︽ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠴᠢᠳᠠᠪᠤᠷᠢ ᠶᠢᠨ ᠪᠠᠶᠢᠭᠤᠯᠤᠯᠲᠠ ᠶᠢ ᠪᠥᠬᠦ ᠲᠠᠯ᠎ᠠ ᠪᠠᠷ | ᠴᠢᠩᠭᠠᠳᠬᠠᠬᠤ ᠲᠤᠬᠠᠢ ᠬᠡᠷᠡᠭᠵᠢᠭᠦᠯᠬᠦ ᠰᠠᠨᠠᠯ︾ ︵ᠲᠥᠷᠥ ᠠᠯᠪᠠᠨ ᠲᠠᠷᠬᠠᠭᠠᠭᠰᠠᠨ ﹇2021﹈ 16 ᠳ᠋ᠤᠭᠠᠷ ᠲᠣᠭᠠᠲᠤ︶ | ᠂ ︽ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠴᠢᠳᠠᠪᠤᠷᠢ ᠶᠢᠨ ᠪᠠᠶᠢᠭᠤᠯᠤᠯᠲᠠ ᠶᠢ ᠪᠥᠬᠦ ᠲᠠᠯ᠎ᠠ ᠪᠠᠷ | ᠴᠢᠩᠭᠠᠳᠬᠠᠬᠤ ᠲᠤᠬᠠᠢ ᠮᠡᠳᠡᠭᠳᠡᠯ︾ ︵ᠥᠪᠥᠷ ᠵᠠᠰᠠᠭ ᠠᠯᠪᠠᠨ ᠲᠠᠷᠬᠠᠭᠠᠭᠰᠠᠨ ﹇2022﹈ 26 ᠳ᠋ᠤᠭᠠᠷ ᠲᠣᠭᠠᠲᠤ︶᠂ | ︽ᠨᠢᠭᠡᠳᠦᠭᠡᠷ ᠪᠦᠯᠦᠭ ᠤᠨ ᠬᠤᠲᠠ ᠰᠢᠶᠠᠨ ᠤ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠴᠢᠳᠠᠪᠤᠷᠢ ᠶᠢᠨ | ᠪᠠᠷᠢᠮᠵᠢᠶᠠᠵᠢᠭᠤᠯᠬᠤ ᠪᠠᠶᠢᠭᠤᠯᠤᠯᠲᠠ ᠶᠢᠨ ᠲᠤᠷᠰᠢᠯᠲᠠ ᠶᠢᠨ ᠴᠢᠭ᠋ ᠤᠨ ᠨᠢᠭᠡᠴᠡ ᠶᠢ ᠲᠣᠭᠲᠠᠭᠠᠬᠤ ᠲᠤᠬᠠᠢ ᠮᠡᠳᠡᠭᠳᠡᠯ︾ ︵ | ᠥᠪᠥᠷ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠵᠠᠬᠢᠳᠠᠯ ﹇2023﹈ 120 ᠳ᠋ᠤᠭᠠᠷ ᠲᠣᠭᠠᠲᠤ︶ ᠵᠡᠷᠭᠡ | ᠬᠤᠯᠪᠣᠭᠳᠠᠯ ᠪᠦᠬᠦᠢ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ | ᠨᠠᠶᠢᠳᠠᠪᠤᠷᠢᠵᠢᠭᠤᠯᠬᠤ ᠶᠢᠨ ᠲᠤᠰᠠᠳᠠ᠂ ᠪᠥᠬᠦ ᠬᠤᠰᠢᠭᠤᠨ ᠤ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ | ᠪᠠᠷᠢᠮᠵᠢᠶᠠᠵᠢᠭᠤᠯᠬᠤ ᠪᠠᠶᠢᠭᠤᠯᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠰᠢᠨᠵᠢᠯᠡᠬᠦ ᠤᠬᠠᠭᠠᠨᠴᠢ᠂ ᠥᠨᠳᠥᠷ | ᠪᠦᠲᠦᠮᠵᠢᠲᠡᠶ᠂ ᠵᠢᠷᠤᠮᠵᠢᠭᠰᠠᠨ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠰᠢᠰᠲ᠋ᠧᠮᠵᠢ ᠶᠢ ᠲᠦᠷᠭᠡᠳᠬᠡᠨ | ᠪᠠᠶᠢᠭᠤᠯᠤᠨ᠎ᠠ᠃ 2023 ᠣᠨ ᠳᠤ᠂ ᠮᠠᠨ ᠤ ᠬᠤᠰᠢᠭᠤ ᠨᠢ ᠥᠪᠡᠷᠲᠡᠭᠡᠨ ᠵᠠᠰᠠᠬᠤ ᠣᠷᠣᠨ ᠤ ᠡᠮ ᠤᠨ ᠵᠦᠢᠯ ᠤᠨ | ᠬᠢᠨᠠᠯᠲᠠ ᠬᠠᠮᠢᠶᠠᠷᠤᠯᠲᠠ ᠶᠢᠨ ᠴᠢᠳᠠᠪᠤᠷᠢ ᠶᠢ ᠪᠠᠷᠢᠮᠵᠢᠶᠠᠵᠢᠭᠤᠯᠬᠤ ᠲᠤᠷᠰᠢᠯᠲᠠ ᠶᠢᠨ ᠨᠢᠭᠡᠴᠡ ᠶᠢᠨ ᠨᠢᠭᠡ ᠪᠠᠷ | ᠲᠣᠭᠲᠠᠭᠠᠭᠳᠠᠭᠰᠠᠨ ᠪᠥᠭᠡᠳ ᠮᠠᠨ ᠤ ᠬᠤᠰᠢᠭᠤᠨ ᠤ ᠪᠣᠳᠠᠲᠠᠢ ᠲᠠᠢ ᠪᠠᠨ ᠤᠶᠠᠯᠳᠤᠭᠤᠯᠤᠨ᠂ ︽ᠬᠤᠷᠴᠢᠨ ᠪᠠᠷᠠᠭᠤᠨ | ᠭᠠᠷᠤᠨ ᠡᠮᠦᠨᠡᠲᠦ ᠬᠤᠰᠢᠭᠤᠨ ᠤ ᠥᠪᠡᠷᠲᠡᠭᠡᠨ ᠵᠠᠰᠠᠬᠤ ᠣᠷᠣᠨ ᠤ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ | ᠴᠢᠳᠠᠪᠤᠷᠢ ᠶᠢ ᠪᠠᠷᠢᠮᠵᠢᠶᠠᠵᠢᠭᠤᠯᠬᠤ ᠲᠤᠷᠰᠢᠯᠲᠠ ᠶᠢ ᠡᠭᠦᠳᠦᠨ ᠪᠠᠶᠢᠭᠤᠯᠬᠤ ᠵᠢᠴᠢ ︽ᠡᠮ ᠤᠨ ᠵᠦᠢᠯ ᠤᠨ ᠠᠮᠤᠷ | ᠲᠦᠪᠰᠢᠨ ᠤ ᠡᠮᠦᠨ᠎ᠡ ᠬᠤᠰᠢᠭᠤ︾ ᠶᠢ ᠪᠦᠲᠦᠭᠡᠨ ᠪᠠᠶᠢᠭᠤᠯᠬᠤ ᠲᠥᠰᠥᠯ︾ ︵ᠳᠣᠷᠣᠭᠰᠢ ︽ᠲᠥᠰᠥᠯ︾ ᠭᠡᠵᠦ | ᠲᠣᠪᠴᠢᠯᠠᠨ᠎ᠠ︶ ᠢ ᠲᠣᠭᠲᠠᠭᠠᠵᠤ᠂ ᠡᠳᠦᠭᠡ ︽ᠲᠥᠰᠥᠯ︾ ᠤᠨ ᠭᠤᠣᠯ ᠠᠭᠤᠯᠭ᠎ᠠ ᠶᠢ ᠳᠣᠣᠷᠠᠬᠢ ᠮᠡᠲᠦ ᠲᠠᠶᠢᠯᠪᠤᠷᠢᠯᠠᠶ᠎ᠠ᠃ | | ᠨᠢᠭᠡ᠂ ᠶᠠᠭᠤ ᠶᠢ ᠡᠮ ᠤᠨ ᠵᠦᠢᠯ ᠢ ᠬᠢᠨᠠᠨ ᠬᠠᠮᠢᠶᠠᠷᠬᠤ ᠴᠢᠳᠠᠪᠤᠷᠢ ᠶᠢ ᠪᠠᠷᠢᠮᠵᠢᠶᠠᠵᠢᠭᠤᠯᠬᠤ ᠲᠤᠷᠰᠢᠯᠲᠠ ᠭᠡᠬᠦ ᠪᠤᠢ︖ | | ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠴᠢᠳᠠᠪᠤᠷᠢ ᠶᠢ ᠪᠠᠷᠢᠮᠵᠢᠶᠠᠵᠢᠭᠤᠯᠬᠤ ᠲᠤᠷᠰᠢᠯᠲᠠ ᠭᠡᠳᠡᠭ ᠨᠢ ᠣᠨᠴᠠ | ᠲᠣᠭᠲᠠᠭᠠᠭᠰᠠᠨ ᠭᠠᠵᠠᠷ ᠣᠷᠣᠨ ᠪᠤᠶᠤ ᠨᠢᠭᠡᠴᠢ ᠳᠤ ᠪᠠᠷᠢᠮᠵᠢᠶᠠᠵᠢᠭᠤᠯᠬᠤ ᠱᠠᠭᠠᠷᠳᠠᠯᠭ᠎ᠠ ᠪᠠ ᠠᠷᠭ᠎ᠠ ᠪᠠᠷ ᠡᠮ ᠤᠨ | ᠵᠦᠢᠯ ᠤᠨ ᠬᠢᠨᠠᠯᠲᠠ ᠬᠠᠮᠢᠶᠠᠷᠤᠯᠲᠠ ᠶᠢᠨ ᠬᠤᠯᠪᠣᠭᠳᠠᠯ ᠪᠦᠬᠦᠢ ᠠᠵᠢᠯ ᠳᠤ ᠲᠤᠷᠰᠢᠯᠲᠠ ᠬᠢᠬᠦ ᠪᠠ ᠬᠡᠷᠡᠭᠵᠢᠭᠦᠯᠬᠦ ᠶᠢ ᠵᠢᠭᠠᠵᠤ | ᠪᠠᠶᠢᠨ᠎ᠠ᠃ | ᠬᠤᠶᠠᠷ᠂ ᠶᠠᠭᠤᠨ ᠳᠤ ᠡᠮ ᠤᠨ ᠵᠦᠢᠯ ᠢ ᠬᠢᠨᠠᠨ ᠬᠠᠮᠢᠶᠠᠷᠬᠤ ᠴᠢᠳᠠᠪᠤᠷᠢ ᠶᠢ ᠪᠠᠷᠢᠮᠵᠢᠶᠠᠵᠢᠭᠤᠯᠬᠤ ᠲᠤᠷᠰᠢᠯᠲᠠ ᠶᠢᠨ | ᠴᠡᠭ ᠢ ᠡᠭᠦᠳᠦᠨ ᠪᠠᠶᠢᠭᠤᠯᠬᠤ ᠪᠤᠢ︖ | ᠪᠦᠬᠦ ᠬᠤᠰᠢᠭᠤᠨ ᠤ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠪᠠᠷᠢᠮᠵᠢᠶᠠᠵᠢᠭᠤᠯᠬᠤ ᠪᠠᠶᠢᠭᠤᠯᠤᠯᠲᠠ ᠶᠢ | ᠴᠢᠨᠠᠭᠰᠢᠳᠠ ᠴᠢᠩᠭᠠᠳᠬᠠᠬᠤ ᠶᠢᠨ ᠲᠥᠯᠥᠭᠡ ᠰᠢᠨᠵᠢᠯᠡᠬᠦ ᠤᠬᠠᠭᠠᠨᠴᠢ᠂ ᠥᠨᠳᠥᠷ ᠪᠦᠲᠦᠮᠵᠢᠲᠡᠶ᠂ ᠵᠢᠷᠤᠮᠵᠢᠭᠰᠠᠨ ᠡᠮ ᠤᠨ | ᠵᠦᠢᠯ ᠤᠨ ᠬᠢᠨᠠᠯᠲᠠ ᠬᠠᠮᠢᠶᠠᠷᠤᠯᠲᠠ ᠶᠢᠨ ᠰᠢᠰᠲ᠋ᠧᠮ ᠢ ᠲᠦᠷᠭᠡᠳᠬᠡᠨ ᠪᠠᠶᠢᠭᠤᠯᠵᠤ᠂ ᠡᠮ ᠤᠨ ᠵᠦᠢᠯ ᠤᠨ ᠠᠮᠤᠷ | ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠤᠷᠲᠤ ᠪᠥᠬᠦ ᠬᠤᠰᠢᠭᠤᠨ ᠤ ᠡᠮ ᠤᠨ ᠵᠦᠢᠯ ᠤᠨ ᠠᠮᠤᠷ ᠲᠦᠪᠰᠢᠨ ᠤ | ᠪᠠᠲᠤᠯᠠᠭ᠎ᠠ ᠶᠢᠨ ᠬᠢᠷᠢ ᠲᠦᠪᠰᠢᠨ ᠢ ᠳᠡᠭᠡᠭᠰᠢᠯᠡᠭᠦᠯᠦᠨ ︽ᠡᠮ ᠤᠨ ᠵᠦᠢᠯ ᠤᠨ ᠠᠮᠤᠷ ᠲᠦᠪᠰᠢᠨ ᠤ ᠢᠨᠵᠧᠨᠧᠷᠢᠩ︾ ᠢ | ᠭᠦᠨᠵᠡᠭᠡᠢ ᠠᠬᠢᠭᠤᠯᠵᠤ᠂ ᠪᠥᠬᠦ ᠬᠤᠰᠢᠭᠤᠨ ᠤ ᠠᠷᠠᠳ ᠣᠯᠠᠨ ᠤ ᠡᠮ ᠬᠡᠷᠡᠭᠯᠡᠬᠦ ᠠᠮᠤᠷ ᠲᠦᠪᠰᠢᠨ ᠢ ᠪᠠᠲᠤᠯᠠᠵᠤ᠂ ᠮᠠᠨ ᠤ | ᠬᠤᠰᠢᠭᠤ ᠪᠠᠨ ᠪᠥᠬᠦ ᠣᠷᠣᠨ ᠤ ᠡᠮ ᠤᠨ ᠵᠦᠢᠯ ᠤᠨ ᠠᠮᠤᠷ ᠲᠦᠪᠰᠢᠨ ᠤ ᠲᠡᠷᠢᠭᠦᠨ ᠤ ᠬᠤᠰᠢᠭᠤ᠂ ᠡᠮ ᠡᠮᠨᠡᠯᠭᠡ ᠶᠢᠨ | ᠠᠵᠤ ᠦᠢᠯᠡᠰ ᠤᠨ ᠬᠦᠴᠦᠷᠬᠡᠭ ᠬᠤᠰᠢᠭᠤ ᠪᠠ ᠬᠢᠲᠠᠳ ᠡᠮ ᠤᠨ ᠮᠠᠲ᠋ᠧᠷᠢᠶᠠᠯ ᠤᠨ ᠦᠢᠯᠡᠳᠪᠦᠷᠢᠯᠡᠯ ᠤᠨ ᠲᠣᠮᠣ ᠬᠤᠰᠢᠭᠤ | ᠪᠣᠯᠭᠠᠨ ᠪᠦᠲᠦᠭᠡᠨ ᠪᠠᠶᠢᠭᠤᠯᠵᠤ᠂ ︽ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ᠂ ᠰᠡᠳᠬᠢᠯ ᠠᠮᠤᠷ ᠡᠮ ᠬᠡᠷᠡᠭᠯᠡᠬᠦ︾ | ᠡᠮ ᠤᠨ ᠵᠦᠢᠯ ᠤᠨ ᠠᠮᠤᠷ ᠲᠦᠪᠰᠢᠨ ᠤ ᠡᠮᠦᠨᠡᠲᠦ ᠬᠤᠰᠢᠭᠤᠨ ᠤ ᠰᠢᠨ᠎ᠡ ᠨᠡᠷ᠎ᠡ ᠶᠢᠨ ᠬᠠᠭᠤᠳᠠᠰᠤ ᠶᠢ ᠡᠭᠦᠳᠦᠨ | ᠪᠠᠶᠢᠭᠤᠯᠵᠤ᠂ ︽ᠥᠪᠡᠷᠲᠡᠭᠡᠨ ᠵᠠᠰᠠᠬᠤ ᠣᠷᠣᠨ ᠤ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠴᠢᠳᠠᠪᠤᠷᠢ ᠶᠢ | ᠪᠠᠷᠢᠮᠵᠢᠶᠠᠵᠢᠭᠤᠯᠬᠤ ᠲᠤᠷᠰᠢᠯᠲᠠ ᠶᠢᠨ ᠴᠢᠭ᠋ ᠤᠨ ᠨᠢᠭᠡᠴᠡ︾ ᠶᠢ ᠠᠮᠵᠢᠯᠲᠠ ᠲᠠᠢ ᠪᠠᠷ ᠡᠭᠦᠳᠦᠨ ᠪᠠᠶᠢᠭᠤᠯᠤᠨ᠎ᠠ᠃ | ᠭᠤᠷᠪᠠ᠂ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠴᠢᠳᠠᠪᠤᠷᠢ ᠶᠢ ᠪᠠᠷᠢᠮᠵᠢᠶᠠᠵᠢᠭᠤᠯᠬᠤ ᠲᠤᠷᠰᠢᠯᠲᠠ ᠶᠢ | ᠡᠭᠦᠳᠦᠨ ᠪᠠᠶᠢᠭᠤᠯᠬᠤ ᠵᠣᠷᠢᠯᠭ᠎ᠠ ᠨᠢ ᠶᠠᠭᠤ ᠪᠣᠶ︖ | ᠪᠠᠷᠢᠮᠵᠢᠶᠠᠵᠢᠭᠤᠯᠤᠯᠲᠠ ᠶᠢᠨ ᠲᠤᠷᠰᠢᠯᠲᠠ ᠶᠢ ᠡᠭᠦᠳᠦᠨ ᠪᠠᠶᠢᠭᠤᠯᠬᠤ ᠪᠠᠷ ᠳᠠᠮᠵᠢᠭᠤᠯᠤᠨ᠂ ᠨᠢᠭᠡᠳᠦᠯᠲᠡᠢ | ᠬᠠᠮᠢᠶᠠᠷᠤᠯᠲᠠ ᠶᠢᠨ ᠪᠠᠷᠢᠮᠵᠢᠶ᠎ᠠ ᠪᠠ ᠵᠢᠷᠤᠮᠵᠢᠯ ᠢ ᠲᠣᠭᠲᠠᠭᠠᠵᠤ᠂ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ | ᠰᠢᠨᠵᠢᠯᠡᠬᠦ ᠤᠬᠠᠭᠠᠨᠴᠢ ᠴᠢᠨᠠᠷ ᠪᠠ ᠵᠢᠷᠤᠮᠵᠢᠯ ᠤᠨ ᠴᠢᠨᠠᠷ ᠢ ᠳᠡᠭᠡᠭᠰᠢᠯᠡᠭᠦᠯᠦᠨ᠂ ᠵᠣᠷᠢᠭᠤᠳᠠ ᠬᠦᠴᠦᠨ ᠵᠦᠢᠯ ᠤᠨ ᠬᠢᠨᠠᠯᠲᠠ | ᠬᠠᠮᠢᠶᠠᠷᠤᠯᠲᠠ ᠶᠢᠨ ᠠᠵᠢᠯ ᠳᠤ ᠦᠵᠡᠭᠦᠯᠬᠦ ᠬᠠᠷᠰᠢᠯᠠᠯ ᠢ ᠪᠠᠭᠠᠰᠬᠠᠵᠤ ᠪᠣᠯᠣᠨ᠎ᠠ᠃ ᠡᠭᠦᠨ ᠤ ᠬᠠᠮᠲᠤ᠂ ᠡᠮ ᠤᠨ ᠵᠦᠢᠯ ᠤᠨ | ᠬᠢᠨᠠᠯᠲᠠ ᠬᠠᠮᠢᠶᠠᠷᠤᠯᠲᠠ ᠶᠢᠨ ᠠᠵᠢᠯᠲᠠᠨ ᠤ ᠪᠣᠯᠪᠠᠰᠤᠷᠠᠭᠤᠯᠤᠯ ᠪᠠ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠵᠤ᠂ | ᠲᠤᠰᠬᠠᠢ ᠮᠡᠷᠭᠡᠵᠢᠯ ᠤᠨ ᠮᠡᠳᠡᠯᠭᠡ ᠶᠢᠨ ᠬᠢᠷᠢ ᠲᠦᠪᠰᠢᠨ ᠪᠠ ᠠᠵᠢᠯ ᠤᠨ ᠴᠢᠳᠠᠪᠤᠷᠢ ᠶᠢ ᠳᠡᠭᠡᠭᠰᠢᠯᠡᠭᠦᠯᠵᠦ᠂ ᠡᠮ ᠤᠨ | ᠵᠦᠢᠯ ᠤᠨ ᠬᠢᠨᠠᠯᠲᠠ ᠬᠠᠮᠢᠶᠠᠷᠤᠯᠲᠠ ᠶᠢᠨ ᠠᠵᠢᠯ ᠤᠨ ᠳᠤᠮᠳᠠᠬᠢ ᠥᠷᠢᠰᠦᠯᠳᠦᠭᠡᠨ ᠢ ᠨᠠᠩ ᠰᠠᠶᠢᠲᠤᠷ ᠠᠷᠭᠠᠴᠠᠵᠤ ᠴᠢᠳᠠᠨ᠎ᠠ᠃ | ᠲᠡᠷᠡᠴᠢᠯᠡᠨ ᠡᠬᠢ ᠪᠠᠶᠠᠯᠢᠭ ᠤᠨ ᠲᠣᠬᠢᠷᠠᠭᠤᠯᠤᠯᠲᠠ ᠶᠢ ᠰᠢᠯᠢᠳᠡᠭᠵᠢᠭᠦᠯᠵᠦ᠂ ᠡᠬᠢ ᠪᠠᠶᠠᠯᠢᠭ ᠢ ᠵᠦᠢ ᠵᠣᠬᠢᠰᠲᠠᠢ ᠠᠰᠢᠭᠯᠠᠬᠤ | ᠪᠠ ᠦᠷ᠎ᠡ ᠠᠰᠢᠭ ᠢ ᠬᠠᠮᠤᠭ ᠤᠨ ᠶᠡᠭᠡ ᠪᠣᠯᠭᠠᠬᠤ ᠶᠢ ᠦᠨᠡᠨ ᠬᠦ ᠪᠠᠲᠤᠯᠠᠵᠤ ᠴᠢᠳᠠᠨ᠎ᠠ᠃ ᠡᠭᠦᠨ ᠠᠴᠠ ᠭᠠᠳᠠᠨ᠎ᠠ᠂ | ᠪᠠᠷᠢᠮᠵᠢᠶᠠᠵᠢᠭᠤᠯᠤᠭᠰᠠᠨ ᠬᠠᠮᠢᠶᠠᠷᠤᠯᠲᠠ ᠶᠢᠨ ᠰᠢᠰᠲ᠋ᠧᠮ ᠨᠢ ᠪᠠᠰᠠ ᠬᠢᠨᠠᠨ ᠬᠠᠮᠢᠶᠠᠷᠬᠤ ᠠᠵᠢᠯ ᠤᠨ ᠦᠷ᠎ᠡ ᠪᠦᠲᠦᠮᠵᠢ ᠶᠢ | ᠳᠡᠭᠡᠭᠰᠢᠯᠡᠭᠦᠯᠵᠦ᠂ ᠡᠬᠢ ᠪᠠᠶᠠᠯᠢᠭ ᠢ ᠪᠦᠷᠢᠯᠭᠡᠬᠦ ᠶᠢ ᠪᠠᠭᠠᠰᠬᠠᠨ᠂ ᠬᠢᠨᠠᠨ ᠬᠠᠮᠢᠶᠠᠷᠬᠤ ᠠᠵᠢᠯ ᠤᠨ ᠲᠥᠪ ᠭᠤᠥᠯᠴᠢ ᠴᠢᠨᠠᠷ | ᠪᠠ ᠨᠢᠭᠡᠳᠦᠯᠲᠦ ᠴᠢᠨᠠᠷ ᠢ ᠪᠠᠲᠤᠯᠠᠵᠤ᠂ ᠣᠯᠠᠨ ᠨᠡᠶᠢᠲᠡ ᠶᠢᠨ ᠢᠲᠡᠭᠡᠯ ᠢ ᠨᠡᠮᠡᠭᠳᠡᠭᠦᠯᠦᠨ᠂ ᠡᠮ ᠤᠨ ᠵᠦᠢᠯ ᠤᠨ ᠵᠠᠬ᠎ᠠ | ᠳᠡᠯᠭᠡᠭᠦᠷ ᠤᠨ ᠡᠷᠡᠭᠦᠯ ᠢᠶᠠᠷ ᠬᠥᠭᠵᠢᠬᠦ ᠶᠢ ᠠᠬᠢᠭᠤᠯᠵᠤ ᠪᠣᠯᠣᠨ᠎ᠠ᠃ | ᠳᠥᠷᠪᠡ᠂ ᠡᠮ ᠤᠨ ᠵᠦᠢᠯ ᠢ ᠬᠢᠨᠠᠨ ᠬᠠᠮᠢᠶᠠᠷᠬᠤ ᠴᠢᠳᠠᠪᠤᠷᠢ ᠶᠢ ᠪᠠᠷᠢᠮᠵᠢᠶᠠᠵᠢᠭᠤᠯᠬᠤ ᠲᠤᠷᠰᠢᠯᠲᠠ ᠶᠢᠨ ᠴᠢᠭ᠋ ᠤᠨ | ᠠᠷᠭ᠎ᠠ ᠮᠠᠶ᠋ᠢᠭ ︖ | ᠨᠢᠭᠡ ᠳᠤ᠂ ᠬᠤᠰᠢᠭᠤ ᠰᠢᠶᠠᠩ ᠲᠣᠰᠬᠤᠨ ᠭᠤᠷᠪᠠᠨ ᠱᠠᠲᠤᠨ ᠤ ᠡᠮ ᠤᠨ ᠵᠦᠢᠯ ᠤᠨ ᠠᠮᠤᠷ ᠲᠦᠪᠰᠢᠨ ᠤ ᠬᠢᠨᠠᠨ | ᠬᠠᠮᠢᠶᠠᠷᠤᠯᠲᠠ ᠶᠢᠨ ᠰᠢᠰᠲ᠋ᠧᠮᠵᠢ ᠶᠢ ᠨᠡᠶᠢᠳᠡᠮ ᠪᠦᠷᠬᠦᠭᠦᠯᠬᠦ ᠶᠢ ᠪᠡᠶᠡᠯᠡᠭᠦᠯᠵᠦ᠂ ᠬᠤᠰᠢᠭᠤᠨ ᠤ ᠵᠠᠰᠠᠭ ᠤᠨ ᠣᠷᠳᠣᠨ ᠠᠴᠠ | ᠬᠤᠰᠢᠭᠤᠨ ᠤ ᠰᠢᠭᠤᠳ ᠬᠠᠷᠢᠶ᠎ᠠ ᠬᠠᠮᠢᠶ᠎ᠠ ᠪᠦᠬᠦᠢ ᠰᠠᠯᠠᠭ᠎ᠠ ᠮᠥᠴᠢᠷ ᠪᠣᠯᠣᠨ ᠰᠤᠮᠤ ᠰᠢᠶᠠᠩ ᠪᠠᠯᠭᠠᠰᠤ ᠶᠢᠨ ᠠᠷᠠᠳ ᠤᠨ | ᠵᠠᠰᠠᠭ ᠤᠨ ᠣᠷᠳᠣᠨ ᠤ ᠡᠮ ᠤᠨ ᠵᠦᠢᠯ ᠤᠨ ᠠᠮᠤᠷ ᠲᠦᠪᠰᠢᠨ ᠤ ᠠᠵᠢᠯ ᠢ ᠰᠢᠯᠭᠠᠨ ᠬᠢᠨᠠᠬᠤ ᠳᠤ ᠣᠷᠣᠭᠤᠯᠤᠨ᠎ᠠ᠃ | ᠬᠤᠶᠠᠷ ᠲᠤ᠂ ᠡᠮ ᠤᠨ ᠵᠦᠢᠯ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠠᠷᠭ᠎ᠠ ᠪᠠᠷᠢᠯ ᠤᠨ ᠰᠢᠨ᠎ᠡ ᠶᠢ | ᠡᠭᠦᠳᠴᠦ᠂ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠳ᠋ᠠᠶᠢᠲ᠋ᠠ ᠬᠥᠮᠥᠷᠭᠡ ᠶᠢᠨ ᠬᠠᠮᠢᠶᠠᠷᠤᠯᠲᠠ ᠶᠢ ᠪᠥᠬᠦ | ᠲᠠᠯ᠎ᠠ ᠪᠠᠷ ᠬᠤᠰᠢᠭᠤ ᠰᠢᠶᠠᠩ ᠬᠤᠶᠠᠷ ᠱᠠᠲᠤᠨ ᠤ ᠡᠮ ᠤᠨ ᠵᠦᠢᠯ ᠤᠨ ᠡᠵᠡᠩᠨᠡᠯᠲᠡ ᠶᠢᠨ ᠠᠵᠤ ᠠᠬᠤᠶᠢᠯᠠᠯ ᠤᠨ | ᠡᠯᠧᠺᠲᠷᠣᠨ ᠬᠢᠨᠠᠯᠲᠠ ᠬᠠᠮᠢᠶᠠᠷᠤᠯᠲᠠ ᠶᠢ ᠨᠡᠶᠢᠳᠡᠮ ᠬᠡᠷᠡᠭᠵᠢᠭᠦᠯᠵᠦ᠂ ︽ᠡᠮᠦᠨᠡᠲᠦ ᠬᠤᠰᠢᠭᠤᠨ ᠤ ᠡᠮ ᠤᠨ ᠵᠦᠢᠯ ᠤᠨ | ᠠᠮᠤᠷ ᠲᠦᠪᠰᠢᠨ ᠤ ᠺᠣᠳ᠋︾ ᠢ ᠨᠡᠶᠢᠳᠡᠮ ᠪᠦᠷᠬᠦᠭᠦᠯᠬᠦ ᠪᠠᠷ ᠴᠢᠷᠮᠠᠶᠢᠨ᠎ᠠ ᠃ | ᠭᠤᠷᠪᠠ ᠳᠤ᠂ ᠡᠮ ᠤᠨ ᠵᠦᠢᠯ ᠤᠨ ᠮᠠᠭᠤ ᠤᠷᠪᠠᠯ ᠢ ᠬᠢᠨᠠᠨ ᠬᠡᠮᠵᠢᠬᠦ ᠪᠠ ᠡᠮ ᠢ ᠳᠤᠷ᠎ᠠ ᠪᠠᠷ ᠢᠶᠠᠨ ᠬᠡᠷᠡᠭᠯᠡᠬᠦ ᠶᠢ ᠪᠠᠶᠢᠴᠠᠭᠠᠨ | ᠬᠡᠮᠵᠢᠬᠦ ᠰᠢᠰᠲ᠋ᠧᠮ ᠢ ᠪᠠᠶᠢᠭᠤᠯᠤᠨ ᠲᠡᠭᠦᠯᠳᠡᠷᠵᠢᠭᠦᠯᠵᠦ᠂ ᠡᠮ ᠤᠨ ᠵᠦᠢᠯ ᠢ ᠤᠷᠢᠳᠴᠢᠯᠠᠨ ᠰᠡᠷᠡᠮᠵᠢᠯᠡᠭᠦᠯᠬᠦ ᠤᠬᠠᠭᠤᠯᠭ᠎ᠠ ᠶᠢ | ᠥᠷᠭᠡᠨ ᠢᠶᠠᠷ ᠥᠷᠨᠢᠭᠦᠯᠦᠨ᠎ᠡ᠃ ᠦᠨᠡᠨᠴᠢ ᠢᠲᠡᠭᠡᠮᠵᠢ ᠶᠢᠨ ᠰᠢᠰᠲ᠋ᠧᠮᠵᠢ ᠪᠠ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ | ᠰᠢᠰᠲ᠋ᠧᠮᠵᠢ ᠶᠢ ᠪᠦᠷᠢᠨᠰᠢᠭᠦᠯᠵᠦ᠂ ᠡᠮ ᠤᠨ ᠵᠦᠢᠯ ᠢ ᠡᠵᠡᠩᠨᠡᠨ ᠬᠡᠷᠡᠭᠯᠡᠬᠦ ᠨᠢᠭᠡᠴᠡ ᠨᠢ ᠦᠨᠡᠨᠴᠢ ᠢᠲᠡᠭᠡᠮᠵᠢ ᠶᠢᠨ ᠲᠠᠩᠰᠠ | ᠡᠪᠬᠡᠮᠡᠯ ᠪᠠ ᠡᠮ ᠤᠨ ᠵᠦᠢᠯ ᠤᠨ ᠮᠠᠭᠤ ᠤᠷᠪᠠᠯ ᠪᠠ ᠡᠮ ᠢ ᠳᠤᠷ᠎ᠠ ᠪᠠᠷ ᠢᠶᠠᠨ ᠬᠡᠷᠡᠭᠯᠡᠬᠦ ᠶᠢ ᠪᠠᠶᠢᠴᠠᠭᠠᠨ ᠰᠢᠯᠭᠠᠬᠤ | ᠪᠠᠶᠢᠭᠤᠯᠤᠮᠵᠢ ᠶᠢ ᠪᠠᠶᠢᠭᠤᠯᠤᠨ᠎ᠠ᠃ ᠬᠢᠨᠠᠨ ᠬᠡᠮᠵᠢᠵᠦ ᠦᠨᠡᠯᠡᠬᠦ ᠡᠩᠨᠡᠭᠡ ᠶᠢᠨ ᠪᠠᠶᠢᠭᠤᠯᠤᠯᠲᠠ ᠶᠢ ᠴᠢᠩᠭᠠᠷᠠᠭᠤᠯᠤᠨ᠂ ᠮᠠᠭᠤ | ᠲᠤᠰᠬᠠᠯ ᠢ ᠬᠢᠨᠠᠨ ᠬᠡᠮᠵᠢᠬᠦ ᠠᠵᠢᠯᠲᠠᠨ ᠤ ᠲᠤᠬᠠᠶᠢᠯᠠᠭᠰᠠᠨ ᠠᠵᠢᠯ ᠤᠨ ᠴᠢᠳᠠᠪᠤᠷᠢ ᠶᠢᠨ ᠪᠣᠯᠪᠠᠰᠤᠷᠠᠭᠤᠯᠤᠯ ᠢ ᠵᠢᠯ ᠪᠦᠷᠢ 50 | ᠬᠢᠴᠢᠶᠡᠯ ᠤᠨ ᠴᠠᠭ ᠠᠴᠠ ᠳᠤᠲᠠᠭᠤ ᠦᠭᠡᠢ ᠪᠠᠶᠢᠯᠭᠠᠵᠤ᠂ ᠵᠢᠯ ᠪᠦᠷᠢ ᠡᠯ᠎ᠡ ᠵᠦᠢᠯ ᠤᠨ ᠠᠷᠭ᠎ᠠ ᠵᠠᠮ ᠢ ᠠᠰᠢᠭᠯᠠᠨ ᠡᠮ ᠤᠨ | ᠵᠦᠢᠯ ᠤᠨ ᠮᠠᠭᠤ ᠲᠤᠰᠬᠠᠯ ᠢ ᠬᠢᠨᠠᠨ ᠬᠡᠮᠵᠢᠬᠦ ᠠᠵᠢᠯ ᠢ 4 ᠤᠳᠠᠭ᠎ᠠ ᠠᠴᠠ ᠳᠤᠲᠠᠭᠤ ᠦᠭᠡᠢ ᠤᠬᠠᠭᠤᠯᠤᠨ | ᠲᠦᠭᠡᠮᠡᠯᠵᠢᠭᠦᠯᠦᠨ᠎ᠡ᠃ | ᠳᠥᠷᠪᠡ ᠳᠤ᠂ ᠮᠠᠯᠵᠢᠬᠤ ᠲᠠᠷᠢᠶᠠᠯᠠᠬᠤ ᠣᠷᠣᠨ ᠪᠠ ᠬᠤᠲᠠ ᠬᠥᠳᠡᠭᠡ ᠶᠢᠨ ᠠᠭᠤᠯᠵᠠᠷ ᠬᠡᠰᠡᠭ ᠤᠨ ᠡᠮ ᠤᠨ ᠵᠦᠢᠯ ᠤᠨ | ︽ᠬᠤᠶᠠᠷ ᠲᠣᠣᠷ︾ ᠤᠨ ᠪᠦᠲᠦᠭᠡᠨ ᠪᠠᠶᠢᠭᠤᠯᠤᠯᠲᠠ ᠶᠢᠨ ᠬᠢᠷᠢ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ | ᠬᠤᠰᠢᠭᠤ ᠰᠢᠶᠠᠩ ᠲᠣᠰᠬᠤᠨ ᠭᠤᠷᠪᠠᠨ ᠱᠠᠲᠤᠨ ᠤ ᠮᠠᠯᠵᠢᠬᠤ ᠲᠠᠷᠢᠶᠠᠯᠠᠬᠤ ᠣᠷᠣᠨ ᠪᠠ ᠬᠤᠲᠠ ᠬᠥᠳᠡᠭᠡ ᠶᠢᠨ ᠠᠭᠤᠯᠵᠠᠷ | ᠬᠡᠰᠡᠭ ᠤᠨ ᠡᠮ ᠤᠨ ᠵᠦᠢᠯ ᠳᠤ ᠬᠢᠨᠠᠯᠲᠠ ᠲᠠᠯᠪᠢᠬᠤ ᠲᠣᠣᠷ ᠤᠨ ᠦᠢᠯᠡᠳᠦᠯ ᠢ ᠲᠣᠪᠣᠶᠢᠮ᠎ᠠ ᠪᠣᠯᠭᠠᠵᠤ᠂ ᠡᠮ ᠤᠨ ᠵᠦᠢᠯ ᠤᠨ | ᠬᠢᠨᠠᠯᠲᠠ ᠬᠠᠮᠢᠶᠠᠷᠤᠯᠲᠠ ᠶᠢᠨ ᠲᠣᠣᠷ ᠢ ᠪᠦᠷᠢᠨ ᠪᠦᠷᠬᠦᠭᠦᠯᠬᠦ᠂ ᠡᠮ ᠤᠨ ᠵᠦᠢᠯ ᠤᠨ ᠬᠠᠩᠭᠠᠯᠭ᠎ᠠ ᠶᠢᠨ ᠲᠣᠣᠷ ᠢ ᠪᠦᠷᠢᠨ | ᠪᠦᠷᠬᠦᠭᠦᠯᠬᠦ ᠶᠢ ᠪᠡᠶᠡᠯᠡᠭᠦᠯᠵᠦ᠂ ᠣᠯᠠᠨ ᠲᠦᠮᠡᠨ ᠤ ᠮᠠᠯᠵᠢᠬᠤ ᠲᠠᠷᠢᠶᠠᠯᠠᠬᠤ ᠣᠷᠣᠨ ᠪᠠ ᠬᠤᠲᠠ ᠬᠥᠳᠡᠭᠡ ᠶᠢᠨ ᠠᠭᠤᠯᠵᠠᠷ | ᠬᠡᠰᠡᠭ ᠤᠨ ᠡᠮ ᠤᠨ ᠵᠦᠢᠯ ᠤᠨ ᠵᠠᠬ᠎ᠠ ᠳᠡᠯᠭᠡᠭᠦᠷ ᠤᠨ ᠡᠮᠬᠢ ᠳᠢᠭᠯᠢᠮ ᠤᠨ ᠲᠠᠯ᠎ᠠ ᠪᠠᠷ ᠬᠢ ᠬᠠᠨᠤᠮᠵᠢ ᠶᠢᠨ ᠬᠡᠮᠵᠢᠶ᠎ᠡ ᠶᠢ | 95% ᠠᠴᠠ ᠳᠡᠭᠡᠭᠰᠢ ᠳᠤ ᠬᠦᠷᠦᠭᠦᠯᠦᠨ᠎ᠡ᠃ | ᠲᠠᠪᠤ ᠳᠤ᠂ ᠬᠠᠷᠢᠶ᠎ᠠ ᠣᠷᠣᠨ ᠤ ᠳᠣᠲᠣᠷᠠᠬᠢ ᠡᠮ ᠤᠨ ᠵᠦᠢᠯ ᠤᠨ ᠵᠠᠬ᠎ᠠ ᠳᠡᠯᠭᠡᠭᠦᠷ ᠤᠨ ᠡᠮᠬᠢ ᠳᠢᠭᠯᠢᠮ ᠤᠨ ᠵᠢᠷᠤᠮᠵᠢᠯ᠂ | ᠡᠮ ᠤᠨ ᠵᠦᠢᠯ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠡᠵᠡᠩᠨᠡᠯᠲᠡ ᠶᠢᠨ ᠦᠶᠯᠡ ᠠᠵᠢᠯᠯᠠᠭ᠎ᠠ ᠨᠢ ︽ᠡᠮ ᠤᠨ | ᠵᠦᠢᠯ ᠤᠨ ᠡᠵᠡᠩᠨᠡᠯᠲᠡ ᠶᠢᠨ ᠶᠠᠰᠤ ᠴᠢᠨᠠᠷ ᠤᠨ ᠬᠠᠮᠢᠶᠠᠷᠤᠯᠲᠠ ᠶᠢᠨ ᠵᠢᠷᠤᠮᠵᠢᠯ︾ ᠤᠨ ᠱᠠᠭᠠᠷᠳᠠᠯᠭ᠎ᠠ ᠳᠤ ᠨᠡᠶᠢᠴᠡᠵᠦ᠂ | ᠡᠮ ᠤᠨ ᠵᠦᠢᠯ ᠢ ᠬᠡᠷᠡᠭᠯᠡᠬᠦ ᠨᠢᠭᠡᠴᠡ ᠶᠢᠨ ᠡᠮ ᠤᠨ ᠥᠷᠥᠭᠡ ᠨᠢ ᠵᠢᠷᠤᠮᠵᠢᠭᠰᠠᠨ ᠬᠠᠷᠢᠶᠠᠲᠤ ᠣᠷᠣᠨ ᠳᠤ ᠦᠨᠡᠮᠯᠡᠯ | ᠦᠭᠡᠢ ᠪᠠᠷ ᠦᠢᠯᠡᠳᠪᠦᠷᠢᠯᠡᠵᠦ ᠡᠵᠡᠩᠨᠡᠬᠦ ᠦᠶᠯᠡ ᠠᠵᠢᠯᠯᠠᠭ᠎ᠠ ᠪᠠᠶᠢᠬᠤ ᠦᠭᠡᠢ᠂ ᠬᠠᠭᠤᠷᠮᠠᠭ ᠡᠮ ᠦᠢᠯᠡᠳᠴᠦ | ᠪᠣᠷᠣᠯᠠᠭᠤᠯᠤᠭᠰᠠᠨ ᠦᠶᠯᠡ ᠠᠵᠢᠯᠯᠠᠭ᠎ᠠ ᠪᠠᠶᠢᠬᠤ ᠦᠭᠡᠢ᠂ ᠬᠠᠤᠯᠢ ᠠᠴᠠ ᠵᠥᠷᠢᠴᠡᠭᠰᠡᠨ ᠡᠮ ᠤᠨ ᠵᠦᠢᠯ ᠤᠨ ᠵᠠᠷ | ᠨᠡᠶᠢᠲᠡᠯᠡᠭᠰᠡᠨ ᠦᠭᠡᠢ᠂ ᠡᠮ ᠤᠨ ᠵᠦᠢᠯ ᠤᠨ ᠠᠮᠤᠷ ᠲᠦᠪᠰᠢᠨ ᠤ ᠬᠡᠷᠡᠭ ᠭᠠᠷᠤᠭᠰᠠᠨ ᠦᠭᠡᠢ᠃ | ᠵᠢᠷᠭᠤᠭ᠎ᠠ ᠳᠤ᠂ ᠡᠮ ᠤᠨ ᠵᠦᠢᠯ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠠᠷᠭ᠎ᠠ ᠪᠠᠷᠢᠯ ᠤᠨ ᠰᠢᠨ᠎ᠡ ᠶᠢ | ᠡᠭᠦᠳᠴᠦ᠂ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠲᠤᠭ᠎ᠠ ᠪᠠᠷᠢᠮᠲᠠ ᠶᠢᠨ ᠬᠥᠮᠥᠷᠭᠡ ᠶᠢᠨ ᠬᠠᠮᠢᠶᠠᠷᠤᠯᠲᠠ ᠶᠢ | ᠬᠤᠰᠢᠭᠤ ᠰᠢᠶᠠᠩ ᠬᠤᠶᠠᠷ ᠱᠠᠲᠤᠨ ᠤ ᠡᠮ ᠤᠨ ᠵᠦᠢᠯ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠡᠯᠧᠺᠲᠷᠣᠨ ᠬᠢᠨᠠᠯᠲᠠ | ᠬᠠᠮᠢᠶᠠᠷᠤᠯᠲᠠ ᠶᠢ ᠪᠦᠷᠢᠨ ᠪᠦᠷᠬᠦᠭᠦᠯᠵᠦ᠂ ︽ᠡᠮᠦᠨᠡᠲᠦ ᠬᠤᠰᠢᠭᠤᠨ ᠤ ᠡᠮ ᠤᠨ ᠵᠦᠢᠯ ᠤᠨ ᠠᠮᠤᠷ ᠲᠦᠪᠰᠢᠨ ᠤ ᠺᠣᠳ᠋︾ | ᠢ ᠪᠦᠷᠢᠨ ᠪᠦᠷᠬᠦᠭᠦᠯᠬᠦ ᠪᠠᠷ ᠴᠢᠷᠮᠠᠶᠢᠨ᠎ᠠ᠃ | | | |