︽ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ 2023 ᠣᠨ ᠤ ︿ᠨᠢᠭᠡ ᠶᠢ ᠰᠦᠷᠴᠢᠵᠦ ᠣᠯᠠᠨ ᠢ ᠠᠬᠢᠭᠤᠯᠬᠤ﹀ ᠠᠵᠢᠯ ᠤᠨ ᠬᠡᠷᠡᠭᠵᠢᠭᠦᠯᠬᠦ ᠲᠥᠰᠥᠯ︾ ᠤᠨ ᠲᠤᠬᠠᠢ ᠲᠥᠷᠥ ᠶᠢᠨ ᠪᠣᠳᠣᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2023/8/24
   ᠥᠪᠡᠷᠲᠡᠭᠡᠨ ᠵᠠᠰᠠᠬᠤ ᠣᠷᠣᠨ ᠤ ︽2023 ᠣᠨ ᠤ ᠡᠷᠳᠡᠨᠢ ᠰᠢᠰᠢ ᠶᠢᠨ ᠰᠢᠷ᠎ᠠ ᠪᠤᠷᠴᠠᠭ ᠢ ︿ᠨᠢᠭᠡ ᠶᠢ ᠰᠦᠷᠴᠢᠵᠦ ᠣᠯᠠᠨ ᠢ ᠠᠬᠢᠭᠤᠯᠬᠤ﹀ ᠨᠢᠭᠡ ᠤᠳᠠᠭ᠎ᠠ ᠶᠢᠨ ᠴᠢᠨᠠᠷᠲᠠᠢ ᠨᠥᠬᠦᠪᠦᠷᠢ ᠶᠢᠨ ᠬᠡᠷᠡᠭᠵᠢᠭᠦᠯᠬᠦ ᠲᠥᠰᠥᠯ︾ ᠵᠢᠴᠢ ᠬᠢᠩᠭᠠᠨ ᠠᠶᠢᠮᠠᠭ ᠤᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠶᠢᠨ ︽︿ᠬᠢᠩᠭᠠᠨ ᠠᠶᠢᠮᠠᠭ ᠤᠨ 2023 ᠣᠨ ᠤ ᠡᠷᠳᠡᠨᠢ ᠰᠢᠰᠢ ᠶᠢᠨ ᠰᠢᠷ᠎ᠠ ᠪᠤᠷᠴᠠᠭ ᠢ ︿ᠨᠢᠭᠡ ᠶᠢ ᠰᠦᠷᠴᠢᠵᠦ ᠣᠯᠠᠨ ᠢ ᠠᠬᠢᠭᠤᠯᠬᠤ﹀ ᠨᠢᠭᠡ ᠤᠳᠠᠭ᠎ᠠ ᠶᠢᠨ ᠴᠢᠨᠠᠷᠲᠠᠢ ᠨᠥᠬᠦᠪᠦᠷᠢ ᠶᠢᠨ ᠬᠡᠷᠡᠭᠵᠢᠭᠦᠯᠬᠦ ᠲᠥᠰᠥᠯ﹀ ᠢ ᠳᠠᠷᠤᠮᠠᠯᠯᠠᠨ ᠲᠠᠷᠬᠠᠭᠠᠬᠤ ᠲᠤᠬᠠᠢ ᠮᠡᠳᠡᠭᠳᠡᠯ︾ ᠤᠨ ᠱᠠᠭᠠᠷᠳᠠᠯᠭ᠎ᠠ ᠶᠣᠰᠣᠭᠠᠷ᠂ ᠲᠠᠷᠢᠶᠠᠯᠠᠩ ᠤᠨ ᠴᠠᠭ ᠢ ᠵᠠᠪᠳᠤᠨ ᠠᠳᠬᠤᠵᠤ᠂ ᠲᠥᠷᠥ ᠶᠢᠨ ᠪᠣᠳᠣᠯᠭ᠎ᠠ ᠶᠢ ᠠᠯᠢ ᠲᠦᠷᠭᠡᠨ ᠢᠶᠠᠷ ᠨᠠᠶᠢᠳᠠᠪᠤᠷᠢᠵᠢᠭᠤᠯᠤᠨ ᠪᠣᠳᠠᠲᠠᠶᠢᠵᠢᠭᠤᠯᠵᠤ᠂ ᠪᠣᠳᠠᠲᠤ ᠦᠷ᠎ᠡ ᠪᠦᠲᠦᠮᠵᠢ ᠣᠯᠬᠤ ᠶᠢ ᠪᠠᠲᠤᠯᠠᠵᠤ᠂ ᠨᠠᠮᠤᠷ ᠤᠨ ᠠᠮᠤ ᠪᠤᠳᠠᠭᠠᠨ ᠤ ᠤᠨᠠᠯᠲᠠ ᠶᠢ ᠲᠣᠭᠲᠠᠪᠤᠷᠢᠵᠢᠭᠤᠯᠵᠤ ᠡᠯᠪᠡᠭ ᠬᠤᠷᠢᠶᠠᠯᠲᠠ ᠣᠯᠬᠤ ᠶᠢ ᠴᠢᠷᠮᠠᠶᠢᠨ ᠪᠡᠶᠡᠯᠡᠭᠦᠯᠬᠦ ᠶᠢᠨ ᠲᠥᠯᠥᠭᠡ᠂ ᠮᠠᠨ ᠤ ᠬᠤᠰᠢᠭᠤᠨ ᠤ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠲᠣᠰ ᠲᠥᠰᠥᠯ ᠢ ᠲᠤᠭᠤᠷᠪᠢᠪᠠ᠃    ᠨᠢᠭᠡ᠂ 2023 ᠣᠨ ᠤ ᠡᠷᠳᠡᠨᠢ ᠰᠢᠰᠢ ᠰᠢᠷ᠎ᠠ ᠪᠤᠷᠴᠠᠭ ᠢ ︽ᠨᠢᠭᠡ ᠶᠢ ᠰᠦᠷᠴᠢᠵᠦ ᠤᠯᠠᠨ ᠢ ᠠᠬᠢᠭᠤᠯᠬᠤ︾ ᠬᠠᠷᠠᠯᠲᠠ ᠡᠭᠦᠷᠭᠡ ᠨᠢ ᠶᠠᠭᠤ ᠪᠤᠢ︖    ᠬᠠᠷᠢᠭᠤᠯᠲᠠ᠄ ᠲᠤᠰ ᠤᠳᠠᠭ᠎ᠠ ᠶᠢᠨ ︽ᠨᠢᠭᠡ ᠶᠢ ᠰᠦᠷᠴᠢᠵᠦ ᠣᠯᠠᠨ ᠢ ᠠᠬᠢᠭᠤᠯᠬᠤ︾ ᠠᠵᠢᠯ ᠳᠤ ︽ᠨᠢᠭᠡᠳᠦᠯᠲᠡᠢ ᠰᠡᠷᠭᠡᠶᠢᠯᠡᠨ ᠨᠣᠶᠠᠷᠬᠠᠬᠤ︾ ᠠᠷᠭ᠎ᠠ  ᠶᠢ ᠠᠪᠴᠤ᠂ ᠵᠢᠱᠢᠯᠲᠡ ᠪᠠᠷ᠂ ᠪᠥᠬᠦ ᠬᠤᠰᠢᠭᠤᠨ ᠤ ᠡᠯ᠎ᠡ ᠰᠤᠮᠤ ᠰᠢᠶᠠᠩ ᠪᠠᠯᠭᠠᠰᠤ ︵ᠲᠥᠪ︶ ᠪᠣᠯᠣᠨ ᠬᠤᠯᠪᠣᠭᠳᠠᠯ ᠪᠦᠬᠦᠢ ᠬᠤᠰᠢᠭᠤᠨ ᠳᠤ ᠰᠠᠭᠤᠭ᠎ᠠ ᠨᠢᠭᠡᠴᠡ ᠳᠤ ᠭᠠᠩᠳᠠᠯ ᠤᠰᠤᠲᠤᠯ ᠤᠨ ᠭᠠᠮᠰᠢᠭ ᠲᠤ ᠨᠥᠯᠥᠭᠡᠯᠡᠭᠳᠡᠬᠦ᠂ ᠦᠷᠡᠵᠢᠯ ᠤᠨ ᠬᠤᠭᠤᠴᠠᠭ᠎ᠠ ᠬᠤᠶᠢᠰᠢᠯᠠᠬᠤ᠂ ᠡᠪᠡᠳᠴᠢᠨ ᠬᠤᠷᠣᠬᠠᠢ ᠶᠢᠨ ᠭᠠᠮᠰᠢᠭ ᠡᠭᠦᠰᠦᠭᠰᠡᠨ ᠭᠠᠵᠠᠷ ᠲᠤ ︽ᠨᠢᠭᠡ ᠶᠢ ᠰᠦᠷᠴᠢᠵᠦ ᠣᠯᠠᠨ ᠢ ᠠᠬᠢᠭᠤᠯᠬᠤ︾ ᠠᠵᠢᠯᠯᠠᠭ᠎ᠠ ᠥᠷᠨᠢᠭᠦᠯᠬᠦ ᠶᠢ ᠭᠤᠣᠯᠳᠠᠯᠭ᠎ᠠ ᠲᠠᠢ ᠳᠡᠮᠵᠢᠵᠦ᠂ ᠶᠡᠷᠦᠩᠬᠡᠢ ᠬᠡᠪᠴᠢᠶ᠎ᠡ ᠨᠢ 299.3 ᠲᠦᠮᠡᠨ ᠮᠦ ᠪᠠᠶᠢᠵᠤ᠂ ᠡᠯ᠎ᠡ ᠭᠠᠵᠠᠷ ᠤᠨ ᠤᠯᠤᠰ ᠤᠨ ᠰᠢᠷ᠎ᠠ ᠪᠤᠷᠴᠠᠭ ᠡᠷᠳᠡᠨᠢ ᠰᠢᠰᠢ ᠶᠢᠨ ᠠᠮᠢᠳᠤ ᠪᠣᠳᠠᠰ ᠤᠨ ᠡᠭᠦᠯᠳᠡᠷ ᠪᠣᠶᠢᠵᠢᠭᠤᠯᠬᠤ ᠲᠤᠷᠰᠢᠯᠲᠠ ᠶᠢᠨ ᠵᠢᠱᠢᠶ᠎ᠡ ᠦᠵᠡᠭᠦᠯᠬᠦ ᠭᠠᠵᠠᠷ ᠵᠢᠴᠢ ᠭᠤᠣᠯᠳᠠᠯᠭ᠎ᠠ ᠲᠠᠢ ᠲᠥᠷᠥᠯ ᠵᠦᠢᠯ ᠤᠨ ᠲᠠᠷᠢᠶᠠᠨ ᠭᠠᠵᠠᠷ ᠲᠤ ︽ᠨᠢᠭᠡ ᠶᠢ ᠰᠦᠷᠴᠢᠵᠦ ᠣᠯᠠᠨ ᠢ ᠠᠬᠢᠭᠤᠯᠬᠤ︾ ᠶᠢ ᠬᠡᠷᠡᠭᠵᠢᠭᠦᠯᠬᠦ ᠴᠢᠬᠤᠯᠠᠲᠠᠢ ᠪᠠᠶᠢᠪᠠᠯ᠂ ᠪᠥᠬᠦ ᠬᠡᠮᠵᠢᠶ᠎ᠡ ᠪᠠᠷ ᠪᠠᠲᠤᠯᠠᠨ᠎ᠠ᠃    ᠬᠤᠶᠠᠷ᠂ 2023 ᠣᠨ ᠤ ᠡᠷᠳᠡᠨᠢ ᠰᠢᠰᠢ ᠰᠢᠷ᠎ᠠ ᠪᠤᠷᠴᠠᠭ ᠢ ︽ᠨᠢᠭᠡ ᠰᠦᠷᠴᠢᠯᠲᠡ ᠪᠠᠷ ᠤᠯᠠᠨ ᠢ ᠠᠬᠢᠭᠤᠯᠬᠤ︾ ᠶᠢ ᠬᠡᠷᠡᠭᠵᠢᠭᠦᠯᠬᠦ ᠶᠠᠪᠤᠴᠠ ᠨᠢ ᠶᠠᠭᠤ ᠪᠤᠢ︖    ᠬᠠᠷᠢᠭᠤᠯᠲᠠ᠄ 1.8 ᠰᠠᠷ᠎ᠠ ᠶᠢᠨ 22 ᠤᠨ ᠡᠳᠦᠷ᠂ ᠤᠳᠤᠷᠢᠳᠬᠤ ᠳᠤᠭᠤᠶᠢᠯᠠᠩ᠂ ᠲᠤᠰᠬᠠᠢ ᠮᠡᠷᠭᠡᠵᠢᠯᠲᠡᠨ ᠤ ᠮᠡᠷᠭᠡᠵᠢᠯ ᠤᠨ ᠵᠢᠭᠠᠨ ᠵᠢᠯᠤᠭᠤᠳᠬᠤ ᠳᠤᠭᠤᠶᠢᠯᠠᠩ ᠪᠠᠶᠢᠭᠤᠯᠤᠭᠳᠠᠭᠰᠠᠨ ᠪᠥᠭᠡᠳ ᠮᠡᠷᠭᠡᠵᠢᠯ ᠤᠨ ᠲᠥᠰᠥᠯ ᠳᠤᠷᠠᠳᠪᠠ᠄ ᠡᠷᠳᠡᠨᠢ ᠰᠢᠰᠢ ᠳᠤ ᠹᠣᠰᠹᠣᠷ ᠬᠦᠴᠢᠯ ᠤᠨ ᠬᠤᠶᠠᠷ ᠤᠰᠤᠲᠥ᠋ᠷᠥᠭᠴᠢᠲᠤ ᠺᠠᠯᠢ 100g + ᠰᠢᠪᠲᠦᠷᠲᠦ ᠬᠦᠴᠢᠯ ᠤᠨ ᠤᠰᠤᠨ ᠳᠤ ᠠᠭᠤᠰᠤᠭᠰᠠᠨ ᠪᠣᠷᠳᠣᠭᠤᠷ 70g ᠮᠦ ᠪᠦᠷᠢ ᠶᠢ ᠬᠡᠷᠡᠭᠯᠡᠨ᠎ᠡ︔ ᠰᠢᠷ᠎ᠠ ᠪᠤᠷᠴᠠᠭ ᠲᠤ ᠹᠣᠰᠹᠣᠷ ᠬᠦᠴᠢᠯ ᠤᠨ ᠬᠤᠶᠠᠷ ᠤᠰᠤᠲᠥ᠋ᠷᠥᠭᠴᠢᠲᠤ ᠺᠠᠯᠢ 100g+ᠰᠢᠪᠲᠦᠷᠲᠦ ᠬᠦᠴᠢᠯ ᠤᠨ ᠤᠰᠤᠨ ᠳᠤ ᠠᠭᠤᠰᠬᠤ ᠪᠣᠷᠳᠣᠭᠤᠷ 65g+ᠥᠨᠳᠥᠷ ᠾᠯᠣᠷᠲᠤ ᠮᠧᠲ᠋ᠢᠯ ᠸᠢᠲ᠋ᠠᠮᠢᠨ ᠤ ᠳᠠᠪᠤᠰᠤ 10g ᠢ ᠮᠦ ᠪᠦᠷᠢ ᠳᠤ ᠬᠡᠷᠡᠭᠯᠡᠨ᠎ᠡ᠃    2. 8 ᠰᠠᠷ᠎ᠠ ᠶᠢᠨ 23 ᠤ ᠡᠳᠦᠷ᠂ ᠡᠯ᠎ᠡ ᠰᠤᠮᠤ ᠰᠢᠶᠠᠩ ᠪᠠᠯᠭᠠᠰᠤ ᠵᠢᠴᠢ ᠭᠠᠴᠠᠭ᠎ᠠ ᠲᠣᠰᠬᠤᠨ ᠤ ᠠᠵᠢᠯ ᠤᠨ ᠲᠤᠰᠬᠠᠢ ᠠᠩᠭᠢ ᠶᠢ ᠡᠷᠬᠡᠪᠰᠢ ᠪᠠᠶᠢᠭᠤᠯᠬᠤ ᠶᠢᠨ ᠬᠠᠮᠲᠤ ᠲᠠᠯᠠᠪᠠᠶ ᠪᠠᠨ ᠭᠤᠶᠤᠴᠢᠯᠠᠨ ᠮᠡᠳᠡᠭᠦᠯᠬᠦ ᠶᠢ ᠪᠡᠶᠡᠯᠡᠭᠦᠯᠬᠦ ᠬᠡᠷᠡᠭᠲᠡᠢ᠃ ᠬᠤᠰᠢᠭᠤᠨ ᠤ ᠵᠠᠰᠠᠭ ᠤᠨ ᠣᠷᠳᠣᠨ ᠬᠠᠮᠢᠶ᠎ᠠ ᠪᠦᠬᠦᠢ ᠰᠠᠯᠠᠭ᠎ᠠ ᠮᠥᠴᠢᠷ ᠢ ᠵᠣᠬᠢᠶᠠᠨ ᠪᠠᠶᠢᠭᠤᠯᠵᠤ ︽ᠨᠢᠭᠡ ᠶᠢ ᠰᠦᠷᠴᠢᠵᠦ ᠣᠯᠠᠨ ᠢ ᠠᠬᠢᠭᠤᠯᠬᠤ︾ ᠠᠵᠢᠯ ᠤᠨ ᠲᠤᠰᠬᠠᠢ ᠠᠬᠢᠭᠤᠯᠬᠤ ᠬᠤᠷᠠᠯ ᠵᠢᠴᠢ ᠬᠤᠳᠠᠯᠳᠤᠨ ᠠᠪᠴᠤ ᠦᠨ᠎ᠡ ᠯᠠᠪᠯᠠᠬᠤ ᠠᠵᠢᠯ ᠤᠨ ᠬᠤᠷᠠᠯ ᠢ ᠬᠤᠷᠠᠯᠳᠤᠭᠤᠯᠵᠤ᠂ ᠡᠮ ᠨᠠᠶᠢᠷᠠᠯᠭ᠎ᠠ ᠶᠢ ᠬᠤᠳᠠᠯᠳᠤᠨ ᠠᠪᠬᠤ ᠭᠤᠣᠯ ᠴᠣᠭᠴᠠ ᠵᠢᠴᠢ ᠵᠢᠯᠣᠭᠤᠴᠢ ᠦᠭᠡᠢ ᠨᠢᠰᠬᠡᠯ ᠤᠨ ᠦᠢᠯᠡᠴᠢᠯᠡᠭᠡᠨ ᠤ ᠭᠤᠣᠯ ᠴᠣᠭᠴᠠ ᠶᠢ ᠲᠣᠭᠲᠠᠭᠠᠨ᠎ᠠ᠃    3. 8 ᠰᠠᠷ᠎ᠠ  ᠶᠢᠨ 24 ᠤ ᠡᠳᠦᠷ᠂ ᠠᠵᠢᠯ ᠤᠨ ᠡᠭᠦᠷᠭᠡ ᠪᠣᠯᠣᠨ ᠲᠥᠯᠦᠪᠵᠢᠭᠦᠯᠭᠡ  ᠶᠢᠨ ᠪᠠᠭᠤᠯᠭᠠᠯᠲᠠ  ᠶᠢ ᠪᠡᠶᠡᠯᠡᠭᠦᠯᠵᠦ᠂ ᠡᠮ ᠪᠣᠯᠣᠨ ᠵᠢᠯᠣᠭᠤᠴᠢ ᠦᠭᠡᠢ ᠨᠢᠰᠬᠡᠯ  ᠢ ᠲᠣᠬᠢᠷᠠᠭᠤᠯᠤᠨ ᠵᠥᠭᠡᠭᠡᠪᠦᠷᠢᠯᠡᠨ᠎ᠡ᠃    4. 8  ᠰᠠᠷ᠎ᠠ ᠶᠢᠨ 25 ᠤ ᠡᠳᠦᠷ᠂ ᠡᠯ᠎ᠡ ᠰᠤᠮᠤ ᠰᠢᠶᠠᠩ ᠪᠠᠯᠭᠠᠰᠤ ᠡᠷᠬᠡᠪᠰᠢ ᠡᠮ ᠨᠠᠶᠢᠷᠠᠯᠭ᠎ᠠ ᠶᠢᠨ ᠪᠠᠷᠠᠭ᠎ᠠ ᠶᠢ ᠭᠥᠯᠢᠶᠡᠨ ᠠᠪᠬᠤ᠂ ᠵᠢᠯᠣᠭᠤᠴᠢ ᠦᠭᠡᠢ ᠨᠢᠰᠬᠡᠯ ᠤᠨ ᠦᠢᠯᠡᠴᠢᠯᠡᠭᠡᠨ ᠤ ᠵᠣᠬᠢᠶᠠᠨ ᠪᠠᠶᠢᠭᠤᠯᠤᠯᠲᠠ ᠶᠢ ᠵᠣᠯᠭᠠᠭᠤᠯᠬᠤ᠂ ᠭᠠᠴᠠᠭ᠎ᠠ ᠲᠣᠰᠬᠤᠨ ᠤ ᠠᠵᠢᠯ ᠢ ᠳᠠᠶᠢᠴᠢᠯᠠᠬᠤ᠂ ᠡᠮ ᠨᠠᠶᠢᠷᠠᠭᠤᠯᠬᠤ ᠠᠵᠢᠯ ᠤᠨ ᠠᠩᠭᠢ ᠵᠢᠴᠢ ᠲᠠᠷᠢᠶᠠᠨ ᠭᠠᠵᠠᠷ ᠢ ᠬᠥᠲᠥᠯᠥᠨ ᠵᠢᠯᠤᠭᠤᠳᠬᠤ ᠳᠤᠭᠤᠶᠢᠯᠠᠩ ᠤᠨ ᠪᠣᠯᠪᠠᠰᠤᠷᠠᠭᠤᠯᠤᠯ ᠵᠡᠷᠭᠡ ᠡᠯ᠎ᠡ ᠵᠦᠢᠯ ᠤᠨ ᠠᠵᠢᠯ ᠢ ᠪᠡᠶᠡᠯᠡᠭᠦᠯᠬᠦ ᠶᠢᠨ ᠬᠠᠮᠲᠤ ᠠᠵᠢᠯ ᠢᠶᠠᠨ ᠡᠬᠢᠯᠡᠭᠦᠯᠬᠦ ᠪᠠᠷ ᠴᠢᠷᠮᠠᠶᠢᠬᠤ ᠬᠡᠷᠡᠭᠲᠡᠢ᠃    5. 