠦᠢᠯᠡᠰ᠂ ᠳ᠋ᠧ ᠺᠠᠩ ᠪᠣᠷᠳᠤᠭ᠎ᠠ ᠵᠡᠷᠭᠡ ᠭᠤᠣᠯᠯᠠᠭᠴᠢ ᠠᠵᠤ ᠠᠬᠤᠶᠢᠯᠠᠯ ᠲᠣᠭᠲᠠᠭᠤᠨ ᠪᠠᠶᠢᠬᠤ ᠶᠢᠨ ᠵᠡᠷᠭᠡ ᠪᠠᠷ ᠤᠷᠤᠭᠰᠢᠯᠠᠵᠤ᠂ ᠪᠥᠬᠦ ᠬᠤᠰᠢᠭᠤᠨ ᠤ ᠠᠵᠤ ᠦᠢᠯᠡᠳᠪᠦᠷᠢ ᠶᠢᠨ ᠠᠵᠤ ᠠᠬᠤᠢ ᠶᠢᠨ ᠬᠥᠭᠵᠢᠯᠲᠡ ᠶᠢᠨ ᠬᠠᠨᠳᠤᠰᠢ ᠶᠠᠭ ᠲᠦᠷᠭᠡᠨ ᠢᠶᠠᠷ ᠪᠦᠷᠢᠯᠳᠦᠵᠦ ᠪᠠᠶᠢᠨ᠎ᠠ᠃ ᠭᠤᠷᠪᠠ ᠳᠤ᠂ ᠬᠦᠷᠢᠶᠡᠯᠡᠩ ᠲᠣᠭᠤᠷᠢᠭ ᠤᠨ ᠳᠠᠭᠠᠭᠠᠬᠤ ᠴᠢᠳᠠᠪᠤᠷᠢ ᠲᠠᠰᠤᠷᠠᠯᠲᠠ ᠦᠭᠡᠢ ᠳᠡᠭᠡᠭᠰᠢᠯᠡᠪᠡ᠃ ᠳᠠᠰᠢᠵᠠᠢ ᠵᠡᠭᠡᠯᠢ᠂ ᠬᠤᠷᠢᠨ ᠵᠡᠭᠡᠯᠢ ᠵᠡᠷᠭᠡ ᠢᠵᠢ ᠪᠦᠷᠢᠳᠦᠭᠰᠡᠨ ᠵᠠᠮ ᠢ ᠪᠠᠶᠢᠭᠤᠯᠵᠤ ᠠᠰᠢᠭᠯᠠᠯᠲᠠ ᠳᠤ ᠣᠷᠣᠭᠤᠯᠵᠤ᠂ ᠤᠰᠤ ᠴᠠᠬᠢᠯᠭᠠᠨ ᠬᠡᠢ ᠳᠤᠯᠠᠭᠠᠯᠠᠭ᠎ᠠ ᠵᠡᠷᠭᠡ ᠰᠠᠭᠤᠷᠢ ᠲᠥᠬᠦᠭᠡᠷᠦᠮᠵᠢ ᠶᠢ ᠬᠤᠯᠪᠣᠯᠳᠤᠭᠤᠯᠤᠨ ᠨᠡᠪᠲᠡᠷᠡᠯᠴᠡᠭᠦᠯᠦᠨ᠎ᠡ᠃ ᠪᠣᠬᠢᠷᠳᠤᠯ ᠦᠭᠡᠢ ᠠᠵᠤ ᠦᠢᠯᠡᠰ ᠤᠨ ᠰᠢᠨ᠎ᠡ ᠶᠢ ᠡᠭᠦᠳᠬᠦ ᠵᠢᠱᠢᠶ᠎ᠡ ᠦᠵᠡᠭᠦᠯᠬᠦ ᠣᠷᠣᠨ ᠢ ᠥᠨᠳᠥᠷ ᠪᠠᠶᠢᠷᠢᠨ ᠳᠤ ᠲᠦᠯᠬᠢᠨ ᠠᠬᠢᠭᠤᠯᠵᠤ᠂ ᠠᠵᠤ ᠦᠢᠯᠡᠳᠪᠦᠷᠢ ᠶᠢᠨ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ ᠶᠢ ᠥᠭᠡᠷᠡᠴᠢᠯᠡᠵᠦ ᠥᠷᠭᠡᠳᠬᠡᠨ ᠪᠠᠶᠢᠭᠤᠯᠬᠤ ᠵᠦᠢᠯᠡᠰ ᠤᠨ ᠭᠤᠣᠯ ᠴᠣᠭᠴᠠ ᠶᠢᠨ ᠠᠵᠢᠯ ᠢ ᠳᠠᠭᠤᠰᠬᠠᠵᠤ᠂ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠶᠡᠷᠦᠩᠬᠡᠶᠢᠯᠡᠨ ᠰᠢᠢᠳᠪᠦᠷᠢᠯᠡᠬᠦ ᠵᠦᠢᠯᠡᠰ ᠢ ᠪᠠᠶᠢᠭᠤᠯᠵᠤ ᠳᠠᠭᠤᠰᠬᠠᠭᠠᠳ ᠠᠰᠢᠭᠯᠠᠯᠲᠠ ᠳᠤ ᠣᠷᠣᠭᠤᠯᠪᠠ᠃ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠲᠤ ᠣᠷᠣᠵᠤ ᠰᠠᠭᠤᠭᠰᠠᠨ ᠠᠵᠤ ᠠᠬᠤᠶᠢᠯᠠᠯ ᠨᠡᠶᠢᠲᠡ113 ᠳᠤ ᠬᠦᠷᠴᠦ᠂ 81.6 ᠳ᠋ᠤᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠵᠦ᠂ ᠵᠢᠯ ᠪᠦᠷᠢ ᠳᠤᠮᠳᠠᠴᠢ ᠪᠠᠷ 8.4% ᠪᠠᠷ ᠨᠡᠮᠡᠭᠳᠡᠨ᠂ ᠣᠨᠴᠠᠯᠢᠭ ᠢᠶᠠᠷ ᠬᠥᠲᠥᠯᠥᠨ ᠳᠠᠭᠠᠭᠤᠯᠬᠤ᠂ ᠬᠦᠷᠢᠶᠡᠯᠡᠩ ᠲᠣᠭᠤᠷᠢᠭ ᠢᠶᠠᠷ ᠳᠠᠶᠢᠴᠢᠯᠠᠬᠤ᠂ ᠠᠵᠤ ᠦᠢᠯᠡᠰ ᠤᠨ ᠪᠥᠭᠡᠮᠨᠡᠷᠡᠯ ᠤᠨ ᠠᠵᠤ ᠠᠬᠤᠢ ᠶᠢᠨ ᠬᠥᠭᠵᠢᠯᠲᠡ ᠶᠢᠨ ᠰᠢᠨ᠎ᠡ ᠪᠠᠶᠢᠷᠢᠰᠢᠯ ᠢ ᠪᠣᠶ ᠪᠣᠯᠭᠠᠪᠠ᠃︱ ᠥᠩᠭᠡᠷᠡᠭᠰᠡᠨ ᠨᠢᠭᠡ ᠵᠢᠯ ᠳᠤ᠂ ᠪᠢᠳᠡ ᠤ ᠠᠯᠬᠤᠭ᠎ᠠ ᠢᠳᠡᠯᠢᠭ ᠪᠠᠶᠢᠵᠤ᠂ ᠭᠤᠷᠪᠠᠳᠤᠭᠠᠷ ᠠᠵᠤ ᠦᠢᠯᠡᠰ ᠢ ᠬᠥᠭᠵᠢᠭᠦᠯᠬᠦ ᠰᠦᠷ ᠬᠦᠴᠦᠨ ᠬᠤᠷᠢᠭᠯᠠᠭᠳᠠᠰᠢ ᠦᠭᠡᠢ  ᠵᠢᠭᠤᠯᠴᠢᠯᠠᠯ ᠤᠨ ᠠᠵᠤ ᠦᠢᠯᠡᠰ ᠤᠨ ᠰᠢᠨ᠎ᠡ ᠶᠢ ᠡᠭᠦᠳᠦᠨ ᠠᠭᠤᠰᠤᠯᠴᠠᠬᠤ ᠰᠢᠨ᠎ᠡ ᠵᠠᠮ ᠢ ᠨᠡᠭᠡᠭᠡᠵᠦ᠂ ᠠᠷᠠᠯᠵᠢᠶ᠎ᠠ ᠬᠤᠳᠠᠯᠳᠤᠭ᠎ᠠ ᠪᠠᠷᠠᠭᠠᠨ ᠤ ᠭᠦᠢᠯᠭᠡᠭᠡᠨ ᠤ ᠬᠤᠯᠪᠤᠭᠠᠯᠠᠨ ᠬᠥᠳᠡᠯᠦᠯᠴᠡᠵᠦ ᠬᠠᠮᠲᠤ ᠪᠠᠷ ᠠᠰᠢᠭ ᠭᠥᠷᠳᠡᠬᠦ ᠰᠢᠨ᠎ᠡ ᠠᠵᠠ ᠲᠣᠬᠢᠶᠠᠯ ᠢ ᠠᠮᠵᠢᠨ᠂ ᠮᠥᠩᠭᠦᠨ ᠭᠦᠢᠯᠭᠡᠭᠡᠨ ᠤ ᠦᠢᠯᠡᠴᠢᠯᠡᠭᠡᠨ ᠤ ᠣᠯᠠᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠬᠦ ᠰᠢᠨ᠎ᠡ ᠠᠭᠤᠷ ᠠᠮᠢᠰᠬᠤᠯ ᠢ ᠢᠯᠡᠷᠡᠭᠦᠯᠵᠦ᠂ ᠣᠲᠣ ᠦᠶ᠎ᠡ ᠶᠢᠨ ᠦᠢᠯᠡᠴᠢᠯᠡᠭᠡᠨ ᠤ ᠦᠢᠯᠡᠰ ᠨᠢ ᠪᠥᠬᠦ ᠬᠤᠰᠢᠭᠤᠨ ᠤ ᠠᠵᠤ ᠠᠬᠤᠢ ᠶᠢᠨ ᠬᠥᠭᠵᠢᠯᠲᠡ ᠶᠢᠨ ︽ᠡᠷᠬᠡ ᠬᠦᠴᠦᠲᠡᠨ︾ ᠪᠣᠯᠵᠤ ᠳᠡᠪᠰᠢᠪᠡ᠃ ᠨᠢᠭᠡ ᠳᠤ᠂ ᠪᠦᠬᠦ ᠴᠠᠷᠠᠭᠠᠨ ᠤ ᠵᠤᠭᠠᠴᠠᠯ ᠤᠷᠤᠰᠬᠠᠯ ᠰᠥᠷᠥᠨ ᠤᠷᠤᠭᠰᠢᠯᠠᠪᠠ᠃ ᠴᠢᠶᠠᠨ · ᠬᠠᠢ ᠤᠯᠠᠭ᠎ᠠ ᠥᠷᠲᠡᠭᠡ᠂ ᠬᠡᠭᠡᠷ᠎ᠡ ᠶᠢᠨ ᠮᠠᠶᠢᠬᠠᠨ ᠤ ᠵᠣᠴᠢᠳ᠂ ᠡᠪᠡᠰᠦᠲᠦ ᠲᠠᠯ᠎ᠠ ᠶᠢᠨ ᠬᠤᠨᠢ ᠢᠮᠠᠭ᠎ᠠ ᠵᠡᠷᠭᠡ ᠲᠥᠷᠥᠯ ᠵᠦᠢᠯ ᠤᠨ ᠠᠬᠢᠴᠠ ᠤᠷᠤᠭᠰᠢᠲᠠᠢ ᠪᠠᠶᠢᠨ᠎ᠠ᠃ ᠲᠠᠯ᠎ᠠ ᠨᠤᠲᠤᠭ ᠤᠨ ᠪᠠᠭᠤᠳᠠᠯ᠂ ᠲᠥᠪᠡᠳ ᠬᠠᠰᠢ ᠶᠢᠨ ᠨᠢᠭᠡᠳᠦᠯ᠂ ᠵᠠᠭᠤᠨ ᠵᠢᠯ ᠤᠨ ᠡᠷᠲᠡᠨ ᠤ ᠬᠠᠶᠢᠯᠠᠰᠤᠨ ᠤ ᠵᠠᠩ ᠦᠢᠯᠡ ᠶᠢᠨ ᠠᠮᠠᠷᠠᠯᠲᠠ ᠶᠢᠨ ᠲᠣᠰᠬᠤᠨ ᠵᠡᠷᠭᠡ ᠲᠦᠷᠦᠯ ᠵᠦᠢᠯ ᠢ ᠪᠠᠶᠢᠭᠤᠯᠵᠤ ᠠᠰᠢᠭᠯᠠᠯᠲᠠ ᠳᠤ ᠣᠷᠣᠭᠤᠯᠪᠠ᠃ ᠤᠯᠠᠭᠠᠨᠮᠣᠳᠤ ᠠᠴᠠ ᠠᠯᠲᠠᠨ ᠡᠮᠡᠭᠡᠯ ᠬᠦᠷᠬᠦ᠂ ᠤᠯᠠᠭᠠᠨ ᠭᠤᠣᠯ ᠠᠴᠠ ᠤᠯᠠᠭᠠᠨ᠋ᠣ᠋ᠳᠣ ᠬᠦᠷᠬᠦ ᠵᠡᠷᠭᠡ ᠵᠢᠭᠤᠯᠴᠢᠯᠠᠯ ᠤᠨ ᠵᠠᠰᠠᠮᠠᠯ ᠵᠠᠮ ᠤᠷᠤᠭᠰᠢᠲᠠᠢ ᠲᠡᠷᠭᠡ ᠨᠡᠪᠲᠡᠷᠡᠪᠡ᠃ ᠴᠠᠷᠠᠰᠤᠨ ᠤᠰᠤᠨ ᠴᠥᠭᠦᠷᠥᠮ᠂ ᠠᠯᠲᠠᠨ ᠡᠮᠡᠭᠡᠯ ᠤᠨ ᠦᠵᠡᠮᠵᠢ ᠶᠢᠨ ᠣᠷᠣᠨ ᠨᠢ ᠤᠯᠤᠰ ᠤᠨ 3A ᠲᠠᠰ ᠤᠨ ᠦᠵᠡᠮᠵᠢ ᠶᠢᠨ ᠣᠷᠣᠨ ᠢᠶᠠᠷ ᠦᠨᠡᠯᠡᠭᠳᠡᠵᠦ᠂ ᠴᠠᠷᠠᠰᠤᠨ ᠭᠠᠴᠠᠭ᠎ᠠ ᠨᠢ ︽ᠳᠤᠮᠳᠠᠳᠤ ᠤᠯᠤᠰ ᠤᠨ ᠦᠵᠡᠰᠬᠦᠯᠡᠩᠲᠦ ᠰᠠᠶᠢᠬᠠᠨ ᠰᠡᠯᠡᠭᠦᠴᠡᠯ ᠤᠨ ᠬᠥᠳᠡᠭᠡ ᠲᠣᠰᠬᠤᠨ︾᠂ ︽ᠥᠪᠡᠷᠲᠡᠭᠡᠨ ᠵᠠᠰᠠᠬᠤ ᠣᠷᠣᠨ ᠤ ᠬᠥᠳᠡᠭᠡ ᠲᠣᠰᠬᠤᠨ ᠤ ᠵᠢᠭᠤᠯᠴᠢᠯᠠᠯ ᠤᠨ ᠭᠤᠣᠯᠳᠠᠯᠭ᠎ᠠ ᠲᠠᠢ ᠲᠣᠰᠬᠤᠨ︾ ᠤ ᠢᠷᠠᠭᠤ ᠠᠯᠳᠠᠷ ᠢ ᠭᠥᠷᠳᠡᠪᠡ᠃ ᠶᠢᠰᠦᠳᠦᠭᠡᠷ ᠬᠤᠭᠤᠴᠠᠭᠠᠨ ᠤ ᠪᠥᠬᠦ ᠣᠷᠣᠨ ᠤ ᠤᠯᠠᠭᠠᠨᠮᠥ᠋ᠴᠢᠷ ᠤᠨ ᠤᠷᠠᠯᠢᠭ ᠤᠨ ᠨᠠᠶᠢᠷ ᠵᠢᠴᠢ 2022 · ᠬᠢᠩᠭᠠᠨ ᠠᠶᠢᠮᠠᠭ ᠤᠨ ᠨᠠᠭᠠᠳᠤᠮ ᠢ ᠳᠠᠭᠠᠭᠠᠴᠢᠯᠠᠨ ᠡᠷᠭᠢᠯᠡᠵᠦ᠂ ᠠᠵᠢᠯᠯᠠᠭ᠎ᠠ ᠶᠢᠨ ᠬᠤᠭᠤᠴᠠᠭᠠᠨ ᠳᠤ ᠠᠩᠬᠠᠷᠤᠯ ᠢ ᠣᠯᠣᠭᠰᠠᠨ ᠤᠳᠠᠭ᠎ᠠ ᠳ᠋ᠦᠩᠰᠢᠭᠤᠷ ᠳᠠᠪᠠᠵᠤ᠂ ︽ᠪᠠᠶᠠᠰᠬᠤᠯᠠᠩᠲᠤ ᠬᠤᠲᠠ ᠶᠢᠨ ᠪᠦᠯᠦᠭᠲᠡᠨ︾᠂ ︽ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤᠮᠳᠠᠳᠤ ᠤᠯᠤᠰ ᠤᠨ ᠠᠶᠠᠯᠠᠯ︾᠂ ︽ᠳᠤᠮᠳᠠᠳᠤ ᠤᠯᠤᠰ ᠢ ᠪᠠᠷᠠᠯᠠᠬᠤᠢ︾ ᠵᠡᠷᠭᠡ ᠫᠷᠣᠭ᠍ᠷᠠᠮ ᠳᠤ ᠵᠠᠯᠭᠠᠭ᠎ᠠ ᠪᠠᠷ ᠰᠠᠴᠤᠭᠳᠠᠵᠤ᠂ ᠪᠥᠬᠦ ᠬᠤᠰᠢᠭᠤᠨ ᠤ ᠨᠠᠷᠠᠲᠤ ᠲᠡᠮᠳᠡᠭᠲᠦ ᠶᠢᠨ ᠵᠢᠭᠤᠯᠴᠢᠯᠠᠯ ᠤᠨ ᠲᠠᠨᠢᠯᠴᠠᠭᠤᠯᠭ᠎ᠠ ᠶᠢᠨ ᠰᠢᠨ᠎ᠡ ᠥᠷᠨᠢᠯᠲᠡ ᠶᠢ ᠪᠣᠶ ᠪᠣᠯᠭᠠᠪᠠ᠃ ᠪᠥᠬᠦ ᠵᠢᠯ ᠳᠤ 300 ᠲᠦᠮᠡᠨ ᠬᠥᠮᠥᠨ ︵ᠤᠳᠠᠭ᠎ᠠ︶ ᠢ ᠭᠥᠯᠢᠶᠡᠨ ᠠᠪᠴᠤ᠂ ᠵᠢᠭᠤᠯᠴᠢᠯᠠᠯ ᠤᠨ ᠣᠷᠣᠯᠭ᠎ᠠ ᠶᠢ 10.4 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 19.4% ᠪᠠᠷ ᠨᠡᠮᠡᠭᠳᠡᠪᠡ᠃ ᠬᠤᠶᠠᠷ ᠲᠤ᠂ ᠬᠤᠳᠠᠯᠳᠤᠭ᠎ᠠ ᠠᠷᠠᠯᠵᠢᠶᠠᠨ ᠤ ᠪᠠᠷᠠᠭᠠᠨ ᠤ ᠭᠦᠢᠯᠭᠡᠭᠡ ᠳᠤ ᠰᠢᠨ᠎ᠡ ᠲᠣᠬᠢᠶᠠᠯ ᠪᠤᠢ ᠪᠣᠯᠪᠠ᠃ ᠮᠠᠰᠢᠨ ᠲᠡᠷᠭᠡᠨ ᠤ ᠰᠣᠶᠣᠯ ᠤᠨ ᠨᠠᠶᠢᠷ᠂ ᠢᠲᠡᠭᠡᠨ ᠤ ᠰᠣᠶᠣᠯ ᠤᠨ ᠨᠠᠶᠢᠷ᠂ ᠮᠥᠰᠥ ᠴᠠᠰᠤᠨ ᠤ ᠴᠠᠭᠠᠨ ᠰᠠᠷ᠎ᠠ ᠶᠢᠨ ᠪᠠᠷᠠᠭᠠᠨ ᠤ ᠨᠠᠶᠢᠷ ᠵᠡᠷᠭᠡ ᠳᠡᠯᠭᠡᠨ ᠦᠵᠡᠭᠦᠯᠬᠦ ᠠᠵᠢᠯᠯᠠᠭ᠎ᠠ ᠶᠢᠨ 9 ᠲᠠᠯᠠᠪᠤᠷ ︵ᠤᠳᠠᠭ᠎ᠠ︶ ᠡᠷᠭᠢᠯᠡᠵᠦ᠂ ᠪᠥᠬᠦ ᠠᠶᠢᠮᠠᠭ ᠤᠨ ︽ᠬᠡᠷᠡᠭᠯᠡᠭᠡ ᠪᠠᠷ ᠶᠠᠳᠠᠭᠤ ᠶᠢ ᠲᠡᠳᠬᠦᠬᠦ ᠰᠠᠷ᠎ᠠ ᠶᠢᠨ ᠳᠡᠯᠭᠡᠨ ᠪᠣᠷᠣᠯᠠᠭᠤᠯᠬᠤ ᠠᠵᠢᠯᠯᠠᠭ᠎ᠠ︾ ᠶᠢ ᠳᠠᠭᠠᠭᠠᠨ ᠡᠷᠭᠢᠯᠡᠵᠦ᠂ ᠬᠡᠷᠡᠭᠯᠡᠭᠡ ᠶᠢᠨ 2 ᠳ᠋ᠦᠩᠰᠢᠭᠤᠷ ᠲᠥᠭᠦᠷᠢᠭ ᠤᠨ ᠬᠡᠷᠡᠭᠯᠡᠭᠡ ᠶᠢ ᠳᠠᠶᠢᠴᠢᠯᠠᠪᠠ᠃ ᠪᠥᠬᠦ ᠬᠤᠰᠢᠭᠤᠨ ᠤ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠠᠷᠠᠯᠵᠢᠶᠠᠨ ᠤ ᠲᠤᠭ᠎ᠠ ᠨᠡᠶᠢᠲᠡ 4 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 14.5% ᠪᠠᠷ ᠨᠡᠮᠡᠭᠳᠡᠪᠡ᠃ ᠵᠡᠷᠭᠡᠯᠭᠡᠨᠲᠦ ᠲᠠᠯ᠎ᠠ ᠶᠢᠨ ᠰᠣᠶᠣᠯ ᠵᠤᠭᠠᠴᠠᠯ ᠤᠨ ᠬᠦᠷᠢᠶᠡᠯᠡᠩ ᠠᠰᠢᠭᠯᠠᠯᠲᠠ ᠳᠤ ᠣᠷᠣᠵᠤ᠂ ᠬᠤᠳᠠ ᠶᠢᠨ ᠳᠤᠮᠳᠠᠬᠢ ᠲᠠᠯ᠎ᠠ ᠨᠤᠲᠤᠭ᠂ ᠠᠰᠠᠷ ᠤᠨ ᠳᠤᠮᠳᠠᠬᠢ ᠲᠠᠯ᠎ᠠ ᠨᠤᠲᠤᠭ ᠵᠡᠷᠭᠡ ᠰᠥᠨᠢ ᠶᠢᠨ ᠬᠡᠷᠡᠭᠯᠡᠭᠡ ᠬᠥᠮᠥᠰ ᠤᠨ ᠠᠩᠬᠠᠷᠤᠯ ᠢ ᠲᠠᠲᠠᠵᠤ᠂ ᠰᠢᠨ᠎ᠡ ︽ᠰᠥᠨᠢ︾  ᠶᠢᠨ ᠬᠡᠯᠪᠡᠷᠢ ᠶᠢᠨ ᠳᠠᠯᠳᠠ ᠬᠦᠴᠦᠨ ᠢ ᠦᠷᠭᠦᠯᠵᠢᠯᠡᠨ ᠪᠠᠳᠠᠷᠠᠭᠤᠯᠪᠠ᠃ ᠭᠤᠷᠪᠠ ᠳᠤ᠂ ᠮᠥᠩᠭᠦᠨ ᠭᠦᠢᠯᠭᠡᠭᠡᠨ ᠤ ᠦᠢᠯᠡᠴᠢᠯᠡᠭᠡᠨ ᠤ ᠶᠠᠰᠤ ᠴᠢᠨᠠᠷ ᠦᠷ᠎ᠡ ᠠᠰᠢᠭ ᠢ ᠵᠡᠷᠭᠡ ᠪᠠᠷ ᠠᠬᠢᠭᠤᠯᠪᠠ᠃ ᠣᠷᠣᠨ ᠨᠤᠲᠤᠭ ᠤᠨ ᠵᠠᠰᠠᠭ ᠤᠨ ᠣᠷᠳᠣᠨ ᠤ ᠵᠢᠭᠡᠯᠡᠯᠭᠡ ᠶᠢᠨ ᠲᠡᠮᠳᠡᠭᠲᠦ ᠶᠢ 7.3 ᠳ᠋ᠦᠩᠰᠢᠭᠤᠷ ᠲᠥᠭᠦᠷᠢᠭ ᠣᠯᠬᠤ ᠪᠠᠷ ᠴᠢᠷᠮᠠᠶᠢᠵᠤ᠂ ᠵᠠᠰᠠᠭ ᠤᠨ ᠣᠷᠳᠣᠨ ᠤ ᠥᠷᠢ ᠥᠭᠴᠡᠭᠡ ᠶᠢ 5.2 ᠳ᠋ᠦᠩᠰᠢᠭᠤᠷ ᠲᠥᠭᠦᠷᠢᠭ ᠠᠷᠢᠯᠭᠠᠵᠤ᠂ ᠠᠷᠢᠯᠭᠠᠬᠤ ᠡᠭᠦᠷᠭᠡ ᠪᠠᠨ 4 ᠵᠢᠯ ᠳᠠᠷᠠᠭᠠᠯᠠᠨ ᠳᠠᠪᠠᠭᠤᠯᠤᠨ ᠪᠡᠶᠡᠯᠡᠭᠦᠯᠵᠦ᠂ ᠥᠷᠢ ᠥᠭᠴᠡᠭᠡ ᠶᠢᠨ ᠬᠡᠪᠴᠢᠶ᠎ᠡ ᠶᠢ ᠢᠮᠠᠭᠲᠠ ᠵᠦᠢ ᠵᠣᠬᠢᠰᠲᠠᠢ ᠣᠷᠣᠨ ᠪᠠᠶᠢᠷᠢ ᠳᠤ ᠪᠠᠶᠢᠯᠭᠠᠪᠠ᠃ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠬᠠᠳᠠᠭᠠᠯᠠᠮᠵᠢ ᠪᠠ ᠵᠢᠭᠡᠯᠡᠯᠭᠡ ᠶᠢᠨ ᠦᠯᠡᠳᠡᠪᠦᠷᠢ 108 ᠳ᠋ᠦᠩᠰᠢᠭᠤᠷ ᠲᠥᠭᠦᠷᠢᠭ ᠪᠠ 115.7 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ ᠲᠣᠰ ᠲᠣᠰ 18.2% ᠪᠠ 16.1% ᠨᠡᠮᠡᠭᠳᠡᠵᠦ᠂ ᠬᠠᠳᠠᠭᠠᠯᠠᠮᠵᠢ ᠪᠠ ᠵᠢᠭᠡᠯᠡᠯᠭᠡ ᠶᠢᠨ ᠬᠠᠷᠢᠴᠠᠯ 107.1% ᠬᠦᠷᠴᠡᠢ᠃ ᠤᠯᠤᠰ ᠤᠨ ᠥᠮᠴᠢᠯᠡᠯᠲᠦ ᠬᠤᠪᠢ ᠣᠷᠣᠭᠤᠯᠤᠭᠰᠠᠨ ᠬᠥᠳᠡᠯᠬᠦ ᠬᠥᠷᠥᠩᠭᠡ ᠶᠢᠨ ᠳᠠᠨᠵᠢᠯᠠᠭ᠎ᠠ ᠶᠢᠨ ᠬᠢᠨᠠᠯᠲᠠ ᠬᠠᠮᠢᠶᠠᠷᠤᠯᠲᠠ ᠶᠢᠨ ᠺᠣᠮᠫᠠᠨᠢ ᠶᠢ ᠵᠣᠬᠢᠶᠠᠨ ᠪᠠᠶᠢᠭᠤᠯᠵᠤ ᠳᠠᠭᠤᠰᠬᠠᠭᠠᠳ᠂ ᠮᠠᠯᠴᠢᠨ ᠲᠠᠷᠢᠶᠠᠴᠢᠨ ᠤ ᠪᠡᠯᠡ ᠲᠣᠬᠢᠷᠠᠭᠤᠯᠬᠤ ᠠᠷᠭ᠎ᠠ ᠵᠠᠮ ᠢ ᠤᠯᠠᠮ ᠨᠢᠭᠡ ᠠᠯᠬᠤᠮ ᠥᠷᠭᠡᠳᠬᠡᠪᠡ᠃ ᠦᠢᠯᠡᠴᠢᠯᠡᠭᠡᠨ ᠤ ᠲᠠᠪᠴᠠᠩ ᠢᠶᠠᠷ ᠳᠠᠮᠵᠢᠭᠤᠯᠤᠨ 18.7 ᠳ᠋ᠦᠩᠰᠢᠭᠤᠷ ᠲᠥᠭᠦᠷᠢᠭ ᠤᠨ ᠵᠢᠭᠡᠯᠡᠯᠭᠡ ᠲᠠᠯᠪᠢᠵᠤ᠂ ᠠᠰᠢᠭ ᠭᠥᠷᠳᠡᠭᠰᠡᠨ ᠠᠵᠤ ᠠᠬᠤᠶᠢᠯᠠᠯ 162 ᠪᠣᠯᠵᠤ᠂ ᠮᠥᠩᠭᠦᠨ ᠭᠦᠢᠯᠭᠡᠭᠡᠨ ᠤ ᠪᠣᠳᠠᠲᠤ ᠴᠣᠭᠴᠠ ᠶᠢᠨ ᠠᠵᠤ ᠠᠬᠤᠢ ᠳᠤ ᠦᠢᠯᠡᠴᠢᠯᠡᠬᠦ ᠴᠢᠳᠠᠪᠤᠷᠢ ᠶᠡᠭᠡ ᠬᠡᠮᠵᠢᠶ᠎ᠡ ᠪᠠᠷ ᠴᠢᠩᠭᠠᠷᠠᠪᠠ᠃  ︱ ᠥᠩᠭᠡᠷᠡᠭᠰᠡᠨ ᠨᠢᠭᠡ ᠵᠢᠯ ᠳᠤ᠂ ᠪᠢᠳᠡ ᠬᠦᠴᠦ ᠳᠣᠷᠪᠢᠲᠠᠢ ᠪᠠᠷ ᠬᠤᠲᠠ ᠬᠥᠳᠡᠭᠡ ᠶᠢᠨ ᠳᠦᠷᠢ ᠲᠥᠷᠬᠦ ᠶᠢᠨ ᠬᠠᠮᠤᠭ ᠤᠨ ᠭᠤᠶᠣ ᠵᠢᠷᠤᠭ ᠢ ᠳᠡᠯᠭᠡᠪᠡ  ᠬᠤᠳᠠ ᠬᠥᠳᠡᠭᠡ ᠶᠢ ᠠᠭᠤᠰᠤᠯᠴᠠᠭᠤᠯᠬᠤ᠂ ᠪᠣᠬᠢᠷᠳᠤᠯ ᠦᠭᠡᠢ ᠬᠥᠭᠵᠢᠭᠦᠯᠬᠦ᠂ ᠪᠦᠲᠦᠭᠡᠨ ᠪᠠᠶᠢᠭᠤᠯᠬᠤ ᠪᠠ ᠬᠠᠮᠢᠶᠠᠷᠬᠤ ᠶᠢ ᠵᠡᠷᠭᠡᠪᠡᠷ ᠴᠢᠬᠤᠯᠠᠴᠢᠯᠠᠬᠤ ᠶᠢ ᠪᠠᠷᠢᠮᠲᠠᠯᠠᠵᠤ᠂ ᠨᠠᠷᠢᠯᠢᠭ ᠣᠶᠢᠯᠠᠭᠠᠭᠳᠠᠬᠤᠨ ᠢᠶᠠᠷ ᠬᠤᠳᠠ ᠶᠢᠨ ᠤᠷᠤᠭᠰᠢᠯᠠᠯᠲᠠ ᠶᠢ ᠬᠥᠲᠥᠯᠥᠨ ᠳᠠᠭᠠᠭᠤᠯᠵᠤ᠂ ᠬᠤᠳᠠ ᠬᠥᠳᠡᠭᠡ ᠶᠢᠨ ᠲᠥᠯᠦᠪᠵᠢᠭᠦᠯᠭᠡ ᠪᠦᠲᠦᠭᠡᠨ ᠪᠠᠶᠢᠭᠤᠯᠤᠯᠲᠠ ᠬᠠᠮᠢᠶᠠᠷᠤᠯᠲᠠ ᠶᠢ ᠴᠢᠩᠭᠠᠳᠬᠠᠵᠤ᠂ ᠠᠮᠢ ᠠᠬᠤᠢ ᠣᠷᠴᠢᠨ ᠲᠣᠭᠤᠷᠢᠨ ᠤ ᠠᠮᠢ ᠨᠠᠰᠤᠨ ᠤ ᠱᠤᠭᠤᠮ ᠢ ᠰᠠᠶᠢᠵᠢᠷᠠᠭᠤᠯᠵᠤ᠂ ᠬᠤᠳᠠ ᠬᠥᠳᠡᠭᠡ ᠶᠢᠨ ᠭᠠᠳᠠᠨᠠᠬᠢ ᠳᠦᠷᠢ ᠲᠥᠷᠬᠦ ᠪᠠ ᠳᠣᠲᠣᠭᠠᠳᠤ ᠴᠢᠨᠠᠷ ᠴᠢᠨᠰᠠᠭ᠎ᠠ ᠶᠢ ᠦᠡᠭᠭᠡᠨ ᠲᠠᠯ᠎ᠠ ᠠᠴᠠ ᠳᠣᠲᠣᠷ᠎ᠠ ᠲᠠᠯ᠎ᠠ ᠳᠤ ᠬᠦᠷᠲᠡᠯ᠎ᠡ ᠬᠤᠪᠢᠷᠠᠭᠤᠯᠪᠠ᠃ ᠨᠢᠭᠡ ᠳᠤ᠂ ᠬᠤᠲᠠ ᠶᠢᠨ ᠴᠢᠳᠠᠮᠵᠢ ᠲᠠᠰᠤᠷᠠᠯᠲᠠ ᠦᠭᠡᠢ ᠲᠡᠭᠦᠯᠳᠡᠷᠵᠢᠪᠡ᠃ ᠰᠣᠯᠣᠨ ᠵᠡᠭᠡᠯᠢ᠂ ᠰᠢᠤᠸᠠᠢ ᠹᠦ᠋ ᠵᠡᠭᠡᠯᠢ ᠵᠡᠷᠭᠡ 6 ᠵᠤᠷᠪᠤᠰ ᠬᠤᠲᠠ ᠶᠢᠨ ᠶᠠᠪᠤᠳᠠᠯ ᠤᠨ ᠵᠠᠮ ᠢ ᠳᠠᠭᠤᠰᠬᠠᠵᠤ᠂ ᠰᠢᠨ᠎ᠡ ᠪᠠᠷ ᠨᠡᠮᠡᠭᠰᠡᠨ ᠵᠠᠮ ᠤᠨ ᠣᠷᠳᠣ ᠨᠢ 5.2 ᠺᠢᠯᠣᠮᠧᠲᠷ ᠪᠣᠯᠣᠨ᠎ᠠ᠃ ᠤᠰᠤ ᠬᠠᠩᠭᠠᠬᠤ ᠤᠰᠤ ᠵᠠᠯᠠᠬᠤ ᠬᠤᠭᠤᠯᠠᠢ ᠶᠢᠨ ᠲᠣᠣᠷ 22 ᠺᠢᠯᠣᠮᠧᠲᠷ᠂ ᠢᠯᠴᠢ ᠬᠠᠩᠭᠠᠬᠤ ᠬᠤᠭᠤᠯᠠᠢ ᠶᠢᠨ ᠲᠣᠣᠷ 13.4 ᠺᠢᠯᠣᠮᠧᠲᠷ ᠢ ᠰᠢᠨ᠎ᠡ ᠪᠠᠷ ᠪᠠᠶᠢᠭᠤᠯᠬᠤ ᠪᠠ ᠥᠭᠡᠷᠡᠴᠢᠯᠡᠨ᠎ᠡ᠃ ᠬᠤᠷᠴᠢᠨ ᠨᠠᠭᠤᠷ᠂ ᠯᠢᠦ ᠱᠦ ᠴᠤᠸᠠᠨ ᠭᠤᠣᠯ ᠤᠨ ᠠᠮᠢ ᠠᠬᠤᠢ ᠶᠢᠨ ᠵᠠᠰᠠᠯᠲᠠ ᠵᠡᠷᠭᠡ 6 ᠲᠦᠷᠦᠯ ᠵᠦᠢᠯ ᠤᠨ ᠨᠣᠭᠤᠭᠠᠷᠠᠭᠤᠯᠤᠯᠲᠠ ᠶᠢᠨ ᠢᠨᠵᠧᠨᠧᠷᠢᠩ ᠢ ᠬᠡᠷᠡᠭᠵᠢᠭᠦᠯᠵᠦ᠂ ᠨᠣᠭᠤᠭᠠᠷᠠᠭᠤᠯᠤᠭᠰᠠᠨ ᠭᠠᠵᠠᠷ ᠤᠨ ᠲᠠᠯᠠᠪᠠᠶ ᠶᠢ 15.5 ᠲᠦᠮᠡᠨ ᠲᠡᠭᠰᠢ ᠳᠥᠷᠪᠡᠯᠵᠢᠨ ᠮᠧᠲᠷ ᠰᠢᠨ᠎ᠡ ᠪᠠᠷ ᠨᠡᠮᠡᠭᠳᠡᠭᠦᠯᠵᠦ᠂ ᠬᠥᠮᠥᠨ ᠪᠦᠷᠢ ᠶᠢᠨ ᠳᠤᠮᠳᠠᠴᠢ ᠴᠡᠴᠡᠷᠯᠢᠭ ᠤᠨ ᠨᠣᠭᠤᠭᠠᠷᠠᠭᠤᠯᠤᠭᠰᠠᠨ ᠭᠠᠵᠠᠷ ᠤᠨ ᠲᠠᠯᠠᠪᠠᠶ ᠶᠢ 49.9 ᠲᠡᠭᠰᠢ ᠳᠥᠷᠪᠡᠯᠵᠢᠨ ᠮᠧᠲᠷ ᠲᠤ ᠬᠦᠷᠪᠡ᠃ ᠤᠯᠤᠰ ᠤᠨ ᠴᠡᠴᠡᠷᠯᠢᠭ ᠤᠨ ᠬᠤᠳᠠ ᠶᠢᠨ ᠲᠠᠬᠢᠨ ᠪᠠᠶᠢᠴᠠᠭᠠᠯᠲᠠ ᠶᠢᠨ ᠠᠩᠬᠠᠨ ᠤ ᠬᠢᠨᠠᠯᠲᠠ ᠶᠢ ᠤᠷᠤᠭᠰᠢᠲᠠᠢ ᠥᠩᠭᠡᠷᠡᠭᠡᠪᠡ᠃ ᠪᠥᠬᠦ ᠵᠢᠯ ᠳᠤ ᠭᠡᠷ ᠪᠠᠶᠢᠰᠢᠩ ᠭᠠᠵᠠᠷ ᠰᠢᠷᠣᠢ ᠶᠢᠨ ᠬᠥᠷᠥᠩᠭᠡ ᠶᠢᠨ ᠨᠡᠭᠡᠭᠡᠨ ᠬᠥᠭᠵᠢᠭᠦᠯᠦᠯᠲᠡ ᠶᠢᠨ ᠲᠠᠯᠠᠪᠠᠶ 47.9 ᠲᠦᠮᠡᠨ ᠲᠡᠭᠰᠢ ᠳᠥᠷᠪᠡᠯᠵᠢᠨ ᠮᠧᠲᠷ ᠲᠤ ᠬᠦᠷᠴᠦ᠂ 179 ᠡᠷᠦᠬᠡ ᠶᠢᠨ ᠨᠤᠷᠠᠬᠤ ᠠᠶᠤᠯᠲᠠᠢ ᠭᠡᠷ ᠪᠠᠶᠢᠰᠢᠩ ᠢ ᠥᠭᠡᠷᠡᠴᠢᠯᠡᠨ ᠪᠠᠶᠢᠭᠤᠯᠵᠤ᠂ 700 ᠭᠠᠷᠤᠢ ᠬᠥᠮᠥᠨ ᠵᠣᠯ ᠵᠢᠷᠭᠠᠯᠲᠤ ᠣᠷᠣᠨ ᠰᠠᠭᠤᠴᠠ ᠶᠢᠨ ᠬᠦᠰᠡᠯ ᠢᠶᠠᠨ ᠪᠡᠶᠡᠯᠡᠭᠦᠯᠪᠡ᠃ ︽ᠬᠤᠲᠠ ᠶᠢᠨ ᠨᠠᠷᠢᠯᠢᠭᠵᠢᠭᠤᠯᠤᠭᠰᠠᠨ ᠬᠠᠮᠢᠶᠠᠷᠤᠯᠲᠠ︾ ᠶᠢᠨ ᠲᠤᠰᠬᠠᠢ ᠴᠡᠭᠴᠡᠯᠡᠨ ᠵᠠᠰᠠᠯᠲᠠ ᠶᠢ ᠥᠷᠨᠢᠭᠦᠯᠵᠦ᠂ ᠨᠠᠷᠢᠯᠢᠭ ᠭᠠᠵᠠᠷ ᠲᠤ ᠬᠤᠲᠠ ᠶᠢᠨ ᠴᠢᠨᠠᠷ ᠴᠢᠨᠰᠠᠭ᠎ᠠ ᠶᠢ ᠰᠠᠶᠢᠵᠢᠷᠠᠭᠤᠯᠤᠨ᠂ ᠴᠡᠪᠡᠷ ᠲᠡᠭᠰᠢ᠂ ᠭᠤᠶᠣ ᠰᠠᠶᠢᠬᠠᠨ ᠡᠮᠬᠢ ᠵᠢᠷᠤᠮ ᠲᠠᠢ᠂ ᠣᠷᠣᠰᠢᠨ ᠰᠠᠭᠤᠬᠤ ᠳᠤ ᠲᠠᠭᠠᠯᠠᠮᠵᠢᠲᠠᠢ ᠠᠮᠢᠳᠤᠷᠠᠯ ᠤᠨ ᠣᠷᠴᠢᠨ ᠲᠣᠭᠤᠷᠢᠨ ᠢ ᠪᠣᠶ ᠪᠣᠯᠭᠠᠪᠠ᠃ ᠬᠤᠶᠠᠷ ᠲᠤ᠂ ᠰᠠᠭᠤᠷᠢ ᠲᠥᠬᠦᠭᠡᠷᠦᠮᠵᠢ ᠢᠯᠡᠳᠲᠡ ᠦᠷ᠎ᠡ ᠪᠦᠲᠦᠮᠵᠢ ᠣᠯᠪᠠ᠃ ᠤᠯᠠᠭᠠᠨᠮᠣᠳᠣ ᠠᠴᠠ ᠠᠯᠲᠠᠨ ᠡᠮᠡᠭᠡᠯ᠂ ᠤᠯᠠᠭᠠᠨ ᠭᠤᠣᠯ ᠠᠴᠠ ᠤᠯᠠᠭᠠᠨ᠋ᠣ᠋ᠳᠣ ᠬᠦᠷᠬᠦ ᠵᠤᠭᠠᠴᠠᠯ ᠤᠨ ᠵᠠᠮ ᠲᠡᠷᠭᠡ ᠨᠡᠪᠲᠡᠷᠡᠪᠡ᠃ ᠣᠯᠣᠰᠣᠲᠠᠢ ᠠᠴᠠ ᠰᠠᠶᠢᠬᠠᠨ ᠬᠦᠷᠬᠦ 5 ᠵᠠᠮ ᠤᠨ ᠲᠥᠷᠥᠯ ᠵᠦᠢᠯ ᠢ ᠬᠦᠴᠦᠲᠡᠢ ᠠᠬᠢᠭᠤᠯᠵᠤ᠂ ᠪᠥᠬᠦ ᠬᠤᠰᠢᠭᠤᠨ ᠤ ᠵᠠᠰᠠᠮᠠᠯ ᠵᠠᠮ ᠤᠨ ᠪᠥᠬᠦ ᠣᠷᠳᠣ 3420 ᠺᠢᠯᠣᠮᠧᠲᠷ ᠲᠤ ᠬᠥᠷᠪᠡ᠃ ᠭᠠᠵᠠᠷ ᠰᠢᠷᠣᠢ ᠶᠢ ᠠᠷᠪᠢᠲᠠᠢ ᠡᠷᠴᠢᠮᠯᠢᠭ ᠬᠡᠷᠡᠭᠯᠡᠬᠦ ᠶᠢ ᠪᠥᠬᠦ ᠲᠠᠯ᠎ᠠ ᠪᠠᠷ ᠲᠦᠯᠬᠢᠨ ᠠᠬᠢᠭᠤᠯᠵᠤ᠂ 1243 ᠮᠦ ᠨᠡᠮᠡᠭᠳᠡᠯ ᠬᠠᠰᠤᠭᠳᠠᠯ ᠢ ᠬᠤᠯᠪᠣᠬᠤ ᠲᠥᠷᠥᠯ ᠵᠦᠢᠯ ᠢ ᠪᠡᠶᠡᠯᠡᠭᠦᠯᠵᠦ᠂ ᠵᠢᠱᠢᠯᠲᠡ ᠪᠠᠷ 3.6 ᠳ᠋ᠦᠩᠰᠢᠭᠤᠷ ᠲᠥᠭᠦᠷᠢᠭ ᠤᠨ ᠠᠰᠢᠭ ᠣᠷᠣᠯᠭ᠎ᠠ ᠲᠠᠢ ᠪᠣᠯᠭᠠᠨ᠎ᠠ᠃ ᠲᠠᠷᠢᠶᠠᠯᠠᠭ᠎ᠠ ᠶᠢᠨ ᠨᠥᠬᠦᠪᠦᠷᠢ ᠬᠥᠮᠥᠷᠭᠡ ᠶᠢᠨ ᠳᠠᠯᠳᠠ ᠬᠦᠴᠦᠨ ᠢ ᠠᠭᠤᠳᠠᠯᠤᠨ 1110 ᠮᠦ ᠶᠢ ᠬᠥᠮᠥᠷᠭᠡ ᠳᠤ ᠣᠷᠣᠭᠤᠯᠵᠤ᠂ 3740 ᠲᠦᠮᠡᠨ ᠲᠥᠭᠦᠷᠢᠭ ᠤᠨ ᠠᠰᠢᠭ ᠣᠷᠣᠯᠭ᠎ᠠ ᠶᠢ ᠪᠡᠶᠡᠯᠡᠭᠦᠯᠪᠡ᠃ ᠭᠤᠣᠯ ᠨᠠᠭᠤᠷ ᠤᠨ ᠡᠷᠭᠢ ᠶᠢᠨ ᠱᠤᠭᠤᠮ ᠢ 61 ᠺᠢᠯᠣᠮᠧᠲᠷ᠂ ᠭᠤᠣᠯ ᠤᠨ ᠵᠠᠮ ᠢ 55.2 ᠺᠢᠯᠣᠮᠧᠲᠷ ᠵᠠᠰᠠᠵᠤ᠂ 140 ᠲᠡᠭᠰᠢ ᠳᠥᠷᠪᠡᠯᠵᠢᠨ ᠺᠢᠯᠣᠮᠧᠲᠷ ᠤᠨ ᠬᠥᠷᠥᠰᠥ ᠰᠢᠷᠣᠢ ᠶᠢ ᠬᠠᠮᠠᠭᠠᠯᠠᠨ ᠵᠠᠰᠠᠬᠤ ᠶᠢ ᠪᠡᠶᠡᠯᠡᠭᠦᠯᠪᠡ᠃ ᠬᠤᠩ ᠴᠢ ᠶᠢᠨ 66 ᠺᠢᠯᠤᠸᠤᠯᠲ ᠤᠨ ᠴᠠᠬᠢᠯᠭᠠᠨ ᠬᠦᠷᠭᠡᠬᠦ ᠬᠦᠴᠦᠳᠡᠯ ᠥᠭᠡᠷᠡᠴᠢᠯᠡᠬᠦ᠂ ᠪᠣᠭᠳᠠ ᠠᠭᠤᠯᠠ ᠶᠢᠨ 10 ᠺᠢᠯᠤᠸᠤᠯᠲ ᠤᠨ ᠱᠤᠭᠤᠮ ᠵᠡᠷᠭᠡ 39 ᠴᠠᠬᠢᠯᠭᠠᠨ ᠲᠣᠣᠷ ᠤᠨ ᠥᠭᠡᠷᠡᠴᠢᠯᠡᠯᠲᠡ ᠶᠢᠨ ᠢᠨᠵᠧᠨᠧᠷᠢᠩ ᠢ ᠬᠡᠷᠡᠭᠵᠢᠭᠦᠯᠦᠨ᠎ᠡ᠃ ᠭᠤᠷᠪᠠ ᠳᠤ᠂ ᠠᠮᠢ ᠠᠬᠤᠢ ᠶᠢᠨ ᠰᠠᠭᠤᠷᠢ ᠥᠩᠭᠡ ᠶᠢ ᠨᠡᠩ ᠦᠵᠡᠰᠬᠦᠯᠡᠩᠲᠦ ᠰᠠᠶᠢᠬᠠᠨ ᠪᠣᠯᠭᠠᠨ᠎ᠠ᠃ ᠠᠭᠤᠯᠠ ᠤᠰᠤ ᠣᠶ ᠰᠢᠭᠤᠢ ᠲᠠᠷᠢᠶᠠᠨ ᠭᠠᠵᠠᠷ ᠨᠠᠭᠤᠷ ᠪᠦᠷᠢᠳᠦ ᠡᠪᠡᠰᠦ ᠪᠡᠯᠴᠢᠭᠡᠷ ᠢ ᠨᠢᠭᠡ ᠴᠣᠭᠴᠠᠵᠢᠭᠤᠯᠤᠨ ᠬᠠᠮᠠᠭᠠᠯᠠᠬᠤ ᠪᠠ ᠰᠢᠰᠲ᠋ᠧᠮ ᠲᠠᠢ ᠵᠠᠰᠠᠬᠤ ᠶᠢ ᠪᠠᠷᠢᠮᠲᠠᠯᠠᠵᠤ᠂ 8000 ᠮᠦ ᠣᠶᠢᠵᠢᠭᠤᠯᠵᠤ ᠨᠣᠭᠤᠭᠠᠷᠠᠭᠤᠯᠬᠤ᠂ 15 ᠲᠦᠮᠡᠨ ᠮᠦ ᠨᠤᠲᠤᠭ ᠪᠡᠯᠴᠢᠭᠡᠷ ᠤᠨ ᠪᠦᠲᠦᠭᠡᠨ ᠪᠠᠶᠢᠭᠤᠯᠤᠯᠲᠠ ᠶᠢᠨ ᠡᠭᠦᠷᠭᠡ ᠶᠢ ᠪᠡᠶᠡᠯᠡᠭᠦᠯᠦᠨ᠎ᠡ᠃ ᠡᠰᠢ ᠰᠦᠷᠡᠯ ᠢ ᠰᠢᠲᠠᠭᠠᠬᠤ ᠶᠢ ᠴᠠᠭᠠᠵᠠᠯᠠᠬᠤ ᠬᠠᠮᠢᠶᠠᠷᠤᠯᠲᠠ ᠡᠵᠡᠮᠳᠡᠯ ᠤᠨ ᠡᠷᠴᠢᠮ ᠢ ᠴᠢᠩᠭᠠᠷᠠᠭᠤᠯᠤᠨ᠂ ᠠᠭᠠᠷ ᠤᠨ ᠶᠠᠰᠤ ᠴᠢᠨᠠᠷ ᠰᠢᠯᠢᠳᠡᠭ ᠰᠠᠶᠢᠨ ᠡᠳᠦᠷ ᠤᠨ ᠲᠤᠭ᠎ᠠ ᠶᠢᠨ ᠬᠠᠷᠢᠴᠠᠯ ᠢ 97% ᠠᠴᠠ ᠳᠡᠭᠡᠭᠰᠢ ᠪᠠᠶᠢᠯᠭᠠᠬᠤ ᠶᠢ ᠪᠠᠲᠤᠯᠠᠨ᠎ᠠ᠃ ᠤᠰᠤᠨ ᠤ ᠡᠬᠢ ᠰᠤᠷᠪᠤᠯᠵᠢ ᠶᠢᠨ ᠭᠠᠵᠠᠷ ᠤᠨ ᠬᠠᠮᠠᠭᠠᠯᠠᠯᠲᠠ᠂ ᠭᠤᠣᠯ ᠤᠷᠤᠭᠤ ᠪᠣᠬᠢᠷᠳᠤᠯ ᠭᠠᠳᠠᠭᠰᠢᠯᠠᠭᠤᠯᠬᠤ ᠠᠮᠠ ᠶᠢᠨ ᠬᠠᠮᠢᠶᠠᠷᠤᠯᠲᠠ ᠶᠢᠨ ᠠᠵᠢᠯ ᠢ ᠪᠥᠬᠦ ᠲᠠᠯ᠎ᠠ ᠪᠠᠷ ᠰᠠᠶᠢᠲᠤᠷ ᠬᠢᠵᠦ ᠂ ᠤᠯᠤᠰ ᠠᠴᠠ ᠡᠵᠡᠮᠳᠡᠬᠦ ᠣᠭᠲᠣᠯᠣᠭᠠᠰᠤ ᠶᠢᠨ ᠤᠰᠤᠨ ᠤ ᠴᠢᠨᠠᠷ ᠢ ᠴᠥᠮ Ⅲ ᠲᠥᠷᠥᠯ ᠤᠨ ᠪᠠᠷᠢᠮᠵᠢᠶ᠎ᠠ ᠳᠤ ᠬᠦᠷᠦᠭᠦᠯᠦᠨ᠎ᠡ᠃ 120 ᠠᠶᠢᠯ ᠲᠣᠰᠬᠤᠨ ᠤ ᠬᠥᠭᠵᠢᠯᠲᠡ ᠶᠢᠨ ᠲᠥᠯᠦᠪᠵᠢᠭᠦᠯᠭᠡ ᠶᠢ ᠨᠠᠶᠢᠷᠠᠭᠤᠯᠤᠨ ᠵᠣᠬᠢᠶᠠᠵᠤ ᠳᠠᠭᠤᠰᠬᠠᠭᠠᠳ᠂ ᠬᠥᠷᠥᠰᠥ ᠰᠢᠷᠣᠢ ᠶᠢᠨ ᠪᠣᠬᠢᠷᠳᠤᠯ ᠢ ᠲᠥᠷᠥᠯ ᠬᠤᠪᠢᠶᠠᠨ ᠬᠠᠮᠢᠶᠠᠷᠤᠨ ᠡᠵᠡᠮᠳᠡᠬᠦ ᠶᠢ ᠲᠠᠰᠤᠷᠠᠯᠲᠠ ᠦᠭᠡᠢ ᠭᠦᠨᠵᠡᠭᠡᠶᠢᠷᠡᠭᠦᠯᠵᠦ᠂ ᠠᠵᠤ ᠦᠢᠯᠡᠳᠪᠦᠷᠢ ᠶᠢᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠶᠡᠷᠦᠩᠬᠡᠶᠢᠯᠡᠨ ᠠᠰᠢᠭᠯᠠᠬᠤ ᠨᠣᠷᠮ᠎ᠠ ᠶᠢ 100% ᠳᠤ ᠬᠦᠷᠭᠡᠪᠡ᠃ ᠭᠤᠣᠯ ᠮᠥᠷᠡᠨ ︵ᠨᠠᠭᠤᠷ︶ ᠤ ᠳᠠᠷᠤᠭ᠎ᠠ ᠶᠢᠨ ᠳᠦᠷᠢᠮ᠂ ᠣᠶ ᠰᠢᠭᠤᠢ ︵ᠡᠪᠡᠰᠦ︶ ᠶᠢᠨ ᠳᠠᠷᠤᠭ᠎ᠠ ᠶᠢᠨ ᠳᠦᠷᠢᠮ ᠨᠢ ᠬᠤᠣᠰ ᠴᠢᠭᠯᠡᠯ ᠢᠶᠠᠷ ᠬᠦᠴᠦᠯᠡᠬᠦ ᠶᠢ ᠪᠡᠶᠡᠯᠡᠭᠦᠯᠵᠦ᠂ ᠠᠮᠢ ᠠᠬᠤᠢ ᠶᠢᠨ ᠰᠠᠭᠤᠷᠢ ᠥᠩᠭᠡ ᠶᠢ ᠡᠷᠡᠰ ᠢᠶᠠᠷ ᠰᠠᠬᠢᠨ ᠬᠠᠮᠠᠭᠠᠯᠠᠵᠤ᠂ ᠦᠵᠡᠰᠬᠦᠯᠡᠩᠲᠦ ᠰᠠᠶᠢᠬᠠᠨ ᠡᠮᠦᠨᠡᠲᠦ ᠬᠤᠰᠢᠭᠤ ᠶᠢ ᠬᠥᠰᠡᠷᠳᠡᠭᠦᠯᠬᠦ ᠦᠭᠡᠢ ᠪᠠᠶᠢᠬᠤ ᠬᠡᠷᠡᠭᠲᠡᠢ᠃   ︱ ᠥᠩᠭᠡᠷᠡᠭᠰᠡᠨ ᠨᠢᠭᠡ ᠵᠢᠯ ᠳᠤ᠂ ᠪᠢᠳᠡ ᠰᠡᠳᠬᠢᠯ ᠢᠶᠠᠨ ᠨᠢᠭᠡᠳᠬᠡᠨ ᠬᠦᠴᠦᠨ ᠢᠶᠠᠨ ᠬᠠᠮᠲᠤᠳᠬᠠᠵᠤ᠂ ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠢ ᠥᠨᠢ ᠤᠳᠠᠭᠠᠨ ᠪᠠᠲᠤᠯᠠᠵᠠᠢ  ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠢᠮᠠᠭᠲᠠ ᠦᠢᠯᠡᠳᠦᠯᠭᠡᠵᠢᠭᠦᠯᠵᠦ᠂ ᠠᠷᠠᠳ ᠢ ᠭᠦᠨ ᠣᠶᠢᠯᠠᠭᠠᠵᠤ᠂ ᠠᠷᠠᠳ ᠢᠶᠠᠨ ᠬᠠᠶᠢᠷᠠᠯᠠᠵᠤ᠂ ᠠᠷᠠᠳ ᠢᠶᠠᠨ ᠬᠦᠨᠳᠦᠳᠬᠡᠬᠦ ᠶᠢ ᠴᠢᠬᠤᠯᠠᠴᠢᠯᠠᠵᠤ᠂ ᠠᠷᠠᠳ ᠤᠨ ᠠᠮᠢᠳᠤᠷᠠᠯ ᠤᠨ ᠣᠷᠣᠭᠤᠯᠤᠯᠲᠠ ᠶᠢ ᠦᠷᠭᠦᠯᠵᠢᠯᠡᠨ ᠨᠡᠮᠡᠭᠳᠡᠭᠦᠯᠵᠦ᠂ ᠠᠷᠠᠳ ᠤᠨ ᠠᠮᠢᠳᠤᠷᠠᠯ ᠤᠨ ᠬᠦᠴᠢᠷ ᠠᠰᠠᠭᠤᠳᠠᠯ ᠢ ᠰᠢᠢᠳᠪᠦᠷᠢᠯᠡᠨ᠂ ᠠᠷᠠᠳ ᠢ ᠳᠣᠲᠣᠨᠣᠴᠢᠯᠠᠬᠤ ᠰᠡᠳᠬᠢᠯᠭᠡ ᠪᠠᠷ ᠠᠷᠠᠳ ᠲᠤ ᠠᠰᠢᠭ ᠬᠦᠷᠲᠡᠭᠡᠬᠦ ᠶᠠᠪᠤᠳᠠᠯ ᠢ ᠪᠣᠳᠣᠯᠬᠢᠯᠠᠬᠤ ᠬᠡᠷᠡᠭᠲᠡᠢ᠃ ᠨᠢᠭᠡ ᠳᠤ᠂ ᠠᠷᠠᠳ ᠤᠨ ᠠᠮᠢᠳᠤᠷᠠᠯ ᠤᠨ ᠪᠠᠲᠤᠯᠠᠭ᠎ᠠ ᠶᠢ ᠲᠣᠭᠲᠠᠭᠤᠨ ᠢᠶᠠᠷ ᠠᠬᠢᠭᠤᠯᠪᠠ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠪᠢᠯᠧᠲ ᠪᠠᠷ ᠲᠣᠭᠲᠠᠭᠠᠭᠰᠠᠨ ᠠᠷᠠᠳ ᠤᠨ ᠠᠮᠢᠳᠤᠷᠠᠯ ᠤᠨ 10 ᠪᠣᠳᠠᠲᠤ ᠶᠠᠪᠤᠳᠠᠯ ᠤᠨ ᠲᠦᠷᠦᠯ ᠵᠦᠢᠯ ᠢ ᠪᠦᠬᠦᠨ ᠢ ᠪᠠᠷᠢᠵᠤ ᠳᠠᠭᠤᠰᠬᠠᠭᠠᠳ ᠬᠤᠲᠠ ᠪᠠᠯᠭᠠᠰᠤᠨ ᠤ 1300 ᠬᠥᠮᠥᠨ ᠳᠤ ᠰᠢᠨ᠎ᠡ ᠪᠠᠷ ᠠᠵᠢᠯ ᠣᠯᠭᠤᠵᠤ᠂ ᠳᠠᠩᠰᠠᠯᠠᠭᠤᠯᠤᠭᠰᠠᠨ ᠠᠵᠢᠯ ᠠᠯᠳᠠᠯᠲᠠ ᠶᠢᠨ ᠨᠣᠷᠮ᠎ᠠ 2.9% ᠪᠣᠯᠪᠠ᠃ ᠰᠢᠨ᠎ᠡ ᠶᠢ ᠡᠭᠦᠳᠬᠦ ᠦᠢᠯᠡᠰ ᠴᠣᠭᠴᠠᠯᠠᠬᠤ 4 ᠨᠡᠪᠴᠢᠭᠦᠯᠬᠦ ᠰᠠᠭᠤᠷᠢᠨ ᠭᠠᠵᠠᠷ 208 ᠠᠵᠤ ᠠᠬᠤᠶᠢᠯᠠᠯ ᠳᠤ ᠣᠷᠣᠵᠤ ᠰᠠᠭᠤᠭᠠᠳ᠂ 2993 ᠬᠥᠮᠥᠨ ᠤ ᠠᠵᠢᠯ ᠣᠯᠭᠤᠯᠲᠠ ᠶᠢ ᠳᠠᠶᠢᠴᠢᠯᠠᠪᠠ᠃ ᠰᠦᠯᠵᠢᠶᠡᠨ ᠠᠴᠠ ᠭᠠᠳᠠᠭᠤᠷᠬᠢ 5 ᠰᠤᠯᠠ ᠠᠵᠢᠯ ᠤᠨ ︽ᠵᠢᠵᠢᠭ ᠵᠠᠬ᠎ᠠ ᠳᠡᠯᠭᠡᠭᠦᠷ ︾ ᠢ ᠤᠷᠢᠳᠠᠪᠠᠷ ᠪᠣᠶ ᠪᠣᠯᠭᠠᠵᠤ᠂ ᠰᠢᠨ᠎ᠡ ᠶᠢ ᠡᠭᠦᠳᠬᠦ ᠠᠵᠢᠯ ᠣᠯᠭᠤᠯᠲᠠ ᠶᠢᠨ ︽ᠠᠷᠠᠳ ᠤᠨ ᠶᠡᠭᠡ ᠠᠮᠢᠳᠤᠷᠠᠯ︾ ᠢ ᠬᠥᠭᠵᠢᠭᠡᠪᠡ᠃ ᠡᠯ᠎ᠡ ᠲᠥᠷᠥᠯ ᠤᠨ ᠠᠪᠤᠷᠠᠨ ᠲᠤᠰᠠᠯᠠᠬᠤ᠂ ᠲᠤᠰᠠᠯᠠᠬᠤ ᠪᠡᠯᠡ ᠮᠥᠩᠭᠦ ᠶᠢ ᠨᠡᠶᠢᠲᠡ 2.3 ᠳ᠋ᠦᠩᠰᠢᠭᠤᠷ ᠲᠥᠭᠦᠷᠢᠭ ᠵᠠᠷᠤᠴᠠᠭᠤᠯᠵᠤ᠂ ᠬᠤᠲᠠ ᠬᠥᠳᠡᠭᠡ ᠶᠢᠨ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠪᠠᠷᠢᠮᠵᠢᠶ᠎ᠠ ᠶᠢ ᠲᠣᠰ ᠲᠣᠰ 4% ᠪᠠ 10% ᠪᠠᠷ ᠳᠡᠭᠡᠭᠰᠢᠯᠡᠭᠦᠯᠵᠦ᠂ ᠪᠢ ᠭᠦᠢ ᠶᠤᠸᠠᠨ ᠪᠣᠯᠣᠨ ᠰᠢᠩ ᠺᠧ ᠨᠡᠶᠢᠭᠡᠮ ᠲᠣᠭᠤᠷᠢᠭ ᠤᠨ ᠨᠠᠰᠤᠵᠢᠯ ᠤᠨ ᠦᠢᠯᠡᠴᠢᠯᠡᠭᠡᠨ ᠤ ᠥᠷᠲᠡᠭᠡ ᠶᠢ ᠪᠠᠶᠢᠭᠤᠯᠵᠤ᠂ ᠬᠤᠲᠠ ᠪᠠᠯᠭᠠᠰᠤ ᠶᠢᠨ ᠨᠠᠰᠤᠵᠢᠯ ᠤᠨ ᠦᠢᠯᠡᠴᠢᠯᠡᠭᠡᠨ ᠤ ᠪᠡᠯᠡᠳᠬᠡᠮᠵᠢ ᠶᠢᠨ ᠪᠦᠷᠬᠦᠴᠡ ᠶᠢᠨ ᠨᠣᠷᠮ᠎ᠠ ᠶᠢ 95% ᠠᠴᠠ ᠳᠡᠭᠡᠭᠰᠢ ᠳᠤ ᠬᠦᠷᠦᠭᠦᠯᠦᠨ᠎ᠡ᠃ ︽12345 ᠦᠢᠯᠡᠴᠢᠯᠡᠭᠡᠨ ᠤ ᠬᠠᠯᠠᠭᠤᠨ ᠤᠲᠠᠰᠤ︾ ᠶᠢᠨ ᠬᠤᠯᠪᠣᠯᠳᠤᠭᠰᠠᠨ ᠬᠥᠭᠦᠷᠭᠡ ᠶᠢᠨ ᠦᠢᠯᠡᠳᠦᠯ ᠢ ᠦᠨᠡᠨ ᠬᠦ ᠪᠠᠳᠠᠷᠠᠭᠤᠯᠵᠤ᠂ ᠵᠠᠰᠠᠭ ᠤᠨ ᠣᠷᠳᠣᠨ ᠤ ᠰᠡᠳᠬᠢᠯ ᠢ ᠳᠤᠯᠠᠭᠠᠴᠠᠭᠤᠯᠬᠤ ᠦᠢᠯᠡᠴᠢᠯᠡᠭᠡ ᠪᠠᠷ ᠤᠯᠠᠨ ᠲᠦᠮᠡᠨ ᠤ ᠦᠨᠡᠨ ᠰᠡᠳᠬᠢᠯ ᠤᠨ ᠬᠠᠨᠤᠮᠵᠢ ᠶᠢ ᠬᠤᠪᠢᠷᠠᠭᠤᠯᠤᠨ᠎ᠠ᠃ ᠬᠤᠶᠠᠷ ᠲᠤ᠂ ᠰᠤᠷᠭᠠᠨ ᠬᠥᠮᠦᠵᠢᠯ ᠤᠨ ᠦᠢᠯᠡᠰ ᠢ ᠤᠷᠢᠳᠠᠪᠠᠷ ᠬᠥᠭᠵᠢᠭᠦᠯᠦᠨ᠎ᠡ᠃ ︽ᠰᠤᠷᠭᠠᠨ ᠬᠥᠮᠦᠵᠢᠯ ᠢᠶᠠᠷ ᠬᠤᠰᠢᠭᠤ ᠪᠠᠨ ᠬᠦᠴᠦᠷᠬᠡᠭᠵᠢᠭᠦᠯᠬᠦ︾ ᠪᠠᠶᠢᠯᠳᠤᠬᠤ ᠪᠣᠳᠣᠯᠭ᠎ᠠ ᠶᠢ ᠭᠦᠨᠵᠡᠭᠡᠢ ᠬᠡᠷᠡᠭᠵᠢᠭᠦᠯᠵᠦ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠢ ᠪᠥᠭᠡᠳ ᠲᠡᠩᠴᠡᠭᠦᠷᠢᠲᠡᠢ ᠬᠥᠭᠵᠢᠯᠲᠡ ᠶᠢ ᠲᠦᠷᠭᠡᠳᠬᠡᠨ᠂ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ᠂ ᠣᠨᠴᠣᠭᠤᠢ ᠰᠤᠷᠭᠠᠨ ᠬᠥᠮᠦᠵᠢᠯ ᠤᠨ ᠨᠡᠶᠢᠳᠡᠮ ᠠᠰᠢᠭ ᠬᠦᠷᠲᠡᠭᠡᠬᠦ ᠬᠥᠭᠵᠢᠯᠲᠡ ᠶᠢ ᠴᠢᠩᠭᠠᠷᠠᠭᠤᠯᠵᠤ᠂ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠱᠠᠲᠤ ᠦᠶ᠎ᠡ ᠶᠢᠨ ᠰᠤᠷᠭᠠᠭᠤᠯᠢ ᠶᠢᠨ ᠣᠯᠠᠨ ᠶᠠᠩᠵᠤ ᠶᠢᠨ ᠬᠥᠭᠵᠢᠯᠲᠡ ᠶᠢ ᠪᠠᠷᠢᠮᠲᠠᠯᠠᠨ᠎ᠠ᠃ 5820 ᠲᠦᠮᠡᠨ ᠲᠥᠭᠦᠷᠢᠭ ᠤᠨ ᠰᠤᠷᠭᠠᠨ ᠬᠥᠮᠦᠵᠢᠯ ᠤᠨ ᠰᠠᠭᠤᠷᠢ ᠲᠥᠬᠦᠭᠡᠷᠦᠮᠵᠢ ᠶᠢᠨ ᠪᠡᠯᠡ ᠣᠷᠣᠭᠤᠯᠤᠯᠲᠠ ᠶᠢ ᠪᠡᠶᠡᠯᠡᠭᠦᠯᠵᠦ᠂ ᠬᠢᠩᠭᠠᠨ ᠤ ᠬᠠᠢ ᠳ᠋ᠢᠶᠠᠨ ᠰᠤᠷᠭᠠᠭᠤᠯᠢ ᠰᠦᠨᠳᠡᠷᠯᠡᠨ ᠪᠣᠰᠴᠤ᠂ ᠶᠦᠩ ᠰᠢᠩ ᠪᠠᠭ᠎ᠠ ᠰᠤᠷᠭᠠᠭᠤᠯᠢ ᠪᠡᠶ᠎ᠡ ᠪᠠᠨ ᠳᠠᠭᠠᠭᠠᠨ ᠰᠤᠷᠭᠠᠭᠤᠯᠢ ᠡᠷᠬᠢᠯᠡᠵᠦ᠂ ᠭᠤᠷᠪᠠᠳᠤᠭᠠᠷ ᠪᠠᠭ᠎ᠠ ᠰᠤᠷᠭᠠᠭᠤᠯᠢ ᠬᠦᠰᠡᠯ ᠵᠡᠭᠦᠳᠦ ᠪᠠᠨ ᠲᠡᠷᠭᠡᠯᠰᠢᠭᠦᠯᠪᠡ᠃ ︽ᠬᠤᠶᠠᠷ ᠢ ᠪᠠᠭᠠᠰᠬᠠᠬᠤ︾ ᠠᠵᠢᠯ ᠢ ᠯᠠᠪᠳᠠᠭᠤᠨ ᠢᠶᠠᠷ ᠠᠬᠢᠭᠤᠯᠵᠤ᠂ ᠦᠨᠡᠮᠯᠡᠯ ᠦᠭᠡᠢ ᠪᠠᠷ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ ᠤᠨ ᠪᠠᠶᠢᠭᠤᠯᠤᠮᠵᠢ ᠶᠢ ᠬᠥᠳᠡᠯᠦᠩᠭᠦᠢ ᠪᠠᠷ ᠦᠭᠡᠶᠢᠰᠭᠡᠪᠡ᠃ ᠡᠯ᠎ᠡ ᠲᠦᠷᠦᠯ ᠤᠨ ᠪᠠᠭᠰᠢ ᠶᠢ 281 ᠬᠥᠮᠥᠨ ᠡᠯᠰᠡᠵᠦ᠂ ᠰᠤᠷᠭᠠᠨ ᠬᠥᠮᠦᠵᠢᠯ ᠢ ᠳᠡᠮᠵᠢᠬᠦ 98 ᠪᠠᠭᠰᠢ ᠶᠢ ᠠᠵᠢᠯ ᠤᠨ ᠪᠠᠶᠢᠷᠢ ᠳᠤᠨᠢ ᠣᠴᠢᠭᠤᠯᠤᠨ ᠬᠢᠴᠢᠶᠡᠯᠯᠡᠭᠦᠯᠵᠦ᠂ ᠣᠳᠣᠬᠢᠴᠢᠯᠠᠭᠰᠠᠨ ᠰᠤᠷᠭᠠᠨ ᠬᠥᠮᠦᠵᠢᠯ ᠤᠨ ᠰᠢᠰᠲ᠋ᠧᠮ ᠢ ᠠᠯᠬᠤᠮ ᠠᠯᠬᠤᠮ ᠢᠶᠠᠷ ᠲᠡᠭᠦᠯᠳᠡᠷᠵᠢᠭᠦᠯᠪᠡ᠃ ᠬᠤᠰᠢᠭᠤᠨ ᠤ ᠰᠤᠷᠭᠠᠨ ᠬᠥᠮᠦᠵᠢᠯ ᠤᠨ ᠲᠣᠪᠴᠢᠶ᠎ᠠ ᠨᠢ ︽ᠪᠥᠬᠦ ᠤᠯᠤᠰ ᠤᠨ ᠲᠠᠷᠠᠭᠠᠴᠢ ᠶᠢᠨ ᠦᠶ᠎ᠡ ᠪᠠᠨ ᠬᠠᠯᠠᠮᠵᠢᠯᠠᠭᠰᠠᠨ ᠠᠵᠢᠯ ᠤᠨ ᠲᠡᠷᠢᠭᠦᠨ ᠤ ᠬᠠᠮᠲᠤ︾ ᠶᠢᠨ ᠴᠣᠯᠠ ᠪᠠᠷ ᠦᠨᠡᠯᠡᠭᠳᠡᠪᠡ᠃ ᠭᠤᠷᠪᠠ ᠳᠤ᠂ ᠡᠷᠡᠭᠦᠯ ᠬᠠᠮᠠᠭᠠᠯᠠᠯ ᠡᠷᠡᠭᠦᠯ ᠮᠡᠨᠳᠤ ᠶᠢᠨ ᠲᠠᠯ᠎ᠠ ᠪᠠᠷ ᠭᠠᠷᠮᠠᠭᠠᠢ ᠲᠠᠪᠰᠢᠯᠳᠠ ᠣᠯᠪᠠ᠃ ᠡᠷᠡᠭᠦᠯ ᠡᠩᠬᠡ ᠡᠮᠦᠨᠡᠲᠦ ᠬᠤᠰᠢᠭᠤᠨ ᠤ ᠪᠦᠲᠦᠭᠡᠨ ᠪᠠᠶᠢᠭᠤᠯᠤᠯᠲᠠ ᠢᠯᠡᠳᠲᠡ ᠦᠷ᠎ᠡ ᠪᠦᠲᠦᠮᠵᠢ ᠣᠯᠵᠤ᠂ ᠲᠠᠰ ᠬᠤᠪᠢᠶᠠᠨ ᠣᠨᠣᠰᠢᠯᠠᠨ ᠡᠮᠨᠡᠬᠦ ᠦᠢᠯᠡᠴᠢᠯᠡᠭᠡᠨ ᠤ ᠰᠢᠰᠲ᠋ᠧᠮ ᠲᠠᠰᠤᠷᠠᠯᠲᠠ ᠦᠭᠡᠢ ᠲᠡᠭᠦᠯᠳᠡᠷᠵᠢᠵᠦ᠂ ᠲᠦᠷᠭᠡᠨ ᠡᠮᠨᠡᠬᠦ ᠲᠦᠷᠭᠡᠨ ᠠᠪᠤᠷᠠᠯᠳᠠ ᠶᠢᠨ ᠲᠥᠪ ᠪᠥᠬᠦ ᠣᠷᠣᠨ ᠤ ᠠᠩᠬᠠᠨ ᠤ ᠬᠢᠨᠠᠯᠲᠠ ᠳᠤ ᠬᠢᠷᠢ ᠲᠡᠩᠴᠡᠪᠡ᠃ ᠦᠨᠳᠦᠰᠦᠨ ᠱᠠᠲᠤᠨ ᠤ ᠡᠮᠴᠢᠯᠡᠭᠡᠨ ᠤ ᠪᠠᠶᠢᠭᠤᠯᠤᠮᠵᠢ ᠳᠠᠬᠢ ᠮᠣᠩᠭᠤᠯ ᠡᠮ ᠡᠮᠨᠡᠯᠭᠡ ᠶᠢᠨ ᠦᠢᠯᠡᠴᠢᠯᠡᠭᠡᠨ ᠤ ᠨᠣᠷᠮ᠎ᠠ ᠶᠢ 100% ᠳᠤ ᠬᠦᠷᠦᠭᠦᠯᠵᠦ᠂ ᠪᠥᠬᠦ ᠬᠤᠰᠢᠭᠤᠨ ᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠳᠠᠭᠠᠳᠬᠠᠯ ᠳᠤ ᠣᠷᠣᠯᠴᠠᠭᠰᠠᠨ ᠨᠣᠷᠮ᠎ᠠ ᠶᠢ 95% ᠠᠴᠠ ᠳᠡᠭᠡᠭᠰᠢ ᠬᠦᠷᠪᠡ᠃ ᠡᠪᠡᠳᠴᠢᠨ ᠡᠮᠭᠡᠭ ᠢ ᠰᠡᠷᠭᠡᠶᠢᠯᠡᠨ ᠵᠠᠰᠠᠬᠤ᠂ ᠡᠬᠡ ᠨᠢᠯᠬᠠᠰ ᠤᠨ ᠡᠷᠡᠭᠦᠯ ᠮᠡᠨᠳᠦ ᠶᠢ ᠬᠠᠮᠠᠭᠠᠯᠠᠬᠤ ᠦᠢᠯᠡᠴᠢᠯᠡᠭᠡᠨ ᠤ ᠴᠢᠳᠠᠪᠤᠷᠢ ᠲᠣᠭᠲᠠᠭᠤᠨ ᠢᠶᠠᠷ ᠳᠡᠭᠡᠭᠰᠢᠯᠡᠵᠦ᠂ ︽ᠨᠢᠭᠡ ᠨᠠᠰᠤᠲᠠᠨ ᠨᠢᠭᠡ ᠨᠢᠯᠬ᠎ᠠ︾ ᠪᠠᠲᠤᠯᠠᠭ᠎ᠠ ᠶᠢᠨ ᠰᠢᠰᠲ᠋ᠧᠮ ᠢ ᠲᠠᠰᠤᠷᠠᠯᠲᠠ ᠦᠭᠡᠢ ᠲᠡᠭᠦᠯᠳᠡᠷᠵᠢᠭᠦᠯᠪᠡ᠃ ᠪᠥᠬᠦ ᠣᠷᠣᠨ ᠳᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯᠧᠺᠲᠷᠣᠨ ᠨᠡᠪᠲᠡᠷᠡᠬᠦ ᠦᠨᠡᠮᠯᠡᠯ ᠢ ᠠᠩᠬ᠎ᠠ ᠡᠭᠦᠳᠴᠦ᠂ 3 ᠰᠠᠭᠤᠷᠢ 840 ᠲᠠᠰᠤᠯᠭ᠎ᠠ ᠲᠥᠪᠯᠡᠷᠡᠭᠦᠯᠦᠨ ᠲᠤᠰᠠᠭᠠᠷᠯᠠᠬᠤ ᠳᠤ ᠬᠡᠷᠡᠭᠯᠡᠬᠦ ᠭᠡᠷ ᠪᠠᠶᠢᠰᠢᠩ ᠢ ᠪᠠᠷᠢᠮᠵᠢᠶᠠᠵᠢᠭᠤᠯᠤᠨ ᠥᠭᠡᠷᠡᠴᠢᠯᠡᠬᠦ ᠶᠢ ᠪᠡᠶᠡᠯᠡᠭᠦᠯᠵᠦ᠂ 100 ᠲᠠᠰᠤᠯᠭ᠎ᠠ ᠬᠢᠵᠢᠭ ᠢ ᠰᠡᠷᠭᠡᠶᠢᠯᠡᠬᠦ ᠠᠵᠢᠯᠲᠠᠨ ᠤ ᠠᠪᠳᠠᠷ᠎ᠠ ᠮᠠᠶ᠋ᠢᠭ ᠤᠨ ᠭᠡᠷ ᠪᠠᠶᠢᠰᠢᠩ ᠢ ᠢᠵᠢ ᠪᠦᠷᠢᠳᠦᠭᠦᠯᠦᠨ ᠪᠦᠲᠦᠭᠡᠨ ᠪᠠᠶᠢᠭᠤᠯᠵᠤ᠂ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠴᠢᠳᠠᠪᠤᠷᠢ ᠶᠢ ᠪᠥᠬᠦ ᠲᠠᠯ᠎ᠠ ᠪᠠᠷ ᠴᠢᠩᠭᠠᠳᠬᠠᠪᠠ᠃ ᠳᠥᠷᠪᠡ ᠳᠤ᠂ ᠰᠣᠶᠣᠯ ᠲᠠᠮᠢᠷ ᠢ ᠠᠭᠤᠰᠤᠯᠴᠠᠭᠤᠯᠤᠨ ᠡᠶ᠎ᠡ ᠵᠣᠬᠢᠴᠠᠩᠭᠤᠢ ᠪᠠᠷ ᠬᠠᠮᠲᠤᠪᠠᠷ ᠤᠷᠤᠭᠰᠢᠯᠠᠪᠠ᠃ ᠴᠢ ᠹᠧᠩ᠂ ᠤᠯᠠᠭᠠᠨᠲᠤᠶᠠᠭ᠎ᠠ ᠵᠡᠷᠭᠡ 23 ᠤᠳᠬ᠎ᠠ ᠤᠷᠠᠯᠢᠭ ᠤᠨ ᠠᠵᠢᠯᠲᠠᠨ ᠰᠣᠶᠣᠯ ᠤᠨ ᠲᠣᠰᠬᠤᠨ ᠤ ᠳᠠᠷᠤᠭ᠎ᠠ ᠶᠢᠨ ᠲᠤᠰᠢᠶᠠᠯ ᠢ ᠡᠭᠦᠷᠭᠡᠯᠡᠪᠡ᠃ ᠶᠠᠩ ᠯᠠᠨ᠂ ᠯᠢ ᠯᠢ ᠬᠤᠩ ᠵᠡᠷᠭᠡ ᠮᠢᠩᠭ᠎ᠠ ᠭᠠᠷᠤᠢ ᠨᠠᠷᠠᠲᠤ ᠬᠥᠮᠥᠰ ᠡᠮᠦᠨᠡᠲᠦ ᠬᠤᠰᠢᠭᠤᠨ ᠤ ᠬᠥᠭᠵᠢᠯᠲᠡ ᠶᠢ ᠮᠠᠭᠲᠠᠨ ᠰᠠᠶᠢᠰᠢᠶᠠᠵᠤ᠂ ︽ᠤᠯᠠᠨ ᠨᠡᠶᠢᠲᠡ ᠶᠢᠨ ᠰᠣᠶᠣᠯ ᠤᠨ ᠡᠭᠦᠯᠡ︾ ᠶᠢᠨ ᠲᠠᠪᠴᠠᠩ ᠢ ᠠᠮᠵᠢᠯᠲᠠ ᠲᠠᠢ ᠪᠠᠷ ᠡᠬᠢᠯᠡᠭᠦᠯᠵᠦ᠂ ᠰᠦᠯᠵᠢᠶᠡᠨ ᠳᠡᠭᠡᠷ᠎ᠡ ᠲᠡᠦᠬᠡ ᠶᠢᠨ ᠳᠤᠷᠠᠰᠬᠠᠯᠲᠤ ᠵᠦᠢᠯ ᠢ ᠰᠢᠯᠭᠠᠨ ᠦᠵᠡᠵᠦ ᠰᠢᠩᠭᠡᠬᠡᠨ ᠦᠢᠯᠡᠳᠬᠦ ᠠᠵᠢᠯ ᠢ ᠡᠮᠬᠢ ᠵᠢᠷᠤᠮ ᠲᠠᠢ ᠪᠠᠷ ᠲᠦᠯᠬᠢᠨ ᠠᠬᠢᠭᠤᠯᠪᠠ᠃ ︽ᠭᠤᠷᠪᠠᠨ ᠰᠠᠶᠢᠬᠠᠨ ᠤ ᠭᠡᠷ ᠣᠷᠣᠨ · ᠨᠣᠮ ᠤᠨ ᠰᠠᠴᠤᠯᠢ ᠲᠠᠢ ᠡᠮᠦᠨᠡᠲᠦ ᠬᠤᠰᠢᠭᠤ︾ ᠶᠢᠨ ᠤᠩᠰᠢᠯᠭ᠎ᠠ ᠶᠢᠨ ᠬᠤᠷᠠᠯ ᠨᠢ ᠪᠥᠬᠦ ᠣᠷᠣᠨ ᠤ ᠴᠣᠷ ᠤᠨ ᠭᠠᠭᠴᠠ ᠤᠯᠤᠰ ᠤᠨ ᠲᠠᠰ ᠤᠨ ᠤᠳᠬ᠎ᠠ ᠵᠣᠬᠢᠶᠠᠯ ᠤᠨ ᠭᠤᠣᠯᠳᠠᠯᠭ᠎ᠠ ᠲᠠᠢ ᠳᠡᠮᠵᠢᠯᠭᠡ ᠶᠢᠨ ᠲᠥᠷᠥᠯ ᠵᠦᠢᠯ ᠪᠣᠯᠤᠭᠰᠠᠨ ᠪᠠᠶᠢᠨ᠎ᠠ᠃ ᠬᠠᠮ ᠵᠠᠭᠤᠴᠢᠯᠠᠭᠤᠷ ᠤᠨ ᠲᠥᠪ ᠨᠢ ᠪᠥᠬᠦ ᠣᠷᠣᠨ ᠤ ︽ᠷᠠᠳᠢᠣ᠋ ᠲᠧᠯᠸᠢᠰ ᠤᠨ ᠵᠠᠭᠤᠴᠢᠯᠠᠭᠤᠷ ᠤᠨ ᠠᠭᠤᠰᠤᠯᠴᠠᠯ ᠤᠨ ᠬᠤᠰᠢᠭᠤᠴᠢ ᠨᠢᠭᠡᠴᠡ︾ ᠪᠠᠷ ᠦᠨᠡᠯᠡᠭᠳᠡᠪᠡ᠃ ᠤᠯᠠᠭᠠᠨᠮᠥ᠋ᠴᠢᠷ ᠤᠨ ᠬᠢᠨ ᠵᠠᠭᠤ ᠭᠠᠷᠤᠢ ᠲᠠᠯᠠᠪᠠᠢ ᠤᠷᠠᠨ ᠰᠠᠶᠢᠬᠠᠨ ᠤ ᠲᠣᠭᠯᠠᠯᠲᠠ ᠥᠷᠨᠢᠭᠦᠯᠵᠦ᠂ ᠶᠢᠰᠦᠳᠦᠭᠡᠷ ᠬᠤᠭᠤᠴᠠᠭᠠᠨ ᠤ ᠪᠦᠬᠦ ᠣᠷᠣᠨ ᠤ ᠤᠯᠠᠭᠠᠨᠮᠥ᠋ᠴᠢᠷ ᠤᠨ ᠤᠷᠠᠯᠢᠭ ᠤᠨ ᠨᠠᠶᠢᠷ ᠲᠤ ᠪᠦᠯᠬᠦᠮ ᠤᠨ ᠠᠯᠳᠠᠨ ᠱᠠᠩᠨᠠᠯ ᠢ ᠬᠦᠷᠲᠡᠵᠡᠢ᠃ ᠪᠡᠶ᠎ᠡ ᠶᠢᠨ ᠲᠠᠮᠢᠷ ᠤᠨ ᠦᠢᠯᠡᠰ ᠤᠯᠠᠨ ᠲᠠᠯ᠎ᠠ ᠪᠠᠷ ᠴᠡᠴᠡᠭᠯᠡᠨ ᠬᠥᠭᠵᠢᠵᠦ᠂ ᠪᠦᠬᠦ ᠣᠷᠣᠨ ᠤ ᠵᠠᠯᠠᠭᠤᠴᠤᠳ ᠪᠠᠭᠠᠴᠤᠳ ᠤᠨ ᠬᠦᠨᠳᠦ ᠬᠥᠩᠭᠡᠨ ᠲᠠᠮᠢᠷ ᠤᠨ ᠮᠠᠩᠯᠠᠢ ᠰᠢᠯᠭᠠᠷᠠᠭᠤᠯᠬᠤ ᠤᠷᠤᠯᠳᠤᠭᠠᠨ ᠤ ᠲᠦᠷᠪᠡᠨ ᠠᠯᠳᠠᠨ ᠮᠧᠳᠠᠯ ᠬᠤᠶᠠᠷ ᠮᠥᠩᠭᠦᠨ ᠮᠧᠳᠠᠯ  ᠢ ᠬᠦᠷᠲᠡᠵᠡᠢ᠃ ᠬᠤᠰᠢᠭᠤᠨ ᠤ ᠬᠥᠯ ᠪᠥᠮᠪᠦᠭᠡ ᠶᠢᠨ ᠨᠡᠶᠢᠭᠡᠮᠯᠢᠭ ᠵᠢᠩᠬᠢᠨᠢ ᠪᠠᠷ ᠪᠠᠶᠢᠭᠤᠯᠤᠭᠳᠠᠵᠤ᠂ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠬᠥᠳᠡᠯᠭᠡᠭᠡᠨ ᠤ ᠥᠷᠨᠢᠯᠲᠡ ᠶᠢ ᠪᠣᠶ ᠪᠣᠯᠭᠠᠪᠠ᠃ ᠲᠠᠪᠤ ᠳᠤ᠂ ᠨᠡᠶᠢᠭᠡᠮ ᠤᠨ ᠶᠡᠭᠡ ᠲᠠᠯ᠎ᠠ ᠡᠶ᠎ᠡ ᠵᠣᠬᠢᠴᠠᠯ ᠲᠠᠢ ᠪᠥᠭᠡᠳ ᠲᠣᠭᠲᠠᠭᠤᠨ ᠪᠠᠶᠢᠨ᠎ᠠ᠃ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢ ᠯᠠᠪᠳᠠᠭᠤᠨ ᠢᠶᠠᠷ ᠲᠦᠯᠬᠢᠨ ᠠᠬᠢᠭᠤᠯᠵᠤ᠂ ᠬᠠᠤᠯᠢ ᠪᠠᠷᠢᠬᠤ ᠪᠠᠶᠢᠭᠤᠯᠤᠯ ᠤᠨ ᠶᠡᠷᠦᠩᠬᠡᠶᠢᠯᠡᠭᠰᠡᠨ ᠢᠵᠢ ᠪᠦᠷᠢᠳᠦᠭᠦᠯᠬᠦ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠎ᠡ᠃ ᠴᠠᠷᠠᠰᠤᠨ ᠭᠠᠴᠠᠭ᠎ᠠ ᠨᠢ ︽ᠪᠥᠬᠦ ᠤᠯᠤᠰ ᠤᠨ ᠠᠷᠠᠳᠴᠢᠯᠠᠯ ᠪᠠ ᠬᠠᠤᠯᠢ ᠪᠠᠷ ᠵᠠᠰᠠᠬᠤ ᠵᠢᠱᠢᠶ᠎ᠡ ᠦᠵᠡᠭᠦᠯᠬᠦ ᠲᠣᠰᠬᠤᠨ︾ ᠢᠶᠠᠷ ᠦᠨᠡᠯᠡᠭᠳᠡᠪᠡ᠃ ᠬᠤᠰᠢᠭᠤᠨ ᠤ ᠠᠯᠪᠠᠨ ᠭᠡᠷᠡᠴᠢᠯᠡᠭᠡ ᠶᠢᠨ ᠭᠠᠵᠠᠷ ︽ᠥᠪᠡᠷᠲᠡᠭᠡᠨ ᠵᠠᠰᠠᠬᠤ ᠣᠷᠣᠨ ᠤ ᠰᠢᠯᠢᠳᠡᠭ ᠨᠢᠭᠡᠴᠡ︾ ᠶᠢᠨ ᠢᠷᠠᠭᠤ ᠠᠯᠳᠠᠷ ᠢ ᠭᠥᠷᠳᠡᠪᠡ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠦᠬᠦ ᠲᠠᠯ᠎ᠠ ᠪᠠᠷ ᠪᠠᠲᠤᠳᠬᠠᠵᠤ᠂ ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠨ᠎ᠠ᠃ ︽ᠵᠠᠭᠤᠨ ᠡᠳᠦᠷ ᠤᠨ ᠠᠵᠢᠯᠯᠠᠭ᠎ᠠ︾᠂ ︽ᠬᠤᠶᠠᠷ ᠢ ᠲᠣᠳᠣᠷᠬᠠᠶᠢᠯᠠᠵᠤ ᠬᠤᠶᠠᠷ ᠲᠤ ᠴᠣᠬᠢᠯᠲᠠ ᠥᠭᠬᠦ︾ ᠶᠢ ᠭᠦᠨᠵᠡᠭᠡᠢ ᠲᠦᠯᠬᠢᠨ ᠠᠬᠢᠭᠤᠯᠵᠤ᠂ ᠪᠥᠬᠦ ᠵᠢᠯ ᠤᠨ ᠡᠷᠡᠭᠦᠦ ᠶᠢᠨ ᠬᠡᠷᠡᠭ ᠠᠳᠠᠯᠢ ᠬᠤᠭᠤᠴᠠᠭᠠᠨ ᠤ  ᠬᠢ ᠠᠴᠠ 12.6% ᠪᠠᠷ ᠪᠠᠭᠤᠷᠠᠵᠤ᠂ ︽ᠠᠮᠤᠷ ᠠᠮᠤᠭᠤᠯᠠᠩ ᠡᠮᠦᠨᠡᠲᠦ ᠬᠤᠰᠢᠭᠤ︾ ᠶᠢᠨ ᠪᠦᠲᠦᠭᠡᠨ ᠪᠠᠶᠢᠭᠤᠯᠤᠯᠲᠠ ᠰᠢᠨ᠎ᠡ ᠱᠠᠲᠤᠨ ᠳᠤ ᠣᠷᠣᠵᠤ᠂ ᠬᠤᠲᠠ ᠶᠢᠨ ᠬᠡᠪᠴᠢᠶᠡᠨ ᠤ ᠨᠡᠶᠢᠭᠡᠮ ᠤᠨ ᠵᠠᠰᠠᠯᠲᠠ ᠶᠢᠨ ᠣᠳᠣᠬᠢᠴᠢᠯᠠᠯᠲᠠ ᠳᠠᠬᠢᠨᠲᠠ ᠰᠢᠨ᠎ᠡ ᠳᠡᠭᠲᠡᠷ ᠲᠤ ᠭᠠᠷᠪᠠ᠃ ᠰᠢᠨ᠎ᠡ ᠴᠠᠭ ᠦᠶ᠎ᠡ ᠶᠢᠨ ︽ᠹᠧᠩᠴᠢᠶᠤᠤ ᠶᠢᠨ ᠲᠤᠷᠰᠢᠯᠭ᠎ᠠ︾ ᠶᠢ ᠪᠠᠷᠢᠮᠲᠠᠯᠠᠨ ᠬᠥᠭᠵᠢᠭᠦᠯᠵᠦ᠂ ᠵᠥᠷᠢᠴᠡᠯ ᠵᠢᠭᠤᠷᠠᠯᠳᠤᠭᠠᠨ ᠢ ᠪᠠᠶᠢᠴᠠᠭᠠᠨ ᠰᠢᠢᠳᠪᠦᠷᠢᠯᠡᠬᠦ ᠠᠵᠢᠯ ᠢ ᠴᠢᠩᠭᠠᠳᠬᠠᠵᠤ᠂ ᠨᠢᠭᠡ ᠪᠦᠯᠦᠭ ᠲᠡᠦᠬᠡᠨ ᠠᠴᠠ ᠦᠯᠡᠳᠡᠭᠳᠡᠵᠦ ᠢᠷᠡᠭᠰᠡᠨ ᠵᠠᠬᠢᠳᠠᠯ ᠰᠣᠷᠪᠤᠯᠵᠢᠯᠠᠭ᠎ᠠ ᠶᠢᠨ ᠠᠰᠠᠭᠤᠳᠠᠯ ᠢ ᠰᠢᠢᠳᠪᠦᠷᠢᠯᠡᠪᠡ᠃ ᠢᠳᠡᠭᠡᠨ ᠪᠠ ᠡᠮ ᠤᠨ ᠵᠦᠢᠯ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠲᠠᠰᠤᠷᠠᠯᠲᠠ ᠦᠭᠡᠢ ᠴᠢᠩᠭᠠᠳᠬᠠᠵᠤ᠂ ᠠᠶᠤᠯ ᠦᠭᠡᠢ ᠦᠢᠯᠡᠳᠪᠦᠷᠢᠯᠡᠯ ᠤᠨ ᠪᠠᠶᠢᠳᠠᠯ ᠦᠷᠭᠦᠯᠵᠢᠯᠡᠨ ᠲᠣᠭᠲᠠᠭᠤᠨ ᠪᠠᠶᠢᠨ᠎ᠠ᠃   ︱ ᠥᠩᠭᠡᠷᠡᠭᠰᠡᠨ ᠨᠢᠭᠡ ᠵᠢᠯ ᠳᠤ᠂ ᠪᠢᠳᠡ ᠣᠮᠤᠭ ᠲᠡᠭᠦᠯᠳᠡᠷ ᠢᠶᠠᠷ ᠤᠷᠤᠭᠰᠢᠯᠠᠵᠤ᠂ ᠥᠭᠡᠷᠡᠴᠢᠯᠡᠯᠲᠡ ᠨᠡᠭᠡᠭᠡᠯᠲᠡ ᠶᠢᠨ ᠴᠢᠬᠤᠯᠠ ᠨᠢᠭᠡ ᠠᠯᠬᠤᠮ ᠢ ᠠᠯᠬᠤᠪᠠ  ᠥᠭᠡᠷᠡᠴᠢᠯᠡᠯᠲᠡ ᠪᠠᠷ ᠬᠥᠳᠡᠯᠭᠡᠭᠦ ᠬᠦᠴᠦᠨ ᠢ ᠨᠡᠮᠡᠭᠳᠡᠭᠦᠯᠬᠦ᠂ ᠨᠡᠭᠡᠭᠡᠯᠲᠡ ᠪᠠᠷ ᠠᠮᠢᠵᠢᠷᠠᠯ ᠤᠨ ᠬᠦᠴᠦᠨ ᠢ ᠨᠡᠮᠡᠭᠳᠡᠭᠦᠯᠬᠦ᠂ ᠣᠷᠴᠢᠨ ᠲᠣᠭᠤᠷᠢᠨ ᠢᠶᠠᠷ ᠲᠠᠲᠠᠬᠤ ᠬᠦᠴᠦᠨ ᠢ ᠴᠢᠩᠭᠠᠷᠠᠭᠤᠯᠬᠤ᠂ ᠠᠷᠢᠭᠤᠨ ᠴᠢᠬᠡᠴᠢ ᠪᠠᠷ ᠨᠢᠭᠲᠠᠷᠠᠭᠤᠯᠬᠤ ᠬᠦᠴᠦᠨ ᠢ ᠨᠢᠭᠲᠠᠷᠠᠭᠤᠯᠵᠤ᠂ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠰᠦᠷ ᠳᠠᠯᠠᠶᠢᠴᠠᠲᠠᠢ ᠬᠦᠴᠦᠨ ᠢ ᠬᠥᠭᠵᠢᠭᠡᠵᠡᠢ᠃ ᠨᠢᠭᠡ ᠳᠤ᠂ ᠥᠭᠡᠷᠡᠴᠢᠯᠡᠯᠲᠡ ᠶᠢ ᠭᠦᠨᠵᠡᠭᠡᠶᠢᠷᠡᠭᠦᠯᠦᠭᠡᠳ ᠲᠠᠬᠢᠨ ᠰᠢᠨ᠎ᠡ ᠠᠮᠵᠢᠯᠲᠠ ᠪᠦᠲᠦᠮᠵᠢ ᠣᠯᠪᠠ᠃ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠯᠠᠪᠳᠠᠭᠤᠨ ᠪᠠᠲᠤᠲᠠᠢ ᠠᠬᠢᠭᠤᠯᠵᠤ᠂ ᠠᠵᠤ ᠠᠬᠤᠶᠢᠯᠠᠯ ᠢ ᠬᠠᠪᠰᠤᠷᠤᠨ ᠬᠦᠴᠢᠷᠳᠡᠯ ᠢ ᠰᠢᠢᠳᠪᠦᠷᠢᠯᠡᠬᠦ ᠦᠢᠯᠡᠴᠢᠯᠡᠭᠡ ᠶᠢ ᠲᠣᠭᠲᠠᠭᠤᠨ ᠢᠶᠠᠷ ᠠᠬᠢᠭᠤᠯᠵᠤ ᠶᠠᠰᠤ ᠴᠢᠨᠠᠷ ᠢ ᠳᠡᠭᠡᠭᠰᠢᠯᠡᠭᠦᠯᠪᠡ᠃ ᠰᠢᠨᠵᠢᠯᠡᠬᠦ ᠤᠬᠠᠭᠠᠨ ᠮᠡᠷᠭᠡᠵᠢᠯ ᠤᠨ ᠠᠵᠢᠯ ᠤᠨ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠭᠦᠨᠵᠡᠭᠡᠢ ᠠᠬᠢᠭᠤᠯᠵᠤ᠂ ᠪᠥᠬᠦ ᠠᠶᠢᠮᠠᠭ ᠲᠤ ᠰᠢᠨᠵᠢᠯᠡᠬᠦ ᠤᠬᠠᠭᠠᠨ ᠮᠡᠷᠭᠡᠵᠢᠯ ᠤᠨ ᠦᠢᠯᠡᠰ ᠤᠨ ᠬᠥᠭᠵᠢᠯᠲᠡ ᠶᠢᠨ ᠲᠥᠪ ᠢ ᠤᠷᠢᠳᠠᠪᠠᠷ ᠪᠠᠶᠢᠭᠤᠯᠤᠨ᠎ᠠ ᠃ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ ︽ᠪᠦᠬᠦ ᠣᠷᠣᠨ ᠤ ᠰᠢᠯᠢᠳᠡᠭ ᠵᠣᠬᠢᠶᠠᠨ ᠪᠠᠶᠢᠭᠤᠯᠤᠯᠲᠠ ᠶᠢᠨ ᠨᠢᠭᠡᠴᠡ︾ ᠪᠠᠷ ᠦᠨᠡᠯᠡᠭᠳᠡᠪᠡ᠃ ᠬᠤᠰᠢᠭᠤᠨ ᠤ ᠬᠥᠳᠡᠭᠡ ᠲᠣᠰᠬᠤᠨ ᠤ ᠥᠮᠴᠢᠯᠡᠯ ᠤᠨ ᠡᠷᠬᠡ ᠶᠢᠨ ᠰᠣᠯᠢᠯᠴᠠᠭᠠᠨ ᠤ ᠲᠥᠪ 11439 ᠬᠤᠪᠢ ᠭᠠᠵᠠᠷ ᠰᠢᠷᠣᠢ ᠶᠢᠨ ᠡᠵᠡᠩᠨᠡᠯᠲᠡ ᠶᠢᠨ ᠡᠷᠬᠡ ᠪᠠᠨ ᠪᠠᠷᠢᠴᠠᠭᠠᠯᠠᠵᠤ ᠪᠡᠯᠡ ᠲᠣᠬᠢᠷᠠᠭᠤᠯᠬᠤ ᠶᠢ ᠪᠡᠶᠡᠯᠡᠭᠦᠯᠵᠦ᠂ 5.4 ᠳ᠋ᠦᠩᠰᠢᠭᠤᠷ ᠲᠥᠭᠦᠷᠢᠭ ᠤᠨ ᠵᠢᠭᠡᠯᠡᠯᠭᠡ ᠶᠢᠨ ᠮᠥᠩᠭᠦ ᠵᠢᠭᠡᠯᠡᠪᠡ᠃ ᠪᠦᠬᠦ ᠵᠢᠯ ᠳᠤ 8. 3 ᠳ᠋ᠦᠩᠰᠢᠭᠤᠷ ᠲᠥᠭᠦᠷᠢᠭ ᠤᠨ ᠭᠠᠶᠢᠯᠢ ᠶᠢ ᠪᠤᠴᠠᠭᠠᠬᠤ ᠭᠠᠶᠢᠯᠢ ᠶᠢ ᠬᠥᠩᠭᠡᠯᠡᠨ ᠰᠦᠢᠳᠬᠡᠯ ᠢ ᠪᠠᠭᠤᠷᠠᠭᠤᠯᠵᠤ᠂ 2.6 ᠲᠦᠮᠡᠨ ᠡᠷᠦᠬᠡ ︵ᠤᠳᠠᠭ᠎ᠠ︶ ᠶᠢᠨ ᠭᠠᠶᠢᠯᠢ ᠲᠤᠰᠢᠶᠠᠭᠴᠢ ᠳᠤ ᠠᠰᠢᠭ ᠬᠦᠷᠲᠡᠭᠡᠪᠡ᠃ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠥᠭᠡᠷᠡᠴᠢᠯᠡᠯᠲᠡ ᠶᠢ ᠯᠠᠪᠳᠠᠭᠤᠨ ᠢᠶᠠᠷ ᠲᠦᠯᠬᠢᠨ ᠠᠬᠢᠭᠤᠯᠵᠤ᠂ ᠤᠯᠤᠰ ᠤᠨ ᠪᠡᠯᠡ ᠣᠷᠣᠭᠤᠯᠤᠯᠲᠠ ᠶᠢᠨ ᠺᠣᠮᠫᠠᠨᠢ᠂ ᠬᠤᠳᠠ ᠶᠢᠨ ᠪᠦᠲᠦᠭᠡᠨ ᠪᠠᠶᠢᠭᠤᠯᠤᠯᠲᠠ ᠶᠢᠨ ᠺᠣᠮᠫᠠᠨᠢ ᠵᠡᠷᠭᠡ ᠤᠯᠤᠰ ᠤᠨ ᠥᠮᠴᠢᠯᠡᠯ ᠤᠨ 5 ᠠᠵᠤ ᠠᠬᠤᠶᠢᠯᠠᠯ ᠰᠢᠯᠢᠳᠡᠭᠵᠢᠭᠦᠯᠦᠯᠲᠡ ᠶᠢ ᠠᠬᠢᠭᠤᠯᠵᠤ ᠳᠠᠬᠢᠨ ᠪᠠᠶᠢᠭᠤᠯᠤᠯᠲᠠ ᠶᠢ ᠪᠡᠶᠡᠯᠡᠭᠦᠯᠪᠡ᠃ ᠲᠣᠰᠬᠤᠨ ᠤ ᠲᠠᠰ ᠤᠨ ᠶᠡᠷᠦᠩᠬᠡᠶᠢᠯᠡᠭᠰᠡᠨ ᠦᠢᠯᠡᠴᠢᠯᠡᠭᠡᠨ ᠤ ᠬᠤᠷᠰᠢᠶ᠎ᠠ ᠶᠢ 22 ᠰᠢᠨ᠎ᠡ ᠪᠠᠷ ᠪᠠᠶᠢᠭᠤᠯᠵᠤ᠂ ᠬᠠᠩᠭᠠᠨ ᠪᠣᠷᠣᠯᠠᠭᠤᠯᠬᠤ ᠰᠢᠰᠲ᠋ᠧᠮ ᠤᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ︽832︾ ᠲᠠᠪᠴᠠᠩ ᠤᠨ ᠪᠣᠷᠣᠯᠠᠭᠤᠯᠤᠯᠲᠠ ᠶᠢᠨ ᠬᠡᠮᠵᠢᠶ᠎ᠡ 2140 ᠲᠦᠮᠡᠨ ᠲᠥᠭᠦᠷᠢᠭ ᠲᠤ ᠬᠦᠷᠪᠡ᠃ ᠬᠤᠶᠠᠷ ᠲᠤ᠂ ᠭᠠᠳᠠᠭᠰᠢ ᠨᠡᠭᠡᠭᠡᠯᠲᠡ ᠬᠢᠬᠦ ᠠᠵᠢᠯ ᠰᠢᠨ᠎ᠡ ᠠᠯᠬᠤᠮ ᠢ ᠠᠯᠬᠤᠪᠠ᠃ ᠴᠢᠶᠠᠨ · ᠬᠠᠢ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠦᠨ ᠠᠳᠠᠯ ᠦᠢᠯᠡᠰ ᠴᠣᠭᠴᠠᠯᠠᠬᠤ ᠬᠥᠨᠳᠡᠢ ᠶᠢᠨ ᠪᠦᠲᠦᠭᠡᠨ ᠪᠠᠶᠢᠭᠤᠯᠤᠯᠲᠠ ᠶᠢ ᠳᠠᠭᠤᠰᠬᠠᠵᠤ᠂ ᠪᠥᠬᠦ ᠠᠶᠢᠮᠠᠭ ᠤᠨ ᠠᠩᠬᠠᠳᠠᠭᠴᠢ ᠬᠡᠯᠪᠡᠷᠢ ᠶᠢᠨ ᠡᠯᠡᠰᠦᠨ ᠵᠢᠮᠢᠰ ᠤᠨ ᠮᠢᠺᠷᠣᠪ ᠤᠨ ᠴᠢᠳᠠᠮᠵᠢ ᠶᠢᠨ ᠴᠢᠨᠠᠷᠲᠠᠢ ᠪᠣᠷᠳᠤᠭ᠎ᠠ ᠶᠢ ᠰᠤᠳᠤᠯᠤᠨ ᠨᠡᠭᠡᠭᠡᠵᠦ᠂ ᠫᠷᠤᠹᠧᠰᠰᠤᠷ ᠤᠨ ᠠᠵᠢᠯ ᠤᠨ ᠥᠷᠲᠡᠭᠡ 2᠂ ᠦᠬᠡᠷ ᠤᠨ ᠦᠢᠯᠡᠰ ᠤᠨ ᠬᠦᠪᠦᠷᠡᠯ ᠰᠢᠯᠵᠢᠭᠦᠯᠦᠨ ᠤᠷᠭᠤᠭᠤᠯᠬᠤ ᠲᠤᠷᠰᠢᠯᠲᠠ ᠶᠢᠨ ᠲᠠᠰᠤᠭ 2 ᠶᠢ ᠪᠠᠶᠢᠭᠤᠯᠵᠤ᠂ ᠬᠤᠰᠢᠭᠤᠨ ᠤ ᠤᠯᠤᠰ ᠤᠨ ᠲᠠᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ 6 ᠪᠣᠯᠪᠠ᠃ ᠪᠡᠯᠴᠢᠭᠡᠷ ᠤᠨ ᠬᠤᠨᠢᠨ ᠮᠢᠬ᠎ᠠ ᠪᠡᠭᠡᠵᠢᠩ ᠳᠤ ᠬᠤᠰᠢᠭᠤᠴᠢ ᠳᠡᠯᠭᠡᠭᠦᠷ ᠢ ᠠᠮᠵᠢᠯᠲᠠ ᠲᠠᠢ ᠨᠡᠭᠡᠭᠡᠵᠦ᠂ ᠵᠠᠭᠤ ᠭᠠᠷᠤᠢ ᠵᠦᠢᠯ ᠤᠨ ᠣᠨᠴᠠᠯᠢᠭᠲᠤ ᠲᠠᠸᠠᠷ ᠢ ︽ᠨᠡᠶᠢᠰᠯᠡᠯ ᠤᠨ ᠠᠷᠠᠯᠵᠢᠶ᠎ᠠ ᠬᠤᠳᠠᠯᠳᠤᠭᠠᠨ ᠤ ᠬᠦᠷᠢᠶᠡᠨ︾ ᠳᠤ ᠣᠷᠣᠭᠤᠯᠪᠠ᠃ ᠪᠠᠶᠠᠨ ᠲᠥᠩ ᠶᠤᠸᠠᠨ ᠭᠠᠳᠠᠭᠠᠳᠤ ᠳᠤ ᠭᠠᠷᠭᠠᠬᠤ ᠶᠢ ᠤᠷᠤᠭᠰᠢᠲᠠᠢ ᠪᠡᠶᠡᠯᠡᠭᠦᠯᠵᠦ᠂ ᠵᠢᠩ ᠴᠢᠤᠸᠠᠨ ᠡᠮ ᠤᠨ ᠦᠢᠯᠡᠰ ᠤᠨ ᠭᠠᠳᠠᠭᠠᠳᠤ ᠳᠤ ᠭᠠᠷᠭᠠᠬᠤ ᠵᠢᠩᠬᠢᠨᠢ ᠡᠮ ᠤᠨ ᠮᠠᠲ᠋ᠧᠷᠢᠶᠠᠯ 110 ᠲᠣᠨ᠂ ᠴᠠᠷᠠᠰᠤᠨ ᠵᠢᠭᠠᠰᠤᠨ ᠤ ᠪᠦᠲᠦᠭᠡᠭᠳᠡᠬᠦᠨ ᠢ ᠤᠯᠤᠰ ᠤᠨ ᠳᠣᠲᠣᠭᠠᠳᠤ ᠭᠠᠳᠠᠭᠠᠳᠤ ᠳᠤ ᠪᠣᠷᠣᠯᠠᠭᠤᠯᠤᠨ᠂ ᠬᠤᠰᠢᠭᠤᠨ ᠤ ᠣᠨᠴᠠᠯᠢᠭᠲᠤ ᠪᠦᠲᠦᠭᠡᠭᠳᠡᠬᠦᠨ ᠢ ᠳᠡᠯᠡᠬᠡᠢ ᠶᠢᠨ ᠵᠠᠬ᠎ᠠ ᠳᠡᠯᠭᠡᠭᠦᠷ ᠲᠤ ᠪᠥᠬᠦ ᠲᠠᠯ᠎ᠠ ᠪᠠᠷ ᠣᠷᠣᠭᠤᠯᠪᠠ᠃ ᠮᠠᠨ ᠤ ᠬᠤᠰᠢᠭᠤ ᠰᠢᠶᠠᠨ ᠤ ᠬᠡᠪᠴᠢᠶᠡᠨ ᠠᠴᠠ ᠭᠠᠳᠠᠨᠠᠬᠢ ᠠᠵᠤ ᠠᠬᠤᠢ ᠠᠷᠠᠯᠵᠢᠶ᠎ᠠ ᠶᠢᠨ ᠲᠡᠭ ᠠᠴᠠ ᠲᠡᠭᠡᠭᠡᠰᠢ ᠨᠡᠮᠡᠭᠳᠡᠯ ᠤᠨ ᠬᠡᠮᠵᠢᠶ᠎ᠡ ᠲᠠᠢ ᠵᠢᠱᠢᠶ᠎ᠡ ᠦᠵᠡᠭᠦᠯᠬᠦ ᠰᠢᠶᠠᠨ ᠢᠶᠠᠷ ᠦᠨᠡᠯᠡᠭᠳᠡᠵᠦ᠂ ᠪᠥᠬᠦ ᠬᠤᠰᠢᠭᠤᠨ ᠤ ᠭᠠᠳᠠᠭᠠᠳᠤ ᠠᠷᠠᠯᠵᠢᠶ᠎ᠠ ᠶᠢᠨ ᠭᠠᠳᠠᠭᠠᠳᠤ ᠣᠷᠣᠭᠤᠯᠤᠯᠲᠠ ᠭᠠᠷᠭᠠᠯᠲᠠ ᠶᠢᠨ ᠶᠡᠷᠦᠩᠬᠡᠢ ᠬᠡᠮᠵᠢᠶ᠎ᠡ 18.5 ᠳ᠋ᠦᠩᠰᠢᠭᠤᠷ ᠲᠥᠭᠦᠷᠢᠭ ᠠᠷᠠᠳ ᠤᠨ ᠵᠣᠭᠤᠰ ᠲᠤ ᠬᠦᠷᠪᠡ᠃ ᠭᠤᠷᠪᠠ ᠳᠤ᠂ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠤᠨ ᠰᠢᠨ᠎ᠡ ᠬᠠᠭᠤᠳᠠᠰᠤ ᠶᠢ ᠨᠡᠭᠡᠭᠡᠪᠡ᠃ ︽ᠠᠵᠤ ᠠᠬᠤᠶᠢᠯᠠᠯ ᠢ 3.0 ᠨᠡᠭᠡᠭᠡᠨ ᠡᠷᠭᠢᠯᠡᠬᠦ︾᠂ ︽ᠦᠨᠡᠮᠯᠡᠯ ᠪᠠ ᠭᠡᠷᠡᠴᠢ ᠶᠢ ᠰᠠᠯᠭᠠᠬᠤ︾ ᠲᠥᠷᠥ ᠶᠢᠨ ᠪᠣᠳᠣᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ 1069 ᠵᠦᠢᠯᠡᠰ ᠢ ᠦᠢᠯᠡᠴᠢᠯᠡᠭᠡᠨ ᠤ ᠲᠢᠩᠬᠢᠮ ᠳᠤ ᠣᠷᠣᠭᠤᠯᠵᠤ ᠰᠠᠭᠤᠯᠭᠠᠭᠠᠳ᠂ ᠠᠳᠠᠯᠢ ᠬᠤᠭᠤᠴᠠᠭᠠᠨ ᠤ ᠬᠢ ᠠᠴᠠ 51% ᠪᠠᠷ ᠨᠡᠮᠡᠭᠳᠡᠪᠡ᠃ ᠪᠥᠬᠦ ᠵᠢᠯ ᠳᠤ 41 ᠲᠦᠮᠡᠨ ᠬᠤᠪᠢ ᠤᠴᠢᠷ ᠶᠠᠪᠤᠳᠠᠯ ᠢ ᠰᠢᠢᠳᠪᠦᠷᠢᠯᠡᠵᠦ᠂ ︽ᠨᠢᠭᠡ ᠴᠣᠩᠬᠤ ᠪᠠᠷ ᠭᠥᠯᠢᠶᠡᠨ ᠠᠪᠴᠤ ᠰᠢᠢᠳᠪᠦᠷᠢᠯᠡᠬᠦ︾ ᠨᠣᠷᠮ᠎ᠠ 86% ᠠᠴᠠ ᠳᠡᠭᠡᠭᠰᠢ ᠳᠤ ᠬᠥᠷᠪᠡ᠃ ︽ᠳᠥᠷᠪᠡ ᠶᠢ ᠡᠷᠭᠢᠯᠡᠬᠦ︾ ᠠᠵᠢᠯ ᠢ ᠭᠦᠨᠵᠡᠭᠡᠢ ᠥᠷᠨᠢᠭᠦᠯᠵᠦ᠂ ᠪᠥᠬᠦ ᠶᠠᠪᠤᠴᠠ ᠳᠤ ᠰᠦᠯᠵᠢᠶᠡᠨ ᠳᠡᠭᠡᠷ᠎ᠡ ᠡᠷᠭᠢᠯᠡᠬᠦ ᠨᠣᠷᠮ᠎ᠠ ᠶᠢ 80% ᠳᠤ ᠬᠦᠷᠦᠭᠦᠯᠵᠦ᠂ ᠭᠤᠷᠪᠠᠨ ᠱᠠᠲᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠢᠰᠲ᠋ᠧᠮᠵᠢ ᠶᠢᠨ ᠪᠠᠶᠢᠭᠤᠯᠤᠯᠲᠠ ᠶᠢ ᠪᠥᠬᠦ ᠲᠠᠯ᠎ᠠ ᠪᠠᠷ ᠭᠦᠨᠵᠡᠭᠡᠶᠢᠷᠡᠭᠦᠯᠦᠨ᠂ ᠬᠤᠰᠢᠭᠤ᠂ ᠰᠢᠶᠠᠩ᠂ ᠲᠣᠰᠬᠤᠨ ︵ᠨᠡᠶᠢᠭᠡᠮ ᠲᠣᠭᠤᠷᠢᠭ︶ ᠭᠤᠷᠪᠠᠨ ᠱᠠᠲᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ ᠲᠥᠪᠯᠡᠷᠡᠭᠦᠯᠦᠨ ᠭᠦᠢᠴᠡᠳᠬᠡᠬᠦ ᠶᠢ ᠪᠡᠶᠡᠯᠡᠭᠦᠯᠵᠦ᠂ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ︽ᠡᠴᠦᠰ ᠤᠨ ᠨᠢᠭᠡ ᠮᠧᠲᠷ︾ ᠢ ᠨᠡᠪᠲᠡᠷᠡᠭᠦᠯᠦᠨ᠎ᠡ᠃ ᠠᠷᠠᠳ ᠤᠨ ᠡᠵᠡᠩᠨᠡᠭᠰᠡᠨ ᠠᠵᠤ ᠠᠬᠤᠶᠢᠯᠠᠯ᠂ ᠳᠤᠮᠳᠠ ᠵᠢᠵᠢᠭ ᠠᠵᠤ ᠠᠬᠤᠶᠢᠯᠠᠯ ᠤᠨ ᠳᠠᠩᠰᠠᠨ ᠵᠣᠭᠤᠰ ᠢ ᠳ᠋ᠦᠩᠰᠢᠭᠤᠷ ᠲᠥᠭᠦᠷᠢᠭ ᠣᠷᠴᠢᠮ ᠲᠥᠯᠥᠵᠦ ᠳᠠᠭᠤᠰᠬᠠᠭᠠᠳ ᠳᠤᠮᠳᠠ ᠵᠢᠵᠢᠭ ᠪᠢᠴᠢᠯ ᠠᠵᠤ ᠠᠬᠤᠶᠢᠯᠠᠯ ᠳᠤ 1500 ᠲᠦᠮᠡᠨ ᠲᠥᠭᠦᠷᠢᠭ ᠤᠨ ᠵᠢᠭᠡᠯᠡᠯᠭᠡ ᠲᠠᠯᠪᠢᠵᠤ᠂ ᠪᠥᠬᠦ ᠬᠤᠰᠢᠭᠤᠨ ᠤ ᠵᠠᠬ᠎ᠠ ᠳᠡᠯᠭᠡᠭᠦᠷ ᠤᠨ ᠭᠤᠣᠯ ᠴᠣᠭᠴᠠ 2.7 ᠲᠦᠮᠡᠨ ᠡᠷᠦᠬᠡ ᠳᠤ ᠬᠦᠷᠴᠦ᠂ ᠳᠣᠲᠣᠨᠣ ᠮᠥᠷᠲᠡᠭᠡᠨ ᠬᠡᠮᠵᠢᠶ᠎ᠡ ᠲᠠᠢ᠂ ᠴᠡᠪᠡᠷ ᠮᠥᠷᠲᠡᠭᠡᠨ ᠠᠵᠢᠯ ᠦᠢᠯᠡᠰ ᠲᠠᠢ ᠵᠠᠰᠠᠭ ᠬᠤᠳᠠᠯᠳᠤᠭᠠᠨ ᠤ ᠬᠠᠷᠢᠴᠠᠭ᠎ᠠ ᠶᠢ ᠪᠥᠬᠦ ᠲᠠᠯ᠎ᠠ ᠪᠠᠷ ᠪᠠᠶᠢᠭᠤᠯᠪᠠ᠃ ᠳᠥᠷᠪᠡ ᠳᠤ᠂ ᠲᠠᠪᠤᠨ ᠶᠡᠭᠡ ᠡᠬᠢᠯᠡᠯᠲᠡ ᠳᠤ ᠰᠢᠨ᠎ᠡ ᠰᠢᠪᠲᠤᠯᠤᠯᠲᠠ ᠲᠠᠢ ᠪᠣᠯᠪᠠ᠃ ᠳᠠᠷᠤᠭᠳᠠᠮᠠᠯ ᠪᠡᠯᠡ ᠮᠥᠩᠭᠦ ᠶᠢᠨ ᠰᠠᠭᠤᠷᠢ ᠠᠵᠢᠯ ᠤᠨ ᠡᠭᠦᠷᠭᠡ ᠶᠢ ᠲᠡᠭᠦᠰ ᠠᠮᠵᠢᠯᠲᠠ ᠲᠠᠢ ᠪᠡᠶᠡᠯᠡᠭᠦᠯᠵᠦ᠂ 6114 ᠲᠦᠮᠡᠨ ᠲᠥᠭᠦᠷᠢᠭ ᠤᠨ ᠳᠡᠭᠡᠭᠰᠢ ᠲᠤᠰᠢᠶᠠᠭᠰᠠᠨ ᠪᠡᠯᠡ ᠮᠥᠩᠭᠦ ᠶᠢ ᠢᠯᠭᠠᠷᠠᠭᠤᠯᠤᠨ ᠳᠢᠭᠯᠡᠵᠦ᠂ 26 ᠲᠠᠩᠰᠠᠨ ᠡᠷᠦᠬᠡ ᠶᠢ ᠬᠦᠴᠦᠨ ᠦᠭᠡᠢ ᠪᠣᠯᠭᠠᠪᠠ᠃ ᠵᠥᠪᠰᠢᠶᠡᠷᠡᠭᠦᠯᠬᠦ ᠪᠠᠷ ᠪᠠᠶᠢᠭ᠎ᠠ ᠵᠦᠢᠯᠡᠰ ᠢ ᠭᠦᠢᠴᠡᠳᠬᠡᠵᠦ ᠳᠠᠭᠤᠰᠬᠠᠭᠰᠠᠨ ᠨᠤᠷᠮ᠎ᠠ 92.8% ᠳᠤ ᠬᠦᠷᠴᠦ᠂ ᠨᠥᠬᠦᠵᠦ ᠭᠦᠢᠴᠡᠳᠬᠡᠭᠰᠡᠨ ᠵᠦᠢᠯᠡᠰ ᠢ ᠭᠦᠢᠴᠡᠳᠬᠡᠵᠦ ᠳᠠᠭᠤᠰᠬᠠᠭᠰᠠᠨ ᠨᠤᠷᠮ᠎ᠠ 100% ᠳᠤ ᠬᠦᠷᠪᠡ᠃ ᠨᠢᠭᠡ ᠪᠦᠯᠦᠭ ᠠᠵᠢᠯ ᠵᠣᠭᠰᠣᠵᠤ ᠪᠠᠶᠢᠭᠤᠯᠬᠤ ᠪᠠᠨ ᠵᠣᠭᠰᠣᠭᠰᠠᠨ ︽ᠬᠠᠭᠠᠰ ᠳᠤᠲᠠᠭᠤ︾ ᠢᠨᠵᠧᠨᠧᠷᠢᠩ ᠢ ᠰᠡᠷᠭᠦᠭᠡᠵᠦ᠂ ︽ᠬᠠᠳᠠᠭᠠᠯᠠᠯᠲᠠ ᠶᠢᠨ ᠬᠡᠮᠵᠢᠶ᠎ᠡ ᠶᠢ ᠰᠡᠷᠭᠦᠭᠡᠬᠦ︾ ᠪᠠᠷ ︽ᠬᠥᠭᠵᠢᠯᠲᠡ ᠶᠢᠨ ᠨᠡᠮᠡᠭᠳᠡᠯ ᠤᠨ ᠬᠡᠮᠵᠢᠶ᠎ᠡ︾ ᠶᠢ ᠡᠷᠢᠯᠬᠢᠯᠡᠪᠡ᠃ ᠵᠥᠪᠰᠢᠶᠡᠷᠡᠭᠰᠡᠨ ᠪᠣᠯᠪᠠᠴᠤ ᠬᠠᠩᠭᠠᠯᠭ᠎ᠠ ᠶᠢ ᠶᠡᠭᠡ ᠪᠠᠷ ᠨᠡᠮᠡᠭᠳᠡᠭᠦᠯᠦᠭᠰᠡᠨ ᠦᠭᠡᠢ ᠠᠵᠢᠯ ᠢ ᠳᠠᠪᠠᠭᠤᠯᠤᠨ ᠪᠡᠶᠡᠯᠡᠭᠦᠯᠵᠦ᠂ 150.5 ᠾᠧᠺᠲ᠋ᠠᠷ ᠭᠠᠵᠠᠷ ᠰᠢᠷᠣᠢ ᠶᠢ ᠰᠢᠢᠳᠪᠦᠷᠢᠯᠡᠵᠦ᠂ ᠡᠬᠢ ᠪᠠᠶᠠᠯᠢᠭ ᠢ ᠠᠷᠪᠢᠯᠠᠵᠤ ᠡᠷᠴᠢᠮᠵᠢᠭᠦᠯᠦᠨ ᠠᠰᠢᠭᠯᠠᠬᠤ ᠶᠢ ᠪᠦᠲᠦᠮᠵᠢᠲᠡᠶ ᠪᠠᠷ ᠠᠬᠢᠭᠤᠯᠪᠠ᠃ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠪᠦᠲᠦᠭᠡᠨ ᠪᠠᠶᠢᠭᠤᠯᠤᠯᠲᠠ ᠲᠣᠪᠣᠶᠢᠮ᠎ᠠ ᠠᠮᠵᠢᠯᠲᠠ ᠪᠦᠲᠦᠮᠵᠢ ᠣᠯᠵᠤ᠂ ᠦᠢᠯᠡᠳᠪᠦᠷᠢᠯᠡᠯ ᠢᠶᠠᠨ ᠵᠣᠭᠰᠣᠭᠠᠭᠰᠠᠨ ᠠᠵᠤ ᠠᠬᠤᠶᠢᠯᠠᠯ ᠶᠦᠨ ᠲᠢᠶᠠᠨ ᠬᠤᠸᠠ ᠲᠠᠷᠢᠶᠠᠯᠠᠩ ᠤᠨ ᠺᠣᠮᠫᠠᠨᠢ ᠨᠢ ᠳᠠᠬᠢᠨ ᠠᠵᠢᠯ ᠢᠶᠠᠨ ᠡᠬᠢᠯᠡᠭᠦᠯᠵᠦ᠂ ︽ᠳᠠᠷᠤᠭᠳᠠᠭᠰᠠᠨ ᠡᠬᠢ ᠪᠠᠶᠠᠯᠢᠭ ︾ ᠢ ᠰᠡᠷᠭᠦᠭᠡᠵᠦ᠂ ︽ᠳᠠᠷᠤᠭᠠᠰᠤ︾ ᠶᠢ ᠡᠳ᠋ ᠪᠠᠶᠠᠯᠢᠭ ᠪᠣᠯᠭᠠᠨ ᠬᠤᠪᠢᠷᠠᠭᠤᠯᠪᠠ᠃ ᠲᠠᠪᠤ ᠳᠤ᠂ ᠵᠠᠰᠠᠭ ᠤᠨ ᠣᠷᠳᠣᠨ ᠤ ᠦᠢᠯᠡᠳᠦᠯ ᠴᠢᠳᠠᠪᠤᠷᠢ ᠰᠢᠨ᠎ᠡ ᠳᠡᠭᠡᠭᠰᠢᠯᠡᠯᠲᠡ ᠲᠠᠢ ᠪᠣᠯᠪᠠ᠃ ᠨᠠᠮ ᠤᠨ ᠤᠯᠤᠰ ᠲᠦᠷᠦ ᠶᠢᠨ ᠪᠠᠶᠢᠭᠤᠯᠤᠯᠲᠠ ᠪᠠᠷ ᠶᠡᠷᠦᠩᠬᠡᠶᠢᠯᠡᠨ ᠵᠢᠯᠣᠭᠤᠳᠤᠭᠤᠯᠬᠤ ᠶᠢ ᠪᠠᠷᠢᠮᠲᠠᠯᠠᠵᠤ᠂ ︽ᠬᠤᠶᠠᠷ ᠢ ᠲᠣᠭᠲᠠᠭᠠᠬᠤ︾ ᠶᠢ ᠬᠠᠮᠠᠭᠠᠯᠠᠵᠤ᠂ ︽ᠲᠦᠷᠪᠡᠨ ᠤᠬᠠᠮᠰᠠᠷ︾ ᠢ ᠴᠢᠩᠭᠠᠳᠬᠠᠵᠤ᠂ ︽ᠲᠦᠷᠪᠡᠨ ᠢᠲᠡᠭᠡᠯ︾  ᠢ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠬᠠᠷᠢᠭᠤᠴᠠᠯᠭ᠎ᠠ ᠶᠢᠨ ᠳᠦᠷᠢᠮ ᠢ ᠴᠢᠩᠭ᠎ᠠ ᠨᠠᠶᠢᠳᠠᠪᠤᠷᠢᠵᠢᠭᠤᠯᠪᠠ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠬᠢᠨᠠᠯᠲᠠ ᠪᠠ ᠬᠠᠤᠯᠢ ᠴᠠᠭᠠᠵᠠ ᠶᠢᠨ ᠬᠢᠨᠠᠯᠲᠠ᠂ ᠤᠯᠤᠰ ᠲᠦᠷᠦ ᠶᠢᠨ ᠵᠥᠪᠯᠡᠯᠭᠡᠨ ᠤ ᠠᠷᠠᠳᠴᠢᠯᠠᠭᠰᠠᠨ ᠬᠢᠨᠠᠯᠲᠠ ᠪᠠ ᠨᠡᠶᠢᠭᠡᠮ ᠤᠨ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠵᠦ᠂ ᠬᠢᠨᠠᠨ ᠪᠠᠶᠢᠴᠠᠭᠠᠬᠤ ᠬᠢᠨᠠᠯᠲᠠ ᠶᠢ ᠪᠦᠬᠦ ᠵᠢᠯ ᠳᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠤᠨ ᠰᠠᠨᠠᠭᠤᠯᠭ᠎ᠠ ᠶᠢ 99 ᠬᠤᠪᠢ᠂ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠤᠨ ᠰᠠᠨᠠᠯ ᠵᠥᠪᠯᠡᠯᠭᠡ ᠶᠢ 150 ᠬᠤᠪᠢ ᠰᠢᠢᠳᠪᠦᠷᠢᠯᠡᠵᠦ᠂ ᠰᠢᠢᠳᠪᠦᠷᠢᠯᠡᠵᠦ ᠬᠠᠷᠢᠭᠤᠯᠲᠠ ᠥᠭᠭᠦᠭᠰᠡᠨ ᠨᠤᠷᠮ᠎ᠠ ᠶᠢ ᠴᠥᠮ 100% ᠳᠤ ᠬᠦᠷᠭᠡᠵᠡᠢ᠃ ᠲᠥᠪ ᠬᠤᠷᠢᠶᠠᠨ ᠤ ᠨᠠᠢᠮᠠᠨ ᠲᠣᠭᠲᠠᠭᠠᠯ ᠵᠢᠴᠢ ᠲᠡᠭᠦᠨ ᠤ ᠬᠡᠷᠡᠭᠵᠢᠭᠦᠯᠬᠦ ᠨᠠᠷᠢᠨ ᠳᠦᠷᠢᠮ ᠤᠨ ᠵᠣᠷᠢᠭ ᠰᠠᠨᠠᠭ᠎ᠠ ᠶᠢ ᠴᠢᠩᠭ᠎ᠠ ᠬᠡᠷᠡᠭᠵᠢᠭᠦᠯᠵᠦ᠂ ︽ᠭᠠᠮᠨᠠᠨ ᠠᠮᠢᠳᠤᠷᠠᠬᠤ︾ ᠦᠵᠡᠯ ᠰᠠᠨᠠᠭ᠎ᠠ ᠶᠢ ᠪᠠᠷᠢᠮᠲᠠᠯᠠᠨ᠂ ᠠᠷᠪᠢᠯᠠᠨ ᠭᠠᠮᠨᠠᠬᠤ ᠬᠡᠯᠪᠡᠷᠢ ᠶᠢᠨ ᠪᠠᠶᠢᠭᠤᠯᠭ᠎ᠠ ᠶᠢ ᠦᠷᠭᠦᠯᠵᠢᠯᠡᠨ ᠡᠭᠦᠳᠦᠨ ᠪᠠᠶᠢᠭᠤᠯᠪᠠ᠃ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠪᠠ ᠢᠯᠵᠠᠷᠠᠯ ᠢ ᠡᠰᠡᠷᠭᠦᠴᠡᠬᠦ ᠲᠡᠮᠡᠴᠡᠯ ᠢ ᠭᠦᠨᠵᠡᠭᠡᠢ ᠲᠦᠯᠬᠢᠨ ᠠᠬᠢᠭᠤᠯᠵᠤ᠂ ᠵᠠᠰᠠᠭ ᠤᠨ ᠣᠷᠳᠣᠨ ᠤ ᠲᠤᠰ ᠪᠡᠶ᠎ᠡ ᠶᠢᠨ ᠪᠠᠶᠢᠭᠤᠯᠤᠯᠲᠠ ᠪᠠ ᠵᠠᠰᠠᠯᠲᠠ ᠶᠢᠨ ᠴᠢᠳᠠᠪᠤᠷᠢ ᠲᠠᠰᠤᠷᠠᠯᠳᠠ ᠦᠭᠡᠢ ᠳᠡᠭᠡᠭᠰᠢᠯᠡᠪᠡ᠃   ᠡᠭᠦᠨ ᠤ ᠬᠠᠮᠲᠤ᠂ ᠬᠢᠨᠠᠨ ᠪᠤᠳᠤᠬᠤ᠂ ᠴᠠᠭ ᠠᠭᠤᠷ᠂ ᠲᠡᠦᠬᠡ ᠣᠶᠢᠯᠠᠯᠭ᠎ᠠ ᠶᠢᠨ ᠲᠠᠩᠰᠠ ᠡᠪᠬᠡᠮᠡᠯ᠂ ᠭᠠᠯ ᠤᠨᠲᠠᠷᠠᠭᠠᠬᠤ ᠠᠪᠤᠷᠠᠨ ᠲᠤᠰᠠᠯᠠᠬᠤ ᠵᠡᠷᠭᠡ ᠠᠵᠢᠯ ᠰᠢᠨ᠎ᠡ ᠠᠮᠵᠢᠯᠲᠠ ᠣᠯᠵᠤ᠂ ᠵᠡᠮᠳᠡᠭᠴᠦᠳ ᠤᠨ ᠬᠤᠯᠪᠣᠭ᠎ᠠ᠂ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ᠂ ᠠᠵᠢᠯᠴᠢᠨ ᠤ ᠡᠪᠯᠡᠯ᠂ ᠡᠮᠡᠭᠲᠡᠶᠢᠴᠦᠳ ᠤᠨ ᠬᠤᠯᠪᠣᠭ᠎ᠠ᠂ ᠦᠢᠯᠡᠳᠪᠦᠷᠢ ᠬᠤᠳᠠᠯᠳᠤᠭᠠᠨ ᠤ ᠬᠤᠯᠪᠣᠭ᠎ᠠ᠂ ᠡᠪ ᠬᠠᠮᠲᠤ ᠵᠠᠯᠠᠭᠤᠴᠤᠳ ᠤᠨ ᠡᠪᠯᠡᠯ᠂ ᠪᠣᠭᠤᠮᠲᠠ ᠶᠢᠨ ᠠᠵᠢᠯ ᠤᠨ ᠵᠥᠪᠯᠡᠯ᠂ ᠠᠬᠠᠮᠠᠳ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ᠂ ᠨᠠᠰᠤᠲᠠᠶᠢᠴᠤᠳ ᠤᠨ ᠪᠡᠶ᠎ᠡ ᠶᠢᠨ ᠲᠠᠮᠢᠷ ᠤᠨ ᠨᠡᠶᠢᠭᠡᠮᠯᠢᠭ ᠵᠡᠷᠭᠡ ᠣᠯᠠᠨ ᠲᠦᠮᠡᠨ ᠤ ᠪᠦᠯᠬᠦᠮ ᠤᠨ ᠵᠣᠬᠢᠶᠠᠨ ᠪᠠᠶᠢᠭᠤᠯᠤᠯᠲᠠ ᠬᠥᠭᠦᠷᠭᠡ ᠬᠤᠯᠪᠣᠭᠠᠰᠤ ᠶᠢᠨ ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ ᠬᠤᠰᠢᠭᠤᠨ ᠳᠤ ᠰᠠᠭᠤᠭ᠎ᠠ ᠴᠡᠷᠢᠭ ᠴᠠᠭᠳᠠᠭ᠎ᠠ ᠴᠡᠷᠢᠭ ᠠᠩᠭᠢ ᠠᠵᠤ ᠠᠬᠤᠢ ᠨᠡᠶᠢᠭᠡᠮ ᠤᠨ ᠬᠥᠭᠵᠢᠯᠲᠡ ᠳᠤ ᠢᠳᠡᠪᠬᠢᠲᠡᠢ ᠬᠤᠪᠢ ᠨᠡᠮᠡᠷᠢ ᠦᠵᠡᠭᠦᠯᠦᠭᠰᠡᠨ ᠪᠠᠶᠢᠨ᠎ᠠ᠃   ᠬᠦᠯᠢᠶᠡᠵᠦ ᠪᠠᠶᠢᠭᠠᠳ ᠣᠯᠣᠭᠰᠠᠨ ᠭᠡᠷᠡᠯ ᠭᠢᠯᠪᠠᠭ᠎ᠠ ᠭᠡᠵᠦ ᠪᠠᠶᠢᠬᠤ ᠦᠭᠡᠢ᠂ ᠵᠥᠪᠬᠡᠨ ᠬᠢᠵᠦ ᠪᠠᠶᠢᠭᠠᠳ ᠣᠯᠣᠭᠰᠠᠨ ᠠᠮᠵᠢᠯᠲᠠ ᠪᠦᠲᠦᠮᠵᠢ ᠭᠡᠵᠦ ᠪᠠᠶᠢᠳᠠᠭ᠃ 2022 ᠣᠨ ᠤ ᠭᠡᠨᠡᠳᠲᠡ ᠪᠠᠷ ᠳᠡᠯᠭᠡᠷᠡᠭᠰᠡᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠪᠠᠶᠢᠳᠠᠯ ᠳᠤ᠂ ᠠᠶᠢᠮᠠᠭ ᠤᠨ ᠨᠠᠮ ᠤᠨ ᠬᠤᠷᠢᠶ᠎ᠠ᠂ ᠵᠠᠰᠠᠭ ᠵᠠᠬᠢᠷᠭ᠎ᠠ ᠪᠠ ᠬᠤᠰᠢᠭᠤᠨ ᠤ ᠨᠠᠮ ᠤᠨ ᠬᠤᠷᠢᠶ᠎ᠠ ᠶᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠪᠢᠳᠡ ᠪᠠᠴᠢᠮ ᠪᠠᠶᠢᠳᠠᠯ ᠢ ᠠᠷᠭᠠᠴᠠᠬᠤ ᠲᠣᠭᠲᠠᠴᠠ ᠶᠢ ᠳᠠᠷᠤᠶᠢᠬᠠᠨ ᠡᠬᠢᠯᠡᠭᠦᠯᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠷᠭ᠎ᠠ ᠪᠣᠳᠣᠯᠭ᠎ᠠ ᠳᠤ ᠲᠦᠷᠭᠡᠨ ᠲᠣᠬᠢᠷᠠᠭᠤᠯᠤᠯᠲᠠ ᠬᠢᠵᠦ᠂ ᠪᠦᠬᠦ ᠬᠤᠳᠠ ᠪᠠᠷ ᠢᠶᠠᠨ ᠲᠠᠶᠢᠴᠢᠯᠠᠵᠦ᠂ ᠪᠦᠬᠦ ᠠᠷᠠᠳ ᠢᠶᠠᠷ ᠢᠶᠠᠨ ᠣᠷᠣᠯᠴᠠᠵᠤ᠂ ᠬᠤᠯᠪᠤᠭᠠᠯᠠᠨ ᠰᠡᠷᠭᠡᠶᠢᠯᠡᠵᠦ ᠬᠤᠯᠪᠤᠭᠠᠯᠠᠨ ᠡᠵᠡᠮᠳᠡᠵᠦ᠂ ᠤᠯᠠᠨ ᠢᠶᠠᠷ ᠢᠶᠠᠨ ᠰᠡᠷᠭᠡᠶᠢᠯᠡᠵᠦ ᠤᠯᠠᠨ ᠢᠶᠠᠷ ᠢᠶᠠᠨ ᠵᠠᠰᠠᠵᠤ᠂ ᠬᠡᠰᠡᠭ ᠪᠤᠰᠠᠭ ᠢᠶᠠᠷ ᠲᠠᠷᠬᠠᠵᠤ ᠪᠠᠶᠢᠭ᠎ᠠ ᠬᠢᠵᠢᠭ ᠤᠨ ᠪᠠᠶᠢᠳᠠᠯ ᠢ ᠰᠢᠢᠳᠪᠦᠷᠢᠯᠡᠬᠦ᠂ ᠶᠡᠭᠡ ᠳᠡᠭᠡᠳᠦ ᠰᠤᠷᠭᠠᠭᠤᠯᠢ ᠶᠢᠨ ᠰᠤᠷᠤᠭᠴᠢᠳ ᠢ ᠰᠢᠯᠵᠢᠭᠦᠯᠦᠨ ᠵᠥᠭᠡᠭᠡᠪᠦᠷᠢᠯᠡᠬᠦ ᠵᠡᠷᠭᠡ ᠤᠯᠠᠨ ᠤᠳᠠᠭᠠᠨ ᠤ ᠬᠠᠲᠠᠭᠤ ᠳᠠᠶᠢᠯᠠᠯᠳᠤᠭᠠᠨ ᠳᠤ ᠢᠯᠠᠯᠲᠠ ᠣᠯᠵᠤ᠂ ᠴᠠᠭ ᠲᠤᠨᠢ ᠲᠣᠬᠢᠷᠠᠭᠤᠯᠤᠨ ᠠᠵᠢᠯ ᠦᠢᠯᠡᠳᠪᠦᠷᠢᠯᠡᠯ ᠢᠶᠠᠨ ᠰᠡᠷᠭᠦᠭᠡᠵᠦ᠂ ᠠᠷᠠᠯᠵᠢᠶ᠎ᠠ ᠬᠤᠳᠠᠯᠳᠤᠭ᠎ᠠ ᠪᠠᠨ ᠰᠡᠷᠭᠦᠭᠡᠵᠦ ᠵᠠᠬ᠎ᠠ ᠳᠡᠯᠭᠡᠭᠦᠷ ᠢᠶᠠᠨ ᠰᠡᠷᠭᠦᠭᠡᠵᠦ ᠂ ᠰᠤᠷᠤᠯᠭ᠎ᠠ ᠪᠠᠨ ᠰᠡᠷᠭᠦᠭᠡᠵᠦ ᠬᠢᠴᠢᠶᠡᠯ ᠢᠶᠠᠨ ᠰᠡᠷᠭᠦᠭᠡᠵᠦ᠂ ᠡᠪᠡᠳᠴᠢᠨ ᠤ ᠵᠢᠱᠢᠶ᠎ᠡ ᠶᠢᠨ ᠠᠯᠢ ᠨᠢ ᠴᠦ ᠡᠪᠡᠳᠴᠢᠨ ᠢᠶᠠᠷ ᠦᠬᠦᠭᠰᠡᠨ ᠦᠭᠡᠢ᠂ ᠲᠤᠰ ᠭᠠᠵᠠᠷ ᠲᠠᠭᠠᠨ ᠲᠠᠷᠬᠠᠭᠰᠠᠨ ᠦᠭᠡᠢ᠂ ᠬᠤᠰᠢᠭᠤ ᠠᠴᠠ ᠭᠠᠳᠠᠭᠰᠢ ᠭᠠᠷᠭᠠᠭᠰᠠᠨ ᠦᠭᠡᠢ᠂ ᠡᠨᠡ ᠤᠳᠠᠭ᠎ᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠠᠯ᠎ᠠ ᠪᠠᠷ ᠲᠤᠯᠭᠠᠷᠠᠭᠰᠠᠨ ᠴᠢᠬᠤᠯᠠ ᠶᠡᠭᠡ ᠢᠯᠠᠯᠲᠠ ᠶᠢ ᠣᠯᠣᠭᠰᠠᠨ ᠪᠠᠶᠢᠨ᠎ᠠ᠃ ᠡᠨᠡ ᠤᠳᠠᠭᠠᠨ ᠤ ᠳᠠᠶᠢᠯᠠᠯᠳᠤᠭᠠᠨ ᠤ ᠳᠤᠮᠳᠠ᠂ ᠪᠦᠭᠦ ᠬᠤᠰᠢᠭᠤᠨ ᠤ ᠦᠨᠳᠦᠰᠦᠲᠡᠨ ᠨᠦᠭᠦᠳ ᠤᠨ ᠠᠷᠠᠳ ᠲᠦᠮᠡᠨ ᠰᠡᠳᠬᠢᠯ ᠨᠢᠭᠡᠳᠦᠨ ᠪᠦᠯᠬᠦᠮᠳᠡᠵᠡᠢ᠃ ᠥᠷᠭᠡᠨ ᠤᠯᠠᠨ ᠡᠮᠴᠢ ᠰᠤᠪᠢᠯᠠᠭᠴᠢ ᠴᠠᠭᠠᠨ ᠬᠤᠶᠠᠭ ᠢᠶᠠᠷ ᠬᠤᠪᠴᠠᠰᠤᠯᠠᠵᠤ᠂ ᠰᠥᠷᠭᠡᠦ ᠠᠶᠠᠨ ᠲᠠᠶᠢᠨ ᠳᠤ ᠮᠣᠷᠳᠠᠵᠠᠢ᠃ ᠨᠡᠶᠢᠭᠡᠮ ᠲᠣᠭᠤᠷᠢᠭ ᠤᠨ ᠠᠵᠢᠯᠲᠠᠳ ᠭᠤᠶᠠᠴᠢ ᠦᠭᠡᠢ ᠵᠢᠳᠬᠦᠵᠦ᠂ ᠡᠳᠦᠷ ᠰᠥᠨᠢ ᠦᠭᠡᠢ ᠵᠢᠵᠢᠭᠦᠷᠯᠡᠨ ᠰᠠᠬᠢᠪᠠ᠃ ᠳᠣᠲᠣᠭᠠᠳᠤ ᠶᠢ ᠬᠠᠮᠠᠭᠠᠯᠠᠬᠤ ᠺᠠᠳ᠋ᠷ ᠴᠠᠭᠳᠠᠭ᠎ᠠ ᠨᠠᠷ ᠵᠠᠷᠯᠢᠭ ᠢ ᠰᠣᠨᠣᠰᠤᠮᠠᠭᠴᠠ ᠬᠥᠳᠡᠯᠦᠯᠴᠡᠵᠦ᠂ ᠡᠭᠦᠷᠭᠡ ᠲᠤᠰᠢᠶᠠᠯ ᠢᠶᠠᠨ ᠦᠨᠡᠨᠴᠢ ᠪᠠᠷ ᠭᠦᠢᠴᠡᠳᠬᠡᠵᠡᠢ᠃ ᠴᠡᠷᠢᠭ ᠤᠨ ᠠᠯᠪᠠᠨ ᠠᠴᠠ ᠪᠠᠭᠤᠭᠰᠠᠳ ᠪᠠ ᠡᠷᠦᠬᠡ ᠶᠢᠨ ᠴᠡᠷᠢᠭ ᠮᠥᠨ ᠴᠢᠨᠠᠷ ᠢᠶᠠᠨ ᠠᠯᠳᠠᠬᠤ ᠦᠭᠡᠢ᠂ ᠨᠢᠭᠡᠳᠦᠭᠡᠷ ᠹᠷᠣᠨᠲ ᠢ ᠪᠠᠲᠤ ᠰᠠᠬᠢᠬᠤ ᠬᠡᠷᠡᠭᠲᠡᠢ᠃ ᠡᠯ᠎ᠡ ᠱᠠᠲᠤᠨ ᠤ ᠨᠠᠮ ᠤᠨ ᠭᠡᠰᠢᠭᠦᠨ ᠺᠠᠳ᠋ᠷᠴᠤᠳ ᠡᠮᠦᠨ᠎ᠡ ᠨᠢ ᠭᠠᠪᠰᠢᠭᠠᠶᠢᠯᠠᠨ ᠪᠠᠶᠢᠯᠳᠤᠵᠤ᠂ ᠬᠦᠨᠳᠦ ᠡᠭᠦᠷᠭᠡ ᠶᠢ ᠵᠣᠷᠢᠭᠲᠠᠢ ᠪᠠᠷ ᠡᠭᠦᠷᠭᠡᠯᠡᠨ᠂ ᠬᠢᠵᠢᠭ ᠤᠨ ᠪᠠᠶᠢᠳᠠᠯ ᠢ ᠢᠯᠠᠨ ᠳᠠᠪᠠᠭ᠋ᠤ ᠰᠦᠷ ᠳᠠᠯᠠᠶᠢᠴᠠᠲᠠᠢ ᠬᠦᠴᠦᠨ ᠢ ᠬᠠᠮᠲᠤ ᠪᠠᠷ ᠬᠤᠷᠠᠮᠳᠤᠭᠤᠯᠵᠠᠢ᠃ ᠬᠠᠬᠢᠷ ᠡᠪᠦᠯ ᠥᠩᠭᠡᠷᠡᠵᠦ᠂ ᠬᠠᠪᠤᠷ ᠤᠨ ᠤᠯᠠᠷᠢᠯ ᠤᠳᠠᠯ ᠦᠭᠡᠢ ᠢᠷᠡᠨ᠎ᠡ᠃ ᠵᠢᠷᠦᠬᠡᠨ ᠳᠤ ᠬᠠᠳᠠᠩᠰᠢᠭᠰᠠᠨ ᠡᠳᠦᠷ ᠬᠤᠨᠤᠭ ᠤᠳ᠂ ᠪᠠᠴᠢᠮ ᠶᠠᠭᠠᠷᠠᠯᠲᠠᠢ ᠴᠠᠭ ᠮᠥᠴᠡ ᠤᠳ ᠡᠮᠦᠨᠡᠲᠦ ᠬᠤᠰᠢᠭᠤᠨ ᠤ ᠵᠣᠷᠢᠭ ᠰᠠᠨᠠᠭ᠎ᠠ᠂ ᠡᠮᠦᠨᠡᠲᠦ ᠬᠤᠰᠢᠭᠤᠨ ᠤ ᠬᠦᠴᠦᠨ ᠴᠢᠳᠠᠯ᠂ ᠡᠮᠦᠨᠡᠲᠦ ᠬᠤᠰᠢᠭᠤᠨ ᠤ ᠡᠭᠦᠷᠭᠡᠯᠡᠯ ᠢ ᠭᠦᠢᠴᠡᠳ ᠲᠠᠶᠢᠯᠪᠤᠷᠢᠯᠠᠵᠤ᠂ ᠪᠥᠬᠦ ᠬᠤᠰᠢᠭᠤᠨ ᠤ ᠠᠷᠠᠳ ᠲᠦᠮᠡᠨ ᠤ ᠰᠢᠨ᠎ᠡ ᠠᠶᠠᠨ ᠳᠤ ᠡᠷᠡᠯᠬᠡᠭᠯᠡᠨ ᠤᠷᠤᠭᠰᠢᠯᠠᠬᠤ ᠡᠷᠡᠯᠬᠡᠭ ᠵᠣᠷᠢᠭ ᠪᠠ ᠢᠲᠡᠭᠡᠯ ᠢ ᠤᠯᠠᠮ ᠪᠠᠲᠤᠳᠬᠠᠨ ᠵᠣᠷᠢᠭᠵᠢᠭᠤᠯᠤᠭᠰᠠᠨ ᠪᠠᠶᠢᠨ᠎ᠠ᠃   ᠥᠩᠭᠡᠷᠡᠭᠰᠡᠨ ᠤ ᠶᠠᠪᠤᠳᠠᠯ ᠪᠦᠬᠦᠨ ᠳᠤ ᠡᠮᠬᠢ ᠵᠢᠷᠤᠮ ᠲᠠᠢ᠂ ᠢᠷᠡᠭᠡᠳᠦᠢ ᠶᠢᠨ ᠶᠠᠪᠤᠳᠠᠯ ᠪᠦᠬᠦᠨ ᠳᠤ ᠬᠦᠰᠡᠯ ᠡᠷᠡᠮᠡᠯᠵᠡᠯ ᠲᠠᠢ᠃ ᠲᠥᠯᠥᠭᠡᠯᠡᠭᠴᠢᠳ ᠠ᠋︕ ᠥᠩᠭᠡᠷᠡᠭᠰᠡᠨ ᠨᠢᠭᠡ ᠵᠢᠯ ᠢᠶᠠᠨ ᠡᠷᠭᠢᠴᠡᠭᠦᠯᠬᠦ ᠳᠤ᠂ ᠪᠢᠳᠡ ᠯᠠᠪᠳᠠᠭᠤᠨ ᠪᠠᠲᠤᠲᠠᠢ ᠠᠯᠬᠤᠵᠤ᠂ ᠡᠯᠪᠡᠭ ᠳᠡᠯᠪᠡᠭ ᠠᠮᠵᠢᠯᠲᠠ ᠣᠯᠵᠤ᠂ ᠮᠠᠰᠢ ᠤᠯᠠᠨ ᠪᠣᠳᠠᠲᠠᠢ ᠶᠠᠪᠤᠳᠠᠯ ᠢ ᠪᠦᠲᠦᠭᠡᠵᠦ᠂ ᠮᠠᠰᠢ ᠤᠯᠠᠨ ᠬᠦᠴᠢᠷ ᠶᠠᠪᠤᠳᠠᠯ ᠢ ᠰᠢᠢᠳᠪᠦᠷᠢᠯᠡᠵᠦ᠂ ᠮᠠᠰᠢ ᠤᠯᠠᠨ ᠪᠠᠶᠠᠷ ᠤᠨ ᠶᠠᠪᠤᠳᠠᠯ ᠢ ᠤᠭᠲᠤᠨ ᠠᠪᠴᠢᠷᠠᠵᠠᠢ᠃ ᠨᠢᠭᠡ ᠳᠤ᠂ ᠡᠷᠡᠰ ᠭᠤᠶᠢᠪᠢᠰᠢ ᠦᠭᠡᠢ ᠪᠠᠷᠢᠮᠲᠠᠯᠠᠵᠤ᠂ ᠨᠠᠶᠢᠳᠠᠯᠭ᠎ᠠ ᠶᠢ ᠦᠢᠯᠡᠳᠦᠯᠭᠡᠵᠢᠭᠦᠯᠪᠡ᠃ ᠪᠣᠳᠠᠲᠤ ᠠᠵᠢᠯᠯᠠᠭ᠎ᠠ ᠪᠠᠷ ᠢᠶᠠᠨ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠲᠠᠶᠢᠯᠪᠤᠷᠢᠯᠠᠵᠤ᠂ ᠪᠣᠳᠠᠲᠠᠢ ᠠᠵᠢᠯᠯᠠᠭ᠎ᠠ ᠪᠠᠷ ᠠᠵᠤ ᠠᠬᠤᠢ ᠶᠢᠨ ᠬᠥᠭᠵᠢᠯᠲᠡ ᠶᠢ ᠠᠬᠢᠭᠤᠯᠵᠤ᠂ ᠲᠡᠮᠡᠴᠡᠯ ᠢᠶᠠᠷ ᠬᠠᠷᠢᠭᠤᠴᠠᠯᠭ᠎ᠠ ᠡᠭᠦᠷᠭᠡᠯᠡᠯ ᠢ ᠪᠢᠴᠢᠭᠯᠡᠵᠦ᠂ ᠪᠦᠬᠦ ᠬᠦᠴᠦᠨ ᠢᠶᠠᠷ ᠢᠶᠠᠨ ᠰᠢᠨ᠎ᠡ ᠵᠠᠮ ᠢ ᠨᠡᠭᠡᠭᠡᠵᠦ᠂ ᠰᠢᠨ᠎ᠡ ᠪᠠᠶᠢᠳᠠᠯ ᠢ ᠨᠡᠭᠡᠭᠡᠵᠦ᠂ ᠰᠢᠨ᠎ᠡ ᠲᠣᠬᠢᠶᠠᠯ ᠢ ᠠᠮᠵᠢᠵᠤ᠂ ᠠᠯᠢ ᠤᠯᠠᠨ ᠶᠡᠭᠡ ᠳᠠᠶᠢᠯᠠᠯᠳᠤᠭᠠᠨ ᠶᠡᠭᠡ ᠰᠢᠯᠭᠠᠯᠲᠠ ᠶᠢ ᠳᠠᠭᠠᠭᠠᠵᠤ᠂ ᠠᠯᠢ ᠤᠯᠠᠨ ᠶᠡᠭᠡ ᠶᠠᠪᠤᠳᠠᠯ ᠬᠦᠴᠢᠷ ᠶᠠᠪᠤᠳᠠᠯ ᠢ ᠪᠦᠲᠦᠭᠡᠵᠦ᠂ ᠰᠢᠨᠲᠠᠷᠠᠰᠢ ᠦᠭᠡᠢ ᠲᠡᠮᠡᠴᠡᠬᠦ ᠪᠠ ᠬᠦᠴᠦ ᠬᠥᠯᠥᠰᠦ ᠪᠠᠷ ᠢᠶᠠᠨ ᠰᠢᠨ᠎ᠡ ᠴᠠᠭ ᠦᠶ᠎ᠡ ᠶᠢᠨ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠴᠣ᠋ ᠰᠢᠨ᠎ᠡ ᠬᠠᠭᠤᠳᠠᠰᠤ ᠶᠢ ᠪᠢᠴᠢᠭᠯᠡᠵᠡᠢ᠃ ᠬᠤᠶᠠᠷ ᠲᠤ᠂ ᠬᠠᠮᠲᠤ ᠶᠢᠨ ᠲᠠᠨᠢᠯᠲᠠ ᠪᠠᠨ ᠨᠢᠭᠲᠠᠷᠠᠭᠤᠯᠵᠤ᠂ ᠲᠡᠷᠢᠭᠦᠨ ᠤ ᠬᠢ ᠶᠢ ᠵᠣᠷᠢᠭᠲᠠᠢ ᠪᠠᠷ ᠡᠭᠦᠳᠬᠦ ᠬᠡᠷᠡᠭᠲᠡᠢ᠃ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠬᠡᠷᠡᠭ ᠢᠶᠠᠷ ᠥᠭᠡᠷᠡᠴᠢᠯᠡᠯᠲᠡ ᠶᠢ ᠠᠬᠢᠭᠤᠯᠬᠤ᠂ ︽ᠲᠠᠪᠤᠨ ᠲᠠᠯ᠎ᠠ ᠪᠠᠷ ᠰᠠᠭᠤᠷᠢ ᠪᠣᠯᠭᠠᠬᠤ︾᠂ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠰᠢᠰᠲ᠋ᠧᠮ ᠤᠨ ᠲᠤᠰᠬᠠᠢ ᠴᠡᠭᠴᠡᠯᠡᠨ ᠵᠠᠰᠠᠬᠤ ᠵᠡᠷᠭᠡ ᠠᠵᠢᠯ ᠤᠨ ᠡᠭᠦᠷᠭᠡ ᠶᠢ ᠯᠠᠪᠳᠠᠭᠤᠨ ᠪᠠᠲᠤᠲᠠᠢ ᠠᠬᠢᠭᠤᠯᠵᠤ᠂ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠪᠥᠬᠦ ᠬᠤᠰᠢᠭᠤᠨ ᠤ ᠦᠵᠡᠯ ᠰᠠᠨᠠᠭᠠᠨ ᠤ ᠬᠠᠮᠲᠤ ᠶᠢᠨ ᠲᠠᠨᠢᠯᠲᠠ ᠪᠠ ᠠᠵᠢᠯᠯᠠᠭᠠᠨ ᠤ ᠤᠬᠠᠮᠰᠠᠷ ᠪᠣᠯᠭᠠᠪᠠ᠃ ᠭᠤᠷᠪᠠ ᠳᠤ᠂ ᠠᠷᠠᠳ ᠤᠨ ᠲᠥᠯᠥᠭᠡ ᠬᠠᠷᠢᠭᠤᠴᠠᠯᠭ᠎ᠠ ᠡᠭᠦᠷᠭᠡᠯᠡᠵᠦ᠂ ᠬᠦᠴᠢᠷ ᠢ ᠲᠤᠭᠤᠯᠤᠨ ᠬᠦᠴᠢᠷ ᠢ ᠳᠠᠪᠠᠪᠠ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢᠨ ᠲᠣᠭᠤᠷᠢᠨ ᠳᠤ᠂ ᠲᠥᠪ ᠪᠠ ᠥᠪᠡᠷᠲᠡᠭᠡᠨ ᠵᠠᠰᠠᠬᠤ ᠣᠷᠣᠨ ᠤ ︽1 ᠳ᠋ᠦᠭᠡᠷ ᠲᠣᠭᠠᠲᠤ ᠪᠢᠴᠢᠭ ᠮᠠᠲ᠋ᠧᠷᠢᠶᠠᠯ︾ ᠤᠨ ᠲᠤᠰᠬᠠᠢ ᠰᠢᠮᠳᠠᠭᠤᠯᠤᠨ ᠪᠠᠶᠢᠴᠠᠭᠠᠯᠲᠠ ᠶᠢ ᠥᠨᠳᠥᠷ ᠪᠠᠷᠢᠮᠵᠢᠶ᠎ᠠ ᠪᠠᠷ ᠭᠥᠯᠢᠶᠡᠨ ᠠᠪᠴᠤ᠂ ᠪᠥᠬᠦ ᠣᠷᠣᠨ ᠤ ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠲᠤᠬᠠᠢ ᠶᠢᠨ ᠲᠠᠯᠠᠪᠤᠷ ᠤᠨ ᠬᠤᠷᠠᠯ ᠢ ᠳᠠᠭᠠᠭᠠᠨ ᠡᠷᠭᠢᠯᠡᠵᠦ᠂ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ ᠣᠨᠴᠠᠯᠢᠭᠲᠤ ᠠᠵᠤ ᠦᠢᠯᠡᠰ ᠢ ᠬᠥᠭᠵᠢᠭᠦᠯᠵᠦ᠂ ᠮᠠᠯᠵᠢᠬᠤ ᠲᠠᠷᠢᠶᠠᠯᠠᠬᠤ ᠣᠷᠣᠨ ᠤ ᠨᠢᠭᠡᠳᠦᠭᠡᠷ ᠬᠤᠶᠠᠳᠤᠭᠠᠷ ᠭᠤᠷᠪᠠᠳᠤᠭᠠᠷ ᠠᠵᠤ ᠦᠢᠯᠡᠰ ᠤᠨ ᠠᠭᠤᠰᠤᠯᠴᠠᠨ ᠬᠥᠭᠵᠢᠬᠦ ᠶᠢ ᠠᠬᠢᠭᠤᠯᠪᠠ᠃ ᠳᠥᠷᠪᠡ ᠳᠤ᠂ ᠤᠷᠳᠤ ᠬᠤᠭᠤᠴᠠᠭ᠎ᠠ ᠪᠠᠷ ᠴᠢᠷᠮᠠᠶᠢᠨ ᠠᠵᠢᠯᠯᠠᠵᠤ᠂ ᠴᠢᠳᠠᠮᠠᠭᠠᠢ ᠪᠠᠷ ᠬᠢᠵᠦ ᠴᠢᠳᠠᠮᠠᠭᠠᠢ ᠪᠠᠷ ᠪᠦᠲᠦᠭᠡᠬᠦ ᠬᠡᠷᠡᠭᠲᠡᠢ᠃ ᠬᠥᠬᠡᠮᠳᠦᠭ ᠨᠣᠭᠤᠭᠠᠨ ᠠᠭᠤᠯᠠ ᠤᠰᠤ ᠪᠣᠯ ᠳᠠᠷᠤᠢ ᠠᠯᠲᠠᠨ ᠠᠭᠤᠯᠠ ᠮᠥᠩᠭᠦᠨ ᠠᠭᠤᠯᠠ ᠮᠥᠨ ᠭᠡᠬᠦ ᠬᠥᠭᠵᠢᠯᠲᠡ ᠶᠢᠨ ᠣᠶᠢᠯᠠᠭᠠᠭᠳᠠᠬᠤᠨ ᠢ ᠪᠠᠲᠤ ᠪᠠᠬᠢ ᠪᠣᠶ ᠪᠣᠯᠭᠠᠵᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠠᠯᠪᠠᠨ ᠲᠢᠩᠬᠢᠮ ᠤᠨ ᠰᠢᠪᠠᠳᠠᠨ ᠪᠠᠶᠢᠴᠠᠭᠠᠯᠲᠠ᠂ ᠲᠥᠪ ᠤᠨ ᠣᠷᠴᠢᠨ ᠠᠬᠤᠢ ᠶᠢᠨ ᠬᠠᠮᠠᠭᠠᠯᠠᠯᠲᠠ ᠶᠢᠨ ᠰᠢᠪᠠᠳᠠᠨ ᠪᠠᠶᠢᠴᠠᠭᠠᠯᠲᠠ᠂ ᠤᠯᠤᠰ ᠤᠨ ᠣᠶ ᠰᠢᠭᠤᠢ ᠶᠢᠨ ᠰᠢᠪᠠᠳᠠᠨ ᠪᠠᠶᠢᠴᠠᠭᠠᠯᠲᠠ᠂ ᠨᠤᠲᠤᠭ ᠪᠡᠯᠴᠢᠭᠡᠷ ᠣᠶᠢᠲᠤ ᠭᠠᠵᠠᠷ ᠢ ᠡᠪᠳᠡᠭᠰᠡᠨ ᠲᠤᠰᠬᠠᠢ ᠴᠡᠭᠴᠡᠯᠡᠨ ᠵᠠᠰᠠᠯᠲᠠ᠂ ᠬᠠᠤᠯᠢ ᠶᠢ ᠵᠥᠷᠢᠴᠡᠨ ᠭᠠᠵᠠᠷ ᠬᠡᠷᠡᠭᠯᠡᠭᠰᠡᠨ ᠵᠠᠭᠤᠨ ᠡᠳᠦᠷ ᠤᠨ ᠪᠡᠷᠬᠡ ᠰᠡᠳᠦᠪ ᠢ ᠰᠢᠢᠳᠪᠦᠷᠢᠯᠡᠬᠦ ᠵᠡᠷᠭᠡ ᠴᠡᠭᠴᠡᠯᠡᠨ ᠰᠠᠶᠢᠵᠢᠷᠠᠭᠤᠯᠬᠤ ᠡᠭᠦᠷᠭᠡ ᠶᠢ ᠴᠢᠨᠠᠷ ᠰᠠᠶᠢᠲᠠᠢ ᠪᠡᠶᠡᠯᠡᠭᠦᠯᠵᠦ᠂ ᠠᠮᠢ ᠠᠬᠤᠢ ᠶᠢᠨ ᠣᠷᠴᠢᠨ ᠨᠥᠬᠦᠴᠡᠯ ᠤᠨ ᠶᠠᠰᠤ ᠴᠢᠨᠠᠷ ᠢ ᠢᠯᠡᠳᠲᠡ ᠰᠠᠶᠢᠵᠢᠷᠠᠭᠤᠯᠤᠨ᠎ᠠ᠃ ᠲᠠᠪᠤ ᠳᠤ᠂ ᠰᠠᠯᠬᠢ ᠪᠣᠷᠣᠭᠠᠨ ᠢ ᠲᠤᠭᠤᠯᠵᠦ᠂ ᠬᠦᠴᠢᠷ ᠢ ᠰᠥᠷᠦᠨ ᠤᠷᠤᠭᠰᠢᠯᠠᠨ᠎ᠠ᠃ ᠠᠶᠤᠯ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠪᠠ ᠠᠵᠤ ᠠᠬᠤᠢ ᠶᠢᠨ ᠪᠠᠭᠤᠷᠠᠯᠲᠠ ᠶᠢᠨ ᠳᠠᠪᠬᠤᠷ ᠳᠠᠷᠤᠯᠲᠠ ᠶᠢ ᠪᠦᠲᠦᠮᠵᠢᠲᠡᠶ ᠪᠠᠷ ᠠᠷᠭᠠᠴᠠᠵᠤ᠂ ᠬᠤᠳᠠ ᠬᠥᠳᠡᠭᠡ ᠶᠢᠨ ᠬᠥᠭᠵᠢᠯᠲᠡ ᠲᠡᠩᠴᠡᠭᠦᠷᠢ ᠦᠭᠡᠢ ᠪᠠᠶᠢᠬᠤ᠂ ᠵᠠᠰᠠᠭ ᠤᠨ ᠣᠷᠳᠣᠨ ᠤ ᠥᠷᠢ ᠥᠭᠴᠡᠭᠡ ᠶᠢ ᠠᠷᠢᠯᠭᠠᠬᠤ᠂ ᠠᠶᠤᠯᠭᠦᠢ ᠦᠢᠯᠡᠳᠪᠦᠷᠢᠯᠡᠯ ᠵᠡᠷᠭᠡ ᠤᠯᠠᠨ ᠳᠠᠪᠬᠤᠷ ᠬᠢᠵᠠᠭᠠᠷᠯᠠᠯ ᠢ ᠰᠢᠢᠳᠪᠦᠷᠢᠯᠡᠬᠦ ᠶᠠᠪᠤᠴᠠ ᠳᠤ᠂ ᠡᠯ᠎ᠡ ᠲᠠᠯ᠎ᠠ ᠶᠢᠨ ᠠᠵᠢᠯ ᠤᠨ ᠵᠡᠷᠭᠡᠪᠡᠷ ᠤᠷᠤᠭᠰᠢᠯᠠᠬᠤ᠂ ᠵᠣᠬᠢᠴᠠᠩᠭᠤᠢ ᠪᠠᠷ ᠬᠥᠭᠵᠢᠬᠦ ᠶᠢ ᠲᠦᠯᠬᠢᠨ ᠠᠬᠢᠭᠤᠯᠪᠠ᠃   ᠡᠷᠬᠢᠮ ᠳᠡᠭᠡᠳᠦ ᠦᠢᠯᠡᠰ ᠢ ᠪᠦᠲᠦᠭᠡᠬᠦ ᠳᠤ ᠢᠲᠡᠭᠡᠯ ᠵᠣᠷᠢᠭ ᠲᠠᠢ᠂ ᠥᠷᠭᠡᠨ ᠳᠡᠯᠭᠡᠷ ᠦᠢᠯᠡᠰ ᠢ ᠪᠦᠲᠦᠭᠡᠬᠦ ᠳᠤ ᠠᠵᠢᠯᠴᠢ ᠬᠥᠳᠡᠯᠮᠦᠷᠢᠴᠢ ᠪᠠᠶᠢᠬᠤ ᠬᠡᠷᠡᠭᠲᠡᠢ᠃ ᠠᠮᠵᠢᠯᠲᠠ ᠪᠦᠲᠦᠮᠵᠢ ᠨᠢ ᠬᠢᠯᠪᠠᠷ ᠪᠤᠰᠤ ᠢᠷᠡᠭᠰᠡᠨ ᠪᠢᠰᠢ᠂ ᠬᠤᠰᠢᠭᠤᠨ ᠤ ᠨᠠᠮ ᠤᠨ ᠬᠤᠷᠢᠶ᠎ᠠ ᠶᠢᠨ ᠵᠢᠯᠣᠭᠤᠳᠤᠯᠭ᠎ᠠ ᠪᠠ ᠵᠣᠷᠢᠭᠵᠢᠭᠤᠯᠤᠯ ᠢ ᠠᠭᠤᠯᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠤᠯᠤᠰ ᠲᠥᠷᠥ ᠶᠢᠨ ᠵᠥᠪᠯᠡᠯᠭᠡᠨ ᠤ ᠢᠲᠡᠭᠡᠯ ᠪᠠ ᠳᠡᠮᠵᠢᠯᠭᠡ ᠶᠢ ᠭᠦᠢᠴᠡᠳ ᠲᠡᠮᠳᠡᠭᠯᠡᠵᠦ᠂ ᠨᠡᠶᠢᠭᠡᠮ ᠤᠨ ᠡᠯ᠎ᠡ ᠡᠲᠡᠭᠡᠳ ᠤᠨ ᠣᠶᠤᠨ ᠤᠬᠠᠭᠠᠨ ᠪᠠ ᠬᠦᠴᠦᠨ ᠴᠢᠳᠠᠯ ᠢ ᠨᠢᠭᠲᠠᠷᠠᠭᠤᠯᠵᠤ᠂ ᠥᠷᠭᠡᠨ ᠣᠯᠠᠨ ᠺᠠᠳ᠋ᠷ ᠣᠯᠠᠨ ᠲᠦᠮᠡᠨ ᠤ ᠬᠦᠴᠦ ᠬᠥᠳᠡᠯᠮᠦᠷᠢ ᠬᠦᠴᠦ ᠬᠥᠯᠥᠰᠦ ᠶᠢ ᠰᠢᠩᠭᠡᠭᠡᠭᠰᠡᠨ ᠪᠠᠶᠢᠨ᠎ᠠ᠃ ᠨᠢᠭᠡ ᠵᠢᠯ ᠤᠨ ᠲᠤᠷᠰᠢ᠂ ᠪᠢᠳᠡᠨ ᠤ ᠲᠣᠭᠲᠠᠴᠠ ᠢᠯᠭᠤᠮ ᠤᠷᠤᠭᠰᠢᠲᠠᠢ᠂ ᠤᠳᠤᠷᠢᠳᠤᠮᠵᠢ ᠲᠣᠳᠣᠷᠬᠠᠢ ᠪᠠᠶᠢᠵᠤ᠂ ᠲᠡᠮᠡᠴᠡᠯ ᠤᠨ ᠵᠣᠷᠢᠭ ᠢ ᠬᠥᠭᠵᠢᠭᠡᠨ᠂ ᠬᠥᠭᠵᠢᠯᠲᠡ ᠶᠢ ᠠᠬᠢᠭᠤᠯᠪᠠ᠃ ᠬᠤᠰᠢᠭᠤᠨ ᠤ ᠨᠠᠮ ᠤᠨ ᠬᠤᠷᠢᠶ᠎ᠠ ᠠᠯᠢ ᠣᠯᠠᠨ ᠵᠥᠪ ᠴᠢᠭᠯᠡᠯ ᠤᠨ ᠤᠷᠮᠠᠰᠢᠭᠤᠯᠬᠤ ᠲᠣᠭᠲᠠᠴᠠ ᠶᠢ ᠲᠣᠭᠲᠠᠭᠠᠵᠤ᠂ ᠡᠭᠦᠷᠭᠡᠯᠡᠭᠴᠢ ᠶᠢᠨ ᠲᠥᠯᠥᠭᠡ ᠡᠭᠦᠷᠭᠡᠯᠡᠨ᠂ ᠪᠣᠳᠠᠲᠠᠢ ᠠᠵᠢᠯᠯᠠᠭᠰᠠᠳ ᠲᠤ ᠪᠣᠳᠠᠲᠠᠢ ᠠᠰᠢᠭ ᠬᠦᠷᠲᠡᠭᠡᠭᠰᠡᠨ ᠢᠶᠠᠷ᠂ ᠪᠥᠬᠦ ᠬᠤᠰᠢᠭᠤᠨ ᠤ ᠳᠡᠭᠡᠳᠦ ᠳᠣᠣᠷᠠᠳᠤ ᠱᠠᠲᠤᠨ ᠤ ᠬᠥᠮᠥᠰ ᠤᠷᠤᠭᠰᠢᠯᠠᠨ ᠲᠠᠪᠰᠢᠬᠤ ᠶᠢ ᠪᠤᠳᠤᠬᠤ᠂ ᠵᠠᠰᠠᠭ ᠤᠨ ᠶᠠᠪᠤᠳᠠᠯ ᠰᠢᠯᠤᠭᠤᠳᠴᠤ ᠲᠦᠮᠡᠨ ᠠᠮᠤᠭᠤᠯᠠᠩ ᠪᠣᠯᠬᠤ ᠠᠮᠢᠳᠤᠯᠢᠭ ᠪᠠᠶᠢᠳᠠᠯ ᠢ ᠪᠣᠶ ᠪᠣᠯᠭᠠᠭᠰᠠᠨ ᠪᠠᠶᠢᠨ᠎ᠠ᠃ ᠪᠢᠳᠡᠨ ᠤ ᠰᠤᠷᠲᠠᠯ ᠯᠠᠪᠳᠠᠭᠤᠨ ᠪᠠᠲᠤᠲᠠᠢ ᠪᠠᠶᠢᠵᠤ᠂ ᠪᠦᠯᠬᠦᠮᠳᠡᠨ ᠬᠠᠮᠵᠢᠯᠴᠠᠵᠤ᠂ ᠬᠠᠮᠲᠤᠷᠠᠯ ᠤᠨ ᠬᠦᠴᠦᠨ ᠢ ᠪᠦᠷᠢᠯᠳᠦᠭᠦᠯᠵᠦ᠂ ᠬᠥᠭᠵᠢᠯᠲᠡ ᠶᠢ ᠪᠠᠲᠤᠯᠠᠪᠠ᠃ ᠲᠦᠷᠪᠡᠨ ᠶᠡᠭᠡ ᠤᠳᠤᠷᠢᠳᠬᠤ ᠪᠠᠭ ᠴᠢᠩ ᠦᠨᠡᠨᠴᠢ ᠪᠠᠷ ᠪᠦᠯᠬᠦᠮᠳᠡᠵᠦ᠂ ᠬᠦᠴᠦ ᠪᠠᠨ ᠬᠠᠮᠲᠤᠳᠬᠠᠨ ᠰᠡᠳᠬᠢᠯ ᠢᠶᠠᠨ ᠨᠢᠭᠡᠳᠬᠡᠵᠦ᠂ ᠡᠯ᠎ᠡ ᠱᠠᠲᠤᠨ ᠤ ᠤᠳᠤᠷᠢᠳᠤᠯᠭ᠎ᠠ ᠲᠦᠷᠦᠭᠦᠯᠡᠨ ᠪᠣᠳᠠᠲᠠᠢ ᠠᠵᠢᠯᠯᠠᠵᠤ᠂ ᠪᠡᠶ᠎ᠡ ᠪᠠᠷ ᠢᠶᠠᠨ ᠣᠷᠣᠯᠴᠠᠵᠤ᠂ ᠥᠷᠭᠡᠨ ᠤᠯᠠᠨ ᠺᠠᠳ᠋ᠷ ᠠᠵᠢᠯ ᠤᠨ ᠪᠠᠶᠢᠷᠢ ᠪᠠᠨ ᠬᠠᠶᠢᠷᠠᠯᠠᠨ ᠦᠢᠯᠡᠰ ᠢᠶᠠᠨ ᠳᠡᠭᠡᠳᠦᠯᠡᠵᠦ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠰᠡᠳᠬᠢᠯ ᠰᠠᠨᠠᠭ᠎ᠠ ᠪᠠᠨ ᠲᠥᠪᠯᠡᠷᠡᠭᠦᠯᠦᠨ ᠪᠦᠲᠦᠭᠡᠨ ᠪᠠᠶᠢᠭᠤᠯᠤᠯᠲᠠ ᠶᠢ ᠠᠳᠬᠤᠬᠤ᠂ ᠨᠢᠭᠡ ᠰᠡᠳᠬᠢᠯ ᠨᠢᠭᠡ ᠵᠣᠷᠢᠭ ᠢᠶᠠᠷ ᠬᠥᠭᠵᠢᠯᠲᠡ ᠶᠢ ᠡᠷᠢᠯᠬᠢᠯᠡᠬᠦ ᠬᠦᠴᠦᠷᠬᠡᠭ ᠶᠡᠭᠡ ᠬᠠᠮᠲᠤᠷᠠᠯ ᠤᠨ ᠬᠦᠴᠦᠨ ᠢ ᠪᠦᠷᠢᠯᠳᠦᠭᠦᠯᠪᠡ᠃ ᠪᠢᠳᠡ ᠦᠵᠡᠯ ᠰᠠᠨᠠᠭ᠎ᠠ ᠪᠠᠨ ᠴᠢᠯᠦᠭᠡᠯᠡᠵᠦ᠂ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠵᠦ᠂ ᠬᠡᠪ ᠳᠠᠭᠤᠷᠢᠶᠠᠯ ᠢ ᠳᠡᠭᠡᠭᠰᠢᠯᠡᠭᠦᠯᠦᠨ᠂ ᠬᠥᠭᠵᠢᠯᠲᠡ ᠶᠢ ᠠᠬᠢᠭᠤᠯᠪᠠ᠃ ᠪᠥᠬᠦ ᠬᠤᠰᠢᠭᠤᠨ ᠤ ᠳᠡᠭᠡᠳᠦ ᠳᠣᠣᠷᠠᠳᠤ ᠱᠠᠲᠤ ᠪᠠᠷ ᠢᠶᠠᠨ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ᠂ ᠰᠠᠶᠢᠨ ᠲᠠᠢ ᠠᠳᠠᠯᠢᠳᠬᠠᠨ᠂ ᠰᠠᠶᠢᠨ ᠠᠴᠠ ᠲᠠᠭᠠᠨ ᠰᠤᠷᠤᠯᠴᠠᠵᠤ᠂ ᠬᠠᠷᠠᠭ᠎ᠠ ᠪᠠᠨ ᠥᠷᠭᠡᠳᠬᠡᠨ᠂ ᠦᠵᠡᠯᠲᠡ ᠪᠠᠨ ᠬᠤᠪᠢᠷᠠᠭᠤᠯᠵᠤ᠂ ᠬᠦᠴᠢᠷ ᠢ ᠰᠥᠷᠦᠨ ᠤᠷᠤᠭᠰᠢᠯᠠᠬᠤ᠂ ᠵᠣᠷᠢᠭᠲᠠᠢ ᠪᠠᠷ ᠲᠦᠷᠦᠭᠦᠯᠡᠬᠦ ᠠᠵᠢᠯ ᠬᠢᠬᠦ ᠬᠠᠯᠠᠭᠤᠨ ᠰᠡᠳᠬᠢᠯᠭᠡ ᠶᠢ ᠬᠥᠭᠵᠢᠭᠡᠪᠡ᠃ ᠪᠢᠳᠡ ᠠᠷᠠᠳ ᠤᠨ ᠲᠥᠯᠥᠭᠡ ᠲᠥᠷᠥ ᠪᠠᠷᠢᠵᠤ᠂ ᠬᠥᠮᠥᠰ ᠤᠨ ᠰᠡᠳᠬᠢᠯ ᠢ ᠨᠢᠭᠲᠠᠷᠠᠭᠤᠯᠵᠤ᠂ ᠬᠦᠴᠦᠨ ᠴᠢᠳᠠᠯ ᠢ ᠬᠤᠷᠠᠮᠳᠤᠭᠤᠯᠤᠨ᠂ ᠬᠥᠭᠵᠢᠯᠲᠡ  ᠶᠢ ᠲᠤᠯᠭᠠᠭᠤᠷᠢᠯᠠᠵᠤ᠂ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠢᠮᠠᠭᠲᠠ ᠪᠠᠷᠢᠮᠲᠠᠯᠠᠵᠤ᠂ ᠪᠥᠬᠦ ᠬᠤᠰᠢᠭᠤᠨ ᠤ ᠠᠷᠠᠳ ᠢᠷᠭᠡᠳ ᠡᠵᠡᠨ ᠬᠥᠮᠥᠨ ᠤ ᠴᠢᠩᠭ᠎ᠠ ᠤᠬᠠᠮᠰᠠᠷ ᠢᠶᠠᠷ ᠡᠮᠦᠨᠡᠲᠦ ᠬᠤᠰᠢᠭᠤᠨ ᠤ ᠬᠥᠭᠵᠢᠯᠲᠡ ᠳᠤ ᠠᠷᠭ᠎ᠠ ᠤᠬᠠᠭᠠᠨ ᠭᠠᠷᠭᠠᠵᠤ᠂ ᠰᠢᠷᠭᠠᠭᠤ ᠬᠥᠳᠡᠯᠮᠦᠷᠢ ᠪᠠᠷ ᠢᠶᠠᠨ ᠡᠮᠦᠨᠡᠲᠦ ᠬᠤᠰᠢᠭᠤᠨ ᠤ ᠬᠥᠭᠵᠢᠯᠲᠡ ᠳᠤ ᠬᠦᠴᠦᠨ ᠨᠡᠮᠡᠷᠢᠯᠡᠵᠦ ᠪᠠᠶᠢᠨ᠎ᠠ᠃ ᠠᠷᠠᠳ ᠤᠯᠠᠨ ᠤ ᠪᠢᠳᠡᠨ ᠢ ᠮᠡᠳᠡᠷᠡᠭᠰᠡᠨ ᠪᠠ ᠨᠤᠲᠠᠯᠠᠭᠰᠠᠨ ᠶᠠᠪᠤᠳᠠᠯ ᠪᠣᠯ ᠪᠢᠳᠡᠨ ᠤ ᠡᠷᠡᠮᠡᠬᠡᠶᠢᠯᠡᠨ ᠲᠠᠪᠰᠢᠬᠤ᠂ ᠠᠵᠢᠯ ᠬᠢᠵᠦ ᠦᠢᠯᠡᠰ ᠪᠣᠰᠬᠠᠬᠤ ᠶᠢᠨ ᠰᠢᠷᠭᠢᠰᠢ ᠦᠭᠡᠢ ᠬᠥᠳᠡᠯᠭᠡᠭᠦ ᠬᠦᠴᠦᠨ ᠮᠥᠨ᠃ ᠠᠳᠡ ᠪᠢ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠡᠮᠦᠨ᠎ᠡ ᠠᠴᠠ ᠥᠷᠭᠡᠨ ᠣᠯᠠᠨ ᠺᠠᠳ᠋ᠷ ᠣᠯᠠᠨ ᠲᠦᠮᠡᠨ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠪᠠ ᠤᠯᠤᠰ ᠲᠥᠷᠥ ᠶᠢᠨ ᠵᠦᠪᠯᠡᠯᠭᠡᠨ ᠤ ᠭᠡᠰᠢᠭᠦᠨ᠂ ᠠᠵᠢᠯ ᠠᠴᠠ ᠪᠠᠨ ᠰᠠᠯᠵᠤ ᠠᠮᠠᠷᠠᠭᠰᠠᠨ ᠪᠠ ᠠᠵᠢᠯ ᠠᠴᠠ ᠪᠠᠨ ᠪᠠᠭᠤᠵᠤ ᠠᠮᠠᠷᠠᠭᠰᠠᠨ ᠠᠬᠠᠮᠠᠳ ᠨᠥᠬᠦᠳ᠂ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠡᠯ᠎ᠡ ᠹᠷᠣᠨᠲ ᠲᠤ ᠴᠢᠷᠮᠠᠶᠢᠨ ᠠᠵᠢᠯᠯᠠᠵᠤ ᠪᠠᠶᠢᠭ᠎ᠠ ᠨᠥᠬᠦᠳ ᠲᠤ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠬᠦᠢᠭᠵᠢᠯᠲᠠ ᠶᠢ ᠬᠠᠯᠠᠮᠵᠢᠯᠠᠨ ᠲᠠᠮᠵᠢᠵᠤ ᠪᠠᠶᠢᠭ᠎ᠠ ᠨᠡᠶᠢᠭᠡᠮ ᠤᠨ ᠡᠯ᠎ᠡ ᠡᠲᠡᠭᠡᠳ ᠤᠨ ᠬᠦᠢᠮᠣᠰ ᠲᠤ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠵᠦ᠂ ᠡᠷᠬᠢᠮ ᠳᠡᠭᠡᠳᠦ ᠬᠦᠢᠠᠲᠣᠣᠠᠭᠡᠯ ᠤᠨ ᠰᠡᠳᠬᠢᠯᠭᠡ ᠪᠠᠨ ᠳᠡᠪᠰᠢᠭᠦᠯᠦᠶ᠎ᠡ︕   ᠬᠦᠰᠡᠯ ᠵᠡᠭᠦᠳᠦ ᠪᠠᠨ ᠬᠥᠭᠡᠭᠡᠴᠡᠯᠳᠦᠬᠦ ᠳᠤ᠂ ᠪᠢᠳᠡ ᠵᠣᠷᠢᠭᠲᠠᠢ ᠪᠠᠷ ᠤᠷᠤᠭᠰᠢᠯᠠᠵᠤ᠂ ᠤᠭ ᠰᠠᠨᠠᠭ᠎ᠠ ᠪᠠᠨ ᠡᠪᠦᠷᠯᠡᠨ ᠡᠭᠦᠷᠬᠡ ᠬᠦᠨᠳᠦ ᠵᠠᠮ ᠬᠤᠯᠠ ᠠᠶᠠᠨ ᠳᠤ ᠮᠣᠷᠳᠠᠨ᠎ᠠ᠃ ᠠᠮᠵᠢᠯᠲᠠ ᠪᠠᠨ ᠳ᠋ᠦᠩᠨᠡᠬᠦ ᠶᠢᠨ ᠵᠡᠷᠭᠡ ᠳᠤ᠂ ᠮᠠᠨ ᠤ ᠬᠤᠰᠢᠭᠤᠨ ᠤ ᠠᠵᠤ ᠠᠬᠤᠢ ᠨᠡᠶᠢᠭᠡᠮ ᠤᠨ ᠬᠥᠭᠵᠢᠯᠲᠡ ᠳᠤ ᠪᠠᠰᠠ ᠴᠥᠭᠡᠨ ᠪᠤᠰᠤ ᠬᠦᠴᠢᠷᠳᠡᠯ ᠪᠠ ᠠᠰᠠᠭᠤᠳᠠᠯ ᠣᠷᠣᠰᠢᠵᠤ ᠪᠠᠶᠢᠬᠤ ᠶᠢ ᠪᠢᠳᠡ ᠨᠠᠩ ᠰᠡᠷᠭᠡᠭ ᠢᠶᠠᠷ ᠲᠠᠨᠢᠵᠤ ᠣᠯᠣᠭᠰᠠᠨ ᠪᠠᠶᠢᠨ᠎ᠠ᠂ ᠨᠢᠭᠡ ᠳᠤ᠂ ᠠᠵᠤ ᠠᠬᠤᠢ ᠶᠢᠨ ᠦᠷᠭᠦᠯᠵᠢᠯᠡᠨ ᠨᠡᠮᠡᠭᠳᠡᠬᠦ ᠰᠢᠨ᠎ᠡ ᠬᠥᠳᠡᠯᠭᠡᠭᠴᠢ ᠡᠨᠧᠷᠭᠢ ᠬᠦᠷᠦᠯᠴᠡᠬᠦ ᠦᠭᠡᠢ᠂ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠬᠢᠵᠠᠭᠠᠷᠯᠠᠵᠤ ᠪᠠᠶᠢᠭ᠎ᠠ ᠪᠣᠭᠤᠮᠢ ᠶᠢ ᠰᠢᠢᠳᠪᠦᠷᠢᠯᠡᠬᠦ ᠴᠢᠬᠤᠯᠠᠲᠠᠢ ᠪᠠᠶᠢᠨ᠎ᠠ᠃ ᠬᠤᠶᠠᠷ ᠲᠤ᠂ ᠡᠳ᠋ ᠤᠨ ᠵᠠᠰᠠᠭ ᠤᠨ ᠣᠷᠣᠯᠭ᠎ᠠ ᠶᠢᠨ ᠨᠡᠮᠡᠭᠳᠡᠯ ᠬᠦᠴᠦ ᠮᠡᠬᠦᠰᠳᠡᠵᠦ᠂ ᠥᠷᠢ ᠲᠦᠯᠦᠭᠦ ᠵᠠᠶᠢᠯᠠᠰᠢ ᠦᠭᠡᠢ ᠳᠠᠷᠤᠯᠲᠠ ᠯᠤᠲᠤ ᠶᠡᠭᠡ ᠪᠠᠶᠢᠵᠤ᠂ ᠠᠵᠢᠯᠯᠠᠭᠠᠨ ᠢ ᠪᠠᠲᠤᠯᠠᠬᠤ᠂ ᠠᠷᠠᠳ ᠤᠨ ᠠᠮᠢᠳᠤᠷᠠᠯ ᠢ ᠪᠠᠲᠤᠯᠠᠬᠤ᠂ ᠲᠣᠭᠲᠠᠭᠤᠨ ᠪᠠᠶᠢᠳᠠᠯ ᠢ ᠪᠠᠲᠤᠯᠠᠬᠤ ᠪᠠ ᠬᠥᠭᠵᠢᠭᠦᠯᠬᠦ ᠪᠠᠷ ᠴᠢᠷᠮᠠᠶᠢᠬᠤ ᠶᠢᠨ ᠵᠥᠷᠢᠴᠡᠯ ᠮᠥᠨ ᠯᠡ ᠲᠣᠪᠣᠶᠢᠮ᠎ᠠ ᠪᠠᠶᠢᠨ᠎ᠠ᠃  ᠭᠤᠷᠪᠠ ᠳᠤ ᠂ ᠬᠤᠳᠠ ᠬᠥᠳᠡᠭᠡ ᠶᠢᠨ ᠰᠠᠭᠤᠷᠢ ᠲᠥᠬᠦᠭᠡᠷᠦᠮᠵᠢ ᠪᠠ ᠤᠯᠠᠨ ᠨᠡᠶᠢᠲᠡ ᠶᠢᠨ ᠦᠢᠯᠡᠴᠢᠯᠡᠭᠡᠨ ᠤ ᠰᠢᠰᠲ᠋ᠧᠮ ᠬᠠᠷᠢᠴᠠᠩᠭᠤᠢ ᠪᠠᠷ ᠪᠠᠭᠤᠷᠠᠢ ᠪᠠᠶᠢᠵᠤ᠂ ᠠᠷᠠᠳ ᠤᠯᠠᠨ ᠤ ᠰᠠᠶᠢᠨ ᠰᠠᠶᠢᠬᠠᠨ ᠠᠮᠢᠳᠤᠷᠠᠯ ᠤᠨ ᠬᠡᠷᠡᠭᠴᠡᠭᠡ ᠱᠠᠭᠠᠷᠳᠠᠯᠭ᠎ᠠ ᠲᠠᠢ ᠪᠠᠰᠠ ᠵᠥᠷᠢᠶ᠎ᠡ ᠲᠠᠢ ᠪᠠᠶᠢᠨ᠎ᠠ᠃ ᠳᠥᠷᠪᠡ ᠳᠤ ᠂ ᠵᠠᠰᠠᠭ ᠤᠨ ᠣᠷᠳᠣᠨ ᠤ ᠡᠭᠦᠷᠭᠡ ᠴᠢᠳᠠᠪᠤᠷᠢ ᠶᠢᠨ ᠬᠤᠪᠢᠷᠠᠭᠤᠯᠤᠯᠲᠠ ᠶᠢ ᠮᠥᠨ ᠬᠦ ᠭᠦᠨᠵᠡᠭᠡᠶᠢᠷᠡᠭᠦᠯᠬᠦ ᠴᠢᠬᠤᠯᠠᠲᠠᠢ ᠪᠠᠶᠢᠵᠤ᠂ ᠵᠠᠰᠠᠭ ᠵᠠᠬᠢᠷᠭᠠᠨ ᠤ ᠦᠢᠯᠡᠴᠢᠯᠡᠭᠡᠨ ᠤ ᠬᠦᠴᠦᠨ ᠴᠢᠳᠠᠪᠤᠷᠢ ᠶᠢ ᠳᠡᠭᠡᠭᠰᠢᠯᠡᠭᠦᠯᠬᠦ ᠴᠢᠬᠤᠯᠠᠲᠠᠢ ᠪᠠᠶᠢᠵᠤ᠂ ᠠᠵᠢᠯ ᠬᠢᠬᠦ ᠶᠢ ᠪᠤᠳᠤᠬᠤ᠂ ᠠᠵᠢᠯ ᠬᠢᠬᠦ ᠶᠢ ᠵᠣᠷᠢᠭᠵᠢᠭᠤᠯᠬᠤ᠂ ᠠᠵᠢᠯ ᠬᠢᠵᠦ ᠳᠡᠶᠢᠯᠬᠦ ᠴᠤᠭ ᠰᠦᠯᠳᠡ ᠶᠢ ᠪᠠᠰᠠ ᠤᠯᠠᠮ ᠨᠢᠭᠡ ᠠᠯᠬᠤᠮ ᠬᠥᠭᠵᠢᠭᠡᠬᠦ ᠴᠢᠬᠤᠯᠠᠲᠠᠢ ᠪᠠᠶᠢᠨ᠎ᠠ᠃ ᠡᠭᠦᠨ ᠳᠤ᠂ ᠪᠢᠳᠡ ᠵᠠᠪᠠᠯ ᠠᠰᠠᠭᠤᠳᠠᠯ ᠪᠠ ᠥᠷᠢᠰᠦᠯᠳᠦᠭᠡᠨ ᠳᠤ ᠰᠢᠭᠤᠳ ᠬᠠᠨᠳᠤᠵᠤ᠂ ᠵᠣᠷᠢᠭᠲᠠᠢ ᠪᠠᠷ ︽ᠬᠠᠷᠢᠭᠤᠴᠠᠯᠭ᠎ᠠ︾ ᠡᠭᠦᠷᠭᠡᠯᠡᠵᠦ᠂ ᠵᠣᠷᠢᠭᠲᠠᠢ ᠪᠠᠷ ︽ᠬᠦᠴᠢᠷ︾ ᠢ ᠡᠭᠦᠷᠭᠡᠯᠡᠵᠦ᠂ ︽ᠠᠶᠤᠯ︾ ᠢ ᠴᠢᠳᠠᠮᠠᠭᠠᠢ ᠪᠠᠷ ᠡᠭᠦᠷᠭᠡᠯᠡᠵᠦ᠂ ᠪᠥᠬᠦ ᠬᠦᠴᠦᠨ ᠢᠶᠠᠷ ᠢᠶᠠᠨ ᠰᠢᠢᠳᠪᠦᠷᠢᠯᠡᠵᠦ᠂ ᠪᠥᠬᠦ ᠬᠤᠰᠢᠭᠤᠨ ᠤ ᠠᠷᠠᠳ ᠲᠦᠮᠡᠨ ᠤ ᠬᠦᠰᠡᠯ ᠡᠷᠡᠮᠡᠯᠵᠡᠯ ᠢ ᠶᠠᠭᠠᠬᠢᠭᠰᠠᠨ ᠴᠤ ᠬᠥᠰᠡᠷᠳᠡᠭᠦᠯᠬᠦ ᠦᠭᠡᠢ︕    ᠬᠤᠶᠠᠷ᠂ 2023 ᠣᠨ ᠤ ᠠᠵᠢᠯ ᠤᠨ ᠲᠣᠬᠢᠷᠠᠭᠤᠯᠤᠯᠲᠠ    ᠡᠨᠡ ᠵᠢᠯ ᠪᠣᠯ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠬᠤ ᠡᠬᠢᠯᠡᠯᠲᠡ ᠶᠢᠨ ᠵᠢᠯ ᠮᠥᠨ᠂ ᠮᠥᠨ ᠴᠦ ᠮᠠᠨ ᠤ ᠬᠤᠰᠢᠭᠤᠨ ᠤ ᠬᠥᠭᠵᠢᠯᠲᠡ ᠶᠢᠨ ᠠᠷᠭ᠎ᠠ ᠮᠠᠶ᠋ᠢᠭ ᠢᠶᠠᠨ ᠬᠤᠪᠢᠷᠠᠭᠤᠯᠬᠤ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ᠂ ︽ᠦᠵᠡᠰᠬᠦᠯᠡᠩᠲᠦ ᠰᠠᠶᠢᠬᠠᠨ ᠡᠮᠦᠨᠡᠲᠦ ᠬᠤᠰᠢᠭᠤ︾ ᠶᠢ ᠪᠦᠲᠦᠭᠡᠨ ᠪᠠᠶᠢᠭᠤᠯᠬᠤ ᠴᠢᠬᠤᠯᠠ ᠪᠣᠭᠤᠮᠲᠠ ᠰᠢᠪᠲᠤᠯᠬᠤ ᠵᠠᠩᠭᠢᠯᠠᠭ᠎ᠠ ᠶᠢᠨ ᠴᠡᠭ ᠮᠥᠨ᠃ ᠪᠢᠳᠠ ᠪᠠᠷᠢᠮᠵᠢᠶ᠎ᠠ ᠳᠤ ᠨᠡᠶᠢᠴᠡᠭᠦᠯᠦᠨ ᠴᠠᠭ ᠢ ᠲᠠᠭᠠᠷᠠᠭᠤᠯᠵᠤ ᠲᠦᠷᠦᠭᠦᠨ ᠳᠤᠨᠢ ᠶᠠᠪᠤᠬᠤ ᠶᠢ ᠪᠠᠷᠢᠮᠲᠠᠯᠠᠵᠤ᠂ ᠰᠡᠳᠬᠢᠯ ᠰᠠᠨᠠᠭ᠎ᠠ ᠪᠠᠨ ᠲᠥᠪᠯᠡᠷᠡᠭᠦᠯᠦᠨ ᠲᠡᠷᠢᠭᠦᠨ ᠳᠤ ᠣᠷᠣᠬᠤ ᠪᠠᠷ ᠴᠢᠷᠮᠠᠶᠢᠵᠤ᠂ ︽ᠤᠷᠤᠭᠰᠢᠯᠠᠬᠤ︾ ᠳᠦᠷᠢ ᠲᠥᠷᠬᠦ ᠪᠠᠷ ︽ᠲᠣᠭᠲᠠᠭᠤᠨ︾ ᠤ ᠬᠤᠷᠢᠭ᠎ᠠ ᠱᠤᠭᠤᠮ ᠢ ᠪᠠᠲᠤ ᠰᠠᠬᠢᠵᠤ᠂ ᠬᠥᠭᠵᠢᠯᠲᠡ ᠶᠢ ᠲᠦᠷᠭᠡᠳᠬᠡᠬᠦ᠂ ᠲᠡᠷᠢᠭᠦᠨ ᠳᠤ ᠣᠷᠣᠬᠤ ᠪᠠᠷ ᠴᠢᠷᠮᠠᠶᠢᠬᠤ᠂ ᠬᠦᠴᠢᠷ ᠢ ᠳᠠᠪᠠᠵᠤ ᠬᠦᠨᠳᠦ ᠠᠶᠠᠨ ᠳᠤ ᠰᠢᠨ᠎ᠡ ᠠᠬᠢᠴᠠ ᠶᠢ ᠣᠯᠬᠤ ᠬᠡᠷᠡᠭᠡᠲᠡᠢ᠃ ᠡᠨᠡ ᠵᠢᠯ ᠤᠨ ᠵᠠᠰᠠᠭ ᠤᠨ ᠣᠷᠳᠣᠨ ᠤ ᠠᠵᠢᠯ ᠤᠨ ᠶᠡᠷᠦᠩᠬᠡᠢ ᠱᠠᠭᠠᠷᠳᠠᠯᠭ᠎ᠠ ᠪᠣᠯ᠄ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠪᠣᠯᠣᠨ ᠲᠥᠪ ᠤᠨ ᠠᠵᠤ ᠠᠬᠤᠢ ᠶᠢᠨ ᠠᠵᠢᠯ ᠤᠨ ᠬᠤᠷᠠᠯ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠷᠪᠠᠨ ᠨᠢᠭᠡᠳᠦᠭᠡᠷ ᠬᠤᠭᠤᠴᠠᠭᠠᠨ ᠤ ᠲᠠᠪᠤᠳᠤᠭᠠᠷ ᠪᠥᠬᠦᠳᠡ ᠬᠤᠷᠠᠯ ᠵᠢᠴᠢ ᠪᠦᠬᠦ ᠣᠷᠣᠨ ᠤ ᠠᠵᠤ ᠠᠬᠤᠢ ᠶᠢᠨ ᠠᠵᠢᠯ ᠤᠨ ᠬᠤᠷᠠᠯ᠂ ᠠᠶᠢᠮᠠᠭ ᠤᠨ ᠨᠠᠮ ᠤᠨ ᠬᠤᠷᠢᠶ᠎ᠠ ︵ᠥᠷᠭᠡᠳᠬᠡᠭᠰᠡᠨ︶ ᠶᠢᠨ ᠬᠤᠷᠠᠯ ᠵᠢᠴᠢ ᠪᠦᠬᠦ ᠠᠶᠢᠮᠠᠭ ᠤᠨ ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ  ᠶᠢ ᠪᠦᠬᠦ ᠲᠠᠯ᠎ᠠ  ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ᠂ ᠣᠨᠣᠪᠴᠢᠲᠠᠶ᠂ ᠪᠦᠬᠦ ᠲᠠᠯ᠎ᠠ  ᠪᠠᠷ ᠲᠤᠤᠱᠯᠠᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠢᠳᠡᠪᠬᠢᠲᠡᠢ ᠪᠠᠷ ᠦᠢᠯᠡᠴᠢᠯᠡᠬᠦ ᠪᠠ ᠠᠭᠤᠰᠤᠯᠴᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠢ ᠨᠡᠶᠢᠭᠡᠮ ᠤᠨ ᠬᠥᠭᠵᠢᠯᠲᠡ ᠶᠢ ᠨᠡᠩ ᠰᠠᠶᠢᠲᠤᠷ ᠨᠢᠭᠡᠳᠦᠯᠲᠡᠢ ᠲᠥᠯᠥᠪᠯᠡᠵᠦ᠂ ᠬᠥᠭᠵᠢᠯᠲᠡ ᠪᠠ ᠠᠮᠤᠷ ᠲᠦᠪᠰᠢᠨ ᠢ ᠨᠡᠩ ᠰᠠᠶᠢᠲᠤᠷ ᠨᠢᠭᠡᠳᠦᠯᠲᠡᠢ ᠲᠥᠯᠥᠪᠯᠡᠵᠦ᠂ ᠥᠭᠡᠷᠡᠴᠢᠯᠡᠯᠲᠡ ᠨᠡᠭᠡᠭᠡᠯᠲᠡ  ᠶᠢ ᠪᠦᠬᠦ ᠲᠠᠯ᠎ᠠ  ᠪᠠᠷ ᠭᠦᠨᠵᠡᠭᠡᠶᠢᠷᠡᠭᠦᠯᠵᠦ᠂ ᠵᠠᠬ᠎ᠠ ᠳᠡᠯᠭᠡᠭᠦᠷ ᠤᠨ ᠢᠲᠡᠭᠡᠯ ᠵᠣᠷᠢᠭ ᠢ ᠶᠡᠬᠡᠪᠡᠷ ᠬᠥᠪᠴᠢᠯᠡᠵᠦ᠂ ᠨᠡᠮᠡᠭᠳᠡᠯ ᠢ ᠲᠣᠭᠲᠠᠭᠤᠨ ᠪᠠᠶᠢᠯᠭᠠᠬᠤ᠂ ᠠᠵᠢᠯ ᠣᠯᠭᠤᠯᠲᠠ ᠶᠢ ᠲᠣᠭᠲᠠᠭᠤᠨ ᠪᠠᠶᠢᠯᠭᠠᠬᠤ᠂ ᠪᠠᠷᠠᠭᠠᠨ ᠤ ᠦᠨ᠎ᠡ ᠶᠢ ᠲᠣᠭᠲᠠᠭᠤᠨ ᠪᠠᠶᠢᠯᠭᠠᠬᠤ ᠠᠵᠢᠯ ᠢ ᠲᠣᠪᠣᠶᠢᠮ᠎ᠠ ᠰᠠᠶᠢᠲᠤᠷ ᠬᠢᠵᠦ᠂ ᠲᠣᠭᠲᠠᠭᠤᠨ ᠪᠠᠶᠢᠯᠭᠠᠬᠤ ᠶᠢᠨ ᠵᠡᠷᠭᠡ ᠳᠤ ᠤᠷᠤᠭᠰᠢᠯᠠᠭᠤᠯᠤᠭᠰᠠᠨ ᠰᠠᠭᠤᠷᠢᠨ ᠳᠡᠭᠡᠷ᠎ᠡ ᠲᠣᠭᠲᠠᠭᠤᠨ ᠪᠠᠶᠢᠯᠭᠠᠬᠤ ᠶᠢᠨ ᠵᠡᠷᠭᠡ ᠳᠤ ᠲᠦᠷᠭᠡᠨ ᠤᠷᠤᠭᠰᠢᠯᠠᠭᠤᠯᠵᠤ᠂ ᠲᠣᠭᠲᠠᠭᠤᠨ ᠪᠠᠶᠢᠯᠭᠠᠬᠤ ᠶᠢᠨ ᠵᠡᠷᠭᠡ ᠳᠤ ᠰᠢᠯᠢᠳᠡᠭ ᠤᠷᠤᠭᠰᠢᠯᠠᠭᠤᠯᠵᠤ᠂ ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠳᠤ ᠪᠠᠶᠢᠷᠢᠯᠠᠭᠤᠯᠤᠭᠰᠠᠨ ᠲᠠᠪᠤᠨ ᠶᠡᠭᠡ ᠡᠭᠦᠷᠭᠡ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠦᠨᠳᠦᠰᠦᠲᠡᠨ ᠤ ᠠᠵᠢᠯ ᠢ ᠨᠠᠷᠢᠨ ᠨᠢᠮᠪᠠᠢ ᠰᠠᠶᠢᠲᠤᠷ ᠬᠢᠵᠦ᠂ ᠠᠵᠤ ᠠᠬᠤᠢ ᠶᠢᠨ ᠶᠠᠰᠤ ᠴᠢᠨᠠᠷ ᠢ ᠪᠦᠲᠦᠮᠵᠢᠲᠡᠶ ᠳᠡᠭᠡᠭᠰᠢᠯᠡᠭᠦᠯᠬᠦ ᠪᠠ ᠲᠤᠭ᠎ᠠ ᠬᠡᠮᠵᠢᠶ᠎ᠡ ᠶᠢ ᠵᠣᠬᠢᠰᠲᠠᠢ ᠨᠡᠮᠡᠭᠳᠡᠭᠦᠯᠬᠦ ᠶᠢ ᠠᠬᠢᠭᠤᠯᠤᠨ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠬᠠᠭᠤᠳᠠᠰᠤ ᠶᠢ ᠪᠥᠬᠦ ᠬᠦᠴᠦᠨ ᠢᠶᠠᠷ ᠢᠶᠠᠨ ᠪᠢᠴᠢᠭᠯᠡᠨ᠎ᠡ᠃  ᠡᠨᠡ ᠵᠢᠯ ᠤᠨ ᠪᠥᠬᠦ ᠬᠤᠰᠢᠭᠤᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠭᠤᠣᠯ ᠵᠢᠱᠢᠭᠰᠡᠨ ᠬᠠᠷᠠᠯᠲᠠ ᠪᠣᠯ᠄ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠲᠡᠭ ᠢ 6% ᠨᠡᠮᠡᠭᠳᠡᠭᠦᠯᠵᠦ᠂ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢ 12% ᠨᠡᠮᠡᠭᠳᠡᠭᠦᠯᠵᠦ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠶᠡᠷᠦᠩᠬᠡᠢ ᠥᠷᠲᠡᠭ ᠢ 100% ᠨᠡᠮᠡᠭᠳᠡᠭᠦᠯᠵᠦ᠂ ᠪᠥᠬᠦ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠬᠤ ᠶᠡᠷᠦᠩᠬᠡᠢ ᠬᠡᠮᠵᠢᠶ᠎ᠡ ᠶᠢ 10% ᠨᠡᠮᠡᠭᠳᠡᠭᠦᠯᠵᠦ᠂ ᠣᠯᠠᠨ ᠨᠡᠶᠢᠲᠡ ᠶᠢᠨ ᠡᠳ᠋ ᠤᠨ ᠵᠠᠰᠠᠭ ᠤᠨ ᠲᠥᠰᠥᠪ ᠤᠨ ᠣᠷᠣᠯᠭ᠎ᠠ ᠶᠢ ᠠᠳᠠᠯᠢ ᠬᠤᠭᠤᠴᠠᠭᠠᠨ ᠤ ᠬᠢ ᠠᠴᠠ 4.2% ᠨᠡᠮᠡᠭᠳᠡᠭᠦᠯᠵᠦ᠂ ᠬᠤᠲᠠ ᠬᠥᠳᠡᠭᠡ ᠶᠢᠨ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠶᠢ ᠲᠣᠰ ᠲᠣᠰ 6% ᠪᠠ 8% ᠨᠡᠮᠡᠭᠳᠡᠭᠦᠯᠦᠨ᠎ᠡ᠃ ᠴᠠᠭ ᠤᠨ ᠪᠠᠶᠢᠳᠠᠯ ᠡᠳᠦᠷ ᠢᠷᠡᠬᠦᠶ᠎ᠡ ᠰᠢᠨᠡᠳᠴᠦ᠂ ᠰᠢᠨ᠎ᠡ ᠶᠢ ᠡᠭᠦᠳᠬᠦ ᠠᠴᠠ ᠥᠭᠡᠷ᠎ᠡ ᠠᠷᠭ᠎ᠠ ᠦᠭᠡᠢ᠃ ᠰᠢᠨ᠎ᠡ ᠱᠠᠲᠤ ᠦᠶ᠎ᠡ᠂ ᠰᠢᠨ᠎ᠡ ᠬᠠᠷᠠᠯᠲᠠ᠂ ᠰᠢᠨ᠎ᠡ ᠡᠭᠦᠷᠭᠡ ᠶᠢᠨ ᠡᠮᠦᠨ᠎ᠡ᠂ ᠪᠢᠳᠡ ᠡᠷᠬᠡᠪᠰᠢ ᠰᠢᠨ᠎ᠡ ᠶᠢ ᠡᠭᠦᠳᠬᠦ ᠪᠠᠷ ᠰᠢᠪᠲᠤᠯᠤᠯᠲᠠ ᠶᠢ ᠡᠷᠢᠯᠬᠢᠯᠡᠬᠦ ᠢᠯᠡ ᠲᠣᠳᠣ ᠤᠳᠤᠷᠢᠳᠤᠮᠵᠢ ᠶᠢ ᠲᠣᠭᠲᠠᠭᠠᠵᠤ᠂ ᠰᠢᠨ᠎ᠡ ᠬᠠᠭᠤᠳᠠᠰᠤ ᠶᠢ ᠰᠦᠪᠡᠭᠴᠢᠯᠡᠵᠦ᠂ ᠰᠢᠨ᠎ᠡ ᠠᠷᠭ᠎ᠠ ᠭᠠᠷᠭᠠᠵᠤ᠂ ᠰᠢᠨ᠎ᠡ ᠵᠠᠮ ᠢ ᠨᠡᠭᠡᠭᠡᠵᠦ᠂ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠠᠬᠤᠢ ᠪᠠᠶᠢᠳᠠᠯ ᠢ ᠨᠡᠭᠡᠭᠡᠬᠦ ᠬᠡᠷᠡᠭᠲᠡᠢ᠃ ᠳᠣᠣᠷᠠᠬᠢ ᠬᠡᠳᠦᠨ ᠲᠠᠯ᠎ᠠ ᠶᠢᠨ ᠠᠵᠢᠯ ᠢ ᠭᠤᠣᠯᠳᠠᠯᠭ᠎ᠠ ᠲᠠᠢ ᠰᠠᠶᠢᠲᠤᠷ ᠠᠳᠬᠤᠨ᠎ᠠ᠄   ︵ᠨᠢᠭᠡ︶ ᠲᠣᠭᠲᠠᠭᠤᠨ ᠪᠠᠶᠢᠯᠭᠠᠬᠤ ᠶᠢᠨ ᠵᠡᠷᠭᠡ ᠳᠤ ᠤᠷᠤᠭᠰᠢᠯᠠᠭᠤᠯᠬᠤ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ ᠠᠵᠠ ᠲᠣᠬᠢᠶᠠᠯ ᠢ ᠠᠮᠵᠢᠨ ᠪᠡᠷᠬᠡ ᠰᠡᠳᠦᠪ ᠢ ᠰᠢᠢᠳᠪᠦᠷᠢᠯᠡᠵᠦ ᠪᠡᠯᠡ ᠣᠷᠣᠭᠤᠯᠵᠤ ᠦᠢᠯᠡᠳᠪᠦᠷᠢᠯᠡᠯ ᠢᠶᠠᠨ ᠦᠷᠭᠡᠳᠭᠡᠨ᠎ᠡ  ᠤᠯᠠᠨ ᠲᠠᠯ᠎ᠠ ᠪᠠᠷ ᠬᠦᠴᠦᠯᠡᠵᠦ᠂ ᠲᠦᠷᠦᠯ ᠵᠦᠢᠯ ᠤᠨ ᠠᠵᠢᠯ ᠡᠬᠢᠯᠡᠭᠦᠯᠬᠦ ᠶᠢ ᠪᠠᠲᠤᠯᠠᠵᠤ᠂ ᠡᠬᠢ ᠪᠠᠶᠠᠯᠢᠭ ᠲᠦᠷᠦᠯ ᠵᠦᠢᠯ ᠢ ᠳᠠᠭᠠᠬᠤ᠂ ᠡᠯᠧᠮᠧᠨ᠋ᠲ ᠲᠦᠷᠦᠯ ᠵᠦᠢᠯ ᠤᠨ ᠲᠣᠭᠤᠷᠢᠨ ᠳᠤ ᠰᠢᠯᠵᠢᠬᠦ᠂ ᠺᠠᠳ᠋ᠷ ᠲᠦᠷᠦᠯ ᠵᠦᠢᠯ ᠳᠤ ᠠᠩᠬᠠᠷᠤᠯ ᠢᠶᠠᠨ ᠲᠥᠪᠯᠡᠷᠡᠭᠦᠯᠦᠨ ᠠᠵᠢᠯᠯᠠᠬᠤ ᠶᠢ ᠬᠦᠴᠦᠯᠡᠨ ᠠᠬᠢᠭᠤᠯᠵᠤ᠂ ᠵᠠᠭᠤᠨ ᠳ᠋ᠦᠩᠰᠢᠭᠤᠷ ᠢᠶᠠᠷ ᠵᠠᠮᠴᠢᠯᠠᠬᠤ᠂ ᠠᠷᠪᠠᠨ ᠳ᠋ᠦᠩᠰᠢᠭᠤᠷ ᠢᠶᠠᠷ ᠳᠠᠶᠢᠴᠢᠯᠠᠬᠤ᠂ ᠮᠢᠩᠭᠠᠨ ᠲᠦᠮᠡ ᠪᠠᠷ ᠲᠥᠪᠯᠡᠷᠡᠭᠰᠡᠨ ᠲᠦᠷᠦᠯ ᠵᠦᠢᠯ ᠤᠨ ᠵᠢᠭᠰᠠᠭᠠᠯ ᠤᠨ ᠪᠦᠷᠢᠯᠳᠦᠬᠦ ᠶᠢ ᠠᠬᠢᠭᠤᠯᠵᠤ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠴᠢᠨᠠᠷ ᠰᠠᠶᠢᠲᠠᠢ ᠬᠥᠭᠵᠢᠯᠲᠡ ᠳᠤ ᠬᠦᠴᠦᠨ ᠴᠢᠳᠠᠯ ᠬᠤᠷᠠᠮᠳᠤᠭᠤᠯᠤᠨ ᠬᠦᠴᠦᠨ ᠴᠢᠳᠠᠯ ᠣᠯᠭᠤᠨ᠎ᠠ᠃   ᠨᠢᠭᠡ ᠳᠤ᠂ ᠪᠦᠲᠦᠭᠡᠨ ᠪᠠᠶᠢᠭᠤᠯᠤᠯᠲᠠ ᠶᠢᠨ ᠶᠠᠰᠤ ᠴᠢᠨᠠᠷ ᠦᠷ᠎ᠡ ᠠᠰᠢᠭ ᠤᠨ ᠬᠤᠷᠳᠤᠴᠠ ᠶᠢ ᠲᠦᠷᠭᠡᠳᠬᠡᠵᠦ ᠳᠡᠰ ᠳᠡᠪᠰᠢᠭᠦᠯᠦᠨ᠎ᠡ᠃ ᠳ᠋ᠦᠩᠰᠢᠭᠤᠷ ᠲᠥᠭᠦᠷᠢᠭ ᠠᠴᠠ ᠳᠡᠭᠡᠭᠰᠢᠬᠢ 46 ᠴᠢᠬᠤᠯᠠ ᠶᠡᠭᠡ ᠲᠥᠷᠥᠯ ᠵᠦᠢᠯ ᠢ ᠬᠡᠷᠡᠭᠵᠢᠭᠦᠯᠵᠦ᠂ ᠵᠢᠯ ᠤᠨ ᠳᠣᠲᠣᠷ᠎ᠠ 58.6 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠬᠦ ᠪᠠᠷ ᠲᠥᠯᠥᠪᠯᠡᠵᠦ᠂ ᠠᠳᠠᠯᠢ ᠬᠤᠭᠤᠴᠠᠭᠠᠨ ᠤ ᠬᠢ ᠠᠴᠠ 8% ᠪᠠᠷ ᠨᠡᠮᠡᠭᠳᠡᠨ᠎ᠡ᠃ ᠯᠠᠩ ᠢ ᠯᠢᠲ᠋ᠢ ᠳ᠋ᠢᠶᠠᠨ ᡂᠢ ᠶᠢᠨ ᠪᠢᠯᠢᠭ ᠲᠤᠶᠢᠯ ᠤᠨ ᠮᠠᠲ᠋ᠧᠷᠢᠶᠠᠯ ᠤᠨ ᠦᠢᠯᠡᠳᠪᠦᠷᠢᠯᠡᠯ ᠂ ᠶᠠᠨ ᠰᠢᠩ ᠰᠢᠨᠵᠢᠯᠡᠬᠦ ᠤᠬᠠᠭᠠᠨ ᠮᠡᠷᠭᠡᠵᠢᠯ ᠤᠨ ᠬᠦᠷᠮᠡᠨ ᠴᠢᠯᠠᠭᠤᠯᠢᠭ ᠢ ᠡᠳ᠋ᠰᠢᠭᠦᠯᠬᠦ᠂ ᠰᠢ ᠪᠧᠢ ᠶᠢᠦ ᠤᠰᠤᠲᠥ᠋ᠷᠥᠭᠴᠢ ᠦᠢᠯᠡᠳᠦᠭᠴᠢ ᠲᠥᠬᠦᠭᠡᠷᠦᠮᠵᠢ ᠦᠢᠯᠡᠳᠬᠦ ᠵᠡᠷᠭᠡ ᠠᠵᠤ ᠦᠢᠯᠡᠳᠪᠦᠷᠢ ᠶᠢᠨ ᠲᠦᠷᠦᠯ ᠵᠦᠢᠯ ᠢ ᠪᠣᠳᠠᠲᠠᠢ ᠳᠤ ᠨᠠᠶᠢᠳᠠᠪᠤᠷᠢᠵᠢᠭᠤᠯᠤᠨ ᠠᠵᠢᠯ ᠡᠬᠢᠯᠡᠭᠦᠯᠬᠦ ᠶᠢ ᠬᠦᠴᠦᠯᠡᠨ ᠠᠬᠢᠭᠤᠯᠤᠨ᠎ᠠ᠃ ᠨᠡᠶᠢᠳᠡᠮ ᠤᠨ ᠬᠡᠷᠡᠭᠯᠡᠭᠡᠨ ᠤ ᠨᠢᠰᠬᠡᠯ ᠤᠨ ᠪᠠᠭᠤᠳᠠᠯ᠂ ᠰᠢᠶᠠᠨ ᠤ ᠵᠠᠮ 414᠂ ᠬᠢᠯᠢ ᠶᠢᠨ ᠬᠠᠮᠠᠭᠠᠯᠠᠯᠲᠠ ᠶᠢᠨ ᠭᠠᠯ ᠰᠡᠷᠭᠡᠶᠢᠯᠡᠬᠦ ᠵᠠᠮ ᠵᠡᠷᠭᠡ ᠵᠠᠮ ᠬᠠᠷᠢᠯᠴᠠᠭᠠᠨ ᠤ ᠵᠦᠢᠯᠡᠰ ᠤᠨ ᠪᠠᠷᠢᠯᠭ᠎ᠠ ᠶᠢᠨ ᠠᠵᠢᠯ ᠢ ᠳᠠᠭᠤᠰᠬᠠᠵᠤ ᠠᠰᠢᠭᠯᠠᠯᠲᠠ ᠳᠤ ᠣᠷᠣᠭᠤᠯᠤᠨ᠎ᠠ᠃ ᠤᠰᠤᠨ ᠤ ᠭᠠᠷᠤᠯᠲᠠ ᠶᠢᠨ ᠠᠭᠠᠯᠢᠭ ᠠᠯᠢᠮ᠎ᠠ ᠶᠢ ᠨᠠᠷᠢᠯᠢᠭ ᠪᠣᠯᠪᠠᠰᠤᠷᠠᠭᠤᠯᠬᠤ᠂ ᠢᠯᠢ ᠶᠢᠨ 5G ᠰᠢᠩᠭᠡᠨ ᠲᠤᠯᠤᠪᠲᠤ ᠰᠦ ᠶᠢ ᠣᠶᠤᠨᠴᠢ ᠪᠠᠷ ᠦᠶᠯᠡᠳᠬᠦ ᠂ ᠱᠦᠢ ᠹᠠ ᠠᠭᠠᠯᠢᠭ ᠠᠯᠢᠮ᠎ᠠ ᠶᠢ ᠨᠠᠷᠢᠯᠢᠭ ᠪᠣᠯᠪᠠᠰᠤᠷᠠᠭᠤᠯᠬᠤ᠂ ᠸᠠᠨ ᠱᠧᠩ ᠶᠤᠸᠠᠨ ᠲᠠᠷᠢᠶᠠᠯᠠᠩ ᠮᠠᠯ ᠠᠵᠤ ᠠᠬᠤᠢ ᠶᠢᠨ ᠲᠣᠨᠤᠭ ᠲᠥᠬᠦᠭᠡᠷᠦᠮᠵᠢ ᠶᠢ ᠰᠤᠳᠤᠯᠤᠨ ᠨᠡᠭᠡᠭᠡᠬᠦ ᠵᠡᠷᠭᠡ ᠠᠵᠤ ᠦᠢᠯᠡᠰ ᠤᠨ ᠲᠥᠷᠥᠯ ᠵᠦᠢᠯ ᠤᠨ ᠠᠰᠢᠭᠯᠠᠯᠲᠠ ᠳᠤ ᠣᠷᠣᠬᠤ ᠶᠢ ᠬᠦᠴᠦᠲᠡᠢ ᠠᠬᠢᠭᠤᠯᠤᠨ᠎ᠠ᠃ ᠱᠧᠩ ᠱᠢ ᠬᠤᠸ ᠲᠢᠩ ᠲᠢᠩᠬᠢᠮ᠂ ᠬᠢᠩᠭᠠᠨ ᠤ ᠢ ᠫᠢᠨ ᠣᠷᠣᠨ ᠰᠠᠭᠤᠴᠠ᠂ ᠪᠢ ᠬᠦᠶ ᠶᠤᠸᠠᠨ ᠴᠡᠴᠡᠷᠯᠢᠭ ᠤᠨ ᠱᠠᠩ ᠴᠧᠩ ᠵᠡᠷᠭᠡ ᠭᠡᠷ ᠪᠠᠶᠢᠰᠢᠩ ᠭᠠᠵᠠᠷ ᠬᠥᠷᠥᠩᠭᠡ ᠶᠢᠨ ᠲᠥᠷᠥᠯ ᠵᠦᠢᠯ ᠤᠨ ᠲᠤᠭ᠎ᠠ ᠬᠡᠮᠵᠢᠶ᠎ᠡ ᠶᠠᠰᠤ ᠴᠢᠨᠠᠷ ᠢ ᠵᠡᠷᠭᠡ ᠪᠠᠷ ᠳᠡᠭᠡᠭᠰᠢᠯᠡᠭᠦᠯᠬᠦ ᠶᠢ ᠴᠢᠷᠮᠠᠶᠢᠨ ᠠᠬᠢᠭᠤᠯᠤᠨ᠎ᠠ᠃   ᠬᠤᠶᠠᠷ ᠲᠤ᠂ ᠲᠥᠷᠥᠯ ᠵᠦᠢᠯ ᠤᠨ ᠨᠥᠭᠡᠴᠡ ᠶᠢ ᠭᠦᠨᠵᠡᠭᠡᠢ ᠲᠥᠯᠥᠪᠵᠢᠭᠦᠯᠦᠨ᠎ᠡ᠃ ᠤᠯᠤᠰ᠂ ᠥᠪᠡᠷᠲᠡᠭᠡᠨ ᠵᠠᠰᠠᠬᠤ ᠣᠷᠣᠨ ᠤ ᠲᠥᠷᠥ ᠶᠢᠨ ᠪᠣᠳᠣᠯᠭ᠎ᠠ ᠶᠢᠨ ᠤᠳᠤᠷᠢᠳᠤᠮᠵᠢ ᠶᠢ ᠴᠢᠩᠭ᠎ᠠ ᠠᠩᠬᠠᠷᠴᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ︽ᠬᠤᠶᠠᠷ ᠰᠢᠨ᠎ᠡ ᠨᠢᠭᠡ ᠴᠢᠬᠤᠯᠠ︾᠂ ᠴᠡᠪᠡᠷ ᠡᠨᠧᠷᠭᠢ ᠵᠡᠷᠭᠡ ᠬᠦᠷᠢᠶᠡᠨ ᠳᠤ ᠠᠩᠬᠠᠷᠤᠯ ᠢᠶᠠᠨ ᠲᠥᠪᠯᠡᠷᠡᠭᠦᠯᠵᠦ᠂ ᠲᠥᠷᠥᠯ ᠵᠦᠢᠯ ᠤᠨ ᠨᠥᠭᠡᠴᠡᠯᠡᠯᠲᠡ ᠪᠠ ᠦᠷᠭᠦᠯᠵᠢᠯᠡᠨ ᠦᠷᠭᠦᠯᠵᠢᠯᠡᠭᠦᠯᠬᠦ ᠲᠣᠭᠲᠠᠴᠠ ᠶᠢ ᠲᠡᠭᠦᠯᠳᠡᠷᠵᠢᠭᠦᠯᠦᠨ᠂ ᠭᠤᠷᠪᠠᠨ ᠳᠡᠰ ᠭᠤᠷᠪᠠᠨ ᠲᠥᠷᠥᠯ ᠤᠨ ᠲᠥᠷᠥᠯ ᠵᠦᠢᠯ ᠤᠨ ᠬᠥᠮᠥᠷᠭᠡ ᠶᠢ ᠰᠢᠯᠢᠳᠡᠭᠵᠢᠭᠦᠯᠦᠨ ᠨᠠᠷᠢᠯᠢᠭ ᠬᠢᠵᠦ᠂ ᠠᠳᠠᠯᠢ ᠬᠤᠭᠤᠴᠠᠭᠠᠨ ᠤ ᠬᠢ ᠠᠴᠠ 15% ᠠᠴᠠ ᠳᠡᠭᠡᠭᠰᠢ ᠨᠡᠮᠡᠭᠳᠡᠭᠦᠯᠬᠦ ᠶᠢ ᠦᠨᠡᠨ ᠬᠦ ᠪᠠᠲᠤᠯᠠᠨ᠎ᠠ᠃ ᠤᠯᠠᠭᠠᠨᠮᠣᠳᠤ ᠶᠢᠨ ᠤᠰᠤ ᠲᠠᠲᠠᠵᠤ ᠡᠨᠧᠷᠭᠢ ᠬᠠᠳᠠᠭᠠᠯᠠᠬᠤ᠂ ᠳᠤᠮᠳᠠ ᠵᠡᠷᠭᠡ ᠶᠢᠨ ᠴᠥᠮ᠎ᠡ ᠶᠢᠨ ᠰᠠᠯᠬᠢᠨ ᠤ ᠨᠥᠭᠡᠴᠡ ᠪᠠᠷ ᠤᠰᠤᠲᠥ᠋ᠷᠥᠭᠴᠢ ᠰᠢᠪᠲᠦᠷ ᠦᠶᠯᠡᠳᠬᠦ᠂ ᠬᠤᠨᠠᠨ ᠤ ᠴᠤᠸᠠᠩ ᠮᠢᠩ ᠪᠣᠬᠢᠷᠳᠤᠯ ᠦᠭᠡᠢ ᠴᠠᠬᠢᠯᠭᠠᠨ ᠬᠠᠩᠭᠠᠬᠤ᠂ ᠬᠤᠸᠠ ᠨᠧᠩ ᠢᠯᠴᠢ ᠶᠢᠨ ᠴᠠᠬᠢᠯᠭᠠᠨ ᠤ ᠣᠶᠤᠨᠯᠢᠭ ᠴᠢᠨᠠᠷ ᠤᠨ ᠥᠭᠡᠷᠡᠴᠢᠯᠡᠯᠲᠡ᠂ ᠵᠦᠩ ᠭᠤᠸᠠᠩ ᠴᠥᠮ᠎ᠡ ᠶᠢᠨ ᠴᠡᠪᠡᠷ ᠡᠨᠧᠷᠭᠢ ᠶᠢᠨ ᠵᠢᠵᠢᠭ ᠪᠠᠯᠭᠠᠰᠤ ᠵᠡᠷᠭᠡ 13 ᠲᠥᠷᠥᠯ ᠵᠦᠢᠯ ᠢ ᠭᠤᠣᠯᠳᠠᠯᠭ᠎ᠠ ᠲᠠᠢ ᠲᠥᠯᠥᠪᠯᠡᠨ ᠨᠥᠭᠡᠴᠡᠯᠡᠵᠦ᠂ ᠨᠡᠶᠢᠲᠡ 345.5 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠤ᠂ ᠵᠢᠯ ᠤᠨ ᠳᠣᠲᠣᠷ᠎ᠠ 46.3 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠬᠦ ᠪᠠᠷ ᠲᠥᠯᠥᠪᠯᠡᠵᠦ ᠪᠠᠶᠢᠨ᠎ᠠ᠃ ᠦᠯᠡᠳᠡᠭᠡᠯ ᠵᠦᠢᠯᠡᠰ ᠢ ᠲᠦᠷᠭᠡᠪᠴᠢᠯᠡᠨ ᠪᠦᠲᠦᠭᠡᠨ ᠪᠠᠶᠢᠭᠤᠯᠬᠤ ᠶᠢ ᠵᠡᠷᠭᠡ ᠪᠠᠷ ᠲᠦᠯᠬᠢᠨ ᠠᠬᠢᠭᠤᠯᠵᠤ᠂ ᠨᠡᠮᠡᠭᠳᠡᠯ ᠤᠨ ᠵᠦᠢᠯᠡᠰ ᠢ ᠲᠥᠯᠥᠪᠵᠢᠭᠦᠯᠦᠨ ᠪᠣᠶ ᠪᠣᠯᠭᠠᠵᠤ᠂ ︽ᠬᠠᠳᠠᠭᠠᠯᠠᠬᠤ᠂ ᠨᠡᠮᠡᠭᠳᠡᠭᠦᠯᠬᠦ︾ ᠶᠢ ᠵᠡᠷᠭᠡ ᠪᠠᠷ ᠴᠢᠬᠤᠯᠠᠴᠢᠯᠠᠬᠤ᠂ ᠠᠳᠠᠯᠢ ᠳᠠᠪᠲᠠᠮᠵᠢ ᠪᠠᠷ ᠬᠥᠭᠵᠢᠬᠦ ᠶᠢ ᠪᠡᠶᠡᠯᠡᠭᠦᠯᠦᠨ᠎ᠡ᠃   ᠭᠤᠷᠪᠠ ᠳᠤ᠂ ᠡᠯᠧᠮᠧᠨ᠋ᠲ ᠤᠨ ᠪᠠᠲᠤᠯᠠᠪᠤᠷᠢ ᠤᠷᠢᠳᠠᠪᠠᠷ ᠤᠷᠤᠭᠰᠢᠯᠠᠨ᠎ᠠ᠃ ᠪᠥᠬᠦ ᠠᠶᠢᠮᠠᠭ ᠤᠨ ︽ᠬᠤᠷᠢᠨ ᠶᠡᠭᠡ ᠭᠤᠣᠯᠳᠠᠯᠭ᠎ᠠ ᠲᠠᠢ ᠠᠵᠤ ᠦᠢᠯᠡᠰ ᠤᠨ ᠬᠡᠯᠬᠢᠶ᠎ᠡ︾ ᠶᠢᠨ ᠲᠣᠭᠤᠷᠢᠨ ᠳᠤ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠶᠢ ᠠᠵᠤ ᠠᠬᠤᠢ ᠶᠢᠨ ᠬᠥᠭᠵᠢᠯᠲᠡ ᠶᠢ ᠠᠬᠢᠭᠤᠯᠬᠤ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠬᠤ ᠴᠢᠬᠤᠯᠠ ᠬᠥᠳᠡᠯᠭᠡᠭᠦᠷ ᠪᠣᠯᠭᠠᠵᠤ᠂ ᠬᠤᠳᠠᠯᠳᠤᠭᠠᠴᠢᠨ ᠤᠷᠢᠵᠤ ᠨᠥᠭᠡᠴᠡᠯᠡᠬᠦ ᠠᠵᠢᠯ ᠢ ᠦᠷᠭᠦᠯᠵᠢᠯᠡᠨ ᠰᠠᠶᠢᠲᠤᠷ ᠠᠳᠬᠤᠵᠤ᠂ ᠨᠢᠭᠡ ᠪᠦᠯᠦᠭ ᠬᠡᠯᠬᠢᠶᠡᠰᠦ ᠶᠢ ᠤᠷᠲᠤᠳᠬᠠᠨ ᠬᠡᠯᠬᠢᠶᠡᠰᠦ ᠶᠢ ᠨᠥᠬᠦᠪᠦᠷᠢᠯᠡᠬᠦ᠂ ᠬᠡᠯᠬᠢᠶᠡᠰᠦ ᠶᠢ ᠴᠢᠩᠭᠠᠳᠬᠠᠨ ᠬᠡᠯᠬᠢᠶᠡᠰᠦ ᠶᠢ ᠥᠷᠭᠡᠳᠬᠡᠬᠦ ᠬᠥᠲᠥᠴᠢ ᠬᠡᠯᠪᠡᠷᠢ ᠶᠢᠨ ᠂ ᠥᠰᠦᠯᠲᠡ ᠶᠢᠨ ᠬᠡᠯᠪᠡᠷᠢ ᠶᠢᠨ ᠲᠥᠷᠥᠯ ᠵᠦᠢᠯ ᠢ ᠲᠦᠷᠭᠡᠳᠬᠡᠨ ᠣᠷᠣᠭᠤᠯᠵᠤ᠂ ᠪᠥᠬᠦ ᠵᠢᠯ ᠳᠤ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠶᠢ 54 ᠳ᠋ᠦᠩᠰᠢᠭᠤᠷ ᠲᠥᠭᠦᠷᠢᠭ ᠪᠡᠶᠡᠯᠡᠭᠦᠯᠦᠨ᠎ᠡ᠃ ︽ᠶᠠᠮᠤᠨ ᠪᠠ ᠲᠢᠩᠬᠢᠮ ᠳᠤ ᠣᠴᠢᠬᠤ︾ ᠠᠵᠢᠯ ᠤᠨ ᠡᠷᠴᠢᠮ ᠢ ᠴᠢᠩᠭᠠᠷᠠᠭᠤᠯᠵᠤ᠂ ᠨᠠᠩ ᠣᠯᠠᠨ ᠲᠥᠷᠥᠯ ᠵᠦᠢᠯ ᠢ ᠤᠯᠤᠰ ᠪᠠ ᠥᠪᠡᠷᠲᠡᠭᠡᠨ ᠵᠠᠰᠠᠬᠤ ᠣᠷᠣᠨ ᠤ ᠲᠥᠯᠦᠪᠵᠢᠭᠦᠯᠭᠡ ᠶᠢᠨ ᠬᠡᠪᠴᠢᠶᠡᠨ ᠳᠤ ᠣᠷᠣᠭᠤᠯᠤᠨ᠎ᠠ᠃ ᠪᠡᠯᠡ ᠮᠥᠩᠭᠦ ᠶᠢᠨ ᠲᠥᠷᠥ ᠶᠢᠨ ᠪᠣᠳᠣᠯᠭ᠎ᠠ ᠶᠢ ᠰᠠᠶᠢᠲᠤᠷ ᠠᠰᠢᠭᠯᠠᠵᠤ ᠭᠦᠢᠴᠡᠳ ᠬᠡᠷᠡᠭᠯᠡᠨ᠂ ᠣᠷᠣᠨ ᠨᠤᠲᠤᠭ ᠤᠨ ᠵᠠᠰᠠᠭ ᠤᠨ ᠣᠷᠳᠣᠨ ᠤ ᠵᠢᠭᠡᠯᠡᠯᠭᠡ ᠶᠢᠨ ᠲᠡᠮᠳᠡᠭᠲᠦ ᠶᠢ 9 ᠳ᠋ᠦᠩᠰᠢᠭᠤᠷ ᠲᠥᠭᠦᠷᠢᠭ ᠴᠢᠷᠮᠠᠶᠢᠨ ᠣᠯᠵᠤ᠂ ᠭᠠᠵᠠᠷ ᠰᠢᠷᠣᠢ ᠶᠢ ᠠᠷᠪᠢᠲᠠᠢ ᠮᠦᠷᠲᠡᠭᠡᠨ ᠡᠷᠴᠢᠮᠯᠢᠭ ᠠᠰᠢᠭᠯᠠᠬᠤ ᠶᠢ ᠪᠥᠬᠦ ᠲᠠᠯ᠎ᠠ ᠪᠠᠷ ᠲᠦᠯᠬᠢᠨ ᠠᠬᠢᠭᠤᠯᠵᠤ᠂ ᠰᠢᠨᠵᠢᠯᠡᠬᠦ ᠤᠬᠠᠭᠠᠨᠴᠢ ᠪᠠᠷ ᠨᠥᠭᠡᠴᠡᠯᠡᠬᠦ ᠨᠡᠮᠡᠭᠳᠡᠯ ᠬᠠᠰᠤᠭᠳᠠᠯ ᠢ ᠬᠤᠯᠪᠣᠬᠤ 1.2 ᠲᠦᠮᠡᠨ ᠮᠦ ᠲᠥᠷᠥᠯ ᠵᠦᠢᠯ᠂ ᠳᠠᠯᠳᠠ ᠬᠦᠴᠦᠨ ᠢ ᠠᠭᠤᠳᠠᠯᠤᠨ ᠲᠠᠷᠢᠶᠠᠯᠠᠵᠤ ᠬᠥᠮᠥᠷᠭᠡ ᠶᠢ ᠨᠥᠬᠦᠪᠦᠷᠢᠯᠡᠬᠦ ᠭᠦᠢᠴᠡᠳᠬᠡᠯ ᠲᠤᠭ᠎ᠠ ᠶᠢ 4300 ᠮᠦ ᠬᠡᠷᠡᠭᠵᠢᠭᠦᠯᠵᠦ᠂ ᠵᠢᠱᠢᠯᠲᠡ ᠪᠠᠷ ᠠᠰᠢᠭ ᠣᠷᠣᠯᠭ᠎ᠠ ᠶᠢ 5 ᠳ᠋ᠦᠩᠰᠢᠭᠤᠷ ᠲᠥᠭᠦᠷᠢᠭ ᠠᠴᠠ ᠳᠡᠭᠡᠭᠰᠢ ᠳᠤ ᠬᠦᠷᠦᠭᠦᠯᠦᠨ᠎ᠡ᠃ ᠰᠤᠯᠠ ᠪᠠᠶᠢᠭ᠎ᠠ ᠳᠣᠣᠷ᠎ᠠ ᠠᠰᠢᠭᠯᠠᠮᠵᠢᠲᠤ ᠭᠠᠵᠠᠷ ᠢ ᠢᠳᠡᠪᠬᠢᠲᠡᠢ ᠪᠠᠷ ᠠᠮᠢᠯᠠᠭᠤᠯᠵᠤ᠂ ᠥᠨᠳᠥᠷ ᠡᠨᠧᠷᠭᠢ ᠲᠠᠢ ᠥᠨᠳᠥᠷ ᠦᠷ᠎ᠡ ᠠᠰᠢᠭ ᠲᠠᠢ ᠬᠥᠭᠵᠢᠯᠲᠡ ᠶᠢᠨ ᠣᠷᠣᠨ ᠵᠠᠢ ᠶᠢ ᠭᠠᠷᠭᠠᠵᠤ᠂ ︽ᠢᠮᠠᠬᠤ ᠶᠢᠨ ᠲᠡᠳᠦᠢ ᠭᠠᠵᠠᠷ︾  ᠠᠴᠠ ᠠᠯᠲᠠ ᠭᠠᠷᠬᠤ ᠶᠢ ᠪᠡᠶᠡᠯᠡᠭᠦᠯᠦᠨ᠎ᠡ᠃   ︵ᠬᠤᠶᠠᠷ︶ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ ᠪᠠᠷ ᠴᠢᠷᠮᠠᠶᠢᠵᠤ᠂ ᠲᠠᠷᠢᠶᠠᠯᠠᠩ ᠮᠠᠯ ᠠᠵᠤ ᠠᠬᠤᠢ᠂ ᠬᠥᠳᠡᠭᠡ ᠲᠣᠰᠬᠤᠨ ᠮᠠᠯᠵᠢᠬᠤ ᠣᠷᠣᠨ᠂ ᠮᠠᠯᠴᠢᠨ ᠲᠠᠷᠢᠶᠠᠴᠢᠨ ᠢ ᠬᠥᠲᠥᠯᠥᠨ ᠳᠠᠭᠠᠭᠤᠯᠵᠤ᠂ ᠯᠠᠪᠳᠠᠭᠤᠨ ᠢᠶᠠᠷ ᠠᠯᠤᠰ ᠬᠤᠯᠠ ᠶᠢ ᠵᠣᠷᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠠᠲᠤᠯᠠᠨ᠎ᠠ  ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠪᠠᠷ ᠭᠤᠣᠯ ᠱᠤᠭᠤᠮ ᠪᠣᠯᠭᠠᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠢ ᠪᠦᠲᠦᠮᠵᠢᠲᠡᠢ ᠵᠣᠯᠭᠠᠭᠤᠯᠵᠤ᠂ ᠮᠠᠯ ᠠᠵᠤ ᠠᠬᠤᠢ ᠲᠠᠷᠢᠶᠠᠯᠠᠩ ᠤᠨ ᠪᠦᠬᠦ ᠲᠠᠯ᠎ᠠ ᠪᠠᠷ ᠲᠡᠰ ᠳᠡᠪᠰᠢᠬᠦ᠂ ᠮᠠᠯᠵᠢᠬᠤ ᠲᠠᠷᠢᠶᠠᠯᠠᠬᠤ ᠣᠷᠣᠨ ᠤ ᠪᠦᠬᠦ ᠲᠠᠯ᠎ᠠ ᠪᠠᠷ ᠲᠠᠪᠰᠢᠬᠤ᠂ ᠮᠠᠯᠴᠢᠨ ᠲᠠᠷᠢᠶᠠᠴᠢᠨ ᠤ ᠪᠦᠬᠦ ᠲᠠᠯ᠎ᠠ ᠪᠠᠷ ᠬᠥᠭᠵᠢᠬᠦ ᠶᠢ ᠠᠬᠢᠭᠤᠯᠵᠤ᠂ ᠰᠠᠭᠤᠷᠢᠰᠢᠬᠤ ᠳᠤ ᠲᠣᠬᠢᠷᠠᠮᠵᠢᠲᠠᠢ ᠦᠢᠯᠡᠰ ᠪᠣᠰᠬᠠᠬᠤ ᠳᠤ ᠲᠣᠬᠢᠷᠠᠮᠵᠢᠲᠠᠢ ᠪᠠ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠢ ᠪᠦᠲᠦᠭᠡᠨ ᠪᠠᠶᠢᠭᠤᠯᠤᠨ᠎ᠠ᠃   ᠨᠢᠭᠡ ᠳᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ︽ᠭᠤᠣᠯ ᠬᠦᠭ ᠠᠶᠠᠰ︾  ᠢ ᠬᠠᠩᠭᠢᠨᠠᠭᠤᠯᠤᠨ᠎ᠠ᠃ ︽ᠬᠤᠷᠢᠭ᠎ᠠ ᠱᠤᠭᠤᠮ ᠢ ᠰᠠᠬᠢᠵᠤ᠂ ᠬᠥᠭᠵᠢᠯᠲᠡ ᠶᠢ ᠠᠳᠬᠤᠵᠤ᠂ ᠬᠥᠭᠵᠢᠯ ᠮᠠᠨᠳᠤᠯ ᠢ ᠠᠬᠢᠭᠤᠯᠬᠤ︾ ᠳᠡᠭᠡᠷ᠎ᠡ ᠠᠩᠬᠠᠷᠤᠯ ᠢᠶᠠᠨ ᠲᠥᠪᠯᠡᠷᠡᠭᠦᠯᠵᠦ᠂ ᠲᠠᠬᠢᠨ ᠶᠠᠳᠠᠭᠤᠷᠠᠬᠤ ᠶᠢ ᠰᠡᠷᠭᠡᠶᠢᠯᠡᠬᠦ ᠬᠥᠳᠡᠯᠦᠩᠭᠦᠢ ᠬᠢᠨᠠᠨ ᠬᠡᠮᠵᠢᠬᠦ ᠲᠣᠭᠲᠠᠴᠠ ᠶᠢ ᠪᠦᠷᠢᠨᠰᠢᠭᠦᠯᠵᠦ᠂ ︽ᠬᠤᠶᠠᠷ ᠲᠤ ᠵᠣᠪᠠᠭ᠋ᠤ ᠦᠭᠡᠢ ᠭᠤᠷᠪᠠ ᠶᠢ ᠪᠠᠲᠤᠯᠠᠬᠤ︾ ᠦᠷ᠎ᠡ ᠪᠦᠲᠦᠭᠡᠯ ᠢ ᠪᠠᠬᠢᠵᠢᠭᠦᠯᠦᠨ ᠳᠡᠭᠡᠭᠰᠢᠯᠡᠭᠦᠯᠵᠦ᠂ ᠳᠣᠣᠷ᠎ᠠ ᠣᠷᠣᠯᠭ᠎ᠠ ᠲᠠᠢ ᠬᠥᠮᠥᠨ ᠠᠮᠠ ᠶᠢ ᠪᠠᠶᠢᠩᠭᠤᠵᠢᠭᠤᠯᠤᠨ ᠬᠠᠪᠰᠤᠷᠤᠨ ᠲᠡᠳᠬᠦᠬᠦ ᠶᠢ ᠦᠷᠭᠦᠯᠵᠢᠯᠡᠨ ᠰᠠᠶᠢᠲᠤᠷ ᠠᠳᠬᠤᠵᠤ᠂ ᠬᠡᠪᠴᠢᠶᠡᠵᠢᠭᠰᠡᠨ ᠴᠢᠨᠠᠷᠲᠠᠢ ᠲᠠᠬᠢᠨ ᠶᠠᠳᠠᠭᠤᠷᠠᠬᠤ ᠬᠤᠷᠢᠭ᠎ᠠ ᠱᠤᠭᠤᠮ ᠢ ᠡᠷᠡᠰ ᠰᠠᠬᠢᠨ᠎ᠠ᠃ ︽ᠪᠡᠯᠡ ᠮᠥᠩᠭᠦ ᠶᠢ ᠲᠥᠪᠯᠡᠷᠡᠭᠦᠯᠦᠨ ᠶᠡᠭᠡ ᠶᠠᠪᠤᠳᠠᠯ ᠢ ᠪᠦᠲᠦᠭᠡᠬᠦ︾ ᠱᠠᠭᠠᠷᠳᠠᠯᠭ᠎ᠠ ᠶᠣᠰᠣᠭᠠᠷ᠂ 60% ᠠᠴᠠ ᠳᠡᠭᠡᠭᠰᠢᠬᠢ ᠵᠣᠯᠭᠠᠭᠤᠯᠤᠭᠰᠠᠨ ᠪᠡᠯᠡ ᠮᠥᠩᠭᠦ ᠶᠢ ᠠᠵᠤ ᠦᠢᠯᠡᠰ ᠤᠨ ᠬᠥᠭᠵᠢᠯᠲᠡ ᠳᠤ ᠬᠡᠷᠡᠭᠯᠡᠵᠦ᠂ ᠪᠡᠯᠡ ᠮᠥᠩᠭᠦ ᠶᠢᠨ ᠬᠡᠪᠴᠢᠶᠡᠵᠢᠭᠰᠡᠨ ᠦᠷ᠎ᠡ ᠠᠰᠢᠭ ᠢ ᠦᠨᠡᠨᠬᠦ ᠰᠠᠶᠢᠲᠤᠷ ᠪᠠᠳᠠᠷᠠᠭᠤᠯᠤᠨ᠎ᠠ᠃ ᠶᠠᠳᠠᠭᠤ ᠶᠢ ᠲᠡᠳᠬᠦᠬᠦ ᠲᠥᠷᠥᠯ ᠵᠦᠢᠯ ᠤᠨ ᠡᠳ᠋ ᠬᠥᠷᠥᠩᠭᠡ ᠶᠢᠨ ᠬᠠᠮᠢᠶᠠᠷᠤᠯᠲᠠ ᠶᠢ ᠲᠠᠰᠤᠷᠠᠯᠲᠠ ᠦᠭᠡᠢ ᠴᠢᠩᠭᠠᠳᠬᠠᠵᠤ᠂ ᠮᠥᠷᠳᠡᠨ ᠬᠢᠨᠠᠨ ᠬᠡᠮᠵᠢᠬᠦ ᠪᠠ ᠲᠦᠭᠰᠢᠭᠦᠷᠢ ᠶᠢ ᠤᠷᠢᠳᠴᠢᠯᠠᠨ ᠰᠡᠷᠡᠮᠵᠢᠯᠡᠭᠦᠯᠬᠦ ᠶᠢ ᠴᠢᠩᠭᠠᠳᠬᠠᠨ᠂ ᠶᠠᠳᠠᠭᠤ ᠶᠢ ᠲᠡᠳᠬᠦᠬᠦ ᠡᠳ᠋ ᠬᠥᠷᠥᠩᠭᠡ ᠶᠢ ᠣᠷᠳᠣ ᠬᠤᠭᠤᠴᠠᠭ᠎ᠠ ᠪᠠᠷ ᠵᠠᠰᠠᠬᠤ ᠣᠷᠳᠣ ᠬᠤᠭᠤᠴᠠᠭ᠎ᠠ ᠪᠠᠷ ᠪᠦᠲᠦᠮᠵᠢᠲᠡᠶ ᠪᠠᠶᠢᠬᠤ ᠶᠢ ᠪᠠᠲᠤᠯᠠᠨ᠎ᠠ᠃   ᠬᠤᠶᠠᠷ ᠲᠤ᠂ ᠬᠠᠮᠲᠤ ᠪᠠᠷ ᠴᠢᠨᠡᠭᠡᠯᠢᠭᠵᠢᠬᠦ ︽ᠰᠢᠨ᠎ᠡ ᠠᠶᠠᠨ︾ ᠳᠠᠰᠢ ᠤᠷᠤᠭᠰᠢᠯᠠᠵᠤ᠂ ᠤᠯᠠᠨ ᠲᠦᠮᠡᠨ ᠤ ᠣᠷᠣᠯᠭ᠎ᠠ ᠶᠢᠨ ᠨᠡᠮᠡᠭᠳᠡᠯ ᠳᠤ ᠦᠷᠭᠦᠯᠵᠢᠯᠡᠨ ᠬᠦᠴᠦᠯᠡᠨ᠎ᠡ᠃ ᠨᠢᠭᠡ ᠳᠤ᠂ ᠤᠯᠠᠨ ᠲᠦᠮᠡᠨ ᠤ ᠣᠷᠣᠯᠭ᠎ᠠ ᠶᠢᠨ ᠨᠡᠮᠡᠭᠳᠡᠯ ᠳᠤ ᠦᠷᠭᠦᠯᠵᠢᠯᠡᠨ ᠬᠦᠴᠦ ᠨᠡᠮᠡᠷᠢᠯᠡᠨ᠎ᠡ᠃ 1.85 ᠳ᠋ᠦᠩᠰᠢᠭᠤᠷ ᠲᠥᠭᠦᠷᠢᠭ ᠤᠨ ᠪᠡᠯᠡ ᠮᠥᠩᠭᠦ ᠣᠷᠣᠭᠤᠯᠵᠤ᠂ ᠵᠢᠮᠢᠰ ᠤᠨ ᠮᠣᠳᠣᠨ ᠤ ᠠᠵᠤ ᠠᠬᠤᠢ ᠶᠢᠨ ᠣᠶ ᠶᠢ ᠥᠭᠡᠷᠡᠴᠢᠯᠡᠬᠦ᠂ ᠮᠠᠯ ᠤᠨ ᠡᠭᠦᠯᠳᠡᠷ ᠢ ᠰᠠᠶᠢᠵᠢᠷᠠᠭᠤᠯᠬᠤ ᠵᠡᠷᠭᠡ 6 ᠲᠥᠷᠥᠯ ᠵᠦᠢᠯ ᠢ ᠬᠡᠷᠡᠭᠵᠢᠭᠦᠯᠵᠦ᠂ ᠬᠤᠪᠢ ᠣᠷᠣᠭᠤᠯᠤᠨ ᠬᠤᠷᠰᠢᠬᠤ᠂ ᠦᠢᠯᠡᠳᠪᠦᠷᠢᠯᠡᠯ ᠢ ᠨᠠᠶᠢᠳᠠᠨ ᠬᠠᠮᠢᠶᠠᠷᠤᠭᠤᠯᠬᠤ ᠵᠡᠷᠭᠡ ᠠᠰᠢᠭ ᠲᠤᠰᠠ ᠶᠢ ᠬᠤᠯᠪᠣᠬᠤ ᠵᠠᠭᠪᠤᠷ ᠢᠶᠠᠷ ᠳᠠᠮᠵᠢᠭᠤᠯᠤᠨ᠂ ︽ᠬᠤᠶᠠᠷ ᠢ ᠥᠨᠳᠥᠷ ᠪᠠᠶᠢᠯᠭᠠᠬᠤ︾ ᠬᠠᠷᠠᠯᠲᠠ ᠶᠢ ᠪᠡᠶᠡᠯᠡᠭᠦᠯᠬᠦ ᠶᠢ ᠦᠨᠡᠨᠬᠦ ᠪᠠᠲᠤᠯᠠᠨ᠎ᠠ᠃ ᠰᠢᠯᠢᠳᠡᠭ ᠠᠵᠤ ᠠᠬᠤᠶᠢᠯᠠᠯᠲᠠᠨ ᠢ ᠰᠣᠩᠭᠤᠨ ᠲᠣᠮᠢᠯᠠᠵᠤ ︽ᠠᠵᠤ ᠦᠢᠯᠡᠰ ᠤᠨ ᠲᠣᠰᠬᠤᠨ ᠤ ᠳᠠᠷᠤᠭ᠎ᠠ︾ ᠶᠢᠨ ᠲᠤᠰᠢᠶᠠᠯ ᠢ ᠡᠭᠦᠷᠭᠡᠯᠡᠭᠦᠯᠵᠦ᠂ ᠭᠠᠴᠠᠭ᠎ᠠ ᠲᠣᠰᠬᠤᠨ ᠤ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠨ᠎ᠠ᠃ ᠬᠤᠶᠠᠷ ᠲᠤ᠂ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠶᠢ ᠯᠠᠪᠳᠠᠭᠤᠨ ᠪᠠᠲᠤᠲᠠᠢ ᠲᠦᠯᠬᠢᠨ ᠠᠬᠢᠭᠤᠯᠵᠤ 1500 ᠢᠵᠢ ᠤᠰᠤ ᠪᠠᠷ ᠤᠬᠢᠶᠠᠬᠤ ᠮᠠᠶ᠋ᠢᠭ ᠤᠨ ᠵᠣᠷᠯᠣᠩ ᠢ ᠥᠭᠡᠷᠡᠴᠢᠯᠡᠨ ᠳᠡᠭᠡᠭᠰᠢᠯᠡᠭᠦᠯᠵᠦ᠂ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ ᠵᠣᠷᠯᠣᠩ ᠤᠨ ᠬᠤᠪᠢᠰᠬᠠᠯ ᠢ ᠲᠦᠯᠬᠢᠨ ᠠᠬᠢᠭᠤᠯᠤᠨ᠎ᠠ᠃ 7041 ᠲᠦᠮᠡᠨ ᠲᠥᠭᠦᠷᠢᠭ ᠤᠨ ᠪᠡᠯᠡ ᠮᠥᠩᠭᠦ ᠣᠷᠣᠭᠤᠯᠵᠤ᠂ ᠤᠰᠤ ᠬᠠᠩᠭᠠᠬᠤ ᠤᠰᠤ ᠵᠠᠯᠠᠬᠤ ᠶᠢ ᠨᠢᠭᠡ ᠴᠣᠭᠴᠠᠵᠢᠭᠤᠯᠬᠤ᠂ ᠠᠵᠤ ᠦᠢᠯᠡᠰ ᠤᠨ ᠢᠵᠢ ᠪᠦᠷᠢᠳᠦᠭᠦᠯᠬᠦ ᠪᠡᠯᠡᠳᠬᠡᠮᠵᠢ᠂ ᠠᠶᠢᠯ ᠲᠣᠰᠬᠤᠨ ᠤ ᠵᠠᠮ ᠬᠥᠭᠦᠷᠭᠡ᠂ ᠠᠭᠤᠯᠠᠨ ᠦᠶᠡᠷ ᠤᠨ ᠭᠤᠤ ᠶᠢ ᠵᠠᠰᠠᠬᠤ ᠵᠡᠷᠭᠡ 23 ᠲᠥᠷᠥᠯ ᠵᠦᠢᠯ ᠢ ᠬᠡᠷᠡᠭᠵᠢᠭᠦᠯᠵᠦ᠂ ᠬᠥᠳᠡᠭᠡ ᠲᠣᠰᠬᠤᠨ ᠤ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢᠨ ᠳᠤᠲᠠᠭᠤᠳᠠᠯ ᠢ ᠨᠥᠬᠦᠪᠦᠷᠢᠯᠡᠪᠡ᠃ ᠭᠤᠷᠪᠠ ᠳᠤ᠂ ᠬᠥᠳᠡᠭᠡ ᠲᠣᠰᠬᠤᠨ ᠤ ᠵᠠᠰᠠᠯᠲᠠ ᠶᠢ ᠴᠢᠩᠭᠠᠳᠬᠠᠨ ᠰᠠᠶᠢᠵᠢᠷᠠᠭᠤᠯᠤᠨ᠎ᠠ᠃ ᠭᠠᠴᠠᠭᠠᠨ ᠤ ᠱᠠᠲᠤᠨ ᠤ ᠬᠡᠷᠡᠭ ᠵᠥᠪᠯᠡᠵᠦ ᠵᠥᠪᠳᠡᠯᠴᠡᠬᠦ ᠳᠦᠷᠢᠮ ᠢ ᠪᠦᠷᠢᠨᠰᠢᠭᠦᠯᠵᠦ᠂ ᠢᠷᠭᠡᠨ ᠤ ᠬᠡᠷᠡᠭ ᠢ ᠠᠷᠠᠳ ᠠᠴᠠ ᠵᠥᠪᠯᠡᠬᠦ᠂ ᠢᠷᠭᠡᠨ ᠤ ᠬᠡᠷᠡᠭ ᠢ ᠠᠷᠠᠳ ᠠᠴᠠ ᠡᠷᠬᠢᠯᠡᠬᠦ᠂ ᠢᠷᠭᠡᠨ ᠤ ᠬᠡᠷᠡᠭ ᠢ ᠠᠷᠠᠳ ᠠᠴᠠ ᠬᠠᠮᠢᠶᠠᠷᠬᠤ ᠦᠨᠳᠦᠰᠦᠨ ᠱᠠᠲᠤᠨ ᠤ ᠵᠥᠪᠳᠡᠯᠴᠡᠬᠦ ᠪᠠᠶᠢᠷᠢᠰᠢᠯ ᠢ ᠪᠠᠶᠢᠭᠤᠯᠤᠨ᠎ᠠ᠃ ︽ᠬᠤᠶᠠᠷ ᠢ ᠴᠡᠪᠡᠷᠯᠡᠭᠰᠡᠨ︾ ᠭᠠᠴᠠᠭ᠎ᠠ ᠲᠣᠰᠬᠤᠨ ᠢ ᠡᠭᠦᠳᠦᠨ ᠪᠠᠶᠢᠭᠤᠯᠬᠤ ᠠᠵᠢᠯ ᠢ ᠥᠷᠨᠢᠭᠦᠯᠵᠦ᠂ ᠵᠠᠬᠢᠳᠠᠯ ᠰᠣᠷᠪᠤᠯᠵᠢᠯᠠᠭ᠎ᠠ᠂ ᠥᠷᠢ ᠥᠭᠴᠡᠭᠡ ᠶᠢᠨ ᠠᠰᠠᠭᠤᠳᠠᠯ ᠢ ᠪᠥᠬᠦ ᠲᠠᠯ᠎ᠠ ᠪᠠᠷ ᠰᠢᠢᠳᠪᠦᠷᠢᠯᠡᠨ᠎ᠡ᠃ 2455 ᠲᠦᠮᠡᠨ ᠲᠥᠭᠦᠷᠢᠭ ᠤᠨ ᠪᠡᠯᠡ ᠮᠥᠩᠭᠦ ᠣᠷᠣᠭᠤᠯᠵᠤ᠂ ᠬᠥᠳᠡᠭᠡ ᠲᠣᠰᠬᠤᠨ ᠤ ᠵᠠᠰᠠᠯᠲᠠ ᠶᠢᠨ ᠲᠣᠭᠠᠴᠢᠯᠠᠭᠰᠠᠨ ᠲᠠᠪᠴᠠᠩ ᠢ ᠪᠠᠶᠢᠭᠤᠯᠵᠤ᠂ ᠬᠥᠳᠡᠭᠡ ᠲᠣᠰᠬᠤᠨ ᠤ ᠬᠥᠭᠵᠢᠯᠲᠡ ᠳᠤ ︽ᠣᠶᠤᠨ ᠤᠬᠠᠭᠠᠨ︾ ᠨᠡᠮᠡᠷᠢᠯᠡᠵᠦ᠂ ︽ᠦᠷ᠎ᠡ ᠪᠦᠲᠦᠮᠵᠢ︾ ᠶᠢ ᠳᠡᠭᠡᠭᠰᠢᠯᠡᠭᠦᠯᠦᠨ᠎ᠡ᠃   ᠭᠤᠷᠪᠠ ᠳᠤ᠂ ᠠᠭᠤᠰᠤᠯᠴᠠᠨ ᠬᠥᠭᠵᠢᠬᠦ ︽ᠰᠢᠨ᠎ᠡ ᠴᠠᠭ ᠦᠶ᠎ᠡ︾ ᠶᠢ ᠨᠡᠭᠡᠭᠡᠨ᠎ᠡ᠃ ᠨᠢᠭᠡ ᠳᠤ᠂ ᠥᠨᠳᠥᠷ ᠦᠷ᠎ᠡ ᠠᠰᠢᠭ ᠲᠠᠢ ᠲᠠᠷᠢᠮᠠᠯ ᠤᠨ ᠦᠢᠯᠡᠰ ᠢ ᠬᠦᠭᠵᠢᠭᠦᠯᠦᠨ᠎ᠡ᠃ ᠲᠣᠮᠣ ᠢᠳᠡᠭᠡᠨ ᠤ ᠦᠵᠡᠯᠲᠡ ᠶᠢ ᠪᠥᠬᠦ ᠲᠠᠯ᠎ᠠ ᠪᠠᠷ ᠪᠣᠶ ᠪᠣᠯᠭᠠᠵᠤ130 ᠲᠦᠮᠡᠨ ᠮᠦ ᠬᠠᠮᠠᠭᠠᠯᠠᠯᠲᠠ ᠶᠢᠨ ᠴᠢᠨᠠᠷᠲᠠᠢ ᠲᠠᠷᠢᠶᠠᠯᠠᠭ᠎ᠠ ᠶᠢ ᠬᠡᠷᠡᠭᠵᠢᠭᠦᠯᠦᠨ᠂ 390 ᠲᠦᠮᠡᠨ ᠮᠦ ᠠᠮᠤ ᠪᠤᠳᠠᠭ᠎ᠠ ᠳᠠᠷᠢᠬᠤ ᠶᠢ ᠲᠣᠭᠲᠠᠪᠤᠷᠢᠵᠢᠭᠤᠯᠵᠤ᠂ ᠤᠨᠠᠯᠲᠠ ᠨᠢ 30 ᠳ᠋ᠦᠩᠰᠢᠭᠤᠷ ᠵᠢᠩ ᠠᠴᠠ ᠳᠡᠭᠡᠭᠰᠢ ᠪᠣᠯᠣᠨ᠎ᠠ᠃ ᠮᠢᠩᠭᠠᠨ ᠮᠦ ᠶᠢᠨ ᠪᠡᠯᠡᠳᠬᠡᠮᠵᠢ ᠶᠢᠨ ᠬᠦᠷᠢᠶᠡᠯᠡᠩ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠵᠤ᠂ ᠣᠶᠤᠨᠲᠤ ᠲᠠᠷᠢᠶᠠᠯᠠᠩ ᠤᠨ ᠵᠢᠱᠢᠶ᠎ᠡ ᠦᠵᠡᠭᠦᠯᠬᠦ ᠣᠷᠣᠨ ᠢ 2 ᠰᠢᠨ᠎ᠡ ᠪᠠᠷ ᠪᠠᠶᠢᠭᠤᠯᠵᠤ ᠂ ᠣᠨᠴᠠᠯᠢᠭᠲᠤ ᠵᠢᠮᠢᠰ ᠢᠳᠡᠰᠢᠨ ᠨᠣᠭᠤᠭ᠎ᠠ ᠶᠢᠨ ᠰᠠᠭᠤᠷᠢᠨ ᠭᠠᠵᠠᠷ ᠢ 600 ᠮᠦ ᠠᠴᠠ ᠳᠡᠭᠡᠭᠰᠢ ᠪᠣᠶᠢᠵᠢᠭᠤᠯᠤᠨ᠎ᠠ᠃ ︽ᠠᠵᠤ ᠠᠬᠤᠶᠢᠯᠠᠯ + ᠰᠠᠭᠤᠷᠢᠨ ᠭᠠᠵᠠᠷ᠂ ᠬᠦᠷᠢᠶ᠎ᠡ ᠬᠠᠰᠢᠶ᠎ᠠ + ᠡᠮ ᠤᠨ ᠮᠠᠲ᠋ᠧᠷᠢᠶᠠᠯ︾ ᠤᠨ ᠵᠠᠭᠪᠤᠷ ᠢ ᠶᠡᠬᠡᠪᠡᠷ ᠳᠡᠯᠭᠡᠷᠡᠭᠦᠯᠵᠦ᠂ ᠬᠢᠲᠠᠳ ᠡᠪᠡᠰᠦᠨ ᠡᠮ ᠤᠨ ᠳᠠᠷᠢᠬᠤ ᠲᠠᠯᠠᠪᠠᠶ ᠶᠢ 7 ᠲᠦᠮᠡᠨ ᠮᠦ ᠳᠠᠪᠠᠭᠤᠯᠬᠤ ᠪᠠᠷ ᠴᠢᠷᠮᠠᠶᠢᠨ᠎ᠠ᠃ 2500 ᠮᠦ ᠵᠢᠮᠢᠰ ᠤᠨ ᠮᠣᠳᠣᠨ ᠤ ᠠᠵᠤ ᠠᠬᠤᠢ ᠶᠢᠨ ᠣᠶ ᠳᠠᠷᠢᠵᠤ᠂ ᠰᠢᠳ᠂ ᠸᠧᠨ ᠭᠤᠸᠠᠨ ᠵᠡᠷᠭᠡ ᠮᠣᠳᠣᠯᠢᠭ ᠲᠣᠰᠣᠯᠢᠭ ᠲᠠᠷᠢᠮᠠᠯ ᠤᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠢ 8500 ᠮᠦ ᠪᠠᠶᠢᠭᠤᠯᠵᠤ᠂ ᠣᠶ ᠵᠢᠮᠢᠰ ᠤᠨ ᠶᠡᠷᠦᠩᠬᠡᠢ ᠲᠠᠯᠠᠪᠠᠶ ᠶᠢ 25 ᠲᠦᠮᠡᠨ ᠮᠦ ᠠᠴᠠ ᠳᠠᠪᠠᠭᠤᠯᠬᠤ ᠶᠢ ᠦᠨᠡᠨᠬᠦ ᠪᠠᠲᠤᠯᠠᠨ᠎ᠠ᠃ ᠬᠤᠶᠠᠷ ᠲᠤ᠂ ᠬᠡᠪᠴᠢᠶᠡᠲᠦ ᠲᠡᠵᠢᠭᠡᠨ ᠦᠷᠡᠵᠢᠭᠦᠯᠬᠦ ᠦᠢᠯᠡᠰ ᠢ ᠬᠥᠭᠵᠢᠭᠦᠯᠵᠦ᠂ ︽ᠲᠣᠰᠬᠤᠨ ᠳᠤ ᠵᠠᠭᠤᠨ ᠲᠣᠯᠣᠭᠠᠢ᠂ ᠰᠢᠶᠠᠩ ᠳᠤ ᠮᠢᠩᠭᠠᠨ ᠲᠣᠯᠣᠭᠠᠢ᠂ ᠬᠤᠰᠢᠭᠤᠨ ᠳᠤ ᠲᠦᠮᠡᠨ ᠲᠣᠯᠣᠭᠠᠢ︾ ᠬᠥᠭᠵᠢᠯᠲᠡ ᠶᠢᠨ ᠬᠠᠷᠠᠯᠲᠠ ᠶᠢᠨ ᠲᠣᠭᠤᠷᠢᠨ ᠳᠤ ︽ᠡᠰᠢ ᠰᠦᠷᠡᠯ ᠢ ᠮᠢᠬ᠎ᠠ ᠪᠣᠯᠭᠠᠬᠤ︾ ᠢᠨᠵᠧᠨᠧᠷᠢᠩ ᠢ ᠬᠡᠷᠡᠭᠵᠢᠭᠦᠯᠵᠦ᠂ ᠳᠡᠭᠡᠳᠦ ᠲᠠᠰ ᠤᠨ ᠠᠯᠠᠰᠢᠨ ᠦᠬᠡᠷ ᠤᠨ ᠪᠥᠬᠦ ᠠᠵᠤ ᠦᠢᠯᠡᠰ ᠤᠨ ᠬᠡᠯᠬᠢᠶᠡᠨ ᠤ ᠨᠠᠷᠢᠯᠢᠭ ᠭᠦᠨᠵᠡᠭᠡᠢ ᠡᠳ᠋ᠰᠢᠭᠦᠯᠬᠦ ᠲᠥᠷᠥᠯ ᠵᠦᠢᠯ ᠢ ᠡᠬᠢᠯᠡᠭᠦᠯᠵᠦ᠂ ︽ᠮᠠᠯ ᠠᠵᠤ ᠠᠬᠤᠢ ᠪᠠ ᠬᠡᠷᠡᠯ ᠤᠨ ᠬᠠᠷᠢᠯᠴᠠᠨ ᠨᠥᠬᠦᠪᠦᠷᠢᠯᠡᠬᠦ︾ ᠵᠠᠭᠪᠤᠷ ᠢ ᠳᠡᠯᠭᠡᠷᠡᠭᠦᠯᠦᠨ᠂ 1 ᠰᠠᠭᠤᠷᠢ ᠠᠯᠠᠰᠢᠨ ᠦᠬᠡᠷ ᠤᠨ ᠣᠶᠤᠨᠴᠢ ︽ᠨᠡᠭᠦᠷᠡᠰᠦᠲᠥ᠋ᠷᠥᠭᠴᠢ ᠦᠭᠡᠢ ᠮᠠᠯᠵᠢᠯ ᠤᠨ ᠲᠠᠯᠠᠪᠠᠶ ︾ ᠶᠢ ᠪᠣᠶ ᠪᠣᠯᠭᠠᠵᠤ᠂ ᠪᠥᠬᠦ ᠬᠤᠰᠢᠭᠤᠨ ᠤ ᠠᠯᠠᠰᠢᠨ ᠦᠬᠡᠷ ᠤᠨ ᠲᠤᠭ᠎ᠠ ᠲᠣᠯᠣᠭᠠᠢ 36 ᠲᠦᠮᠡ ᠶᠢ ᠳᠠᠪᠠᠭ᠋ᠤ ᠪᠠᠷ ᠴᠢᠷᠮᠠᠶᠢᠨ᠎ᠠ᠃ ᠰᠦ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠶᠢ ᠭᠦᠨᠵᠡᠭᠡᠢ ᠠᠬᠢᠭᠤᠯᠵᠤ᠂ ︽ᠨᠢᠭᠡ ᠰᠢᠷᠬᠡᠭ ᠡᠪᠡᠰᠦ ᠠᠴᠠ ᠨᠢᠭᠡ ᠴᠣᠮᠣ ᠰᠦ ᠬᠦᠷᠬᠦ︾ ᠲᠥᠯᠥᠪᠯᠡᠭᠡ ᠶᠢ ᠡᠬᠢᠯᠡᠨ ᠬᠡᠷᠡᠭᠵᠢᠭᠦᠯᠵᠦ᠂ ᠰᠦ ᠶᠢᠨ ᠦᠢᠯᠡᠰ ᠤᠨ ᠦᠢᠯᠡᠳᠪᠦᠷᠢᠯᠡᠯ ᠤᠨ ᠴᠢᠳᠠᠪᠤᠷᠢ ᠶᠢ ᠳᠡᠭᠡᠭᠰᠢᠯᠡᠭᠦᠯᠦᠨ ᠪᠥᠬᠦ ᠰᠢᠶᠠᠨ ᠢᠶᠠᠷ ᠢᠶᠠᠨ ᠠᠬᠢᠭᠤᠯᠬᠤ ᠲᠥᠷᠥᠯ ᠵᠦᠢᠯ ᠢ ᠬᠡᠷᠡᠭᠵᠢᠭᠦᠯᠦᠨ᠂ ᠤᠯᠤᠰ ᠤᠨ ᠣᠲᠣ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ ᠤᠨ ᠬᠦᠷᠢᠶᠡᠯᠡᠩ ᠢ ᠴᠢᠷᠮᠠᠶᠢᠨ ᠪᠠᠶᠢᠭᠤᠯᠵᠤ᠂ ᠰᠢᠸ ᠭᠠᠩ ᠶᠦᠨ ᠳ᠋ᠤᠸᠠᠨ ᠮᠠᠯᠵᠢᠯ ᠤᠨ ᠲᠠᠯᠠᠪᠠᠶ ᠶᠢ ᠪᠠᠶᠢᠭᠤᠯᠤᠨ ᠳᠠᠭᠤᠰᠬᠠᠵᠤ ᠠᠰᠢᠭᠯᠠᠯᠲᠠ ᠳᠤ ᠣᠷᠣᠭᠤᠯᠬᠤ ᠶᠢ ᠠᠬᠢᠭᠤᠯᠤᠨ᠂ ᠪᠥᠬᠦ ᠬᠤᠰᠢᠭᠤᠨ ᠤ ᠰᠠᠭᠠᠯᠢ ᠶᠢᠨ ᠦᠨᠢᠶ᠎ᠡ ᠶᠢ 12 ᠲᠦᠮᠡ ᠲᠡᠵᠢᠭᠡᠵᠦ᠂ 40 ᠲᠦᠮᠡᠨ ᠲᠣᠨ ᠰᠦ ᠭᠠᠷᠭᠠᠬᠤ ᠶᠢ ᠪᠡᠶᠡᠯᠡᠭᠦᠯᠦᠨ᠎ᠡ᠃ ᠠᠯᠠᠰᠢᠨ ᠬᠤᠨᠢ ᠶᠢ ᠪᠠᠷᠢᠮᠵᠢᠶᠠᠵᠢᠭᠤᠯᠤᠨ ᠲᠡᠵᠢᠭᠡᠨ ᠦᠷᠡᠵᠢᠭᠦᠯᠬᠦ ᠶᠢ ᠬᠥᠭᠵᠢᠭᠦᠯᠵᠦ᠂ ᠠᠯᠠᠰᠢᠨ ᠬᠤᠨᠢ ᠶᠢ 210 ᠲᠦᠮᠡᠨ ᠬᠠᠰᠢᠶᠠᠯᠠᠨ ᠲᠡᠵᠢᠭᠡᠵᠦ ᠦᠷᠡᠵᠢᠭᠦᠯᠦᠨ ᠲᠡᠵᠢᠭᠡᠬᠦ ᠶᠢ ᠪᠡᠶᠡᠯᠡᠭᠦᠯᠦᠨ᠎ᠡ᠃ ᠠᠮᠢᠳᠤ ᠭᠠᠭ᠋ᠠᠢ ᠶᠢᠨ ᠠᠵᠤ ᠦᠢᠯᠡᠰ ᠤᠨ ᠠᠭᠤᠰᠤᠯᠴᠠᠨ ᠬᠥᠭᠵᠢᠬᠦ ᠶᠢ ᠠᠬᠢᠭᠤᠯᠵᠤ᠂ ᠦᠢᠯᠡᠳᠪᠦᠷᠢᠯᠡᠯ ᠤᠨ ᠴᠢᠳᠠᠪᠤᠷᠢ ᠶᠢ ᠲᠣᠬᠢᠷᠠᠭᠤᠯᠤᠨ ᠡᠵᠡᠮᠳᠡᠬᠦ ᠰᠠᠭᠤᠷᠢᠨ ᠭᠠᠵᠠᠷ ᠢ 1 ᠪᠠᠶᠢᠭᠤᠯᠵᠤ᠂ ᠠᠮᠢᠳᠤ ᠭᠠᠭ᠋ᠠᠢ ᠶᠢᠨ ᠲᠤᠭ᠎ᠠ 33 ᠲᠦᠮᠡ ᠶᠢ ᠪᠡᠶᠡᠯᠡᠭᠦᠯᠦᠨ᠎ᠡ᠃ ᠭᠤᠷᠪᠠ ᠳᠤ᠂ ᠴᠢᠨᠠᠷ ᠰᠠᠶᠢᠲᠠᠢ ᠡᠪᠡᠰᠦᠨ ᠤ ᠠᠵᠤ ᠦᠢᠯᠡᠰ ᠢ ᠬᠥᠭᠵᠢᠭᠦᠯᠵᠦ᠂ ︽ᠳᠤᠮᠳᠠᠳᠤ ᠤᠯᠤᠰ ᠤᠨ ᠲᠡᠵᠢᠭᠡᠯ ᠡᠪᠡᠰᠦᠨ  ᠤ ᠡᠬᠡ ᠨᠤᠲᠤᠭ︾ ᠢ ᠪᠦᠲᠦᠭᠡᠨ ᠪᠠᠶᠢᠭᠤᠯᠬᠤ ᠪᠠᠷ ᠬᠠᠷᠠᠯᠲᠠ ᠪᠣᠯᠭᠠᠨ᠂ ᠡᠪᠡᠰᠦᠨ ᠦᠷ᠎ᠡ᠂ ᠬᠥᠮᠥᠨ ᠤ ᠬᠦᠴᠦ ᠪᠠᠷ ᠡᠪᠡᠰᠦ ᠳᠠᠷᠢᠬᠤ᠂ ᠡᠪᠡᠰᠦᠨ ᠤ ᠪᠦᠲᠦᠭᠡᠭᠳᠡᠬᠦᠨ ᠢ ᠡᠳ᠋ᠰᠢᠭᠦᠯᠬᠦ ᠵᠡᠷᠭᠡ ᠣᠲᠣ ᠦᠶ᠎ᠡ ᠶᠢᠨ ᠠᠵᠤ ᠦᠢᠯᠡᠰ ᠢ ᠢᠳᠡᠪᠬᠢᠲᠡᠢ ᠬᠥᠭᠵᠢᠭᠦᠯᠵᠦ᠂ ᠥᠨᠳᠥᠷ ᠪᠠᠷᠢᠮᠵᠢᠶᠠᠲᠤ ᠬᠠᠳᠤᠯᠠᠩ ᠪᠡᠯᠴᠢᠭᠡᠷ ᠢ ᠰᠢᠨ᠎ᠡ ᠪᠠᠷ ᠡᠭᠦᠳᠦᠨ ᠬᠡᠷᠡᠭᠵᠢᠭᠦᠯᠵᠦ᠂ ᠲᠡᠵᠢᠭᠡᠯ ᠡᠪᠡᠰᠦᠨ ᠤ ᠦᠷ᠎ᠡ ᠦᠷᠡᠵᠢᠭᠦᠯᠦᠨ ᠪᠣᠶᠢᠵᠢᠭᠤᠯᠬᠤ ᠰᠠᠭᠤᠷᠢᠨ ᠭᠠᠵᠠᠷ ᠢ 4 ᠲᠦᠮᠡᠨ ᠮᠦ ᠪᠦᠲᠦᠭᠡᠨ ᠪᠠᠶᠢᠭᠤᠯᠵᠤ᠂ 3 ᠲᠦᠮᠡᠨ ᠮᠦ ᠨᠤᠲᠤᠭ ᠪᠡᠯᠴᠢᠭᠡᠷ ᠤᠨ ᠠᠮᠢ ᠠᠬᠤᠢ ᠶᠢ ᠰᠡᠷᠭᠦᠭᠡᠨ ᠵᠠᠰᠠᠬᠤ ᠶᠢ ᠬᠡᠷᠡᠭᠵᠢᠭᠦᠯᠵᠦ᠂ 9 ᠲᠦᠮᠡᠨ ᠮᠦ ᠲᠡᠵᠢᠭᠡᠯ ᠡᠪᠡᠰᠦ ᠳᠠᠷᠢᠬᠤ ᠶᠢ ᠪᠡᠶᠡᠯᠡᠭᠦᠯᠦᠨ᠎ᠡ᠃ ᠡᠪᠡᠰᠦ ᠪᠠᠷ ᠦᠢᠯᠡᠰ ᠪᠣᠯᠭᠠᠵᠤ᠂ ᠡᠪᠡᠰᠦ ᠪᠣᠷᠳᠤᠭ᠎ᠠ ᠶᠢ ᠤᠷᠢᠳᠠᠪᠠᠷ ᠬᠡᠷᠡᠭᠵᠢᠭᠦᠯᠬᠦ ᠶᠢ ᠪᠠᠷᠢᠮᠲᠠᠯᠠᠨ᠂ ᠬᠥᠬᠡ ᠳᠠᠷᠤᠰᠢ ᠶᠢᠨ ᠡᠷᠳᠡᠨᠢ ᠰᠢᠰᠢ 30 ᠲᠦᠮᠡᠨ ᠮᠦ᠂ ᠨᠣᠬᠠᠢ ᠶᠢᠨ ᠬᠤᠰᠢᠭᠤ 8 ᠲᠦᠮᠡᠨ ᠮᠦ ᠳᠠᠷᠢᠵᠤ᠂ ᠤᠯᠤᠰ ᠤᠨ ᠲᠦᠷᠦᠭᠦᠸ ᠪᠦᠯᠦᠭ ᠤᠨ ᠤᠯᠤᠰ ᠤᠨ ᠥᠮᠴᠢᠯᠡᠯᠲᠦ ᠪᠡᠯᠴᠢᠭᠡᠷ ᠤᠨ ᠲᠤᠷᠰᠢᠯᠲᠠ ᠶᠢᠨ ᠴᠢᠭ᠋ ᠤᠨ 41.3 ᠲᠦᠮᠡᠨ ᠮᠦ ᠶᠢ ᠪᠡᠶᠡᠯᠡᠭᠦᠯᠵᠦ᠂ ᠡᠪᠡᠰᠦᠨ ᠤ ᠦᠢᠯᠡᠰ ᠤᠨ ᠬᠦᠷᠢᠶᠡᠯᠡᠩ ᠲᠣᠭᠤᠷᠢᠭ ᠤᠨ ᠬᠤᠶᠠᠳᠤᠭᠠᠷ ᠬᠤᠭᠤᠴᠠᠭ᠎ᠠ ᠪᠠ ᠮᠠᠯ ᠤᠨ ᠠᠷᠠᠯᠵᠢᠶᠠᠨ ᠤ ᠲᠠᠪᠴᠠᠩ ᠤᠨ ᠪᠦᠲᠦᠭᠡᠨ ᠪᠠᠶᠢᠭᠤᠯᠤᠯᠲᠠ ᠶᠢ ᠡᠬᠢᠯᠡᠭᠦᠯᠵᠦ᠂ ᠡᠪᠡᠰᠦᠨ ᠤ ᠦᠢᠯᠡᠰ ᠤᠨ ᠬᠦᠷᠢᠶᠡᠯᠡᠩ ᠲᠣᠭᠤᠷᠢᠭ ᠤᠨ ᠨᠢᠭᠡᠳᠦᠭᠡᠷ ᠬᠤᠭᠤᠴᠠᠭᠠᠨ ᠤ ᠦᠢᠯᠡᠴᠢᠯᠡᠭᠡᠨ ᠤ ᠴᠢᠳᠠᠮᠵᠢ ᠶᠢ ᠲᠡᠭᠦᠯᠳᠡᠷᠵᠢᠭᠦᠯᠦᠨ᠂ ᠡᠪᠡᠰᠦ ᠪᠣᠷᠳᠤᠭ᠎ᠠ ᠶᠢᠨ ︽ᠲᠥᠪ ᠲᠣᠭᠤᠭᠠᠨ ᠭᠡᠷ︾ ᠢ ᠪᠠᠶᠢᠭᠤᠯᠵᠤ᠂ ᠡᠪᠡᠰᠦᠨ ᠤ ᠦᠢᠯᠡᠰ ᠤᠨ ᠪᠥᠬᠦ ᠬᠡᠯᠬᠢᠶ᠎ᠡ ᠶᠢᠨ ᠬᠥᠭᠵᠢᠯᠲᠡ ᠶᠢ ᠪᠡᠶᠡᠯᠡᠭᠦᠯᠦᠨ᠎ᠡ᠃ ᠳᠥᠷᠪᠡ ᠳᠤ᠂ ᠨᠠᠷᠠᠲᠤ ᠲᠡᠮᠳᠡᠭᠲᠦ ᠲᠠᠷᠢᠶᠠᠯᠠᠩ ᠮᠠᠯ ᠠᠵᠤ ᠠᠬᠤᠢ ᠶᠢ ᠬᠥᠭᠵᠢᠭᠦᠯᠵᠦ᠂ ᠤᠯᠠᠮᠵᠢᠯᠠᠯᠲᠤ ᠴᠠᠭᠠᠨ ᠢᠳᠡᠭᠡᠨ ᠤ ᠵᠢᠵᠢᠭ ᠦᠢᠯᠡᠳᠬᠡᠯ ᠤᠨ ᠲᠠᠩᠰᠠ ᠡᠪᠬᠡᠮᠡᠯ ᠢ ᠳᠡᠭᠡᠭᠰᠢᠯᠡᠭᠦᠯᠦᠨ ᠲᠠᠰ ᠳᠡᠪᠰᠢᠭᠦᠯᠬᠦ ᠶᠢ ᠰᠠᠶᠢᠲᠤᠷ ᠠᠳᠬᠤᠵᠤ᠂ ᠮᠣᠩᠭᠤᠯ ᠤᠯᠤᠰ ᠤᠨ ᠢᠳᠡᠭᠡᠨ ᠢᠶᠠᠷ ᠤᠯᠠᠮᠵᠢᠯᠠᠯᠲᠤ ᠴᠠᠭᠠᠨ ᠢᠳᠡᠭᠡᠨ ᠤ ᠦᠢᠯᠡᠳᠪᠦᠷᠢᠯᠡᠯ ᠤᠨ ᠱᠤᠭᠤᠮ ᠢ ᠨᠡᠮᠡᠭᠳᠡᠭᠦᠯᠬᠦ ᠶᠢ ᠲᠡᠳᠬᠦᠨ ᠳᠡᠮᠵᠢᠵᠦ᠂ ᠴᠠᠭᠠᠨ ᠢᠳᠡᠭᠡᠨ ᠤ ᠬᠥᠭᠵᠢᠯᠲᠡ ᠶᠢᠨ ᠲᠥᠪ ᠤᠨ ᠣᠷᠣᠵᠤ ᠰᠠᠭᠤᠬᠤ ᠠᠵᠤ ᠠᠬᠤᠶᠢᠯᠠᠯ ᠤᠨ SC ᠭᠡᠷᠡᠴᠢᠯᠡᠭᠡ ᠶᠢ ᠥᠩᠭᠡᠷᠡᠭᠡᠬᠦ ᠶᠢ ᠠᠬᠢᠭᠤᠯᠤᠨ᠎ᠠ᠃ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠳᠡᠭᠡᠭᠰᠢᠯᠡᠭᠦᠯᠬᠦ ᠢᠨᠵᠧᠨᠧᠷᠢᠩ ᠢ ᠬᠡᠷᠡᠭᠵᠢᠭᠦᠯᠵᠦ᠂ ᠣᠷᠣᠨ ᠤ ᠲᠠᠰ ᠤᠨ ᠬᠥᠲᠥᠴᠢ ᠠᠵᠤ ᠠᠬᠤᠶᠢᠯᠠᠯ ᠢ 1 ᠪᠣᠶᠢᠵᠢᠭᠤᠯᠤᠨ᠂ ᠲᠠᠷᠢᠶᠠᠯᠠᠩ ᠮᠠᠯ ᠠᠵᠤ ᠠᠬᠤᠢ ᠶᠢᠨ ᠠᠵᠤ ᠦᠶᠢᠯᠡᠰᠵᠢᠯᠲᠡ ᠶᠢᠨ ᠬᠤᠯᠪᠣᠭᠠᠲᠤ ᠴᠣᠭᠴᠠ ᠶᠢ 5 ᠪᠣᠯᠭᠠᠬᠤ ᠶᠢ ᠠᠬᠢᠭᠤᠯᠤᠨ᠎ᠠ᠃ ᠰᠢᠨ᠎ᠡ ᠬᠡᠯᠪᠡᠷᠢ ᠶᠢᠨ ᠲᠠᠷᠢᠶᠠᠯᠠᠩ ᠮᠠᠯ ᠠᠵᠤ ᠠᠬᠤᠢ ᠶᠢᠨ ᠡᠵᠡᠩᠨᠡᠯᠲᠡ ᠶᠢᠨ ᠭᠤᠣᠯ ᠴᠣᠭᠴᠠ ᠶᠢ ᠦᠷᠭᠦᠯᠵᠢᠯᠡᠨ ᠪᠤᠵᠠᠭᠠᠶᠢᠷᠠᠭᠤᠯᠵᠤ᠂ ᠬᠤᠰᠢᠭᠤᠨ ᠲᠠᠰ ᠠᠴᠠ ᠳᠡᠭᠡᠭᠰᠢᠬᠢ ᠵᠢᠱᠢᠶ᠎ᠡ ᠦᠵᠡᠭᠦᠯᠬᠦ ᠬᠤᠷᠰᠢᠶ᠎ᠠ 10᠂ ᠭᠡᠷ ᠪᠦᠯᠢ ᠶᠢᠨ ᠲᠠᠷᠢᠶᠠᠯᠠᠩ ᠤᠨ ᠲᠠᠯᠠᠪᠠᠶ 11 ᠶᠢ ᠰᠢᠨ᠎ᠡ ᠪᠠᠷ ᠨᠡᠮᠡᠭᠳᠡᠭᠦᠯᠵᠦ᠂ ᠨᠢᠭᠲᠠ ᠬᠡᠯᠪᠡᠷᠢ ᠶᠢᠨ ᠠᠰᠢᠭ ᠲᠤᠰᠠ ᠶᠢ ᠬᠤᠯᠪᠣᠬᠤ ᠲᠣᠭᠲᠠᠴᠠ ᠶᠢᠨ ᠬᠠᠷᠢᠴᠠᠯ 72% ᠲᠤ ᠬᠥᠷᠪᠡ᠃ ᠤᠯᠤᠰ ᠤᠨ ᠲᠠᠷᠢᠶᠠᠯᠠᠩ ᠤᠨ ᠠᠵᠤ ᠦᠢᠯᠡᠰ ᠤᠨ ᠬᠦᠴᠦᠷᠬᠡᠭ ᠪᠠᠯᠭᠠᠰᠤ ᠶᠢ ᠢᠳᠡᠪᠬᠢᠲᠡᠢ ᠪᠠᠷ ᠭᠤᠶᠤᠴᠢᠯᠠᠨ ᠮᠡᠳᠡᠭᠦᠯᠵᠦ᠂ ᠰᠢᠶᠠᠩ ᠪᠠᠯᠭᠠᠰᠤᠨ ᠳᠤ ᠭᠤᠣᠯᠯᠠᠬᠤ ᠠᠵᠤ ᠦᠢᠯᠡᠰ ᠲᠠᠢ᠂ ᠠᠶᠢᠯ ᠲᠣᠰᠬᠤᠨ ᠳᠤ ᠠᠷᠠᠳ ᠢ ᠪᠠᠶᠠᠵᠢᠭᠤᠯᠬᠤ ᠠᠵᠤ ᠦᠢᠯᠡᠰ ᠲᠠᠢ᠂ ᠲᠠᠷᠢᠶᠠᠴᠢᠨ ᠡᠷᠦᠬᠡ ᠳᠤ ᠥᠪᠡᠷᠮᠢᠴᠡ ᠣᠨᠴᠠᠯᠢᠭ ᠲᠠᠢ ᠠᠵᠤ ᠦᠢᠯᠡᠰ ᠤᠨ ᠬᠥᠭᠵᠢᠯᠲᠡ ᠶᠢᠨ ᠪᠠᠶᠢᠷᠢᠰᠢᠯ ᠢ ᠴᠢᠷᠮᠠᠶᠢᠨ ᠪᠣᠶ ᠪᠣᠯᠭᠠᠬᠤ ᠬᠡᠷᠡᠭᠲᠡᠢ   ︵ᠭᠤᠷᠪᠠ︶ ᠠᠵᠤ ᠦᠢᠯᠡᠳᠪᠦᠷᠢ ᠶᠢᠨ ᠠᠵᠤ ᠠᠬᠤᠢ ᠶᠢᠨ ᠪᠤᠵᠠᠭᠠᠶᠢᠷᠠᠯᠲᠠ ᠶᠢ ᠨᠢᠭᠡᠳᠦᠯᠲᠡᠢ ᠲᠥᠯᠥᠪᠯᠡᠨ ᠠᠬᠢᠭᠤᠯᠵᠤ᠂ ᠪᠦᠬᠦᠨ ᠢ ᠪᠠᠭᠲᠠᠭᠠᠭᠰᠠᠨ ᠣᠶᠤᠨ ᠤ ᠬᠦᠷᠢᠶᠡᠯᠡᠩ ᠲᠣᠭᠤᠷᠢᠭ ᠢ ᠪᠣᠶᠢᠵᠢᠭᠤᠯᠤᠨ᠎ᠠ  ᠬᠦᠷᠢᠶᠡᠯᠡᠩ ᠲᠣᠭᠤᠷᠢᠭ ᠢᠶᠠᠷ ᠠᠴᠢᠶᠠᠯᠠᠪᠤᠷᠢ ᠪᠣᠯᠭᠠᠬᠤ᠂ ᠲᠥᠷᠥᠯ ᠵᠦᠢᠯ ᠢᠶᠠᠷ ᠲᠣᠰ ᠴᠣᠭᠴᠠ ᠪᠣᠯᠭᠠᠬᠤ᠂ ᠠᠵᠤ ᠠᠬᠤᠶᠢᠯᠠᠯ ᠢᠶᠠᠷ ᠭᠤᠣᠯ ᠴᠣᠭᠴᠠ ᠪᠣᠯᠭᠠᠬᠤ ᠶᠢ ᠪᠠᠷᠢᠮᠲᠠᠯᠠᠨ᠂ ᠰᠢᠨ᠎ᠡ ᠬᠡᠯᠪᠡᠷᠢ ᠶᠢᠨ ᠠᠵᠤ ᠦᠢᠯᠡᠳᠪᠦᠷᠢ ᠶᠢᠨ ᠣᠨ ᠤ ᠰᠢᠪᠲᠤᠯᠤᠯᠲᠠ ᠲᠠᠢ ᠠᠵᠢᠯᠯᠠᠭ᠎ᠠ ᠶᠢ ᠥᠷᠨᠢᠭᠦᠯᠵᠦ᠂ ᠬᠦᠴᠦᠨ ᠵᠦᠢᠯ ᠤᠨ ᠪᠠᠲᠤᠯᠠᠭ᠎ᠠ ᠪᠠ ᠢᠵᠢ ᠪᠦᠷᠢᠳᠦᠭᠦᠯᠬᠦ ᠦᠢᠯᠡᠴᠢᠯᠡᠭᠡ ᠶᠢ ᠴᠢᠩᠭᠠᠷᠠᠭᠤᠯᠤᠨ᠂ ᠶᠡᠷᠦᠩᠬᠡᠢ ᠬᠡᠮᠵᠢᠶ᠎ᠡ ᠶᠢ ᠪᠥᠬᠦ ᠬᠦᠴᠦᠨ ᠢᠶᠠᠷ ᠢᠶᠠᠨ ᠥᠷᠭᠡᠳᠬᠡᠵᠦ᠂ ᠬᠠᠳᠠᠭᠠᠯᠠᠯᠲᠠ ᠶᠢᠨ ᠬᠡᠮᠵᠢᠶ᠎ᠡ ᠶᠢ ᠰᠢᠯᠢᠳᠡᠭᠵᠢᠭᠦᠯᠦᠨ᠂ ᠶᠠᠰᠤ ᠴᠢᠨᠠᠷ ᠢ ᠳᠡᠭᠡᠭᠰᠢᠯᠡᠭᠦᠯᠦᠨ᠎ᠡ᠃   ᠨᠢᠭᠡ ᠳᠤ᠂ ᠠᠵᠤ ᠦᠢᠯᠡᠳᠪᠦᠷᠢ ᠶᠢ ᠬᠦᠴᠦᠷᠬᠡᠭᠵᠢᠭᠦᠯᠦᠨ ᠰᠢᠯᠢᠳᠡᠭᠵᠢᠭᠦᠯᠬᠦ ᠶᠢ ᠲᠦᠯᠬᠢᠨ ᠠᠬᠢᠭᠤᠯᠤᠨ᠎ᠠ᠃ ᠠᠵᠤ ᠦᠢᠯᠡᠰ ᠢ ᠬᠦᠴᠦᠯᠡᠨ ᠰᠢᠪᠲᠤᠯᠵᠤ᠂ ᠠᠵᠤ ᠦᠢᠯᠡᠳᠪᠦᠷᠢ ᠶᠢᠨ ᠰᠢᠢᠳᠪᠦᠷᠢᠲᠦ ᠪᠠᠶᠢᠯᠳᠤᠭᠠᠨ ᠢ ᠪᠠᠷᠢᠮᠲᠠᠯᠠᠨ᠂ ᠪᠥᠬᠦ ᠵᠢᠯ ᠤᠨ ᠠᠵᠤ ᠦᠢᠯᠡᠳᠪᠦᠷᠢ ᠶᠢᠨ ᠨᠡᠮᠡᠭᠳᠡᠯ ᠥᠷᠲᠡᠭ 12.5 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 20% ᠪᠠᠷ ᠨᠡᠮᠡᠭᠳᠡᠨ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ 30 ᠪᠣᠯᠪᠠ᠃ ᠠᠵᠤ ᠦᠢᠯᠡᠳᠪᠦᠷᠢ ᠶᠢᠨ ᠠᠵᠤ ᠠᠬᠤᠢ ᠶᠢᠨ ᠬᠥᠭᠵᠢᠯᠲᠡ ᠶᠢᠨ ᠰᠢᠨ᠎ᠡ ᠪᠠᠶᠢᠷᠢ ᠶᠢᠨ ᠡᠨᠧᠷᠭᠢ ᠶᠢ ᠬᠦᠴᠦᠯᠡᠨ ᠪᠣᠶᠢᠵᠢᠭᠤᠯᠵᠤ᠂ ᠮᠧᠩ ᠵᠢᠶᠠ ᠠᠮᠤ ᠪᠤᠳᠠᠭ᠎ᠠ ᠲᠣᠰᠣᠨ ᠤ ᠣᠷᠴᠢᠯ ᠠᠵᠤ ᠦᠢᠯᠡᠰ ᠤᠨ ᠬᠦᠷᠢᠶᠡᠯᠡᠩ᠂ ᠠᠢ ᠯᠠᠩ ᠰᠠᠯᠬᠢᠨ ᠬᠦᠴᠦᠨ ᠤ ᠴᠠᠬᠢᠯᠭᠠᠨ ᠤ ᠬᠤᠶᠠᠳᠤᠭᠠᠷ ᠬᠤᠭᠤᠴᠠᠭ᠎ᠠ ᠵᠡᠷᠭᠡ ᠰᠢᠨ᠎ᠡ ᠪᠠᠷ ᠪᠠᠶᠢᠭᠤᠯᠬᠤ ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ ᠠᠵᠢᠯ ᠢ ᠲᠦᠷᠭᠡᠳᠬᠡᠨ᠂ ᠪᠣᠳᠠᠲᠠᠶᠢᠵᠢᠭᠤᠯᠵᠤ ᠠᠵᠢᠯ ᠡᠬᠢᠯᠡᠭᠦᠯᠬᠦ ᠶᠢ ᠲᠦᠷᠭᠡᠬᠡᠨ ᠪᠡᠶᠡᠯᠡᠭᠦᠯᠦᠨ᠎ᠡ᠃ ᠤᠰᠤᠨ ᠭᠠᠷᠤᠯᠲᠠ ᠶᠢᠨ ᠡᠯᠡᠰᠦᠨ ᠵᠢᠮᠢᠰ ᠢ ᠨᠠᠷᠢᠯᠢᠭ ᠡᠳ᠋ᠰᠢᠭᠦᠯᠬᠦ᠂ ᠪᠡᠭᠡᠵᠢᠩ ᠥᠪᠥᠷ ᠮᠣᠩᠭᠤᠯ ᠤᠨ ᠰᠢᠬᠢᠷ ᠤᠨ ᠦᠢᠯᠡᠰ ᠵᠡᠷᠭᠡ ᠦᠷᠭᠦᠯᠵᠢᠯᠡᠨ ᠪᠠᠶᠢᠭᠤᠯᠬᠤ 24 ᠲᠥᠷᠥᠯ ᠵᠦᠢᠯ ᠤᠨ ᠠᠵᠢᠯ ᠢᠶᠠᠨ ᠪᠥᠬᠦ ᠲᠠᠯ᠎ᠠ ᠪᠠᠷ ᠰᠡᠷᠭᠦᠭᠡᠬᠦ ᠶᠢ ᠠᠬᠢᠭᠤᠯᠵᠤ᠂ ᠪᠠᠶᠢᠭᠤᠯᠵᠤ ᠳᠠᠭᠤᠰᠬᠠᠭᠠᠳ ᠠᠰᠢᠭᠯᠠᠯᠲᠠ ᠳᠤ ᠣᠷᠣᠭᠤᠯᠬᠤ ᠶᠢ ᠡᠷᠲᠡᠬᠡᠨ ᠪᠡᠶᠡᠯᠡᠭᠦᠯᠦᠨ᠎ᠡ᠃ ᠤᠯᠠᠭᠠᠨ ᠲᠠᠢ ᠠᠨ᠂ ᠠᠢ ᠮᠠ ᠠᠭᠤᠷᠬᠠᠢ ᠶᠢᠨ ᠦᠢᠯᠡᠰ ᠵᠡᠷᠭᠡ ᠭᠤᠣᠯᠯᠠᠭᠴᠢ ᠠᠵᠤ ᠠᠬᠤᠶᠢᠯᠠᠯ ᠤᠨ ᠲᠣᠭᠲᠠᠭᠤᠨ ᠢᠶᠠᠷ ᠠᠵᠢᠯᠯᠠᠬᠤ ᠶᠢ ᠴᠢᠩᠭ᠎ᠠ ᠠᠩᠬᠠᠷᠴᠤ᠂ ᠠᠵᠤ ᠠᠬᠤᠶᠢᠯᠠᠯ ᠤᠨ ᠪᠦᠲᠦᠮᠵᠢᠲᠡᠢ ᠦᠢᠯᠡᠳᠪᠦᠷᠢᠯᠡᠯ ᠤᠨ ᠴᠢᠳᠠᠪᠤᠷᠢ ᠪᠠᠨ ᠪᠠᠳᠠᠷᠠᠭᠤᠯᠬᠤ ᠶᠢ ᠠᠬᠢᠭᠤᠯᠵᠤ᠂ ᠠᠵᠤ ᠠᠬᠤᠶᠢᠯᠠᠯ ᠤᠨ ᠬᠥᠭᠵᠢᠯᠲᠡ ᠶᠢᠨ ᠠᠮᠢᠵᠢᠷᠠᠯ ᠤᠨ ᠬᠦᠴᠦᠨ ᠢ ᠨᠡᠮᠡᠭᠳᠡᠭᠦᠯᠦᠨ᠎ᠡ᠃ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠬᠥᠭᠵᠢᠯᠲᠡ ᠶᠢ ᠠᠬᠢᠭᠤᠯᠵᠤ᠂ ᠳ᠋ᠦᠩ ᠬᠠᠨ ᠤ ᠵᠢᠯᠣᠭᠤᠴᠢ ᠦᠭᠡᠢ ᠨᠢᠰᠬᠡᠯ ᠤᠨ ᠦᠢᠯᠡᠳᠪᠦᠷᠢᠯᠡᠯ ᠢ ᠦᠷ᠎ᠡ ᠪᠦᠲᠦᠮᠵᠢ ᠳᠤ ᠬᠦᠷᠦᠭᠦᠯᠬᠦ ᠶᠢ ᠠᠬᠢᠭᠤᠯᠵᠤ᠂ ᠤᠮᠠᠷᠠᠲᠤ ᠶᠢᠨ ᠵᠢᠯᠣᠭᠤᠴᠢ ᠦᠭᠡᠢ ᠨᠢᠰᠬᠡᠯ ᠤᠨ ᠲᠤᠷᠰᠢᠯᠲᠠ ᠶᠢᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠢ ᠪᠣᠶ ᠪᠣᠯᠭᠠᠨ᠎ᠠ᠃ ᠣᠲᠣ ᠶᠢᠨ ᠪᠠᠶᠢᠭ᠎ᠠ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠬᠥᠭᠵᠢᠯᠲᠡ ᠪᠠᠨ ᠲᠦᠷᠭᠡᠳᠬᠡᠬᠦ ᠶᠢ ᠳᠡᠮᠵᠢᠵᠦ᠂ ᠢᠯᠢ ᠶᠢᠨ 5G ᠰᠢᠩᠭᠡᠨ ᠲᠤᠯᠤᠪᠲᠤ ᠰᠦ᠂ ᠵᠢᠩ ᠴᠢᠤᠸᠠᠨ ᠡᠮ ᠤᠨ ᠦᠢᠯᠡᠰ ᠵᠡᠷᠭᠡ ᠠᠵᠤ ᠠᠬᠤᠶᠢᠯᠠᠯ ᠤᠨ ᠨᠢᠭᠡᠳᠦᠯᠲᠡᠢ ᠲᠥᠯᠦᠪᠵᠢᠭᠦᠯᠭᠡ ᠳᠤ ᠣᠷᠣᠬᠤ ᠶᠢ ᠠᠬᠢᠭᠤᠯᠤᠨ᠂ ᠣᠲᠣ ᠦᠶ᠎ᠡ ᠶᠢᠨ ᠠᠵᠤ ᠦᠢᠯᠡᠰ ᠤᠨ ᠰᠢᠰᠲ᠋ᠧᠮᠵᠢ ᠶᠢ ᠤᠯᠠᠮ ᠨᠢᠭᠡ ᠠᠯᠬᠤᠮ ᠪᠠᠶᠢᠭᠤᠯᠵᠤ᠂ ᠠᠵᠤ ᠦᠢᠯᠡᠳᠪᠦᠷᠢ ᠶᠢᠨ ᠬᠦᠴᠦᠷᠬᠡᠭ ᠲᠤᠭ ᠤᠨ ᠰᠠᠭᠤᠷᠢ ᠶᠢ ᠪᠠᠬᠢᠵᠢᠭᠦᠯᠦᠨ᠎ᠡ᠃   ᠬᠤᠶᠠᠷ ᠲᠤ᠂ ᠠᠵᠤ ᠦᠢᠯᠡᠰ ᠤᠨ ᠬᠡᠯᠪᠡᠷᠢ ᠶᠢ ᠬᠤᠪᠢᠷᠠᠭᠤᠯᠤᠨ ᠲᠡᠰ ᠳᠡᠪᠰᠢᠭᠦᠯᠦᠨ᠎ᠡ᠃ ᠲᠤᠰᠬᠠᠢ ᠵᠦᠢᠯ ᠤᠨ ᠪᠡᠯᠡ ᠮᠥᠩᠭᠦ ᠣᠯᠬᠤ᠂ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠬᠤᠯᠢᠮᠠᠭ ᠠᠵᠤ ᠠᠬᠤᠶᠢᠯᠠᠯ ᠤᠨ ᠥᠭᠡᠷᠡᠴᠢᠯᠡᠯᠲᠡ᠂ ᠡᠳ᠋ ᠤᠨ ᠵᠠᠰᠠᠭ ᠤᠨ ᠪᠡᠯᠡ ᠮᠥᠩᠭᠦ ᠪᠠᠷ ᠬᠥᠲᠥᠯᠥᠨ ᠵᠢᠯᠤᠭᠤᠳᠬᠤ ᠵᠡᠷᠭᠡ ᠠᠷᠭ᠎ᠠ ᠬᠡᠮᠵᠢᠶ᠎ᠡ ᠪᠠᠷ ᠳᠠᠮᠵᠢᠭᠤᠯᠤᠨ᠂ ᠦᠶᠯᠡᠳᠬᠦ ᠦᠢᠯᠡᠰ ᠢ ᠪᠣᠬᠢᠷᠳᠤᠯ ᠦᠭᠡᠢ ᠪᠣᠯᠭᠠᠬᠤ᠂ ᠤᠶᠤᠨᠵᠢᠭᠤᠯᠬᠤ᠂ ᠳᠡᠭᠡᠳᠦ ᠦᠵᠦᠭᠦᠷᠵᠢᠭᠦᠯᠬᠦ ᠥᠭᠡᠷᠡᠴᠢᠯᠡᠯᠲᠡ ᠶᠢ ᠠᠬᠢᠭᠤᠯᠤᠨ ᠳᠡᠭᠡᠭᠰᠢᠯᠡᠭᠦᠯᠦᠨ᠎ᠡ᠃ ᠮᠢᠩᠭ᠎ᠠ ᠲᠦᠮᠡᠨ ᠠᠮᠲᠠ ᠶᠢ ᠠᠮᠢᠯᠠᠭᠤᠯᠵᠤ᠂ ᠲᠠᠷᠢᠶᠠᠯᠠᠩ ᠵᠡᠷᠭᠡ ᠦᠢᠯᠡᠳᠪᠦᠷᠢᠯᠡᠯ ᠢᠶᠠᠨ ᠵᠣᠭᠰᠣᠭᠠᠭᠰᠠᠨ᠂ ᠬᠠᠭᠠᠰ ᠵᠣᠭᠰᠣᠭᠠᠭᠰᠠᠨ ᠠᠵᠤ ᠠᠬᠤᠶᠢᠯᠠᠯ ᠢ ᠠᠮᠢᠯᠠᠭᠤᠯᠵᠤ᠂ ︽ᠰᠢᠩᠭᠡᠯᠢᠭ ᠢᠶᠠᠨ ᠰᠤᠯᠠᠯᠠᠵᠤ ᠰᠢᠪᠠᠭᠤ ᠪᠠᠨ ᠰᠣᠯᠢᠬᠤ︾ ᠶᠢ ᠪᠡᠶᠡᠯᠡᠭᠦᠯᠵᠦ᠂ ︽ᠬᠤᠶᠠᠳᠠᠭᠢ ᠤᠳᠠᠭᠠᠨ ᠤ ᠦᠢᠯᠡᠰ ᠴᠣᠭᠴᠠᠯᠠᠯᠲᠠ︾ ᠶᠢ ᠲᠦᠯᠬᠢᠨ ᠠᠬᠢᠭᠤᠯᠤᠨ᠎ᠠ᠃ ᠰᠢᠨ᠎ᠡ ᠡᠨᠧᠷᠭᠢ + ᠠᠵᠤ ᠦᠢᠯᠡᠰ ᠤᠨ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠵᠦ᠂ 9 ᠰᠢᠨ᠎ᠡ ᠡᠨᠧᠷᠭᠢ ᠶᠢᠨ ᠲᠥᠷᠥᠯ ᠵᠦᠢᠯ ᠢ ᠡᠬᠢᠯᠡᠨ ᠪᠠᠶᠢᠭᠤᠯᠵᠤ᠂ ᠶᠡᠷᠦᠩᠬᠡᠢ ᠮᠠᠰᠢᠨ ᠴᠣᠭᠴᠠᠯᠠᠪᠤᠷᠢ ᠶᠢᠨ ᠪᠠᠭᠲᠠᠭᠠᠮᠵᠢ ᠨᠢ 300 ᠲᠦᠮᠡᠨ ᠺᠢᠯᠣᠸᠠᠲ ᠲᠤ ᠬᠦᠷᠴᠦ᠂ ᠵᠢᠯ ᠤᠨ ᠴᠠᠬᠢᠯᠭᠠᠨ ᠭᠠᠷᠭᠠᠬᠤ ᠬᠡᠮᠵᠢᠶ᠎ᠡ ᠨᠢ 50 ᠳ᠋ᠦᠩᠰᠢᠭᠤᠷ ᠺᠢᠯᠣᠸᠠᠲ ᠲᠤ ᠬᠦᠷᠴᠦ᠂ ᠰᠠᠯᠬᠢᠨ ᠬᠦᠴᠦᠨ ᠤ ᠴᠠᠬᠢᠯᠭᠠᠨ᠂ ᠬᠡᠷᠡᠯ ᠸᠣᠯᠲ᠂ ᠤᠰᠤᠲᠥ᠋ᠷᠥᠭᠴᠢ ᠡᠨᠧᠷᠭᠢ ᠵᠡᠷᠭᠡ ᠳᠡᠭᠡᠳᠦ ᠳᠣᠣᠷᠠᠳᠤ ᠤᠷᠤᠰᠬᠠᠯ ᠤᠨ ᠠᠵᠤ ᠦᠢᠯᠡᠰ ᠤᠨ ᠬᠡᠯᠬᠢᠶ᠎ᠡ ᠳᠤ ᠲᠦᠰᠢᠭᠯᠡᠨ᠂ ︽ᠥᠩᠭᠡ ᠦᠵᠡᠮᠵᠢ ᠶᠢᠨ ᠤᠰᠤᠲᠥ᠋ᠷᠥᠭᠴᠢ ᠬᠠᠳᠠᠭᠠᠯᠠᠬᠤ ᠲᠡᠷᠭᠡ︾ ᠶᠢᠨ ᠠᠵᠤ ᠦᠢᠯᠡᠰ ᠤᠨ ᠲᠥᠪᠯᠡᠷᠡᠯ ᠢ ᠪᠣᠶᠢᠵᠢᠭᠤᠯᠤᠨ ᠪᠣᠶ ᠪᠣᠯᠭᠠᠵᠤ᠂ ᠰᠢᠨ᠎ᠡ ᠡᠨᠧᠷᠭᠢ ᠶᠢᠨ ᠠᠵᠤ ᠦᠢᠯᠡᠰ ᠤᠨ ︽ᠰᠠᠯᠬᠢᠨ ᠤ ᠠᠶ᠎ᠠ ᠪᠠᠷ ᠡᠳᠦᠷ ᠳᠠᠷᠠᠭᠠᠯᠠᠨ︾ ︽ᠰᠠᠯᠬᠢᠨ ᠤ ᠠᠶ᠎ᠠ ᠪᠠᠷ︾ ᠤᠷᠤᠭᠰᠢᠯᠠᠬᠤ ᠶᠢ ᠪᠡᠶᠡᠯᠡᠭᠦᠯᠦᠨ᠎ᠡ᠃   ᠭᠤᠷᠪᠠ ᠳᠤ᠂ ᠬᠦᠷᠢᠶᠡᠯᠡᠩ ᠲᠣᠭᠤᠷᠢᠭ ᠤᠨ ᠴᠤᠭᠯᠠᠷᠠᠯ ᠤᠨ ᠲᠠᠪᠴᠠᠩ ᠢ ᠠᠴᠢᠶᠠᠯᠠᠨ᠎ᠠ᠃ ᠪᠠᠷᠢᠮᠵᠢᠶᠠᠵᠢᠭᠤᠯᠤᠭᠰᠠᠨ ᠦᠢᠯᠡᠳᠪᠦᠷᠢ ᠶᠢᠨ ᠭᠡᠷ ᠪᠠᠶᠢᠰᠢᠩ 1.2 ᠲᠦᠮᠡᠨ ᠲᠡᠭᠰᠢ ᠳᠥᠷᠪᠡᠯᠵᠢᠨ ᠮᠧᠲᠷ ᠢ ᠰᠢᠨ᠎ᠡ ᠪᠠᠷ ᠪᠠᠶᠢᠭᠤᠯᠬᠤ ᠪᠠ ᠠᠮᠢᠳᠤᠯᠢᠭ ᠪᠣᠯᠭᠠᠵᠤ᠂ ᠪᠣᠬᠢᠷ ᠤᠰᠤᠨ ᠤ ᠬᠤᠭᠤᠯᠠᠢ ᠶᠢᠨ ᠲᠣᠣᠷ 6.4 ᠺᠢᠯᠣᠮᠧᠲᠷ᠂ ᠬᠦᠷᠢᠶᠡᠯᠡᠩ ᠲᠣᠭᠤᠷᠢᠭ ᠤᠨ ᠵᠠᠮ 1.6 ᠺᠢᠯᠣᠮᠧᠲᠷ ᠪᠠᠶᠢᠭᠤᠯᠵᠤ᠂ ᠬᠦᠷᠢᠶᠡᠯᠡᠩ ᠲᠣᠭᠤᠷᠢᠭ ᠤᠨ ᠲᠠᠪᠴᠠᠩ ᠤᠨ ᠳᠠᠭᠠᠭᠠᠬᠤ ᠴᠢᠳᠠᠪᠤᠷᠢ ᠶᠢ ᠬᠦᠴᠦᠯᠡᠨ ᠳᠡᠭᠡᠭᠰᠢᠯᠡᠭᠦᠯᠦᠨ᠎ᠡ᠃ ᠪᠠᠶᠠᠨᠮᠥᠩᠬᠡ᠂ ᠶᠠᠨ ᠰᠢᠩ ᠤᠨ ᠰᠢᠨᠵᠢᠯᠡᠬᠦ ᠤᠬᠠᠭᠠᠨ ᠮᠡᠷᠭᠡᠵᠢᠯ᠂ ᠰᠢ ᠪᠧᠢ ᠶᠧᠦ ᠵᠡᠷᠭᠡ ᠠᠵᠤ ᠠᠬᠤᠶᠢᠯᠠᠯ ᠯᠤᠭ᠎ᠠ ᠶᠢᠨ ᠭᠦᠨᠵᠡᠭᠡᠢ ᠬᠠᠮᠲᠤᠷᠠᠯᠴᠠᠭ᠎ᠠ ᠪᠠᠨ ᠴᠢᠩᠭᠠᠳᠬᠠᠵᠤ᠂ ᠬᠦᠷᠢᠶᠡᠯᠡᠩ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢᠨ ᠵᠠᠭᠤᠨ ᠳ᠋ᠦᠩᠰᠢᠭᠤᠷ ᠲᠥᠭᠦᠷᠢᠭ ᠤᠨ ᠲᠥᠷᠥᠯ ᠵᠦᠢᠯ ᠤᠨ ᠳᠠᠭᠠᠭᠠᠴᠢᠯᠠᠯᠲᠠ ᠶᠢ ᠰᠠᠶᠢᠲᠤᠷ ᠨᠠᠶᠢᠳᠠᠪᠤᠷᠢᠵᠢᠭᠤᠯᠤᠨ᠂ ᠵᠢᠯ ᠤᠨ ᠳᠣᠲᠣᠷ᠎ᠠ 6.3 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠦᠨ᠎ᠡ᠃ ᠣᠶᠤᠨᠲᠤ ᠬᠦᠷᠢᠶᠡᠯᠡᠩ ᠲᠣᠭᠤᠷᠢᠭ ᠤᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ ᠨᠠᠩ ᠥᠨᠳᠥᠷ ᠪᠦᠲᠦᠮᠵᠢᠲᠡᠶ ᠳᠥᠭᠦᠮ ᠳᠥᠲᠡ ︽ᠲᠣᠭᠠᠴᠢᠯᠠᠭᠰᠠᠨ︾ ᠦᠢᠯᠡᠴᠢᠯᠡᠭᠡ ᠶᠢ ᠪᠣᠶ ᠪᠣᠯᠭᠠᠨ᠎ᠠ᠃ ︽ᠪᠠᠷᠢᠮᠵᠢᠶ᠎ᠠ ᠪᠠᠷ︾ ᠰᠢᠯᠵᠢᠭᠦᠯᠦᠨ ᠥᠭᠬᠦ ᠳᠦᠷᠢᠮ ᠤᠨ ᠰᠢᠰᠲ᠋ᠧᠮᠵᠢ ᠶᠢ ᠪᠠᠶᠢᠭᠤᠯᠵᠤ᠂ ᠴᠡᠴᠡᠷᠯᠢᠭ ᠲᠤ ᠣᠷᠣᠭᠰᠠᠨ ᠠᠵᠤ ᠠᠬᠤᠶᠢᠯᠠᠯ ᠤᠨ ︽ᠭᠠᠵᠠᠷ ᠠᠪᠤᠪᠠᠯ ᠳᠠᠷᠤᠢ ᠠᠵᠢᠯ ᠡᠬᠢᠯᠡᠭᠦᠯᠬᠦ︾ ᠶᠢ ᠦᠨᠡᠨᠬᠦ ᠪᠠᠲᠤᠯᠠᠨ᠎ᠠ᠃ ︽ᠨᠢᠰᠬᠦ ᠭᠠᠵᠠᠷ ᠤᠨ ᠠᠵᠤ ᠠᠬᠤᠢ︾ ᠶᠢᠨ ᠲᠥᠷᠥ ᠶᠢᠨ ᠪᠣᠳᠣᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠵᠤ᠂ ᠰᠢᠨ᠎ᠡ ᠪᠠᠷ ᠣᠷᠣᠭᠤᠯᠵᠤ ᠢᠷᠡᠬᠦ ᠲᠥᠷᠥᠯ ᠵᠦᠢᠯ ᠤᠨ ︽ᠨᠢᠰᠬᠦ ᠶᠣᠰᠣᠲᠠᠢ ᠶᠢ ᠨᠢ ᠪᠦᠬᠦᠨ ᠢ ᠬᠥᠭᠵᠢᠭᠦᠯᠵᠦ᠂ ᠨᠠᠷᠢᠯᠢᠭ ᠣᠨᠣᠴᠠᠲᠠᠢ ᠪᠠᠷ ᠨᠠᠶᠢᠳᠠᠪᠤᠷᠢᠵᠢᠭᠤᠯᠬᠤ ︾ ᠶᠢ ᠠᠬᠢᠭᠤᠯᠤᠨ᠂ ᠬᠦᠷᠢᠶᠡᠯᠡᠩ ᠲᠣᠭᠤᠷᠢᠭ ᠤᠨ ᠣᠷᠣᠨ ᠪᠠᠶᠢᠷᠢ ᠵᠥᠷᠢᠭᠦᠯᠦᠨ ᠬᠥᠭᠵᠢᠬᠦ ᠶᠢ ᠪᠡᠶᠡᠯᠡᠭᠦᠯᠦᠨ᠎ᠡ᠃  ︵ᠳᠥᠷᠪᠡ︶ ᠬᠦᠴᠦᠷᠬᠡᠭ ᠪᠠᠷᠢᠭᠠᠳᠠ ᠶᠢ ᠬᠤᠪᠢᠷᠠᠭᠤᠯᠤᠨ ᠭᠤᠷᠪᠠᠳᠤᠭᠠᠷ ᠠᠵᠤ ᠦᠢᠯᠡᠰ ᠤᠨ ᠠᠵᠤ ᠠᠬᠤᠢ ᠶᠢ ᠳᠡᠭᠡᠭᠰᠢᠯᠡᠭᠦᠯᠵᠦ᠂ ᠬᠦᠴᠦ ᠪᠠᠨ ᠬᠠᠮᠲᠤᠳᠬᠠᠨ ᠭᠠᠪᠰᠢᠭᠠᠶᠢᠯᠠᠨ ᠰᠣᠶᠣᠯ ᠪᠡᠶ᠎ᠡ ᠶᠢᠨ ᠲᠠᠮᠢᠷ ᠤᠨ ᠬᠤᠳᠠᠯᠳᠤᠭᠠᠨ ᠤ ᠪᠠᠷᠢᠭᠠᠳᠠ ᠶᠢ ᠪᠤᠵᠠᠭᠠᠶᠢᠷᠠᠭᠤᠯᠤᠨ᠎ᠠ  ᠠᠵᠤ ᠠᠬᠤᠢ ᠶᠢᠨ ᠬᠥᠭᠵᠢᠯᠲᠡ ᠶᠢᠨ ︽ᠰᠢᠨ᠎ᠡ ᠠᠷᠭ᠎ᠠ ᠵᠠᠮ︾ ᠢ ᠬᠠᠶᠢᠨ ᠰᠦᠪᠡᠭᠴᠢᠯᠡᠵᠦ᠂ ᠠᠵᠤ ᠠᠬᠤᠢ ᠶᠢᠨ ᠨᠡᠮᠡᠭᠳᠡᠯ ᠤᠨ ︽ᠰᠢᠨ᠎ᠡ ᠬᠥᠳᠡᠯᠭᠡᠭᠦ ᠬᠦᠴᠦᠨ︾ ᠢ ᠬᠥᠭᠵᠢᠭᠡᠵᠦ᠂ ᠵᠢᠭᠤᠯᠴᠢᠯᠠᠯ ᠤᠨ ᠰᠢᠨ᠎ᠡ ᠬᠠᠨᠳᠤᠰᠢ ᠶᠢ ᠡᠵᠡᠮᠳᠡᠨ᠂ ᠬᠡᠷᠡᠭᠯᠡᠭᠡᠨ ᠤ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠢ ᠬᠥᠭᠵᠢᠭᠦᠯᠵᠦ᠂ ᠮᠥᠩᠭᠦᠨ ᠭᠦᠢᠯᠭᠡᠭᠡᠨ ᠤ ᠰᠢᠨ᠎ᠡ ᠪᠠᠶᠢᠷᠢᠰᠢᠯ ᠢ ᠪᠣᠶ ᠪᠣᠯᠭᠠᠵᠤ᠂ ᠭᠤᠷᠪᠠᠳᠤᠭᠠᠷ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠳᠠᠯᠳᠠ ᠬᠦᠴᠦᠨ ᠢ ᠭᠦᠢᠴᠡᠳ ᠠᠭᠤᠳᠠᠯᠤᠨ᠎ᠠ᠃   ᠨᠢᠭᠡ ᠳᠤ᠂ ᠵᠢᠭᠤᠯᠴᠢᠯᠠᠯ ᠤᠨ ᠠᠵᠤ ᠦᠢᠯᠡᠰ ᠤᠨ ᠪᠦᠬᠦ ᠲᠠᠯ᠎ᠠ ᠶᠢᠨ ᠰᠡᠷᠭᠦᠯᠲᠡ ᠶᠢ ᠠᠬᠢᠭᠤᠯᠤᠨ᠎ᠠ᠃ ᠪᠥᠬᠦ ᠣᠷᠣᠨ ᠪᠦᠰᠡ ᠶᠢᠨ ᠵᠢᠭᠤᠯᠴᠢᠯᠠᠯ ᠤᠨ ︽ᠲᠡᠷᠢᠭᠦᠨ ᠤ ᠬᠡᠮᠵᠢᠶ᠎ᠡ︾ ᠶᠢ ᠴᠢᠩᠭᠠᠷᠠᠭᠤᠯᠵᠤ᠂ ᠬᠠᠷ᠎ᠠ ᠢᠮᠠᠭᠠᠲᠤ ᠠᠭᠤᠯᠠ ᠶᠢᠨ ᠴᠡᠩᠭᠡᠯ ᠤᠨ ᠬᠥᠨᠳᠡᠢ᠂ ᠪᠠᠶᠠᠨᠵᠢᠷᠦᠬᠡ ᠦᠵᠡᠮᠵᠢ ᠶᠢᠨ ᠣᠷᠣᠨ᠂ ᠴᠠᠰᠤᠲᠤ ᠲᠣᠰᠬᠤᠨ ᠤ ᠴᠠᠰᠤᠨ ᠲᠠᠯᠠᠪᠠᠶ ᠶᠢᠨ ᠬᠠᠯᠠᠭᠤᠨ ᠷᠠᠰᠢᠶᠠᠨ ᠤ ᠴᠡᠩᠭᠡᠯ ᠤᠨ ᠬᠦᠷᠢᠶᠡᠯᠡᠩ ᠵᠡᠷᠭᠡ ᠲᠥᠷᠥᠯ ᠵᠦᠢᠯ ᠢ ᠭᠤᠣᠯᠳᠠᠯᠭ᠎ᠠ ᠲᠠᠢ ᠬᠡᠷᠡᠭᠵᠢᠭᠦᠯᠦᠨ᠎ᠡ᠃ ᠳᠠᠯᠠᠨ ᠬᠠᠷ᠎ᠠ ᠠᠭᠤᠯᠠ ᠶᠢᠨ ︽ᠵᠢᠭᠤᠯᠴᠢᠯᠠᠯ + ᠠᠮᠢ ᠠᠬᠤᠢ︾ ᠶᠢᠨ ᠰᠤᠳᠤᠯᠭᠠᠨ ᠤ ᠰᠠᠭᠤᠷᠢᠨ ᠭᠠᠵᠠᠷ ᠢ ᠪᠠᠶᠢᠭᠤᠯᠵᠤ᠂ G302᠂ S203 ᠥᠪᠡᠷ ᠢᠶᠠᠨ ᠵᠢᠯᠤᠭᠤᠳᠬᠤ ᠱᠤᠭᠤᠮ ᠢ ᠲᠥᠯᠥᠪᠵᠢᠭᠦᠯᠵᠦ᠂ ︽ᠬᠢᠩᠭᠠᠨ ᠨᠢᠭᠡᠳᠦᠭᠡᠷ ᠵᠢᠭᠤᠯᠴᠢᠯᠠᠯ ᠤᠨ ᠵᠠᠰᠠᠮᠠᠯ ᠵᠠᠮ︾ ᠢ ᠪᠥᠬᠦ ᠣᠷᠣᠨ ᠪᠦᠰᠡ ᠳᠤ ᠨᠡᠪᠲᠡᠷᠡᠭᠦᠯᠬᠦ ᠳᠤ ᠬᠦᠴᠦᠨ ᠨᠡᠮᠡᠷᠢᠯᠡᠨ᠎ᠡ᠃ ᠵᠢᠭᠤᠯᠴᠢᠯᠠᠯ ᠤᠨ ᠵᠠᠮ ᠤᠨ ᠲᠡᠮᠳᠡᠭ ᠢ 20᠂ ᠵᠢᠭᠤᠯᠴᠢᠯᠠᠯ ᠤᠨ ᠥᠷᠲᠡᠭᠡ 9 ᠶᠢ ᠪᠦᠲᠦᠭᠡᠨ ᠪᠠᠶᠢᠭᠤᠯᠵᠤ᠂ ᠵᠢᠭᠤᠯᠴᠢᠯᠠᠯ ᠤᠨ ᠰᠠᠭᠤᠷᠢ ᠪᠡᠯᠡᠳᠬᠡᠮᠵᠢ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠦᠨ᠎ᠡ᠃ ᠬᠤᠲᠠ ᠶᠢᠨ ᠳᠤᠮᠳᠠᠬᠢ ᠲᠠᠯ᠎ᠠ ᠨᠤᠲᠤᠭ ᠤᠨ ᠰᠥᠨᠢ ᠶᠢᠨ ᠵᠡᠭᠡᠯᠢ ᠭᠤᠳᠤᠮᠵᠢ ᠶᠢᠨ ᠤᠰᠤᠨ ᠳᠡᠭᠡᠷᠡᠬᠢ ᠴᠡᠩᠭᠡᠯ ᠤᠨ ᠬᠦᠷᠢᠶᠡᠯᠡᠩ᠂ ᠬᠥᠳᠡᠯᠭᠡᠭᠦ ᠬᠦᠴᠦᠨ ᠦᠭᠡᠢ ᠴᠡᠩᠭᠡᠯ ᠤᠨ ᠬᠦᠷᠢᠶᠡᠯᠡᠩ ᠵᠡᠷᠭᠡ ᠨᠢᠭᠡ ᠪᠦᠯᠦᠭ ᠵᠢᠪᠦᠭᠦᠯᠬᠦ ᠮᠠᠶ᠋ᠢᠭ ᠤᠨ᠂ ᠪᠡᠶ᠎ᠡ ᠪᠠᠷ ᠢᠶᠠᠨ ᠣᠶᠢᠯᠠᠭᠠᠬᠤ ᠮᠠᠶ᠋ᠢᠭ ᠤᠨ᠂ ᠣᠷᠤᠯᠴᠠᠬᠤ ᠮᠠᠶ᠋ᠢᠭ ᠤᠨ ᠣᠯᠠᠨ ᠡᠰᠢᠲᠦ ᠡᠵᠡᠩᠨᠡᠯᠲᠡ ᠶᠢᠨ ᠬᠡᠯᠪᠡᠷᠢ ᠪᠠᠶᠢᠳᠠᠯ ᠢ ᠪᠣᠶᠢᠵᠢᠭᠤᠯᠤᠨ᠎ᠠ᠃ ︽ᠪᠢᠴᠢᠯ ᠠᠮᠠᠷᠠᠯᠲᠠ︾ ᠶᠢᠨ ᠵᠠᠭᠪᠤᠷ ᠢ ᠰᠢᠨ᠎ᠡ ᠪᠠᠷ ᠡᠭᠦᠳᠦᠨ ᠰᠦᠪᠡᠭᠴᠢᠯᠡᠵᠦ᠂ ᠨᠢᠭᠡ ᠪᠦᠯᠦᠭ ᠬᠥᠬᠡᠮᠳᠦᠭ ᠨᠣᠭᠤᠭᠠᠨ ᠠᠭᠤᠯᠠ ᠤᠰᠤᠨ ᠤ ᠪᠡᠶ᠎ᠡ ᠪᠠᠷ ᠢᠶᠠᠨ ᠣᠶᠢᠯᠠᠭᠠᠬᠤ ᠮᠠᠶ᠋ᠢᠭ ᠤᠨ ᠰᠣᠳᠣᠨ ᠪᠦᠲᠦᠭᠡᠯ ︽ᠮᠠᠯᠴᠢᠨ ᠠᠶᠢᠯ ᠤᠨ ᠵᠤᠭᠠᠴᠠᠯ︾ ᠢ ᠪᠣᠶ ᠪᠣᠯᠭᠠᠨ᠎ᠠ᠃ ᠴᠠᠷᠠᠰᠤᠨ ᠤᠰᠤᠨ ᠴᠥᠭᠦᠷᠥᠮ᠂ ᠠᠯᠲᠠᠨ ᠡᠮᠡᠭᠡᠯ ᠦᠵᠡᠮᠵᠢ ᠶᠢᠨ ᠣᠷᠣᠨ ᠢ ᠤᠯᠤᠰ ᠤᠨ 4A ᠲᠠᠰ ᠤᠨ ᠦᠵᠡᠮᠵᠢ ᠶᠢᠨ ᠣᠷᠣᠨ ᠳᠤ ᠳᠡᠪᠰᠢᠭᠦᠯᠬᠦ ᠶᠢ ᠠᠬᠢᠭᠤᠯᠵᠤ᠂ ︽ᠥᠪᠡᠷᠲᠡᠭᠡᠨ ᠵᠠᠰᠠᠬᠤ ᠣᠷᠣᠨ ᠤ ᠲᠠᠰ ᠤᠨ ᠪᠥᠬᠦ ᠴᠠᠷᠠᠭᠠᠨ ᠤ ᠵᠢᠭᠤᠯᠴᠢᠯᠠᠯ ᠤᠨ ᠵᠢᠱᠢᠶ᠎ᠡ ᠦᠵᠡᠭᠦᠯᠬᠦ ᠣᠷᠣᠨ︾ ᠢ ᠪᠥᠬᠦ ᠬᠦᠴᠦᠨ ᠢᠶᠠᠷ ᠢᠶᠠᠨ ᠡᠭᠦᠳᠦᠨ ᠪᠠᠶᠢᠭᠤᠯᠤᠨ᠎ᠠ᠃ ᠨᠠᠭᠠᠳᠤᠮ ᠤᠨ ᠡᠳᠦᠷ᠂ ᠲᠠᠷᠪᠤᠰ ᠤᠨ ᠪᠠᠶᠠᠷ᠂ ᠠᠭᠠᠯᠢᠭ ᠠᠯᠢᠮ᠎ᠠ ᠶᠢᠨ ᠪᠠᠶᠠᠷ ᠵᠡᠷᠭᠡ ᠰᠣᠩᠭᠤᠳᠠᠭ ᠠᠵᠢᠯᠯᠠᠭ᠎ᠠ ᠶᠢ ᠨᠠᠷᠢᠨ ᠨᠢᠮᠪᠠᠢ ᠪᠡᠯᠡᠳᠬᠡᠵᠦ᠂ ᠪᠠᠶᠠᠷ ᠳᠤᠷᠠᠰᠬᠠᠯ ᠤᠨ ᠬᠤᠳᠠᠯᠳᠤᠭᠠᠨ ᠤ ᠳᠡᠭᠡᠳᠦ ᠲᠠᠰ ᠤᠨ ᠳᠡᠭᠡᠭᠰᠢᠯᠡᠯᠲᠡ ᠶᠢ ᠠᠬᠢᠭᠤᠯᠤᠨ᠎ᠠ᠃ ︽ᠮᠥᠰᠥ ᠴᠠᠰᠤᠨ ᠤ ᠨᠠᠶᠢᠷ︾ ᠤᠨ ᠰᠢᠷᠢᠰ ᠠᠵᠢᠯᠯᠠᠭ᠎ᠠ ᠶᠢ ᠥᠷᠨᠢᠭᠦᠯᠵᠦ᠂ ᠵᠡᠷᠭᠡᠯᠭᠡᠨᠲᠦ ᠲᠠᠯ᠎ᠠ ᠶᠢᠨ ᠪᠠᠶᠠᠷ ᠪᠠᠶᠠᠰᠬᠤᠯᠠᠩᠲᠤ ᠮᠥᠰᠥ ᠴᠠᠰᠤᠨ ᠤ ᠤᠯᠠᠷᠢᠯ ᠢ ᠡᠬᠢᠯᠡᠭᠦᠯᠵᠦ᠂ ᠴᠠᠷᠠᠰᠤᠨ ᠤ ᠵᠢᠭᠠᠰᠤ ᠠᠩᠨᠠᠬᠤ ᠰᠣᠶᠣᠯ ᠤᠨ ᠨᠠᠶᠢᠷ᠂ ᠬᠤᠷᠴᠢᠨ ᠤ ᠮᠥᠰᠥ ᠴᠠᠰᠤᠨ ᠤ ᠭᠡᠷ ᠪᠦᠯᠢ ᠶᠢᠨ ᠬᠥᠳᠡᠯᠭᠡᠭᠡᠨ ᠤ ᠴᠤᠭᠯᠠᠭᠠᠨ ᠵᠡᠷᠭᠡ ᠰᠣᠳᠣᠨ ᠪᠦᠲᠦᠭᠡᠯ ᠤᠨ ᠠᠵᠢᠯᠯᠠᠭ᠎ᠠ ᠶᠢ ᠰᠠᠶᠢᠲᠤᠷ ᠡᠷᠭᠢᠯᠡᠵᠦ᠂ ᠪᠥᠬᠦ ᠵᠢᠯ ᠳᠤ 350 ᠲᠦᠮᠡᠨ ᠬᠥᠮᠥᠨ ︵ᠤᠳᠠᠭ᠎ᠠ︶ ᠢ ᠭᠥᠯᠢᠶᠡᠨ ᠠᠪᠴᠤ᠂ ᠵᠢᠭᠤᠯᠴᠢᠯᠠᠯ ᠤᠨ ᠣᠷᠣᠯᠭ᠎ᠠ 12 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 15% ᠠᠴᠠ ᠳᠡᠭᠡᠭᠰᠢ ᠨᠡᠮᠡᠭᠳᠡᠪᠡ᠃    ᠬᠤᠶᠠᠷ ᠲᠤ᠂ ᠰᠢᠨ᠎ᠡ ᠣᠶᠢᠯᠠᠭᠠᠭᠳᠠᠬᠤᠨ ᠨᠢ ᠠᠷᠠᠯᠵᠢᠶ᠎ᠠ ᠬᠤᠳᠠᠯᠳᠤᠭ᠎ᠠ ᠪᠠᠷᠠᠭᠠᠨ ᠤ ᠭᠦᠢᠯᠭᠡᠭᠡ ᠶᠢᠨ ᠪᠦᠬᠦ ᠲᠠᠯ᠎ᠠ ᠶᠢᠨ ᠬᠥᠭᠵᠢᠯᠲᠡ ᠶᠢ ᠳᠠᠶᠢᠴᠢᠯᠠᠨ᠎ᠠ᠃ ᠮᠠᠰᠢᠨ ᠲᠡᠷᠭᠡᠨ ᠤ ᠰᠣᠶᠣᠯ ᠤᠨ ᠨᠠᠶᠢᠷ᠂ ᠮᠥᠰᠥ ᠴᠠᠰᠤᠨ ᠤ ᠴᠠᠭᠠᠨ ᠰᠠᠷ᠎ᠠ ᠶᠢᠨ ᠪᠠᠷᠠᠭ᠎ᠠ ᠶᠢᠨ ᠨᠠᠶᠢᠷ᠂ ᠢᠳᠡᠭᠡᠨ ᠰᠣᠶᠣᠯ ᠤᠨ ᠨᠠᠶᠢᠷ ᠵᠡᠷᠭᠡ ᠲᠥᠪᠯᠡᠷᠡᠩᠭᠦᠢ ᠬᠡᠷᠡᠭᠯᠡᠭᠡ ᠶᠢ ᠠᠬᠢᠭᠤᠯᠬᠤ ᠠᠵᠢᠯᠯᠠᠭ᠎ᠠ ᠶᠢ ᠥᠷᠨᠢᠭᠦᠯᠵᠦ᠂ ᠬᠦᠷᠦᠯᠴᠡᠬᠦ ᠬᠡᠯᠪᠡᠷᠢ ᠶᠢᠨ ᠬᠡᠷᠡᠭᠯᠡᠭᠡ ᠶᠢ ᠲᠦᠷᠭᠡᠪᠴᠢᠯᠡᠨ ᠰᠡᠷᠭᠦᠭᠡᠬᠦ ᠶᠢ ᠲᠦᠯᠬᠢᠨ ᠠᠬᠢᠭᠤᠯᠤᠨ᠎ᠠ᠃ ᠰᠢᠨ᠎ᠡ ᠬᠥᠳᠡᠭᠡ ᠲᠣᠰᠬᠤᠨ ᠤ ᠡᠯᠧᠺᠲᠷᠣᠨ ᠬᠤᠳᠠᠯᠳᠤᠭ᠎ᠠ ᠶᠢ ᠠᠮᠢᠳᠤᠯᠢᠭ ᠪᠣᠯᠭᠠᠵᠤ᠂ ︽ᠰᠠᠨᠠᠭ᠎ᠠ ᠠᠮᠤᠷ ᠬᠡᠷᠡᠭᠯᠡᠭᠡ︾ ᠶᠢ ᠡᠭᠦᠳᠦᠨ ᠪᠠᠶᠢᠭᠤᠯᠬᠤ ᠠᠵᠢᠯᠯᠠᠭ᠎ᠠ ᠶᠢ ᠪᠣᠳᠠᠲᠠᠢ ᠪᠠᠷ ᠠᠳᠬᠤᠨ᠂ ᠡᠮᠦᠨᠡᠲᠦ ᠬᠤᠰᠢᠭᠤᠨ ᠤ ᠰᠠᠶᠢᠨ ᠪᠦᠲᠦᠭᠡᠭᠳᠡᠬᠦᠨ ᠢ ᠵᠠᠬ᠎ᠠ ᠳᠡᠯᠭᠡᠭᠦᠷ ᠲᠤ ᠭᠠᠷᠭᠠᠬᠤ ᠬᠡᠷᠡᠭᠲᠡᠢ᠃ ᠳᠣᠯᠣᠳᠤᠭᠠᠷ ᠬᠤᠭᠤᠴᠠᠭᠠᠨ ᠤ ᠳᠤᠮᠳᠠᠳᠤ ᠤᠯᠤᠰ ᠤᠨ ᠬᠢᠲᠠᠳ ᠡᠮ ᠤᠨ ᠮᠠᠲ᠋ᠧᠷᠢᠶᠠᠯ ᠤᠨ ᠪᠠᠷᠠᠭᠠᠨ ᠤ ᠭᠦᠢᠯᠭᠡᠭᠡᠨ ᠤ ᠶᠡᠭᠡ ᠬᠤᠷᠠᠯ ᠢ ᠪᠡᠯᠡᠳᠬᠡᠵᠦ᠂ ᠪᠠᠷᠢᠮᠵᠢᠶᠠᠵᠢᠭᠤᠯᠤᠨ ᠡᠳ᠋ᠰᠢᠭᠦᠯᠬᠦ᠂ ᠬᠥᠮᠥᠷᠭᠡᠯᠡᠨ ᠬᠠᠳᠠᠭᠠᠯᠠᠬᠤ᠂ ᠪᠠᠷᠠᠭᠠᠨ ᠤ ᠭᠦᠢᠯᠭᠡᠭᠡᠨ ᠤ ᠲᠥᠪ ᠢ ᠪᠦᠲᠦᠭᠡᠨ ᠪᠠᠶᠢᠭᠤᠯᠵᠤ᠂ ᠥᠪᠥᠷ ᠮᠣᠩᠭᠤᠯ ᠤᠨ ᠵᠡᠭᠦᠨ ᠬᠡᠰᠡᠭ ᠤᠨ ᠭᠠᠵᠠᠷ ᠣᠷᠣᠨ ᠤ ᠤᠮᠠᠷᠠᠲᠤ ᠶᠢᠨ ᠡᠮ ᠤᠨ ᠲᠥᠪᠯᠡᠷᠡᠭᠦᠯᠦᠨ ᠲᠠᠷᠬᠠᠭᠠᠬᠤ ᠭᠠᠵᠠᠷ ᠢ ᠪᠥᠬᠦ ᠰᠢᠤᠳᠠᠨ ᠤ ᠪᠦᠯᠦᠭᠯᠡᠯ ᠤᠨ ᠬᠦᠢᠲᠡᠨ ᠬᠡᠯᠬᠢᠶᠡᠲᠦ ᠪᠠᠷᠠᠭᠠᠨ ᠤ ᠭᠦᠢᠯᠭᠡᠭᠡᠨ ᠤ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠡᠬᠢᠯᠡᠭᠦᠯᠵᠦ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠲᠡᠭᠡᠭᠡᠪᠦᠷᠢ ᠶᠢᠨ ︽ᠡᠴᠦᠰ ᠤᠨ ᠨᠢᠭᠡ ᠺᠢᠯᠣᠮᠧᠲᠷ︾ ᠢ ᠬᠦᠴᠦᠯᠡᠨ ᠰᠢᠢᠳᠪᠦᠷᠢᠯᠡᠨ᠎ᠡ᠃ ᠬᠤᠳᠠ ᠶᠢᠨ ᠳᠣᠲᠣᠷᠠᠬᠢ ᠲᠠᠯ᠎ᠠ ᠨᠤᠲᠤᠭ᠂ ᠠᠰᠠᠷ ᠤᠨ ᠳᠤᠮᠳᠠᠬᠢ ᠲᠠᠯ᠎ᠠ ᠨᠤᠲᠤᠭ ᠤᠨ ᠰᠥᠨᠢ ᠶᠢᠨ ᠬᠡᠷᠡᠭᠯᠡᠭᠡᠨ ᠤ ᠵᠢᠱᠢᠶ᠎ᠡ ᠦᠵᠡᠭᠦᠯᠬᠦ ᠲᠣᠭᠤᠷᠢᠭ ᠢ ︽ᠳᠦᠷᠡᠯᠵᠢᠭᠦᠯᠵᠦ︾᠂ ︽ᠰᠥᠨᠢ ᠶᠢᠨ ᠳᠠᠶᠢᠯᠠᠯᠭ᠎ᠠ︾᠂ ︽ᠰᠥᠨᠢ ᠶᠢᠨ ᠵᠤᠭᠠᠴᠠᠯ︾᠂ ︽ᠰᠥᠨᠢ ᠶᠢᠨ ᠰᠣᠨᠢᠷᠬᠠᠯ︾ ᠵᠡᠷᠭᠡ ᠤᠯᠠᠨ ᠡᠵᠡᠩᠨᠡᠯᠲᠡ ᠶᠢᠨ ᠬᠡᠯᠪᠡᠷᠢ ᠪᠠᠶᠢᠳᠠᠯ ᠲᠠᠢ ᠠᠵᠤ ᠠᠬᠤᠢ ᠶᠢᠨ ᠶᠡᠷᠦᠩᠬᠡᠶᠢᠯᠡᠭᠰᠡᠨ ᠴᠣᠭᠴᠠ ᠶᠢ ᠪᠤᠢ ᠪᠣᠯᠭᠠᠨ᠎ᠠ᠃   ᠭᠤᠷᠪᠠ ᠳᠤ᠂ ᠮᠥᠩᠭᠦᠨ ᠭᠦᠢᠯᠭᠡᠭᠡᠨ ᠤ ᠦᠢᠯᠡᠴᠢᠯᠡᠭᠡ ᠶᠢᠨ ᠪᠦᠬᠦ ᠲᠠᠯ᠎ᠠ ᠪᠠᠷ ᠳᠡᠭᠡᠭᠰᠢᠯᠡᠬᠦ ᠶᠢ ᠪᠠᠲᠤᠯᠠᠨ᠎ᠠ᠃ ᠵᠠᠷᠤᠯᠭ᠎ᠠ ᠶᠢ ᠬᠦᠴᠦᠯᠡᠨ ᠪᠠᠭᠠᠰᠬᠠᠵᠤ᠂ ᠥᠷᠢ ᠥᠭᠴᠡᠭᠡᠨ ᠤ ︽ᠡᠲᠡᠭᠡᠳ︾ ᠢ ᠪᠠᠭᠠᠰᠬᠠᠨ᠂ ᠣᠷᠣᠯᠭ᠎ᠠ ᠶᠢ ᠪᠥᠬᠦ ᠬᠦᠴᠦᠨ ᠢᠶᠠᠷ ᠢᠶᠠᠨ ᠨᠡᠮᠡᠭᠳᠡᠭᠦᠯᠵᠦ᠂ ᠡᠳ᠋ ᠤᠨ ᠬᠦᠴᠦᠨ ᠤ ︽ᠬᠤᠪᠢᠶᠠᠷᠢ︾ ᠶᠢ ᠪᠤᠵᠠᠭᠠᠶᠢᠷᠠᠭᠤᠯᠤᠨ᠂ ᠪᠥᠬᠦ ᠵᠢᠯ ᠳᠤ 4.8 ᠳ᠋ᠦᠩᠰᠢᠭᠤᠷ ᠲᠥᠭᠦᠷᠢᠭ ᠤᠨ ᠥᠷᠢ ᠥᠭᠴᠡᠭᠡ ᠶᠢ ᠠᠷᠢᠯᠭᠠᠵᠤ᠂ ᠴᠢᠨᠠᠷ ᠰᠠᠶᠢᠲᠠᠢ ᠬᠥᠭᠵᠢᠯᠲᠡ ᠶᠢ ᠥᠷᠢ ᠥᠭᠴᠡᠭᠡ ᠶᠢ ᠠᠷᠢᠯᠭᠠᠬᠤ ᠲᠠᠢ ᠵᠡᠷᠭᠡ ᠪᠠᠷ ᠲᠦᠯᠬᠢᠨ ᠠᠬᠢᠭᠤᠯᠵᠤ᠂ ᠰᠠᠶᠢᠨ ᠣᠷᠴᠢᠯ ᠲᠠᠢ ᠪᠣᠯᠭᠠᠬᠤ ᠶᠢ ᠪᠡᠶᠡᠯᠡᠭᠦᠯᠦᠨ᠎ᠡ᠃ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠦᠢᠯᠡᠴᠢᠯᠡᠭᠡᠨ ᠤ ᠴᠢᠳᠠᠪᠤᠷᠢ ᠶᠢ ᠦᠷᠭᠦᠯᠵᠢᠯᠡᠨ ᠴᠢᠩᠭᠠᠳᠬᠠᠵᠤ᠂ ᠬᠥᠳᠡᠭᠡ ᠲᠣᠰᠬᠤᠨ ᠤ ᠥᠮᠴᠢᠯᠡᠯ ᠤᠨ ᠡᠷᠬᠡ ᠶᠢᠨ ᠠᠷᠠᠯᠵᠢᠶᠠᠨ ᠤ ᠲᠥᠪ ᠤᠨ ᠲᠤᠬᠠᠶᠢᠯᠠᠭᠰᠠᠨ ᠠᠵᠢᠯ ᠤᠨ ᠬᠦᠷᠢᠶ᠎ᠡ ᠬᠡᠪᠴᠢᠶ᠎ᠡ ᠶᠢ ᠥᠷᠭᠡᠳᠬᠡᠵᠦ᠂ ᠮᠥᠩᠭᠦᠨ ᠭᠦᠢᠯᠭᠡᠭᠡᠨ ᠤ ᠦᠢᠯᠡᠳᠬᠦᠨ ᠤ ᠬᠥᠮᠥᠷᠭᠡ ᠬᠢᠭᠡᠳ ᠠᠵᠤ ᠠᠬᠤᠶᠢᠯᠠᠯ ᠤᠨ ᠲᠥᠷᠥᠯ ᠵᠦᠢᠯ ᠤᠨ ᠬᠥᠮᠥᠷᠭᠡ ᠶᠢ ᠨᠢᠭᠲᠠ ᠵᠣᠯᠭᠠᠭᠤᠯᠬᠤ ᠶᠢ ᠠᠬᠢᠭᠤᠯᠤᠨ᠂ ᠠᠵᠤ ᠠᠬᠤᠶᠢᠯᠠᠯ ᠤᠨ ︽ᠪᠥᠭᠡᠮᠨᠡᠷᠡᠨ ᠳᠤᠯᠠᠭᠠᠴᠠᠬᠤ︾ ᠵᠠᠭᠪᠤᠷ ᠢ ᠪᠠᠶᠢᠭᠤᠯᠵᠤ᠂ ᠠᠵᠤ ᠠᠬᠤᠶᠢᠯᠠᠯ ᠤᠨ ᠵᠠᠬ᠎ᠠ ᠳᠡᠯᠭᠡᠭᠦᠷ ᠤᠨ ᠲᠦᠭᠰᠢᠭᠦᠷᠢ ᠶᠢ ᠡᠰᠡᠷᠭᠦᠴᠡᠬᠦ ᠴᠢᠳᠠᠪᠤᠷᠢ ᠶᠢ ᠳᠡᠭᠡᠭᠰᠢᠯᠡᠭᠦᠯᠦᠨ᠎ᠡ᠃ ᠤᠯᠤᠰ ᠤᠨ ᠥᠮᠴᠢᠯᠡᠯ ᠤᠨ ᠠᠵᠤ ᠠᠬᠤᠶᠢᠯᠠᠯ ᠢ ᠪᠤᠵᠠᠭᠠᠶᠢᠷᠠᠭᠤᠯᠬᠤ᠂ ᠬᠦᠴᠦᠷᠬᠡᠭᠵᠢᠭᠦᠯᠬᠦ᠂ ᠰᠢᠯᠢᠳᠡᠭᠵᠢᠭᠦᠯᠬᠦ ᠶᠢ ᠭᠤᠶᠢᠪᠢᠰᠢ ᠦᠭᠡᠢ ᠪᠠᠷᠢᠮᠲᠠᠯᠠᠵᠤ᠂ ᠪᠣᠳᠠᠲᠤ ᠦᠷ᠎ᠡ ᠪᠦᠲᠦᠮᠵᠢ ᠪᠠᠷ ᠢᠶᠠᠨ ︽ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠡᠭᠦᠷᠭᠡᠯᠡᠯ︾ ᠢ ᠢᠯᠡᠷᠡᠭᠦᠯᠬᠦ ᠬᠡᠷᠡᠭᠲᠡᠢ᠃   ︵ᠲᠠᠪᠤ︶ ᠬᠤᠳᠠ ᠬᠥᠳᠡᠭᠡ ᠶᠢᠨ ᠠᠭᠤᠰᠤᠯᠴᠠᠨ ᠬᠥᠭᠵᠢᠬᠦ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠠᠮᠢ ᠠᠬᠤᠢ ᠶᠢᠨ ᠪᠣᠯᠪᠠᠰᠤᠨ ᠢ ᠴᠥᠬᠦᠷᠡᠰᠢ ᠦᠭᠡᠢ ᠦᠢᠯᠡᠳᠦᠯᠭᠡᠵᠢᠭᠦᠯᠦᠨ᠎ᠡ  ᠬᠥᠮᠥᠨ ᠢᠶᠠᠷ ᠭᠤᠣᠯ ᠪᠣᠯᠭᠠᠭᠰᠠᠨ ᠰᠢᠨ᠎ᠡ ᠮᠠᠶ᠋ᠢᠭ ᠤᠨ ᠬᠤᠲᠠ ᠪᠠᠯᠭᠠᠰᠤᠵᠢᠯᠲᠠ ᠶᠢ ᠲᠦᠷᠭᠡᠳᠬᠡᠨ ᠠᠬᠢᠭᠤᠯᠵᠤ᠂ ᠬᠤᠲᠠ ᠶᠢᠨ ᠠᠭᠤᠯᠤᠭᠳᠠᠬᠤᠨ ᠢ ᠪᠠᠶᠠᠯᠢᠭᠵᠢᠭᠤᠯᠤᠨ᠂ ᠬᠥᠳᠡᠭᠡ ᠲᠣᠰᠬᠤᠨ ᠤ ᠣᠨᠴᠠᠯᠢᠭ ᠢ ᠪᠣᠢ ᠪᠣᠯᠭᠠᠵᠤ᠂ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠥᠭᠵᠢᠯᠲᠡ ᠶᠢ ᠪᠡᠶᠡᠯᠡᠭᠦᠯᠦᠨ᠂ ᠣᠷᠣᠨ ᠪᠦᠰᠡ ᠬᠠᠮᠵᠢᠯᠴᠠᠭᠰᠠᠨ᠂ ᠬᠤᠲᠠ ᠬᠥᠳᠡᠭᠡ ᠶᠢ ᠨᠢᠭᠡᠳᠦᠯᠲᠡᠢ ᠲᠥᠯᠥᠪᠵᠢᠭᠦᠯᠦᠭᠰᠡᠨ᠂ ᠢᠯᠡ ᠲᠣᠳᠣ ᠣᠨᠴᠠᠯᠢᠭ ᠲᠠᠢ ᠬᠤᠲᠠ ᠪᠠᠯᠭᠠᠰᠤᠨ ᠤ ᠬᠥᠭᠵᠢᠯᠲᠡ ᠶᠢᠨ ᠰᠢᠨ᠎ᠡ ᠪᠠᠶᠢᠷᠢᠰᠢᠯ ᠢ ᠠᠯᠬᠤᠮ ᠠᠯᠬᠤᠮ ᠢᠶᠠᠷ ᠪᠣᠢ ᠪᠣᠯᠭᠠᠨ᠎ᠠ᠃  ᠨᠢᠭᠡ ᠳᠤ᠂ ᠬᠤᠲᠠ ᠶᠢᠨ ᠴᠢᠳᠠᠮᠵᠢ ᠶᠢᠨ ᠴᠢᠨᠠᠷ ᠳᠡᠰ ᠢ ᠳᠡᠭᠡᠭᠰᠢᠯᠡᠭᠦᠯᠦᠨ᠎ᠡ᠃ ᠯᠢᠦ ᠱᠦ ᠴᠤᠸᠠᠨ ᠭᠤᠣᠯ ᠤᠨ ᠠᠮᠢ ᠠᠬᠤᠢ ᠶᠢᠨ ᠵᠠᠰᠠᠯᠲᠠ ᠶᠢ ᠠᠬᠢᠭᠤᠯᠵᠤ᠂ ᠬᠤᠷᠴᠢᠨ ᠵᠡᠭᠡᠯᠢ ᠶᠢᠨ ᠵᠡᠭᠦᠨ ᠦᠷᠭᠦᠯᠵᠢᠯᠡᠯ᠂ ᠬᠠᠰᠠᠷ ᠵᠡᠭᠦᠨ ᠵᠡᠭᠡᠯᠢ ᠵᠡᠷᠭᠡ 6 ᠵᠤᠷᠪᠤᠰ ᠵᠠᠮ ᠤᠨ ᠨᠣᠭᠤᠭᠠᠷᠠᠭᠤᠯᠤᠯᠲᠠ ᠶᠢᠨ ᠲᠥᠷᠥᠯ ᠵᠦᠢᠯ ᠢ ᠪᠡᠶᠡᠯᠡᠭᠦᠯᠵᠦ᠂ ᠬᠤᠲᠠ ᠶᠢᠨ ᠨᠣᠭᠤᠭᠠᠷᠠᠭᠤᠯᠤᠯᠲᠠ ᠶᠢᠨ ᠬᠡᠮᠵᠢᠶ᠎ᠡ ᠶᠢ 12 ᠲᠦᠮᠡᠨ ᠲᠡᠭᠰᠢ ᠳᠥᠷᠪᠡᠯᠵᠢᠨ ᠮᠧᠲᠷ ᠨᠡᠮᠡᠭᠳᠡᠭᠦᠯᠵᠦ᠂ ᠳᠠᠰᠢᠵᠠᠢ ᠵᠡᠭᠡᠯᠢ ᠵᠡᠷᠭᠡ 11 ᠵᠤᠷᠪᠤᠰ ᠬᠤᠳᠠ ᠶᠢᠨ ᠶᠠᠪᠤᠳᠠᠯ ᠤᠨ ᠵᠠᠮ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ ᠬᠢᠩᠭᠠᠨ ᠢ ᠬᠤᠣ ᠶᠤᠸᠠᠨ᠂ ᠬᠢᠲᠠᠳ ᠡᠮ ᠤᠨ ᠺᠠᠩ ᠶᠠᠩ ᠴᠧᠩ ᠵᠡᠷᠭᠡ ᠣᠷᠣᠨ ᠰᠠᠭᠤᠴᠠ ᠶᠢᠨ ᠵᠢᠵᠢᠭ ᠲᠣᠭᠤᠷᠢᠭ ᠤᠨ ᠲᠥᠷᠥᠯ ᠵᠦᠢᠯ ᠢ ᠲᠦᠷᠭᠡᠳᠬᠡᠨ ᠠᠬᠢᠭᠤᠯᠵᠤ᠂ 512 ᠡᠷᠦᠬᠡ ᠶᠢᠨ ᠳᠥᠭᠦᠮ ᠪᠦᠳᠦᠭᠦᠯᠢᠭ ᠣᠷᠣᠨ ᠰᠠᠭᠤᠴᠠ ᠶᠢ ᠥᠭᠡᠷᠡᠴᠢᠯᠡᠨ ᠡᠭᠡᠭᠦᠯᠦᠨ ᠨᠡᠭᠦᠯᠭᠡᠵᠦ ᠲᠥᠪᠬᠢᠨᠡᠭᠦᠯᠬᠦ ᠶᠢ ᠪᠡᠶᠡᠯᠡᠭᠦᠯᠵᠦ᠂ ᠨᠠᠩ ᠣᠯᠠᠨ ᠣᠯᠠᠨ ᠲᠦᠮᠡᠨ ᠤ ᠬᠦᠰᠡᠯ ᠵᠡᠭᠦᠳᠦ ᠶᠢ ᠲᠡᠷᠭᠡᠯᠰᠢᠭᠦᠯᠦᠨ᠎ᠡ᠃ ︽ᠭᠤᠷᠪᠠ ᠶᠢ ᠬᠠᠩᠭᠠᠬᠤ᠂ ᠬᠤᠶᠠᠷ ᠢ ᠵᠠᠰᠠᠬᠤ᠂ ᠨᠢᠭᠡ ᠦᠢᠯᠡᠰ︾ ᠤᠨ ᠠᠵᠢᠯ ᠢ ᠥᠷᠨᠢᠭᠦᠯᠵᠦ᠂ ᠬᠤᠳᠠ ᠶᠢᠨ ︽ᠳᠤᠲᠠᠭᠤᠳᠠᠯ ᠢ ᠨᠥᠬᠦᠪᠦᠷᠢᠯᠡᠬᠦ︾ ᠵᠦᠢᠯᠡᠰ ᠢ ᠬᠡᠷᠡᠭᠵᠢᠭᠦᠯᠵᠦ᠂ ᠲᠢᠶᠠᠨ ᠵᠢᠶᠣᠣ ᠵᠠᠮ᠂ ᠳ᠋ᠦ᠋ ᠯᠢᠨ ᠵᠡᠭᠡᠯᠢ ᠵᠡᠷᠭᠡ 7 ᠵᠤᠷᠪᠤᠰ ᠬᠠᠭᠤᠴᠢᠨ ᠬᠤᠭᠤᠯᠠᠢ ᠶᠢᠨ ᠲᠣᠣᠷ ᠤᠨ ᠥᠭᠡᠷᠡᠴᠢᠯᠡᠯᠲᠡ ᠶᠢ ᠲᠦᠷᠭᠡᠳᠬᠡᠪᠡ᠃ ᠴᠢᠨᠠᠷ ᠰᠠᠶᠢᠲᠠᠢ ᠠᠳᠠᠯ ᠠᠬᠤᠢ ᠶᠢᠨ ᠳᠠᠭᠠᠭᠠᠨ ᠠᠪᠴᠤ ᠬᠠᠮᠢᠶᠠᠷᠬᠤ ᠪᠠᠨ ᠪᠣᠯᠢᠭᠰᠠᠨ ᠵᠢᠵᠢᠭ ᠲᠣᠭᠤᠷᠢᠭ ᠢ ᠠᠬᠢᠭᠤᠯᠵᠤ᠂ ᠲᠤᠰᠬᠠᠶᠢᠵᠢᠭᠰᠠᠨ ᠠᠳᠠᠯ ᠠᠬᠤᠢ ᠶᠢᠨ ᠦᠢᠯᠡᠴᠢᠯᠡᠭᠡᠨ ᠤ ᠪᠦᠷᠬᠦᠴᠡ ᠶᠢ 100% ᠳᠤ ᠬᠦᠷᠦᠭᠦᠯᠬᠦ ᠪᠠᠷ ᠴᠢᠷᠮᠠᠶᠢᠨ᠎ᠠ᠃ ᠣᠷᠴᠢᠨ ᠲᠣᠭᠤᠷᠢᠨ ᠤ ᠠᠷᠢᠭᠤᠨ ᠴᠡᠪᠡᠷ ᠢ ᠨᠢᠭᠡ ᠴᠣᠭᠴᠠᠵᠢᠭᠤᠯᠬᠤ ᠶᠢ ᠪᠥᠬᠦ ᠲᠠᠯ᠎ᠠ ᠪᠠᠷ ᠴᠢᠩᠭᠠᠳᠬᠠᠵᠤ᠂ ᠬᠠᠷ᠎ᠠ ᠵᠠᠮ ᠲᠡᠮᠲᠡᠷᠢᠬᠦ᠂ ᠢᠯᠡ ᠭᠠᠵᠠᠷ ᠭᠠᠷᠭᠠᠬᠤ ᠵᠡᠷᠭᠡ ᠠᠰᠠᠭᠤᠳᠠᠯ ᠢ ᠲᠤᠶᠢᠯᠪᠤᠷᠢᠲᠠᠢ ᠰᠢᠢᠳᠪᠦᠷᠢᠯᠡᠵᠦ᠂ ᠦᠬᠦᠰᠢᠷᠡᠮᠡᠯ ᠲᠡᠷᠭᠡ ᠬᠥᠰᠬᠡ᠂ ᠵᠠᠮ ᠡᠵᠡᠯᠡᠨ ᠡᠵᠡᠩᠨᠡᠬᠦ ᠵᠡᠷᠭᠡ ᠬᠤᠲᠠ ᠶᠢᠨ ︽ᠠᠷᠬᠠᠭ ᠬᠡᠮ︾ ᠢ ᠪᠦᠲᠦᠮᠵᠢᠲᠡᠶ ᠵᠠᠰᠠᠨ᠎ᠠ᠃   ᠬᠤᠶᠠᠷ ᠲᠤ᠂ ᠰᠠᠭᠤᠷᠢ ᠪᠡᠯᠡᠳᠬᠡᠮᠵᠢ ᠶᠢ ᠰᠢᠰᠲ᠋ᠧᠮᠵᠢᠭᠦᠯᠦᠨ ᠢᠵᠢ ᠪᠦᠷᠢᠳᠦᠭᠦᠯᠦᠨ᠎ᠡ᠃ ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢᠨ ᠶᠡᠷᠦᠩᠬᠡᠢ ᠲᠥᠯᠦᠪᠵᠢᠭᠦᠯᠭᠡ᠂ ᠬᠡᠷᠡᠭᠯᠡᠭᠡᠨ ᠤ ᠴᠢᠨᠠᠷᠲᠠᠢ ᠠᠶᠢᠯ ᠲᠣᠰᠬᠤᠨ ᠤ ᠲᠥᠯᠦᠪᠵᠢᠭᠦᠯᠭᠡ ᠶᠢ ᠥᠨᠳᠥᠷ ᠲᠦᠪᠰᠢᠨ ᠢᠶᠠᠷ ᠨᠠᠶᠢᠷᠠᠭᠤᠯᠤᠨ ᠵᠣᠬᠢᠶᠠᠵᠤ᠂ ᠬᠤᠳᠠ ᠶᠢᠨ ᠬᠥᠭᠵᠢᠯᠲᠡ ᠶᠢᠨ ᠦᠯᠢᠭᠡᠷ ᠢ ᠰᠠᠶᠢᠲᠤᠷ ᠶᠠᠷᠢᠵᠤ᠂ ᠬᠤᠳᠠ ᠬᠥᠳᠡᠭᠡ ᠶᠢ ᠠᠭᠤᠰᠤᠯᠴᠠᠭᠤᠯᠬᠤ ᠠᠯᠬᠤᠴᠠ ᠶᠢ ᠲᠦᠷᠭᠡᠳᠬᠡᠨ᠎ᠡ᠃ 15 ᠭᠠᠵᠠᠷ ᠤᠨ ᠤᠰᠤ ᠤᠮᠳᠠ ᠶᠢᠨ ᠠᠶᠤᠯᠭᠦᠢ ᠶᠢ ᠳᠡᠭᠡᠭᠰᠢᠯᠡᠭᠦᠯᠬᠦ ᠢᠨᠵᠧᠨᠧᠷᠢᠩ ᠢ ᠬᠡᠷᠡᠭᠵᠢᠭᠦᠯᠵᠦ᠂ ᠳᠤᠮᠳᠠ ᠵᠢᠵᠢᠭ ᠭᠤᠣᠯ ᠮᠥᠷᠡᠨ ᠤ ᠡᠷᠭᠢ ᠶᠢᠨ ᠬᠠᠮᠠᠭᠠᠯᠠᠯᠲᠠ ᠶᠢᠨ ᠭᠠᠵᠠᠷ ᠢ 10 ᠺᠢᠯᠣᠮᠧᠲᠷ ᠰᠢᠨ᠎ᠡ ᠪᠠᠷ ᠪᠠᠶᠢᠭᠤᠯᠵᠤ᠂ ᠢᠳᠡᠭᠳᠡᠯ ᠤᠨ ᠭᠤᠤ ᠶᠢ 79 ᠵᠠᠰᠠᠵᠤ᠂ 20 ᠲᠡᠭᠰᠢ ᠳᠥᠷᠪᠡᠯᠵᠢᠨ ᠺᠢᠯᠣᠮᠧᠲᠷ ᠬᠥᠷᠥᠰᠥ ᠰᠢᠷᠣᠢ ᠶᠢ ᠬᠠᠮᠠᠭᠠᠯᠠᠨ ᠵᠠᠰᠠᠬᠤ ᠶᠢ ᠪᠡᠶᠡᠯᠡᠭᠦᠯᠦᠨ᠎ᠡ᠃ ᠬᠢᠯᠢ ᠶᠢᠨ 4G ᠳᠣᠬᠢᠶᠠᠨ ᠤ ᠰᠠᠭᠤᠷᠢ ᠥᠷᠲᠡᠭᠡ ᠶᠢ 3 ᠪᠠᠶᠢᠭᠤᠯᠵᠤ᠂ ᠬᠢᠯᠢ ᠬᠢᠵᠠᠭᠠᠷ ᠣᠷᠣᠨ ᠤ ᠴᠢᠮᠡᠭᠡ ᠬᠤᠯᠪᠣᠭᠠᠨ ᠤ ᠲᠣᠣᠷ ᠰᠦᠯᠵᠢᠶ᠎ᠡ ᠶᠢᠨ ᠶᠠᠰᠤ ᠴᠢᠨᠠᠷ ᠢ ᠰᠠᠶᠢᠵᠢᠷᠠᠭᠤᠯᠤᠨ᠎ᠠ᠃ ᠣᠨ ᠤ ᠪᠡᠯᠡ ᠣᠷᠣᠭᠤᠯᠤᠯᠲᠠ ᠶᠢ 3.3 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠮᠠᠨᠵᠤ ᠦᠨᠳᠦᠰᠦᠲᠡᠨ ᠤ ᠰᠢᠶᠠᠩ ᠠᠴᠠ ᠲᠥᠪᠭᠡᠷᠡᠯ ᠳᠤ ᠬᠦᠷᠬᠦ᠂ ᠬᠤᠶᠢᠲᠤ ᠬᠡᠰᠡᠭ ᠤᠨ ᠬᠢᠯᠢ ᠬᠢᠵᠠᠭᠠᠷ ᠣᠷᠣᠨ ᠤ ᠴᠢᠶᠣᠤ ᠬᠠᠨ ᠵᠡᠷᠭᠡ 6 ᠰᠢᠨ᠎ᠡ ᠪᠠᠷ ᠪᠠᠶᠢᠭᠤᠯᠬᠤ ᠲᠥᠷᠥᠯ ᠵᠦᠢᠯ ᠢ ᠡᠬᠢᠯᠡᠭᠦᠯᠦᠨ ᠬᠡᠷᠡᠭᠵᠢᠭᠦᠯᠵᠦ᠂ ᠬᠢᠯᠢ ᠶᠢᠨ ᠬᠠᠮᠠᠭᠠᠯᠠᠯᠲᠠ ᠶᠢᠨ ᠭᠠᠯ ᠰᠡᠷᠭᠡᠶᠢᠯᠡᠬᠦ ᠵᠠᠮ ᠂ ᠰᠢᠶᠠᠨ ᠤ ᠵᠠᠮ 412 ᠵᠡᠷᠭᠡ 3 ᠦᠷᠭᠦᠯᠵᠢᠯᠡᠨ ᠪᠠᠶᠢᠭᠤᠯᠬᠤ ᠲᠥᠷᠥᠯ ᠵᠦᠢᠯ ᠢ ᠲᠦᠷᠭᠡᠳᠬᠡᠨ ᠠᠬᠢᠭᠤᠯᠤᠨ᠎ᠠ᠃ ᠲᠡᠮᠦᠷ ᠵᠠᠮ ᠤᠨ ᠠᠭᠤᠯᠵᠠᠷ ᠤᠨ ︽ᠡᠩ ᠤᠨ ᠲᠦᠪᠰᠢᠨ ᠪᠣᠯᠭᠠᠵᠤ ᠥᠭᠡᠷᠡᠴᠢᠯᠡᠨ ᠪᠠᠶᠢᠭᠤᠯᠬᠤ︾ ᠢᠨᠵᠧᠨᠧᠷᠢᠩ ᠢ ᠠᠬᠢᠭᠤᠯᠵᠤ᠂ ᠵᠠᠰᠠᠮᠠᠯ ᠵᠠᠮ ᠤᠨ ᠬᠠᠮᠢᠶᠠᠷᠴᠤ ᠲᠡᠵᠢᠭᠡᠬᠦ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ ︽ᠣᠷᠣᠨ ᠪᠦᠰᠡ ᠶᠢᠨ ᠵᠠᠮ ᠬᠠᠷᠢᠯᠴᠠᠭ᠎ᠠ ᠶᠢ ᠶᠡᠷᠦᠩᠬᠡᠶᠢᠯᠡᠬᠦ᠂ ᠬᠤᠲᠠ ᠬᠥᠳᠡᠭᠡ ᠶᠢᠨ ᠵᠠᠮ ᠬᠠᠷᠢᠯᠴᠠᠭ᠎ᠠ ᠶᠢ ᠨᠢᠭᠡ ᠴᠣᠭᠴᠠᠵᠢᠭᠤᠯᠬᠤ︾ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠡᠶᠡᠯᠡᠭᠦᠯᠦᠨ᠎ᠡ᠃   ᠭᠤᠷᠪᠠ ᠳᠤ᠂ ᠠᠮᠢ ᠠᠬᠤᠢ ᠶᠢᠨ ᠣᠷᠴᠢᠨ ᠨᠥᠬᠦᠴᠡᠯ ᠤᠨ ᠬᠠᠯᠬᠠᠪᠴᠢ ᠶᠢ ᠪᠠᠲᠤ ᠴᠣᠭᠴᠠᠯᠠᠨ᠎ᠠ᠃ ᠨᠡᠭᠦᠷᠡᠰᠦᠲᠥ᠋ᠷᠥᠭᠴᠢ ᠶᠢᠨ ᠤᠷᠬᠢᠯ ᠳᠤ ᠬᠦᠷᠬᠦ᠂ ᠨᠡᠭᠦᠷᠡᠰᠦᠲᠥ᠋ᠷᠥᠭᠴᠢ ᠶᠢᠨ ᠰᠠᠭᠠᠷᠮᠠᠭᠵᠢᠯ ᠢ ᠢᠳᠡᠪᠬᠢᠲᠡᠢ ᠯᠠᠪᠳᠠᠭᠤᠨ ᠢᠶᠠᠷ ᠠᠬᠢᠭᠤᠯᠵᠤ᠂ ᠪᠣᠬᠢᠷᠳᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠦᠢᠯᠡᠳᠪᠦᠷᠢᠯᠡᠯ ᠠᠮᠢᠳᠤᠷᠠᠯ ᠤᠨ ᠠᠷᠭ᠎ᠠ ᠬᠡᠯᠪᠡᠷᠢ ᠶᠢ ᠪᠦᠷᠢᠯᠳᠦᠭᠦᠯᠬᠦ ᠶᠢ ᠲᠦᠷᠭᠡᠳᠬᠡᠨ ᠠᠬᠢᠭᠤᠯᠵᠤ᠂ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠪᠦᠬᠦ ᠲᠠᠯ᠎ᠠ ᠪᠠᠷ ᠪᠣᠬᠢᠷᠳᠤᠯ ᠦᠭᠡᠢ ᠬᠡᠯᠪᠡᠷᠢ ᠪᠠᠨ ᠬᠤᠪᠢᠷᠠᠭᠤᠯᠬᠤ ᠶᠢ ᠠᠬᠢᠭᠤᠯᠤᠨ᠎ᠠ᠃ ᠨᠢᠭᠡ ᠳᠤ ᠂ ᠪᠣᠬᠢᠷᠳᠤᠯ ᠢ ᠭᠦᠨᠵᠡᠭᠡᠢ ᠵᠠᠰᠠᠵᠤ᠂ ᠠᠮᠢ ᠠᠬᠤᠢ ᠶᠢᠨ ᠰᠠᠭᠤᠷᠢ ᠥᠩᠭᠡ ᠶᠢ ᠭᠢᠯᠠᠶᠢᠲᠠᠯ᠎ᠠ ᠠᠷᠴᠢᠨ᠎ᠠ᠃ ᠡᠰᠢ ᠰᠦᠷᠡᠯ ᠢ ᠰᠢᠲᠠᠭᠠᠬᠤ ᠶᠢ ᠴᠠᠭᠠᠵᠠᠯᠠᠬᠤ ᠶᠢ ᠬᠠᠮᠢᠶᠠᠷᠤᠨ ᠡᠵᠡᠮᠳᠡᠬᠦ᠂ ᠨᠡᠭᠦᠷᠡᠰᠦ ᠰᠢᠲᠠᠭᠠᠬᠤ ᠵᠤᠤᠬ᠎ᠠ ᠶᠢ ᠶᠡᠷᠦᠩᠬᠡᠶᠢᠯᠡᠨ ᠴᠡᠭᠴᠡᠯᠡᠨ ᠵᠠᠰᠠᠬᠤ ᠶᠢ ᠲᠣᠪᠣᠶᠢᠮ᠎ᠠ ᠰᠠᠶᠢᠲᠤᠷ ᠠᠳᠬᠤᠨ᠎ᠠ᠃ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠪᠣᠬᠢᠷ ᠤᠰᠤ ᠶᠢ ᠰᠢᠢᠳᠪᠦᠷᠢᠯᠡᠬᠦ ᠶᠢ ᠴᠢᠩᠭᠠᠳᠬᠠᠵᠤ᠂ ᠪᠣᠬᠢᠷᠳᠤᠯ ᠤᠨ ᠡᠬᠢ ᠶᠢ ᠵᠠᠰᠠᠬᠤ ᠶᠢ ᠦᠷᠭᠦᠯᠵᠢᠯᠡᠨ ᠠᠬᠢᠭᠤᠯᠵᠤ᠂ ᠬᠠᠲᠠᠭᠤ ᠪᠡᠶᠡᠲᠦ ᠬᠠᠶᠠᠭᠳᠠᠮᠠᠯ ᠪᠣᠳᠠᠰ᠂ ᠠᠶᠤᠯᠲᠠᠢ ᠬᠠᠶᠠᠭᠳᠠᠮᠠᠯ ᠪᠣᠳᠠᠰ᠂ ᠡᠮᠨᠡᠯᠭᠡ ᠶᠢᠨ ᠬᠠᠶᠠᠭᠳᠠᠮᠠᠯ ᠪᠣᠳᠠᠰ ᠵᠡᠷᠭᠡ ᠶᠢ ᠠᠮᠤᠷ ᠲᠦᠪᠰᠢᠨ ᠢᠶᠠᠷ ᠪᠦᠲᠦᠮᠵᠢᠲᠡᠶ ᠰᠢᠢᠳᠪᠦᠷᠢᠯᠡᠬᠦ ᠪᠠ ᠡᠬᠢ ᠪᠠᠶᠠᠯᠢᠭᠵᠢᠭᠤᠯᠤᠨ ᠠᠰᠢᠭᠯᠠᠬᠤ ᠶᠢ ᠪᠡᠶᠡᠯᠡᠭᠦᠯᠦᠨ᠎ᠡ᠃ ᠬᠤᠶᠠᠷ ᠲᠤ᠂ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢ ᠯᠠᠪᠳᠠᠭᠤᠨ ᠢᠶᠠᠷ ᠠᠬᠢᠭᠤᠯᠬᠤ ᠬᠡᠷᠡᠭᠲᠡᠢ᠃ ᠰᠢᠨᠵᠢᠯᠡᠬᠦ ᠤᠬᠠᠭᠠᠨᠴᠢ ᠪᠠᠷ ᠨᠣᠭᠤᠭᠠᠷᠠᠭᠤᠯᠤᠯᠲᠠ ᠶᠢ ᠨᠡᠮᠡᠭᠳᠡᠭᠦᠯᠵᠦ᠂ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠤᠨ᠎ᠠ᠃ ᠠᠮᠢ ᠠᠬᠤᠢ ᠶᠢᠨ ᠰᠢᠰᠲ᠋ᠧᠮ ᠤᠨ ᠨᠡᠭᠦᠷᠡᠰᠦᠲᠥ᠋ᠷᠥᠭᠴᠢ ᠶᠢ ᠰᠢᠩᠭᠡᠬᠡᠨ ᠠᠪᠬᠤ ᠴᠢᠳᠠᠪᠤᠷᠢ ᠶᠢ ᠳᠡᠭᠡᠭᠰᠢᠯᠡᠭᠦᠯᠵᠦ᠂ ᠠᠭᠤᠯᠠ ᠤᠰᠤ ᠣᠶ ᠰᠢᠭᠤᠢ ᠲᠠᠷᠢᠶᠠᠨ ᠭᠠᠵᠠᠷ ᠨᠠᠭᠤᠷ ᠪᠦᠷᠢᠳᠦ ᠡᠪᠡᠰᠦ ᠪᠡᠯᠴᠢᠭᠡᠷ ᠢ ᠶᠡᠷᠦᠩᠬᠡᠶᠢᠯᠡᠨ ᠵᠠᠰᠠᠬᠤ ᠶᠢ ᠨᠢᠭᠡᠳᠦᠯᠲᠡᠢ ᠲᠥᠯᠥᠪᠯᠡᠨ᠂ ︽ᠣᠶ ᠰᠢᠭᠤᠢ ︵ᠡᠪᠡᠰᠦ︶ ᠶᠢᠨ ᠣᠷᠳᠣ ᠬᠤᠭᠤᠴᠠᠭ᠎ᠠ ᠶᠢᠨ ᠳᠦᠷᠢᠮ︾ ᠢ ᠭᠦᠨᠵᠡᠭᠡᠢ ᠨᠠᠶᠢᠳᠠᠪᠤᠷᠢᠵᠢᠭᠤᠯᠵᠤ᠂ ᠪᠠᠶᠢᠭᠠᠯᠢ ᠶᠢᠨ ᠣᠶ ᠰᠢᠭᠤᠢ ᠶᠢ ᠬᠠᠮᠠᠭᠠᠯᠠᠬᠤ᠂ ᠣᠶ ᠰᠢᠭᠤᠢ ᠶᠢᠨ ᠠᠮᠢ ᠠᠬᠤᠢ ᠶᠢᠨ ᠦᠷ᠎ᠡ ᠠᠰᠢᠭ ᠢ ᠨᠥᠬᠦᠪᠦᠷᠢᠯᠡᠬᠦ ᠵᠡᠷᠭᠡ ᠭᠤᠣᠯᠳᠠᠯᠭ᠎ᠠ ᠲᠠᠢ ᠠᠮᠢ ᠠᠬᠤᠢ ᠶᠢᠨ ᠢᠨᠵᠧᠨᠧᠷᠢᠩ ᠢ ᠦᠷᠭᠦᠯᠵᠢᠯᠡᠨ ᠬᠡᠷᠡᠭᠵᠢᠭᠦᠯᠵᠦ᠂ 5000 ᠮᠦ ᠣᠶᠢᠵᠢᠭᠤᠯᠵᠤ ᠨᠣᠭᠤᠭᠠᠷᠠᠭᠤᠯᠬᠤ ᠠᠵᠢᠯ ᠢ ᠰᠢᠨ᠎ᠡ ᠪᠠᠷ ᠨᠡᠮᠡᠭᠳᠡᠭᠦᠯᠦᠨ᠂ 16 ᠲᠦᠮᠡᠨ ᠮᠦ ᠨᠤᠲᠤᠭ ᠪᠡᠯᠴᠢᠭᠡᠷ ᠤᠨ ᠪᠦᠲᠦᠭᠡᠨ ᠪᠠᠶᠢᠭᠤᠯᠤᠯᠲᠠ ᠶᠢᠨ ᠡᠭᠦᠷᠭᠡ ᠶᠢ ᠪᠡᠶᠡᠯᠡᠭᠦᠯᠦᠨ᠎ᠡ᠃ ᠭᠤᠷᠪᠠ ᠳᠤ᠂ ᠣᠷᠴᠢᠨ ᠠᠬᠤᠢ ᠶᠢᠨ ᠬᠠᠮᠠᠭᠠᠯᠠᠯᠲᠠ ᠶᠢ ᠦᠷᠭᠦᠯᠵᠢᠯᠡᠨ ᠴᠢᠩᠭᠠᠳᠬᠠᠬᠤ ᠬᠡᠷᠡᠭᠲᠡᠢ᠃ ᠲᠥᠪ ᠤᠨ ᠣᠷᠴᠢᠨ ᠠᠬᠤᠢ ᠶᠢᠨ ᠬᠠᠮᠠᠭᠠᠯᠠᠯᠲᠠ ᠶᠢᠨ ᠰᠢᠪᠠᠳᠠᠨ ᠪᠠᠶᠢᠴᠠᠭᠠᠯᠲᠠ ᠶᠢᠨ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ︽ᠭᠤᠣᠯ ︵ᠨᠠᠭᠤᠷ︶ ᠤᠨ ᠳᠠᠷᠤᠭ᠎ᠠ ᠶᠢᠨ ᠳᠦᠷᠢᠮ︾ ᠢ ᠴᠢᠩᠭᠠᠷᠠᠭᠤᠯᠵᠤ᠂ ᠤᠰᠤᠨ ᠤ ᠡᠬᠢ ᠪᠠᠶᠠᠯᠢᠭ ᠤᠨ ᠬᠠᠮᠢᠶᠠᠷᠤᠯᠲᠠ ᠶᠢᠨ ᠬᠠᠮᠤᠭ ᠤᠨ ᠴᠢᠩᠭ᠎ᠠ ᠳᠦᠷᠢᠮ ᠢ ᠬᠡᠷᠡᠭᠵᠢᠭᠦᠯᠦᠨ᠎ᠡ᠃ ᠪᠠᠷᠢᠮᠵᠢᠶ᠎ᠠ ᠠᠴᠠ ᠬᠡᠲᠦᠷᠡᠭᠦᠯᠦᠨ ᠪᠣᠬᠢᠷᠳᠤᠯ ᠭᠠᠳᠠᠭᠰᠢᠯᠠᠭᠤᠯᠬᠤ᠂ ᠣᠶᠢᠲᠤ ᠭᠠᠵᠠᠷ ᠨᠤᠲᠤᠭ ᠪᠡᠯᠴᠢᠭᠡᠷ ᠢ ᠡᠪᠳᠡᠬᠦ᠂ ᠬᠠᠤᠯᠢ ᠪᠤᠰᠤ ᠪᠠᠷ ᠠᠭᠤᠷᠬᠠᠢ ᠮᠠᠯᠲᠠᠬᠤ ᠵᠡᠷᠭᠡ ᠬᠠᠤᠯᠢ ᠠᠴᠠ ᠵᠥᠷᠢᠴᠡᠭᠰᠡᠨ ᠦᠶᠯᠡ ᠠᠵᠢᠯᠯᠠᠭ᠎ᠠ ᠳᠤ ᠬᠠᠤᠯᠢ ᠶᠣᠰᠣᠭᠠᠷ ᠴᠣᠬᠢᠯᠲᠠ ᠥᠭᠴᠦ᠂ ᠬᠥᠬᠡ ᠲᠡᠭᠷᠢ ᠴᠠᠭᠠᠨ ᠡᠭᠦᠯᠡ ᠶᠢ ᠪᠠᠶᠢᠩᠭᠤ ᠰᠠᠭᠤᠯᠭᠠᠵᠤ᠂ ᠬᠥᠬᠡᠮᠳᠦᠭ ᠤᠰᠤ ᠴᠡᠪᠡᠷ ᠬᠥᠷᠥᠰᠥ ᠶᠢ ᠥᠨᠢᠳᠡ ᠬᠠᠳᠠᠭᠠᠯᠠᠭᠤᠯᠤᠨ᠎ᠠ᠃   ︵ᠵᠢᠷᠭᠤᠭ᠎ᠠ︶ ᠠᠷᠠᠳ ᠲᠦᠮᠡᠨ ᠢ ᠳᠡᠭᠡᠳᠦᠯᠡᠬᠦ ᠶᠢ ᠭᠤᠶᠢᠪᠢᠰᠢ ᠦᠭᠡᠢ ᠪᠠᠷᠢᠮᠲᠠᠯᠠᠵᠤ᠂ ᠠᠭᠤᠯᠠ ᠤᠰᠤ ᠶᠢ ᠬᠠᠮᠠᠭᠠᠯᠠᠨ ᠠᠷᠠᠳ ᠤᠨ ᠠᠮᠢᠳᠤᠷᠠᠯ ᠤᠨ ᠪᠠᠲᠤᠯᠠᠭ᠎ᠠ ᠶᠢ ᠨᠡᠮᠡᠭᠳᠡᠭᠦᠯᠦᠨ᠎ᠡ  ᠠᠷᠠᠳ ᠤᠨ ᠠᠮᠢᠳᠤᠷᠠᠯ ᠠᠵᠢᠯᠴᠢ ᠬᠥᠳᠡᠯᠮᠦᠷᠢᠴᠢ ᠪᠠᠶᠢᠪᠠᠯ ᠠᠯᠢᠪᠠ ᠪᠦᠬᠦᠨ ᠰᠠᠶᠢᠬᠠᠨ ᠪᠣᠯᠣᠨ᠎ᠠ᠃ ᠪᠢᠳᠡ ︽ᠪᠠᠭᠤᠷᠠᠢ ᠳᠤᠨᠢ ᠤᠯᠠᠨ ᠢᠶᠠᠷ ᠢᠶᠠᠨ ᠲᠡᠳᠬᠦᠬᠦ᠂ ᠨᠢᠯᠬ᠎ᠠ ᠳᠤᠨᠢ ᠴᠢᠳᠠᠮᠠᠭᠠᠢ ᠪᠠᠷ ᠬᠥᠮᠥᠵᠢᠭᠦᠯᠬᠦ᠂ ᠰᠤᠷᠤᠯᠴᠠᠬᠤ ᠳᠤ ᠰᠠᠶᠢᠨ ᠰᠤᠷᠭᠠᠨ ᠬᠥᠮᠥᠵᠢᠭᠦᠯᠬᠦ᠂ ᠡᠪᠡᠳᠴᠢᠯᠡᠪᠡᠯ ᠰᠠᠶᠢᠨ ᠡᠮᠴᠢ ᠲᠠᠢ᠂ ᠥᠲᠡᠯᠪᠡᠯ ᠠᠰᠠᠷᠠᠵᠤ ᠲᠡᠵᠢᠭᠡᠬᠦ᠂ ᠰᠠᠭᠤᠬᠤ ᠳᠤ ᠲᠣᠬᠢᠷᠠᠮᠵᠢᠲᠠᠢ ᠪᠠᠶᠢᠬᠤ︾ ᠶᠢ ᠪᠣᠳᠣᠯᠬᠢᠯᠠᠵᠤ᠂ ᠤᠯᠠᠨ ᠲᠡᠰ ᠳᠠᠪᠬᠤᠷᠭ᠎ᠠ ᠶᠢᠨ ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮ ᠢ ᠪᠦᠷᠢᠨᠰᠢᠭᠦᠯᠵᠦ᠂ ᠤᠯᠠᠨ ᠲᠦᠮᠡᠨ ᠳᠤ ᠦᠨᠡᠨ ᠬᠦ ᠬᠤᠪᠢᠷᠠᠯᠲᠠ ᠶᠢ ᠦᠵᠡᠭᠦᠯᠵᠦ᠂ ᠦᠷ᠎ᠡ ᠪᠦᠲᠦᠮᠵᠢ ᠶᠢ ᠦᠵᠡᠭᠦᠯᠵᠦ᠂ ᠪᠣᠳᠠᠲᠤ ᠠᠰᠢᠭ ᠬᠦᠷᠲᠡᠭᠡᠬᠦ ᠬᠡᠷᠡᠭᠲᠡᠢ᠃  ᠨᠢᠭᠡ ᠳᠤ᠂ ᠠᠷᠠᠳ ᠤᠨ ᠠᠮᠢᠳᠤᠷᠠᠯ ᠤᠨ ᠪᠠᠲᠤᠯᠠᠭ᠎ᠠ ᠶᠢ ᠯᠠᠪᠳᠠᠭᠤᠨ ᠪᠠᠲᠤᠲᠠᠢ ᠪᠣᠯᠭᠠᠨ᠎ᠠ᠃ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠪᠢᠯᠧᠲ ᠢᠶᠠᠷ ᠲᠣᠭᠲᠠᠭᠠᠬᠤ ᠲᠦᠷᠦᠯ ᠵᠦᠢᠯ ᠢ ᠴᠢᠨᠠᠷ ᠰᠠᠶᠢᠲᠠᠢ ᠰᠠᠶᠢᠲᠤᠷ ᠬᠢᠵᠦ᠂ ᠠᠷᠠᠳ ᠤᠯᠠᠨ ᠢ ᠨᠡᠩ ᠪᠠᠶᠠᠨ ᠴᠢᠨᠡᠭᠡᠯᠢᠭ᠂ ᠨᠡᠩ ᠪᠠᠲᠤᠯᠠᠭ᠎ᠠ ᠲᠠᠢ᠂ ᠨᠡᠩ ᠥᠨᠳᠥᠷ ᠶᠠᠰᠤ ᠴᠢᠨᠠᠷ ᠲᠠᠢ ᠰᠠᠶᠢᠨ ᠰᠠᠶᠢᠬᠠᠨ ᠠᠮᠢᠳᠤᠷᠠᠯ ᠲᠠᠢ ᠪᠣᠯᠭᠠᠨ᠎ᠠ ᠃ ᠬᠤᠳᠠ ᠪᠠᠯᠭᠠᠰᠤᠨ ᠤ ᠳᠠᠩᠰᠠᠯᠠᠭᠤᠯᠤᠭᠰᠠᠨ ᠠᠵᠢᠯ ᠠᠯᠳᠠᠯᠲᠠ ᠶᠢᠨ ᠨᠤᠷᠮ᠎ᠠ ᠶᠢ 5% ᠶᠢᠨ ᠳᠣᠲᠣᠷ᠎ᠠ ᠬᠢᠵᠠᠭᠠᠷᠯᠠᠨ᠎ᠠ᠃ ᠡᠯ᠎ᠡ ᠲᠥᠷᠥᠯ ᠤᠨ ᠠᠵᠢᠯᠲᠠᠨ ᠡᠯᠰᠡᠬᠦ ᠴᠤᠭᠯᠠᠭᠠᠨ ᠢ 30 ᠲᠠᠯᠠᠪᠠᠶ ᠶᠢ ᠡᠷᠭᠢᠯᠡᠵᠦ᠂ ᠬᠤᠲᠠ ᠪᠠᠯᠭᠠᠰᠤ ᠶᠢᠨ 1100 ᠬᠥᠮᠥᠨ ᠳᠤ ᠰᠢᠨ᠎ᠡ ᠪᠠᠷ ᠠᠵᠢᠯ ᠣᠯᠭᠤᠵᠤ᠂ ᠠᠳᠠᠯ ᠦᠢᠯᠡᠰ ᠴᠣᠭᠴᠠᠯᠠᠬᠤ ᠳᠠᠭᠠᠭᠠᠯᠲᠠ ᠶᠢᠨ ᠵᠢᠭᠡᠯᠡᠯᠭᠡ ᠶᠢ 1600 ᠲᠦᠮᠡᠨ ᠲᠥᠭᠦᠷᠢᠭ ᠲᠠᠯᠪᠢᠪᠠ᠃ ᠡᠮ ᠡᠮᠨᠡᠯᠭᠡ ᠶᠢᠨ ᠳᠠᠭᠠᠳᠬᠠᠯ ᠤᠨ ᠰᠠᠭᠤᠷᠢ ᠮᠥᠩᠭᠦ ᠶᠢᠨ ᠬᠢᠨᠠᠯᠲᠠ ᠬᠠᠮᠢᠶᠠᠷᠤᠯᠲᠠ ᠶᠢᠨ ᠤᠷᠳᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠪᠦᠷᠢᠨᠰᠢᠭᠦᠯᠵᠦ᠂ ᠭᠤᠷᠪᠠᠨ ᠱᠠᠲᠤᠨ ᠤ ᠴᠡᠷᠢᠭ ᠠᠴᠠ ᠬᠠᠯᠠᠭᠳᠠᠭᠰᠠᠳ ᠤᠨ ᠦᠢᠯᠡᠴᠢᠯᠡᠭᠡᠨ ᠤ ᠪᠠᠲᠤᠯᠠᠭ᠎ᠠ ᠶᠢᠨ ᠰᠢᠰᠲ᠋ᠧᠮᠵᠢ ᠶᠢ ᠲᠡᠭᠦᠯᠳᠡᠷᠵᠢᠭᠦᠯᠵᠦ᠂ ᠥᠪᠡᠷᠲᠡᠭᠡᠨ ᠵᠠᠰᠠᠬᠤ ᠣᠷᠣᠨ ᠤ ᠬᠤᠶᠠᠷ ᠢ ᠬᠦᠷᠢᠶᠡᠯᠡᠭᠰᠡᠨ ᠵᠢᠱᠢᠶᠡᠴᠢ ᠬᠤᠲᠠ ᠶᠢ ᠦᠨᠡᠯᠡᠨ ᠵᠢᠱᠢᠵᠦ ᠰᠢᠯᠭᠠᠨ ᠪᠠᠶᠢᠴᠠᠭᠠᠬᠤ ᠶᠢ ᠤᠭᠲᠤᠬᠤ ᠠᠵᠢᠯ ᠢ 5 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠤ ᠬᠢᠯᠢ ᠬᠢᠵᠠᠭᠠᠷ ᠣᠷᠣᠨ ᠤ ᠡᠮᠴᠢᠯᠡᠭᠡ ᠰᠤᠪᠢᠯᠠᠯᠲᠠ ᠶᠢᠨ ᠲᠥᠪ ᠤᠨ ᠲᠥᠷᠥᠯ ᠵᠦᠢᠯ ᠢ ᠬᠡᠷᠡᠭᠵᠢᠭᠦᠯᠵᠦ᠂ ᠶᠡᠷᠦᠩᠬᠡᠶᠢᠯᠡᠭᠰᠡᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠥᠪ ᠢ ᠪᠠᠶᠢᠭᠤᠯᠤᠨ᠂ ︽ᠨᠠᠰᠤᠵᠢᠯ ᠤᠨ ᠠᠰᠠᠷᠠᠮᠵᠢ︾ ᠶᠢ ︽ᠨᠠᠰᠤᠲᠠᠶᠢᠴᠤᠳ ᠢ ᠠᠰᠠᠷᠠᠬᠤ︾ ᠪᠣᠯᠭᠠᠨ ᠬᠤᠪᠢᠷᠠᠭᠤᠯᠤᠨ᠎ᠠ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠪᠠᠷ ᠭᠤᠣᠯ ᠰᠢᠵᠢᠮ ᠪᠣᠯᠭᠠᠵᠤ᠂ ᠨᠠᠮ ᠤᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠵᠤ᠂ ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠲᠤᠭ ᠢ ᠴᠢᠷᠮᠠᠶᠢᠨ ᠡᠭᠦᠳᠬᠦ ᠬᠡᠷᠡᠭᠲᠡᠢ᠃  ᠬᠤᠶᠠᠷ ᠲᠤ᠂ ᠰᠤᠷᠭᠠᠨ ᠬᠥᠮᠦᠵᠢᠯ ᠢ ᠡᠩ ᠲᠡᠷᠢᠭᠦᠨ ᠳᠤ ᠬᠥᠭᠵᠢᠭᠦᠯᠬᠦ ᠶᠢ ᠪᠠᠷᠢᠮᠲᠠᠯᠠᠨ᠎ᠠ᠃ ᠭᠦᠨ ᠬᠠᠭᠠᠯᠪᠤᠷᠢᠯᠠᠬᠤ ᠰᠤᠷᠭᠠᠨ ᠬᠥᠮᠦᠵᠢᠯ ᠤᠨ ᠶᠠᠰᠤ ᠴᠢᠨᠠᠷ ᠢ ᠳᠡᠭᠡᠭᠰᠢᠯᠡᠭᠦᠯᠵᠦ᠂ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠴᠡᠴᠡᠷᠯᠢᠭ ᠲᠤ ᠣᠷᠣᠬᠤ ᠪᠥᠬᠦ ᠨᠣᠷᠮ᠎ᠠ᠂ ᠠᠯᠪᠠᠨ ᠵᠢᠷᠤᠮ ᠤᠨ ᠰᠤᠷᠭᠠᠨ ᠬᠥᠮᠦᠵᠢᠯ ᠢ ᠪᠠᠬᠢᠵᠢᠭᠦᠯᠬᠦ ᠨᠣᠷᠮ᠎ᠠ᠂ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠱᠠᠲᠤᠨ ᠤ ᠰᠤᠷᠭᠠᠭᠤᠯᠢ ᠳᠤ ᠣᠷᠣᠬᠤ ᠪᠥᠬᠦ ᠨᠣᠷᠮ᠎ᠠ ᠶᠢ 95% ᠠᠴᠠ ᠳᠡᠭᠡᠭᠰᠢ ᠳᠤ ᠲᠣᠭᠲᠠᠭᠤᠨ ᠪᠠᠶᠢᠯᠭᠠᠵᠤ᠂ ᠵᠡᠮᠳᠡᠭ ᠬᠡᠦᠬᠡᠳ ᠤᠨ ᠠᠯᠪᠠᠨ ᠵᠢᠷᠤᠮ ᠤᠨ ᠰᠤᠷᠭᠠᠨ ᠬᠥᠮᠦᠵᠢᠯ ᠭᠥᠷᠳᠡᠬᠦ ᠬᠠᠷᠢᠴᠠᠯ ᠢ 100% ᠳᠤ ᠬᠦᠷᠦᠭᠦᠯᠦᠨ᠎ᠡ᠃ ᠬᠤᠰᠢᠭᠤᠨ ᠤ ᠨᠢᠭᠡᠳᠦᠭᠡᠷ ᠳᠤᠮᠳᠠᠳᠤ ᠰᠤᠷᠭᠠᠭᠤᠯᠢ᠂ ᠨᠢᠭᠡᠳᠦᠭᠡᠷ ᠪᠠᠭ᠎ᠠ ᠰᠤᠷᠭᠠᠭᠤᠯᠢ ᠶᠢ ᠥᠭᠡᠷᠡᠴᠢᠯᠡᠵᠦ ᠥᠷᠭᠡᠳᠬᠡᠨ ᠪᠠᠶᠢᠭᠤᠯᠬᠤ ᠢᠨᠵᠧᠨᠧᠷᠢᠩ ᠢ ᠦᠷᠭᠦᠯᠵᠢᠯᠡᠨ ᠠᠬᠢᠭᠤᠯᠵᠤ᠂ ᠬᠢᠩᠭᠠᠨ ᠤ ᠬᠠᠢ ᠳ᠋ᠢᠶᠠᠨ ᠰᠤᠷᠭᠠᠭᠤᠯᠢ ᠶᠢ ᠲᠤᠰᠢᠶᠠᠨ ᠥᠭᠴᠦ ᠬᠡᠷᠡᠭᠯᠡᠭᠦᠯᠦᠨ᠎ᠡ᠃ ᠰᠤᠷᠭᠠᠭᠤᠯᠢ ᠶᠢᠨ ᠵᠠᠬᠢᠷᠤᠯ᠂ ᠪᠠᠭᠰᠢ ᠶᠢᠨ ᠡᠩᠨᠡᠭᠡ ᠶᠢᠨ ᠪᠠᠶᠢᠭᠤᠯᠤᠯᠲᠠ ᠶᠢ ᠦᠷᠭᠦᠯᠵᠢᠯᠡᠨ ᠴᠢᠩᠭᠠᠳᠬᠠᠵᠤ᠂ ᠪᠠᠭᠰᠢ ᠶᠢ ᠣᠷᠣᠭᠤᠯᠤᠨ ᠠᠪᠴᠢᠷᠠᠬᠤ᠂ ᠰᠤᠷᠭᠠᠭᠤᠯᠢ ᠶᠢᠨ ᠵᠠᠬᠢᠷᠤᠯ ᠢ ᠰᠢᠯᠢᠨ ᠰᠣᠩᠭᠤᠬᠤ ᠵᠡᠷᠭᠡ ᠠᠷᠭ᠎ᠠ ᠮᠠᠶ᠋ᠢᠭ ᠢᠶᠠᠷ ᠠᠵᠢᠯ ᠤᠨ ᠪᠠᠶᠢᠷᠢ ᠡᠭᠡᠯᠵᠢᠯᠡᠭᠦᠯᠬᠦ ᠶᠢ ᠠᠬᠢᠭᠤᠯᠤᠨ᠂ ᠰᠤᠷᠭᠠᠨ ᠬᠥᠮᠦᠵᠢᠯ ᠤᠨ ᠪᠠᠶᠢᠷᠢᠰᠢᠭᠤᠯᠤᠯᠲᠠ ᠶᠢ ᠲᠠᠰᠤᠷᠠᠯᠲᠠ ᠦᠭᠡᠢ ᠰᠢᠯᠢᠳᠡᠭᠵᠢᠭᠦᠯᠵᠦ᠂ ᠨᠢᠭᠡ ᠪᠦᠯᠦᠭ ︽ᠡᠮᠦᠨᠡᠲᠦ ᠬᠤᠰᠢᠭᠤᠨ ᠤ ᠨᠠᠷᠠᠲᠤ ᠪᠠᠭᠰᠢ᠂ ᠡᠮᠦᠨᠡᠲᠦ ᠬᠤᠰᠢᠭᠤᠨ ᠤ ᠨᠠᠷᠠᠲᠤ ᠰᠤᠷᠭᠠᠭᠤᠯᠢ︾ ᠶᠢ ᠪᠥᠬᠦ ᠬᠦᠴᠦᠨ ᠢᠶᠠᠷ ᠢᠶᠠᠨ ᠴᠣᠭᠴᠠᠯᠠᠨ ᠪᠠᠶᠢᠭᠤᠯᠵᠤ᠂ ᠰᠤᠷᠭᠠᠨ ᠬᠥᠮᠦᠵᠢᠯ ᠤᠨ ᠦᠢᠯᠡᠰ ᠤᠨ ᠰᠢᠨ᠎ᠡ ᠥᠨᠳᠦᠷᠯᠢᠭ ᠢ ᠪᠠᠬᠢᠵᠢᠭᠦᠯᠦᠨ᠎ᠡ᠃ ᠬᠠᠢ ᠳ᠋ᠢᠶᠠᠨ ᠲᠣᠭᠤᠷᠢᠭ᠂ ᠪᠡᠭᠡᠵᠢᠩ ᠤᠨ ᠣᠶ ᠰᠢᠭᠤᠢ ᠶᠢᠨ ᠶᠡᠭᠡ ᠰᠤᠷᠭᠠᠭᠤᠯᠢ᠂ ᠳᠤᠮᠳᠠᠳᠤ ᠤᠯᠤᠰ ᠤᠨ ᠵᠠᠭᠤᠴᠢᠯᠠᠭᠤᠷ ᠤᠨ ᠶᠡᠭᠡ ᠰᠤᠷᠭᠠᠭᠤᠯᠢ ᠵᠡᠷᠭᠡ ᠴᠢᠳᠠᠪᠤᠷᠢᠲᠠᠨ ᠤ ᠳᠠᠪᠠᠭᠤᠯᠢᠭ ᠲᠤ ᠲᠦᠰᠢᠭᠯᠡᠨ᠂ ᠪᠠᠭᠰᠢ ᠶᠢᠨ ᠰᠣᠯᠢᠯᠴᠠᠭ᠎ᠠ ᠪᠣᠯᠪᠠᠰᠤᠷᠠᠭᠤᠯᠤᠯ ᠢ 60 ᠤᠳᠠᠭ᠎ᠠ ᠥᠷᠨᠢᠭᠦᠯᠵᠦ᠂ ᠪᠠᠭᠰᠢ ᠶᠢᠨ ᠲᠤᠰᠬᠠᠢ ᠮᠡᠷᠭᠡᠵᠢᠯ ᠤᠨ ᠪᠤᠶᠢᠵᠢᠯᠲᠠ ᠶᠢᠨ ︽ᠲᠦᠷᠭᠡᠨ ᠵᠠᠮ︾ ᠳᠤ ᠣᠷᠣᠬᠤ ᠶᠢ ᠳᠡᠮᠵᠢᠪᠡ᠃   ᠭᠤᠷᠪᠠ ᠳᠤ᠂ ᠡᠷᠡᠭᠦᠯ ᠬᠠᠮᠠᠭᠠᠯᠠᠯ ᠢ ᠴᠢᠬᠤᠯᠠᠴᠢᠯᠠᠵᠤ᠂ ᠡᠷᠡᠭᠦᠯ ᠮᠡᠨᠳᠦ ᠶᠢ ᠬᠠᠮᠲᠤ ᠪᠠᠷ ᠡᠳ᠋ᠯᠡᠨ᠎ᠡ᠃ ᠡᠷᠡᠭᠦᠯ ᠡᠩᠬᠡ ᠡᠮᠦᠨᠡᠲᠦ ᠬᠤᠰᠢᠭᠤᠨ ᠤ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠡᠮ ᠡᠮᠨᠡᠯᠭᠡ ᠶᠢᠨ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢ ᠴᠢᠩᠭᠠᠳᠬᠠᠨ᠂ ︽ᠬᠤᠰᠢᠭᠤᠨ ᠳᠣᠲᠣᠷᠠᠬᠢ ᠡᠪᠡᠳᠴᠢᠲᠡᠨ ᠤ ᠡᠪᠡᠳᠴᠢᠨ ᠦᠵᠡᠭᠦᠯᠬᠦ ᠨᠣᠷᠮ᠎ᠠ ᠶᠢ 90% ᠠᠴᠠ ᠳᠡᠭᠡᠭᠰᠢ ᠪᠠᠶᠢᠯᠭᠠᠬᠤ ᠶᠢ ᠪᠡᠶᠡᠯᠡᠭᠦᠯᠦᠨ᠎ᠡ᠃ ᠦᠨᠳᠦᠰᠦᠨ ᠱᠠᠲᠤᠨ ᠤ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠵᠦ᠂ ᠭᠡᠷ ᠪᠦᠯᠢ ᠶᠢᠨ ᠡᠮᠴᠢ ᠶᠢᠨ ᠭᠡᠷ᠎ᠡ ᠲᠣᠭᠲᠠᠨ ᠦᠢᠯᠡᠴᠢᠯᠡᠬᠦ ᠪᠦᠷᠬᠦᠴᠡ ᠶᠢᠨ ᠨᠣᠷᠮ᠎ᠠ ᠶᠢ 55%᠂ ᠭᠤᠣᠯᠳᠠᠯᠭ᠎ᠠ ᠲᠠᠢ ᠬᠥᠮᠥᠰ ᠢ 80% ᠳᠤ ᠬᠦᠷᠦᠭᠦᠯᠬᠦ ᠶᠢ ᠦᠨᠡᠨᠬᠦ ᠪᠠᠲᠤᠯᠠᠵᠤ᠂ ᠣᠯᠠᠨ ᠲᠦᠮᠡᠨ ᠢ ᠨᠠᠩ ᠢᠯᠡᠭᠦᠦ ︽ᠡᠮᠨᠡᠬᠦ︾ ᠲᠦᠰᠢᠭ ᠲᠠᠢ ᠪᠣᠯᠭᠠᠨ᠎ᠠ᠃ ᠬᠢᠲᠠᠳ ᠡᠮᠨᠡᠯᠭᠡ ︵ᠮᠣᠩᠭᠤᠯ ᠡᠮᠨᠡᠯᠭᠡ︶ ᠶᠢᠨ ᠲᠣᠬᠢᠷᠠᠬᠤ ᠮᠡᠷᠭᠡᠵᠢᠯ ᠢ ᠳᠡᠯᠭᠡᠷᠡᠭᠦᠯᠵᠦ᠂ ᠬᠢᠲᠠᠳ ᠡᠮ ᠡᠮᠨᠡᠯᠭᠡ ᠶᠢ ᠤᠯᠠᠮᠵᠢᠯᠠᠨ ᠵᠠᠯᠭᠠᠮᠵᠢᠯᠠᠵᠤ ᠰᠢᠨ᠎ᠡ ᠶᠢ ᠡᠭᠦᠳᠦᠨ ᠬᠥᠭᠵᠢᠭᠦᠯᠬᠦ ᠶᠢ ᠠᠬᠢᠭᠤᠯᠤᠨ᠎ᠠ᠃ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠰᠢᠰᠲ᠋ᠧᠮᠵᠢ ᠶᠢ ᠪᠦᠷᠢᠨᠰᠢᠭᠦᠯᠵᠦ᠂ ᠬᠤᠰᠢᠭᠤᠨ ᠤ ᠡᠮᠨᠡᠯᠭᠡ ᠶᠢᠨ ᠬᠤᠷᠢᠶ᠎ᠠ ᠶᠢᠨ ᠳᠦᠷᠪᠡᠳᠦᠭᠡᠷ ᠨᠣᠮᠧᠷᠲᠤ ᠡᠪᠡᠳᠴᠢᠲᠡᠨ ᠤ ᠥᠷᠥᠭᠡ ᠶᠢᠨ ᠠᠰᠠᠷ ᠢ ᠳᠡᠭᠡᠭᠰᠢᠯᠡᠭᠦᠯᠦᠨ ᠥᠷᠭᠡᠳᠬᠡᠨ ᠪᠠᠶᠢᠭᠤᠯᠬᠤ ᠶᠢ ᠠᠬᠢᠭᠤᠯᠤᠨ᠂ ᠡᠮᠴᠢᠯᠡᠭᠡᠨ ᠤ ᠡᠳ᠋ ᠪᠣᠳᠠᠰ ᠬᠢᠭᠡᠳ ᠴᠢᠳᠠᠪᠤᠷᠢᠲᠠᠨ ᠤ ᠨᠥᠭᠡᠴᠡᠯᠡᠯ ᠤᠨ ᠲᠤᠯᠭᠠᠭᠤᠷᠢᠯᠠᠯ ᠢ ᠴᠢᠩᠭᠠᠷᠠᠭᠤᠯᠵᠤ᠂ ᠬᠦᠨᠳᠦ ᠶᠡᠭᠡ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠪᠤᠷᠠᠨ ᠵᠠᠰᠠᠬᠤ ᠰᠢᠰᠲ᠋ᠧᠮᠵᠢ ᠪᠠ ᠪᠠᠴᠢᠮ ᠪᠠᠶᠢᠳᠠᠯ ᠢ ᠠᠷᠭᠠᠴᠠᠬᠤ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠨ᠂ ᠬᠦᠨᠳᠦ ᠶᠡᠭᠡ ᠬᠠᠯᠳᠠᠪᠤᠷᠢᠲᠤ ᠴᠢᠨᠠᠷᠲᠠᠢ ᠡᠪᠡᠳᠴᠢᠨ ᠡᠮᠭᠡᠭ ᠳᠡᠯᠭᠡᠷᠡᠬᠦ ᠶᠢ ᠪᠦᠲᠦᠮᠵᠢᠲᠡᠶ ᠬᠤᠷᠢᠭᠯᠠᠨ᠎ᠠ᠃ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠬᠥᠳᠡᠯᠭᠡᠭᠡᠨ ᠢ ᠭᠦᠨᠵᠡᠭᠡᠢ ᠥᠷᠨᠢᠭᠦᠯᠵᠦ᠂ ᠡᠷᠡᠭᠦᠯ ᠪᠣᠯᠪᠠᠰᠤᠨ ᠠᠮᠢᠳᠤᠷᠠᠯ ᠤᠨ ᠠᠷᠭ᠎ᠠ ᠮᠠᠶ᠋ᠢᠭ ᠢ ᠰᠠᠨᠠᠭᠠᠴᠢᠯᠠᠨ᠎ᠠ᠃   ᠳᠥᠷᠪᠡ ᠳᠤ᠂ ᠣᠨᠴᠠᠯᠢᠭᠲᠤ ᠰᠣᠶᠣᠯ ᠲᠠᠮᠢᠷ ᠤᠨ ᠨᠠᠷᠠᠲᠤ ᠲᠥᠷᠥᠯ ᠲᠡᠮᠳᠡᠭᠲᠦ ᠶᠢ ᠠᠭᠤᠳᠠᠯᠤᠨ᠎ᠠ᠃ ︽ᠭᠤᠷᠪᠠᠨ ᠣᠷᠳᠣᠨ ᠨᠢᠭᠡ ᠥᠷᠲᠡᠭᠡ︾ ᠶᠢᠨ ᠲᠣᠭᠠᠴᠢᠯᠠᠭᠰᠠᠨ ᠪᠦᠲᠦᠭᠡᠨ ᠪᠠᠶᠢᠭᠤᠯᠤᠯᠲᠠ ᠶᠢ ᠰᠠᠶᠢᠲᠤᠷ ᠬᠢᠵᠦ᠂ ᠰᠣᠶᠣᠯ ᠤᠨ ᠠᠵᠢᠯ ᠤᠨ ᠰᠢᠨ᠎ᠡ ᠰᠢᠪᠲᠤᠯᠤᠯᠲᠠ ᠶᠢ ᠪᠥᠬᠦ ᠬᠦᠴᠦᠨ ᠢᠶᠠᠷ ᠢᠶᠠᠨ ᠲᠦᠯᠬᠢᠨ ᠠᠬᠢᠭᠤᠯᠤᠨ᠎ᠠ᠃ ᠤᠯᠠᠭᠠᠨᠮᠦᠴᠢᠷ ᠤᠨ ᠦᠢᠯᠡᠰ ᠤᠨ ᠬᠥᠭᠵᠢᠯᠲᠡ ᠶᠢ ᠲᠦᠷᠭᠡᠳᠬᠡᠵᠦ᠂ 2023 ᠣᠨ ᠤ ᠡᠮᠦᠨᠡᠲᠦ ᠬᠤᠰᠢᠭᠤᠨ ᠤ ᠴᠠᠭᠠᠨ ᠰᠠᠷ᠎ᠠ ᠶᠢᠨ ᠦᠳᠡᠰᠢᠯᠡᠭᠡ ᠶᠢ ᠴᠢᠨᠠᠷ ᠰᠠᠶᠢᠲᠠᠢ ᠡᠷᠭᠢᠯᠡᠵᠦ᠂ ᠪᠥᠬᠦ ᠵᠢᠯ ᠳᠤ ᠠᠷᠠᠳ ᠲᠤ ᠠᠰᠢᠭ ᠬᠦᠷᠲᠡᠭᠡᠬᠦ ᠲᠣᠮᠣ ᠬᠡᠯᠪᠡᠷᠢ ᠶᠢᠨ ᠰᠣᠶᠣᠯ ᠤᠨ ᠠᠵᠢᠯᠯᠠᠭ᠎ᠠ ᠶᠢ 30 ᠲᠠᠯᠠᠪᠤᠷ ᠡᠷᠭᠢᠯᠡᠵᠦ᠂ ᠠᠷᠠᠳ ᠲᠦᠮᠡᠨ ᠳᠤ ᠨᠠᠩ ᠪᠦᠷᠢᠨ ᠲᠡᠭᠦᠯᠳᠡᠷ᠂ ᠨᠠᠩ ᠪᠠᠶᠠᠯᠢᠭ᠂ ᠨᠠᠩ ᠴᠢᠨᠠᠷ ᠰᠠᠶᠢᠲᠠᠢ ᠣᠶᠤᠨ ᠤ ᠰᠣᠶᠣᠯ ᠤᠨ ᠠᠮᠢᠳᠤᠷᠠᠯ ᠢ ᠡᠳ᠋ᠯᠡᠭᠦᠯᠦᠨ᠎ᠡ᠃ ᠲᠡᠦᠬᠡ ᠶᠢᠨ ᠳᠤᠷᠠᠰᠬᠠᠯᠲᠤ ᠵᠦᠢᠯᠡᠰ ᠤᠨ ᠡᠳᠦᠷ ᠲᠤᠲᠤᠮ ᠤᠨ ᠲᠣᠭᠤᠷᠢᠨ ᠪᠠᠶᠢᠴᠠᠭᠠᠬᠤ ᠡᠷᠴᠢᠮ ᠢ ᠴᠢᠩᠭᠠᠷᠠᠭᠤᠯᠵᠤ ᠂ ᠲᠡᠦᠬᠡ ᠶᠢᠨ ᠳᠤᠷᠠᠰᠬᠠᠯᠲᠤ ᠵᠦᠢᠯᠡᠰ ᠤᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠪᠠ ᠣᠷᠣᠨ ᠪᠦᠰᠡ ᠶᠢᠨ ᠦᠨᠡᠯᠡᠨ ᠵᠢᠱᠢᠵᠦ ᠬᠠᠶᠢᠨ ᠰᠢᠨᠵᠢᠬᠦ ᠤᠯᠤᠰ ᠤᠨ ᠲᠠᠰ ᠤᠨ ᠪᠣᠳᠠᠰ ᠤᠨ ᠪᠤᠰᠤ ᠰᠣᠶᠣᠯ ᠤᠨ ᠥᠪ ᠤᠨ ᠠᠵᠢᠯᠯᠠᠭ᠎ᠠ ᠶᠢ ᠥᠷᠨᠢᠭᠦᠯᠵᠦ᠂ ᠤᠯᠠᠮᠵᠢᠯᠠᠯᠲᠤ ᠴᠠᠭᠠᠨ ᠢᠳᠡᠭᠡ᠂ ᠬᠠᠳᠬᠤᠮᠠᠯ᠂ ᠨᠣᠣᠰᠣ ᠨᠣᠯᠤᠥᠷ ᠤᠨ ᠪᠦᠲᠦᠭᠡᠭᠳᠡᠬᠦᠨ ᠵᠡᠷᠭᠡ ᠥᠪ ᠤᠨ ᠪᠤᠰᠤ ᠦᠢᠯᠡᠰ ᠤᠨ ᠰᠦᠷᠦᠭᠵᠢᠯ ᠢ ᠪᠣᠶ ᠪᠣᠯᠭᠠᠨ᠎ᠠ᠃ ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ ᠰᠢᠷᠢᠰ ᠠᠵᠢᠯᠯᠠᠭ᠎ᠠ ᠶᠢ ᠥᠷᠨᠢᠭᠦᠯᠵᠦ᠂ ᠪᠦᠬᠦ ᠤᠯᠤᠰ ᠤᠨ ᠲᠠᠯ᠎ᠠ ᠨᠤᠲᠤᠭ ᠤᠨ ᠮᠠᠷᠠᠰᠤᠨ ᠤ ᠤᠷᠢᠯᠭ᠎ᠠ ᠶᠢᠨ ᠤᠷᠤᠯᠳᠤᠭᠠᠨ ᠢ ᠡᠷᠬᠢᠯᠡᠵᠦ᠂ ᠠᠷᠠᠳ ᠤᠯᠠᠨ ᠤ ᠳᠡᠷᠭᠡᠳᠡᠬᠢ ︽ᠪᠡᠶ᠎ᠡ ᠴᠢᠭᠢᠷᠠᠭᠵᠢᠭᠤᠯᠬᠤ ᠬᠦᠷᠢᠶ᠎ᠡ︾ ᠶᠢ ᠲᠡᠭᠦᠯᠳᠡᠷᠵᠢᠭᠦᠯᠵᠦ᠂ ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ ᠪᠠ ᠪᠦᠬᠦ ᠠᠷᠠᠳ ᠤᠨ ᠡᠷᠡᠭᠦᠯ ᠮᠡᠨᠳᠦ ᠶᠢᠨ ᠭᠦᠨᠵᠡᠭᠡᠢ ᠠᠭᠤᠰᠤᠯᠴᠠᠯ ᠢ ᠲᠦᠯᠬᠢᠨ ᠠᠬᠢᠭᠤᠯᠤᠨ᠎ᠠ᠃  ᠲᠠᠪᠤ ᠳᠤ᠂ ᠨᠡᠶᠢᠭᠡᠮ ᠤᠨ ᠡᠶ᠎ᠡ ᠵᠣᠬᠢᠴᠠᠯ ᠪᠠ ᠲᠣᠭᠲᠠᠭᠤᠨ ᠪᠠᠶᠢᠳᠠᠯ ᠢ ᠬᠠᠮᠠᠭᠠᠯᠠᠨ᠎ᠠ᠃ ︽ᠨᠠᠢᠮᠠ ᠲᠠᠪᠤ︾ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠤᠬᠠᠭᠤᠯᠭ᠎ᠠ ᠬᠥᠮᠦᠵᠢᠯ ᠢ ᠯᠠᠪᠳᠠᠭᠤᠨ ᠢᠶᠠᠷ ᠲᠦᠯᠬᠢᠨ ᠠᠬᠢᠭᠤᠯᠵᠤ᠂ ᠰᠢᠨᠵᠢᠯᠡᠬᠦ ᠤᠬᠠᠭᠠᠨᠴᠢ ᠪᠠᠷ ᠬᠠᠤᠯᠢ ᠲᠣᠭᠲᠠᠭᠠᠬᠤ᠂ ᠵᠢᠷᠤᠮᠵᠢᠯ ᠲᠠᠢ ᠪᠠᠷ ᠬᠠᠤᠯᠢ ᠬᠡᠷᠡᠭᠵᠢᠭᠦᠯᠬᠦ᠂ ᠲᠥᠪ ᠭᠤᠣᠯᠴᠢ ᠪᠠᠷ ᠬᠠᠤᠯᠢ ᠪᠠᠷᠢᠬᠤ ᠶᠢ ᠨᠢᠭᠡ ᠴᠣᠭᠴᠠᠵᠢᠭᠤᠯᠤᠨ ᠲᠦᠯᠬᠢᠨ ᠠᠬᠢᠭᠤᠯᠤᠨ᠎ᠠ᠃ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠶᠢ ᠪᠠᠶᠢᠩᠭᠤᠵᠢᠭᠤᠯᠬᠤ ᠶᠢ ᠭᠦᠨᠵᠡᠭᠡᠢ ᠠᠬᠢᠭᠤᠯᠵᠤ᠂ ᠤᠯᠠᠨ ᠲᠦᠮᠡᠨ ᠤ ᠲᠤᠰᠬᠠᠯ ᠴᠢᠩᠭ᠎ᠠ ᠪᠠᠶᠢᠭ᠎ᠠ ᠡᠯ᠎ᠡ ᠲᠦᠷᠦᠯ ᠤᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠶᠢ ᠬᠠᠤᠯᠢ ᠶᠣᠰᠣᠭᠠᠷ ᠴᠢᠩᠭ᠎ᠠ ᠰᠢᠳᠭᠡᠵᠦ᠂ ᠠᠮᠢᠨ ᠬᠡᠷᠡᠭ ᠢ ᠰᠡᠷᠭᠡᠶᠢᠯᠡᠬᠦ ᠲᠦᠪᠰᠢᠨ ᠢ ᠳᠡᠭᠡᠭᠰᠢᠯᠡᠭᠦᠯᠵᠦ᠂︽ᠬᠠᠷ᠎ᠠ ᠬᠤᠨ ᠭᠠᠯᠠᠭᠤ︾᠂ ︽ᠪᠣᠷᠣ ᠬᠡᠷᠢᠰ︾ ᠤᠨ ᠬᠡᠷᠡᠭ ᠭᠠᠷᠬᠤ ᠶᠢ ᠰᠡᠷᠭᠡᠶᠢᠯᠡᠨ᠎ᠡ᠃ ᠬᠠᠮᠲᠤ ᠪᠠᠷ ᠪᠠᠶᠢᠭᠤᠯᠬᠤ᠂ ᠬᠠᠮᠲᠤ ᠪᠠᠷ ᠵᠠᠰᠠᠬᠤ᠂ ᠬᠠᠮᠲᠤ ᠪᠠᠷ ᠡᠳ᠋ᠯᠡᠬᠦ ᠨᠡᠶᠢᠭᠡᠮ ᠤᠨ ᠵᠠᠰᠠᠯᠲᠠ ᠶᠢᠨ ᠳᠦᠷᠢᠮ ᠢ ᠤᠯᠠᠮ ᠨᠢᠭᠡ ᠠᠯᠬᠤᠮ ᠪᠦᠷᠢᠨᠰᠢᠭᠦᠯᠵᠦ᠂ ᠠᠮᠤᠭᠤᠯᠠᠩ ᠲᠠᠶᠢᠪᠤᠩ ᠡᠮᠦᠨᠡᠲᠦ ᠬᠤᠰᠢᠭᠤᠨ ᠤ ᠪᠦᠲᠦᠭᠡᠨ ᠪᠠᠶᠢᠭᠤᠯᠤᠯᠲᠠ ᠶᠢ ᠨᠠᠩ ᠥᠨᠳᠥᠷ ᠲᠦᠪᠰᠢᠨ ᠳᠤ ᠬᠦᠷᠭᠡᠨ᠎ᠡ᠃ ᠵᠠᠬᠢᠳᠠᠯ ᠰᠣᠷᠪᠤᠯᠵᠢᠯᠠᠭ᠎ᠠ ᠶᠢᠨ ᠠᠵᠢᠯ ᠢ ᠴᠢᠩᠭᠠᠳᠬᠠᠨ ᠰᠠᠶᠢᠵᠢᠷᠠᠭᠤᠯᠵᠤ᠂ ᠤᠯᠠᠨ ᠲᠦᠮᠡᠨ ᠤ ᠵᠦᠢ ᠶᠣᠰᠣᠨ ᠤ ᠭᠤᠮᠣᠳᠠᠯ ᠱᠠᠭᠠᠷᠳᠠᠯᠭ᠎ᠠ ᠶᠢ ᠦᠨᠡᠨ ᠬᠦ ᠰᠢᠢᠳᠪᠦᠷᠢᠯᠡᠨ᠎ᠡ᠃ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢ ᠪᠦᠬᠦ ᠲᠠᠯ᠎ᠠ ᠪᠠᠷ ᠴᠢᠩᠭ᠎ᠠ ᠪᠥᠭᠡᠳ ᠪᠣᠳᠠᠲᠠᠶᠢᠵᠢᠭᠤᠯᠵᠤ᠂ ᠦᠢᠯᠡᠳᠪᠦᠷᠢᠯᠡᠯ ᠤᠨ ᠠᠶᠤᠯᠭᠦᠢ ᠶᠢᠨ ᠬᠦᠨᠳᠦ ᠶᠡᠭᠡ ᠣᠨᠴᠠ ᠶᠡᠭᠡ ᠡ᠊ᠨᠳᠡᠯ ᠢ ᠡᠷᠡᠰ ᠬᠤᠷᠢᠭᠯᠠᠨ᠎ᠠ᠃   ︵ᠲᠤᠯᠤᠭ᠎ᠠ︶ ᠲᠦᠷᠦ ᠶᠢᠨ ᠪᠣᠳᠣᠯᠭ᠎ᠠ ᠶᠢ ᠬᠡᠷᠡᠭᠵᠢᠭᠦᠯᠦᠨ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠴᠢᠩᠭᠠᠳᠬᠠᠵᠤ᠂ ᠤᠷᠤᠰᠬᠠᠯ ᠤᠨ ᠲᠦᠷᠦᠭᠦᠨ ᠳᠤ ᠵᠣᠷᠢᠭᠲᠠᠢ ᠪᠠᠷ ᠵᠣᠭᠰᠣᠵᠤ ᠨᠡᠭᠡᠭᠡᠯᠲᠡ ᠶᠢᠨ ᠠᠤᠭ᠎ᠠ ᠬᠠᠭᠤᠳᠠᠰᠤ ᠶᠢ ᠪᠢᠴᠢᠭᠯᠡᠨ᠎ᠡ  ᠥᠭᠡᠷᠡᠴᠢᠯᠡᠯᠲᠡ ᠨᠡᠭᠡᠭᠡᠯᠲᠡ ᠶᠢ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ︽ᠵᠠᠩᠭᠢᠯᠠᠭ᠎ᠠ ᠶᠢᠨ ᠠᠷᠭ᠎ᠠ︾ ᠪᠣᠯᠭᠠᠬᠤ ᠶᠢ ᠪᠠᠷᠢᠮᠲᠠᠯᠠᠵᠤ᠂ ᠥᠭᠡᠷᠡᠴᠢᠯᠡᠯᠲᠡ ᠪᠠᠷ ᠨᠡᠭᠡᠭᠡᠯᠲᠡ ᠶᠢ ᠠᠬᠢᠭᠤᠯᠵᠤ᠂ ᠨᠡᠭᠡᠭᠡᠯᠲᠡ ᠪᠠᠷ ᠬᠥᠭᠵᠢᠯᠲᠡ ᠶᠢ ᠠᠬᠢᠭᠤᠯᠵᠤ᠂ ᠳᠣᠲᠣᠭᠠᠳᠤ ᠶᠢᠨ ᠡᠯᠧᠮᠧᠨ᠋ᠲ ᠢ ᠬᠥᠭᠵᠢᠭᠡᠵᠦ᠂ ᠭᠠᠳᠠᠭᠠᠳᠤ ᠶᠢᠨ ᠡᠬᠢ ᠪᠠᠶᠠᠯᠢᠭ ᠢ ᠲᠠᠲᠠᠵᠤ᠂ ᠴᠢᠨᠠᠷ ᠰᠠᠶᠢᠲᠠᠢ ᠬᠥᠭᠵᠢᠯᠲᠡ ᠳᠤ ᠬᠦᠴᠦᠷᠬᠡᠭ ᠶᠡᠭᠡ ᠬᠥᠳᠡᠯᠭᠡᠭᠦ ᠬᠦᠴᠦᠨ ᠨᠡᠮᠡᠷᠢᠯᠡᠨ᠎ᠡ᠃   ᠨᠢᠭᠡ ᠳᠤ᠂ ᠭᠤᠣᠯᠳᠠᠯᠭ᠎ᠠ ᠲᠠᠢ ᠬᠦᠷᠢᠶᠡᠨ ᠳᠠᠬᠢ ᠥᠭᠡᠷᠡᠴᠢᠯᠡᠯᠲᠡ ᠶᠢ ᠪᠦᠬᠦ ᠲᠠᠯ᠎ᠠ ᠪᠠᠷ ᠠᠬᠢᠭᠤᠯᠤᠨ᠎ᠠ᠃ ︽ᠠᠵᠤ ᠠᠬᠤᠶᠢᠯᠠᠯ ᠢ ᠳᠡᠮᠵᠢᠨ ᠬᠦᠴᠢᠷᠳᠡᠯ ᠢ ᠰᠢᠢᠳᠪᠦᠷᠢᠯᠡᠬᠦ︾ ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ ᠠᠵᠤ ᠠᠬᠤᠶᠢᠯᠠᠯ ᠤᠨ ︽ᠵᠢᠷᠤᠮᠯᠠᠬᠤ ᠲᠥᠷᠥ ᠶᠢᠨ ᠪᠣᠳᠣᠯᠭ᠎ᠠ ᠲᠠᠢ᠂ ᠬᠡᠷᠡᠭᠵᠢᠭᠦᠯᠦᠭᠦᠰᠢᠲᠡᠢ ᠠᠷᠭ᠎ᠠ ᠪᠣᠳᠣᠯᠭ᠎ᠠ ᠲᠠᠢ︾ ᠪᠠᠶᠢᠬᠤ ᠶᠢ ᠠᠬᠢᠭᠤᠯᠤᠨ᠎ᠠ᠃ ᠪᠥᠬᠦ ᠶᠠᠪᠤᠴᠠ ᠪᠠᠷ᠂ ᠪᠦᠬᠦᠨ ᠢ ᠬᠠᠮᠤᠷᠤᠭᠰᠠᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠬᠢᠨᠠᠨ ᠵᠥᠪᠰᠢᠶᠡᠷᠡᠬᠦ ᠳᠦᠷᠢᠮ ᠤᠨ ᠥᠭᠡᠷᠡᠴᠢᠯᠡᠯᠲᠡ ᠶᠢ ᠲᠦᠷᠭᠡᠳᠬᠡᠵᠦ᠂ ᠰᠦᠯᠵᠢᠶ᠎ᠡ ᠪᠠᠷ ᠨᠡᠶᠢᠯᠡᠭᠦᠯᠦᠨ ᠭᠦᠢᠴᠡᠳᠬᠡᠬᠦ ᠶᠢ ᠪᠡᠶᠡᠯᠡᠭᠦᠯᠦᠨ᠂ ︽ᠴᠢᠯᠦᠭᠡᠲᠡᠢ ᠲᠠᠯᠪᠢᠬᠤ︾ ᠶᠢ ᠲᠤᠶᠢᠯᠪᠤᠷᠢᠲᠠᠢ᠂ ︽ᠬᠠᠮᠢᠶᠠᠷᠬᠤ︾ ᠶᠢ ᠵᠢᠷᠤᠮᠵᠢᠭᠤᠯᠬᠤ ᠶᠢ ᠪᠡᠶᠡᠯᠡᠭᠦᠯᠦᠨ᠎ᠡ᠃ ᠡᠮᠴᠢᠯᠡᠭᠡᠨ ᠤ ᠳᠠᠭᠠᠳᠬᠠᠯ ᠤᠨ DIP ᠰᠦᠢᠳᠬᠡᠯ ᠲᠤᠰᠢᠶᠠᠬᠤ ᠥᠭᠡᠷᠡᠴᠢᠯᠡᠯᠲᠡ ᠶᠢ ᠪᠥᠬᠦ ᠲᠠᠯ᠎ᠠ ᠪᠠᠷ ᠠᠬᠢᠭᠤᠯᠵᠤ᠂ ᠴᠢᠭ᠋ ᠲᠣᠭᠲᠠᠭᠠᠭᠰᠠᠨ ᠡᠮᠴᠢᠯᠡᠭᠡᠨ ᠤ ᠪᠠᠶᠢᠭᠤᠯᠤᠮᠵᠢ ᠶᠢ ᠪᠦᠬᠦᠨ ᠢ ᠬᠠᠮᠤᠷᠬᠤ ᠶᠢ ᠬᠠᠢ ᠳ᠋ᠢᠶᠠᠨ ᠲᠣᠭᠤᠷᠢᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠡᠬᠢ ᠪᠠᠶᠠᠯᠢᠭ ᠲᠤ ᠲᠦᠰᠢᠭᠯᠡᠨ᠂ ᠴᠢᠶᠠᠨ · ᠬᠠᠢ ᠰᠢᠨᠵᠢᠯᠡᠬᠦ ᠤᠬᠠᠭᠠᠨ ᠮᠡᠷᠭᠡᠵᠢᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠢ ᠪᠦᠲᠦᠭᠡᠨ ᠪᠠᠶᠢᠭᠤᠯᠵᠤ᠂ ᠠᠵᠤ ᠠᠬᠤᠶᠢᠯᠠᠯ᠂ ᠮᠡᠷᠭᠡᠵᠢᠯ᠂ ᠴᠢᠳᠠᠪᠤᠷᠢᠲᠠᠨ ᠵᠡᠷᠭᠡ ᠣᠯᠠᠨ ᠲᠠᠯ᠎ᠠ ᠶᠢᠨ ᠨᠡᠪᠴᠢᠭᠦᠯᠦᠯᠲᠡ ᠶᠢ ᠥᠷᠨᠢᠭᠦᠯᠵᠦ᠂ ᠪᠥᠬᠦ ᠠᠶᠢᠮᠠᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠥᠭᠵᠢᠯᠲᠡ ᠶᠢᠨ ᠲᠥᠪᠯᠡᠷᠡᠭᠰᠡᠨ ᠣᠷᠣᠨ ᠢ ᠪᠠᠶᠢᠭᠤᠯᠤᠨ᠎ᠠ᠃ ᠡᠯ᠎ᠡ ᠱᠠᠲᠤᠨ ᠤ ᠡᠯ᠎ᠡ ᠲᠦᠷᠦᠯ ᠤᠨ ᠲᠦᠷᠦ ᠶᠢᠨ ᠪᠣᠳᠣᠯᠭ᠎ᠠ᠂ ᠪᠡᠯᠡ ᠮᠥᠩᠭᠦ ᠶᠢ ᠠᠵᠤ ᠠᠬᠤᠶᠢᠯᠠᠯ ᠳᠤ ᠰᠢᠭᠤᠳ ᠬᠦᠷᠭᠡᠬᠦ ᠶᠢ ᠠᠬᠢᠭᠤᠯᠵᠤ᠂ ᠭᠠᠶᠢᠯᠢ ᠶᠢ ᠬᠥᠩᠭᠡᠯᠡᠵᠦ ᠰᠦᠢᠳᠬᠡᠯ ᠢ ᠪᠠᠭᠤᠷᠠᠭᠤᠯᠬᠤ ᠲᠦᠷᠦ ᠶᠢᠨ ᠪᠣᠳᠣᠯᠭ᠎ᠠ ᠶᠢᠨ ᠠᠰᠢᠭ ᠲᠤᠰᠠ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠪᠠᠲᠤᠯᠠᠨ᠎ᠠ᠃ ︽ᠦᠨᠳᠦᠰᠦᠨ ᠵᠦᠢᠯ ᠢ ᠶᠡᠭᠡ ᠪᠠᠷ ᠡᠬᠢᠯᠡᠭᠦᠯᠬᠦ︾ ᠠᠵᠢᠯᠯᠠᠭ᠎ᠠ ᠶᠢ ᠯᠠᠪᠳᠠᠭᠤᠨ ᠪᠠᠲᠤᠲᠠᠢ ᠥᠷᠨᠢᠭᠦᠯᠵᠦ᠂ ᠲᠦᠷᠭᠡᠨ ᠠᠵᠢᠯᠯᠠᠬᠤ ᠶᠢ ᠴᠢᠩᠭ᠎ᠠ ᠠᠳᠬᠤᠵᠤ᠂ ᠣᠬᠤᠷ ᠬᠤᠭᠤᠴᠠᠭᠠᠨ ᠳᠤ ᠦᠷ᠎ᠡ ᠪᠦᠲᠦᠮᠵᠢ ᠣᠯᠵᠤ᠂ ᠤᠷᠳᠤ ᠬᠤᠭᠤᠴᠠᠭ᠎ᠠ ᠪᠠᠷ ᠲᠣᠭᠲᠠᠴᠠ ᠶᠢ ᠪᠠᠶᠢᠭᠤᠯᠬᠤ ᠬᠡᠷᠡᠭᠲᠡᠢ᠃ ᠬᠤᠰᠢᠭᠤᠨ ᠤ ᠤᠯᠤᠰ ᠤᠨ ᠪᠡᠯᠡ ᠣᠷᠣᠭᠤᠯᠤᠯᠲᠠ ᠶᠢᠨ ᠪᠦᠯᠦᠭᠯᠡᠯ ᠢ ᠲᠦᠷᠭᠡᠳᠬᠡᠨ ᠪᠠᠶᠢᠭᠤᠯᠵᠤ᠂ ᠤᠯᠤᠰ ᠤᠨ ᠥᠮᠴᠢᠯᠡᠯᠲᠦ ᠬᠥᠷᠥᠩᠭᠡ ᠶᠢᠨ ᠡᠵᠡᠩᠨᠡᠯᠲᠡ ᠬᠠᠮᠢᠶᠠᠷᠤᠯᠲᠠ ᠶᠢᠨ ᠪᠣᠳᠠᠲᠤ ᠬᠦᠴᠦᠨ ᠢ ᠳᠡᠭᠡᠭᠰᠢᠯᠡᠭᠦᠯᠦᠨ᠎ᠡ᠃  ᠬᠤᠶᠠᠷ ᠲᠤ᠂ ᠭᠠᠳᠠᠭᠠᠳᠤ ᠣᠷᠣᠨ ᠵᠠᠢ ᠶᠢᠨ ᠨᠡᠭᠡᠭᠡᠯᠲᠡ ᠶᠢ ᠪᠦᠬᠦ ᠬᠦᠴᠦᠨ ᠢᠶᠠᠷ ᠥᠷᠭᠡᠳᠬᠡᠨ᠎ᠡ᠃ ᠤᠮᠠᠷᠠᠰᠢ ᠨᠡᠭᠡᠭᠡᠯᠲᠡ ᠬᠢᠬᠦ ᠴᠢᠬᠤᠯᠠ ᠬᠥᠭᠦᠷᠭᠡᠨ ᠪᠠᠬᠢᠯᠡᠯᠲᠡ ᠶᠢ ᠪᠦᠲᠦᠭᠡᠨ ᠪᠠᠶᠢᠭᠤᠯᠬᠤ ᠪᠠᠷ ᠭᠤᠣᠯᠯᠠᠭᠤᠯᠤᠨ᠂ ᠤᠯᠤᠰ ᠤᠨ ᠳᠣᠲᠣᠭᠠᠳᠤ ᠶᠢᠨ ᠪᠠ ᠤᠯᠠᠨ ᠤᠯᠤᠰ ᠤᠨ ᠶᠡᠭᠡ ᠣᠷᠴᠢᠯ ᠳᠤ ᠲᠦᠷᠭᠡᠪᠴᠢᠯᠡᠨ ᠠᠭᠤᠰᠤᠯᠴᠠᠵᠤ᠂ ᠵᠡᠭᠦᠨ ᠭᠤᠷᠪᠠᠨ ᠮᠤᠵᠢ᠂ ᠪᠦᠥᠸ᠋ᠬᠠᠢ ᠲᠠᠩᠭᠢᠰ ᠢ ᠲᠣᠭᠤᠷᠢᠭᠰᠠᠨ ᠣᠷᠣᠨ᠂ ᠬᠥᠬᠡᠮᠥ᠋ᠷᠡᠨ ᠤ ᠭᠤᠷᠪᠠᠯᠵᠢᠨ ᠬᠤᠶᠢᠭ ᠵᠡᠷᠭᠡ ᠬᠥᠭᠵᠢᠭᠰᠡᠨ ᠭᠠᠵᠠᠷ ᠣᠷᠣᠨ ᠲᠠᠢ ᠰᠠᠨᠠᠭᠠᠴᠢᠯᠠᠭ᠎ᠠ ᠠᠴᠠ ᠪᠠᠨ ᠰᠣᠯᠢᠯᠴᠠᠭ᠎ᠠ ᠬᠠᠮᠲᠤᠷᠠᠯᠴᠠᠭ᠎ᠠ ᠬᠢᠵᠦ᠂ ᠳᠡᠭᠡᠳᠦ ᠲᠡᠰ ᠤᠨ ᠠᠵᠤ ᠦᠢᠯᠡᠰ ᠢ ᠨᠡᠩ ᠰᠠᠶᠢᠲᠤᠷ ᠭᠥᠯᠢᠶᠡᠨ ᠠᠪᠴᠤ᠂ ᠳᠠᠭᠠᠭᠤᠯᠤᠭᠴᠢ ᠠᠵᠤ ᠠᠬᠤᠶᠢᠯᠠᠯ ᠢ ᠣᠷᠣᠭᠤᠯᠤᠨ ᠠᠪᠴᠢᠷᠠᠵᠤ᠂ ᠲᠡᠷᠢᠭᠦᠨ ᠤ ᠡᠯᠧᠮᠧᠨ᠋ᠲ ᠢ ᠰᠢᠩᠭᠡᠬᠡᠨ ᠠᠪᠤᠨ᠎ᠠ᠃ ᠴᠥᠭᠡᠨ ᠲᠣᠭᠠᠲᠤ ᠦᠨᠳᠦᠰᠦᠲᠡᠨ ᠤ ᠬᠢᠯᠢ ᠬᠢᠵᠠᠭᠠᠷ ᠣᠷᠣᠨ ᠤ ᠬᠤᠰᠢᠭᠤ ᠰᠢᠶᠠᠨ᠂ ᠬᠢᠯᠢ ᠬᠢᠵᠠᠭᠠᠷ ᠣᠷᠣᠨ ᠢ ᠬᠥᠭᠵᠢᠭᠦᠯᠦᠨ ᠠᠷᠠᠳ ᠢ ᠪᠠᠶᠠᠵᠢᠭᠤᠯᠬᠤ ᠵᠡᠷᠭᠡ ᠲᠥᠷᠥ ᠶᠢᠨ ᠪᠣᠳᠣᠯᠭ᠎ᠠ ᠳᠤ ᠲᠦᠰᠢᠭᠯᠡᠨ᠂ ᠪᠡᠭᠡᠵᠢᠩ ᠲᠢᠶᠠᠨᠵᠢᠨ ᠾᠧᠪᠧᠢ ᠶᠢᠨ ᠠᠵᠤ ᠦᠢᠯᠡᠰ ᠤᠨ ᠰᠢᠯᠵᠢᠯᠲᠡ ᠶᠢ ᠢᠳᠡᠪᠬᠢᠲᠡᠢ ᠪᠠᠷ ᠳᠠᠭᠠᠭᠠᠨ ᠠᠪᠤᠨ᠎ᠠ᠃ ᠭᠠᠳᠠᠭᠠᠳᠤ ᠠᠵᠤ ᠠᠬᠤᠢ ᠠᠷᠠᠯᠵᠢᠶ᠎ᠠ ᠶᠢᠨ ᠨᠡᠮᠡᠭᠳᠡᠯ ᠤᠨ ᠬᠡᠮᠵᠢᠶ᠎ᠡ ᠶᠢ ᠳᠠᠪᠠᠭᠰᠠᠨ ᠵᠢᠱᠢᠶ᠎ᠡ ᠦᠵᠡᠭᠦᠯᠬᠦ ᠲᠥᠷᠥᠯ ᠵᠦᠢᠯ ᠢ ᠬᠡᠷᠡᠭᠵᠢᠭᠦᠯᠵᠦ᠂ ᠵᠢᠩ ᠴᠢᠤᠸᠠᠨ ᠡᠮ ᠤᠨ ᠦᠢᠯᠡᠰ ᠤᠨ ᠤᠤᠯ ᠡᠮ ᠢ ᠭᠠᠳᠠᠭᠠᠳᠤ ᠳᠤ ᠭᠠᠷᠭᠠᠬᠤ᠂ ᠮᠧᠩ ᠵᠢᠶᠠ ᠠᠮᠤ ᠪᠤᠳᠠᠭ᠎ᠠ ᠲᠣᠰᠣ ᠰᠢᠷ᠎ᠠ ᠪᠤᠷᠴᠠᠭ ᠢ ᠭᠠᠳᠠᠭᠠᠳᠤ ᠠᠴᠠ ᠣᠷᠣᠭᠤᠯᠬᠤ ᠶᠢ ᠠᠬᠢᠭᠤᠯᠵᠤ᠂ ᠠᠷᠠᠯᠵᠢᠶᠠᠨ ᠤ ᠬᠡᠮᠵᠢᠶ᠎ᠡ ᠶᠢ 3 ᠳ᠋ᠦᠩᠰᠢᠭᠤᠷ ᠲᠥᠭᠦᠷᠢᠭ ᠠᠴᠠ ᠳᠠᠪᠠᠭᠤᠯᠬᠤ ᠪᠠᠷ ᠴᠢᠷᠮᠠᠶᠢᠵᠤ᠂ ᠪᠥᠬᠦ ᠬᠤᠰᠢᠭᠤᠨ ᠤ ᠭᠠᠳᠠᠭᠠᠳᠤ ᠠᠷᠠᠯᠵᠢᠶ᠎ᠠ ᠶᠢᠨ ᠬᠡᠮᠵᠢᠶ᠎ᠡ ᠶᠢ ᠦᠷᠭᠦᠯᠵᠢᠯᠡᠨ ᠨᠡᠮᠡᠭᠳᠡᠭᠦᠯᠦᠨ᠎ᠡ᠃ ᠪᠠᠶᠠᠨ ᠲᠦᠩ ᠶᠤᠸᠠᠨ᠂ ᠢ ᠶᠢᠨ ᠵᠡᠷᠭᠡ ᠠᠵᠤ ᠠᠬᠤᠶᠢᠯᠠᠯ ᠤᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠴᠢᠳᠠᠪᠤᠷᠢ ᠶᠢ ᠲᠦᠷᠭᠡᠳᠬᠡᠨ ᠳᠡᠭᠡᠭᠰᠢᠯᠡᠭᠦᠯᠵᠦ᠂ ᠶᠠᠫᠤᠨ᠂ ᠺᠣᠷᠢᠶᠠ᠂ ᠣᠷᠣᠰ᠂ ᠮᠣᠩᠭᠤᠯ ᠤᠨ ᠡᠳ᠋ ᠪᠠᠷᠠᠭᠠᠨ ᠤ ᠲᠡᠭᠡᠭᠡᠪᠦᠷᠢ ᠶᠢᠨ ᠲᠥᠪᠯᠡᠷᠡᠭᠦᠯᠦᠨ ᠲᠠᠷᠬᠠᠭᠠᠬᠤ ᠰᠠᠭᠤᠷᠢᠨ ᠭᠠᠵᠠᠷ ᠢ ᠪᠣᠶᠢᠵᠢᠭᠤᠯᠤᠨ ᠪᠤᠵᠠᠭᠠᠶᠢᠷᠠᠭᠤᠯᠵᠤ᠂ ︽ᠵᠠᠮ ᠥᠩᠭᠡᠷᠡᠬᠦ ᠠᠵᠤ ᠠᠬᠤᠢ︾ ᠶᠢᠨ ︽ᠪᠣᠳᠠᠲᠠᠶᠢᠵᠢᠭᠰᠠᠨ ᠠᠵᠤ ᠠᠬᠤᠢ︾ ᠳᠠᠰᠢ ᠬᠡᠯᠪᠡᠷᠢ ᠪᠠᠨ ᠬᠤᠪᠢᠷᠠᠭᠤᠯᠬᠤ ᠶᠢ ᠠᠬᠢᠭᠤᠯᠤᠨ᠎ᠠ᠃  ᠭᠤᠷᠪᠠ ᠳᠤ᠂ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠦᠨ᠎ᠡ᠃ ᠵᠠᠬ᠎ᠠ ᠳᠡᠯᠭᠡᠭᠦᠷ ᠤᠨ ᠪᠡᠶᠡᠴᠢ ᠴᠣᠭᠴᠠ ᠶᠢᠨ ᠳᠠᠩᠰᠠᠯᠠᠯᠲᠠ ᠶᠢᠨ ᠪᠦᠬᠦ ᠶᠠᠪᠤᠴᠠ ᠶᠢ ᠡᠯᠧᠺᠲᠷᠤᠨᠴᠢᠯᠠᠬᠤ ᠶᠢ ᠲᠦᠯᠬᠢᠨ ᠠᠬᠢᠭᠤᠯᠵᠤ᠂ ︽ᠬᠤᠶᠠᠷ ᠢ ᠲᠣᠬᠢᠶᠠᠯᠳᠤᠯ ᠢᠶᠠᠷ ᠬᠢᠬᠦ᠂ ᠨᠢᠭᠡ ᠶᠢ ᠢᠯᠡ ᠪᠣᠯᠭᠠᠬᠤ︾ ᠬᠢᠨᠠᠯᠲᠠ ᠲᠠᠯᠪᠢᠬᠤ ᠠᠷᠭ᠎ᠠ ᠮᠠᠶ᠋ᠢᠭ ᠤᠨ ᠬᠠᠮᠤᠷᠬᠤ ᠬᠡᠪᠴᠢᠶ᠎ᠡ ᠶᠢ ᠥᠷᠭᠡᠳᠬᠡᠨ᠎ᠡ᠃ ︽ᠨᠢᠭᠡ ᠰᠦᠯᠵᠢᠶ᠎ᠡ ᠪᠠᠷ ᠨᠡᠶᠢᠳᠡᠮ ᠰᠢᠢᠳᠪᠦᠷᠢᠯᠡᠬᠦ︾ ᠶᠢ ᠴᠢᠷᠮᠠᠶᠢᠨ ᠪᠡᠶᠡᠯᠡᠭᠦᠯᠵᠦ᠂ ᠠᠷᠠᠳ ᠲᠤ ᠲᠦᠬᠦᠮ ᠦᠵᠡᠭᠦᠯᠵᠦ ᠠᠵᠤ ᠠᠬᠤᠶᠢᠯᠠᠯ ᠳᠤ ᠠᠰᠢᠭ ᠬᠦᠷᠲᠡᠭᠡᠬᠦ ᠵᠦᠢᠯᠡᠰ ᠢ ᠰᠦᠯᠵᠢᠶ᠎ᠡ ᠪᠠᠷ ᠰᠢᠢᠳᠪᠦᠷᠢᠯᠡᠬᠦ ᠨᠤᠷᠮ᠎ᠠ ᠶᠢ 95% ᠠᠴᠠ ᠳᠡᠭᠡᠭᠰᠢ ᠳᠤ ᠬᠦᠷᠭᠡᠬᠦ ᠶᠢ ᠦᠨᠡᠨ ᠬᠦ ᠪᠠᠲᠤᠯᠠᠨ᠎ᠠ᠃ ᠬᠤᠭᠤᠴᠠᠭ᠎ᠠ ᠬᠢᠵᠠᠭᠠᠷᠯᠠᠨ᠂ ᠳᠤᠲᠠᠭᠤ ᠶᠢ ᠪᠠᠭᠲᠠᠭᠠᠬᠤ᠂ ᠳᠠᠷᠠᠭ᠎ᠠ ᠨᠢ ᠬᠢᠨᠠᠨ ᠵᠥᠪᠰᠢᠶᠡᠷᠡᠬᠦ ᠶᠢ ᠬᠡᠷᠡᠭᠵᠢᠭᠦᠯᠵᠦ᠂ ᠭᠦᠢᠴᠡᠳᠬᠡᠬᠦ ᠴᠠᠭ ᠤᠨ ᠬᠢᠵᠠᠭᠠᠷ ᠢ 70% ᠪᠠᠷ ᠪᠠᠭᠠᠰᠬᠠᠨ᠂ ᠦᠢᠯᠡᠴᠢᠯᠡᠭᠡ ᠶᠢ ︽ᠴᠣᠩᠬᠤ︾ ᠠᠴᠠ ︽ᠰᠡᠳᠬᠢᠯ ︾ ᠳᠤ ᠬᠦᠷᠭᠡᠨ᠎ᠡ᠃ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠬᠠᠮᠲᠤᠷᠠᠭᠰᠠᠨ ᠬᠤᠷᠠᠯ ᠤᠨ ᠳᠦᠷᠢᠮ ᠢ ᠪᠦᠷᠢᠨᠰᠢᠭᠦᠯᠵᠦ᠂ ︽ᠨᠢᠭᠡ ᠠᠵᠤ ᠠᠬᠤᠶᠢᠯᠠᠯ ᠨᠢᠭᠡ ᠲᠥᠷᠥ ᠶᠢᠨ ᠪᠣᠳᠣᠯᠭ᠎ᠠ︾ ᠶᠢᠨ ᠬᠠᠪᠰᠤᠷᠤᠨ ᠲᠡᠳᠬᠦᠬᠦ ᠠᠷᠭ᠎ᠠ ᠬᠡᠮᠵᠢᠶ᠎ᠡ ᠶᠢ ᠲᠡᠭᠦᠯᠳᠡᠷᠵᠢᠭᠦᠯᠦᠨ᠂ ᠤᠳᠤᠷᠢᠳᠤᠯᠭ᠎ᠠ ᠨᠢ ᠬᠤᠯᠪᠣᠭᠠᠯᠠᠬᠤ ᠶᠢ ᠳᠠᠭᠠᠭᠠᠴᠢᠯᠠᠬᠤ᠂ ᠲᠤᠰᠬᠠᠢ ᠠᠩᠭᠢ ᠪᠠᠷ ᠠᠬᠢᠭᠤᠯᠬᠤ᠂ ᠬᠤᠭᠤᠴᠠᠭ᠎ᠠ ᠬᠢᠵᠠᠭᠠᠷᠯᠠᠨ ᠭᠦᠢᠴᠡᠳᠬᠡᠵᠦ ᠳᠠᠭᠤᠰᠬᠠᠬᠤ ᠵᠡᠷᠭᠡ ᠦᠢᠯᠡᠴᠢᠯᠡᠭᠡ ᠶᠢ ᠪᠠᠶᠢᠩᠭᠤᠵᠢᠭᠤᠯᠤᠨ ᠬᠠᠩᠭᠠᠨ᠎ᠠ᠃ ᠵᠠᠭᠠᠯᠳᠤᠯᠭ᠎ᠠ ᠶᠢ ᠭᠥᠯᠢᠶᠡᠨ ᠠᠪᠬᠤ᠂ ᠲᠤᠰᠢᠶᠠᠨ ᠥᠭᠴᠦ ᠰᠢᠢᠳᠪᠦᠷᠢᠯᠡᠭᠦᠯᠬᠦ᠂ ᠠᠩᠬᠠᠷᠴᠤ ᠰᠢᠢᠳᠪᠦᠷᠢᠯᠡᠭᠦᠯᠬᠦ᠂ ᠤᠶᠤᠯᠢᠭ ᠰᠢᠪᠠᠳᠠᠨ ᠰᠢᠢᠳᠪᠦᠷᠢᠯᠡᠭᠦᠯᠬᠦ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠵᠤ᠂ ︽12345 ᠦᠢᠯᠡᠴᠢᠯᠡᠭᠡᠨ ᠤ ᠬᠠᠯᠠᠭᠤᠨ ᠤᠲᠠᠰᠤ︾ ᠶᠢᠨ ᠵᠠᠭᠠᠯᠳᠤᠯᠭ᠎ᠠ ᠶᠢ ᠭᠥᠯᠢᠶᠡᠨ ᠠᠪᠴᠤ ᠪᠠᠷᠢᠨ ᠰᠢᠢᠳᠪᠦᠷᠢᠯᠡᠬᠦ ᠠᠵᠢᠯ ᠢ ᠦᠷᠭᠦᠯᠵᠢᠯᠡᠨ ᠰᠢᠯᠢᠳᠡᠭᠵᠢᠭᠦᠯᠪᠡ᠃ ᠳᠡᠭᠡᠳᠦ ᠲᠠᠰ ᠤᠨ ᠤᠯᠤᠰ ᠲᠥᠷᠥ ᠶᠢᠨ ᠪᠠ ᠬᠤᠳᠠᠯᠳᠤᠭᠠᠴᠢᠨ ᠢ ᠳᠣᠲᠣᠨᠣᠴᠢᠯᠠᠬᠤ ᠬᠠᠷᠢᠴᠠᠭ᠎ᠠ ᠶᠢ ᠪᠠᠶᠢᠭᠤᠯᠵᠤ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ ᠶᠢ ᠰᠠᠭᠤᠷᠢᠰᠢᠬᠤ ᠳᠤ ᠲᠣᠬᠢᠷᠠᠮᠵᠢᠲᠠᠢ ᠬᠤᠳᠠᠯᠳᠤᠭᠠᠴᠢᠨ ᠤ ︽ᠠᠮᠢᠵᠢᠷᠠᠯ ᠤᠨ ᠬᠦᠴᠦᠨ ᠲᠠᠢ ᠬᠤᠲᠠ︾ ᠪᠣᠯᠭᠠᠨ ᠪᠦᠲᠦᠭᠡᠨ ᠪᠠᠶᠢᠭᠤᠯᠤᠨ᠎ᠠ᠃  ︵ᠨᠠᠢᠮᠠ︶ ᠡᠭᠦᠷᠭᠡ ᠴᠢᠳᠠᠪᠤᠷᠢ ᠪᠠᠨ ᠬᠤᠪᠢᠷᠠᠭᠤᠯᠤᠨ ᠲᠤᠰ ᠪᠡᠶ᠎ᠡ ᠶᠢᠨ ᠪᠠᠶᠢᠭᠤᠯᠤᠯᠲᠠ ᠪᠠᠨ ᠴᠢᠩᠭᠠᠳᠬᠠᠵᠤ᠂ ᠴᠠᠭ ᠦᠶ᠎ᠡ ᠲᠠᠢ ᠵᠡᠷᠭᠡᠪᠡᠷ ᠤᠷᠤᠭᠰᠢᠯᠠᠨ ᠵᠠᠰᠠᠭ ᠤᠨ ᠣᠷᠳᠣᠨ ᠤ ᠦᠢᠯᠡᠳᠦᠯ ᠢᠶᠠᠨ ᠪᠠᠳᠠᠷᠠᠭᠤᠯᠤᠨ᠎ᠠ  ᠰᠢᠨ᠎ᠡ ᠭᠠᠷᠤᠭ᠎ᠠ ᠳᠤ ᠰᠠᠭᠤᠷᠢᠯᠠᠵᠤ᠂ ᠰᠢᠨ᠎ᠡ ᠡᠭᠦᠷᠭᠡ ᠬᠠᠷᠢᠭᠤᠴᠠᠯᠭ᠎ᠠ ᠶᠢ ᠡᠭᠦᠷᠭᠡᠯᠡᠵᠦ᠂ ᠰᠢᠨ᠎ᠡ ᠠᠶᠠᠨ ᠲᠡᠰᠢ ᠤᠷᠤᠭᠰᠢᠯᠠᠨ᠎ᠠ᠃ ᠪᠢᠳᠡ ᠡᠷᠬᠡᠪᠰᠢ ᠡᠭᠦᠷᠭᠡ ᠬᠠᠷᠢᠭᠤᠴᠠᠯᠭ᠎ᠠ ᠪᠠᠨ ᠦᠨᠡᠨᠴᠢ ᠰᠢᠳᠤᠷᠭᠤ ᠪᠠᠷ ᠭᠦᠢᠴᠡᠳᠬᠡᠵᠦ᠂ ᠡᠷᠡᠰ ᠰᠢᠭᠤᠷᠬᠠᠢ ᠪᠠᠷ ᠤᠷᠤᠭᠰᠢᠯᠠᠨ ᠳᠠᠪᠰᠢᠵᠤ᠂ ᠵᠠᠰᠠᠭ ᠤᠨ ᠣᠷᠳᠣᠨ ᠤ ︽ᠬᠠᠷᠢᠭᠤᠴᠠᠯᠭ᠎ᠠ ᠡᠭᠦᠷᠭᠡᠯᠡᠬᠦ ᠵᠢᠭᠠᠯᠲᠠ ᠲᠤᠭ᠎ᠠ︾ ᠪᠠᠷ ᠠᠷᠠᠳ ᠢ ᠪᠠᠶᠠᠵᠢᠭᠤᠯᠵᠤ ᠲᠤᠭ ᠢᠶᠠᠨ ᠬᠦᠴᠦᠷᠬᠡᠭᠵᠢᠭᠦᠯᠬᠦ ︽ᠬᠥᠭᠵᠢᠯᠲᠡ ᠶᠢᠨ ᠵᠢᠭᠠᠯᠲᠠ ᠲᠤᠭ᠎ᠠ︾  ᠶᠢ ᠳᠡᠭᠡᠭᠰᠢᠯᠡᠭᠦᠯᠵᠦ᠂ ᠺᠠᠳ᠋ᠷ ᠤᠨ︽ᠵᠣᠪᠠᠭᠤᠷᠢ ᠵᠦᠳᠡᠭᠦᠷᠢ ᠶᠢᠨ ᠵᠢᠭᠠᠯᠲᠠ ᠲᠤᠭ᠎ᠠ︾ ᠪᠠᠷ ᠠᠷᠠᠳ ᠤᠯᠠᠨ ᠤ ︽ᠵᠣᠯ ᠵᠢᠷᠭᠠᠯ ᠤᠨ ᠵᠢᠭᠠᠯᠲᠠ ᠲᠤᠭ᠎ᠠ︾ ᠶᠢ ᠰᠣᠯᠢᠵᠤ ᠠᠪᠬᠤ ᠬᠡᠷᠡᠭᠲᠡᠢ᠃   ᠨᠢᠭᠡ ᠳᠤ᠂ ᠵᠣᠭᠰᠣᠴᠠ ᠪᠠᠨ ᠳᠡᠭᠡᠭᠰᠢᠯᠡᠭᠦᠯᠵᠦ᠂ ᠦᠨᠡᠨᠴᠢ ᠰᠢᠳᠤᠷᠭᠤ ᠡᠷᠡᠰ ᠪᠠᠲᠤ ᠪᠠᠶᠢᠬᠤ ᠰᠦᠭ ᠰᠦᠨᠡᠰᠦ ᠶᠢ ᠴᠣᠭᠴᠠᠯᠠᠨ᠎ᠠ᠃ ᠨᠠᠮ ᠤᠨ ᠤᠯᠤᠰ ᠲᠥᠷᠥ ᠶᠢᠨ ᠪᠠᠶᠢᠭᠤᠯᠤᠯᠲᠠ ᠪᠠᠷ ᠶᠡᠷᠦᠩᠬᠡᠶᠢᠯᠡᠨ ᠵᠢᠯᠣᠭᠤᠳᠤᠭᠤᠯᠵᠤ ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠵᠥᠪ ᠴᠢᠭᠯᠡᠯ ᠢ ᠪᠠᠲᠤ ᠡᠵᠡᠮᠳᠡᠵᠦ᠂ ︽ᠬᠤᠶᠠᠷ ᠢ ᠲᠣᠭᠲᠠᠭᠠᠬᠤ︾ ᠶᠢᠨ ᠰᠢᠢᠳᠪᠦᠷᠢᠯᠡᠭᠴᠢ ᠴᠢᠨᠠᠷᠲᠠᠢ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠵᠤ᠂ ︽ᠲᠦᠷᠪᠡᠨ ᠤᠬᠠᠮᠰᠠᠷ︾ ᠢᠶᠠᠨ ᠴᠢᠨᠠᠭᠰᠢᠳᠠ ᠴᠢᠩᠭᠠᠳᠬᠠᠵᠤ᠂ ︽ᠲᠦᠷᠪᠡᠨ ᠢᠲᠡᠭᠡᠯ︾  ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ ᠤᠯᠤᠰ ᠲᠦᠷᠦ ᠶᠢᠨ ᠮᠠᠭᠠᠳᠯᠠᠬᠤ ᠴᠢᠳᠠᠪᠤᠷᠢ᠂ ᠤᠯᠤᠰ ᠲᠦᠷᠦ ᠶᠢᠨ ᠣᠶᠢᠯᠠᠭᠠᠬᠤ ᠴᠢᠳᠠᠪᠤᠷᠢ᠂ ᠤᠯᠤᠰ ᠲᠦᠷᠦ ᠶᠢᠨ ᠬᠡᠷᠡᠭᠵᠢᠭᠦᠯᠬᠦ ᠬᠦᠴᠦᠨ ᠢᠶᠠᠨ ᠲᠠᠰᠤᠷᠠᠯᠲᠠ ᠦᠭᠡᠢ ᠳᠡᠭᠡᠭᠰᠢᠯᠡᠭᠦᠯᠵᠦ ᠂ ᠤᠬᠠᠮᠰᠠᠷ ᠠᠴᠠ ᠪᠠᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠪᠠᠲᠤ ᠰᠢᠲᠦᠭᠴᠢ᠂ ᠦᠨᠡᠨᠴᠢ ᠰᠢᠳᠤᠷᠭᠤ ᠦᠢᠯᠡᠳᠦᠯᠭᠡᠵᠢᠭᠦᠯᠦᠭᠴᠢ ᠪᠣᠯᠬᠤ ᠬᠡᠷᠡᠭᠲᠡᠢ᠃ ᠤᠭ ᠰᠠᠨᠠᠭ᠎ᠠ ᠪᠠᠨ ᠦᠯᠦ ᠮᠠᠷᠲᠠᠬᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ ᠶᠢ ᠨᠠᠰᠤᠨ ᠲᠤᠷᠰᠢᠲᠠ ᠶᠢᠨ᠂ ᠮᠥᠩᠬᠡ ᠶᠢᠨ ᠰᠡᠳᠦᠪ ᠪᠣᠯᠭᠠᠵᠤ ᠬᠠᠷᠢᠭᠤᠴᠠᠯᠭ᠎ᠠ ᠡᠭᠦᠷᠭᠡᠯᠡᠨ ᠵᠢᠳᠬᠦᠯ ᠭᠠᠷᠭᠠᠬᠤ᠂ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠬᠤ ᠤᠬᠠᠮᠰᠠᠷᠲᠤ ᠠᠵᠢᠯᠯᠠᠭ᠎ᠠ ᠪᠠ ᠥᠨᠢᠳᠡ ᠶᠢᠨ ᠬᠥᠳᠡᠯᠭᠡᠭᠦ ᠬᠦᠴᠦᠨ ᠪᠣᠯᠭᠠᠨ ᠬᠤᠪᠢᠷᠠᠭᠤᠯᠵᠤ᠂ ᠤᠴᠢᠷ ᠶᠠᠪᠤᠳᠠᠯ ᠢ ᠦᠯᠦ ᠬᠠᠶᠢᠬᠤᠷᠤᠨ᠂ ᠤᠨᠢᠨ ᠳᠡᠭᠡᠷ᠎ᠡ ᠨᠢ ᠪᠣᠭᠤᠮᠲᠠ ᠰᠢᠪᠲᠤᠯᠵᠤ᠂ ᠵᠠᠰᠠᠭ ᠤᠨ ᠣᠷᠳᠣᠨ ᠤ ᠡᠯ᠎ᠡ ᠲᠦᠷᠦᠯ ᠤᠨ ᠠᠵᠢᠯ ᠢ ᠪᠣᠳᠠᠲᠠᠢ ᠬᠢᠵᠦ᠂ ᠡᠮᠦᠨ᠎ᠡ ᠡᠩᠨᠡᠭᠡᠨ ᠳᠤ ᠶᠠᠪᠤᠬᠤ ᠶᠢ ᠪᠦᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠢ᠃   ᠬᠤᠶᠠᠷ ᠲᠤ᠂ ᠬᠠᠤᠯᠢ ᠪᠠᠷ ᠵᠠᠰᠠᠬᠤ ᠶᠢ ᠡᠷᠬᠢᠮᠯᠡᠵᠦ᠂ ᠬᠠᠤᠯᠢ ᠶᠣᠰᠣᠭᠠᠷ ᠵᠠᠰᠠᠭ ᠶᠠᠪᠤᠭᠤᠯᠬᠤ ᠶᠢᠨ ᠰᠠᠭᠤᠷᠢ ᠶᠢ ᠪᠠᠲᠤᠳᠬᠠᠨ᠎ᠠ᠃ ᠬᠠᠤᠯᠢ ᠪᠠᠷ ᠡᠷᠬᠡ ᠣᠯᠭᠤᠭᠰᠠᠨ ᠦᠭᠡᠢ ᠪᠣᠯ ᠬᠢᠵᠦ ᠪᠣᠯᠬᠤ ᠦᠭᠡᠢ᠂ ᠬᠠᠤᠯᠢ ᠪᠠᠷ ᠲᠣᠭᠲᠠᠭᠠᠭᠰᠠᠨ ᠲᠤᠰᠢᠶᠠᠯ ᠬᠠᠷᠢᠭᠤᠴᠠᠯᠭ᠎ᠠ ᠶᠢ ᠡᠷᠬᠡᠪᠰᠢ ᠭᠦᠢᠴᠡᠳᠬᠡᠬᠦ ᠶᠢ ᠪᠠᠷᠢᠮᠲᠠᠯᠠᠵᠤ᠂ ᠵᠠᠰᠠᠭ ᠵᠠᠬᠢᠷᠭᠠᠨ ᠤ ᠡᠷᠬᠡ ᠶᠢᠨ ︽ᠳᠤᠷ᠎ᠠ ᠪᠠᠷ ᠢᠶᠠᠨ ᠠᠭᠠᠰᠢᠯᠠᠬᠤ︾᠂ ︽ᠳᠤᠷ᠎ᠠ ᠪᠠᠷ ᠢᠶᠠᠨ ᠠᠭᠠᠰᠢᠯᠠᠬᠤ︾ ᠶᠢ ᠶᠠᠭᠠᠬᠢᠭᠰᠠᠨ ᠴᠤ ᠵᠥᠪᠰᠢᠶᠡᠷᠡᠬᠦ ᠦᠭᠡᠢ᠃ ᠦᠨᠡᠨᠴᠢ ᠢᠲᠡᠭᠡᠮᠵᠢᠲᠡᠢ ᠵᠠᠰᠠᠭ ᠤᠨ ᠣᠷᠳᠣᠨ ᠤ ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠭᠡᠷ᠎ᠡ ᠶᠢᠨ ᠵᠣᠷᠢᠭ ᠰᠠᠨᠠᠭ᠎ᠠ ᠶᠢ ᠦᠢᠯᠡᠳᠦᠯᠭᠡᠵᠢᠭᠦᠯᠦᠨ᠂ ᠳᠦᠷᠢᠮ ᠤᠨ ᠡᠷᠬᠡ ᠰᠦᠷ ᠢ ᠡᠷᠡᠰ ᠬᠠᠮᠠᠭᠠᠯᠠᠵᠤ᠂ ᠬᠠᠤᠯᠢ ᠪᠠᠷ ᠵᠠᠰᠠᠬᠤ ᠰᠡᠳᠬᠢᠬᠦᠢ ᠪᠠ ᠬᠠᠤᠯᠢ ᠪᠠᠷ ᠵᠠᠰᠠᠬᠤ ᠠᠷᠭ᠎ᠠ ᠮᠠᠶ᠋ᠢᠭ ᠢ ᠬᠡᠷᠡᠭᠯᠡᠨ ᠠᠵᠢᠯ ᠢᠶᠠᠨ ᠥᠷᠨᠢᠭᠦᠯᠵᠦ᠂ ᠪᠡᠷᠬᠡ ᠰᠡᠳᠦᠪ ᠢ ᠰᠢᠢᠳᠪᠦᠷᠢᠯᠡᠨ᠎ᠡ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠵᠢᠴᠢ ᠲᠡᠭᠦᠨ ᠤ ᠪᠠᠶᠢᠩᠭᠤ ᠶᠢᠨ ᠬᠤᠷᠢᠶᠠᠨ ᠤ ᠬᠠᠤᠯᠢ ᠴᠠᠭᠠᠵᠠ ᠶᠢᠨ ᠬᠢᠨᠠᠯᠲᠠ᠂ ᠠᠵᠢᠯ ᠤᠨ ᠬᠢᠨᠠᠯᠲᠠ ᠪᠠ ᠤᠯᠤᠰ ᠲᠦᠷᠦ ᠶᠢᠨ ᠵᠥᠪᠯᠡᠯᠭᠡᠨ ᠤ ᠠᠷᠠᠳᠴᠢᠯᠠᠭᠰᠠᠨ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠤᠨ ᠰᠠᠨᠠᠭᠤᠯᠭ᠎ᠠ ᠪᠠ ᠤᠯᠤᠰ ᠲᠦᠷᠦ ᠵᠢᠨ‌ᠨᠡᠶᠢᠭᠡᠮ ᠤᠨ ᠬᠢᠨᠠᠯᠲᠠ ᠪᠠ ᠵᠠᠭᠤᠴᠢᠯᠠᠭᠤᠷ ᠤᠨ ᠬᠢᠨᠠᠯᠲᠠ ᠶᠢ ᠰᠠᠨᠠᠭᠠᠴᠢᠯᠠᠭ᠎ᠠ ᠠᠴᠠ ᠪᠠᠨ ᠬᠦᠯᠢᠶᠡᠵᠦ᠂ ᠨᠡᠶᠢᠭᠡᠮ ᠤᠨ ᠠᠩᠬᠠᠷᠤᠯ ᠪᠠ ᠤᠯᠠᠨ ᠲᠦᠮᠡᠨ ᠤ ᠬᠦᠰᠡᠯ ᠱᠠᠭᠠᠷᠳᠠᠯᠭ᠎ᠠ ᠳᠤ ᠢᠳᠡᠪᠬᠢᠲᠡᠢ ᠪᠠᠷ ᠬᠠᠷᠢᠭᠤᠯᠲᠠ ᠥᠭᠪᠡ᠃ ᠵᠠᠰᠠᠭ ᠤᠨ ᠣᠷᠳᠣᠨ ᠤ ᠰᠠᠯᠠᠭ᠎ᠠ ᠮᠥᠴᠢᠷ ᠤᠨ ᠡᠷᠬᠡ ᠪᠠ ᠬᠠᠷᠢᠭᠤᠴᠠᠯᠭ᠎ᠠ ᠶᠢᠨ ᠲᠣᠳᠣᠷᠬᠠᠢ ᠬᠠᠭᠤᠳᠠᠰᠤ ᠶᠢ ᠲᠡᠭᠦᠯᠳᠡᠷᠵᠢᠭᠦᠯᠵᠦ᠂ ᠬᠠᠤᠯᠢ ᠪᠠᠷ ᠵᠠᠰᠠᠬᠤ ᠪᠠᠷ ᠵᠠᠰᠠᠭ ᠵᠠᠬᠢᠷᠭᠠᠨ ᠤ ᠡᠷᠬᠡ ᠳᠤ ᠥᠨᠳᠥᠷ ᠱᠤᠭᠤᠮ ᠢ ᠪᠤᠢ ᠪᠣᠯᠭᠠᠵᠤ᠂ ᠬᠢᠵᠠᠭᠠᠷ ᠱᠤᠭᠤᠮ ᠢ ᠲᠣᠳᠣᠷᠬᠠᠢ ᠪᠣᠯᠭᠠᠨ᠂ ᠤᠯᠠᠭᠠᠨ ᠱᠤᠭᠤᠮ ᠢ ᠭᠡᠷᠡᠯᠳᠦᠬᠦᠯᠦᠨ᠎ᠡ᠃   ᠭᠤᠷᠪᠠ ᠳᠤ᠂ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠵᠦ᠂ ᠪᠣᠳᠠᠲᠠᠢ ᠶᠢ ᠡᠷᠬᠢᠮᠯᠡᠭᠰᠡᠨ ᠥᠨᠳᠥᠷ ᠪᠦᠲᠦᠮᠵᠢᠲᠡᠢ ᠰᠤᠷᠲᠠᠯ ᠢ ᠪᠠᠳᠠᠷᠠᠭᠤᠯᠤᠨ᠎ᠠ᠃ ︽ᠰᠠᠶᠢᠨ ᠲᠥᠪ ᠪᠣᠳᠠᠲᠠᠢ ᠰᠢᠯᠢᠳᠡᠭ︾ ᠤᠨ ᠱᠠᠭᠠᠷᠳᠠᠯᠭ᠎ᠠ ᠳᠤ ᠬᠠᠨᠳᠤᠭᠤᠯᠵᠤ᠂ ︽ᠨᠠᠢᠮᠠᠨ ᠵᠦᠢᠯ ᠤᠨ ᠴᠢᠳᠠᠪᠤᠷᠢ︾ ᠶᠢ ᠴᠢᠩᠭᠠᠳᠬᠠᠵᠤ᠂ ︽ᠲᠤᠯᠤᠭᠠᠨ ᠵᠦᠢᠯ ᠤᠨ ᠴᠢᠳᠠᠪᠤᠷᠢ︾  ᠶᠢ ᠳᠡᠭᠡᠭᠰᠢᠯᠡᠭᠦᠯᠵᠦ᠂ ᠠᠵᠢᠯ ᠬᠢᠵᠦ ᠦᠢᠯᠡᠰ ᠪᠣᠰᠬᠠᠬᠤ ︽ᠳᠠᠭᠠᠭᠤᠯᠤᠭᠴᠢ︾ ᠪᠣᠯᠬᠤ ᠪᠠᠷ ᠴᠢᠷᠮᠠᠶᠢᠵᠤ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ︽ᠰᠦᠬᠡ︾ ᠪᠣᠯᠵᠤ᠂ ᠠᠷᠠᠳ ᠤᠨ ᠬᠦᠴᠢᠷᠳᠡᠯ ᠢ ᠰᠢᠢᠳᠪᠦᠷᠢᠯᠡᠬᠦ ︽ᠦᠬᠡᠷ ᠮᠡᠲᠦ︾ ᠪᠣᠯᠪᠠ᠃ ᠦᠨᠡᠨ ᠠᠴᠠ ᠵᠥᠪ ᠢ ᠡᠷᠢᠬᠦ ᠶᠢ ᠪᠠᠷᠢᠮᠲᠠᠯᠠᠵᠤ᠂ ᠦᠨᠡᠨ ᠪᠣᠳᠠᠲᠠᠢ ᠣᠷᠣᠭᠤᠯᠤᠯᠲᠠ᠂ ᠦᠨᠡᠨ ᠪᠣᠳᠠᠲᠠᠢ ᠨᠡᠮᠡᠭᠳᠡᠯ᠂ ᠦᠨᠡᠨ ᠪᠣᠳᠠᠲᠠᠢ ᠭᠠᠶᠢᠯᠢ ᠲᠠᠲᠠᠪᠤᠷᠢ ᠶᠢ ᠬᠥᠭᠡᠭᠡᠴᠡᠯᠳᠦᠨ᠎ᠡ᠃ ︽ᠳᠥᠷᠪᠡᠨ ᠰᠤᠷᠲᠠᠯ︾ ᠢ ᠴᠥᠬᠦᠷᠡᠰᠢ ᠦᠭᠡᠢ ᠵᠠᠯᠠᠷᠠᠭᠤᠯᠤᠨ ᠵᠠᠰᠠᠵᠤ᠂ ᠠᠵᠢᠯ ᠬᠢᠬᠦ ᠦᠭᠡᠢ᠂ ᠳᠤᠷ᠎ᠠ ᠪᠠᠷ ᠢᠶᠠᠨ ᠬᠢᠬᠦ ᠶᠢ ᠡᠷᠡᠰ ᠴᠡᠭᠴᠡᠯᠡᠵᠦ᠂ ᠨᠢᠭᠡ ᠯᠡ ᠠᠳᠠᠯᠢ ᠪᠠᠷ ᠱᠠᠭᠠᠷᠳᠠᠬᠤ ᠦᠭᠡᠢ᠂ ᠱᠠᠲᠤ ᠱᠠᠲᠤ ᠪᠠᠷ ᠨᠡᠮᠡᠬᠦ ᠦᠭᠡᠢ ᠪᠠᠶᠢᠵᠤ᠂ ᠦᠨᠳᠦᠰᠦᠨ ᠱᠠᠲᠤᠨ ᠤ ᠬᠦᠯᠢᠶᠡᠰᠦ ᠶᠢ ᠰᠤᠯᠠᠷᠠᠭᠤᠯᠵᠤ ᠳᠠᠷᠤᠭᠠᠰᠤ ᠶᠢ ᠬᠥᠩᠭᠡᠯᠡᠬᠦ ᠬᠡᠷᠡᠭᠲᠡᠢ᠃ ᠠᠯᠢᠪᠠ ᠠᠵᠢᠯ ᠳᠤ ︽ᠲᠦᠷᠦᠭᠦᠨ ᠳᠤ ᠶᠠᠪᠤᠵᠤ᠂ ᠲᠦᠷᠦᠭᠦᠨ ᠳᠤ ᠬᠢᠵᠦ᠂ ᠪᠣᠳᠠᠲᠠᠢ ᠳᠤ ᠨᠠᠶᠢᠳᠠᠪᠤᠷᠢᠵᠢᠭᠤᠯᠬᠤ︾ ᠶᠢ ᠪᠠᠷᠢᠮᠲᠠᠯᠠᠵᠤ᠂ ᠥᠨᠳᠥᠷ ᠪᠠᠷᠢᠮᠵᠢᠶ᠎ᠠ᠂ ᠲᠦᠷᠭᠡᠨ ᠠᠶᠢᠵᠠᠮ᠂ ᠴᠢᠩᠭ᠎ᠠ ᠣᠪᠣᠷ ᠰᠤᠷᠲᠠᠯ ᠢᠶᠠᠷ ︽ᠤᠴᠢᠷ ᠶᠠᠪᠤᠳᠠᠯ ᠢ ᠲᠡᠷᠢᠭᠦᠨ ᠳᠤ ᠲᠠᠯᠪᠢᠬᠤ ᠪᠠᠷ ᠴᠢᠷᠮᠠᠶᠢᠬᠤ ᠳᠤ᠂ ᠲᠤᠭ ᠯᠠ ᠪᠤᠯᠢᠶᠠᠬᠤ︾ ᠶᠢ ᠠᠬᠢᠭᠤᠯᠬᠤ ᠬᠡᠷᠡᠭᠲᠡᠢ᠃ ᠤᠷᠮᠠᠰᠢᠭᠤᠯᠤᠨ ᠬᠢᠵᠠᠭᠠᠷᠯᠠᠬᠤ᠂ ᠠᠯᠳᠠᠭ᠎ᠠ ᠪᠤᠷᠤᠭᠤ ᠶᠢ ᠠᠭᠤᠴᠢᠯᠠᠨ ᠪᠠᠭᠲᠠᠭᠠᠬᠤ ᠠᠯᠳᠠᠭ᠎ᠠ ᠪᠤᠷᠤᠭᠤ ᠶᠢ ᠵᠠᠯᠠᠷᠠᠭᠤᠯᠬᠤ ᠲᠣᠭᠲᠠᠴᠠ ᠶᠢ ᠲᠡᠭᠦᠯᠳᠡᠷᠵᠢᠭᠦᠯᠵᠦ᠂ ᠴᠢᠷᠮᠠᠶᠢᠨ ᠲᠡᠮᠡᠴᠡᠭᠰᠡᠳ ᠲᠤ ᠲᠠᠭᠠᠯᠠᠭᠳᠠᠵᠤ᠂ ᠬᠤᠶᠢᠷᠭᠤᠰᠢᠭᠰᠠᠳ ᠲᠤ ᠬᠦᠢᠲᠡᠮᠰᠦᠭ ᠬᠠᠨᠳᠤᠵᠤ᠂ ᠠᠵᠢᠯ ᠬᠢᠭᠰᠡᠳ ᠲᠤ ᠲᠠᠪᠴᠠᠩ ᠣᠯᠭᠤᠵᠤ᠂ ᠡᠭᠡᠯ ᠵᠢᠷ ᠤᠨ ᠬᠥᠮᠥᠰ ᠲᠤ ᠪᠠᠶᠢᠷᠢ ᠰᠠᠭᠤᠷᠢ ᠶᠢ ᠨᠢ ᠲᠠᠯᠪᠢᠵᠤ ᠥᠭᠭᠦᠨ᠎ᠡ᠃   ᠳᠥᠷᠪᠡ ᠳᠤ᠂ ᠠᠷᠢᠭᠤᠨ ᠴᠢᠬᠡᠴᠢ ᠪᠠᠷ ᠪᠡᠶ᠎ᠡ ᠪᠠᠨ ᠪᠠᠷᠢᠵᠤ᠂ ᠠᠷᠢᠭᠤᠨ ᠴᠢᠬᠡᠴᠢ ᠶᠢᠨ ᠬᠥᠪᠴᠢ ᠶᠢ ᠴᠢᠩᠭᠠᠯᠠᠨ᠎ᠠ ᠃ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠭᠤᠣᠯ ᠴᠣᠭᠴᠠ ᠶᠢᠨ ᠬᠠᠷᠢᠭᠤᠴᠠᠯᠭ᠎ᠠ ᠪᠣᠯᠣᠨ ︽ᠨᠢᠭᠡ ᠠᠵᠢᠯ ᠤᠨ ᠪᠠᠶᠢᠷᠢ ᠬᠤᠶᠠᠷ ᠬᠠᠷᠢᠭᠤᠴᠠᠯᠭ᠎ᠠ︾ ᠶᠢ ᠡᠷᠡᠰ ᠡᠭᠦᠷᠭᠡᠯᠡᠵᠦ᠂ ᠵᠠᠰᠠᠭ ᠤᠨ ᠣᠷᠳᠣᠨ ᠤ ᠰᠢᠰᠲ᠋ᠧᠮ ᠤᠨ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢ ᠭᠦᠨᠵᠡᠭᠡᠢ ᠠᠬᠢᠭᠤᠯᠵᠤ᠂ ᠠᠷᠢᠭᠤᠨ ᠴᠢᠬᠡᠴᠢ ᠪᠠᠶᠢᠬᠤ ᠶᠢ ᠨᠠᠮ ᠤᠨ ᠭᠡᠰᠢᠭᠦᠨ ᠺᠠᠳ᠋ᠷ ᠨᠢᠭᠡᠪᠦᠷᠢ ᠶᠢᠨ ᠠᠵᠢᠯᠯᠠᠭᠠᠨ ᠤ ᠤᠬᠠᠮᠰᠠᠷ ᠪᠣᠯᠭᠠᠬᠤ ᠬᠡᠷᠡᠭᠲᠡᠢ᠃ ᠲᠥᠪ ᠤᠨ ᠨᠠᠢᠮᠠᠨ ᠲᠣᠭᠲᠠᠭᠠᠯ ᠵᠢᠴᠢ ᠬᠡᠷᠡᠭᠵᠢᠭᠦᠯᠬᠦ ᠨᠠᠷᠢᠨ ᠳᠦᠷᠢᠮ ᠤᠨ ᠵᠣᠷᠢᠭ ᠰᠠᠨᠠᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠬᠡᠯᠪᠡᠷᠢᠴᠢ ᠦᠵᠡᠯ᠂ ᠨᠣᠶᠠᠨᠴᠢ ᠰᠤᠷᠲᠠᠯ ᠢ ᠴᠢᠩᠭ᠎ᠠ ᠴᠡᠭᠡᠷᠯᠡᠨ᠎ᠡ᠃ ᠢᠯᠵᠠᠷᠠᠯ ᠢ ᠡᠰᠡᠷᠭᠦᠴᠡᠬᠦ ᠲᠡᠮᠡᠴᠡᠯ ᠤᠨ ᠬᠦᠴᠦᠲᠡᠢ ᠳᠠᠷᠤᠯᠲᠠ ᠶᠢᠨ ᠪᠠᠶᠢᠳᠠᠯ ᠢ ᠢᠮᠠᠭᠲᠠ ᠪᠠᠷᠢᠮᠲᠠᠯᠠᠵᠤ᠂ ᠤᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠢ ᠡᠷᠡᠰ ᠴᠡᠭᠴᠡᠯᠡᠨ ᠵᠠᠰᠠᠵᠤ᠂ ᠤᠴᠢᠷ ᠶᠠᠪᠤᠳᠠᠯ ᠢ ᠰᠠᠶᠢᠲᠤᠷ ᠪᠦᠲᠦᠭᠡᠵᠦ᠂ ᠬᠡᠷᠡᠭ ᠤᠴᠢᠷ ᠭᠠᠷᠭᠠᠬᠤ ᠦᠭᠡᠢ᠂ ᠮᠥᠷᠲᠡᠭᠡᠨ ᠡᠩᠨᠡᠭᠡ ᠪᠠᠨ ᠰᠠᠶᠢᠲᠤᠷ ᠳᠠᠭᠠᠭᠤᠯᠵᠤ᠂ ᠰᠠᠶᠢᠨ ᠳᠦᠷᠢ ᠲᠥᠷᠬᠦ ᠶᠢ ᠪᠤᠢ ᠪᠣᠯᠭᠠᠬᠤ ᠬᠡᠷᠡᠭᠲᠡᠢ᠃ ᠤᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ᠂ ᠤᠯᠠᠨ ᠨᠡᠶᠢᠲᠡ ᠶᠢᠨ ᠡᠳ᠋ ᠤᠨ ᠵᠠᠰᠠᠭ ᠤᠨ ᠵᠠᠷᠤᠯᠭ᠎ᠠ᠂ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ᠂ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠯᠤᠰ ᠤᠨ ᠥᠮᠴᠢᠯᠡᠯ ᠤᠨ ᠡᠳ᠋ ᠬᠥᠷᠥᠩᠭᠡ ᠵᠡᠷᠭᠡ ᠬᠦᠷᠢᠶᠡᠨ ᠳᠠᠬᠢ ᠬᠢᠨᠠᠯᠲᠠ ︽ᠭᠠᠮᠨᠠᠨ ᠠᠮᠢᠳᠤᠷᠠᠬᠤ︾  ᠶᠢ ᠪᠠᠷᠢᠮᠲᠠᠯᠠᠨ᠂ ︽ᠭᠤᠷᠪᠠᠨ ᠵᠦᠢᠯ ᠤᠨ ᠠᠯᠪᠠᠨ ᠤ ᠵᠠᠷᠤᠳᠠᠯ︾ ᠢ ᠴᠢᠩᠭ᠎ᠠ ᠬᠢᠵᠠᠭᠠᠷᠯᠠᠵᠤ᠂ ᠬᠤᠪᠣᠷ ᠨᠠᠨᠳᠢᠨ ᠪᠡᠯᠡ ᠮᠥᠩᠭᠦ ᠶᠢ ᠬᠦᠭᠵᠢᠯᠲᠡ ᠶᠢᠨ ᠬᠦᠴᠦᠨ ᠳᠤ ᠨᠡᠮᠡᠷᠢᠯᠡᠵᠦ᠂ ᠠᠷᠠᠳ ᠤᠨ ᠠᠮᠢᠳᠤᠷᠠᠯ ᠳᠤ ᠳᠠᠭᠠᠷᠠᠭᠰᠠᠨ ᠬᠥᠮᠥᠨ ᠳᠤ ᠳᠠᠬᠤ ᠬᠦᠷᠭᠡᠬᠦ ᠳᠤ ᠨᠡᠩ ᠢᠯᠡᠭᠦᠦ ᠬᠡᠷᠡᠭᠯᠡᠨ᠎ᠡ᠃   ᠬᠤᠯᠠ ᠶᠢᠨ ᠲᠡᠭᠷᠢ ᠳᠤ ᠡᠷᠴᠢᠯᠡᠨ ᠳᠡᠭᠦᠯᠢᠵᠦ᠂ ᠰᠢᠨ᠎ᠡ ᠠᠶᠠᠨ ᠵᠠᠮ ᠳᠠᠭᠠᠨ ᠡᠷᠡᠮᠡᠬᠡᠶᠢᠯᠡᠨ ᠤᠷᠤᠭᠰᠢᠯᠠᠨ᠎ᠠ᠃ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠦᠬᠦ ᠲᠠᠯ᠎ᠠ ᠪᠠᠷ ᠠᠬᠢᠭᠤᠯᠬᠤ ᠰᠢᠨ᠎ᠡ ᠠᠶᠠᠨ ᠵᠠᠮ ᠳᠤ ᠵᠣᠭᠰᠣᠬᠤ ᠳᠤ᠂ ᠳᠡᠭᠡᠳᠦ ᠳᠣᠣᠷᠠᠳᠤ ᠱᠠᠲᠤ ᠪᠠᠷ ᠢᠶᠠᠨ ᠰᠡᠳᠬᠢᠯ ᠢᠶᠠᠨ ᠨᠢᠭᠡᠳᠬᠡᠵᠦ᠂ ᠰᠢᠷᠭᠠᠭᠤ ᠬᠠᠲᠠᠭᠤᠵᠢᠯᠲᠠᠢ ᠠᠵᠢᠯᠯᠠᠪᠠᠯ ᠰᠠᠢᠢ ᠪᠢᠳᠡᠨ ᠤ ᠬᠠᠮᠲᠤ ᠶᠢᠨ ᠭᠡᠷ ᠣᠷᠣᠨ ᠢᠶᠠᠨ ᠨᠡᠩ ᠰᠠᠶᠢᠨ ᠰᠠᠶᠢᠬᠠᠨ ᠪᠣᠯᠭᠠᠨ ᠪᠦᠲᠦᠭᠡᠨ ᠪᠠᠶᠢᠭᠤᠯᠵᠤ ᠴᠢᠳᠠᠨ᠎ᠠ᠃ ᠪᠢᠳᠡ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠦ᠂ ᠬᠤᠰᠢᠭᠤᠨ ᠤ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠪᠥᠬᠦ ᠬᠤᠰᠢᠭᠤᠨ ᠤ ᠠᠷᠠᠳ ᠲᠦᠮᠡᠨ ᠳᠤ ᠴᠢᠩᠭ᠎ᠠ ᠲᠦᠰᠢᠭᠯᠡᠵᠦ᠂ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ᠂ ᠨᠢᠭᠡ ᠰᠡᠳᠬᠢᠯ ᠨᠢᠭᠡ ᠵᠣᠷᠢᠭ ᠢᠶᠠᠷ ᠡᠷᠡᠯᠬᠡᠭᠯᠡᠨ ᠤᠷᠤᠭᠰᠢᠯᠠᠵᠤ᠂ ᠡᠷᠡᠯᠬᠡᠭᠯᠡᠨ ᠲᠡᠮᠡᠴᠡᠵᠦ᠂ ᠬᠤᠰᠢᠭᠤᠴᠢ ᠴᠡᠷᠢᠭ ᠪᠣᠯᠵᠤ᠂ ᠰᠢᠨ᠎ᠡ ᠬᠡᠷᠡᠯ ᠰᠠᠴᠤᠷᠠᠩᠭᠤᠢ ᠠᠮᠵᠢᠯᠲᠠ ᠶᠢ ᠡᠭᠦᠳᠴᠦ᠂ ᠦᠵᠡᠰᠬᠦᠯᠡᠩᠲᠦ ᠰᠠᠶᠢᠬᠠᠨ ᠡᠮᠦᠨᠡᠲᠦ ᠬᠤᠰᠢᠭᠤᠨ ᠤ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ ᠴᠣ᠋ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠵᠦ᠂ ᠨᠡᠶᠢᠭᠡᠮ ᠵᠢᠷᠤᠮ ᠤᠨ ᠣᠳᠣᠬᠢᠴᠢᠯᠠᠭᠰᠠᠨ ᠬᠦᠴᠦᠷᠬᠡᠭ ᠤᠯᠤᠰ ᠢ ᠪᠥᠬᠦ ᠲᠠᠯ᠎ᠠ ᠪᠠᠷ ᠪᠠᠶᠢᠭᠤᠯᠤᠨ ᠪᠦᠲᠦᠭᠡᠬᠦ ᠬᠤᠶᠠᠳᠤᠭᠠᠷ ᠵᠠᠭᠤᠨ ᠵᠢᠯ ᠤᠨ ᠲᠡᠮᠡᠴᠡᠯ ᠤᠨ ᠬᠠᠷᠠᠯᠲᠠ ᠶᠢ ᠪᠡᠶᠡᠯᠡᠭᠦᠯᠬᠦ ᠪᠠᠷ ᠲᠣᠮᠣ ᠠᠯᠬᠤᠮ ᠢᠶᠠᠷ ᠤᠷᠤᠭᠰᠢᠯᠠᠨ᠎ᠠ︕             ︽ᠵᠠᠰᠠᠭ ᠤᠨ ᠣᠷᠳᠣᠨ ᠤ ᠠᠵᠢᠯ ᠤᠨ ᠢᠯᠡᠳᠬᠡᠯ︾ ᠤᠨ ᠨᠡᠷ᠎ᠡ ᠦᠭᠡ᠂ ᠲᠣᠪᠴᠢᠯᠠᠭᠰᠠᠨ ᠦᠭᠡ ᠶᠢᠨ ᠲᠠᠶᠢᠯᠪᠤᠷᠢᠯᠠᠯᠲᠠ ᠳᠥᠷᠪᠡ ᠶᠢ ᠡᠷᠬᠢᠯᠡᠨ᠎ᠠ ᠄ ᠨᠢᠭᠡ ᠳᠤ ᠰᠦᠯᠵᠢᠶ᠎ᠡ ᠪᠠᠷ ᠡᠷᠬᠢᠯᠡᠨ᠎ᠡ ᠂ ᠠᠯᠠᠭᠠᠨ ᠳᠡᠭᠡᠷ᠎ᠡ ᠪᠠᠨ ᠡᠷᠬᠢᠯᠡᠨ᠎ᠡ ᠂ ᠨᠢᠭᠡ ᠯᠡ ᠤᠳᠠᠭ᠎ᠠ ᠳᠤ ᠡᠷᠬᠢᠯᠡᠨ᠎ᠡ ᠂ ᠲᠠᠨ ᠢ ᠬᠠᠪᠰᠤᠷᠴᠤ ᠡᠷᠬᠢᠯᠡᠨ᠎ᠡ ᠃ᠬᠤᠶᠠᠷ ᠢ ᠦᠭᠡᠶᠢᠰᠬᠡᠬᠦ᠄ ᠭᠠᠴᠠᠭ᠎ᠠ ᠲᠣᠰᠬᠤᠨ ᠤ ᠵᠠᠬᠢᠳᠠᠯ ᠰᠣᠷᠪᠤᠯᠵᠢᠯᠠᠭ᠎ᠠ ᠶᠢᠨ ᠠᠰᠠᠭᠤᠳᠠᠯ ᠪᠠ ᠲᠣᠰᠬᠤᠨ ᠤ ᠱᠠᠲᠤᠨ ᠤ ᠥᠷᠢ ᠥᠭᠴᠡᠭᠡ ᠬᠤᠶᠠᠷ ᠢ ᠦᠭᠡᠶᠢᠰᠬᠡᠬᠦ᠃ᠪᠣᠷᠣ ᠬᠡᠷᠢᠰ᠄ ᠬᠥᠮᠥᠰ ᠤᠨ ᠳᠠᠳᠮᠠᠭᠠᠢ ᠪᠣᠯᠬᠤ ᠠᠶᠤᠯ ᠲᠦᠭᠰᠢᠭᠦᠷᠢ ᠳᠠᠩᠴᠤ ᠣᠯᠠᠨ ᠬᠠᠷᠠᠭᠳᠠᠳᠠᠭ ᠶᠤᠮ ᠪᠠᠶᠢᠨ᠎ᠠ᠂ ᠡᠭᠦᠨ ᠤ ᠤᠯᠠᠮ ᠠᠴᠠ ᠬᠥᠮᠥᠰ ᠶᠡᠷᠦᠳᠡ ᠶᠢᠨ ᠪᠠᠶᠢᠳᠠᠯ ᠳᠤ ᠣᠷᠣᠬᠤ ᠠᠶᠤᠯ ᠲᠦᠭᠰᠢᠭᠦᠷᠢ ᠲᠠᠢ ᠪᠠᠶᠢᠳᠠᠭ᠃ᠬᠠᠷ᠎ᠠ ᠬᠤᠨ᠄ ᠬᠥᠮᠥᠰ ᠤᠨ ᠰᠠᠨᠠᠭᠠᠨ ᠠᠴᠠ ᠭᠠᠳᠠᠭᠤᠷ ᠬᠤᠪᠣᠷ ᠲᠣᠬᠢᠶᠠᠯᠳᠤᠬᠤ ᠠᠶᠤᠯ ᠲᠦᠭᠰᠢᠭᠦᠷᠢ᠃ᠲᠡᠭᠰᠢ ᠭᠠᠵᠠᠷ ᠢ ᠥᠭᠡᠷᠡᠴᠢᠯᠡᠨ ᠪᠠᠶᠢᠭᠤᠯᠬᠤ᠄ ᠲᠡᠮᠦᠷ ᠵᠠᠮ ᠪᠣᠯᠣᠨ ᠵᠠᠰᠠᠮᠠᠯ ᠵᠠᠮ ᠤᠨ ᠲᠡᠭᠰᠢ ᠭᠠᠵᠠᠷ ᠳᠡᠭᠡᠷᠡᠬᠢ ᠰᠣᠯᠪᠢᠴᠠᠯ ᠢ ᠬᠥᠭᠦᠷᠭᠡ ᠰᠤᠨᠳᠠᠯᠠᠬᠤ ᠪᠤᠶᠤ ᠭᠤᠯᠳᠤᠩ ᠢ ᠳᠣᠷᠣᠭᠰᠢ ᠨᠡᠪᠲᠡᠯᠬᠦ ᠬᠡᠯᠪᠡᠷᠢ ᠶᠢᠨ ᠰᠣᠯᠪᠢᠴᠠᠯ ᠤᠨ ᠪᠠᠷᠢᠯᠭ᠎ᠠ ᠪᠣᠯᠭᠠᠨ ᠥᠭᠡᠷᠡᠴᠢᠯᠡᠨ᠎ᠡ᠃832 ᠲᠠᠪᠴᠠᠩ᠄ ᠶᠠᠳᠠᠭᠤ ᠠᠴᠠ ᠠᠩᠭᠢᠵᠢᠷᠠᠭᠤᠯᠬᠤ ᠭᠠᠵᠠᠷ ᠣᠷᠣᠨ ᠤ ᠲᠠᠷᠢᠶᠠᠯᠠᠩ ᠲᠤᠰᠠᠯᠠᠬᠤ ᠠᠵᠤ ᠠᠬᠤᠢ ᠶᠢᠨ ᠪᠦᠲᠦᠭᠡᠭᠳᠡᠬᠦᠨ ᠤ ᠰᠦᠯᠵᠢᠶ᠎ᠡ ᠪᠠᠷ ᠪᠣᠷᠣᠯᠠᠭᠤᠯᠬᠤ ᠲᠠᠪᠴᠠᠩ᠃ᠲᠠᠷᠢᠶᠠᠨ ᠭᠠᠵᠠᠷ ᠢ ᠨᠥᠬᠦᠪᠦᠷᠢᠯᠡᠬᠦ ᠬᠥᠮᠥᠷᠭᠡ ᠄ ᠲᠠᠷᠢᠶᠠᠨ ᠭᠠᠵᠠᠷ ᠤᠨ ᠬᠠᠮᠠᠭᠠᠯᠠᠯᠲᠠ ᠳᠤ ᠴᠢᠩᠭ᠎ᠠ ᠬᠢᠨᠠᠯᠲᠠ ᠲᠠᠯᠪᠢᠵᠤ᠂ ᠡᠵᠡᠯᠡᠬᠦ ᠪᠠ ᠨᠥᠬᠦᠪᠦᠷᠢᠯᠡᠬᠦ ᠶᠢ ᠲᠡᠩᠴᠡᠭᠦᠷᠢᠲᠡᠢ ᠪᠠᠶᠢᠯᠭᠠᠬᠤ ᠶᠢ ᠦᠨᠡᠨᠬᠦ ᠪᠠᠲᠤᠯᠠᠬᠤ ᠶᠢᠨ ᠲᠤᠰᠠᠳᠠ᠂ ᠰᠢᠶᠠᠨ ︵ᠬᠤᠰᠢᠭᠤ︶ ᠤ ᠱᠠᠲᠤᠨ ᠤ ᠠᠷᠠᠳ ᠤᠨ ᠵᠠᠰᠠᠭ ᠤᠨ ᠣᠷᠳᠣᠨ ᠠᠴᠠ ︽ᠲᠠᠷᠢᠶᠠᠯᠠᠵᠤ ᠪᠠᠶᠢᠭᠠᠳ ᠬᠥᠮᠥᠷᠭᠡ ᠶᠢ ᠨᠥᠬᠦᠪᠦᠷᠢᠯᠡᠬᠦ︾ ᠶᠢ ᠪᠠᠶᠢᠭᠤᠯᠵᠤ᠂ ᠪᠦᠲᠦᠭᠡᠨ ᠪᠠᠶᠢᠭᠤᠯᠬᠤ ᠶᠠᠪᠤᠴᠠ ᠳᠤ ᠬᠡᠳᠦᠢ ᠲᠠᠷᠢᠶᠠᠨ ᠭᠠᠵᠠᠷ ᠢ ᠡᠵᠡᠯᠡᠨ ᠬᠡᠷᠡᠭᠯᠡᠪᠡᠯ᠂ ᠲᠤᠬᠠᠢ ᠶᠢᠨ ᠭᠠᠵᠠᠷ ᠤᠨ ᠠᠷᠠᠳ ᠤᠨ ᠵᠠᠰᠠᠭ ᠤᠨ ᠣᠷᠳᠣᠨ ᠠᠴᠠ ᠲᠤᠭ᠎ᠠ ᠬᠡᠮᠵᠢᠶ᠎ᠡ ᠪᠠ ᠶᠠᠰᠤ ᠴᠢᠨᠠᠷ ᠢᠶᠠᠷ ᠠᠳᠠᠯᠢᠪᠲᠤᠷ ᠲᠠᠷᠢᠶᠠᠨ ᠭᠠᠵᠠᠷ ᠲᠤ ᠬᠡᠳᠦᠢ ᠨᠥᠬᠦᠨ ᠣᠷᠣᠭᠤᠯᠬᠤ ᠦᠶᠯᠡ ᠠᠵᠢᠯᠯᠠᠭ᠎ᠠ ᠶᠢ ᠬᠢᠬᠦ ᠬᠡᠷᠡᠭᠲᠡᠢ᠃ᠵᠢᠷᠭᠤᠭᠠᠨ ᠠᠷᠭ᠎ᠠ ᠬᠡᠮᠵᠢᠶ᠎ᠡ᠄ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠳᠠᠶᠢᠴᠢᠯᠠᠯᠲᠠ ᠶᠢ ᠴᠢᠩᠭᠠᠳᠬᠠᠵᠤ᠂ ᠮᠠᠯᠴᠢᠨ ᠲᠠᠷᠢᠶᠠᠴᠢᠨ ᠤ ᠴᠢᠨᠠᠷ ᠰᠠᠶᠢᠲᠠᠢ ᠬᠦᠷᠢᠶ᠎ᠡ ᠬᠠᠰᠢᠶ᠎ᠠ ᠶᠢᠨ ᠠᠵᠤ ᠠᠬᠤᠢ ᠶᠢ ᠬᠥᠭᠵᠢᠭᠦᠯᠬᠦ ᠶᠢ ᠵᠣᠷᠢᠭᠵᠢᠭᠤᠯᠤᠨ ᠬᠥᠲᠥᠯᠥᠨ ᠵᠢᠯᠤᠭᠤᠳᠴᠤ᠂ ᠠᠵᠢᠯ ᠣᠯᠭᠤᠬᠤ ᠪᠠᠷ ᠲᠡᠳᠬᠦᠮᠵᠢ ᠶᠢ ᠣᠷᠣᠯᠠᠭᠤᠯᠬᠤ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠳᠤ ᠣᠷᠣᠯᠴᠠᠭᠤᠯᠵᠤ᠂ ᠣᠷᠣᠯᠠᠨ ᠳᠠᠷᠢᠬᠤ ᠨᠡᠶᠢᠭᠡᠮᠴᠢᠯᠡᠭᠰᠡᠨ ᠦᠢᠯᠡᠴᠢᠯᠡᠭᠡ ᠶᠢ ᠬᠥᠭᠵᠢᠭᠦᠯᠦᠨ᠂ ᠮᠠᠯ ᠤᠨ ᠡᠭᠦᠯᠳᠡᠷ ᠢ ᠰᠠᠶᠢᠵᠢᠷᠠᠭᠤᠯᠬᠤ᠂ ᠠᠵᠢᠯ ᠬᠥᠳᠡᠯᠮᠦᠷᠢ ᠬᠢᠵᠦ ᠠᠵᠢᠯ ᠣᠯᠭᠤᠬᠤ ᠶᠢ ᠥᠷᠨᠢᠭᠦᠯᠦᠨ᠎ᠡ᠃ᠳᠥᠷᠪᠡᠨ ᠶᠡᠭᠡ ᠠᠵᠢᠯᠯᠠᠭ᠎ᠠ᠄ ᠬᠤᠲᠠ ᠪᠠᠯᠭᠠᠰᠤᠨ ᠤ ᠨᠢᠭᠡ ᠴᠦ ᠠᠵᠢᠯ ᠣᠯᠣᠭᠰᠠᠨ ᠦᠭᠡᠢ ᠭᠡᠷ ᠪᠦᠯᠢ ᠶᠢᠨ ᠭᠦᠢᠴᠡᠳ ᠠᠵᠢᠯ ᠣᠯᠵᠤ ᠣᠷᠣᠯᠭ᠎ᠠ ᠪᠠᠨ ᠨᠡᠮᠡᠭᠳᠡᠭᠦᠯᠬᠦ᠂ ᠠᠵᠢᠯ ᠣᠯᠬᠤ ᠬᠦᠰᠡᠯ ᠲᠠᠢ ᠶᠡᠭᠡ ᠰᠤᠷᠭᠠᠭᠤᠯᠢ ᠳᠤᠮᠳᠠ ᠵᠡᠷᠭᠡ ᠶᠢᠨ ᠲᠤᠰᠬᠠᠢ ᠮᠡᠷᠭᠡᠵᠢᠯ ᠤᠨ ᠰᠤᠷᠭᠠᠭᠤᠯᠢ ᠲᠡᠭᠦᠰᠦᠭᠰᠡᠳ ᠤᠨ ᠪᠥᠬᠦ ᠲᠠᠯ᠎ᠠ ᠪᠠᠷ ᠠᠵᠢᠯ ᠣᠯᠵᠤ ᠣᠷᠣᠯᠭ᠎ᠠ ᠪᠠᠨ ᠨᠡᠮᠡᠭᠳᠡᠭᠦᠯᠬᠦ᠂ ᠰᠤᠷᠤᠯᠴᠠᠬᠤ ᠬᠦᠰᠡᠯ ᠲᠠᠢ ᠰᠠᠭᠤᠭᠠᠯᠢ ᠠᠷᠠᠳ ᠲᠤ ᠰᠦᠢᠳᠬᠡᠯ ᠬᠤᠷᠢᠶᠠᠬᠤ ᠦᠭᠡᠢ ᠪᠠᠷ ᠪᠣᠯᠪᠠᠰᠤᠷᠠᠭᠤᠯᠤᠯ ᠬᠢᠵᠦ ᠤᠷ᠎ᠠ ᠴᠢᠳᠠᠪᠤᠷᠢ ᠪᠠᠨ ᠳᠡᠭᠡᠭᠰᠢᠯᠡᠭᠦᠯᠵᠦ ᠣᠷᠣᠯᠭ᠎ᠠ ᠪᠠᠨ ᠨᠡᠮᠡᠭᠳᠡᠭᠦᠯᠬᠦ᠂ ᠬᠢᠨᠠᠨ ᠰᠢᠯᠭᠠᠬᠤ ᠬᠡᠪᠴᠢᠶᠡᠨ ᠳᠤ ᠣᠷᠣᠭᠤᠯᠵᠤ ᠬᠤᠲᠠ ᠪᠠᠯᠭᠠᠰᠤᠨ ᠤ ᠪᠣᠳᠠᠲᠠᠢ ᠬᠦᠴᠢᠷᠳᠡᠯ ᠲᠠᠢ ᠨᠢᠭᠡᠴᠡ ᠳᠤ ᠵᠠᠰᠠᠭ ᠤᠨ ᠣᠷᠳᠣᠨ ᠤ ᠦᠨᠳᠦᠰᠦᠨ ᠵᠦᠢᠯ ᠢ ᠪᠠᠲᠤᠯᠠᠬᠤ ᠨᠥᠬᠦᠪᠦᠷᠢ ︵ᠪᠠᠲᠤᠯᠠᠭ᠎ᠠ︶ ᠶᠢᠨ ᠣᠷᠣᠯᠭ᠎ᠠ ᠪᠠᠨ ᠨᠡᠮᠡᠭᠳᠡᠭᠦᠯᠦᠨ᠎ᠡ ᠃ᠨᠡᠭᠦᠷᠡᠰᠦᠲᠥ᠋ᠷᠥᠭᠴᠢ ᠦᠭᠡᠢ ᠮᠠᠯᠵᠢᠯ ᠤᠨ ᠲᠠᠯᠠᠪᠠᠶ᠄ ᠬᠡᠪᠴᠢᠶᠡᠵᠢᠭᠦᠯᠦᠭᠰᠡᠨ ᠮᠠᠯᠵᠢᠯ ᠤᠨ ᠲᠠᠯᠠᠪᠠᠶ ᠳᠤ ᠰᠠᠭᠤᠷᠢᠯᠠᠨ᠂ ᠲᠣᠭᠠᠴᠢᠯᠠᠭᠰᠠᠨ ᠣᠶᠤᠨᠴᠢ ᠮᠡᠷᠭᠡᠵᠢᠯ ᠬᠢᠭᠡᠳ ᠴᠡᠪᠡᠷ ᠡᠨᠧᠷᠭᠢ ᠪᠠᠷ ᠭᠤᠣᠯ ᠪᠣᠯᠭᠠᠭᠰᠠᠨ᠂ ᠨᠡᠭᠦᠷᠡᠰᠦᠲᠥ᠋ᠷᠥᠭᠴᠢ ᠶᠢᠨ ᠤᠯᠠ ᠮᠥᠷ ᠢ ᠪᠦᠲᠦᠮᠵᠢᠲᠡᠶ ᠲᠤᠯᠭᠠᠨ ᠬᠠᠰᠤᠭᠰᠠᠨ᠂ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢ ᠪᠠᠭᠠᠰᠬᠠᠭᠰᠠᠨ ᠲᠤᠰᠬᠠᠶᠢᠵᠢᠭᠰᠠᠨ ᠮᠠᠯᠵᠢᠯ ᠤᠨ ᠲᠠᠯᠠᠪᠠᠶ᠃ᠡᠳᠦᠷ ᠤᠨ ᠬᠦᠴᠦᠨ ᠤ ᠵᠠᠬ᠎ᠠ ᠳᠡᠯᠭᠡᠭᠦᠷ᠄ ᠡᠳᠦᠷ ᠤᠨ ᠬᠦᠴᠦᠨ ᠤ ᠠᠵᠢᠯ ᠬᠢᠭᠰᠡᠳ᠂ ᠵᠠᠭᠤᠴᠢᠯᠠᠬᠤ ᠦᠢᠯᠡᠴᠢᠯᠡᠭᠡᠨ ᠤ ᠪᠠᠶᠢᠭᠤᠯᠤᠮᠵᠢ ᠬᠢᠭᠡᠳ ᠬᠥᠯᠥᠰᠦᠨ ᠠᠵᠢᠯᠴᠢᠨ ᠤ ᠲᠠᠯ᠎ᠠ ᠶᠢᠨ ᠡᠮᠦᠨᠡᠬᠢ ᠬᠤᠭᠤᠴᠠᠭᠠᠨ ᠤ ᠠᠵᠢᠯ ᠣᠯᠭᠤᠯᠲᠠ ᠶᠢᠨ ᠬᠠᠩᠭᠠᠯᠭ᠎ᠠ ᠬᠡᠷᠡᠭᠴᠡᠭᠡ ᠶᠢᠨ ᠮᠡᠳᠡᠭᠡ ᠵᠠᠩᠭᠢ ᠶᠢ ᠨᠡᠪᠲᠡᠷᠡᠯᠴᠡᠨ ᠵᠣᠯᠭᠠᠭᠤᠯᠬᠤ ᠰᠦᠯᠵᠢᠶᠡᠨ ᠳᠡᠭᠡᠷᠡᠬᠢ ᠬᠡᠶᠢᠰᠪᠦᠷᠢ ᠪᠤᠶᠤ ᠰᠦᠯᠵᠢᠶᠡᠨ ᠠᠴᠠ ᠭᠠᠳᠠᠭᠤᠷᠬᠢ ᠪᠣᠳᠠᠲᠤ ᠴᠣᠭᠴᠠ ᠶᠢᠨ ᠲᠠᠯᠠᠪᠤᠷ ᠭᠠᠵᠠᠷ᠃ᠬᠤᠶᠠᠷ ᠢ ᠲᠣᠳᠣᠷᠬᠠᠶᠢᠯᠠᠵᠤ ᠬᠤᠶᠠᠷ ᠢ ᠴᠣᠬᠢᠬᠤ᠄ ︽ᠬᠤᠶᠠᠷ ᠢ ᠲᠣᠳᠣᠷᠬᠠᠶᠢᠯᠠᠬᠤ︾ ᠭᠡᠳᠡᠭ ᠨᠢ ᠲᠣᠭᠲᠠᠭᠤᠨ ᠪᠠᠶᠢᠳᠠᠯ ᠳᠤ ᠬᠤᠯᠪᠣᠭᠳᠠᠬᠤ ᠳᠠᠯᠳᠠ ᠬᠡᠮ ᠢ ᠠᠷᠢᠯᠭᠠᠬᠤ᠂ ᠠᠮᠤᠷ ᠲᠦᠪᠰᠢᠨ ᠤ ᠳᠠᠯᠳᠠ ᠬᠡᠮ ᠢ ᠠᠷᠢᠯᠭᠠᠬᠤ ᠶᠢ ᠬᠡᠯᠡᠵᠦ ᠪᠠᠶᠢᠨ᠎ᠠ᠂ ︽ᠬᠤᠶᠠᠷ ᠢ ᠴᠣᠬᠢᠬᠤ︾ ᠭᠡᠳᠡᠭ ᠨᠢ ᠬᠦᠨᠳᠦ ᠨᠣᠴᠢᠲᠠᠢ ᠬᠦᠴᠦᠷᠬᠡᠭᠯᠡᠯ ᠤᠨ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠬᠦ ᠪᠠ ᠣᠯᠠᠨᠲᠠ ᠡᠭᠦᠰᠬᠦ ᠴᠢᠨᠠᠷᠲᠠᠢ ᠡᠳ᠋ ᠬᠥᠷᠥᠩᠭᠡ ᠳᠤ ᠬᠠᠯᠳᠠᠭᠰᠠᠨ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠬᠦ ᠶᠢ ᠬᠡᠯᠡᠵᠦ ᠪᠠᠶᠢᠨ᠎ᠠ᠃ᠭᠤᠷᠪᠠᠨ ᠡᠬᠡ ᠲᠠᠩᠰᠠ᠄ ᠶᠠᠳᠠᠭᠤ ᠶᠢ ᠲᠡᠳᠬᠦᠬᠦ ᠲᠥᠷᠥᠯ ᠵᠦᠢᠯ ᠤᠨ ᠡᠳ᠋ ᠬᠥᠷᠥᠩᠭᠡ ᠪᠠᠷ ᠪᠦᠷᠢᠯᠳᠦᠭᠰᠡᠨ ᠨᠡᠶᠢᠲᠡ ᠶᠢᠨ ᠠᠰᠠᠷᠠᠮᠵᠢ ᠶᠢᠨ ᠲᠥᠷᠥᠯ᠂ ᠡᠵᠡᠩᠨᠡᠯᠲᠡ ᠶᠢᠨ ᠲᠥᠷᠥᠯ᠂ ᠡᠷᠦᠬᠡ ᠳᠤ ᠬᠦᠷᠭᠡᠬᠦ ᠲᠥᠷᠥᠯ ᠵᠡᠷᠭᠡ ᠭᠤᠷᠪᠠᠨ ᠲᠥᠷᠥᠯ ᠤᠨ ᠡᠳ᠋ ᠬᠥᠷᠥᠩᠭᠡ ᠶᠢᠨ ᠡᠬᠡ ᠲᠠᠩᠰᠠ᠃ᠲᠠᠪᠤᠨ ᠶᠡᠭᠡ ᠡᠬᠢᠯᠡᠯᠲᠡ ᠶᠢᠨ ᠰᠠᠭᠤᠷᠢ᠄ ᠵᠥᠪᠰᠢᠶᠡᠷᠡᠭᠦᠯᠬᠦ ᠪᠠᠷ ᠪᠠᠶᠢᠭ᠎ᠠ ᠲᠥᠷᠥᠯ ᠵᠦᠢᠯ ᠤᠨ ᠡᠬᠢᠯᠡᠯᠲᠡ ᠶᠢᠨ ᠰᠠᠭᠤᠷᠢ᠂ ᠨᠡᠭᠡᠭᠡᠯᠲᠡ ᠶᠢᠨ ᠲᠣᠭᠤᠷᠢᠭ ᠤᠨ ᠰᠤᠯᠠ ᠪᠠᠶᠢᠭ᠎ᠠ ᠡᠬᠢ ᠪᠠᠶᠠᠯᠢᠭ ᠤᠨ ᠬᠦᠴᠦᠨ ᠵᠦᠢᠯ ᠤᠨ ᠡᠬᠢᠯᠡᠯᠲᠡ ᠶᠢᠨ ᠰᠠᠭᠤᠷᠢ᠂ ᠳᠠᠷᠤᠭᠳᠠᠵᠤ ᠪᠠᠶᠢᠭ᠎ᠠ ᠪᠡᠯᠡ ᠮᠥᠩᠭᠦ ᠶᠢᠨ ᠡᠬᠢᠯᠡᠯᠲᠡ ᠶᠢᠨ ᠰᠠᠭᠤᠷᠢ᠂ ︽ᠬᠠᠭᠠᠰ ᠳᠤᠲᠠᠭᠤ︾ ᠢᠨᠵᠧᠨᠧᠷᠢᠩ ᠤᠨ ᠡᠬᠢᠯᠡᠯᠲᠡ ᠶᠢᠨ ᠰᠠᠭᠤᠷᠢ᠂ ᠵᠥᠪᠰᠢᠶᠡᠷᠡᠭᠰᠡᠨ ᠪᠣᠯᠪᠠᠴᠤ ᠬᠠᠩᠭᠠᠭᠰᠠᠨ ᠦᠭᠡᠢ᠂ ᠰᠤᠯᠠ ᠪᠠᠶᠢᠭ᠎ᠠ ᠭᠠᠵᠠᠷ ᠰᠢᠷᠣᠢ ᠶᠢᠨ ᠡᠬᠢᠯᠡᠯᠲᠡ ᠶᠢᠨ ᠰᠠᠭᠤᠷᠢ᠃ᠲᠤᠯᠤᠭᠠᠨ ᠵᠦᠢᠯ ᠤᠨ ᠴᠢᠳᠠᠪᠤᠷᠢ᠄ ᠤᠯᠤᠰ ᠲᠥᠷᠥ ᠶᠢᠨ ᠴᠢᠳᠠᠪᠤᠷᠢ᠂ ᠪᠠᠶᠢᠴᠠᠭᠠᠨ ᠰᠤᠳᠤᠯᠬᠤ ᠴᠢᠳᠠᠪᠤᠷᠢ᠂ ᠰᠢᠨᠵᠢᠯᠡᠬᠦ ᠤᠬᠠᠭᠠᠨᠴᠢ ᠪᠠᠷ ᠰᠢᠢᠳᠪᠦᠷᠢᠲᠦ ᠪᠣᠳᠣᠯᠭ᠎ᠠ ᠲᠣᠭᠲᠠᠭᠠᠬᠤ ᠴᠢᠳᠠᠪᠤᠷᠢ᠂ ᠥᠭᠡᠷᠡᠴᠢᠯᠡᠯᠲᠡ ᠶᠢᠨ ᠪᠡᠷᠬᠡ ᠰᠡᠳᠦᠪ ᠢ ᠰᠢᠢᠳᠪᠦᠷᠢᠯᠡᠬᠦ ᠴᠢᠳᠠᠪᠤᠷᠢ᠂ ᠪᠠᠴᠢᠮ ᠪᠠᠶᠢᠳᠠᠯ ᠢ ᠠᠷᠭᠠᠴᠠᠨ ᠭᠡᠨᠡᠳᠲᠡ ᠶᠢᠨ ᠬᠡᠷᠡᠭ ᠢ ᠰᠢᠢᠳᠪᠦᠷᠢᠯᠡᠬᠦ ᠴᠢᠳᠠᠪᠤᠷᠢ᠂ ᠣᠯᠠᠨ ᠲᠦᠮᠡᠨ ᠤ ᠠᠵᠢᠯ ᠤᠨ ᠴᠢᠳᠠᠪᠤᠷᠢ᠂ ᠨᠠᠶᠢᠳᠠᠪᠤᠷᠢᠵᠢᠭᠤᠯᠤᠯᠲᠠ ᠶᠢ ᠠᠳᠬᠤᠬᠤ ᠴᠢᠳᠠᠪᠤᠷᠢ ᠵᠡᠷᠭᠡ ᠪᠣᠯᠣᠨ᠎ᠠ᠃ᠨᠠᠢᠮᠠᠨ ᠵᠦᠢᠯ ᠤᠨ ᠴᠢᠳᠠᠪᠤᠷᠢ᠄ ᠰᠤᠷᠤᠯᠴᠠᠬᠤ ᠴᠢᠳᠠᠪᠤᠷᠢ᠂ ᠤᠯᠤᠰ ᠲᠥᠷᠥ ᠶᠢᠨ ᠤᠳᠤᠷᠢᠳᠬᠤ ᠴᠢᠳᠠᠪᠤᠷᠢ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠴᠢᠳᠠᠪᠤᠷᠢ᠂ ᠰᠢᠨᠵᠢᠯᠡᠬᠦ ᠤᠬᠠᠭᠠᠨᠴᠢ ᠪᠠᠷ ᠬᠥᠭᠵᠢᠭᠦᠯᠬᠦ ᠴᠢᠳᠠᠪᠤᠷᠢ᠂ ᠬᠠᠤᠯᠢ ᠶᠣᠰᠣᠭᠠᠷ ᠲᠥᠷᠥ ᠪᠠᠷᠢᠬᠤ ᠴᠢᠳᠠᠪᠤᠷᠢ᠂ ᠣᠯᠠᠨ ᠲᠦᠮᠡᠨ ᠤ ᠠᠵᠢᠯ ᠤᠨ ᠴᠢᠳᠠᠪᠤᠷᠢ᠂ ᠨᠠᠶᠢᠳᠠᠪᠤᠷᠢᠵᠢᠭᠤᠯᠤᠯᠲᠠ ᠶᠢ ᠬᠦᠴᠦᠲᠡᠢ ᠠᠳᠬᠤᠬᠤ ᠴᠢᠳᠠᠪᠤᠷᠢ᠂ ᠠᠶᠤᠯ ᠲᠦᠭᠰᠢᠭᠦᠷᠢ ᠶᠢ ᠡᠵᠡᠮᠳᠡᠬᠦ ᠴᠢᠳᠠᠪᠤᠷᠢ ᠵᠡᠷᠭᠡ ᠪᠣᠯᠣᠨ᠎ᠠ᠃ᠠᠵᠢᠯ ᠮᠡᠷᠭᠡᠵᠢᠯ ᠤᠨ ᠰᠤᠷᠭᠠᠨ ᠬᠥᠮᠦᠵᠢᠯ ᠬᠢᠭᠡᠳ ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠭᠠᠨ ᠬᠥᠮᠦᠵᠢᠯ ᠬᠠᠮᠲᠤᠷᠠᠨ ᠠᠵᠢᠯᠯᠠᠵᠤ᠂ ᠬᠤᠶᠠᠷ ᠲᠠᠯ᠎ᠠ ᠪᠠᠷ ᠢᠶᠠᠨ ᠬᠠᠮᠲᠤ ᠪᠠᠷ ᠬᠢᠴᠢᠶᠡᠯ ᠲᠥᠯᠥᠪᠯᠡᠨ᠂ ᠬᠠᠷᠢᠯᠴᠠᠨ ᠪᠠᠭᠰᠢ ᠲᠣᠮᠢᠯᠠᠵᠤ᠂ ᠰᠤᠷᠤᠯᠭ᠎ᠠ ᠶᠢᠨ ᠬᠤᠪᠢ ᠶᠢ ᠬᠠᠷᠢᠯᠴᠠᠨ ᠮᠡᠳᠡᠷᠡᠬᠦ᠂ ᠰᠤᠷᠭᠠᠭᠤᠯᠢ ᠶᠢᠨ ᠬᠠᠷᠢᠶ᠎ᠠ ᠶᠢ ᠬᠠᠷᠢᠯᠴᠠᠨ ᠰᠢᠯᠵᠢᠭᠦᠯᠬᠦ‍ ᠨᠢᠭᠡ ᠵᠦᠢᠯ ᠤᠨ ᠴᠣ᠋ ᠰᠢᠨ᠎ᠡ ᠴᠢᠳᠠᠪᠤᠷᠢᠲᠠᠨ ᠬᠥᠮᠥᠵᠢᠭᠦᠯᠬᠦ ᠵᠠᠭᠪᠤᠷ ᠢ ᠬᠡᠷᠡᠭᠵᠢᠭᠦᠯᠦᠨ᠎ᠡ᠃ᠲᠣᠮᠣ ᠢᠳᠡᠭᠡᠨ ᠤ ᠦᠵᠡᠯᠲᠡ᠄ ᠲᠣᠮᠣ ᠢᠳᠡᠭᠡᠨ ᠤ ᠦᠵᠡᠯᠲᠡ ᠶᠢᠨ ᠰᠠᠭᠤᠷᠢ ᠪᠣᠯ ᠠᠮᠤ ᠪᠤᠳᠠᠭ᠎ᠠ ᠪᠣᠯᠣᠨ᠎ᠠ᠂ ︽ᠲᠠᠷᠢᠶᠠᠨ ᠭᠠᠵᠠᠷ ᠨᠤᠲᠤᠭ ᠪᠡᠯᠴᠢᠭᠡᠷ ᠣᠶ ᠰᠢᠭᠤᠢ ᠲᠡᠯᠡᠶ ᠲᠠᠩᠭᠢᠰ ᠠᠴᠠ᠂ ᠤᠷᠭᠤᠮᠠᠯ ᠠᠮᠢᠲᠠᠨ ᠤ ᠮᠢᠺᠷᠣᠪ ᠠᠴᠠ ᠢᠯᠴᠢ᠂ ᠤᠭᠤᠷᠠᠭ ᠠᠪᠴᠤ᠂ ᠪᠥᠬᠦ ᠲᠠᠯ᠎ᠠ ᠪᠠᠷ ᠣᠯᠠᠨ ᠠᠷᠭ᠎ᠠ ᠵᠠᠮ ᠢᠶᠠᠷ ᠢᠳᠡᠭᠡᠨ ᠤ ᠡᠬᠢ ᠪᠠᠶᠠᠯᠢᠭ ᠢ ᠨᠡᠭᠡᠭᠡᠨ ᠠᠰᠢᠭᠯᠠᠬᠤ︾ ᠨᠢᠭᠡ ᠵᠦᠢᠯ ᠤᠨ ᠦᠵᠡᠯᠲᠡ ᠪᠣᠯᠣᠨ᠎ᠠ᠃ᠨᠢᠰᠦᠮᠠᠯ ᠠᠵᠤ ᠠᠬᠤᠢ᠄ ᠬᠠᠷᠢᠯᠴᠠᠨ ᠲᠤᠰᠠᠭᠠᠷ ᠲᠣᠭᠲᠠᠨᠢᠭᠰᠠᠨ᠂ ᠠᠵᠤ ᠠᠬᠤᠢ ᠶᠢᠨ ᠬᠥᠭᠵᠢᠯᠲᠡ ᠨᠢ ᠵᠥᠷᠢᠶ᠎ᠡ ᠲᠠᠢ ᠬᠤᠶᠠᠷ ᠵᠠᠰᠠᠭ ᠵᠠᠬᠢᠷᠭᠠᠨ ᠤ ᠭᠠᠵᠠᠷ ᠣᠷᠣᠨ ᠣᠷᠣᠨ ᠬᠤᠪᠢᠶᠠᠷᠢᠯᠠᠯ ᠤᠨ ᠬᠢᠵᠠᠭᠠᠷᠯᠠᠯ ᠢ ᠡᠪᠳᠡᠵᠦ᠂ ᠡᠯ᠎ᠡ ᠲᠦᠷᠦᠯ ᠤᠨ ᠨᠡᠭᠡᠭᠡᠨ ᠬᠥᠭᠵᠢᠭᠦᠯᠬᠦ ᠣᠷᠣᠨ ᠢᠶᠠᠷ ᠭᠤᠣᠯ ᠠᠴᠢᠶᠠᠯᠠᠪᠤᠷᠢ ᠪᠣᠯᠭᠠᠵᠤ ᠂ ᠡᠷᠬᠡ ᠲᠡᠭᠰᠢ ᠪᠠᠷ ᠵᠥᠪᠳᠡᠯᠴᠡᠬᠦ ᠂ ᠰᠠᠶᠢᠨ ᠳᠤᠷ᠎ᠠ ᠠᠴᠠ ᠪᠠᠨ ᠬᠠᠮᠲᠤᠷᠠᠯᠴᠠᠬᠤ ᠰᠠᠭᠤᠷᠢᠨ ᠳᠡᠭᠡᠷ᠎ᠡ ᠂ ᠦᠢᠯᠡᠳᠪᠦᠷᠢᠯᠡᠯ ᠤᠨ ᠡᠯᠧᠮᠧᠨ᠋ᠲ ᠢ ᠬᠠᠷᠢᠯᠴᠠᠨ ᠨᠥᠬᠦᠪᠦᠷᠢᠯᠡᠬᠦ ᠪᠠ ᠥᠨᠳᠥᠷ ᠪᠦᠲᠦᠮᠵᠢᠲᠡᠶ ᠪᠠᠷ ᠠᠰᠢᠭᠯᠠᠬᠤ ᠪᠠᠷ ᠰᠢᠭᠤᠳ ᠵᠣᠷᠢᠯᠭ᠎ᠠ ᠪᠣᠯᠭᠠᠵᠤ ᠂ ᠣᠨᠴᠠ ᠲᠣᠭᠲᠠᠭᠠᠭᠰᠠᠨ ᠣᠷᠣᠨ ᠪᠦᠰᠡ ᠳᠤ ᠡᠯ᠎ᠡ ᠵᠦᠢᠯ ᠤᠨ ᠠᠵᠤ ᠦᠢᠯᠡᠰ ᠤᠨ ᠬᠦᠷᠢᠶᠡᠯᠡᠩ ᠲᠣᠭᠤᠷᠢᠭ ᠢ ᠬᠠᠮᠲᠤᠷᠠᠨ ᠪᠦᠲᠦᠭᠡᠨ ᠪᠠᠶᠢᠭᠤᠯᠵᠤ ᠨᠡᠭᠡᠭᠡᠨ ᠬᠥᠭᠵᠢᠭᠦᠯᠵᠦ ᠂ ᠲᠥᠯᠥᠪᠵᠢᠭᠦᠯᠬᠦ ᠂ ᠪᠦᠲᠦᠭᠡᠨ ᠪᠠᠶᠢᠭᠤᠯᠬᠤ ᠂ ᠬᠠᠮᠢᠶᠠᠷᠬᠤ ᠪᠠ ᠠᠰᠢᠭ ᠲᠤᠰᠠ ᠶᠢ ᠬᠤᠪᠢᠶᠠᠷᠢᠯᠠᠬᠤ ᠵᠡᠷᠭᠡ ᠬᠠᠮᠲᠤᠷᠠᠯᠴᠠᠬᠤ ᠪᠠ ᠵᠣᠬᠢᠴᠠᠭᠤᠯᠬᠤ ᠲᠣᠭᠲᠠᠴᠠ ᠪᠠᠷ ᠳᠠᠮᠵᠢᠭᠤᠯᠤᠨ ᠂ ᠬᠠᠷᠢᠯᠴᠠᠨ ᠠᠰᠢᠭ ᠣᠯᠭᠤᠵᠤ ᠬᠠᠮᠲᠤ ᠪᠠᠷ ᠠᠰᠢᠭ ᠬᠦᠷᠳᠡᠬᠦ ᠣᠷᠣᠨ ᠪᠦᠰᠡ ᠶᠢᠨ ᠠᠵᠤ ᠠᠬᠤᠢ ᠶᠢᠨ ᠬᠥᠭᠵᠢᠯᠲᠡ ᠶᠢᠨ ᠬᠡᠪ ᠵᠠᠭᠪᠤᠷ ᠢ ᠪᠡᠶᠡᠯᠡᠭᠦᠯᠦᠨ᠎ᠡ ᠃ᠨᠡᠮᠡᠭᠳᠡᠯ ᠬᠠᠰᠤᠭᠳᠠᠯ ᠢ ᠬᠤᠯᠪᠣᠭᠳᠠᠭᠤᠯᠬᠤ᠄ ᠬᠤᠲᠠ ᠪᠠᠯᠭᠠᠰᠤ ᠶᠢᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠨᠡᠮᠡᠭᠳᠡᠯ ᠢ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠬᠠᠰᠤᠭᠳᠠᠯ ᠲᠠᠢ ᠬᠤᠯᠪᠣᠭᠳᠠᠭᠤᠯᠵᠤ᠂ ᠡᠴᠦᠰ ᠲᠡᠭᠡᠨ ᠲᠠᠷᠢᠶᠠᠨ ᠭᠠᠵᠠᠷ ᠤᠨ ᠠᠰᠢᠭᠲᠤ ᠲᠠᠯᠠᠪᠠᠶ ᠶᠢ ᠨᠡᠮᠡᠭᠳᠡᠭᠦᠯᠬᠦ᠂ ᠲᠠᠷᠢᠶᠠᠨ ᠭᠠᠵᠠᠷ ᠤᠨ ᠶᠠᠰᠤ ᠴᠢᠨᠠᠷ ᠢ ᠳᠡᠭᠡᠭᠰᠢᠯᠡᠭᠦᠯᠬᠦ᠂ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠢ ᠠᠷᠪᠢᠲᠠᠢ ᠡᠷᠴᠢᠮᠯᠢᠭ ᠠᠰᠢᠭᠯᠠᠬᠤ᠂ ᠬᠤᠲᠠ ᠬᠥᠳᠡᠭᠡ ᠶᠢᠨ ᠬᠡᠷᠡᠭᠯᠡᠬᠦ ᠭᠠᠵᠠᠷ ᠤᠨ ᠪᠠᠶᠢᠷᠢᠰᠢᠭᠤᠯᠤᠯᠲᠠ ᠶᠢ ᠨᠠᠩ ᠵᠦᠢ ᠵᠣᠬᠢᠰᠲᠠᠢ ᠪᠣᠯᠭᠠᠬᠤ ᠬᠠᠷᠠᠯᠲᠠ ᠶᠢ ᠪᠡᠶᠡᠯᠡᠭᠦᠯᠦᠨ᠎ᠡ᠃ᠲᠦᠮᠡᠨ ᠠᠵᠤ ᠠᠬᠤᠶᠢᠯᠠᠯ ᠢᠶᠠᠷ ᠲᠦᠮᠡᠨ ᠲᠣᠰᠬᠤᠨ ᠢ ᠬᠥᠭᠵᠢᠭᠦᠯᠦᠨ ᠮᠠᠨᠳᠤᠭᠤᠯᠬᠤ ᠄ ᠨᠠᠮ ᠤᠨ ᠲᠥᠪ ᠬᠤᠷᠢᠶ᠎ᠠ ᠮᠠᠨ ᠤ ᠤᠯᠤᠰ ᠤᠨ ᠬᠥᠳᠡᠭᠡ ᠠᠵᠤ ᠠᠬᠤᠢ ᠬᠥᠳᠡᠭᠡ ᠲᠣᠰᠬᠤᠨ ᠤ ᠬᠥᠭᠵᠢᠯᠲᠡ ᠶᠢᠨ ᠪᠣᠳᠠᠲᠤ ᠪᠠᠶᠢᠳᠠᠯ ᠳᠤ ᠰᠠᠭᠤᠷᠢᠯᠠᠵᠤ ᠂ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠣᠨᠴᠠᠯᠢᠭᠲᠤ ᠳᠠᠪᠠᠭᠤᠯᠢᠭ ᠢ ᠪᠣᠳᠣᠯᠬᠢᠯᠠᠨ ᠨᠡᠶᠢᠭᠡᠮ ᠤᠨ ᠬᠦᠴᠦᠨ ᠢ ᠥᠷᠭᠡᠨ ᠢᠶᠠᠷ ᠳᠠᠶᠢᠴᠢᠯᠠᠵᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠦᠢᠯᠡᠴᠢᠯᠡᠨ᠎ᠡ᠃ᠡᠪᠡᠰᠦ ᠪᠣᠷᠳᠤᠭ᠎ᠠ ᠶᠢᠨ ᠲᠦᠪᠯᠡᠷᠡᠯ ᠤᠨ ᠭᠡᠷ᠄ ᠡᠨᠡ ᠪᠣᠯ ᠮᠠᠯ ᠲᠡᠵᠢᠭᠡᠪᠦᠷᠢ ᠶᠢᠨ ᠡᠪᠡᠰᠦ ᠪᠣᠷᠳᠤᠭ᠎ᠠ ᠶᠢ ᠴᠤᠭᠯᠠᠷᠠᠭᠤᠯᠬᠤ ᠨᠢᠭᠡ ᠵᠦᠢᠯ ᠤᠨ ᠣᠷᠣᠨ ᠵᠠᠢ ᠮᠥᠨ᠂ ᠲᠣᠰ ᠣᠷᠣᠨ ᠵᠠᠢ ᠶᠢᠨ ᠪᠥᠬᠦ ᠡᠪᠡᠰᠦ ᠪᠣᠷᠳᠤᠭ᠎ᠠ ᠶᠢ ᠨᠢᠭᠡᠳᠦᠯᠲᠡᠢ ᠬᠤᠳᠠᠯᠳᠤᠨ ᠠᠪᠬᠤ ᠪᠠ ᠲᠣᠬᠢᠷᠠᠭᠤᠯᠤᠨ ᠬᠦᠷᠭᠡᠬᠦ ᠠᠷᠭ᠎ᠠ ᠶᠢ ᠬᠡᠷᠡᠭᠯᠡᠨ᠎ᠡ᠃ᠭᠤᠷᠪᠠ ᠶᠢ ᠬᠠᠩᠭᠠᠬᠤ᠂ ᠬᠤᠶᠠᠷ ᠢ ᠵᠠᠰᠠᠬᠤ᠂ ᠨᠢᠭᠡ ᠠᠵᠢᠯ ᠲᠥᠷᠥᠯ᠄ ᠢᠯᠴᠢ ᠬᠠᠩᠭᠠᠬᠤ᠂ ᠤᠰᠤ ᠬᠠᠩᠭᠠᠬᠤ᠂ ᠬᠡᠢ ᠬᠠᠩᠭᠠᠬᠤ᠂ ᠪᠣᠬᠢᠷ ᠤᠰᠤ ᠶᠢ ᠵᠠᠰᠠᠬᠤ᠂ ᠬᠤᠭ ᠨᠣᠪᠰᠢ ᠶᠢ ᠵᠠᠰᠠᠬᠤ᠂ ᠠᠳᠠᠯ ᠠᠬᠤᠢ ᠶᠢᠨ ᠬᠠᠮᠢᠶᠠᠷᠤᠯᠲᠠ᠃︽ᠤᠰᠤ᠂ ᠡᠪᠡᠰᠦ᠂ ᠰᠠᠯᠬᠢ ᠂ ᠰᠠᠶᠢᠬᠠᠨ ︾ ᠭᠡᠬᠦ ᠳᠥᠷᠪᠡᠨ ᠠᠵᠢᠯ ᠄ ᠮᠠᠨ ᠤ ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠲᠤ ᠰᠠᠭᠤᠷᠢᠯᠠᠵᠤ᠂ ︽ᠤᠰᠤ᠂ ᠡᠪᠡᠰᠦ᠂ ᠰᠠᠯᠬᠢ᠂ ᠰᠠᠶᠢᠬᠠᠨ ︾ ᠪᠠᠷ ᠭᠠᠷᠳᠠᠴᠠ ᠪᠣᠯᠭᠠᠵᠤ᠂ ᠰᠢᠨ᠎ᠡ ᠠᠵᠤ ᠦᠢᠯᠡᠰ᠂ ᠰᠢᠨ᠎ᠡ ᠬᠥᠳᠡᠯᠭᠡᠭᠴᠢ ᠡᠨᠧᠷᠭᠢ᠂ ᠰᠢᠨ᠎ᠡ ᠨᠡᠮᠡᠭᠳᠡᠯ ᠤᠨ ᠲᠤᠶᠢᠯ ᠢ ᠶᠡᠭᠡ ᠪᠠᠷ ᠪᠣᠶᠢᠵᠢᠭᠤᠯᠤᠨ᠎ᠠ᠃ ︽ ᠤᠰᠤ ︾ ᠭᠡᠳᠡᠭ ᠨᠢ ᠳᠠᠷᠤᠢ ᠤᠰᠤ ᠲᠠᠲᠠᠵᠤ ᠡᠨᠧᠷᠭᠢ ᠬᠠᠳᠠᠭᠠᠯᠠᠬᠤ ᠵᠦᠢᠯᠡᠰ ᠢ ᠪᠦᠲᠦᠭᠡᠨ ᠪᠠᠶᠢᠭᠤᠯᠬᠤ ᠂ ᠤᠰᠤᠨ ᠴᠥᠭᠦᠷᠥᠮ ᠪᠠᠶᠢᠭᠤᠯᠬᠤ ᠂ ᠤᠰᠤᠯᠠᠯᠲᠠ ᠶᠢᠨ ᠣᠷᠣᠨ ᠪᠠᠶᠢᠭᠤᠯᠬᠤ ᠂ ᠤᠰᠤᠨ ᠠᠰᠢᠭᠯᠠᠯᠲᠠ ᠶᠢᠨ ᠦᠵᠡᠮᠵᠢ ᠶᠢᠨ ᠣᠷᠣᠨ ᠢ ᠪᠠᠶᠢᠭᠤᠯᠬᠤ ᠶᠠᠪᠤᠳᠠᠯ ᠪᠣᠯᠣᠨ᠎ᠠ᠃ ︽ᠡᠪᠡᠰᠦ︾ ᠭᠡᠳᠡᠭ ᠨᠢ ᠬᠤᠨᠢᠨ ᠡᠪᠡᠰᠦᠨ ᠤ ᠠᠵᠤ ᠦᠢᠯᠡᠰ ᠪᠠ ᠬᠢᠲᠠᠳ ᠡᠪᠡᠰᠦᠨ ᠡᠮ ᠤᠨ ᠠᠵᠤ ᠦᠢᠯᠡᠰ ᠢ ᠬᠥᠭᠵᠢᠭᠦᠯᠵᠦ᠂ ︽ᠳᠤᠮᠳᠠᠳᠤ ᠤᠯᠤᠰ ᠤᠨ ᠬᠤᠨᠢᠨ ᠡᠪᠡᠰᠦᠨ ᠤ ᠡᠬᠡ ᠨᠤᠲᠤᠭ︾ ᠢ ᠴᠣᠭᠴᠠᠯᠠᠬᠤ ᠶᠢ ᠬᠡᠯᠡᠵᠦ ᠪᠣᠶ᠃ ︽ ᠰᠠᠯᠬᠢ ︾ ᠭᠡᠳᠡᠭ ᠨᠢ ᠰᠠᠯᠬᠢᠨ ᠤ ᠡᠨᠧᠷᠭᠢ ᠶᠢᠨ ᠡᠬᠢ ᠪᠠᠶᠠᠯᠢᠭ ᠢ ᠭᠦᠢᠴᠡᠳ ᠨᠡᠭᠡᠭᠡᠨ ᠠᠰᠢᠭᠯᠠᠵᠤ ᠂ ᠴᠡᠪᠡᠷ ᠡᠨᠧᠷᠭᠢ ᠶᠢᠨ ᠰᠤᠷᠪᠤᠯᠵᠢ ᠶᠢᠨ ᠠᠵᠤ ᠦᠢᠯᠡᠰ ᠢ ᠶᠡᠭᠡ ᠪᠠᠷ ᠬᠥᠭᠵᠢᠭᠦᠯᠬᠦ᠃ ︽ ᠰᠠᠶᠢᠬᠠᠨ ︾ ᠭᠡᠳᠡᠭ ᠨᠢ 32 ᠺᠢᠯᠣᠮᠧᠲᠷ ᠤᠨ ᠬᠠᠮᠤᠭ ᠤᠨ ᠭᠤᠶᠣ ᠬᠢᠯᠢ ᠶᠢᠨ ᠬᠠᠮᠠᠭᠠᠯᠠᠯᠲᠠ ᠶᠢᠨ ᠱᠤᠭᠤᠮ ᠢ ᠪᠣᠶ ᠪᠣᠯᠭᠠᠬᠤ ᠶᠢ ᠬᠡᠯᠡᠵᠦ ᠪᠣᠶ᠃    
 
ᠢᠷᠡᠯᠲᠡ᠄ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号