ᠵᠠᠯᠠᠭᠤ ᠪᠠᠶᠢᠬᠤ ᠶᠢᠨ ᠲᠤᠯᠠᠳᠠ ᠪᠠᠷᠢᠮᠲᠠᠯᠠᠬᠤ ᠳᠠᠳᠬᠠᠯ ᠤᠳ
ᠨᠡᠶᠢᠲᠡᠯᠡᠭᠰᠡᠨ ᠴᠠᠭ᠄
2023/8/1
    1. ᠥᠲᠡᠯᠦᠨ ᠦᠲᠡᠯᠦᠲᠡᠯ᠎ᠡ ᠪᠠᠨ ᠰᠢᠨ᠎ᠡ ᠵᠦᠢᠯ ᠢ ᠰᠣᠷᠣᠯᠴᠠᠵᠦ ᠪᠠᠶᠢᠬᠤ ᠬᠡᠷᠡᠭᠲᠡᠢ᠃ ᠬᠥᠮᠥᠨ ᠨᠠᠰᠣᠨ   ᠲᠤᠷᠰᠢᠲᠠ ᠰᠤᠷᠴᠤ ᠰᠤᠳᠤᠯᠵᠤ ᠪᠠᠶᠢᠬᠤ ᠪᠣᠯ ᠮᠠᠰᠢ ᠴᠢᠬᠤᠯᠠ ᠶᠤᠮ᠃ ᠰᠢᠨ᠎ᠡ ᠨᠢᠭᠡᠨ ᠬᠥᠭᠵᠢᠮ᠂ ᠨᠢᠭᠡ   ᠳᠦᠷᠦᠯ ᠤᠨ ᠬᠡᠯᠡ᠂ ᠡᠰᠡᠬᠦᠯ᠎ᠡ ᠰᠢᠨ᠎ᠡ ᠬᠤᠭᠤᠯᠠ ᠪᠤᠳᠠᠭ᠎ᠠ ᠬᠢᠵᠦ ᠰᠤᠷᠴᠤ ᠣᠷᠣᠯᠳᠣᠵᠦ ᠪᠠᠶᠢᠭᠠᠷᠠᠢ᠃              2. ᠬᠠᠭᠤᠴᠢᠨ ᠳᠠᠳᠬᠠᠯ ᠪᠠ ᠥᠪᠡᠷ ᠤᠨ ᠢᠶᠠᠨ ᠲᠤᠷᠰᠢᠯᠭ᠎ᠠ ᠪᠠᠨ ᠯᠡ ᠮᠥᠷᠳᠡᠬᠦ ᠪᠢᠰᠢ᠂ ᠬᠠᠷᠢᠨ ᠰᠢᠨ᠎ᠡ   ᠵᠦᠢᠯ ᠢ ᠵᠠᠯᠭ᠎ᠠ ᠰᠣᠨᠢᠷᠬᠠᠵᠤ ᠤᠷᠤᠯᠳᠣᠵᠦ ᠪᠠᠶᠢᠬᠤ ᠪᠣᠯ ᠵᠠᠯᠠᠭᠤ ᠨᠠᠰᠤᠨ ᠤ ᠬᠥᠭᠡᠭᠡᠴᠡᠯᠳᠦᠯ ᠶᠤᠮ᠃             3. ᠢᠯᠡᠭᠦᠬᠡᠨ ᠬᠥᠳᠡᠯᠵᠦ ᠪᠠᠢ᠃ ᠬᠥᠮᠥᠨ ᠬᠥᠭᠰᠢᠷᠡᠵᠦ ᠪᠢᠰᠢ ᠬᠥᠰᠢᠵᠦ ᠦᠬᠦᠳᠡᠭ ᠭᠡᠰᠡᠨ ᠦᠭᠡ   ᠪᠠᠶᠢᠳᠠᠭ᠃ ᠥᠲᠡᠯᠬᠦ ᠠᠴᠠ ᠰᠡᠷᠭᠡᠶᠢᠯᠡᠬᠦ ᠳᠤ ᠪᠡᠶ᠎ᠡ ᠲᠠᠮᠢᠷ ᠤᠨ ᠪᠣᠯᠪᠠᠰᠤᠷᠠᠯ ᠶᠡᠭᠡ ᠴᠢᠬᠤᠯᠠ᠃           4. ᠪᠦᠬᠦ ᠶᠠᠪᠤᠳᠠᠯ ᠢ ᠵᠥᠪ ᠲᠠᠯ᠎ᠠ ᠠᠴᠠ ᠨᠢ ᠰᠡᠳᠬᠢᠵᠦ ᠰᠣᠷ᠃ ᠠᠮᠢᠳᠤᠷᠠᠯ ᠳᠤ ᠰᠡᠳᠬᠢᠯ ᠰᠠᠨᠠᠭ᠎ᠠ   ᠪᠤᠬᠢᠨᠢᠳᠤᠭᠤᠯᠬᠤ ᠶᠠᠪᠤᠳᠠᠯ ᠲᠣᠬᠢᠶᠠᠯᠳᠤᠬᠤ ᠨᠢ ᠵᠠᠶᠢᠯᠠᠰᠢ ᠦᠭᠡᠢ᠃ ᠬᠠᠷᠢᠨ ᠪᠣᠯᠵᠤ ᠥᠩᠭᠡᠷᠡᠭᠰᠡᠨ ᠶᠠᠪᠤᠳᠠᠯ ᠢ   ᠥᠭᠡᠷᠡᠴᠢᠯᠡᠵᠦ ᠦᠯᠦ ᠴᠢᠳᠠᠪᠠᠴᠤ ᠡᠭᠦᠨ ᠳᠤ ᠶᠠᠭᠠᠬᠢᠵᠤ ᠬᠠᠨᠳᠤᠬᠤ ᠪᠤᠢ ᠬᠡᠳᠡᠭ ᠨᠢ ᠴᠢᠬᠤᠯᠠ ᠶᠤᠮ᠃ ᠠᠮᠢᠳᠤᠷᠠᠯ  ᠶᠠᠭ ᠲᠣᠯᠢ ᠰᠢᠭ᠋᠂ ᠥᠭᠡᠳᠡ ᠠᠴᠠ ᠨᠢ ᠬᠠᠷᠠᠭᠠᠳ ᠮᠦᠰᠢᠶᠡᠬᠦ ᠳᠤ ᠲᠡᠷᠡ ᠮᠥᠨ ᠢᠨᠢᠶᠡᠮᠰᠦᠭᠯᠡᠨ᠎ᠡ᠃ ᠥᠭᠡᠳᠡ   ᠦᠭᠡᠢ ᠲᠡᠰᠢ ᠨᠢ ᠪᠤᠳᠤᠭᠠᠳ ᠪᠠᠶᠢᠪᠠᠯ ᠪᠤᠯᠬᠤ ᠦᠭᠡᠢ ᠪᠦᠲᠦᠬᠦ ᠦᠭᠡᠢ ᠶᠠᠪᠤᠳᠠᠯ ᠣᠷᠢᠶᠠᠬᠤ ᠭᠡᠳ ᠯᠠ ᠪᠠᠶᠢᠳᠠᠭ᠃           5. ᠥᠪᠡᠷ ᠤᠨ ᠳᠤᠷ᠎ᠠ ᠰᠣᠨᠢᠷᠬᠠᠯ ᠲᠠᠢ ᠪᠠᠶᠢᠬᠤ ᠬᠡᠷᠡᠭᠲᠡᠢ᠃ ᠵᠠᠯᠠᠭᠤᠴᠤᠳ ᠶᠠᠳᠠᠵᠤ ᠨᠢᠭᠡ ᠵᠦᠢᠯ ᠳᠤ   ᠳᠤᠷᠠᠲᠠᠢ ᠪᠠᠶᠢᠬᠤ ᠨᠢ ᠠᠮᠢᠳᠤᠷᠠᠯ ᠢ ᠤᠳᠬ᠎ᠠ ᠠᠭᠤᠯᠭ᠎ᠠ ᠲᠠᠢ ᠪᠣᠯᠭᠠᠬᠤ ᠳᠤ ᠲᠤᠰᠠ ᠪᠤᠯᠳᠠᠭ᠃   
 
ᠢᠷᠡᠯᠲᠡ᠄ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号