9 ᠰᠠᠷ᠎ᠠ  ᠶᠢᠨ 4 ᠤ ᠡᠳᠦᠷ᠂ ᠪᠦᠬᠦ ᠲᠠᠯ᠎ᠠ ᠪᠠᠷ ᠠᠵᠢᠯ ᠢᠶᠠᠨ ᠡᠬᠢᠯᠡᠭᠦᠯᠵᠦ᠂ ᠪᠦᠬᠦ ᠶᠠᠪᠤᠴᠠ  ᠶᠢᠨ ᠮᠡᠷᠭᠡᠵᠢᠯ ᠤᠨ ᠵᠢᠯᠣᠭᠤᠳᠤᠯᠭ᠎ᠠ ᠪᠣᠯᠣᠨ ᠰᠢᠪᠠᠳᠠᠨ ᠪᠠᠶᠢᠴᠠᠭᠠᠯᠲᠠ  ᠶᠢ ᠵᠡᠷᠭᠡ ᠪᠠᠷ ᠶᠠᠪᠤᠭᠳᠠᠭᠤᠯᠤᠨ᠎ᠠ᠃    6. 10 ᠰᠠᠷ᠎ᠠ ᠶᠢᠨ ᠰᠡᠭᠦᠯᠴᠢ ᠪᠠᠷ᠂ ᠠᠵᠢᠯ ᠤᠨ ᠳ᠋ᠦᠩᠨᠡᠯᠲᠡ ᠶᠢᠨ ᠮᠡᠳᠡᠭᠦᠯᠦᠯᠲᠡ ᠭᠠᠷᠭᠠᠬᠤ ᠶᠢᠨ ᠬᠠᠮᠲᠤ ᠪᠡᠯᠡ ᠮᠥᠩᠭᠦ ᠶᠢ ᠪᠣᠳᠠᠲᠠᠢ ᠪᠠᠷ ᠪᠠᠭᠤᠯᠭᠠᠨ ᠥᠭᠴᠦ᠂ ᠰᠦᠷᠴᠢᠨ ᠣᠷᠣᠭᠤᠯᠤᠭᠰᠠᠨ ᠦᠷ᠎ᠡ ᠪᠦᠲᠦᠮᠵᠢ  ᠶᠢᠨ ᠦᠨᠡᠯᠡᠯᠲᠡ  ᠶᠢ ᠪᠡᠶᠡᠯᠡᠭᠦᠯᠦᠨ᠎ᠡ᠃    ᠭᠤᠷᠪᠠ᠂ 2023 ᠣᠨ ᠤ ᠡᠷᠳᠡᠨᠢ ᠰᠢᠰᠢ ᠰᠢᠷ᠎ᠠ ᠪᠤᠷᠴᠠᠭ ᠢ ︽ᠨᠢᠭᠡ ᠶᠢ ᠰᠦᠷᠴᠢᠵᠦ ᠤᠯᠠᠨ ᠢ ᠠᠬᠢᠭᠤᠯᠬᠤ︾ ᠶᠢ ᠬᠡᠷᠡᠭᠵᠢᠭᠦᠯᠬᠦ ᠱᠠᠭᠠᠷᠳᠠᠯᠭ᠎ᠠ ᠨᠢ ᠶᠠᠭᠤ ᠪᠤᠢ︖    ᠬᠠᠷᠢᠭᠤᠯᠲᠠ᠄ ᠨᠢᠭᠡᠳᠦᠯᠲᠡᠢ ᠰᠡᠷᠭᠡᠶᠢᠯᠡᠨ ᠨᠣᠶᠠᠷᠬᠠᠬᠤ ᠬᠡᠯᠪᠡᠷᠢ ᠪᠠᠷ ᠰᠦᠷᠴᠢᠨ ᠣᠷᠣᠭᠤᠯᠬᠤ ᠠᠵᠢᠯ ᠢ ᠲᠦᠯᠬᠢᠨ ᠠᠬᠢᠭᠤᠯᠵᠤ᠂ ᠭᠠᠴᠠᠭ᠎ᠠ ᠲᠣᠰᠬᠤᠨ ᠢᠶᠠᠷ ᠲᠦᠯᠬᠢᠨ ᠠᠬᠢᠭᠤᠯᠬᠤ ᠨᠢᠭᠡᠴᠢ ᠪᠣᠯᠭᠠᠨ᠂ ᠲᠥᠪᠯᠡᠷᠡᠭᠦᠯᠦᠨ ᠵᠠᠯᠭᠠᠯᠳᠤᠭᠤᠯᠤᠨ ᠰᠦᠷᠴᠢᠨ ᠣᠷᠣᠭᠤᠯᠵᠤ᠂ ᠨᠢᠰᠬᠡᠯ ᠢᠶᠠᠷ ᠰᠡᠷᠭᠡᠶᠢᠯᠡᠬᠦ ᠠᠵᠢᠯ ᠢ ᠲᠦᠷᠭᠡᠬᠡᠨ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠵᠤ ᠂ ᠦᠢᠯᠡᠴᠢᠯᠡᠭᠡᠨ ᠤ ᠭᠤᠣᠯ ᠴᠣᠭᠴᠠ ᠨᠢ 10 ᠰᠠᠤᠷᠢ ᠤᠷᠭᠤᠮᠠᠯ ᠤᠨ ᠬᠠᠮᠠᠭᠠᠯᠠᠯᠲᠠ ᠶᠢᠨ ᠵᠢᠯᠣᠭᠤᠴᠢ ᠦᠭᠡᠢ ᠨᠢᠰᠬᠡᠯ ᠢ ᠵᠣᠬᠢᠶᠠᠨ ᠪᠠᠶᠢᠭᠤᠯᠤᠨ ᠬᠠᠮᠲᠤ ᠳᠤᠨᠢ ᠠᠵᠢᠯᠯᠠᠭᠤᠯᠬᠤ ᠦᠢᠯᠡᠴᠢᠯᠡᠭᠡ ᠶᠢ ᠥᠷᠨᠢᠭᠦᠯᠵᠦ᠂ ᠨᠢᠭᠡ ᠡᠳᠦᠷ ᠤᠨ ᠠᠵᠢᠯᠯᠠᠬᠤ ᠴᠢᠳᠠᠪᠤᠷᠢ ᠶᠢ 1.5 ᠲᠦᠮᠡᠨ ᠮᠦ ᠠᠴᠠ ᠳᠡᠭᠡᠭᠰᠢ ᠳᠤ ᠬᠦᠷᠭᠡᠬᠦ ᠬᠡᠷᠡᠭᠲᠡᠢ ᠭᠡᠵᠦ ᠱᠠᠭᠠᠷᠳᠠᠪᠠ᠃ ᠮᠡᠷᠭᠡᠵᠢᠯ ᠤᠨ ᠢᠯᠡ ᠺᠠᠷᠲ ᠶᠣᠰᠣᠭᠠᠷ ᠠᠵᠢᠯᠯᠠᠭᠤᠯᠵᠤ᠂ ᠮᠦ ᠪᠦᠷᠢ ᠶᠢᠨ ᠬᠡᠷᠡᠭᠯᠡᠬᠦ ᠡᠮ ᠤᠨ ᠬᠡᠮᠵᠢᠶ᠎ᠡ ᠶᠢ ᠨᠢᠭᠡᠳᠬᠡᠨ᠂ ᠲᠣᠰᠬᠤᠨ ᠪᠦᠷᠢ ᠳᠤ ᠲᠣᠮᠣ ᠤᠰᠤᠨ ᠰᠠᠪᠠ ᠲᠣᠬᠢᠷᠠᠭᠤᠯᠵᠤ ᠲᠥᠪᠯᠡᠷᠡᠭᠦᠯᠦᠨ ᠡᠮ ᠰᠣᠯᠢᠵᠤ᠂ ᠭᠠᠴᠠᠭ᠎ᠠ ᠲᠣᠰᠬᠤᠨ  ᠠᠴᠠ ᠬᠢᠨᠠᠯᠲᠠ ᠲᠠᠯᠪᠢᠨ ᠬᠡᠷᠡᠭᠵᠢᠭᠦᠯᠵᠦ᠂ ᠡᠷᠳᠡᠨᠢ ᠰᠢᠰᠢ ᠰᠢᠷ᠎ᠠ ᠪᠤᠷᠴᠠᠭ ᠤᠨ ᠪᠣᠳᠠᠲᠠᠢ ᠬᠡᠷᠡᠭᠴᠡᠭᠡ ᠶᠢ ᠦᠨᠳᠦᠰᠦᠯᠡᠨ ᠰᠦᠷᠴᠢᠨ ᠣᠷᠣᠭᠤᠯᠬᠤ ᠡᠮ ᠤᠨ ᠨᠠᠶᠢᠷᠠᠯᠭ᠎ᠠ ᠶᠢ ᠲᠣᠭᠲᠠᠭᠠᠬᠤ ᠬᠡᠷᠡᠭᠲᠡᠢ᠃ ᠨᠢᠰᠬᠡᠯ ᠤᠨ ᠰᠡᠷᠭᠡᠶᠢᠯᠡᠯᠲᠡ ᠶᠢᠨ ᠠᠵᠢᠯ ᠢᠶᠠᠨ ᠲᠣᠭᠲᠠᠭᠰᠠᠨ ᠬᠤᠭᠤᠴᠠᠭᠠᠨ ᠳᠠᠭᠠᠨ ᠪᠡᠶᠡᠯᠡᠭᠦᠯᠬᠦ ᠬᠡᠷᠡᠭᠲᠡᠢ ᠃      ᠳᠥᠷᠪᠡ᠂ 2023 ᠣᠨ ᠤ ᠡᠷᠳᠡᠨᠢ ᠰᠢᠰᠢ ᠰᠢᠷ᠎ᠠ ᠪᠤᠷᠴᠠᠭ ᠤᠨ ︽ᠨᠢᠭᠡ ᠰᠦᠷᠴᠢᠯᠲᠡ ᠪᠠᠷ ᠣᠯᠠᠨ ᠠᠬᠢᠭᠤᠯᠬᠤ︾ ᠡᠮ ᠤᠨ ᠵᠦᠢᠯ ᠤᠨ ᠲᠣᠬᠢᠷᠠᠭᠤᠯᠤᠯᠲᠠ ᠶᠢᠨ ᠬᠠᠷᠢᠴᠠᠯ ᠵᠢᠴᠢ ᠬᠡᠷᠡᠭᠯᠡᠬᠦ ᠬᠡᠮᠵᠢᠶ᠎ᠡ ᠨᠢ ᠶᠠᠭᠤ ᠪᠣᠶ︖    ᠬᠠᠷᠢᠭᠤᠯᠲᠠ᠄ ᠡᠷᠳᠡᠨᠢ ᠰᠢᠰᠢ ᠳᠤ ᠹᠣᠰᠹᠣᠷ ᠬᠦᠴᠢᠯ ᠤᠨ ᠬᠤᠶᠠᠷ ᠤᠰᠤᠲᠥ᠋ᠷᠥᠭᠴᠢᠲᠤ ᠺᠠᠯᠢ 100g+ᠰᠢᠪᠲᠦᠷᠲᠦ ᠬᠦᠴᠢᠯ ᠤᠨ ᠤᠰᠤᠨ ᠳᠤ ᠠᠭᠤᠰᠤᠭᠰᠠᠨ ᠪᠣᠷᠳᠣᠭᠤᠷ ᠢ 70g ᠢᠶᠠᠷ ᠮᠦ ᠪᠦᠷᠢ ᠳᠤ ᠬᠡᠷᠡᠭᠯᠡᠨ᠎ᠡ᠃   ᠰᠢᠷ᠎ᠠ ᠪᠤᠷᠴᠠᠭ ᠲᠤ ᠹᠣᠰᠹᠣᠷ ᠬᠦᠴᠢᠯ ᠤᠨ ᠬᠤᠶᠠᠷ ᠤᠰᠤᠲᠥ᠋ᠷᠥᠭᠴᠢᠲᠤ ᠺᠠᠯᠢ 100g+ᠰᠢᠪᠲᠦᠷᠲᠦ ᠬᠦᠴᠢᠯ ᠤᠨ ᠤᠰᠤᠨ ᠳᠤ ᠠᠭᠤᠰᠬᠤ ᠪᠣᠷᠳᠣᠭᠤᠷ 65g+ᠥᠨᠳᠥᠷ ᠾᠯᠣᠷᠲᠤ ᠮᠧᠲ᠋ᠢᠯ ᠸᠢᠲ᠋ᠠᠮᠢᠨ ᠤ ᠳᠠᠪᠤᠰᠤ 10g ᠢ ᠮᠦ ᠪᠦᠷᠢ ᠳᠤ ᠬᠡᠷᠡᠭᠯᠡᠨ᠎ᠡ᠃
 
ᠢᠷᠡᠯᠲᠡ᠄ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号