︽2022 ᠣᠨ ᠤ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠬᠠᠮᠤᠭ ᠤᠨ ᠴᠢᠩᠭ᠎ᠠ ᠤᠰᠤᠨ ᠤ ᠡᠬᠢ ᠪᠠᠶᠠᠯᠢᠭ ᠤᠨ ᠬᠠᠮᠢᠶᠠᠷᠤᠯᠲᠠ ᠶᠢ ᠬᠢᠨᠠᠨ ᠰᠢᠯᠭᠠᠵᠤ ᠥᠪᠡᠷ ᠢ ᠪᠠᠨ ᠪᠠᠶᠢᠴᠠᠭᠠᠭᠰᠠᠨ ᠮᠡᠳᠡᠭᠦᠯᠦᠯᠲᠡ︾ ᠶᠢ ᠮᠡᠳᠡᠭᠦᠯᠦᠨ ᠬᠦᠷᠭᠡᠬᠦ ᠲᠤᠬᠠᠢ ᠮᠡᠳᠡᠭᠦᠯᠦᠯᠲᠡ
ᠨᠡᠶᠢᠲᠡᠯᠡᠭᠰᠡᠨ ᠴᠠᠭ᠄
2023/8/28
   ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠤᠨ ︽ᠥᠪᠡᠷᠲᠡᠭᠡᠨ ᠵᠠᠰᠠᠬᠤ ᠣᠷᠣᠨ ᠤ 2022 ᠣᠨ ᠤ ᠬᠠᠮᠤᠭ ᠤᠨ ᠴᠢᠩᠭ᠎ᠠ ᠤᠰᠤᠨ ᠤ ᠡᠬᠢ ᠪᠠᠶᠠᠯᠢᠭ ᠤᠨ ᠬᠠᠮᠢᠶᠠᠷᠤᠯᠲᠠ ᠶᠢᠨ ᠳᠦᠷᠢᠮ ᠢ ᠬᠡᠷᠡᠭᠵᠢᠭᠦᠯᠬᠦ ᠬᠢᠨᠠᠨ ᠰᠢᠯᠭᠠᠬᠤ ᠲᠥᠰᠥᠯ ᠢ ᠳᠠᠷᠤᠮᠠᠯᠯᠠᠨ ᠶᠠᠪᠤᠭᠤᠯᠬᠤ ᠲᠤᠬᠠᠢ ᠮᠡᠳᠡᠭᠳᠡᠯ︾ ᠪᠠ ᠬᠢᠩᠭᠠᠨ ᠠᠶᠢᠮᠠᠭ ᠤᠨ ᠤᠰᠤᠨ ᠠᠰᠢᠭᠯᠠᠯᠲᠠ ᠶᠢᠨ ᠲᠣᠪᠴᠢᠶ᠎ᠠ ᠶᠢᠨ ︽ᠬᠢᠩᠭᠠᠨ ᠠᠶᠢᠮᠠᠭ ᠤᠨ ᠬᠠᠮᠤᠭ ᠤᠨ ᠴᠢᠩᠭ᠎ᠠ ᠤᠰᠤᠨ ᠤ ᠡᠬᠢ ᠪᠠᠶᠠᠯᠢᠭ ᠤᠨ ᠬᠠᠮᠢᠶᠠᠷᠤᠯᠲᠠ ᠶᠢᠨ ᠳᠦᠷᠢᠮ ᠢ ᠬᠡᠷᠡᠭᠵᠢᠭᠦᠯᠬᠦ 2022 ᠣᠨ ᠤ ᠬᠢᠨᠠᠨ ᠰᠢᠯᠭᠠᠬᠤ ᠠᠵᠢᠯ ᠤᠨ ᠲᠥᠰᠥᠯ ᠢ ᠳᠠᠷᠤᠮᠠᠯᠯᠠᠨ ᠶᠠᠪᠤᠭᠤᠯᠬᠤ ᠲᠤᠬᠠᠢ ᠮᠡᠳᠡᠭᠳᠡᠯ︾ ᠤᠨ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠢ ᠦᠨᠳᠦᠰᠦᠯᠡᠨ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠨᠠᠮ ᠤᠨ ᠬᠤᠷᠢᠶ᠎ᠠ᠂ ᠬᠤᠰᠢᠭᠤᠨ ᠤ ᠵᠠᠰᠠᠭ ᠤᠨ ᠣᠷᠳᠣᠨ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠲᠤᠰᠬᠠᠢ ᠰᠡᠳᠦᠪᠲᠦ ᠬᠤᠷᠠᠯ ᠬᠤᠷᠠᠯᠳᠤᠭᠤᠯᠤᠨ ᠰᠤᠳᠤᠯᠬᠤ ᠶᠢᠨ ᠬᠠᠮᠲᠤ ᠲᠤᠰᠬᠠᠢ ᠬᠥᠮᠥᠨ ᠵᠣᠬᠢᠶᠠᠨ ᠪᠠᠶᠢᠭᠤᠯᠤᠨ ᠮᠠᠨ ᠤ ᠬᠤᠰᠢᠭᠤᠨ ᠤ 2022 ᠣᠨ ᠤ ᠤᠰᠤᠨ ᠤ ᠡᠬᠢ ᠪᠠᠶᠠᠯᠢᠭ ᠤᠨ ᠬᠠᠮᠢᠶᠠᠷᠤᠯᠲᠠ ᠶᠢᠨ ᠳᠦᠷᠢᠮ ᠢ ᠬᠠᠮᠤᠭ ᠤᠨ ᠴᠢᠩᠭ᠎ᠠ ᠬᠡᠷᠡᠭᠵᠢᠭᠦᠯᠬᠦ ᠠᠵᠢᠯ ᠳᠤ ᠨᠠᠷᠢᠨ ᠬᠢᠨᠠᠮᠠᠭᠠᠢ ᠥᠪᠡᠷ ᠤᠨ ᠪᠠᠶᠢᠴᠠᠭᠠᠯᠲᠠ ᠬᠢᠵᠡᠢ᠂ ᠣᠲᠣ ᠥᠪᠡᠷ ᠤᠨ ᠪᠠᠶᠢᠴᠠᠭᠠᠯᠲᠠ ᠶᠢᠨ ᠪᠠᠶᠢᠳᠠᠯ ᠢᠶᠠᠨ ᠳᠣᠣᠷᠠᠬᠢ ᠮᠡᠲᠦ ᠮᠡᠳᠡᠭᠦᠯᠦᠶ᠎ᠡ᠄    ᠨᠢᠭᠡ᠂ ᠪᠦᠭᠦ ᠬᠤᠰᠢᠭᠤᠨ ᠤ ᠲᠣᠶᠢᠮᠣᠴᠢᠯᠠᠯ    ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ ᠨᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠡᠭᠦᠨ ᠬᠤᠶᠢᠲᠤ ᠬᠡᠰᠡᠭ᠂ ᠶᠡᠭᠡ ᠬᠢᠩᠭᠠᠨ ᠳᠠᠪᠠᠭ᠎ᠠ ᠶᠢᠨ ᠡᠮᠦᠨ᠎ᠡ ᠬᠤᠷᠮᠣᠢ ᠳᠤ ᠪᠠᠶᠢᠷᠢᠯᠠᠵᠤ᠂ ᠬᠤᠶᠢᠲᠤ ᠬᠡᠰᠡᠭ ᠨᠢ ᠶᠡᠭᠡ ᠬᠢᠩᠭᠠᠨ ᠳᠠᠪᠠᠭ᠎ᠠ ᠶᠢᠨ ᠠᠭᠤᠯᠠᠷᠬᠠᠭ ᠭᠠᠵᠠᠷ ᠪᠠᠶᠢᠵᠤ᠂ ᠡᠮᠦᠨ᠎ᠡ ᠬᠡᠰᠡᠭ ᠨᠢ ᠭᠦᠶᠦᠬᠡᠨ ᠠᠭᠤᠯᠠ ᠳᠣᠪᠣᠷᠬᠠᠭ ᠪᠠᠶᠢᠵᠤ᠂ ᠵᠡᠭᠦᠨ ᠬᠡᠰᠡᠭ ᠨᠢ ᠨᠠᠮ ᠳᠥᠯᠭᠡᠨ᠂ ᠬᠢᠯᠢ ᠶᠢᠨ ᠳᠣᠲᠣᠷ᠎ᠠ ᠭᠤᠣᠯ ᠮᠥᠷᠡᠨ ᠨᠡᠯᠢᠶᠡᠳ ᠠᠷᠪᠢᠨ ᠪᠠᠶᠢᠵᠤ᠂ ᠨᠡᠯᠢᠶᠡᠳ ᠶᠡᠭᠡ ᠭᠤᠣᠯ ᠮᠥᠷᠡᠨ ᠭᠡᠪᠡᠯ  ᠲᠤᠤᠷ ᠤᠨ ᠭᠤᠣᠯ᠂  ᠭᠦᠢᠯᠡᠷ ᠭᠤᠣᠯ ᠵᠡᠷᠭᠡ ᠪᠣᠯᠣᠨ᠎ᠠ᠃ ᠪᠥᠬᠦ ᠬᠤᠰᠢᠭᠤᠨ ᠳᠤ 14 ᠰᠤᠮᠤ ᠰᠢᠶᠠᠩ ᠪᠠᠯᠭᠠᠰᠤ᠂ 1 ᠡᠭᠦᠯᠳᠡᠷ ᠤᠨ ᠮᠠᠯ ᠤᠨ ᠦᠷᠡᠵᠢᠯ ᠤᠨ ᠲᠥᠪ᠂ 4 ᠤᠯᠤᠰ ᠤᠨ ᠲᠠᠷᠢᠶᠠᠯᠠᠩ ᠮᠠᠯᠵᠢᠯ ᠤᠨ ᠲᠠᠯᠠᠪᠠᠶ᠂ 7 ᠤᠯᠤᠰ ᠤᠨ ᠣᠶ ᠰᠢᠭᠤᠢ ᠶᠢᠨ ᠲᠠᠯᠠᠪᠠᠶ᠂ 228 ᠭᠠᠴᠠᠭ᠎ᠠ ᠲᠣᠰᠬᠤᠨ ᠲᠠᠢ᠂ ᠶᠡᠷᠦᠩᠬᠡᠢ ᠲᠠᠯᠠᠪᠠᠶ ᠨᠢ 1.7 ᠲᠦᠮᠡᠨ ᠲᠡᠭᠰᠢ ᠳᠥᠷᠪᠡᠯᠵᠢᠨ ᠺᠢᠯᠣᠮᠧᠲᠷ ᠪᠠᠶᠢᠵᠤ᠂ ᠮᠣᠩᠭᠤᠯ᠂ ᠬᠢᠲᠠᠳ᠂ ᠮᠠᠨᠵᠤ᠂ ᠰᠣᠯᠣᠩᠭᠤᠰ ᠵᠡᠷᠭᠡ 13 ᠦᠨᠳᠦᠰᠦᠲᠡᠨ ᠲᠠᠢ᠂ ᠪᠥᠬᠦ ᠬᠥᠮᠥᠨ ᠠᠮᠠ ᠨᠢ 33.17 ᠲᠦᠮᠡᠨ ᠬᠥᠮᠥᠨ ᠪᠠᠶᠢᠨ᠎ᠠ᠃    2022 ᠣᠨ ᠳᠤ ᠪᠦᠭᠦ ᠬᠤᠰᠢᠭᠤᠨ ᠤ ᠪᠣᠳᠠᠲᠠᠢ ᠬᠡᠷᠡᠬᠯᠡᠭᠦ ᠤᠰᠤᠨ ᠤ ᠶᠡᠷᠦᠩᠬᠡᠢ ᠬᠡᠮᠵᠢᠶ᠎ᠡ᠂ ᠪᠦᠭᠦ ᠵᠢᠯ ᠤᠨ ᠲᠦᠮᠡᠨ ᠲᠥᠭᠦᠷᠢᠭ ᠤᠨ ᠤᠰᠤ ᠬᠡᠷᠡᠬᠯᠡᠭᠦ ᠬᠡᠮᠵᠢᠶ᠎ᠡ᠂ ᠲᠦᠮᠡᠨ ᠲᠥᠭᠦᠷᠢᠭ ᠤᠨ ᠨᠡᠮᠡᠭᠳᠡᠯ ᠦᠷᠲᠡᠭ ᠤᠨ ᠤᠰᠤ ᠬᠡᠷᠡᠬᠯᠡᠭᠦ ᠬᠡᠮᠵᠢᠶ᠎ᠡ ᠨᠢ ᠴᠥᠮ ᠬᠢᠨᠠᠨ ᠰᠢᠯᠭᠠᠬᠤ ᠱᠠᠭᠠᠷᠳᠠᠯᠭ᠎ᠠ ᠳᠤ ᠬᠦᠷᠦᠭᠰᠡᠨ ᠪᠠᠶᠢᠨ᠎ᠠ᠃ ᠪᠣᠳᠠᠲᠠᠢ ᠲᠠᠷᠢᠶᠠᠨ ᠭᠠᠵᠠᠷ ᠤᠨ ᠤᠰᠤᠯᠠᠯᠲᠠ ᠶᠢᠨ ᠤᠰᠤᠨ ᠤ ᠠᠰᠢᠭᠯᠠᠯᠲᠠ ᠶᠢᠨ ᠢᠯᠡᠳᠬᠡᠮᠵᠢ ᠨᠢ 0.556 ᠪᠣᠯᠣᠨ᠎ᠠ᠃ ᠣᠷᠣᠨ ᠪᠦᠰᠡ ᠶᠢᠨ ᠣᠯᠠᠨ ᠵᠢᠯ ᠤᠨ ᠳᠤᠮᠳᠠᠴᠢ ᠵᠢᠯ ᠤᠨ ᠲᠤᠨᠳᠠᠰᠤᠨ ᠤ ᠬᠡᠮᠵᠢᠶ᠎ᠡ ᠨᠢ 449.0 ᠮᠢᠯᠢᠮᠧᠲᠷ᠂ ᠬᠠᠮᠤᠭ ᠤᠨ ᠶᠡᠭᠡ ᠲᠤᠨᠳᠠᠰᠤᠨ ᠤ ᠬᠡᠮᠵᠢᠶ᠎ᠡ ᠨᠢ 823.9 ᠮᠢᠯᠢᠮᠧᠲᠷ᠂ ᠬᠠᠮᠤᠭ ᠤᠨ ᠪᠠᠭ᠎ᠠ ᠲᠤᠨᠳᠠᠰᠤᠨ ᠤ ᠬᠡᠮᠵᠢᠶ᠎ᠡ ᠨᠢ 156.4 ᠮᠢᠯᠢᠮᠧᠲᠷ ᠪᠠᠶᠢᠳᠠᠭ᠃ ᠤᠯᠡᠠ ᠵᠢᠯ ᠤᠨ ᠳᠤᠮᠳᠠᠴᠢ ᠠᠭᠤᠷᠰᠢᠯᠲᠠ ᠶᠢᠨ ᠬᠡᠮᠵᠢᠶ᠎ᠡ ᠨᠢ 1648.0 ᠮᠢᠯᠢᠮᠧᠲᠷ (ᠳ᠋ᠢᠶᠠᠮᠧᠲᠷ ᠨᠢ 20 ᠮᠢᠯᠢᠮᠧᠲᠷ ᠤᠨ ᠠᠭᠤᠷᠰᠢᠭᠤᠯᠬᠤ ᠰᠠᠪᠠ) ᠪᠣᠯᠣᠨ᠎ᠠ᠃    2022 ᠣᠨ ᠳᠤ ᠤᠰᠤ ᠬᠡᠷᠡᠭᠯᠡᠬᠦ ᠶᠡᠷᠦᠩᠬᠡᠢ ᠬᠡᠮᠵᠢᠶ᠎ᠡ ᠶᠢ ᠬᠢᠵᠠᠭᠠᠷᠯᠠᠬᠤ ᠭᠦᠢᠴᠡᠳᠬᠡᠯ ᠲᠤᠭ᠎ᠠ ᠶᠢ ᠨᠢᠭᠡᠨᠲᠡ ᠠᠮᠢᠳᠤᠷᠠᠯ᠂ ᠲᠠᠷᠢᠶᠠᠯᠠᠩ᠂ ᠠᠮᠢ ᠠᠬᠤᠢ ᠪᠠ ᠠᠵᠤ ᠦᠢᠯᠡᠳᠪᠦᠷᠢ ᠳᠤ ᠬᠡᠷᠡᠭᠯᠡᠬᠦ ᠤᠰᠤ ᠵᠡᠷᠭᠡ ᠳᠥᠷᠪᠡᠨ ᠲᠠᠯ᠎ᠠ ᠳᠤ ᠬᠤᠪᠢᠶᠠᠵᠤ᠂ ᠠᠵᠤ ᠦᠢᠯᠡᠳᠪᠦᠷᠢ ᠳᠤ ᠬᠡᠷᠡᠭᠯᠡᠬᠦ ᠤᠰᠤᠨ ᠤ ᠬᠤᠭᠤᠯᠠᠢ ᠶᠢ ᠬᠢᠵᠠᠭᠠᠷᠯᠠᠬᠤ ᠭᠦᠢᠴᠡᠳᠬᠡᠯ ᠲᠤᠭ᠎ᠠ ᠶᠢ ᠨᠢᠭᠡᠨᠲᠡ ᠤᠰᠤ ᠬᠡᠷᠡᠭᠯᠡᠬᠦ ᠡᠷᠦᠬᠡ ᠳᠤ ᠨᠠᠶᠢᠳᠠᠪᠤᠷᠢᠵᠢᠭᠤᠯᠪᠠ᠃ ᠲᠠᠷᠢᠶᠠᠯᠠᠩ ᠤᠨ ᠤᠰᠤᠯᠠᠯᠲᠠ ᠳᠤ ᠬᠡᠷᠡᠭᠯᠡᠬᠦ ᠤᠰᠤᠨ ᠤ ᠬᠤᠭᠤᠯᠠᠢ ᠶᠢᠨ ᠬᠢᠵᠠᠭᠠᠷᠯᠠᠬᠤ ᠲᠤᠭ᠎ᠠ ᠶᠢ ᠨᠢᠭᠡᠨᠲᠡ ᠤᠰᠤ ᠬᠡᠷᠡᠭᠯᠡᠬᠦ ᠬᠤᠷᠰᠢᠭᠰᠠᠨ ᠵᠣᠬᠢᠶᠠᠨ ᠪᠠᠶᠢᠭᠤᠯᠤᠯᠲᠠ ᠪᠤᠶᠤ ᠮᠠᠰᠢᠨ ᠴᠠᠬᠢᠯᠭᠠᠨ ᠤ ᠬᠤᠳᠳᠤᠭ ᠲᠤ ᠨᠠᠷᠢᠯᠢᠭᠵᠢᠭᠤᠯᠤᠨ ᠵᠠᠳᠠᠯᠵᠠᠢ᠃    ᠬᠤᠶᠠᠷ᠂ ᠭᠤᠣᠯᠳᠠᠯᠭ᠎ᠠ ᠲᠠᠢ ᠡᠭᠦᠷᠭᠡ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ    ︵ᠨᠢᠭᠡ︶ ᠤᠰᠤᠨ ᠤ ᠡᠬᠢ ᠪᠠᠶᠠᠯᠢᠭ ᠤᠨ ᠬᠠᠲᠠᠭᠤ ᠬᠢᠵᠠᠭᠠᠷᠯᠠᠯ ᠤᠨ ᠳᠦᠷᠢᠮ ︵ᠨᠡᠶᠢᠲᠡ 13.5 ᠬᠤᠪᠢ᠂ ᠥᠪᠡᠰᠦᠪᠡᠨ ᠲᠣᠭᠲᠠᠭᠠᠭᠰᠠᠨ ᠬᠤᠪᠢ 13.5 ᠬᠤᠪᠢ︶ 1. ᠤᠰᠤ ᠬᠡᠷᠡᠭᠯᠡᠬᠦ ᠶᠡᠷᠦᠩᠬᠡᠢ ᠬᠡᠮᠵᠢᠶ᠎ᠡ ᠶᠢ ᠨᠠᠷᠢᠯᠢᠭᠵᠢᠭᠤᠯᠤᠨ ᠵᠠᠳᠠᠯᠤᠨ᠎ᠠ ︵ᠨᠡᠶᠢᠲᠡ 3 ᠬᠤᠪᠢ᠂ ᠥᠪᠡᠷᠲᠡᠭᠡᠨ 3 ᠬᠤᠪᠢ ᠥᠭᠭᠦᠨ᠎ᠡ︶    ᠦᠰᠦᠭ ᠪᠢᠴᠢᠭ ᠤᠨ ᠲᠣᠳᠣᠷᠬᠠᠶᠢᠯᠠᠯᠲᠠ᠄ 6  ᠰᠠᠷ᠎ᠠ ᠶᠢᠨ ᠰᠡᠭᠦᠯᠴᠢ ᠠᠴᠠ ᠡᠮᠦᠨ᠎ᠡ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠬᠢᠨ ᠤᠰᠤ ᠬᠡᠷᠡᠬᠯᠡᠭᠦ ᠶᠡᠷᠦᠩᠬᠡᠢ ᠬᠡᠮᠵᠢᠶ᠎ᠡ ᠶᠢ ᠬᠢᠵᠠᠭᠠᠷᠯᠠᠬᠤ ᠬᠠᠷᠠᠯᠲᠠ ᠪᠠᠨ ᠠᠮᠢᠳᠤᠷᠠᠯ᠂ ᠲᠠᠷᠢᠶᠠᠯᠠᠩ᠂ ᠠᠵᠤ ᠦᠢᠯᠡᠳᠪᠦᠷᠢ ᠪᠠ ᠠᠮᠢ ᠠᠬᠤᠢ ᠶᠢᠨ ᠣᠷᠴᠢᠨ ᠲᠣᠭᠤᠷᠢᠨ ᠵᠡᠷᠭᠡ ᠠᠵᠢᠯ ᠳᠦᠷᠦᠯ ᠳᠤ ᠬᠤᠪᠢᠶᠠᠨ ᠥᠭᠴᠦ᠂ ᠳᠡᠭᠡᠷ᠎ᠡ ᠨᠢᠭᠡ ᠱᠠᠲᠤᠨ ᠤ ᠤᠰᠤᠨ ᠤ ᠶᠠᠪᠤᠳᠠᠯ ᠤᠨ ᠵᠠᠰᠠᠭ ᠵᠠᠬᠢᠷᠭᠠᠨ ᠤ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠲᠤ ᠮᠡᠳᠡᠭᠦᠯᠦᠨ᠎ᠡ᠃    ᠲᠤᠯᠭᠠᠭᠤᠷᠢᠯᠠᠬᠤ ᠮᠠᠲ᠋ᠧᠷᠢᠶᠠᠯ᠄ ︽ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠤᠰᠤᠨ ᠠᠰᠢᠭᠯᠠᠯᠲᠠ ᠶᠢᠨ ᠲᠣᠪᠴᠢᠶ᠎ᠠ ᠶᠢᠨ ᠤᠰᠤ ᠬᠡᠷᠡᠭᠯᠡᠬᠦ ᠶᠡᠷᠦᠩᠬᠡᠢ ᠬᠡᠮᠵᠢᠶ᠎ᠡ ᠶᠢ ᠬᠢᠵᠠᠭᠠᠷᠯᠠᠬᠤ ᠭᠦᠢᠴᠡᠳᠬᠡᠯ ᠲᠤᠭ᠎ᠠ ᠶᠢ ᠨᠠᠷᠢᠯᠢᠭᠵᠢᠭᠤᠯᠤᠨ ᠵᠠᠳᠠᠯᠤᠭᠰᠠᠨ ᠪᠠᠶᠢᠳᠠᠯ︾ ᠤᠨ ᠲᠤᠬᠠᠢ ᠮᠡᠳᠡᠭᠦᠯᠦᠯᠲᠡ︔ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠤᠰᠤᠨ ᠠᠰᠢᠭᠯᠠᠯᠲᠠ ᠶᠢᠨ ᠲᠣᠪᠴᠢᠶ᠎ᠠ ᠶᠢᠨ ︽2025 ᠣᠨ ᠤ ᠭᠠᠵᠠᠷ ᠳᠣᠣᠷᠠᠬᠢ ᠤᠰᠤᠨ ᠤ ᠬᠠᠮᠢᠶᠠᠷᠤᠯᠲᠠ ᠶᠢᠨ ᠨᠢᠭᠡᠴᠡ ᠶᠢᠨ ᠬᠡᠷᠡᠭᠯᠡᠬᠦ ᠤᠰᠤᠨ ᠤ ᠶᠡᠷᠦᠩᠬᠡᠢ ᠬᠡᠮᠵᠢᠶ᠎ᠡ ᠶᠢ ᠬᠠᠮᠢᠶᠠᠷᠤᠨ ᠡᠵᠡᠮᠳᠡᠬᠦ ᠭᠦᠢᠴᠡᠳᠬᠡᠯ ᠲᠤᠭ᠎ᠠ ᠶᠢ ᠱᠠᠲᠤ ᠳᠠᠷᠠᠭᠠᠯᠠᠨ ᠬᠤᠪᠢᠶᠠᠨ ᠰᠢᠶᠠᠩ ᠪᠠᠯᠭᠠᠰᠤ ᠰᠤᠮᠤ ᠳᠤ ᠬᠦᠷᠲᠡᠯ᠎ᠡ ᠨᠠᠶᠢᠳᠠᠪᠤᠷᠢᠵᠢᠭᠤᠯᠬᠤ ᠲᠥᠯᠥᠪᠯᠡᠭᠡ︾ ᠶᠢᠨ ᠲᠤᠬᠠᠢ ᠮᠡᠳᠡᠭᠳᠡᠯ᠃    2. ᠤᠰᠤᠨ ᠤ ᠡᠬᠢ ᠪᠠᠶᠠᠯᠢᠭ ᠤᠨ ᠲᠣᠬᠢᠷᠠᠭᠤᠯᠤᠯᠲᠠ ︵ᠨᠡᠶᠢᠲᠡ 1 ᠬᠤᠪᠢ᠂ ᠥᠪᠡᠰᠦᠪᠡᠨ ᠬᠤᠪᠢ ᠣᠯᠭᠤᠬᠤ 1 ᠬᠤᠪᠢ︶    ᠦᠰᠦᠭ ᠪᠢᠴᠢᠭ ᠤᠨ ᠲᠣᠳᠣᠷᠬᠠᠶᠢᠯᠠᠯᠲᠠ᠄ 2022 ᠣᠨ ᠳᠤ᠂ ᠰᠤᠩᠭᠠᠷᠢ ᠮᠥᠷᠡᠨ ᠯᠢᠶᠣᠤᠾᠧ ᠭᠤᠣᠯ ᠤᠨ ᠨᠠᠮ ᠤᠨ ᠬᠤᠷᠢᠶ᠎ᠠ ᠶᠢᠨ ᠴᠠᠷᠠᠰᠤᠨ ᠤᠰᠤᠨ ᠴᠥᠭᠦᠷᠥᠮ ᠤᠨ ᠬᠠᠮᠢᠶᠠᠷᠤᠯᠲᠠ ᠶᠢᠨ ᠲᠣᠪᠴᠢᠶ᠎ᠠ ᠠᠴᠠ 7 ᠤᠳᠠᠭ᠎ᠠ  ᠴᠠᠷᠠᠰᠤᠨ ᠲᠣᠪᠴᠢᠶ᠎ᠠ ᠶᠢᠨ ᠲᠣᠬᠢᠷᠠᠭᠤᠯᠬᠤ ᠵᠠᠷᠯᠢᠭ ᠪᠠᠭᠤᠯᠭᠠᠵᠠᠢ᠂ ᠡᠨᠡ ᠨᠢ ᠮᠠᠨ ᠤ ᠠᠶᠢᠮᠠᠭ ᠤᠨ ᠴᠠᠷᠠᠰᠤᠨ  ᠤ ᠳᠣᠣᠷᠠᠳᠤ ᠤᠷᠤᠰᠬᠠᠯ ᠤᠨ ᠤᠰᠤᠯᠠᠯᠲᠠ ᠶᠢᠨ ᠣᠷᠣᠨ ᠤ ᠰᠠᠶᠢᠨ ᠲᠠᠷᠢᠶᠠᠨ ᠤ ᠤᠰᠤᠯᠠᠯᠲᠠ ᠶᠢᠨ ᠣᠷᠣᠨ ᠳᠤ ᠬᠤᠯᠪᠣᠭᠳᠠᠵᠠᠢ᠂ ᠳᠤᠰ ᠤᠰᠤᠯᠠᠯᠲᠠ ᠶᠢᠨ ᠣᠷᠣᠨ ᠨᠢ ᠲᠣᠬᠢᠷᠠᠭᠤᠯᠬᠤ ᠵᠠᠷᠯᠢᠭ ᠢ ᠴᠢᠩᠭ᠎ᠠ ᠵᠢᠷᠤᠮᠯᠠᠨ ᠬᠡᠷᠡᠭᠵᠢᠭᠦᠯᠵᠦ ᠂ ᠣᠨ ᠤ ᠤᠰᠤᠨ ᠤ ᠬᠡᠮᠵᠢᠶ᠎ᠡ ᠶᠢ ᠲᠣᠬᠢᠷᠠᠭᠤᠯᠬᠤ ᠡᠭᠦᠷᠭᠡ ᠪᠠᠨ ᠪᠡᠶᠡᠯᠡᠭᠦᠯᠵᠡᠢ᠃    ᠲᠤᠯᠭᠠᠭᠤᠷᠢᠯᠠᠬᠤ ᠮᠠᠲ᠋ᠧᠷᠢᠶᠠᠯ᠄ ︽  ᠴᠠᠷᠠᠰᠤᠨ ᠲᠣᠪᠴᠢᠶ᠎ᠠ ᠶᠢᠨ ᠲᠣᠬᠢᠷᠠᠭᠤᠯᠬᠤ ᠵᠠᠷᠯᠢᠭ︾   3. ᠤᠰᠤ ᠲᠠᠲᠠᠵᠤ ᠬᠡᠷᠡᠭᠯᠡᠬᠦ ᠶᠢ ᠬᠢᠨᠠᠨ ᠬᠠᠮᠢᠶᠠᠷᠤᠨ᠎ᠠ ︵ᠨᠡᠶᠢᠲᠡ 5 ᠬᠤᠪᠢ᠂ ᠥᠪᠡᠷᠲᠡᠭᠡᠨ 5 ᠬᠤᠪᠢ ᠲᠣᠭᠲᠠᠭᠠᠨ᠎ᠠ︶    ᠦᠰᠦᠭ ᠪᠢᠴᠢᠭ ᠤᠨ ᠲᠣᠳᠣᠷᠬᠠᠶᠢᠯᠠᠯᠲᠠ᠄ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ ᠲᠤᠰ ᠣᠷᠣᠨ ᠪᠦᠰᠡ ᠶᠢᠨ ᠣᠨ ᠤ ᠤᠰᠤ ᠬᠡᠷᠡᠭᠯᠡᠬᠦ ᠶᠡᠷᠦᠩᠬᠡᠢ ᠬᠡᠮᠵᠢᠶ᠎ᠡ ᠪᠠ ᠭᠠᠵᠠᠷ ᠳᠣᠣᠷᠠᠬᠢ ᠤᠰᠤᠨ ᠤ ᠬᠠᠮᠢᠶᠠᠷᠤᠯᠲᠠ ᠶᠢᠨ ᠨᠢᠭᠡᠴᠢ ᠶᠢᠨ ᠭᠠᠵᠠᠷ ᠳᠣᠣᠷᠠᠬᠢ ᠤᠰᠤᠨ ᠤ ᠶᠡᠷᠦᠩᠬᠡᠢ ᠬᠡᠮᠵᠢᠶ᠎ᠡ ᠶᠢ ᠡᠵᠡᠮᠳᠡᠬᠦ ᠬᠠᠷᠠᠯᠲᠠ᠂ ᠤᠰᠤ ᠬᠡᠷᠡᠭᠰᠡᠬᠦ ᠪᠠᠶᠢᠳᠠᠯ ᠪᠠ ᠤᠰᠤ ᠬᠡᠷᠡᠭᠯᠡᠬᠦ ᠪᠦᠲᠦᠴᠡ ᠪᠠᠨ ᠦᠨᠳᠦᠰᠦᠯᠡᠵᠦ᠂ ᠤᠰᠤᠨ ᠤ ᠡᠬᠢ ᠰᠤᠷᠪᠤᠯᠵᠢ ᠬᠤᠪᠢᠶᠠᠨ ᠣᠨ ᠤ ᠤᠰᠤ ᠲᠠᠲᠠᠬᠤ ᠲᠥᠯᠥᠪᠯᠡᠭᠡ ᠪᠠᠨ ᠲᠣᠭᠲᠠᠭᠠᠬᠤ ᠶᠢᠨ ᠬᠠᠮᠲᠤ 6 ᠰᠠᠷ᠎ᠠ ᠶᠢᠨ ᠰᠡᠭᠦᠯᠴᠢ ᠠᠴᠠ ᠡᠮᠦᠨ᠎ᠡ ᠳᠡᠭᠡᠷ᠎ᠡ ᠨᠢᠭᠡ ᠱᠠᠲᠤᠨ ᠤ ᠤᠰᠤᠨ ᠤ ᠵᠠᠰᠠᠭ ᠵᠠᠬᠢᠷᠭᠠᠨ ᠤ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠲᠤ ᠮᠡᠳᠡᠭᠦᠯᠦᠨ᠎ᠡ ᠃᡽ᠤᠰᠤ ᠲᠠᠲᠠᠵᠤ ᠬᠡᠷᠡᠭᠯᠡᠬᠦ ᠶᠢ ᠲᠤᠰᠬᠠᠶᠢᠯᠠᠨ ᠴᠡᠭᠴᠡᠯᠡᠨ ᠵᠠᠰᠠᠬᠤ ᠠᠵᠢᠯᠯᠠᠭ᠎ᠠ ᠶᠢᠨ ᠡᠯ᠎ᠡ ᠱᠠᠲᠤ ᠦᠶ᠎ᠡ ᠶᠢᠨ ᠡᠭᠦᠷᠭᠡ ᠬᠠᠷᠠᠯᠲᠠ ᠶᠢ ᠴᠡᠭᠴᠡᠯᠡᠨ ᠰᠠᠶᠢᠵᠢᠷᠠᠭᠤᠯᠵᠤ ᠳᠡᠭᠡᠭᠰᠢᠯᠡᠭᠦᠯᠬᠦ ᠶᠢ ᠪᠡᠶᠡᠯᠡᠭᠦᠯᠦᠨ᠎ᠡ︔ ᠡᠯ᠎ᠡ ᠱᠠᠲᠤᠨ ᠤ ᠬᠢᠨᠠᠯᠲᠠ ᠲᠠᠯᠪᠢᠵᠤ ᠪᠠᠶᠢᠴᠠᠭᠠᠬᠤ ᠪᠤᠶᠤ ᠰᠢᠮᠳᠠᠭᠤᠯᠤᠨ ᠪᠠᠶᠢᠴᠠᠭᠠᠬᠤ᠂ ᠲᠣᠭᠤᠷᠢᠨ ᠪᠠᠶᠢᠴᠠᠭᠠᠬᠤ᠂ ᠬᠢᠨᠠᠨ ᠪᠤᠳᠤᠬᠤ᠂ ᠵᠠᠭᠤᠴᠢᠯᠠᠭᠤᠷ ᠵᠡᠷᠭᠡ ᠠᠴᠠ ᠢᠯᠡᠷᠡᠭᠦᠯᠦᠭᠰᠡᠨ ᠤᠰᠤᠨ ᠤ ᠡᠬᠢ ᠪᠠᠶᠠᠯᠢᠭ ᠤᠨ ᠬᠢᠨᠠᠯᠲᠠ ᠬᠠᠮᠢᠶᠠᠷᠤᠯᠲᠠ ᠶᠢᠨ ᠲᠠᠯ᠎ᠠ ᠶᠢᠨ ᠠᠰᠠᠭᠤᠳᠠᠯ ᠢ ᠲᠣᠭᠲᠠᠭᠠᠭᠰᠠᠨ ᠪᠠᠷᠢᠮᠵᠢᠶ᠎ᠠ ᠪᠠ ᠴᠠᠭ ᠤᠨ ᠬᠢᠵᠠᠭᠠᠷ ᠤᠨ ᠱᠠᠭᠠᠷᠳᠠᠯᠭ᠎ᠠ ᠶᠣᠰᠣᠭᠠᠷ ᠴᠡᠭᠴᠡᠯᠡᠨ ᠰᠠᠶᠢᠵᠢᠷᠠᠭᠤᠯᠬᠤ ᠶᠢ ᠪᠡᠶᠡᠯᠡᠭᠦᠯᠦᠨ᠎ᠡ︔ ᠦᠨᠡᠮᠯᠡᠯ ᠦᠭᠡᠢ ᠪᠠᠷ ᠤᠰᠤ ᠲᠠᠲᠠᠬᠤ ᠶᠠᠪᠤᠳᠠᠯ ᠣᠷᠣᠰᠢᠬᠤ ᠦᠭᠡᠢ ᠪᠣᠯ ᠴᠥᠮ ᠴᠣᠬᠤᠯᠠᠪᠤᠷᠢ ᠶᠢᠨ ᠱᠠᠭᠠᠷᠳᠠᠯᠭ᠎ᠠ ᠶᠣᠰᠣᠭᠠᠷ ᠤᠰᠤ ᠲᠠᠲᠠᠵᠤ᠂ ᠤᠰᠤ ᠲᠠᠲᠠᠬᠤ ᠬᠡᠮᠵᠢᠯᠲᠡ ᠶᠢᠨ ᠪᠡᠯᠡᠳᠬᠡᠮᠵᠢ ᠶᠢ ᠴᠥᠮ ᠲᠣᠭᠲᠠᠭᠠᠯ ᠶᠣᠰᠣᠭᠠᠷ ᠤᠭᠰᠠᠷᠠᠬᠤ ᠶᠢᠨ ᠬᠠᠮᠲᠤ ᠬᠡᠪ ᠤᠨ ᠶᠣᠰᠣᠭᠠᠷ ᠠᠵᠢᠯᠯᠠᠭᠤᠯᠵᠤ᠂ ᠴᠥᠮ ᠲᠣᠭᠲᠠᠭᠠᠯ ᠶᠣᠰᠣᠭᠠᠷ ᠤᠰᠤ ᠲᠠᠲᠠᠬᠤ ᠬᠡᠮᠵᠢᠯᠲᠡ ᠶᠢᠨ ᠡᠬᠡ ᠲᠠᠩᠰᠠ ᠶᠢ ᠪᠠᠶᠢᠭᠤᠯᠬᠤ ᠬᠡᠷᠡᠭᠲᠡᠢ᠃    ᠲᠤᠯᠭᠠᠭᠤᠷᠢᠯᠠᠬᠤ ᠮᠠᠲ᠋ᠧᠷᠢᠶᠠᠯ᠄ ︽ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠤᠰᠤᠨ ᠠᠰᠢᠭᠯᠠᠯᠲᠠ ᠶᠢᠨ ᠲᠣᠪᠴᠢᠶ᠎ᠠ ᠶᠢᠨ ᠤᠰᠤ ᠬᠡᠷᠡᠭᠯᠡᠬᠦ ᠶᠡᠷᠦᠩᠬᠡᠢ ᠬᠡᠮᠵᠢᠶ᠎ᠡ ᠶᠢ ᠡᠵᠡᠮᠳᠡᠬᠦ ᠭᠦᠢᠴᠡᠳᠬᠡᠯ ᠲᠤᠭ᠎ᠠ ᠶᠢ ᠨᠠᠷᠢᠯᠢᠭᠵᠢᠭᠤᠯᠤᠨ ᠵᠠᠳᠠᠯᠤᠭᠰᠠᠨ ᠪᠠᠶᠢᠳᠠᠯ︾ ᠤᠨ ᠲᠤᠬᠠᠢ ᠮᠡᠳᠡᠭᠦᠯᠦᠯᠲᠡ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠤᠰᠤᠨ ᠠᠰᠢᠭᠯᠠᠯᠲᠠ ᠶᠢᠨ ᠲᠣᠪᠴᠢᠶ᠎ᠠ ᠶᠢᠨ ︽2025 ᠣᠨ ᠤ ᠭᠠᠵᠠᠷ ᠳᠣᠣᠷᠠᠬᠢ ᠤᠰᠤᠨ ᠤ ᠬᠠᠮᠢᠶᠠᠷᠤᠯᠲᠠ ᠶᠢᠨ ᠨᠢᠭᠡᠴᠡ ᠶᠢᠨ ᠤᠰᠤ ᠬᠡᠷᠡᠭᠯᠡᠬᠦ ᠶᠡᠷᠦᠩᠬᠡᠢ ᠬᠡᠮᠵᠢᠶ᠎ᠡ ᠶᠢ ᠬᠠᠮᠢᠶᠠᠷᠤᠨ ᠡᠵᠡᠮᠳᠡᠬᠦ ᠭᠦᠢᠴᠡᠳᠬᠡᠯ ᠲᠤᠭ᠎ᠠ ᠶᠢ ᠱᠠᠲᠤ ᠳᠠᠷᠠᠭᠠᠯᠠᠨ ᠰᠢᠶᠠᠩ ᠪᠠᠯᠭᠠᠰᠤ ᠰᠤᠮᠤ ᠳᠤ ᠬᠦᠷᠲᠡᠯ᠎ᠡ ᠵᠠᠳᠠᠯᠤᠨ ᠨᠠᠶᠢᠳᠠᠪᠤᠷᠢᠵᠢᠭᠤᠯᠬᠤ ᠲᠤᠬᠠᠢ ᠲᠥᠯᠥᠪᠯᠡᠭᠡ︾ ᠶᠢᠨ ᠮᠡᠳᠡᠭᠳᠡᠯ᠂ ︽ᠪᠥᠬᠦ ᠤᠯᠤᠰ ᠤᠨ ᠤᠰᠤ ᠲᠠᠲᠠᠵᠤ ᠬᠡᠷᠡᠭᠯᠡᠬᠦ ᠬᠠᠮᠢᠶᠠᠷᠤᠯᠲᠠ ᠶᠢᠨ ᠲᠤᠰᠬᠠᠢ ᠴᠡᠭᠴᠡᠯᠡᠨ ᠵᠠᠰᠠᠬᠤ ᠮᠡᠳᠡᠭᠡ ᠵᠠᠩᠭᠢ ᠶᠢᠨ ᠰᠢᠰᠲ᠋ᠧᠮ ᠤᠨ ᠲᠠᠪᠴᠠᠩ︾︔ ︽ᠬᠢᠩᠭᠠᠨ ᠠᠶᠢᠮᠠᠭ ᠤᠨ ᠤᠰᠤᠨ ᠤ ᠡᠬᠢ ᠪᠠᠶᠠᠯᠢᠭ ᠤᠨ ᠬᠠᠮᠢᠶᠠᠷᠤᠯᠲᠠ ᠶᠢᠨ ᠲᠠᠪᠴᠠᠩ︾ ︽ᠤᠰᠤᠨ ᠤ ᠡᠬᠢ ᠪᠠᠶᠠᠯᠢᠭ ᠤᠨ ᠤᠷᠤᠰᠬᠠᠯ ᠤᠨ ᠬᠡᠮᠵᠢᠶ᠎ᠡ ᠶᠢ ᠬᠢᠨᠠᠨ ᠬᠡᠮᠵᠢᠬᠦ ᠰᠢᠰᠲ᠋ᠧᠮ︾ ︽ᠤᠰᠤ ᠬᠡᠷᠡᠭᠯᠡᠬᠦ ᠲᠤᠭ᠎ᠠ ᠪᠦᠷᠢᠳᠬᠡᠯ ᠤᠨ ᠪᠠᠶᠢᠴᠠᠭᠠᠯᠲᠠ ᠶᠢᠨ ᠰᠢᠭᠤᠳ ᠮᠡᠳᠡᠭᠦᠯᠬᠦ ᠰᠢᠰᠲ᠋ᠧᠮ︾᠃    4. ᠲᠠᠷᠢᠶᠠᠯᠠᠩ ᠤᠨ ᠤᠰᠤᠨ ᠤ ᠦᠨ᠎ᠡ  ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ︵ᠨᠡᠶᠢᠲᠡ 2.5 ᠬᠤᠪᠢ᠂ ᠥᠪᠡᠷ ᠤᠨ ᠬᠤᠪᠢ 2.5 ᠬᠤᠪᠢ︶    ᠦᠰᠦᠭ ᠪᠢᠴᠢᠭ ᠤᠨ ᠲᠣᠳᠣᠷᠬᠠᠶᠢᠯᠠᠯᠲᠠ᠄ ᠲᠠᠷᠢᠶᠠᠯᠠᠩ ᠤᠨ ᠤᠰᠤ ᠬᠠᠩᠭᠠᠬᠤ ᠬᠡᠮᠵᠢᠯᠲᠡ ᠶᠢᠨ ᠲᠥᠬᠦᠭᠡᠷᠦᠮᠵᠢ ᠶᠢ ᠢᠵᠢ ᠪᠦᠷᠢᠳᠦᠭᠦᠯᠦᠨ ᠲᠡᠭᠦᠯᠳᠡᠷᠵᠢᠭᠦᠯᠦᠨ᠎ᠡ︔ ᠲᠥᠪ ᠤᠨ ᠡᠳ᠋ ᠤᠨ ᠵᠠᠰᠠᠭ ᠤᠨ ᠤᠰᠤᠨ ᠠᠰᠢᠭᠯᠠᠯᠲᠠ ᠶᠢᠨ ᠬᠥᠭᠵᠢᠯᠲᠡ ᠶᠢᠨ ᠪᠡᠯᠡ ᠮᠥᠩᠭᠦ ᠶᠢ ᠲᠠᠷᠢᠶᠠᠯᠠᠩ ᠤᠨ ᠤᠰᠤᠨ ᠤ ᠦᠨ᠎ᠡ ᠶᠢᠨ ᠶᠡᠷᠦᠩᠬᠡᠶᠢᠯᠡᠭᠰᠡᠨ ᠦᠭᠡᠷᠡᠴᠢᠯᠡᠯᠲᠡ᠃    ᠲᠤᠯᠭᠠᠭᠤᠷᠢᠯᠠᠬᠤ ᠮᠠᠲ᠋ᠧᠷᠢᠶᠠᠯ᠄ 2022 ᠣᠨ ᠤ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠲᠠᠷᠢᠶᠠᠯᠠᠩ ᠤᠨ ᠤᠰᠤᠨ ᠤ ᠦᠨ᠎ᠡ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ ᠤᠰᠤᠯᠠᠯᠲᠠ ᠶᠢᠨ ᠣᠷᠣᠨ ᠤ ᠵᠠᠩᠭᠢᠯᠠᠭ᠎ᠠ ᠶᠢᠨ ᠮᠡᠳᠡᠭᠡ ᠵᠠᠩᠭᠢᠵᠢᠯᠲᠠ ᠶᠢᠨ ᠥᠭᠡᠷᠡᠴᠢᠯᠡᠯᠲᠡ ᠶᠢ ᠳᠡᠭᠡᠭᠰᠢᠯᠡᠭᠦᠯᠬᠦ ᠲᠥᠷᠥᠯ ᠵᠦᠢᠯ ᠤᠨ ᠪᠠᠷᠢᠯᠭ᠎ᠠ ᠳᠠᠭᠤᠰᠤᠭᠰᠠᠨ ᠢ ᠰᠢᠯᠭᠠᠨ ᠠᠪᠤᠭᠰᠠᠨ ᠪᠢᠴᠢᠭ᠃    5. ᠬᠢᠨᠠᠨ ᠬᠡᠮᠵᠢᠬᠦ ᠪᠠ ᠪᠦᠷᠢᠳᠬᠡᠬᠦ ︵ᠨᠡᠶᠢᠲᠡ 2 ᠬᠤᠪᠢ᠂ ᠥᠪᠡᠰᠦᠪᠡᠨ ᠬᠤᠪᠢ ᠣᠯᠭᠤᠬᠤ 2 ᠬᠤᠪᠢ︶    ᠦᠰᠦᠭ ᠪᠢᠴᠢᠭ ᠤᠨ ᠲᠣᠳᠣᠷᠬᠠᠶᠢᠯᠠᠯᠲᠠ᠄ ᠮᠠᠨ ᠤ ᠬᠤᠰᠢᠭᠤ ᠣᠨ ᠤ ᠤᠰᠤ ᠲᠠᠲᠠᠬᠤ ᠶᠢ ᠬᠢᠨᠠᠨ ᠬᠡᠮᠵᠢᠵᠦ ᠬᠡᠮᠵᠢᠬᠦ ᠰᠢᠰᠲ᠋ᠧᠮ ᠤᠨ ᠪᠠᠶᠢᠭᠤᠯᠤᠯᠲᠠ ᠶᠢᠨ ᠡᠭᠦᠷᠭᠡ ᠪᠠᠨ ᠨᠢᠭᠡᠨᠲᠡ ᠪᠡᠶᠡᠯᠡᠭᠦᠯᠪᠡ︔ ᠤᠰᠤᠨ ᠰᠤᠷᠪᠤᠯᠵᠢ ᠶᠢᠨ ᠭᠠᠵᠠᠷ ᠤᠨ ᠬᠢᠨᠠᠨ ᠡᠵᠡᠮᠳᠡᠬᠦ ᠲᠤᠭ᠎ᠠ ᠪᠠᠷᠢᠮᠲᠠ ᠶᠢᠨ ᠮᠡᠳᠡᠭᠡ ᠵᠠᠩᠭᠢ ᠶᠢ ᠴᠠᠭ ᠲᠤᠬᠠᠢ ᠳᠤᠨᠢ ᠣᠨᠣᠪᠴᠢᠲᠠᠶ ᠮᠡᠳᠡᠭᠦᠯᠬᠦ ᠬᠡᠷᠡᠭᠲᠡᠢ︔ ᠮᠠᠨ ᠤ ᠬᠤᠰᠢᠭᠤ ︽ᠤᠰᠤ ᠬᠡᠷᠡᠭᠯᠡᠬᠦ ᠪᠦᠷᠢᠳᠬᠡᠯ ᠤᠨ ᠪᠠᠶᠢᠴᠠᠭᠠᠯᠲᠠ ᠶᠢᠨ ᠳᠦᠷᠢᠮ︾ ᠢ ᠴᠢᠩᠭ᠎ᠠ ᠨᠠᠶᠢᠳᠠᠪᠤᠷᠢᠵᠢᠭᠤᠯᠵᠤ᠂ ᠤᠰᠤ ᠲᠠᠲᠠᠬᠤ ᠡᠷᠦᠬᠡ ᠶᠢ ᠪᠦᠬᠦᠨ ᠢ ᠤᠰᠤ ᠬᠡᠷᠡᠭᠯᠡᠬᠦ ᠪᠦᠷᠢᠳᠬᠡᠯ ᠤᠨ ᠰᠢᠭᠤᠳ ᠮᠡᠳᠡᠭᠦᠯᠬᠦ ᠰᠢᠰᠲ᠋ᠧᠮ ᠳᠤ ᠣᠷᠣᠭᠤᠯᠵᠤ᠂ ᠤᠯᠠᠷᠢᠯ ᠤᠨ ᠮᠡᠳᠡᠭᠦᠯᠦᠯᠲᠡ᠂ ᠣᠨ ᠤ ᠮᠡᠳᠡᠭᠦᠯᠦᠯᠲᠡ ᠶᠢ ᠴᠠᠭ ᠲᠤᠬᠠᠢ  ᠳᠤᠨᠢ ᠳᠡᠭᠡᠭᠰᠢ ᠮᠡᠳᠡᠭᠦᠯᠵᠦ᠂ ᠤᠰᠤ ᠬᠡᠷᠡᠭᠯᠡᠬᠦ ᠡᠷᠦᠬᠡ ᠶᠢᠨ ᠳᠡᠭᠡᠭᠰᠢ ᠮᠡᠳᠡᠭᠦᠯᠦᠭᠰᠡᠨ ᠲᠤᠭ᠎ᠠ ᠪᠠᠷᠢᠮᠲᠠ ᠶᠢ ᠨᠠᠷᠢᠨ ᠬᠢᠨᠠᠮᠠᠭᠠᠢ ᠬᠢᠨᠠᠨ ᠬᠠᠷᠭᠤᠭᠤᠯᠵᠤ᠂ ᠲᠤᠭ᠎ᠠ ᠪᠠᠷᠢᠮᠲᠠ ᠶᠢ ᠬᠢᠨᠠᠨ ᠬᠠᠷᠭᠤᠭᠤᠯᠤᠭᠰᠠᠨ ᠣᠨᠣᠪᠴᠢ ᠶᠢᠨ ᠨᠣᠷᠮ᠎ᠠ ᠶᠢ 100% ᠳᠤ ᠬᠦᠷᠦᠭᠦᠯᠦᠨ᠎ᠡ᠃    ᠲᠤᠯᠭᠠᠭᠤᠷᠢᠯᠠᠬᠤ ᠮᠠᠲ᠋ᠧᠷᠢᠶᠠᠯ᠄ ︽ᠬᠢᠩᠭᠠᠨ ᠠᠶᠢᠮᠠᠭ ᠤᠨ ᠤᠰᠤᠨ ᠤ ᠡᠬᠢ ᠪᠠᠶᠠᠯᠢᠭ ᠤᠨ ᠬᠠᠮᠢᠶᠠᠷᠤᠯᠲᠠ ᠶᠢᠨ ᠲᠠᠪᠴᠠᠩ︾ ︽ᠤᠰᠤᠨ ᠤ ᠡᠬᠢ ᠪᠠᠶᠠᠯᠢᠭ ᠤᠨ ᠤᠷᠤᠰᠴᠠ ᠶᠢ ᠬᠢᠨᠠᠨ ᠬᠡᠮᠵᠢᠬᠦ ᠰᠢᠰᠲ᠋ᠧᠮ︾ ︽ᠤᠰᠤ ᠬᠡᠷᠡᠭᠯᠡᠬᠦ ᠶᠢ ᠪᠦᠷᠢᠳᠬᠡᠨ ᠰᠢᠭᠤᠳ ᠮᠡᠳᠡᠭᠦᠯᠬᠦ ᠰᠢᠰᠲ᠋ᠧᠮ︾᠃   ︵ᠬᠤᠶᠠᠷ︶ ᠭᠠᠵᠠᠷ ᠳᠣᠣᠷᠠᠬᠢ ᠤᠰᠤᠨ ᠤ ᠬᠠᠮᠢᠶᠠᠷᠤᠯᠲᠠ ︵ᠨᠡᠶᠢᠲᠡ 8 ᠬᠤᠪᠢ᠂ ᠥᠪᠡᠰᠦᠪᠡᠨ 8 ᠬᠤᠪᠢ ᠲᠣᠭᠲᠠᠭᠠᠨ᠎ᠠ︶    1. ᠭᠠᠵᠠᠷ ᠳᠣᠣᠷᠠᠬᠢ ᠤᠰᠤᠨ ᠤ ᠬᠠᠮᠢᠶᠠᠷᠤᠯᠲᠠ ᠶᠢᠨ ᠬᠠᠷᠢᠭᠤᠴᠠᠯᠭ᠎ᠠ ᠶᠢᠨ ᠰᠢᠰᠲ᠋ᠧᠮᠵᠢ ᠶᠢ ᠪᠠᠶᠢᠭᠤᠯᠤᠨ᠎ᠠ ︵ᠨᠡᠶᠢᠲᠡ 1 ᠬᠤᠪᠢ᠂ ᠥᠪᠡᠰᠦᠪᠡᠨ ᠬᠤᠪᠢ ᠣᠯᠭᠤᠬᠤ 1 ᠬᠤᠪᠢ︶    ᠦᠰᠦᠭ ᠪᠢᠴᠢᠭ ᠤᠨ ᠲᠣᠳᠣᠷᠬᠠᠶᠢᠯᠠᠯᠲᠠ᠄ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠬᠠᠷᠢᠶ᠎ᠠ ᠬᠤᠰᠢᠭᠤ ᠰᠢᠶᠠᠨ ︵ᠲᠣᠭᠤᠷᠢᠭ︶ ᠢ ᠵᠣᠬᠢᠶᠠᠨ ᠪᠠᠶᠢᠭᠤᠯᠤᠨ ᠭᠠᠵᠠᠷ ᠳᠣᠣᠷᠠᠬᠢ ᠤᠰᠤ ᠶᠢ ᠬᠠᠮᠠᠭᠠᠯᠠᠬᠤ ᠪᠠ ᠬᠠᠮᠢᠶᠠᠷᠬᠤ ᠬᠠᠷᠢᠭᠤᠴᠠᠯᠭ᠎ᠠ ᠶᠢᠨ ᠰᠢᠰᠲ᠋ᠧᠮᠵᠢ ᠶᠢ ᠪᠠᠶᠢᠭᠤᠯᠵᠤ᠂ ᠰᠤᠮᠤ ᠰᠢᠶᠠᠩ ᠪᠠᠯᠭᠠᠰᠤ᠂ ᠭᠠᠴᠠᠭ᠎ᠠ ᠲᠣᠰᠬᠤᠨ᠂ ᠮᠠᠰᠢᠨ ᠴᠠᠬᠢᠯᠭᠠᠨ ᠬᠤᠳᠳᠤᠭ ᠤᠨ ᠬᠠᠮᠢᠶᠠᠷᠤᠯᠲᠠ ᠶᠢᠨ ᠠᠵᠢᠯᠲᠠᠨ ᠳᠥᠷᠪᠡᠨ ᠱᠠᠲᠤᠨ ᠤ ᠬᠠᠷᠢᠭᠤᠴᠠᠯᠭᠠᠲᠠᠨ ᠵᠢᠴᠢ ᠠᠵᠢᠯ ᠤᠨ ᠬᠠᠷᠢᠭᠤᠴᠠᠯᠭ᠎ᠠ ᠶᠢ ᠲᠣᠳᠣᠷᠬᠠᠶᠢᠯᠠᠵᠤ᠂ ᠡᠯ᠎ᠡ ᠱᠠᠲᠤᠨ ᠤ ᠬᠠᠷᠢᠭᠤᠴᠠᠯᠭ᠎ᠠ ᠶᠢᠨ ᠰᠢᠰᠲ᠋ᠧᠮᠵᠢ ᠶᠢ ᠪᠠᠶᠢᠭᠤᠯᠤᠭᠰᠠᠨ ᠪᠠᠶᠢᠳᠠᠯ ᠢᠶᠠᠨ ᠥᠪᠡᠷᠲᠡᠭᠡᠨ ᠵᠠᠰᠠᠬᠤ ᠣᠷᠣᠨ ᠤ ᠤᠰᠤᠨ ᠤ ᠶᠠᠪᠤᠳᠠᠯ ᠤᠨ ᠵᠠᠰᠠᠭ ᠵᠠᠬᠢᠷᠭᠠᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠮᠡᠳᠡᠭᠦᠯᠵᠦ ᠳᠠᠩᠰᠠᠯᠠᠭᠤᠯᠤᠨ᠎ᠠ᠃    ᠲᠤᠯᠭᠠᠭᠤᠷᠢᠯᠠᠬᠤ ᠮᠠᠲ᠋ᠧᠷᠢᠶᠠᠯ᠄ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠤᠰᠤᠨ ᠠᠰᠢᠭᠯᠠᠯᠲᠠ ᠶᠢᠨ ᠲᠣᠪᠴᠢᠶ᠎ᠠ ᠶᠢᠨ ︽ᠭᠠᠵᠠᠷ ᠳᠣᠣᠷᠠᠬᠢ ᠤᠰᠤᠨ ᠤ ᠬᠠᠮᠠᠭᠠᠯᠠᠯᠲᠠ ᠪᠠ ᠬᠠᠮᠢᠶᠠᠷᠤᠯᠲᠠ ᠶᠢᠨ ᠬᠠᠷᠢᠭᠤᠴᠠᠯᠭ᠎ᠠ ᠶᠢᠨ ᠰᠢᠰᠲ᠋ᠧᠮᠵᠢ ᠶᠢ ᠳᠡᠭᠡᠭᠰᠢ ᠮᠡᠳᠡᠭᠦᠯᠬᠦ ᠲᠤᠬᠠᠢ ᠮᠡᠳᠡᠭᠦᠯᠦᠯᠲᠡ︾᠃    2. ᠭᠠᠵᠠᠷ ᠳᠣᠣᠷᠠᠬᠢ ᠤᠰᠤᠨ ᠤ ᠬᠡᠷᠡᠭᠯᠡᠬᠦ ᠤᠰᠤᠨ ᠤ ᠶᠡᠷᠦᠩᠬᠡᠢ ᠬᠡᠮᠵᠢᠶ᠎ᠡ ᠶᠢ ᠬᠠᠮᠢᠶᠠᠷᠤᠨ ᠡᠵᠡᠮᠳᠡᠨ᠎ᠡ ︵ᠨᠡᠶᠢᠲᠡ 2 ᠬᠤᠪᠢ᠂ ᠥᠪᠡᠷᠲᠡᠭᠡᠨ 2 ᠬᠤᠪᠢ ᠲᠣᠭᠲᠠᠭᠠᠨ᠎ᠠ︶ ᠥᠰᠥᠭ ᠪᠢᠴᠢᠭ ᠤᠨ ᠲᠣᠳᠣᠷᠬᠠᠶᠢᠯᠠᠯᠲᠠ᠄ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠵᠠᠰᠠᠭ ᠤᠨ ᠣᠷᠳᠣᠨ 6 ᠰᠠᠷ᠎ᠠ ᠶᠢᠨ ᠰᠡᠭᠦᠯᠴᠢ ᠠᠴᠠ ᠡᠮᠦᠨ᠎ᠡ ᠥᠪᠡᠷᠲᠡᠭᠡᠨ ᠵᠠᠰᠠᠬᠤ ᠣᠷᠣᠨ ᠤ ᠪᠠᠭᠤᠯᠭᠠᠭᠰᠠᠨ 2025 ᠣᠨ ᠤ ᠭᠠᠵᠠᠷ ᠳᠣᠣᠷᠠᠬᠢ ᠤᠰᠤᠨ ᠤ ᠬᠠᠮᠢᠶᠠᠷᠤᠯᠲᠠ ᠶᠢᠨ ᠨᠢᠭᠡᠴᠡ ᠶᠢᠨ ᠤᠰᠤ ᠬᠡᠷᠡᠭᠯᠡᠬᠦ ᠶᠡᠷᠦᠩᠬᠡᠢ ᠬᠡᠮᠵᠢᠶ᠎ᠡ ᠶᠢ ᠬᠠᠮᠢᠶᠠᠷᠤᠨ ᠡᠵᠡᠮᠳᠡᠬᠦ ᠭᠦᠢᠴᠡᠳᠬᠡᠯ ᠲᠤᠭ᠎ᠠ ᠶᠢ ᠰᠤᠮᠤ ᠰᠢᠶᠠᠩ ᠪᠠᠯᠭᠠᠰᠤ ᠪᠠ ᠭᠠᠴᠠᠭ᠎ᠠ ᠲᠣᠰᠬᠤᠨ ᠳᠤ ᠱᠠᠲᠤ ᠳᠠᠷᠠᠭᠠᠯᠠᠨ ᠬᠤᠪᠢᠶᠠᠷᠢᠯᠠᠨ ᠨᠠᠶᠢᠳᠠᠪᠤᠷᠢᠵᠢᠭᠤᠯᠵᠤ᠂ ᠵᠢᠯ ᠤᠨ ᠰᠡᠭᠦᠯᠴᠢ ᠠᠴᠠ ᠡᠮᠦᠨ᠎ᠡ ᠡᠷᠦᠬᠡ᠂ ᠬᠤᠳᠳᠤᠭ ᠪᠤᠶᠤ ᠬᠡᠰᠡᠭ ᠭᠠᠵᠠᠷ ᠲᠤ ᠬᠤᠪᠢᠶᠠᠷᠢᠯᠠᠨ ᠥᠭᠬᠦ ᠶᠢᠨ ᠬᠠᠮᠲᠤ ᠳᠡᠭᠡᠷ᠎ᠡ ᠨᠢᠭᠡ ᠱᠠᠲᠤᠨ ᠤ ᠤᠰᠤᠨ ᠤ ᠶᠠᠪᠤᠳᠠᠯ ᠤᠨ ᠵᠠᠰᠠᠭ ᠵᠠᠬᠢᠷᠭᠠᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠮᠡᠳᠡᠭᠦᠯᠦᠨ᠎ᠡ︔ ᠭᠠᠵᠠᠷ ᠳᠣᠣᠷᠠᠬᠢ ᠤᠰᠤᠨ  ᠤ ᠪᠠᠶᠢᠯᠳᠤᠬᠤ ᠪᠣᠳᠣᠯᠭ᠎ᠠ ᠶᠢᠨ ᠨᠥᠭᠡᠴᠡᠯᠡᠬᠦ ᠳᠦᠷᠢᠮ ᠢ  ᠪᠠᠶᠢᠭᠤᠯᠵᠤ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠭᠠᠵᠠᠷ ᠳᠣᠣᠷᠠᠬᠢ ᠤᠰᠤᠨ  ᠤ  ᠪᠠᠴᠢᠮ ᠪᠠᠶᠢᠳᠠᠯ  ᠢ ᠠᠷᠭᠠᠴᠠᠬᠤ ᠪᠠ ᠪᠠᠶᠢᠯᠳᠤᠬᠤ ᠪᠣᠳᠣᠯᠭ᠎ᠠ ᠶᠢᠨ ᠨᠥᠭᠡᠴᠡᠯᠡᠬᠦ ᠤᠰᠤᠨ ᠤ ᠬᠡᠮᠵᠢᠶ᠎ᠡ ᠶᠢ ᠲᠣᠳᠣᠷᠬᠠᠶᠢᠯᠠᠨ᠎ᠠ᠃    ᠲᠤᠯᠭᠠᠭᠤᠷᠢᠯᠠᠬᠤ ᠮᠠᠲ᠋ᠧᠷᠢᠶᠠᠯ᠄ ︽ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠤᠰᠤᠨ ᠠᠰᠢᠭᠯᠠᠯᠲᠠ ᠶᠢᠨ ᠲᠣᠪᠴᠢᠶ᠎ᠠ ᠶᠢᠨ ᠤᠰᠤ ᠬᠡᠷᠡᠭᠯᠡᠬᠦ ᠶᠡᠷᠦᠩᠬᠡᠢ ᠬᠡᠮᠵᠢᠶ᠎ᠡ ᠶᠢ ᠬᠢᠵᠠᠭᠠᠷᠯᠠᠬᠤ ᠭᠦᠢᠴᠡᠳᠬᠡᠯ ᠲᠤᠭ᠎ᠠ ᠶᠢ ᠨᠠᠷᠢᠯᠢᠭᠵᠢᠭᠤᠯᠤᠨ ᠵᠠᠳᠠᠯᠤᠭᠰᠠᠨ ᠪᠠᠶᠢᠳᠠᠯ︾ ᠤᠨ ᠲᠤᠬᠠᠢ ᠮᠡᠳᠡᠭᠦᠯᠦᠯᠲᠡ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠤᠰᠤᠨ ᠠᠰᠢᠭᠯᠠᠯᠲᠠ ᠶᠢᠨ ᠲᠣᠪᠴᠢᠶ᠎ᠠ ᠶᠢᠨ ︽2025 ᠣᠨ ᠤ ᠭᠠᠵᠠᠷ ᠳᠣᠣᠷᠠᠬᠢ ᠤᠰᠤᠨ ᠤ ᠬᠠᠮᠢᠶᠠᠷᠤᠯᠲᠠ ᠶᠢᠨ ᠨᠢᠭᠡᠴᠡ ᠶᠢᠨ ᠤᠰᠤ ᠬᠡᠷᠡᠭᠯᠡᠬᠦ ᠶᠡᠷᠦᠩᠬᠡᠢ ᠬᠡᠮᠵᠢᠶ᠎ᠡ ᠶᠢ ᠬᠠᠮᠢᠶᠠᠷᠤᠨ ᠡᠵᠡᠮᠳᠡᠬᠦ ᠭᠦᠢᠴᠡᠳᠬᠡᠯ ᠲᠤᠭ᠎ᠠ ᠶᠢ ᠱᠠᠲᠤ ᠱᠠᠲᠤ ᠪᠠᠷ ᠵᠠᠳᠠᠯᠤᠨ ᠰᠢᠶᠠᠩ ᠪᠠᠯᠭᠠᠰᠤ ᠰᠤᠮᠤ ᠳᠤ ᠬᠦᠷᠲᠡᠯ᠎ᠡ ᠨᠠᠶᠢᠳᠠᠪᠤᠷᠢᠵᠢᠭᠤᠯᠬᠤ ᠲᠤᠬᠠᠢ ᠲᠥᠯᠥᠪᠯᠡᠭᠡ︾ ᠶᠢᠨ ᠮᠡᠳᠡᠭᠳᠡᠯ᠂ ︽ᠭᠠᠵᠠᠷ ᠳᠣᠣᠷᠠᠬᠢ ᠤᠰᠤ ᠶᠢ ᠨᠥᠭᠡᠴᠡᠯᠡᠬᠦ ᠳᠦᠷᠢᠮ ᠢ ᠪᠠᠶᠢᠭᠤᠯᠬᠤ ᠲᠤᠬᠠᠢ ᠵᠠᠬᠢᠳᠠᠯ︾᠃    3. ᠭᠠᠵᠠᠷ ᠳᠣᠣᠷᠠᠬᠢ ᠤᠰᠤᠨ ᠤ ᠬᠡᠮᠵᠢᠯᠲᠡ ᠶᠢᠨ ᠬᠢᠨᠠᠨ ᠬᠡᠮᠵᠢᠯᠲᠡ ︵ᠨᠡᠶᠢᠲᠡ 3 ᠬᠤᠪᠢ᠂ ᠥᠪᠡᠰᠦᠪᠡᠨ ᠲᠣᠭᠲᠠᠭᠠᠭᠰᠠᠨ ᠬᠤᠪᠢ 3 ᠬᠤᠪᠢ︶    ᠦᠰᠦᠭ ᠪᠢᠴᠢᠭ ᠢᠶᠠᠷ ᠲᠣᠳᠣᠷᠬᠠᠶᠢᠯᠠᠭᠰᠠᠨ ᠨᠢ᠄ ᠮᠠᠨ ᠤ ᠠᠶᠢᠮᠠᠭ ᠨᠢᠭᠡᠨᠲᠡ 2022 ᠣᠨ ᠤ ︽ᠴᠠᠬᠢᠯᠭᠠᠨ ᠢᠶᠠᠷ ᠤᠰᠤ ᠶᠢ ᠨᠤᠭᠤᠯᠬᠤ︾ ᠨᠢᠭᠡ ᠬᠤᠳᠳᠤᠭ ᠨᠢᠭᠡ ᠢᠯᠡᠳᠬᠡᠮᠵᠢ ᠶᠢᠨ ᠨᠣᠷᠮ᠎ᠠ᠂ ᠨᠢᠭᠡ ᠬᠦᠰᠦᠨᠦᠭ ᠨᠢᠭᠡ ᠢᠯᠡᠳᠬᠡᠮᠵᠢ ᠶᠢᠨ ᠨᠣᠷᠮ᠎ᠠ ᠶᠢ ᠲᠣᠭᠲᠠᠭᠠᠬᠤ ᠠᠵᠢᠯ ᠢ ᠪᠡᠶᠡᠯᠡᠭᠦᠯᠵᠦ᠂ ᠣᠲᠣ ᠶᠢᠨ ᠤᠰᠤᠨ ᠠᠰᠢᠭᠯᠠᠯᠲᠠ ᠶᠢᠨ ᠲᠢᠩᠬᠢᠮ ᠨᠢᠭᠡᠨᠲᠡ ᠢᠯᠡᠳᠬᠡᠮᠵᠢ ᠶᠢ ᠠᠰᠢᠭᠯᠠᠨ ᠭᠠᠵᠠᠷ ᠳᠣᠣᠷᠠᠬᠢ ᠤᠰᠤᠨ ᠤ ᠲᠠᠷᠢᠶᠠᠯᠠᠩ ᠤᠨ ᠤᠰᠤᠯᠠᠯᠲᠠ ᠳᠤ ᠬᠡᠷᠡᠭᠯᠡᠬᠦ ᠤᠰᠤᠨ ᠤ ᠬᠡᠮᠵᠢᠶ᠎ᠡ ᠶᠢ ᠬᠡᠮᠵᠢᠪᠡ︔ ᠭᠠᠵᠠᠷ ᠳᠣᠣᠷᠠᠬᠢ ᠤᠰᠤ ᠶᠢ ᠬᠡᠮᠵᠢᠵᠦ ᠬᠢᠨᠠᠨ ᠬᠡᠮᠵᠢᠬᠦ ᠪᠡᠯᠡᠳᠬᠡᠮᠵᠢ ᠶᠢ ᠤᠭᠰᠠᠷᠠᠬᠤ ᠶᠢ ᠴᠢᠩᠳᠠᠯᠠᠵᠤ᠂ ᠠᠵᠤ ᠦᠢᠯᠡᠳᠪᠦᠷᠢ᠂ ᠠᠮᠢᠳᠤᠷᠠᠯ᠂ ᠠᠮᠢ ᠠᠬᠤᠢ ᠶᠢᠨ ᠭᠠᠵᠠᠷ ᠳᠣᠣᠷᠠᠬᠢ ᠤᠰᠤ ᠶᠢ ᠲᠠᠲᠠᠵᠤ ᠬᠡᠷᠡᠭᠯᠡᠬᠦ ᠳᠤ᠂ ᠵᠢᠯ ᠤᠨ ᠵᠥᠪᠰᠢᠶᠡᠷᠡᠯ ᠤᠨ ᠬᠡᠮᠵᠢᠶ᠎ᠡ ᠨᠢ 5 ᠲᠦᠮᠡᠨ ᠪᠣᠰᠤᠭ᠎ᠠ ᠳᠥᠷᠪᠡᠯᠵᠢᠨ ᠮᠧᠲᠷ ᠠᠴᠠ ᠳᠡᠭᠡᠭᠰᠢᠬᠢ ᠶᠢ ᠪᠦᠬᠦᠨ ᠢ ᠰᠦᠯᠵᠢᠶᠡᠨ ᠳᠡᠭᠡᠷ᠎ᠡ ᠬᠡᠮᠵᠢᠵᠦ ᠬᠢᠨᠠᠨ ᠬᠡᠮᠵᠢᠬᠦ ᠶᠢ ᠪᠡᠶᠡᠯᠡᠭᠦᠯᠬᠦ ᠶᠢᠨ ᠬᠠᠮᠲᠤ ᠲᠤᠭ᠎ᠠ ᠪᠠᠷᠢᠮᠲᠠ ᠶᠢ ᠴᠠᠭ ᠲᠤᠬᠠᠢ ᠳᠤᠨᠢ ᠤᠰᠤ ᠲᠠᠲᠠᠬᠤ ᠵᠥᠪᠰᠢᠶᠡᠷᠡᠯ ᠢ ᠬᠢᠨᠠᠨ ᠵᠥᠪᠰᠢᠶᠡᠷᠡᠬᠦ ᠠᠳᠠᠯᠢ ᠱᠠᠲᠤᠨ ᠤ ᠤᠰᠤᠨ ᠤ ᠵᠠᠰᠠᠭ ᠵᠠᠬᠢᠷᠭᠠᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠳᠠᠮᠵᠢᠭᠤᠯᠬᠤ ᠬᠡᠷᠡᠭᠲᠡᠢ᠃    ᠲᠤᠯᠭᠠᠭᠤᠷᠢᠯᠠᠬᠤ ᠮᠠᠲ᠋ᠧᠷᠢᠶᠠᠯ᠄ ︽ᠬᠢᠩᠭᠠᠨ ᠠᠶᠢᠮᠠᠭ ᠤᠨ ᠤᠰᠤᠨ ᠤ ᠡᠬᠢ ᠪᠠᠶᠠᠯᠢᠭ ᠤᠨ ᠬᠠᠮᠢᠶᠠᠷᠤᠯᠲᠠ ᠶᠢᠨ ᠲᠠᠪᠴᠠᠩ︾ ︽ᠤᠰᠤᠨ ᠤ ᠡᠬᠢ ᠪᠠᠶᠠᠯᠢᠭ ᠤᠨ ᠤᠷᠤᠰᠬᠠᠯ ᠤᠨ ᠬᠡᠮᠵᠢᠶ᠎ᠡ ᠶᠢ ᠬᠢᠨᠠᠨ ᠬᠡᠮᠵᠢᠬᠦ ᠬᠡᠮᠵᠢᠭᠦᠷᠯᠢᠭ ᠤᠨ ᠰᠢᠰᠲ᠋ᠧᠮ︾᠃    4. ᠭᠠᠵᠠᠷ ᠳᠣᠣᠷᠠᠬᠢ ᠤᠰᠤ ᠶᠢ ᠬᠡᠲᠦᠷᠡᠲᠡᠯ᠎ᠡ ᠠᠪᠤᠭᠰᠠᠨ ᠢ ᠵᠠᠰᠠᠬᠤ ︵ᠨᠡᠶᠢᠲᠡ 2 ᠬᠤᠪᠢ᠂ ᠥᠪᠡᠰᠦᠪᠡᠨ ᠬᠤᠪᠢ ᠣᠯᠭᠤᠬᠤ 2 ᠬᠤᠪᠢ︶    ᠦᠰᠦᠭ ᠪᠢᠴᠢᠭ ᠤᠨ ᠲᠣᠳᠣᠷᠬᠠᠶᠢᠯᠠᠯᠲᠠ᠄ ᠮᠠᠨ ᠤ ᠬᠤᠰᠢᠭᠤᠨ ᠳᠤ ᠭᠠᠵᠠᠷ ᠳᠣᠣᠷᠠᠬᠢ ᠤᠰᠤ ᠶᠢ ᠬᠡᠲᠦᠷᠡᠲᠡᠯ᠎ᠡ ᠲᠠᠲᠠᠭᠰᠠᠨ ᠣᠷᠣᠨ ᠪᠠᠶᠢᠬᠤ ᠦᠭᠡᠢ᠃    ︵ᠭᠤᠷᠪᠠ︶ ᠤᠰᠤ ᠶᠢ ᠠᠷᠪᠢᠯᠠᠵᠤ ᠬᠡᠷᠡᠭᠯᠡᠬᠦ ᠬᠠᠮᠢᠶᠠᠷᠤᠯᠲᠠ ︵ᠨᠡᠶᠢᠲᠡ 11.5 ᠬᠤᠪᠢ᠂ ᠥᠪᠡᠷᠲᠡᠭᠡᠨ ᠦᠨᠡᠯᠡᠭᠰᠡᠨ ᠬᠤᠪᠢ 11.5 ᠬᠤᠪᠢ︶ 1. ᠥᠪᠡᠷᠲᠡᠭᠡᠨ ᠵᠠᠰᠠᠬᠤ ᠣᠷᠣᠨ ᠤ ᠤᠰᠤ ᠠᠷᠪᠢᠯᠠᠬᠤ ᠠᠵᠢᠯᠯᠠᠭ᠎ᠠ ᠶᠢᠨ ᠲᠥᠰᠥᠯ ᠢ ᠨᠠᠶᠢᠳᠠᠪᠤᠷᠢᠵᠢᠭᠤᠯᠤᠨ᠎ᠠ ︵ᠨᠡᠶᠢᠲᠡ 2 ᠬᠤᠪᠢ᠂ ᠥᠪᠡᠰᠦᠪᠡᠨ ᠬᠤᠪᠢ ᠣᠯᠭᠤᠬᠤ 2 ᠬᠤᠪᠢ︶    ᠦᠰᠦᠭ ᠪᠢᠴᠢᠭ ᠤᠨ ᠲᠣᠳᠣᠷᠬᠠᠶᠢᠯᠠᠯᠲᠠ᠄ 2022 ᠣᠨ ᠤ ᠤᠰᠤ ᠠᠷᠪᠢᠯᠠᠬᠤ ᠠᠵᠢᠯᠯᠠᠭ᠎ᠠ ᠶᠢᠨ ᠣᠨ ᠤ ᠲᠥᠯᠥᠪᠯᠡᠭᠡ ᠶᠢ ᠲᠣᠭᠲᠠᠭᠠᠬᠤ ᠶᠢᠨ ᠬᠠᠮᠲᠤ ᠳᠠᠷᠤᠮᠠᠯᠯᠠᠨ ᠲᠠᠷᠬᠠᠭᠠᠬᠤ ᠶᠢᠨ ᠬᠠᠮᠲᠤ ᠡᠯ᠎ᠡ ᠰᠠᠯᠠᠭ᠎ᠠ ᠮᠥᠴᠢᠷ ᠤᠨ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢ ᠲᠣᠭᠲᠠᠭᠠᠨ᠎ᠠ︔ ᠮᠠᠨ ᠤ ᠬᠤᠰᠢᠭᠤᠨ ᠤ ᠤᠰᠤ ᠠᠷᠪᠢᠯᠠᠵᠤ ᠬᠡᠷᠡᠭᠯᠡᠬᠦ ᠠᠵᠢᠯ ᠤᠨ ᠵᠣᠬᠢᠴᠠᠭᠤᠯᠬᠤ ᠲᠣᠭᠲᠠᠴᠠ ᠶᠢ ᠪᠠᠶᠢᠭᠤᠯᠵᠤ᠂ ᠠᠵᠢᠯ ᠤᠨ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠵᠤ᠂ ᠤᠰᠤ ᠠᠷᠪᠢᠯᠠᠬᠤ ᠠᠵᠢᠯ ᠤᠨ ᠳᠤᠮᠳᠠᠬᠢ ᠴᠢᠬᠤᠯᠠ ᠶᠡᠭᠡ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠨ᠎ᠡ᠃ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ ᠣᠨ ᠤ ᠤᠰᠤ ᠠᠷᠪᠢᠯᠠᠬᠤ ᠠᠵᠢᠯᠯᠠᠭ᠎ᠠ ᠶᠢᠨ ᠲᠥᠯᠥᠪᠯᠡᠭᠡ ᠳᠤ ᠲᠣᠭᠲᠠᠭᠠᠭᠰᠠᠨ ᠡᠯ᠎ᠡ ᠵᠦᠢᠯ ᠤᠨ ᠬᠠᠷᠠᠯᠲᠠ ᠶᠢᠨ ᠡᠭᠦᠷᠭᠡ ᠪᠠᠨ ᠪᠡᠶᠡᠯᠡᠭᠦᠯᠪᠡ᠃    ᠲᠤᠯᠭᠠᠭᠤᠷᠢᠯᠠᠬᠤ ᠮᠠᠲ᠋ᠧᠷᠢᠶᠠᠯ᠄ ︽ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠤᠰᠤᠨ ᠠᠰᠢᠭᠯᠠᠯᠲᠠ ᠶᠢᠨ ᠲᠣᠪᠴᠢᠶ᠎ᠠ ᠶᠢᠨ ᠤᠰᠤ ᠠᠷᠪᠢᠯᠠᠬᠤ ᠠᠯᠪᠠᠨ ᠭᠡᠷ ᠪᠠᠶᠢᠭᠤᠯᠬᠤ ᠲᠤᠬᠠᠢ ᠮᠡᠳᠡᠭᠳᠡᠯ︾ ︽ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ 2022 ᠣᠨ ᠤ ᠤᠰᠤ ᠠᠷᠪᠢᠯᠠᠬᠤ ᠠᠵᠢᠯᠯᠠᠭ᠎ᠠ ᠶᠢᠨ ᠣᠨ ᠤ ᠲᠥᠯᠥᠪᠯᠡᠭᠡ ᠶᠢᠨ ᠲᠤᠬᠠᠢ ᠵᠠᠬᠢᠳᠠᠯ︾᠃    2. ᠤᠰᠤ ᠶᠢ ᠠᠷᠪᠢᠯᠠᠵᠤ ᠬᠡᠷᠡᠭᠯᠡᠬᠦ ᠶᠢ ᠬᠢᠨᠠᠨ ᠬᠠᠮᠢᠶᠠᠷᠤᠨ᠎ᠠ ︵ᠨᠡᠶᠢᠲᠡ 4.5 ᠬᠤᠪᠢ᠂ ᠥᠪᠡᠰᠦᠪᠡᠨ ᠲᠣᠭᠲᠠᠭᠠᠭᠰᠠᠨ ᠬᠤᠪᠢ 4.5 ᠬᠤᠪᠢ︶    ᠦᠰᠦᠭ ᠪᠢᠴᠢᠭ ᠤᠨ ᠲᠣᠳᠣᠷᠬᠠᠶᠢᠯᠠᠯᠲᠠ᠄ ᠲᠥᠯᠥᠪᠯᠡᠭᠡ ᠲᠠᠢ ᠪᠠᠷ ᠤᠰᠤ ᠬᠡᠷᠡᠭᠯᠡᠬᠦ ᠵᠢᠴᠢ ᠤᠰᠤ ᠬᠡᠷᠡᠭᠯᠡᠬᠦ ᠲᠣᠭᠲᠠᠭᠰᠠᠨ ᠨᠣᠷᠮ᠎ᠠ  ᠶᠢᠨ ᠬᠠᠮᠢᠶᠠᠷᠤᠯᠲᠠ  ᠶᠢ ᠴᠢᠩᠭ᠎ᠠ ᠬᠡᠷᠡᠭᠵᠢᠭᠦᠯᠵᠦ᠂ ᠤᠰᠤ ᠠᠷᠪᠢᠯᠠᠬᠤ  ᠶᠢ ᠦᠨᠡᠯᠡᠵᠦ ᠳᠠᠩᠰᠠᠯᠠᠬᠤ ᠡᠬᠡ ᠳᠠᠩᠰᠠ  ᠶᠢᠨ ᠬᠠᠮᠢᠶᠠᠷᠤᠯᠲᠠ  ᠶᠢ ᠴᠢᠩᠭᠠᠳᠬᠠᠨ᠎ᠠ᠃ ᡽ᠡᠯ᠎ᠡ ᠱᠠᠲᠤᠨ ᠤ ᠬᠢᠨᠠᠯᠲᠠ ᠲᠠᠯᠪᠢᠵᠤ ᠪᠠᠶᠢᠴᠠᠭᠠᠬᠤ ᠪᠤᠶᠤ ᠰᠢᠮᠳᠠᠭᠤᠯᠤᠨ ᠪᠠᠶᠢᠴᠠᠭᠠᠬᠤ᠂ ᠲᠣᠭᠤᠷᠢᠨ ᠪᠠᠶᠢᠴᠠᠭᠠᠬᠤ᠂ ᠬᠢᠨᠠᠨ ᠪᠤᠳᠤᠬᠤ᠂ ᠵᠠᠭᠤᠴᠢᠯᠠᠭᠤᠷ ᠵᠡᠷᠭᠡ ᠳᠤ ᠢᠯᠡᠷᠡᠭᠦᠯᠦᠭᠰᠡᠨ ᠦᠭᠡᠢ ᠤᠰᠤ ᠠᠷᠪᠢᠯᠠᠬᠤ ᠠᠰᠠᠭᠤᠳᠠᠯ︔ ᠬᠤᠳᠠ ᠶᠢᠨ ᠤᠯᠠᠨ ᠨᠡᠶᠢᠲᠡ ᠶᠢᠨ ᠤᠰᠤ ᠬᠠᠩᠭᠠᠬᠤ ᠬᠤᠭᠤᠯᠠᠢ ᠶᠢᠨ ᠲᠣᠣᠷ ᠤᠨ ᠭᠤᠭᠤᠵᠢᠭᠰᠠᠨ ᠬᠤᠬᠢᠷᠠᠯ ᠤᠨ ᠨᠤᠷᠮ᠎ᠠ ᠶᠢ 10% ᠶᠢᠨ ᠳᠣᠲᠣᠷ᠎ᠠ ᠬᠢᠵᠠᠭᠠᠷᠯᠠᠨ᠎ᠠ᠃    ᠲᠤᠯᠭᠠᠭᠤᠷᠢ ᠮᠠᠲ᠋ᠧᠷᠢᠶᠠᠯ᠄ ︽ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠤᠰᠤᠨ ᠠᠰᠢᠭᠯᠠᠯᠲᠠ ᠶᠢᠨ ᠲᠣᠪᠴᠢᠶ᠎ᠠ ᠶᠢᠨ 2022 ᠣᠨ ᠤ ᠤᠰᠤ ᠲᠠᠲᠠᠬᠤ ᠲᠥᠯᠥᠪᠯᠡᠭᠡ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠣᠨ ᠨᠤᠲᠤᠭ ᠤᠨ ᠪᠠᠷᠢᠮᠵᠢᠶᠠᠲᠤ ᠠᠵᠢᠯ ᠲᠥᠷᠥᠯ ᠤᠨ ᠤᠰᠤ ᠬᠡᠷᠡᠭᠯᠡᠬᠦ ᠲᠣᠭᠲᠠᠭᠰᠠᠨ ᠨᠣᠷᠮ᠎ᠠ︾ ︽ᠬᠢᠩᠭᠠᠨ ᠠᠶᠢᠮᠠᠭ ᠤᠨ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ 2020 ᠣᠨ ᠤ  ᠴᠠᠷᠠᠰᠤᠨ ᠪᠠᠯᠭᠠᠰᠤᠨ ᠤ ᠬᠥᠬᠡᠴᠢᠯᠠᠭᠤ ᠭᠠᠴᠠᠭ᠎ᠠ ᠶᠢᠨ ᠭᠠᠩ ᠬᠠᠭᠰᠠᠷᠠᠭᠠᠨ ᠢ ᠤᠰᠤ ᠪᠣᠯᠭᠠᠨ ᠥᠭᠡᠷᠡᠴᠢᠯᠡᠬᠦ ᠲᠥᠷᠥᠯ ᠵᠦᠢᠯ︾ ᠵᠡᠷᠭᠡ ᠤᠰᠤᠨ ᠤ ᠡᠬᠢ ᠪᠠᠶᠠᠯᠢᠭ ᠤᠨ ᠨᠤᠲᠠᠯᠠᠯᠲᠠ ᠶᠢᠨ ᠮᠡᠳᠡᠭᠦᠯᠦᠯᠲᠡ ᠶᠢᠨ ᠪᠢᠴᠢᠭ᠂ ᠪᠥᠬᠦ ᠤᠯᠤᠰ ᠤᠨ ᠤᠰᠤ ᠲᠠᠲᠠᠵᠤ ᠬᠡᠷᠡᠭᠯᠡᠬᠦ ᠬᠠᠮᠢᠶᠠᠷᠤᠯᠲᠠ ᠶᠢᠨ ᠲᠤᠰᠬᠠᠢ ᠴᠡᠭᠴᠡᠯᠡᠨ ᠵᠠᠰᠠᠬᠤ ᠮᠡᠳᠡᠭᠡ ᠵᠠᠩᠭᠢ ᠶᠢᠨ ᠰᠢᠰᠲ᠋ᠧᠮ ᠤᠨ ᠲᠠᠪᠴᠠᠩ ᠳᠠᠬᠢ ᠮᠡᠳᠡᠭᠡ ᠵᠠᠩᠭᠢ᠂ ᠤᠰᠤ ᠬᠡᠷᠡᠭᠯᠡᠬᠦ ᠪᠦᠷᠢᠳᠬᠡᠯ ᠤᠨ ᠰᠢᠭᠤᠳ ᠮᠡᠳᠡᠭᠦᠯᠬᠦ ᠬᠠᠮᠢᠶᠠᠷᠤᠯᠲᠠ ᠶᠢᠨ ᠰᠢᠰᠲ᠋ᠧᠮ ᠳᠠᠬᠢ ︽ᠭᠤᠣᠯᠳᠠᠯᠭ᠎ᠠ ᠲᠠᠢ ᠣᠯᠠᠨ ᠨᠡᠶᠢᠲᠡ ᠶᠢᠨ ᠤᠰᠤ ᠬᠠᠩᠭᠠᠬᠤ ᠠᠵᠤ ᠠᠬᠤ᠋  ‍ᠶᠢᠯᠠᠯ ᠤᠨ ᠤᠰᠤ ᠲᠠᠲᠠᠵᠤ ᠬᠡᠷᠡᠭᠯᠡᠬᠦ ᠪᠠᠶᠢᠴᠠᠭᠠᠯᠲᠠ ᠶᠢᠨ ᠬᠦᠰᠦᠨᠦᠭᠲᠦ︾᠃    3. ᠤᠰᠤ ᠠᠷᠪᠢᠯᠠᠬᠤ ᠬᠡᠯᠪᠡᠷᠢ ᠶᠢᠨ ᠨᠡᠶᠢᠭᠡᠮ ᠤᠨ ᠪᠦᠲᠦᠭᠡᠨ ᠪᠠᠶᠢᠭᠤᠯᠤᠯᠲᠠ ︵ᠨᠡᠶᠢᠲᠡ 3.5 ᠬᠤᠪᠢ᠂ ᠥᠪᠡᠰᠦᠪᠡᠨ ᠲᠣᠭᠲᠠᠭᠠᠭᠰᠠᠨ ᠬᠤᠪᠢ 3.5 ᠬᠤᠪᠢ︶    ᠦᠰᠦᠭ ᠪᠢᠴᠢᠭ ᠤᠨ ᠲᠣᠳᠣᠷᠬᠠᠶᠢᠯᠠᠯᠲᠠ᠄ 2020 ᠣᠨ ᠳᠤ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠰᠢᠶᠠᠨ ᠤ ᠬᠡᠪᠴᠢᠶᠡᠨ ᠤ ᠤᠰᠤ ᠠᠷᠪᠢᠯᠠᠬᠤ ᠬᠡᠯᠪᠡᠷᠢ ᠶᠢᠨ ᠨᠡᠶᠢᠭᠡᠮ ᠤᠨ ᠪᠠᠶᠢᠭᠤᠯᠤᠯᠲᠠ ᠨᠢ ᠤᠯᠤᠰ ᠤᠨ ᠰᠢᠯᠭᠠᠨ ᠪᠠᠶᠢᠴᠠᠭᠠᠯᠲᠠ ᠳᠤ ᠬᠢᠷᠢ ᠲᠡᠩᠴᠡᠵᠦ᠂ ᠨᠢᠭᠡᠨᠲᠡ ᠨᠡᠷᠡᠶᠢᠳᠪᠡ᠃ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠤᠰᠤ ᠠᠷᠪᠢᠯᠠᠬᠤ ᠬᠡᠯᠪᠡᠷᠢ ᠶᠢᠨ ᠪᠠᠶᠢᠭᠤᠯᠤᠯᠭ᠎ᠠ ᠶᠢᠨ ᠪᠠᠷᠢᠮᠵᠢᠶ᠎ᠠ ᠳᠤ ᠬᠦ᠋ᠷᠦᠭᠰᠡᠨ ᠨᠡᠷᠡᠶᠢᠳᠦᠯ ᠤᠨ ᠨᠣᠷᠮ᠎ᠠ 100%᠂ ᠤᠰᠤ ᠠᠷᠪᠢᠯᠠᠬᠤ ᠬᠡᠯᠪᠡᠷᠢ ᠶᠢᠨ ᠠᠵᠢᠯ ᠦᠢᠯᠡᠰ ᠤᠨ ᠨᠢᠭᠡᠴᠡ ᠶᠢᠨ ᠪᠠᠷᠢᠮᠵᠢᠶ᠎ᠠ ᠳᠤ ᠬᠦ᠋ᠷᠦᠭᠰᠡᠨ ᠨᠡᠷᠡᠶᠢᠳᠦᠯ ᠤᠨ ᠨᠣᠷᠮ᠎ᠠ 70%᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠤᠰᠤ ᠠᠷᠪᠢᠯᠠᠬᠤ ᠬᠡᠯᠪᠡᠷᠢ ᠶᠢᠨ ᠪᠠᠶᠢᠭᠤᠯᠤᠯᠭ᠎ᠠ ᠶᠢᠨ ᠪᠠᠶᠢᠭᠤᠯᠤᠯᠲᠠ 2020 ᠣᠨ ᠳᠤ ᠨᠢᠭᠡᠨᠲᠡ ᠰᠢᠯᠭᠠᠨ ᠪᠠᠶᠢᠴᠠᠭᠠᠯᠲᠠ ᠳᠤ ᠬᠢᠷᠢ ᠲᠡᠩᠴᠡᠪᠡ᠃ 2021 ᠣᠨ ᠳᠤ ᠤᠯᠤᠰ ᠠᠴᠠ ᠲᠥᠪ ᠤᠨ ᠤᠰᠤᠨ ᠠᠰᠢᠭᠯᠠᠯᠲᠠ ᠶᠢᠨ ᠬᠥᠭᠵᠢᠯᠲᠡ ᠶᠢᠨ ᠰᠢᠶᠠᠨ ᠤ ᠬᠡᠪᠴᠢᠶᠡᠨ ᠤ ᠤᠰᠤ ᠠᠷᠪᠢᠯᠠᠬᠤ ᠬᠡᠯᠪᠡᠷᠢ ᠶᠢᠨ ᠨᠡᠶᠢᠭᠡᠮ ᠤᠨ ᠨᠥᠬᠦᠪᠦᠷᠢ ᠪᠡᠯᠡ ᠮᠥᠩᠭᠦ ᠶᠢ ᠪᠠᠭᠤᠯᠭᠠᠪᠠ᠃ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠤᠰᠤ ᠠᠷᠪᠢᠯᠠᠬᠤ ᠬᠡᠯᠪᠡᠷᠢ ᠶᠢᠨ ᠠᠵᠤ ᠠᠬᠤᠶᠢᠯᠠᠯ ᠢ ᠪᠠᠶᠢᠭᠤᠯᠤᠨ ᠪᠦᠲᠦᠭᠡᠭᠰᠡᠨ ᠨᠤᠷᠮ᠎ᠠ 50% ᠪᠣᠯᠣᠨ᠎ᠠ᠃  ᠬᠠᠯᠠᠭᠠᠢ ᠶᠢᠨ ᠤᠰᠤᠯᠠᠯᠲᠠ ᠶᠢᠨ ᠣᠷᠣᠨ ᠤ ᠰᠤᠪᠠᠭ ᠤᠨ ᠳᠣᠲᠣᠷ ᠴᠣᠭᠴᠠᠯᠠᠯ ᠤᠨ ᠪᠠᠷᠢᠯᠭ᠎ᠠ ᠶᠢ ᠨᠢᠭᠡᠨᠲᠡ ᠪᠠᠷᠢᠵᠤ ᠳᠠᠭᠤᠰᠬᠠᠪᠠ᠃    ᠲᠤᠯᠭᠠᠭᠤᠷᠢ ᠮᠠᠲ᠋ᠧᠷᠢᠶᠠᠯ᠄ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ︽ᠠᠷᠪᠠᠨ ᠭᠤᠷᠪᠠᠳᠤᠭᠠᠷ ᠲᠠᠪᠤᠨ ᠵᠢᠯ︾ ᠤᠨ ᠬᠤᠭᠤᠴᠠᠭᠠᠨ ᠤ ᠤᠰᠤ ᠠᠷᠪᠢᠯᠠᠬᠤ ᠬᠡᠯᠪᠡᠷᠢ ᠶᠢᠨ ᠨᠡᠶᠢᠭᠡᠮ ᠤᠨ ᠪᠠᠷᠢᠮᠵᠢᠶ᠎ᠠ ᠳᠤ ᠬᠦᠷᠭᠡᠬᠦ ᠪᠦᠲᠦᠭᠡᠨ ᠪᠠᠶᠢᠭᠤᠯᠤᠯᠲᠠ ᠶᠢᠨ ᠠᠵᠢᠯ ᠤᠨ ᠬᠡᠷᠡᠭᠵᠢᠭᠦᠯᠬᠦ ᠲᠥᠰᠥᠯ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠤᠰᠤ ᠠᠷᠪᠢᠯᠠᠬᠤ ᠬᠡᠯᠪᠡᠷᠢ ᠶᠢᠨ ᠨᠡᠶᠢᠭᠡᠮ ᠤᠨ ᠦᠨᠡᠯᠡᠯᠲᠡ ᠶᠢᠨ ᠬᠤᠪᠢ ᠣᠯᠭᠤᠬᠤ ᠬᠦᠰᠦᠨᠦᠭᠲᠦ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠤᠰᠤᠨ ᠠᠰᠢᠭᠯᠠᠯᠲᠠ ᠶᠢᠨ ᠲᠣᠪᠴᠢᠶ᠎ᠠ ᠶᠢᠨ 2019 ᠣᠨ ᠤ ᠤᠰᠤ ᠠᠷᠪᠢᠯᠠᠬᠤ ᠬᠡᠯᠪᠡᠷᠢ ᠶᠢᠨ ᠨᠡᠶᠢᠭᠡᠮ ᠤᠨ ᠪᠠᠶᠢᠭᠤᠯᠤᠯᠲᠠ ᠶᠢᠨ ᠠᠵᠢᠯ ᠤᠨ ᠳ᠋ᠦᠩᠨᠡᠯᠲᠡ᠂ ︽2021 ᠣᠨ ᠤ ᠤᠰᠤᠨ ᠠᠰᠢᠭᠯᠠᠯᠲᠠ ᠶᠢᠨ ᠬᠥᠭᠵᠢᠯᠲᠡ ᠶᠢᠨ ᠪᠡᠯᠡ ᠮᠥᠩᠭᠦ ᠶᠢᠨ ᠲᠥᠰᠥᠪ ᠢ ᠤᠷᠢᠳᠴᠢᠯᠠᠨ ᠪᠠᠭᠤᠯᠭᠠᠬᠤ ᠲᠤᠬᠠᠢ ᠮᠡᠳᠡᠭᠳᠡᠯ︾᠂ ᠬᠢᠩᠭᠠᠨ ᠠᠶᠢᠮᠠᠭ ᠤᠨ ᠤᠰᠤᠨ ᠠᠰᠢᠭᠯᠠᠯᠲᠠ ᠶᠢᠨ ᠲᠣᠪᠴᠢᠶ᠎ᠠ ᠶᠢᠨ ᠬᠢᠩᠭᠠᠨ ᠠᠶᠢᠮᠠᠭ ᠤᠨ ᠡᠳ᠋ ᠤᠨ ᠵᠠᠰᠠᠭ ᠤᠨ ᠲᠣᠪᠴᠢᠶ᠎ᠠ ᠶᠢᠨ ︽ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ  ᠭᠦᠢᠯᠡᠷ ᠭᠤᠣᠯ ᠤᠨ ᠳᠤᠮᠳᠠ ᠬᠡᠯᠪᠡᠷᠢ ᠶᠢᠨ ᠤᠰᠤᠯᠠᠯᠲᠠ ᠶᠢᠨ ᠣᠷᠣᠨ ᠤ 2017 ᠣᠨ ᠤ ᠤᠰᠤ ᠠᠷᠪᠢᠯᠠᠬᠤ ᠢᠵᠢ ᠪᠦᠷᠢᠳᠦᠭᠦᠯᠬᠦ ᠥᠭᠡᠷᠡᠴᠢᠯᠡᠯᠲᠡ ᠶᠢᠨ ᠲᠥᠷᠥᠯ ᠵᠦᠢᠯ ᠤᠨ ᠵᠢᠷᠤᠭ ᠲᠥᠯᠥᠪᠯᠡᠭᠡ ᠶᠢ ᠬᠤᠪᠢᠷᠠᠭᠤᠯᠬᠤ ᠮᠡᠳᠡᠭᠦᠯᠦᠯᠲᠡ ᠶᠢᠨ ᠲᠤᠬᠠᠢ ᠴᠣᠬᠤᠯᠠᠪᠤᠷᠢ︾᠃4. ᠤᠰᠤ ᠠᠷᠪᠢᠯᠠᠬᠤ ᠤᠬᠠᠭᠤᠯᠭ᠎ᠠ ᠬᠥᠮᠦᠵᠢᠯ ︵ᠨᠡᠶᠢᠲᠡ 1.5 ᠬᠤᠪᠢ᠂ ᠥᠪᠡᠷᠲᠡᠭᠡᠨ 1.5 ᠬᠤᠪᠢ ᠣᠯᠭᠤᠨ᠎ᠠ    ᠦᠰᠦᠭ ᠪᠢᠴᠢᠭ ᠤᠨ ᠲᠣᠳᠣᠷᠬᠠᠶᠢᠯᠠᠯᠲᠠ᠄ ︽ᠳᠡᠯᠡᠬᠡᠢ ᠶᠢᠨ ᠤᠰᠤᠨ ᠤ ᠡᠳᠦᠷ︾ ︽ᠳᠤᠮᠳᠠᠳᠤ ᠤᠯᠤᠰ ᠤᠨ ᠤᠰᠤᠨ ᠤ ᠭᠠᠷᠠᠭ︾  ᠤᠨ  ᠡᠮᠦᠨᠡᠲᠦ ᠬᠤᠰᠢᠭᠤᠨ ᠤ ᠨᠢᠭᠡ ᠪᠠᠭ᠎ᠠ ᠬᠡᠮᠵᠢᠶᠡᠨ ᠤ ᠤᠰᠤ ᠠᠷᠪᠢᠯᠠᠬᠤ ᠤᠬᠠᠭᠤᠯᠭ᠎ᠠ᠃ ᠲᠤᠯᠭᠠᠭᠤᠷᠢᠯᠠᠬᠤ ᠮᠠᠲ᠋ᠧᠷᠢᠶᠠᠯ᠄ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠤᠰᠤᠨ ᠠᠰᠢᠭᠯᠠᠯᠲᠠ ᠶᠢᠨ ᠲᠣᠪᠴᠢᠶ᠎ᠠ ᠶᠢᠨ ︽ᠳᠡᠯᠡᠬᠡᠢ ᠶᠢᠨ ᠤᠰᠤᠨ ᠤ ᠡᠳᠦᠷ︾ ︽ᠳᠤᠮᠳᠠᠳᠤ ᠤᠯᠤᠰ ᠤᠨ ᠤᠰᠤᠨ ᠤ ᠭᠠᠷᠠᠭ︾ ᠤᠨ ᠤᠬᠠᠭᠤᠯᠭ᠎ᠠ ᠶᠢᠨ ᠬᠠᠭᠤᠳᠠᠰᠤ ᠶᠢᠨ ᠤᠬᠠᠭᠤᠯᠭ᠎ᠠ ᠶᠢᠨ ᠵᠢᠷᠤᠭ ᠵᠡᠷᠭᠡ ᠮᠠᠲ᠋ᠧᠷᠢᠶᠠᠯ᠃    ︵ᠳᠥᠷᠪᠡ︶ ᠤᠰᠤᠨ ᠤ ᠡᠬᠢ ᠪᠠᠶᠠᠯᠢᠭ᠂ ᠤᠰᠤᠨ ᠤ ᠠᠮᠢ ᠠᠬᠤᠢ ᠶᠢᠨ ᠬᠠᠮᠠᠭᠠᠯᠠᠯᠲᠠ ︵ᠨᠡᠶᠢᠲᠡ 2 ᠬᠤᠪᠢ᠂ ᠥᠪᠡᠷᠲᠡᠭᠡᠨ 2 ᠬᠤᠪᠢ ᠣᠯᠭᠤᠨ᠎ᠠ︶ 1. ᠴᠢᠬᠤᠯᠠ ᠤᠤᠭᠤᠬᠤ ᠤᠰᠤᠨ ᠤ ᠡᠬᠢ ᠰᠤᠷᠪᠤᠯᠵᠢ ᠶᠢᠨ ᠬᠠᠮᠠᠭᠠᠯᠠᠯᠲᠠ ︵ᠨᠡᠶᠢᠲᠡ 1 ᠬᠤᠪᠢ᠂ ᠥᠪᠡᠷᠲᠡᠭᠡᠨ 1 ᠬᠤᠪᠢ ᠣᠯᠭᠤᠨ᠎ᠠ︶ ᠦᠰᠦᠭ ᠪᠢᠴᠢᠭ ᠤᠨ ᠲᠣᠳᠣᠷᠬᠠᠶᠢᠯᠠᠯᠲᠠ᠄ ᠠᠶᠢᠮᠠᠭ ᠤᠨ ᠠᠮᠢ ᠠᠬᠤᠢ ᠶᠢᠨ ᠣᠷᠴᠢᠨ ᠲᠣᠭᠤᠷᠢᠨ ᠤ ᠲᠣᠪᠴᠢᠶ᠎ᠠ ᠶᠢᠨ ᠮᠠᠲ᠋ᠧᠷᠢᠶᠠᠯ ᠢ ᠦᠨᠳᠦᠰᠦᠯᠡᠪᠡᠯ᠂ ᠴᠢᠬᠤᠯᠠ ᠤᠤᠭᠤᠬᠤ ᠤᠰᠤᠨ ᠤ ᠡᠬᠢ ᠰᠤᠷᠪᠤᠯᠵᠢ ᠶᠢᠨ ᠬᠠᠮᠠᠭᠠᠯᠠᠯᠲᠠ ᠨᠢᠭᠡᠨᠲᠡ ᠳᠠᠭᠤᠰᠴᠠᠢ᠃ ᠲᠤᠯᠭᠠᠭᠤᠷᠢᠯᠠᠬᠤ ᠮᠠᠲ᠋ᠧᠷᠢᠶᠠᠯ᠄ ᠠᠶᠢᠮᠠᠭ ᠤᠨ ᠠᠮᠢ ᠠᠬᠤᠢ ᠣᠷᠴᠢᠨ ᠲᠣᠭᠤᠷᠢᠨ ᠤ ᠲᠣᠪᠴᠢᠶ᠎ᠠ ᠶᠢᠨ ᠤᠰᠤᠨ ᠤ ᠴᠢᠨᠠᠷ ᠢ ᠬᠢᠨᠠᠨ ᠬᠡᠮᠵᠢᠭᠰᠡᠨ ᠲᠤᠭ᠎ᠠ ᠪᠠᠷᠢᠮᠲᠠ᠃ 2. ᠤᠰᠤᠨ ᠠᠰᠢᠭᠯᠠᠯᠲᠠ ᠶᠢᠨ ᠢᠨᠵᠧᠨᠧᠷᠢᠩ ᠤᠨ ᠠᠮᠢ ᠠᠬᠤᠢ ᠶᠢᠨ ᠤᠷᠤᠰᠬᠠᠯ ᠤᠨ ᠬᠡᠮᠵᠢᠶ᠎ᠡ ︵ᠤᠰᠤᠨ ᠤ ᠬᠡᠮᠵᠢᠶ᠎ᠡ︶ ᠶᠢ ᠬᠠᠮᠢᠶᠠᠷᠤᠨ ᠡᠵᠡᠮᠳᠡᠨ᠎ᠡ ︵ᠨᠡᠶᠢᠲᠡ 1 ᠬᠤᠪᠢ᠂ ᠥᠪᠡᠰᠦᠪᠡᠨ ᠬᠤᠪᠢ ᠣᠯᠭᠤᠬᠤ 1 ᠬᠤᠪᠢ︶ ᠦᠰᠦᠭ ᠪᠢᠴᠢᠭ ᠢᠶᠠᠷ ᠲᠣᠳᠣᠷᠬᠠᠶᠢᠯᠠᠭᠰᠠᠨ ᠨᠢ᠄ 5 ᠤᠰᠤᠨ ᠴᠥᠭᠦᠷᠥᠮ ᠳᠤ ᠴᠥᠮ ᠨᠢᠭᠡᠨᠲᠡ ᠴᠣᠬᠤᠯᠠᠪᠤᠷᠢᠯᠠᠭᠰᠠᠨ ᠠᠮᠢ ᠠᠬᠤᠢ ᠶᠢᠨ ᠤᠷᠤᠰᠬᠠᠯ ᠤᠨ ᠬᠡᠮᠵᠢᠶ᠎ᠡ ︵ᠤᠰᠤᠨ ᠤ ᠬᠡᠮᠵᠢᠶ᠎ᠡ︶ ᠶᠢ ᠬᠠᠮᠢᠶᠠᠷᠤᠨ ᠡᠵᠡᠮᠳᠡᠬᠦ ᠬᠠᠷᠠᠯᠲᠠ ᠶᠢᠨ ᠶᠣᠰᠣᠭᠠᠷ ᠠᠮᠢ ᠠᠬᠤᠢ ᠶᠢᠨ ᠤᠷᠤᠰᠬᠠᠯ ᠤᠨ ᠬᠡᠮᠵᠢᠶ᠎ᠡ ︵ᠤᠰᠤᠨ ᠤ ᠬᠡᠮᠵᠢᠶ᠎ᠡ︶ ᠶᠢ ᠳᠣᠷᠣᠭᠰᠢ ᠭᠠᠷᠭᠠᠪᠠ᠃ ︵ᠲᠠᠪᠤ︶ ᠬᠥᠳᠡᠭᠡ ᠲᠣᠰᠬᠤᠨ ᠤ ᠤᠰᠤ ᠬᠠᠩᠭᠠᠬᠤ ᠪᠠᠲᠤᠯᠠᠭ᠎ᠠ ᠳᠤ ︵ᠨᠡᠶᠢᠲᠡ 6 ᠬᠤᠪᠢ᠂ ᠥᠪᠡᠷᠲᠡᠭᠡᠨ 6 ᠬᠤᠪᠢ ᠣᠯᠭᠤᠨ᠎ᠠ︶ 1. ᠬᠥᠳᠡᠭᠡ ᠲᠣᠰᠬᠤᠨ ᠤ ᠤᠰᠤ ᠬᠠᠩᠭᠠᠬᠤ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠡᠭᠦᠷᠭᠡ ᠶᠢ ᠪᠡᠶᠡᠯᠡᠭᠦᠯᠦᠭᠰᠡᠨ ᠪᠠᠶᠢᠳᠠᠯ ︵ᠨᠡᠶᠢᠲᠡ 1 ᠬᠤᠪᠢ᠂ ᠥᠪᠡᠷᠲᠡᠭᠡᠨ 1 ᠬᠤᠪᠢ ᠥᠭᠭᠦᠨ᠎ᠡ︶ ᠦᠰᠦᠭ ᠪᠢᠴᠢᠭ ᠤᠨ ᠲᠣᠳᠣᠷᠬᠠᠶᠢᠯᠠᠯᠲᠠ᠄ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ ᠣᠨ ᠤ ᠬᠠᠷᠠᠯᠲᠠ ᠶᠢᠨ ᠡᠭᠦᠷᠭᠡ ᠪᠠᠨ ᠲᠣᠭᠲᠠᠭᠰᠠᠨ ᠴᠠᠭ ᠲᠠᠭᠠᠨ ᠪᠡᠶᠡᠯᠡᠭᠦᠯᠦᠨ᠎ᠡ︔ 2022 ᠣᠨ ᠤ 10 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ 2021 ᠣᠨ ᠤ ᠮᠠᠯᠵᠢᠬᠤ ᠲᠠᠷᠢᠶᠠᠯᠠᠬᠤ ᠣᠷᠣᠨ ᠤ ᠤᠰᠤ ᠬᠠᠩᠭᠠᠬᠤ ᠶᠢ ᠪᠠᠲᠤᠯᠠᠬᠤ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠡᠭᠦᠷᠭᠡ ᠶᠢ ᠪᠡᠶᠡᠯᠡᠭᠦᠯᠦᠨ᠎ᠡ ᠲᠤᠯᠭᠠᠭᠤᠷᠢᠯᠠᠬᠤ ᠮᠠᠲ᠋ᠧᠷᠢᠶᠠᠯ᠄ 2021 ᠣᠨ ᠤ ᠮᠠᠯᠵᠢᠬᠤ ᠲᠠᠷᠢᠶᠠᠯᠠᠬᠤ ᠣᠷᠣᠨ ᠤ ᠤᠰᠤ ᠬᠠᠩᠭᠠᠬᠤ ᠪᠠᠲᠤᠯᠠᠭ᠎ᠠ ᠶᠢᠨ ᠢᠨᠵᠧᠨᠧᠷᠢᠩ ᠤᠨ ᠨᠢᠭᠡᠴᠡ ᠶᠢᠨ ᠢᠨᠵᠧᠨᠧᠷᠢᠩ ᠢ ᠰᠢᠯᠭᠠᠨ ᠠᠪᠤᠭᠰᠠᠨ ᠪᠢᠴᠢᠭ᠃ 2. ᠬᠥᠳᠡᠭᠡ ᠲᠣᠰᠬᠤᠨ ᠤ ᠤᠰᠤ ᠬᠠᠩᠭᠠᠬᠤ ᠢᠨᠵᠧᠨᠧᠷᠢᠩ ᠤᠨ ᠰᠡᠯᠪᠢᠨ ᠵᠠᠰᠠᠵᠤ ᠠᠷᠠᠴᠢᠯᠠᠨ ᠬᠠᠮᠠᠭᠠᠯᠠᠬᠤ ᠡᠭᠦᠷᠭᠡ ᠶᠢ ᠪᠡᠶᠡᠯᠡᠭᠦᠯᠦᠭᠰᠡᠨ ᠪᠠᠶᠢᠳᠠᠯ ︵ᠨᠡᠶᠢᠲᠡ 1 ᠬᠤᠪᠢ᠂ ᠥᠪᠡᠷᠲᠡᠭᠡᠨ 1 ᠬᠤᠪᠢ ᠥᠭᠭᠦᠨ᠎ᠡ︶ ᠦᠰᠦᠭ ᠪᠢᠴᠢᠭ ᠤᠨ ᠲᠣᠳᠣᠷᠬᠠᠶᠢᠯᠠᠯᠲᠠ᠄ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ ᠣᠨ ᠤ ᠬᠠᠷᠠᠯᠲᠠ ᠶᠢᠨ ᠡᠭᠦᠷᠭᠡ ᠪᠠᠨ ᠲᠣᠭᠲᠠᠭᠰᠠᠨ ᠴᠠᠭ ᠲᠠᠭᠠᠨ ᠪᠡᠶᠡᠯᠡᠭᠦᠯᠵᠦ᠂ 2022 ᠣᠨ ᠤ 12 ᠰᠠᠷ᠎ᠠ ᠶᠢᠨ ᠰᠡᠭᠦᠯᠴᠢ ᠠᠴᠠ ᠡᠮᠦᠨ᠎ᠡ 2022 ᠣᠨ ᠤ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠮᠠᠯᠵᠢᠬᠤ ᠲᠠᠷᠢᠶᠠᠯᠠᠬᠤ ᠣᠷᠣᠨ ᠤ ᠲᠥᠪᠯᠡᠷᠡᠭᠦᠯᠦᠨ ᠤᠰᠤ ᠬᠠᠩᠭᠠᠵᠤ ᠰᠡᠯᠪᠢᠨ ᠵᠠᠰᠠᠵᠤ ᠠᠷᠠᠴᠢᠯᠠᠨ ᠬᠠᠮᠠᠭᠠᠯᠠᠬᠤ ᠢᠨᠵᠧᠨᠧᠷᠢᠩ ᠢ ᠪᠡᠶᠡᠯᠡᠭᠦᠯᠦᠨ᠎ᠡ᠃ ᠲᠤᠯᠭᠠᠭᠤᠷᠢᠯᠠᠬᠤ ᠮᠠᠲ᠋ᠧᠷᠢᠶᠠᠯ᠄ 2022 ᠣᠨ ᠤ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠮᠠᠯᠵᠢᠬᠤ ᠲᠠᠷᠢᠶᠠᠯᠠᠬᠤ ᠣᠷᠣᠨ ᠤ ᠲᠥᠪᠯᠡᠷᠡᠭᠦᠯᠦᠨ ᠤᠰᠤ ᠬᠠᠩᠭᠠᠵᠤ ᠰᠡᠯᠪᠢᠨ ᠵᠠᠰᠠᠵᠤ ᠠᠷᠠᠴᠢᠯᠠᠨ ᠬᠠᠮᠠᠭᠠᠯᠠᠬᠤ ᠢᠨᠵᠧᠨᠧᠷᠢᠩ ᠤᠨ ᠨᠢᠭᠡᠴᠡ ᠶᠢᠨ ᠢᠨᠵᠧᠨᠧᠷᠢᠩ ᠢ ᠰᠢᠯᠭᠠᠨ ᠠᠪᠤᠭᠰᠠᠨ ᠪᠢᠴᠢᠭ᠃ 3. ᠬᠥᠳᠡᠭᠡ ᠲᠣᠰᠬᠤᠨ ᠤ ᠲᠥᠪᠯᠡᠷᠡᠭᠦᠯᠦᠨ ᠤᠰᠤ ᠬᠠᠩᠭᠠᠬᠤ ᠢᠨᠵᠧᠨᠧᠷᠢᠩ ᠤᠨ ᠤᠰᠤᠨ ᠤ ᠰᠦᠢᠳᠬᠡᠯ ᠢ ᠬᠤᠷᠢᠶᠠᠨ ᠲᠤᠰᠢᠶᠠᠬᠤ ᠡᠭᠦᠷᠭᠡ ᠶᠢ ᠪᠡᠶᠡᠯᠡᠭᠦᠯᠦᠭᠰᠡᠨ ᠪᠠᠶᠢᠳᠠᠯ ︵ᠨᠡᠶᠢᠲᠡ 1 ᠬᠤᠪᠢ᠂ ᠥᠪᠡᠷᠲᠡᠭᠡᠨ 1 ᠬᠤᠪᠢ ᠥᠭᠭᠦᠨ᠎ᠡ︶ ᠦᠰᠦᠭ ᠪᠢᠴᠢᠭ ᠢᠶᠠᠷ ᠲᠣᠳᠣᠷᠬᠠᠶᠢᠯᠠᠭᠰᠠᠨ ᠨᠢ᠄ ᠪᠦᠭᠦ ᠬᠤᠰᠢᠭᠤᠨ ᠤ ᠮᠠᠯᠵᠢᠬᠤ ᠲᠠᠷᠢᠶᠠᠯᠠᠬᠤ ᠣᠷᠣᠨ ᠤ ᠤᠰᠤ ᠤᠮᠳᠠ ᠶᠢᠨ ᠠᠮᠤᠷ ᠲᠦᠪᠰᠢᠨ ᠤ ᠲᠥᠪᠯᠡᠷᠡᠭᠦᠯᠦᠨ ᠤᠰᠤ ᠬᠠᠩᠭᠠᠬᠤ ᠢᠨᠵᠧᠨᠧᠷᠢᠩ ᠢ 54 ᠬᠡᠪ ᠢᠶᠠᠷ ᠠᠵᠢᠯᠯᠠᠭᠤᠯᠵᠤ᠂ ᠡᠭᠦᠨ ᠳᠤ 23 ᠲᠥᠪᠯᠡᠷᠡᠭᠦᠯᠦᠨ ᠤᠰᠤ ᠬᠠᠩᠭᠠᠬᠤ ᠢᠨᠵᠧᠨᠧᠷᠢᠩ ᠠᠴᠠ ᠤᠰᠤᠨ ᠤ ᠰᠦᠢᠳᠬᠡᠯ ᠬᠤᠷᠢᠶᠠᠵᠤ᠂ ᠤᠰᠤᠨ ᠤ ᠰᠦᠢᠳᠬᠡᠯ ᠢ ᠬᠡᠪ ᠤᠨ ᠶᠣᠰᠣᠭᠠᠷ ᠬᠤᠷᠢᠶᠠᠵᠤ᠂ 31 ᠲᠥᠪᠯᠡᠷᠡᠭᠦᠯᠦᠨ ᠤᠰᠤ ᠬᠠᠩᠭᠠᠬᠤ ᠢᠨᠵᠧᠨᠧᠷᠢᠩ ᠤᠨ ᠲᠣᠰᠬᠤᠨ ᠠᠴᠠ ᠤᠰᠤ ᠬᠠᠩᠭᠠᠬᠤ ᠰᠦᠢᠳᠬᠡᠯ ᠢ ᠡᠭᠦᠷᠭᠡᠯᠡᠨ᠎ᠡ᠃ ᠤᠰᠤᠨ ᠤ ᠰᠦᠢᠳᠬᠡᠯ ᠬᠤᠷᠢᠶᠠᠬᠤ ᠨᠣᠷᠮ᠎ᠠ 95% ᠪᠣᠯᠣᠨ᠎ᠠ᠃ ᠨᠢᠭᠤᠴᠠ ᠪᠠᠷ ᠰᠤᠷᠪᠤᠯᠵᠢᠯᠠᠬᠤ ᠳᠤ ᠤᠰᠤᠨ ᠤ ᠰᠦᠢᠳᠬᠡᠯ ᠬᠤᠷᠢᠶᠠᠭᠰᠠᠨ ᠦᠭᠡᠢ ᠤᠰᠤ ᠬᠠᠩᠭᠠᠬᠤ ᠢᠨᠵᠧᠨᠧᠷᠢᠩ ᠢ ᠣᠯᠵᠤ ᠮᠡᠳᠡᠭᠰᠡᠨ ᠦᠭᠡᠢ᠃ ᠲᠤᠯᠭᠠᠭᠤᠷᠢᠯᠠᠬᠤ ᠮᠠᠲ᠋ᠧᠷᠢᠶᠠᠯ᠄ ᠬᠥᠳᠡᠭᠡ ᠲᠣᠰᠬᠤᠨ ᠤ ᠲᠥᠪᠯᠡᠷᠡᠭᠦᠯᠦᠨ ᠤᠰᠤ ᠬᠠᠩᠭᠠᠬᠤ ᠢᠨᠵᠧᠨᠧᠷᠢᠩ ᠤᠨ ᠤᠰᠤᠨ ᠤ ᠰᠦᠢᠳᠬᠡᠯ ᠢ ᠬᠤᠷᠢᠶᠠᠨ ᠲᠤᠰᠢᠶᠠᠬᠤ ᠡᠭᠦᠷᠭᠡ ᠶᠢ ᠪᠡᠶᠡᠯᠡᠭᠦᠯᠦᠭᠰᠡᠨ ᠪᠠᠶᠢᠳᠠᠯ ᠤᠨ ᠪᠦᠷᠢᠳᠬᠡᠯ ᠤᠨ ᠬᠦᠰᠦᠨᠦᠭᠲᠦ᠃ 4. ᠬᠥᠳᠡᠭᠡ ᠲᠣᠰᠬᠤᠨ ᠤ ᠬᠠᠩᠭᠠᠬᠤ ᠤᠰᠤᠨ ᠤ ᠬᠡᠮᠵᠢᠶ᠎ᠡ ᠤᠰᠤᠨ ᠤ ᠴᠢᠨᠠᠷ ᠤᠨ ᠪᠠᠲᠤᠯᠠᠭ᠎ᠠ ᠶᠢᠨ ᠪᠠᠶᠢᠳᠠᠯ ︵ᠨᠡᠶᠢᠲᠡ 1 ᠬᠤᠪᠢ᠂ ᠥᠪᠡᠷᠲᠡᠭᠡᠨ 1 ᠬᠤᠪᠢ ᠥᠭᠭᠦᠨ᠎ᠡ︶ ᠦᠰᠦᠭ ᠪᠢᠴᠢᠭ ᠤᠨ ᠲᠣᠳᠣᠷᠬᠠᠶᠢᠯᠠᠯᠲᠠ᠄ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠬᠥᠳᠡᠭᠡ ᠲᠣᠰᠬᠤᠨ ᠤ ᠬᠠᠩᠭᠠᠬᠤ ᠤᠰᠤᠨ ᠤ ᠬᠡᠮᠵᠢᠶ᠎ᠡ ᠪᠠᠲᠤᠯᠠᠭ᠎ᠠ ᠲᠠᠢ ᠪᠣᠯᠵᠤ᠂ ᠤᠰᠤᠨ ᠤ ᠴᠢᠨᠠᠷ ᠪᠠᠷᠢᠮᠵᠢᠶ᠎ᠠ ᠳᠤ ᠬᠦᠢᠷᠴᠠᠢ᠃ 228 ᠵᠠᠰᠠᠭ ᠵᠠᠬᠢᠷᠭᠠᠨ ᠤ ᠲᠣᠰᠬᠤᠨ ᠤ 649 ᠤᠰᠦᠠ ᠤ ᠤᠶᠢᠯᠢᠭᠡᠷ ᠤᠰᠦᠠ ᠤ ᠴᠢᠨᠠᠷ ᠨᠢ ᠴᠥᠮ ᠠᠮᠢᠳᠤᠷᠠᠯ ᠤᠨ ᠤᠤᠭᠤᠬᠤ ᠤᠰᠦᠠ ᠤ ᠠᠷᠢᠭᠤᠨ ᠴᠡᠪᠡᠷ ᠤᠨ ᠪᠠᠷᠢᠮᠵᠢᠶ᠎ᠠ ᠳᠤ ᠨᠡᠶᠢᠴᠡᠵᠦ ᠪᠠᠶᠢᠨ᠎ᠠ᠃ ᠲᠤᠯᠭᠠᠭᠤᠷᠢᠯᠠᠬᠤ ᠮᠠᠲ᠋ᠧᠷᠢᠶᠠᠯ᠄ ᠬᠥᠳᠡᠭᠡ ᠲᠣᠰᠬᠤᠨ ᠤ ᠬᠠᠩᠭᠠᠬᠤ ᠤᠰᠤᠨ ᠤ ᠴᠢᠨᠠᠷ ᠢ ᠪᠠᠶᠢᠴᠠᠭᠠᠨ ᠬᠡᠮᠵᠢᠭᠰᠡᠨ ᠮᠡᠳᠡᠭᠦᠯᠦᠯᠲᠡ᠃ 5. ᠬᠥᠳᠡᠭᠡ ᠲᠣᠰᠬᠤᠨ ᠤ ᠤᠰᠤᠨ ᠤ ᠬᠠᠩᠭᠠᠯᠭ᠎ᠠ ᠳᠤ ᠠᠰᠠᠭᠤᠳᠠᠯ ᠭᠠᠷᠤᠭᠰᠠᠨ ᠵᠢᠴᠢ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ︵ᠨᠡᠶᠢᠲᠡ 2 ᠬᠤᠪᠢ᠂ ᠥᠪᠡᠷᠲᠡᠭᠡᠨ 2 ᠬᠤᠪᠢ ᠣᠯᠭᠤᠨ᠎ᠠ︶ ᠦᠰᠦᠭ ᠪᠢᠴᠢᠭ ᠤᠨ ᠲᠣᠳᠣᠷᠬᠠᠶᠢᠯᠠᠯᠲᠠ᠄ ᠬᠥᠳᠡᠭᠡ ᠲᠣᠰᠬᠤᠨ ᠤ ᠤᠰᠤ ᠬᠠᠩᠭᠠᠬᠤ ᠳᠤ ᠤᠤᠭᠤᠬᠤ ᠤᠰᠤᠨ ᠤ ᠠᠽᠣᠲ ᠬᠦᠴᠢᠯ ᠤᠨ ᠳᠠᠪᠤᠰᠤᠨ ᠤ ᠠᠽᠣᠲ ᠪᠠᠷᠢᠮᠵᠢᠶ᠎ᠠ ᠠᠴᠠ ᠬᠡᠲᠦᠷᠡᠭᠰᠡᠨ᠂ ᠪᠦᠳᠦᠭᠦᠨ ᠭᠡᠳᠡᠰᠦᠨ ᠤ ᠰᠠᠪᠬᠠᠨᠴᠢᠷ ᠪᠠᠺᠲ᠋ᠧᠷᠢ ᠪᠠᠷᠢᠮᠵᠢᠶ᠎ᠠ ᠠᠴᠠ ᠬᠡᠲᠦᠷᠡᠭᠰᠡᠨ᠂ ᠤᠰᠤᠨ ᠤ ᠴᠢᠨᠠᠷ ᠣᠲᠣ ᠨᠢᠭᠡᠨᠲᠡ 464 ᠡᠷᠦᠬᠡ ᠶᠢᠨ ᠤᠤᠭᠤᠬᠤ ᠤᠰᠤᠨ ᠤ ᠠᠮᠤᠷ ᠲᠦᠪᠰᠢᠨ ᠤ ᠠᠰᠠᠭᠤᠳᠠᠯ ᠢ ᠰᠢᠢᠳᠪᠦᠷᠢᠯᠡᠪᠡ᠃ ᠲᠤᠯᠭᠠᠭᠤᠷᠢᠯᠠᠬᠤ ᠮᠠᠲ᠋ᠧᠷᠢᠶᠠᠯ᠄ ᠭᠠᠭᠴᠠ ᠡᠷᠦᠬᠡ ᠶᠢᠨ ᠤᠰᠤ ᠴᠡᠪᠡᠷᠰᠢᠭᠦᠯᠬᠦ ᠲᠥᠬᠦᠭᠡᠷᠦᠮᠵᠢ ᠶᠢ ᠤᠭᠰᠠᠷᠠᠬᠤ ᠳᠤ ᠭᠠᠷ ᠤᠨ ᠥᠰᠥᠭ ᠵᠢᠷᠤᠭᠰᠠᠨ ᠬᠠᠭᠤᠳᠠᠰᠤ᠃ 6. ᠬᠥᠳᠡᠭᠡ ᠲᠣᠰᠬᠤᠨ ᠤ ᠤᠰᠤ ᠬᠠᠩᠭᠠᠬᠤ ᠠᠵᠢᠯ ᠰᠢᠨ᠎ᠡ ᠡᠭᠦᠳᠦᠯᠲᠡ ᠲᠠᠢ ᠪᠣᠯᠵᠤ᠂ ᠢᠯᠡᠳᠲᠡ ᠦᠷ᠎ᠡ ᠪᠦᠲᠦᠮᠵᠢ ᠣᠯᠪᠠ ᠦᠰᠦᠭ ᠪᠢᠴᠢᠭ ᠤᠨ ᠲᠣᠳᠣᠷᠬᠠᠶᠢᠯᠠᠯᠲᠠ᠄ 2022 ᠣᠨ ᠳᠤ᠂ ᠮᠠᠨ ᠤ ᠬᠤᠰᠢᠭᠤ ᠳᠦᠷᠦ ᠶᠢᠨ ᠶᠠᠪᠤᠳᠠᠯ ᠤᠨ ᠬᠤᠷᠢᠶ᠎ᠠ ᠵᠢᠴᠢ ᠤᠰᠤᠨ ᠠᠰᠢᠭᠯᠠᠯᠲᠠ ᠶᠢᠨ ᠶᠠᠮᠤᠨ ᠤ ᠮᠡᠳᠡᠭᠳᠡᠯ ᠢ ᠣᠯᠣᠭᠰᠠᠨ ᠦᠭᠡᠢ᠂ ᠵᠣᠷᠢᠭᠵᠢᠭᠤᠯᠤᠯ ᠤᠨ ᠬᠥᠬᠢᠭᠦᠯᠦᠯ ᠢ ᠣᠯᠣᠭᠰᠠᠨ ᠦᠭᠡᠢ᠃ ︵ᠵᠢᠷᠭᠤᠭ᠎ᠠ︶ ᠭᠤᠣᠯ ᠮᠥᠷᠡᠨ ᠨᠠᠭᠤᠷ ᠴᠥᠭᠦᠷᠥᠮ ᠤᠨ ᠬᠠᠮᠢᠶᠠᠷᠤᠯᠲᠠ ᠳᠤ ︵ᠨᠡᠶᠢᠲᠡ 9   ᠬᠤᠪᠢ᠂ ᠥᠪᠡᠷᠲᠡᠭᠡᠨ 9 ᠬᠤᠪᠢ ᠥᠭᠭᠦᠨ᠎ᠡ︶ 1. ᠭᠤᠣᠯ ᠮᠥᠷᠡᠨ ᠨᠠᠭᠤᠷ ᠴᠥᠭᠦᠷᠥᠮ ᠤᠨ ᠬᠠᠮᠢᠶᠠᠷᠤᠯᠲᠠ ᠬᠠᠮᠠᠭᠠᠯᠠᠯᠲᠠ ᠶᠢᠨ ᠦᠷ᠎ᠡ ᠪᠦᠲᠦᠮᠵᠢ ︵ᠨᠡᠶᠢᠲᠡ 3 ᠬᠤᠪᠢ᠂ ᠥᠪᠡᠷᠲᠡᠭᠡᠨ 3 ᠬᠤᠪᠢ ᠣᠯᠭᠤᠨ᠎ᠠ︶    ᠦᠰᠦᠭ ᠪᠢᠴᠢᠭ ᠤᠨ ᠲᠣᠳᠣᠷᠬᠠᠶᠢᠯᠠᠯᠲᠠ᠄ 2022 ᠣᠨ ᠤ ︽ᠬᠠᠪᠤᠷ ᠤᠨ ᠤᠯᠠᠷᠢᠯ︾᠂ ︽ᠨᠠᠮᠤᠷ ᠤᠨ ᠤᠯᠠᠷᠢᠯ︾ ᠤᠨ ᠲᠤᠰᠬᠠᠢ ᠠᠵᠢᠯᠯᠠᠭ᠎ᠠ ᠶᠢ ᠪᠡᠶᠡᠯᠡᠭᠦᠯᠵᠦ᠂ ᠭᠤᠣᠯ ᠮᠥᠷᠡᠨ ᠨᠠᠭᠤᠷ ᠴᠥᠭᠦᠷᠥᠮ ᠤᠨ︽ᠲᠦᠷᠪᠡᠨ ᠳᠤᠷ᠎ᠠ ᠪᠠᠷ ᠢᠶᠠᠨ︾ ᠤ 52 ᠠᠰᠠᠭᠤᠳᠠᠯ ᠢ ᠴᠡᠭᠴᠡᠯᠡᠨ ᠵᠠᠰᠠᠵᠤ ᠳᠠᠭᠤᠰᠬᠠᠪᠠ︔ ᠡᠯᠡᠰᠦ ᠮᠠᠯᠲᠠᠬᠤ ᠬᠠᠮᠢᠶᠠᠷᠤᠯᠲᠠ ᠶᠢᠨ ᠡᠭᠦᠷᠭᠡ ᠦᠭᠡᠢ ︔ ᠭᠤᠣᠯ ᠨᠠᠭᠤᠷ ᠟ᠣᠨ ᠡᠷᠭᠢ ᠶᠢᠨ ᠱᠤᠭᠤᠮ ᠢ ᠬᠠᠮᠠᠭᠠᠯᠠᠬᠤ ᠪᠠ ᠠᠰᠢᠭᠯᠠᠬᠤ ᠲᠥᠯᠦᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠥᠪᠡᠷᠲᠡᠭᠡᠨ ᠵᠠᠰᠠᠬᠤ ᠣᠷᠣᠨ ᠤ ᠣᠨ ᠤ  ᠠᠵᠢᠯ  ᠤᠨ ᠡᠭᠦᠷᠭᠡ ᠶᠢ ᠨᠢᠭᠡᠨᠲᠡ ᠪᠡᠶᠡᠯᠡᠭᠦᠯᠪᠡ᠃    ᠲᠤᠯᠭᠠᠭᠤᠷᠢᠯᠠᠬᠤ ᠮᠠᠲ᠋ᠧᠷᠢᠶᠠᠯ᠄ ︽︿ᠬᠢᠩᠭᠠᠨ ᠠᠶᠢᠮᠠᠭ ᠤᠨ 2022 ᠣᠨ ᠤ ᠭᠤᠣᠯ ᠮᠥᠷᠡᠨ ᠨᠠᠭᠤᠷ ᠴᠥᠭᠦᠷᠥᠮ ᠤᠨ ᠬᠠᠮᠢᠶᠠᠷᠤᠯᠲᠠ ᠬᠠᠮᠠᠭᠠᠯᠠᠯᠲᠠ ᠶᠢᠨ ︿ᠨᠠᠮᠤᠷ ᠤᠨ ᠤᠯᠠᠷᠢᠯ﹀ ᠤᠨ ᠠᠵᠢᠯᠯᠠᠭᠠᠨ ᠤ ᠲᠥᠰᠥᠯ︾ ᠢ ᠳᠠᠷᠤᠮᠠᠯᠯᠠᠨ ᠲᠠᠷᠬᠠᠭᠠᠬᠤ ᠲᠤᠬᠠᠢ ᠮᠡᠳᠡᠭᠳᠡᠯ︾ ︽2022 ᠣᠨ ᠤ ᠭᠤᠣᠯ ᠮᠥᠷᠡᠨ ᠨᠠᠭᠤᠷ ᠴᠥᠭᠦᠷᠥᠮ ᠤᠨ ᠬᠠᠮᠢᠶᠠᠷᠤᠯᠲᠠ ᠬᠠᠮᠠᠭᠠᠯᠠᠯᠲᠠ ᠶᠢᠨ ︿ᠬᠠᠪᠤᠷ ᠤᠨ ᠤᠯᠠᠷᠢᠯ﹀ ᠤᠨ ᠠᠵᠢᠯᠯᠠᠭᠠᠨ ᠤ ᠲᠥᠰᠥᠯ︾ ︽ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠭᠤᠣᠯ ᠮᠥᠷᠡᠨ ᠨᠠᠭᠤᠷ ᠴᠥᠭᠦᠷᠥᠮ ᠤᠨ ︿ᠳᠥᠷᠪᠡᠨ ᠰᠠᠮᠠᠭᠤᠷᠠᠯ ᠢ ᠠᠷᠢᠯᠭᠠᠬᠤ﹀ ᠠᠵᠢᠯᠯᠠᠭᠠᠨ ᠤ ᠪᠠᠶᠢᠩᠭᠤᠵᠢᠭᠰᠠᠨ ᠵᠢᠷᠤᠮᠵᠢᠭᠰᠠᠨ ᠡᠬᠡ ᠲᠠᠩᠰᠠ ︱ 2022︾᠃    2. ᠭᠤᠣᠯ ᠮᠥᠷᠡᠨ ᠤ ᠳᠠᠷᠤᠭ᠎ᠠ  ᠶᠢᠨ ᠨᠠᠭᠤᠷ ᠴᠥᠭᠦᠷᠥᠮ ᠤᠨ ᠳᠠᠷᠤᠭ᠎ᠠ  ᠶᠢᠨ ᠳᠦᠷᠢᠮ  ᠢ ᠬᠡᠷᠡᠭᠵᠢᠭᠦᠯᠬᠦ ᠠᠵᠢᠯ  ᠢ ᠲᠦᠯᠬᠢᠨ ᠠᠬᠢᠭᠤᠯᠬᠤ ᠡᠷᠴᠢᠮ ︵ᠨᠡᠶᠢᠲᠡ 4 ᠬᠤᠪᠢ᠂ ᠥᠪᠡᠷᠲᠡᠭᠡᠨ 4 ᠬᠤᠪᠢ ᠣᠯᠭᠤᠨ᠎ᠠ︶    ᠦᠰᠦᠭ ᠪᠢᠴᠢᠭ ᠤᠨ ᠲᠣᠳᠣᠷᠬᠠᠶᠢᠯᠠᠯᠲᠠ᠄ 2022 ᠣᠨ ᠳᠤ᠂ ᠬᠦᠨᠳᠦ ᠨᠣᠴᠢᠲᠠᠢ ᠵᠢᠴᠢ ᠲᠡᠭᠦᠨ ᠠᠴᠠ ᠳᠡᠭᠡᠭᠰᠢᠬᠢ ᠭᠤᠣᠯ ᠮᠥᠷᠡᠨ ᠨᠠᠭᠤᠷ ᠴᠥᠭᠦᠷᠥᠮ ᠤᠨ ᠲᠣᠪᠣᠶᠢᠮ᠎ᠠ ᠠᠰᠠᠭᠤᠳᠠᠯ ᠪᠠᠶᠢᠬᠤ ᠦᠭᠡᠢ︔ ᠰᠠᠯᠠᠭ᠎ᠠ ᠮᠥᠴᠢᠷ ᠤᠨ ᠬᠠᠮᠵᠢᠯᠴᠠᠬᠤ᠂ ᠬᠠᠮᠲᠤᠪᠠᠷ ᠡᠳ᠋ᠯᠡᠬᠦ᠂ ᠬᠤᠯᠪᠤᠭᠠᠯᠠᠨ ᠬᠥᠳᠡᠯᠦᠯᠴᠡᠬᠦ ᠲᠣᠭᠲᠠᠴᠠ ᠶᠢ ᠪᠠᠳᠠᠷᠠᠭᠤᠯᠵᠤ᠂ ᠭᠤᠣᠯ ᠮᠥᠷᠡᠨ ᠨᠠᠭᠤᠷ ᠴᠥᠭᠦᠷᠥᠮ ᠤᠨ ᠬᠢᠨᠠᠯᠲᠠ ᠬᠠᠮᠢᠶᠠᠷᠤᠯᠲᠠ ᠶᠢᠨ ᠠᠵᠢᠯ ᠢ ᠠᠬᠢᠭᠤᠯᠬᠤ ᠬᠡᠷᠡᠭᠲᠡᠢ︔ ᠭᠤᠣᠯ ᠨᠠᠭᠤᠷ ᠴᠥᠭᠦᠷᠥᠮ ᠤᠨ ᠳᠠᠷᠤᠭ᠎ᠠ ᠶᠢᠨ ᠳᠦᠷᠢᠮ ᠤᠨ ᠰᠢᠰᠲ᠋ᠧᠮ ᠤᠨ ᠪᠠᠶᠢᠭᠤᠯᠤᠯᠲᠠ ᠶᠢ ᠴᠢᠩᠭᠠᠳᠬᠠᠨ᠎ᠠ᠃    ᠲᠤᠯᠭᠠᠭᠤᠷᠢᠯᠠᠬᠤ ᠮᠠᠲ᠋ᠧᠷᠢᠶᠠᠯ᠄ ︽ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ︿ᠭᠤᠣᠯ ᠮᠥᠷᠡᠨ ᠨᠠᠭᠤᠷ ᠪᠦᠷᠢᠳᠦ ᠶᠢᠨ ᠳᠠᠷᠤᠭ᠎ᠠ + ᠪᠠᠶᠢᠴᠠᠭᠠᠬᠤ ᠳᠠᠷᠤᠭ᠎ᠠ + ᠴᠠᠭᠳᠠᠭᠠᠨ ᠤ ᠳᠠᠷᠤᠭ᠎ᠠ﹀ ᠬᠤᠯᠪᠤᠭᠠᠯᠠᠨ ᠬᠠᠮᠵᠢᠯᠴᠠᠬᠤ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠬᠤ ᠲᠤᠬᠠᠢ ᠬᠡᠷᠡᠭᠵᠢᠭᠦᠯᠬᠦ ᠰᠠᠨᠠᠯ︾᠃     3. ᠤᠰᠤᠨ ᠠᠰᠢᠭᠯᠠᠯᠲᠠ ᠶᠢᠨ ᠢᠨᠵᠧᠨᠧᠷᠢᠩ ᠤᠨ ᠠᠵᠢᠯᠯᠠᠭᠠᠨ ᠤ ᠬᠠᠮᠢᠶᠠᠷᠤᠯᠲᠠ ︵ᠨᠡᠶᠢᠲᠡ 2 ᠬᠤᠪᠢ᠂ ᠥᠪᠡᠷᠲᠡᠭᠡᠨ 2 ᠬᠤᠪᠢ ᠥᠭᠬᠦ︶    ᠦᠰᠦᠭ ᠪᠢᠴᠢᠭ ᠤᠨ ᠲᠣᠳᠣᠷᠬᠠᠶᠢᠯᠠᠯᠲᠠ᠄ ᠬᠠᠰᠢᠯᠭ᠎ᠠ ᠳᠠᠯᠠᠩ ᠤᠨ ᠤᠰᠤᠨ ᠬᠠᠭᠠᠯᠲᠠ ᠶᠢᠨ ᠪᠠᠶᠢᠴᠠᠭᠠᠯᠲᠠ ᠳᠤ ᠠᠰᠠᠭᠤᠳᠠᠯ ᠭᠠᠷᠤᠭᠰᠠᠨ ᠦᠭᠡᠢ᠃ ᠤᠰᠤᠨ ᠴᠥᠭᠦᠷᠥᠮ ᠤᠨ ᠪᠠᠢᠴᠠᠭᠠᠯᠲᠠ ᠶᠢᠨ ᠠᠰᠠᠭᠤᠳᠠᠯ ᠢ ᠨᠢᠭᠡᠨᠲᠡ ᠴᠡᠭᠴᠡᠯᠡᠨ ᠵᠠᠰᠠᠵᠤ ᠳᠠᠭᠤᠰᠬᠠᠪᠠ᠃    ᠲᠤᠯᠭᠠᠭᠤᠷᠢᠯᠠᠬᠤ ᠮᠠᠲ᠋ᠧᠷᠢᠶᠠᠯ᠄ ᠤᠰᠤᠨ ᠴᠥᠭᠦᠷᠥᠮ ᠤᠨ ᠦᠶᠡᠷ ᠪᠢᠯᠬᠠᠬᠤ ᠵᠠᠮ ᠵᠡᠷᠭᠡ ᠤᠰᠤᠨ ᠠᠰᠢᠭᠯᠠᠯᠲᠠ ᠶᠢᠨ ᠪᠡᠯᠡᠳᠬᠡᠮᠵᠢ ᠶᠢᠨ ᠦᠶᠡᠷ ᠠᠴᠠ ᠡᠮᠦᠨᠡᠬᠢ ᠪᠠᠶᠢᠴᠠᠭᠠᠯᠲᠠ ᠶᠢᠨ ᠬᠤᠷᠢᠶᠠᠩᠭᠤᠢ ᠬᠦᠰᠦᠨᠦᠭᠲᠦ᠂ ᠦᠶᠡᠷ ᠪᠢᠯᠬᠠᠬᠤ ᠵᠠᠮ ᠢ ᠴᠡᠭᠴᠡᠯᠡᠨ ᠰᠠᠶᠢᠵᠢᠷᠠᠭᠤᠯᠤᠭᠰᠠᠨ ᠵᠢᠷᠤᠭ᠃ 4 ᠪᠤᠰᠤᠳ ᠠᠵᠢᠯ ᠮᠠᠨ ᠤ ᠬᠤᠰᠢᠭᠤ ᠬᠢᠩᠭᠠᠨ ᠠᠶᠢᠮᠠᠭ ᠤᠨ ᠪᠠᠭᠤᠯᠭᠠᠭᠰᠠᠨ 2022 ᠣᠨ ᠤ ᠪᠤᠰᠤᠳ ᠠᠵᠢᠯ ᠤᠨ ᠬᠠᠷᠠᠯᠲᠠ ᠶᠢᠨ ᠡᠭᠦᠷᠭᠡ ᠪᠠᠨ ᠴᠠᠭ ᠲᠤᠬᠠᠢ ᠳᠤᠨᠢ ᠥᠨᠳᠥᠷ ᠪᠦᠲᠦᠮᠵᠢᠲᠡᠶ ᠪᠠᠷ ᠪᠡᠶᠡᠯᠡᠭᠦᠯᠪᠡ᠃    ᠭᠤᠷᠪᠠ᠂ ᠭᠤᠣᠯᠳᠠᠯᠭ᠎ᠠ ᠲᠠᠢ ᠡᠭᠦᠷᠭᠡ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠤᠨ ᠵᠥᠷᠢᠶᠡᠲᠦ ᠴᠢᠨᠠᠷ ᠤᠨ ᠭᠦᠢᠴᠡᠳᠬᠡᠯ ᠲᠤᠭ᠎ᠠ ︵ᠨᠡᠶᠢᠲᠡ 5 ᠬᠤᠪᠢ᠂ ᠥᠪᠡᠰᠦᠪᠡᠨ 4 ᠬᠤᠪᠢ ᠣᠯᠭᠤᠨ᠎ᠠ︶    ︵ᠨᠢᠭᠡ︶ ᠤᠰᠤ ᠲᠠᠲᠠᠵᠤ ᠬᠡᠷᠡᠭᠯᠡᠬᠦ ᠶᠢ ᠬᠢᠨᠠᠨ ᠬᠠᠮᠢᠶᠠᠷᠬᠤ ︵ᠨᠡᠶᠢᠲᠡ 4 ᠬᠤᠪᠢ᠂ ᠥᠪᠡᠰᠦᠪᠡᠨ 4 ᠬᠤᠪᠢ ᠲᠣᠭᠲᠠᠭᠠᠨ᠎ᠠ︶    ᠦᠰᠦᠭ ᠪᠢᠴᠢᠭ ᠤᠨ ᠲᠣᠳᠣᠷᠬᠠᠶᠢᠯᠠᠯᠲᠠ᠄ ᠵᠢᠯ ᠤᠨ ᠡᠴᠦᠰ ᠠᠴᠠ ᠡᠮᠦᠨ᠎ᠡ ᠤᠰᠤ ᠲᠠᠲᠠᠵᠤ ᠬᠡᠷᠡᠭᠯᠡᠬᠦ ᠲᠤᠰᠬᠠᠢ ᠵᠦᠢᠯ ᠤᠨ ᠴᠡᠭᠴᠡᠯᠡᠨ ᠵᠠᠰᠠᠯᠲᠠ ᠶᠢ ᠪᠡᠶᠡᠯᠡᠭᠦᠯᠦᠭᠰᠡᠨ ᠨᠣᠷᠮ᠎ᠠ ᠶᠢ 80% ᠠᠴᠠ ᠳᠡᠭᠡᠭᠰᠢ ᠳᠤ ᠬᠦᠷᠦᠭᠦᠯᠦᠨ᠎ᠡ ᠃᡽ ᠳᠤᠮᠳᠠ ᠬᠡᠯᠪᠡᠷᠢ ᠶᠢᠨ ᠤᠰᠤᠯᠠᠯᠲᠠ ᠶᠢᠨ ᠣᠷᠣᠨ ᠤ ᠤᠰᠤ ᠲᠠᠲᠠᠬᠤ ᠵᠥᠪᠰᠢᠶᠡᠷᠡᠯ ᠤᠨ ᠭᠠᠷᠳᠠᠮ ᠢ ᠪᠡᠶᠡᠯᠡᠭᠦᠯᠦᠨ᠎ᠡ︔ ᠲᠣᠭᠲᠠᠭᠠᠯ  ᠠᠴᠠ ᠵᠥᠷᠢᠴᠡᠨ ᠤᠰᠤ ᠲᠠᠲᠠᠵᠤ ᠬᠡᠷᠡᠭᠯᠡᠬᠦ ᠶᠢ ᠴᠡᠭᠴᠡᠯᠡᠨ ᠰᠠᠶᠢᠵᠢᠷᠠᠭᠤᠯᠬᠤ ᠶᠢ ᠴᠢᠩᠭᠠᠳᠬᠠᠵᠤ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠮᠳᠠᠭᠤᠯᠤᠨ ᠪᠠᠶᠢᠴᠠᠭᠠᠬᠤ ᠵᠢᠴᠢ ᠬᠢᠨᠠᠨ ᠪᠤᠳᠤᠬᠤ ᠰᠠᠯᠠᠭ᠎ᠠ ᠮᠥᠴᠢᠷ ᠤᠨ ᠲᠤᠰᠢᠶᠠᠭᠰᠠᠨ ᠴᠡᠭᠴᠡᠯᠡᠨ ᠰᠠᠶᠢᠵᠢᠷᠠᠭᠤᠯᠬᠤ ᠡᠭᠦᠷᠭᠡ ᠶᠢ ᠪᠡᠶᠡᠯᠡᠭᠦᠯᠦᠨ᠎ᠡ᠃    ᠲᠤᠯᠭᠠᠭᠤᠷᠢᠯᠠᠬᠤ ᠮᠠᠲ᠋ᠧᠷᠢᠶᠠᠯ᠄ ︽ᠪᠥᠬᠦ ᠤᠯᠤᠰ ᠤᠨ ᠤᠰᠤ ᠲᠠᠲᠠᠵᠤ ᠬᠡᠷᠡᠭᠯᠡᠬᠦ ᠬᠠᠮᠢᠶᠠᠷᠤᠯᠲᠠ ᠶᠢᠨ ᠲᠤᠰᠬᠠᠢ ᠴᠡᠭᠴᠡᠯᠡᠨ ᠵᠠᠰᠠᠬᠤ ᠮᠡᠳᠡᠭᠡ ᠵᠠᠩᠭᠢ ᠶᠢᠨ ᠰᠢᠰᠲ᠋ᠧᠮ ᠤᠨ ᠲᠠᠪᠴᠠᠩ︾︔ ᠡᠯᠧᠺᠲᠷᠣᠨ ᠭᠡᠷᠡᠴᠢ ᠦᠨᠡᠮᠯᠡᠯ ᠤᠨ ᠰᠢᠰᠲ᠋ᠧᠮ ᠤᠨ ᠡᠬᠡ ᠳᠠᠩᠰᠠ; ᠤᠰᠤᠯᠠᠯᠲᠠ ᠶᠢᠨ ᠣᠷᠣᠨ ᠤ ᠤᠰᠤ ᠲᠠᠲᠠᠬᠤ ᠵᠥᠪᠰᠢᠶᠡᠷᠡᠯ ᠤᠨ ᠦᠨᠡᠮᠯᠡᠯ᠃    ︵ᠬᠤᠶᠠᠷ︶ ᠭᠠᠵᠠᠷ ᠳᠣᠣᠷᠠᠬᠢ ᠤᠰᠤᠨ ᠤ ᠬᠠᠮᠢᠶᠠᠷᠤᠯᠲᠠ ᠶᠢ ᠴᠢᠩᠭᠠᠳᠬᠠᠨ᠎ᠠ ︵ᠨᠡᠶᠢᠲᠡ 1 ᠬᠤᠪᠢ᠂ ᠥᠪᠡᠷ ᠢᠶᠠᠨ ᠦᠨᠡᠯᠡᠭᠰᠡᠨ ᠬᠤᠪᠢ 0 ᠬᠤᠪᠢ︶    ᠦᠰᠦᠭ ᠪᠢᠴᠢᠭ ᠢᠶᠠᠷ ᠲᠣᠳᠣᠷᠬᠠᠶᠢᠯᠠᠭᠰᠠᠨ ᠨᠢ᠄ 2022 ᠣᠨ ᠤ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠳᠠᠬᠢᠯᠲᠠ ᠤᠰᠤᠨ ᠤ ᠪᠤᠴᠠᠯᠲᠠ ᠶᠢᠨ ᠬᠡᠮᠵᠢᠶ᠎ᠡ 2.1 ᠲᠦᠮᠡᠨ ᠲᠣᠨ ᠪᠣᠯᠣᠨ᠎ᠠ᠃ ᠲᠥᠰᠥᠪ ᠦᠭᠡᠢ᠃    ᠳᠥᠷᠪᠡ᠂ ᠦᠷ᠎ᠡ ᠪᠦᠲᠦᠮᠵᠢ ᠵᠢᠴᠢ ᠲᠤᠷᠰᠢᠯᠭ᠎ᠠ    ᠮᠠᠨ ᠤ ᠬᠤᠰᠢᠭᠤᠨ ᠤ ᠬᠠᠮᠤᠭ ᠤᠨ ᠴᠢᠩᠭ᠎ᠠ ᠤᠰᠤᠨ ᠤ ᠡᠬᠢ ᠪᠠᠶᠠᠯᠢᠭ ᠤᠨ ᠬᠠᠮᠢᠶᠠᠷᠤᠯᠲᠠ ᠶᠢᠨ ᠠᠵᠢᠯ ᠦᠷ᠎ᠡ ᠪᠦᠲᠦᠮᠵᠢ ᠣᠯᠣᠭᠰᠠᠨ ᠨᠢ ᠭᠤᠣᠯᠳᠠᠭᠤ ᠬᠠᠮᠤᠭ ᠤᠨ ᠴᠢᠩᠭ᠎ᠠ ᠤᠰᠤᠨ ᠤ ᠡᠬᠢ ᠪᠠᠶᠠᠯᠢᠭ ᠤᠨ ᠬᠠᠮᠢᠶᠠᠷᠤᠯᠲᠠ ᠶᠢᠨ ᠳᠦᠷᠢᠮ ᠢ ᠠᠯᠬᠤᠮ ᠠᠯᠬᠤᠮ ᠢᠶᠠᠷ ᠭᠦᠨᠵᠡᠭᠡᠶᠢᠷᠡᠭᠦᠯᠵᠦ᠂ ᠤᠰᠤ ᠲᠠᠲᠠᠬᠤ ᠵᠥᠪᠰᠢᠶᠡᠷᠡᠯ ᠢ ᠵᠢᠷᠤᠮᠵᠢᠭᠤᠯᠤᠨ ᠬᠢᠨᠠᠨ ᠵᠥᠪᠰᠢᠶᠡᠷᠡᠬᠦ᠂ ᠤᠰᠤᠨ ᠤ ᠡᠬᠢ ᠪᠠᠶᠠᠯᠢᠭ ᠢ ᠬᠢᠨᠠᠨ ᠡᠵᠡᠮᠳᠡᠬᠦ ᠴᠢᠳᠠᠪᠤᠷᠢ ᠶᠢᠨ ᠪᠠᠶᠢᠭᠤᠯᠤᠯᠲᠠ ᠶᠢ ᠲᠣᠭᠲᠠᠭᠤᠨ ᠢᠶᠠᠷ ᠠᠬᠢᠭᠤᠯᠵᠤ᠂ ᠬᠠᠮᠤᠭ ᠤᠨ ᠴᠢᠩᠭ᠎ᠠ ᠤᠰᠤᠨ ᠤ ᠡᠬᠢ ᠪᠠᠶᠠᠯᠢᠭ ᠤᠨ ᠬᠠᠮᠢᠶᠠᠷᠤᠯᠲᠠ ᠶᠢᠨ ᠬᠢᠨᠠᠨ ᠰᠢᠯᠭᠠᠯᠲᠠ ᠶᠢ ᠪᠠᠶᠢᠩᠭᠤᠵᠢᠭᠤᠯᠵᠤ᠂ ᠬᠢᠵᠠᠭᠠᠷᠯᠠᠬᠤ ᠭᠦᠢᠴᠡᠳᠬᠡᠯ ᠲᠤᠭ᠎ᠠ ᠶᠢᠨ ᠬᠠᠲᠠᠭᠤ ᠬᠢᠵᠠᠭᠠᠷᠯᠠᠯ ᠤᠨ ᠦᠢᠯᠡᠳᠦᠯ ᠢ ᠲᠠᠰᠤᠷᠠᠯᠲᠠ ᠦᠭᠡᠢ ᠴᠢᠩᠭᠠᠷᠠᠭᠤᠯᠤᠭᠰᠠᠨ ᠳᠤ ᠢᠯᠡᠷᠡᠨ᠎ᠡ᠃    ᠨᠢᠭᠡ ᠳᠤ ᠤᠰᠤ ᠲᠠᠲᠠᠵᠤ ᠬᠡᠷᠡᠭᠯᠡᠬᠦ ᠬᠠᠮᠢᠶᠠᠷᠤᠯᠲᠠ ᠶᠢ ᠴᠢᠩᠳᠠᠯᠠᠨ᠎ᠠ᠃ ︽ᠤᠷᠢᠳ ᠢᠶᠠᠷ ᠭᠠᠵᠠᠷ ᠤᠨ ᠭᠠᠳᠠᠷᠭᠤ ᠂ ᠳᠠᠷᠠᠭ᠎ᠠ ᠨᠢ ᠭᠠᠵᠠᠷ ᠳᠣᠣᠷ᠎ᠠ᠂ ᠤᠷᠢᠳ ᠢᠶᠠᠷ ᠭᠦᠢᠬᠡᠨ ᠳᠠᠪᠬᠤᠷᠭ᠎ᠠ᠂ ᠳᠠᠷᠠᠭ᠎ᠠ ᠨᠢ ᠭᠦᠨ ᠳᠠᠪᠬᠤᠷᠭ᠎ᠠ︾ ᠪᠠ ︽ᠴᠢᠨᠠᠷ ᠬᠤᠪᠢᠶᠠᠨ ᠤᠰᠤ ᠬᠠᠩᠭᠠᠬᠤ᠂ ᠰᠠᠶᠢᠨ ᠤᠰᠤ  ᠶᠢ ᠰᠠᠶᠢᠨ ᠬᠡᠷᠡᠭᠯᠡᠬᠦ᠂ ᠶᠡᠷᠦᠩᠬᠡᠢ ᠬᠡᠮᠵᠢᠶ᠎ᠡ  ᠶᠢ ᠬᠢᠵᠠᠭᠠᠷᠯᠠᠬᠤ᠂ ᠨᠣᠷᠮ᠎ᠠ ᠲᠣᠭᠲᠠᠭᠠᠨ ᠬᠠᠮᠢᠶᠠᠷᠬᠤ︾ ᠵᠠᠷᠴᠢᠮ ᠶᠣᠰᠣᠭᠠᠷ᠂ ᠮᠠᠨ ᠤ ᠬᠤᠰᠢᠭᠤ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠤᠰᠤᠨ ᠤ ᠡᠬᠢ ᠪᠠᠶᠠᠯᠢᠭ ᠢ ᠨᠤᠲᠠᠯᠠᠬᠤ ᠳᠦᠷᠢᠮ ᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠤᠰᠤᠨ ᠤ ᠶᠡᠷᠦᠩᠬᠡᠢ ᠬᠡᠮᠵᠢᠶ᠎ᠡ ᠠᠴᠠ ᠬᠡᠲᠦᠷᠡᠭᠰᠡᠨ ᠣᠷᠣᠨ ᠪᠦᠰᠡ ᠳᠤ ᠰᠢᠨ᠎ᠡ ᠪᠠᠷ ᠨᠡᠮᠡᠭᠰᠡᠨ ᠤᠰᠤ ᠲᠠᠲᠠᠬᠤ ᠶᠢ ᠬᠢᠵᠠᠭᠠᠷᠯᠠᠨ ᠵᠥᠪᠰᠢᠶᠡᠷᠡᠬᠦ ᠳᠦᠷᠢᠮ ᠪᠠ ᠲᠣᠭᠲᠠᠭᠰᠠᠨ ᠨᠣᠷᠮ᠎ᠠ ᠠᠴᠠ ᠬᠡᠲᠦᠷᠡᠭᠦᠯᠦᠨ ᠤᠰᠤ ᠬᠡᠷᠡᠭᠯᠡᠬᠦ ᠶᠢ ᠠᠬᠢᠭᠤᠯᠤᠨ ᠪᠤᠳᠤᠵᠤ ᠦᠨ᠎ᠡ ᠨᠡᠮᠡᠬᠦ ᠳᠦᠷᠢᠮ ᠢ ᠬᠡᠷᠡᠭᠵᠢᠭᠦᠯᠵᠦ᠂ ᠤᠰᠤ ᠶᠡᠭᠡ ᠬᠤᠷᠣᠭᠳᠠᠭᠤᠯᠬᠤ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠴᠢᠩᠭ᠎ᠠ ᠬᠢᠵᠠᠭᠠᠷᠯᠠᠵᠤ᠂ ᠤᠰᠤᠨ ᠤ ᠡᠬᠢ ᠪᠠᠶᠠᠯᠢᠭ ᠢ ᠵᠦᠢ ᠵᠣᠬᠢᠰᠲᠠᠢ ᠨᠡᠭᠡᠭᠡᠨ ᠠᠰᠢᠭᠯᠠᠬᠤ᠂ ᠥᠨᠳᠥᠷ ᠪᠦᠲᠦᠮᠵᠢᠲᠡᠶ ᠠᠰᠢᠭᠯᠠᠬᠤ ᠶᠢ ᠠᠬᠢᠭᠤᠯᠤᠨ᠎ᠠ᠃ ᠤᠰᠤᠨ ᠤ ᠡᠬᠢ ᠪᠠᠶᠠᠯᠢᠭ ᠤᠨ ᠭᠠᠶᠢᠯᠢ ᠶᠢᠨ ᠥᠭᠡᠷᠡᠴᠢᠯᠡᠯᠲᠡ ᠶᠢᠨ ᠨᠠᠶᠢᠳᠠᠪᠤᠷᠢᠵᠢᠭᠤᠯᠤᠯᠲᠠ ᠶᠢ ᠪᠦᠬᠦ ᠲᠠᠯ᠎ᠠ ᠪᠠᠷ ᠲᠦᠯᠬᠢᠨ ᠠᠬᠢᠭᠤᠯᠵᠤ᠂ ᠤᠰᠤᠨ ᠤ ᠡᠬᠢ ᠤᠰᠤ ᠲᠠᠲᠠᠬᠤ ᠶᠢ ᠬᠢᠨᠠᠨ ᠡᠵᠡᠮᠳᠡᠬᠦ ᠰᠢᠰᠲ᠋ᠧᠮ ᠤᠨ ᠪᠠᠶᠢᠭᠤᠯᠤᠯᠲᠠ ᠶᠢᠨ ᠬᠠᠮᠢᠶᠠᠷᠤᠯᠲᠠ ᠶᠢ ᠴᠢᠩᠭᠠᠳᠬᠠᠵᠤ᠂ 82 ᠢᠵᠢ ᠬᠢᠨᠠᠨ ᠡᠵᠡᠮᠳᠡᠬᠦ ᠲᠥᠬᠦᠭᠡᠷᠦᠮᠵᠢ ᠶᠢ ᠤᠭᠰᠠᠷᠠᠪᠠ᠃ ᠤᠰᠤ ᠲᠠᠲᠠᠬᠤ ᠬᠠᠮᠢᠶᠠᠷᠤᠯᠲᠠ ᠶᠢᠨ ᠲᠤᠰᠬᠠᠢ ᠵᠦᠢᠯ ᠤᠨ ᠬᠢᠨᠠᠯᠲᠠ ᠪᠠᠶᠢᠴᠠᠭᠠᠯᠲᠠ ᠶᠢ ᠴᠢᠩᠭᠠᠳᠬᠠᠵᠤ᠂ ᠦᠨᠡᠮᠯᠡᠯ ᠦᠭᠡᠢ ᠪᠠᠷ ᠤᠰᠤ ᠲᠠᠲᠠᠬᠤ᠂ ᠤᠰᠤ ᠲᠠᠲᠠᠬᠤ ᠵᠥᠪᠰᠢᠶᠡᠷᠡᠯ ᠤᠨ ᠲᠣᠭᠲᠠᠭᠠᠯ ᠶᠣᠰᠣᠭᠠᠷ ᠤᠰᠤ ᠲᠠᠲᠠᠬᠤ ᠦᠭᠡᠢ ᠵᠡᠷᠭᠡ ᠠᠰᠠᠭᠤᠳᠠᠯ ᠳᠤ ᠭᠤᠣᠯᠳᠠᠯᠭ᠎ᠠ ᠲᠠᠢ ᠪᠠᠷ ᠬᠢᠨᠠᠯᠲᠠ ᠲᠠᠯᠪᠢᠨ ᠪᠠᠶᠢᠴᠠᠭᠠᠵᠤ᠂ ᠰᠢᠮᠳᠠᠭᠤᠯᠤᠨ ᠴᠡᠭᠴᠡᠯᠡᠨ ᠰᠠᠶᠢᠵᠢᠷᠠᠭᠤᠯᠤᠨ᠎ᠠ᠃    ᠬᠤᠶᠠᠷ ᠲᠤ ᠤᠰᠤ ᠬᠡᠷᠡᠭᠯᠡᠬᠦ ᠦᠷ᠎ᠡ ᠪᠦᠲᠦᠮᠵᠢ ᠶᠢ ᠴᠢᠩᠭ᠎ᠠ ᠡᠵᠡᠮᠳᠡᠨ᠎ᠡ᠃ ᠤᠰᠤ ᠬᠡᠷᠡᠭᠯᠡᠬᠦ ᠦᠷ᠎ᠡ ᠪᠦᠲᠦᠮᠵᠢ ᠶᠢ ᠡᠵᠡᠮᠳᠡᠬᠦ ᠤᠯᠠᠭᠠᠨ ᠱᠤᠭᠤᠮ ᠤᠨ ᠬᠠᠮᠢᠶᠠᠷᠤᠯᠲᠠ ᠶᠢ ᠴᠢᠩᠭᠠᠳᠬᠠᠵᠤ᠂ ᠤᠰᠤ ᠶᠢ ᠠᠷᠪᠢᠯᠠᠵᠤ ᠬᠡᠷᠡᠭᠯᠡᠬᠦ ᠶᠢ ᠠᠵᠤ ᠠᠬᠤᠢ ᠨᠡᠶᠢᠭᠡᠮ ᠤᠨ ᠬᠥᠭᠵᠢᠯᠲᠡ ᠪᠠ ᠣᠯᠠᠨ ᠲᠦᠮᠡᠨ ᠤ ᠠᠮᠢᠳᠤᠷᠠᠯ ᠦᠢᠯᠡᠳᠪᠦᠷᠢᠯᠡᠯ ᠤᠨ ᠪᠥᠬᠦ ᠶᠠᠪᠤᠴᠠ ᠳᠤ ᠲᠤᠭᠤᠰᠢᠯᠠᠭᠤᠯᠤᠨ᠂ ᠤᠰᠤ ᠠᠷᠪᠢᠯᠠᠬᠤ ᠬᠡᠯᠪᠡᠷᠢ ᠶᠢᠨ ᠨᠡᠶᠢᠭᠡᠮ ᠤᠨ ᠪᠠᠶᠢᠭᠤᠯᠤᠯᠲᠠ ᠶᠢ ᠪᠥᠬᠦ ᠲᠠᠯ᠎ᠠ ᠪᠠᠷ ᠠᠬᠢᠭᠤᠯᠤᠨ᠎ᠠ᠃ 2020 ᠣᠨ ᠳᠤ ᠮᠠᠨ ᠤ ᠬᠤᠰᠢᠭᠤᠨ ᠤ ᠲᠦᠮᠡᠨ ᠲᠥᠭᠦᠷᠢᠭ ᠤᠨ GDP ᠶᠢᠨ ᠤᠰᠤ ᠬᠡᠷᠡᠭᠯᠡᠬᠦ ᠬᠡᠮᠵᠢᠶ᠎ᠡ 2015 ᠣᠨ ᠤ ᠬᠢ ᠠᠴᠠ 24.54% ᠪᠠᠭᠤᠷᠠᠵᠤ᠂ ᠲᠦᠮᠡᠨ ᠲᠥᠭᠦᠷᠢᠭ ᠤᠨ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠤᠨ ᠤᠰᠤ ᠬᠡᠷᠡᠭᠯᠡᠬᠦ ᠬᠡᠮᠵᠢᠶ᠎ᠡ 2015 ᠣᠨ ᠤ ᠬᠢ ᠠᠴᠠ 67.55% ᠪᠠᠭᠤᠷᠠᠵᠤ᠂ ᠲᠠᠷᠢᠶᠠᠨ ᠭᠠᠵᠠᠷ ᠤᠨ ᠤᠰᠤᠯᠠᠯᠲᠠ ᠶᠢᠨ ᠤᠰᠤᠨ ᠤ ᠪᠦᠲᠦᠮᠵᠢᠲᠡᠶ ᠠᠰᠢᠭᠯᠠᠯᠲᠠ ᠶᠢᠨ ᠢᠯᠡᠳᠬᠡᠮᠵᠢ 0.5532 ᠬᠦᠷᠴᠡᠢ︔ 2021 ᠣᠨ ᠳᠤ ᠮᠠᠨ ᠤ ᠬᠤᠰᠢᠭᠤᠨ ᠤ ᠲᠦᠮᠡᠨ ᠲᠥᠭᠦᠷᠢᠭ ᠤᠨ GDP ᠶᠢᠨ ᠤᠰᠤ ᠬᠡᠷᠡᠭᠯᠡᠬᠦ ᠬᠡᠮᠵᠢᠶ᠎ᠡ ᠨᠢ 2020 ᠣᠨ ᠤ ᠬᠢ ᠠᠴᠠ 21.06% ᠪᠠᠷ ᠪᠠᠭᠤᠷᠠᠵᠤ᠂ ᠲᠦᠮᠡᠨ ᠲᠥᠭᠦᠷᠢᠭ ᠤᠨ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠤᠨ ᠤᠰᠤ ᠬᠡᠷᠡᠭᠯᠡᠬᠦ ᠬᠡᠮᠵᠢᠶ᠎ᠡ ᠨᠢ 2015 ᠣᠨ ᠤ ᠬᠢ ᠠᠴᠠ 35.01%  ᠪᠠᠷ ᠪᠠᠭᠤᠷᠠᠵᠤ᠂ ᠲᠠᠷᠢᠶᠠᠨ ᠭᠠᠵᠠᠷ ᠤᠨ ᠤᠰᠤᠯᠠᠯᠲᠠ ᠶᠢᠨ ᠤᠰᠤᠨ ᠤ ᠪᠦᠲᠦᠮᠵᠢᠲᠡᠶ ᠠᠰᠢᠭᠯᠠᠯᠲᠠ ᠶᠢᠨ ᠢᠯᠡᠳᠬᠡᠮᠵᠢ  ᠨᠢ 0.5533 ᠬᠦᠷᠴᠡᠢ᠃    ᠭᠤᠷᠪᠠ ᠳᠤ ᠭᠠᠵᠠᠷ ᠳᠣᠣᠷᠠᠬᠢ ᠤᠰᠤᠨ  ᠤ ᠬᠠᠮᠠᠭᠠᠯᠠᠯᠲᠠ ᠶᠢ ᠴᠢᠩᠳᠠᠯᠠᠵᠤ᠂ ᠤᠰᠤᠨ ᠤ ᠴᠢᠳᠠᠮᠵᠢᠲᠤ ᠣᠷᠣᠨ  ᠤ ᠬᠠᠮᠢᠶᠠᠷᠤᠯᠲᠠ ᠶᠢ ᠲᠦᠯᠬᠢᠨ ᠠᠬᠢᠭᠤᠯᠤᠨ᠎ᠠ᠃ ᠤᠰᠤ ᠬᠡᠷᠡᠭᠯᠡᠬᠦ ᠶᠡᠷᠦᠩᠬᠡᠢ ᠬᠡᠮᠵᠢᠶ᠎ᠡ ᠶᠢ ᠴᠢᠩᠭ᠎ᠠ ᠬᠢᠵᠠᠭᠠᠷᠯᠠᠵᠤ᠂ ᠤᠰᠤᠨ ᠲᠦᠪᠰᠢᠨ ᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠴᠢᠬᠤᠯᠠ ᠭᠠᠵᠠᠷ ᠳᠣᠣᠷᠠᠬᠢ ᠤᠰᠤᠨ ᠤ ᠤᠰᠤᠨ ᠰᠤᠷᠪᠤᠯᠵᠢ ᠶᠢᠨ ᠣᠷᠣᠨ ᠤ ᠤᠰᠤᠨ ᠲᠦᠪᠰᠢᠨ ᠬᠢᠭᠡᠳ ᠤᠰᠤᠨ ᠤ ᠬᠡᠮᠵᠢᠶ᠎ᠡ ᠶᠢ ᠬᠤᠶᠠᠷ ᠢ ᠡᠵᠡᠮᠳᠡᠬᠦ ᠲᠥᠰᠥᠯ ᠢ ᠴᠣᠬᠤᠯᠠᠪᠤᠷᠢᠯᠠᠨ ᠬᠠᠷᠢᠭᠤᠯᠬᠤ ᠠᠵᠢᠯ ᠢ ᠪᠡᠶᠡᠯᠡᠭᠦᠯᠵᠦ᠂ ᠤᠰᠤᠨ ᠤ ᠴᠢᠳᠠᠮᠵᠢᠲᠤ ᠣᠷᠣᠨ ᠤ ᠪᠣᠬᠢᠷᠲᠤᠯ ᠢ ᠬᠢᠵᠠᠭᠠᠷᠯᠠᠬᠤ ᠶᠢ ᠬᠢᠵᠠᠭᠠᠷᠯᠠᠬᠤ ᠠᠵᠢᠯ ᠳᠤ ᠪᠣᠳᠠᠲᠤ ᠦᠷ᠎ᠡ ᠪᠦᠲᠦᠮᠵᠢ ᠣᠯᠵᠤ᠂ ᠮᠠᠨ ᠤ ᠬᠤᠰᠢᠭᠤᠨ ᠤ ᠤᠰᠤᠨ ᠤ ᠴᠢᠳᠠᠮᠵᠢᠲᠤ ᠣᠷᠣᠨ ᠤ ᠤᠰᠤᠨ ᠤ ᠴᠢᠨᠠᠷ ᠢ ᠪᠦᠬᠦᠨ ᠢ ᠪᠠᠷᠢᠮᠵᠢᠶ᠎ᠠ ᠳᠤ ᠬᠦᠷᠦᠭᠦᠯᠦᠨ᠎ᠡ᠃ ᠮᠠᠨ ᠤ ᠬᠤᠰᠢᠭᠤ ᠲᠥᠪ ᠤᠨ ᠪᠠ ᠥᠪᠡᠷᠲᠡᠭᠡᠨ ᠵᠠᠰᠠᠬᠤ ᠣᠷᠣᠨ ᠤ ᠤᠰᠤᠨ ᠤ ᠡᠬᠢ ᠪᠠᠶᠠᠯᠢᠭ ᠤᠨ ᠬᠠᠮᠤᠭ ᠤᠨ ᠴᠢᠩᠭ᠎ᠠ ᠬᠠᠮᠢᠶᠠᠷᠤᠯᠲᠠ ᠶᠢᠨ ᠳᠦᠷᠢᠮ ᠢ ᠬᠡᠷᠡᠭᠵᠢᠭᠦᠯᠬᠦ ᠲᠤᠬᠠᠢ ᠬᠠᠮᠢᠶ᠎ᠠ ᠪᠦᠬᠦᠢ ᠱᠠᠭᠠᠷᠳᠠᠯᠭ᠎ᠠ ᠶᠢ ᠨᠠᠷᠢᠨ ᠬᠢᠨᠠᠮᠠᠭᠠᠢ  ᠲᠤᠭᠤᠰᠢᠯᠠᠭᠤᠯᠵᠤ᠂ ᠤᠰᠤ ᠬᠡᠷᠡᠭᠯᠡᠬᠦ ᠶᠡᠷᠦᠩᠬᠡᠢ ᠬᠡᠮᠵᠢᠶ᠎ᠡ᠂ ᠤᠰᠤ ᠬᠡᠷᠡᠭᠯᠡᠬᠦ ᠠᠰᠢᠭᠯᠠᠮᠵᠢ᠂ ᠤᠰᠤᠨ ᠤ ᠴᠢᠳᠠᠮᠵᠢᠲᠤ ᠣᠷᠣᠨ ᠤ ᠤᠰᠤᠨ ᠤ ᠴᠢᠨᠠᠷ ᠤᠨ ᠪᠠᠷᠢᠮᠵᠢᠶ᠎ᠠ ᠳᠤ ᠬᠦᠷᠬᠦ ᠨᠣᠷᠮ᠎ᠠ ᠶᠢᠨ ︽ᠭᠤᠷᠪᠠᠨ ᠤᠯᠠᠭᠠᠨ ᠱᠤᠭᠤᠮ︾ ᠤᠨ ᠭᠦᠢᠴᠡᠳᠬᠡᠯ ᠲᠤᠭ᠎ᠠ ᠪᠠᠷ ᠤᠳᠤᠷᠢᠳᠤᠮᠵᠢ ᠪᠠ ᠬᠢᠵᠠᠭᠠᠷᠯᠠᠯ ᠪᠣᠯᠭᠠᠵᠤ᠂ ᠤᠰᠤᠨ ᠤ ᠡᠬᠢ ᠪᠠᠶᠠᠯᠢᠭ ᠤᠨ ᠬᠠᠮᠢᠶᠠᠷᠤᠯᠲᠠ ᠶᠢᠨ ᠬᠠᠮᠤᠭ ᠤᠨ ᠴᠢᠩᠭ᠎ᠠ ᠡᠯ᠎ᠡ ᠵᠦᠢᠯ ᠤᠨ ᠳᠦᠷᠢᠮ ᠢ ᠴᠢᠩᠭ᠎ᠠ ᠨᠠᠶᠢᠳᠠᠪᠤᠷᠢᠵᠢᠭᠤᠯᠤᠨ᠂ ᠤᠰᠤᠨ ᠤ ᠡᠬᠢ ᠪᠠᠶᠠᠯᠢᠭ ᠤᠨ ᠬᠠᠮᠢᠶᠠᠷᠤᠯᠲᠠ ᠶᠢᠨ ᠴᠢᠳᠠᠪᠤᠷᠢ ᠶᠢ ᠵᠢᠯ ᠳᠠᠷᠠᠭᠠᠯᠠᠨ ᠳᠡᠭᠡᠭᠰᠢᠯᠡᠭᠦᠯᠵᠦ᠂ ᠮᠠᠨ ᠤ ᠬᠤᠰᠢᠭᠤᠨ ᠤ ᠠᠵᠤ ᠠᠬᠤᠢ ᠨᠡᠶᠢᠭᠡᠮ ᠤᠨ ᠬᠥᠭᠵᠢᠯᠲᠡ᠂ ᠶᠠᠳᠠᠭᠤ  ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠪᠠ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠳᠤ ᠦᠷᠭᠦᠯᠵᠢᠯᠡᠨ ᠤᠰᠤᠨ ᠤ ᠡᠬᠢ ᠪᠠᠶᠠᠯᠢᠭ ᠤᠨ ᠪᠠᠲᠤᠯᠠᠭ᠎ᠠ ᠬᠠᠩᠭᠠᠨ᠎ᠠ᠃ 2022 ᠣᠨ ᠳᠤ᠂ ᠮᠠᠨ ᠤ ᠬᠤᠰᠢᠭᠤ ᠤᠰᠤᠨ ᠤ ᠶᠡᠷᠦᠩᠬᠡᠢ ᠬᠡᠮᠵᠢᠶ᠎ᠡ ᠶᠢ ᠨᠠᠷᠢᠯᠢᠭᠵᠢᠭᠤᠯᠤᠨ ᠵᠠᠳᠠᠯᠵᠤ᠂ ᠤᠰᠤᠨ ᠤ ᠶᠡᠷᠦᠩᠬᠡᠢ ᠬᠡᠮᠵᠢᠶ᠎ᠡ ᠶᠢ ᠡᠵᠡᠮᠳᠡᠬᠦ ᠬᠠᠷᠠᠯᠲᠠ ᠪᠠᠨ ᠠᠮᠢᠳᠤᠷᠠᠯ᠂ ᠲᠠᠷᠢᠶᠠᠯᠠᠩ᠂ ᠠᠵᠤ ᠦᠢᠯᠡᠳᠪᠦᠷᠢ ᠪᠠ ᠠᠮᠢ ᠠᠬᠤᠢ ᠶᠢᠨ ᠣᠷᠴᠢᠨ ᠲᠣᠭᠤᠷᠢᠨ ᠵᠡᠷᠭᠡ ᠠᠵᠢᠯ ᠲᠥᠷᠥᠯ ᠳᠤ ᠬᠤᠪᠢᠶᠠᠷᠢᠯᠠᠨ ᠥᠭᠴᠡᠢ︔ ᠮᠠᠨ ᠤ ᠬᠤᠰᠢᠭᠤᠨ ᠤ ᠪᠥᠬᠦ ᠤᠯᠤᠰ ᠤᠨ ᠤᠰᠤ ᠲᠠᠲᠠᠵᠤ ᠬᠡᠷᠡᠭᠯᠡᠬᠦ ᠬᠠᠮᠢᠶᠠᠷᠤᠯᠲᠠ ᠶᠢᠨ ᠲᠤᠰᠬᠠᠢ ᠴᠡᠭᠴᠡᠯᠡᠨ ᠵᠠᠰᠠᠬᠤ ᠮᠡᠳᠡᠭᠡ ᠵᠠᠩᠭᠢ ᠶᠢᠨ ᠲᠠᠪᠴᠠᠩ ᠳᠠᠬᠢ ᠳ᠋ᠤᠭᠠᠷ ᠢ ᠨᠢ ᠬᠠᠰᠤᠬᠤ ᠴᠢᠬᠤᠯᠠᠲᠠᠢ ᠤᠰᠤ ᠲᠠᠲᠠᠬᠤ ᠲᠥᠷᠥᠯ ᠵᠦᠢᠯ ᠢ ᠪᠦᠬᠦᠨ ᠢ ᠪᠡᠶᠡᠯᠡᠭᠦᠯᠪᠡ᠃    ᠲᠠᠪᠤ᠂ ᠣᠷᠣᠰᠢᠵᠤ ᠪᠠᠶᠢᠭ᠎ᠠ ᠠᠰᠠᠭᠤᠳᠠᠯ ᠵᠢᠴᠢ ᠬᠠᠯᠠᠨ ᠰᠠᠶᠢᠵᠢᠷᠠᠭᠤᠯᠬᠤ ᠠᠷᠭ᠎ᠠ ᠬᠡᠮᠵᠢᠶ᠎ᠡ    ︵ᠨᠢᠭᠡ︶ ᠣᠷᠣᠰᠢᠵᠤ ᠪᠠᠶᠢᠭ᠎ᠠ ᠠᠰᠠᠭᠤᠳᠠᠯ    ᠨᠢᠭᠡ ᠳᠤ ᠣᠷᠣᠨ ᠨᠤᠲᠤᠭ ᠤᠨ ᠤᠰᠤᠨ ᠠᠰᠢᠭᠯᠠᠯᠲᠠ ᠶᠢᠨ ᠬᠠᠤᠯᠢ ᠳᠦᠷᠢᠮ ᠤᠨ ᠰᠢᠰᠲ᠋ᠧᠮ ᠤᠨ ᠪᠠᠶᠢᠭᠤᠯᠤᠯᠲᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠬᠦ ᠴᠢᠬᠤᠯᠠᠲᠠᠢ ᠪᠠᠶᠢᠨ᠎ᠠ᠃ ᠤᠯᠤᠰ ᠠᠴᠠ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠰᠤᠨ ᠤ ᠬᠠᠤᠯᠢ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠥᠷᠥᠰᠥ ᠰᠢᠷᠣᠢ ᠶᠢ ᠬᠠᠮᠠᠭᠠᠯᠠᠬᠤ ᠬᠠᠤᠯᠢ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠦᠶᠡᠷ ᠢ ᠰᠡᠷᠭᠡᠶᠢᠯᠡᠬᠦ ᠬᠠᠤᠯᠢ︾ ᠵᠡᠷᠭᠡ ᠠᠯᠢ ᠤᠯᠠᠨ ᠬᠠᠤᠯᠢ ᠴᠠᠭᠠᠵᠠ ᠬᠠᠤᠯᠢ ᠲᠣᠭᠲᠠᠭᠠᠯ ᠢ ᠤᠷᠢᠳ ᠬᠤᠵᠢᠳ ᠨᠡᠶᠢᠲᠡᠯᠡᠵᠦ᠂ ᠤᠰᠤᠨ ᠠᠰᠢᠭᠯᠠᠯᠲᠠ ᠶᠢᠨ ᠶᠠᠮᠤᠨ ᠠᠴᠠ ᠪᠠᠰᠠ 10 ᠭᠠᠷᠤᠢ ᠳᠦᠷᠢᠮ ᠲᠣᠭᠲᠠᠭᠠᠯ ᠢ ᠨᠡᠶᠢᠲᠡᠯᠡᠵᠦ᠂ ᠤᠯᠤᠰ ᠤᠨ ᠲᠡᠰ ᠤᠨ ᠤᠰᠤᠨ ᠤ ᠬᠠᠤᠯᠢ ᠴᠠᠭᠠᠵᠠ ᠬᠠᠤᠯᠢ ᠲᠣᠭᠲᠠᠭᠠᠯ ᠤᠨ ᠰᠢᠰᠲ᠋ᠧᠮ ᠢ ᠨᠢᠭᠡᠨᠲᠡ ᠠᠩᠬ᠎ᠠ ᠠᠯᠬᠤᠮ ᠪᠠᠶᠢᠭᠤᠯᠪᠠ᠃ ᠭᠡᠪᠡᠴᠦ ᠪᠠᠰᠠ ᠣᠷᠣᠨ ᠨᠤᠲᠤᠭ ᠤᠨ ᠴᠢᠨᠠᠷᠲᠠᠢ ᠬᠠᠤᠯᠢ ᠲᠣᠭᠲᠠᠭᠠᠯ᠂ ᠳᠦᠷᠢᠮ ᠲᠣᠭᠲᠠᠭᠠᠯ ᠤᠨ ᠬᠡᠯᠪᠡᠷᠢ ᠪᠠᠷ ᠵᠣᠬᠢᠴᠠᠩᠭᠤᠢ ᠢᠵᠢ ᠪᠦᠷᠢᠳᠦᠭᠰᠡᠨ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠪᠠ ᠲᠦᠷᠦ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠲᠣᠭᠲᠠᠭᠠᠵᠤ ᠪᠠᠶᠢᠭᠠᠳ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠴᠢᠬᠤᠯᠠᠲᠠᠢ ᠪᠠᠶᠢᠨ᠎ᠠ᠃    ᠬᠤᠶᠠᠷ ᠲᠤ ᠤᠰᠤᠨ ᠤ ᠡᠬᠢ ᠪᠠᠶᠠᠯᠢᠭ ᠢ ᠠᠷᠪᠢᠯᠠᠨ ᠭᠠᠮᠨᠠᠵᠤ ᠬᠠᠮᠠᠭᠠᠯᠠᠬᠤ ᠲᠤᠬᠠᠢ ᠣᠯᠠᠨ ᠨᠡᠶᠢᠲᠡ ᠶᠢᠨ ᠦᠵᠡᠯ ᠤᠬᠠᠮᠰᠠᠷ ᠢ ᠲᠦᠷᠭᠡᠨ ᠳᠡᠭᠡᠭᠰᠢᠯᠡᠭᠦᠯᠬᠦ ᠴᠢᠬᠤᠯᠠᠲᠠᠢ ᠪᠠᠶᠢᠨ᠎ᠠ᠃ ᠤᠯᠠᠮᠵᠢᠯᠠᠯᠲᠤ ᠦᠢᠯᠡᠳᠪᠦᠷᠢᠯᠡᠯ ᠤᠨ ᠠᠷᠭ᠎ᠠ ᠮᠠᠶ᠋ᠢᠭ ᠂ ᠬᠡᠷᠡᠭᠯᠡᠭᠡᠨ ᠤ ᠠᠷᠭ᠎ᠠ ᠮᠠᠶ᠋ᠢᠭ ᠪᠠ ᠣᠶᠢᠯᠠᠭᠠᠭᠳᠠᠬᠤᠨ ᠢ ᠬᠤᠪᠢᠷᠠᠭᠤᠯᠬᠤ ᠳᠤ ᠡᠭᠦᠷᠭᠡ ᠬᠦᠨᠳᠦ ᠵᠠᠮ ᠬᠤᠯᠠ ᠪᠠᠶᠢᠨ᠎ᠠ ᠃ ᠮᠠᠨ ᠤ ᠬᠤᠰᠢᠭᠤᠨ ᠤ ᠤᠰᠤᠨ ᠤ ᠡᠬᠢ ᠪᠠᠶᠠᠯᠢᠭ ᠤᠨ ᠬᠠᠮᠠᠭᠠᠯᠠᠯᠲᠠ ᠶᠢᠨ ᠲᠠᠯ᠎ᠠ ᠪᠠᠷ ᠬᠢ ᠰᠤᠷᠭᠠᠨ ᠬᠥᠮᠦᠵᠢᠯ ᠠᠩᠬᠠᠨ ᠤ ᠱᠠᠲᠤᠨ ᠳᠤ ᠣᠷᠣᠰᠢᠵᠤ᠂ ᠤᠰᠤᠨ ᠤ ᠡᠬᠢ ᠪᠠᠶᠠᠯᠢᠭ ᠤᠨ ᠬᠠᠮᠠᠭᠠᠯᠠᠯᠲᠠ ᠶᠢᠨ ᠲᠤᠬᠠᠢ ᠣᠯᠠᠨ ᠨᠡᠶᠢᠲᠡ ᠶᠢᠨ ᠤᠬᠠᠮᠰᠠᠷ ᠴᠢᠩᠭ᠎ᠠ ᠪᠢᠰᠢ ᠪᠠᠶᠢᠭᠰᠠᠭᠠᠷ᠃ ᠤᠰᠤᠨ ᠤ ᠡᠬᠢ ᠪᠠᠶᠠᠯᠢᠭ ᠢ ᠬᠠᠮᠠᠭᠠᠯᠠᠬᠤ ᠮᠡᠳᠡᠯᠭᠡ ᠶᠢᠨ ᠤᠬᠠᠭᠤᠯᠭ᠎ᠠ ᠶᠢ ᠬᠢᠵᠦ᠂ ᠬᠥᠮᠥᠰ ᠤᠨ ᠤᠰᠤᠨ ᠤ ᠡᠬᠢ ᠪᠠᠶᠠᠯᠢᠭ ᠢ ᠬᠠᠮᠠᠭᠠᠯᠠᠬᠤ ᠪᠠ ᠬᠠᠮᠢᠶᠠᠷᠬᠤ ᠮᠡᠳᠡᠯᠭᠡ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠬᠦ ᠬᠡᠷᠡᠭᠲᠡᠢ᠃    ︵ᠬᠤᠶᠠᠷ︶ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ    ᠨᠢᠭᠡ ᠳᠤ ᠤᠬᠠᠭᠤᠯᠭ᠎ᠠ ᠶᠢᠨ ᠠᠵᠢᠯ ᠢ ᠴᠢᠩᠭᠠᠳᠬᠠᠵᠤ᠂ ᠣᠯᠠᠨ ᠨᠡᠶᠢᠲᠡ ᠶᠢᠨ ᠤᠰᠤᠨ ᠤ ᠡᠬᠢ ᠪᠠᠶᠠᠯᠢᠭ ᠢ ᠬᠠᠮᠠᠭᠠᠯᠠᠬᠤ ᠦᠵᠡᠯ ᠤᠬᠠᠮᠰᠠᠷ ᠢ ᠴᠢᠩᠭᠠᠷᠠᠭᠤᠯᠤᠨ᠎ᠠ᠃ ᠤᠰᠤᠨ ᠤ ᠡᠬᠢ ᠪᠠᠶᠠᠯᠢᠭ ᠢ ᠠᠷᠪᠢᠯᠠᠨ ᠭᠠᠮᠨᠠᠵᠤ ᠬᠠᠮᠠᠭᠠᠯᠠᠬᠤ ᠮᠡᠳᠡᠯᠭᠡ ᠶᠢᠨ ᠬᠥᠮᠦᠵᠢᠯ ᠢ ᠰᠤᠷᠭᠠᠭᠤᠯᠢ ᠶᠢᠨ ᠰᠤᠷᠭᠠᠨ ᠬᠥᠮᠦᠵᠢᠯ ᠤᠨ ᠪᠥᠬᠦ ᠶᠠᠪᠤᠴᠠ ᠳᠤ  ᠲᠣᠭᠤᠰᠢᠯᠠᠭᠤᠯᠬᠤ ᠬᠡᠷᠡᠭᠲᠡᠢ︔ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠤᠳᠤᠷᠢᠳᠤᠯᠭ᠎ᠠ ᠪᠠ ᠠᠵᠢᠯᠲᠠᠨ ᠳᠤ ᠪᠣᠯᠪᠠᠰᠤᠷᠠᠭᠤᠯᠤᠯ ᠤᠨ ᠠᠵᠢᠯ ᠥᠷᠨᠢᠭᠦᠯᠦᠨ᠎ᠡ︔ ᠡᠭᠦᠨ ᠤ ᠵᠡᠷᠭᠡᠴᠡᠭᠡᠪᠡᠷ᠂ ᠰᠣᠨᠢᠨ᠂ ᠲᠧᠯᠸᠢᠰ᠂ ᠰᠦᠯᠵᠢᠶ᠎ᠡ ᠵᠡᠷᠭᠡ ᠶᠠᠷᠢᠶ᠎ᠠ ᠬᠡᠯᠡᠯᠴᠡᠭᠡᠨ ᠤ ᠵᠢᠭᠰᠠᠭᠠᠯ ᠤᠨ ᠭᠠᠵᠠᠷ ᠤᠨ ᠦᠢᠯᠡᠳᠦᠯ ᠢ ᠭᠦᠢᠴᠡᠳ ᠪᠠᠳᠠᠷᠠᠭᠤᠯᠵᠤ᠂ ᠤᠰᠤᠨ ᠤ ᠡᠬᠢ ᠪᠠᠶᠠᠯᠢᠭ ᠢ ᠬᠠᠮᠠᠭᠠᠯᠠᠬᠤ ᠮᠡᠳᠡᠯᠭᠡ ᠶᠢᠨ ᠤᠬᠠᠭᠤᠯᠭ᠎ᠠ ᠶᠢ ᠴᠢᠩᠭᠠᠳᠬᠠᠨ᠎ᠠ᠃ ᠠᠷᠪᠢᠯᠠᠨ ᠭᠠᠮᠨᠠᠬᠤ ᠬᠡᠯᠪᠡᠷᠢ ᠶᠢᠨ ᠬᠤᠳᠠ᠂ ᠠᠵᠤ ᠠᠬᠤᠶᠢᠯᠠᠯ᠂ ᠨᠡᠶᠢᠭᠡᠮ ᠲᠣᠭᠤᠷᠢᠭ ᠪᠠ ᠠᠶᠢᠯ ᠲᠣᠰᠬᠤᠨ ᠤ ᠠᠵᠢᠯᠯᠠᠭ᠎ᠠ ᠶᠢ ᠥᠷᠭᠡᠨ ᠢᠶᠠᠷ ᠵᠣᠬᠢᠶᠠᠨ ᠪᠠᠶᠢᠭᠤᠯᠤᠨ ᠥᠷᠨᠢᠭᠦᠯᠵᠦ᠂ ᠰᠤᠷᠭᠠᠨ ᠬᠥᠮᠥᠵᠢᠭᠦᠯᠬᠦ ᠪᠠᠷ ᠳᠠᠮᠵᠢᠭᠤᠯᠤᠨ ᠠᠷᠠᠳ ᠤᠯᠠᠨ ᠤ ᠠᠮᠢ ᠠᠬᠤᠢ ᠳᠤ ᠣᠷᠣᠯᠴᠠᠬᠤ ᠤᠬᠠᠮᠰᠠᠷ ᠪᠠ ᠵᠣᠷᠢᠭ ᠰᠠᠨᠠᠭ᠎ᠠ ᠶᠢ ᠦᠨᠡᠨ ᠬᠦ ᠬᠥᠮᠥᠵᠢᠭᠦᠯᠦᠨ᠎ᠡ᠃    ᠬᠤᠶᠠᠷ ᠲᠤ ᠤᠰᠤᠨ ᠤ ᠡᠬᠢ ᠪᠠᠶᠠᠯᠢᠭ ᠤᠨ ᠬᠠᠮᠢᠶᠠᠷᠤᠯᠲᠠ ᠶᠢ ᠴᠢᠩᠭᠠᠳᠬᠠᠵᠤ᠂ ᠤᠰᠤ ᠠᠷᠪᠢᠯᠠᠬᠤ ᠬᠡᠯᠪᠡᠷᠢ ᠶᠢᠨ ᠨᠡᠶᠢᠭᠡᠮ ᠤᠨ ᠪᠠᠶᠢᠭᠤᠯᠤᠯᠲᠠ ᠶᠢ ᠲᠦᠯᠬᠢᠨ ᠠᠬᠢᠭᠤᠯᠤᠨ᠎ᠠ᠃ ᠤᠰᠤᠨ ᠤ ᠡᠬᠢ ᠪᠠᠶᠠᠯᠢᠭ ᠢ ᠠᠷᠪᠢᠯᠠᠬᠤ ᠶᠠᠪᠤᠳᠠᠯ ᠢ ᠬᠠᠮᠢᠶᠠᠷᠤᠯᠲᠠ ᠶᠢᠨ ᠠᠵᠢᠯ ᠤᠨ ᠲᠡᠷᠢᠭᠦᠨ ᠪᠠᠶᠢᠷᠢᠨ ᠳᠤ ᠲᠠᠯᠪᠢᠨ ᠠᠳᠬᠤᠵᠤ᠂ ᠤᠰᠤ ᠠᠷᠪᠢᠯᠠᠬᠤ ᠬᠡᠯᠪᠡᠷᠢ ᠶᠢᠨ ᠨᠡᠶᠢᠭᠡᠮ ᠤᠨ ᠪᠠᠶᠢᠭᠤᠯᠤᠯᠲᠠ ᠶᠢ ᠲᠦᠷᠭᠡᠳᠬᠡᠬᠦ ᠬᠡᠷᠡᠭᠲᠡᠢ᠃ ᠤᠰᠤᠨ ᠤ ᠡᠬᠢ ᠪᠠᠶᠠᠯᠢᠭ ᠢ ᠬᠢᠨᠠᠨ ᠡᠵᠡᠮᠳᠡᠬᠦ ᠴᠢᠳᠠᠪᠤᠷᠢ ᠶᠢᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ᠂ ᠠᠵᠤ ᠠᠬᠤᠢ ᠶᠢᠨ᠂ ᠬᠠᠤᠯᠢ ᠴᠠᠭᠠᠵᠠ ᠶᠢᠨ ᠠᠷᠭ᠎ᠠ ᠪᠠᠷᠢᠯ ᠢ ᠬᠡᠷᠡᠭᠯᠡᠨ᠂ ᠤᠰᠤᠨ ᠤ ᠡᠬᠢ ᠪᠠᠶᠠᠯᠢᠭ ᠢ ᠨᠢᠭᠡᠳᠦᠯᠲᠡᠢ ᠬᠠᠮᠢᠶᠠᠷᠤᠨ᠎ᠠ᠃ ᠤᠰᠤ ᠠᠷᠪᠢᠯᠠᠬᠤ ᠬᠡᠯᠪᠡᠷᠢ ᠶᠢᠨ ᠨᠡᠶᠢᠭᠡᠮ ᠤᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠵᠠᠰᠠᠭ ᠤᠨ ᠣᠷᠳᠣᠨ ᠠᠴᠠ ᠲᠣᠬᠢᠷᠠᠭᠤᠯᠤᠨ ᠡᠵᠡᠮᠳᠡᠭᠰᠡᠨ᠂ ᠵᠠᠬ᠎ᠠ ᠳᠡᠯᠭᠡᠭᠦᠷ ᠢᠶᠠᠷ ᠬᠥᠲᠥᠯᠥᠨ ᠵᠢᠯᠣᠭᠤᠳᠤᠭᠰᠠᠨ᠂ ᠤᠯᠠᠨ ᠨᠡᠶᠢᠲᠡ ᠪᠠᠷ ᠢᠶᠠᠨ ᠣᠷᠣᠯᠴᠠᠭᠰᠠᠨ ᠤᠰᠤ ᠠᠷᠪᠢᠯᠠᠬᠤ ᠬᠡᠯᠪᠡᠷᠢ ᠶᠢᠨ ᠨᠡᠶᠢᠭᠡᠮ ᠤᠨ ᠬᠠᠮᠢᠶᠠᠷᠤᠯᠲᠠ ᠶᠢᠨ ᠪᠠᠶᠢᠭᠤᠯᠤᠯ ᠢ ᠪᠠᠶᠢᠭᠤᠯᠵᠤ᠂ ᠤᠰᠤᠨ ᠤ ᠡᠬᠢ ᠪᠠᠶᠠᠯᠢᠭ ᠢ ᠨᠢᠭᠡᠳᠦᠯᠲᠡᠢ ᠬᠠᠮᠢᠶᠠᠷᠬᠤ᠂ ᠰᠢᠯᠢᠳᠡᠭᠵᠢᠭᠦᠯᠦᠨ ᠲᠣᠬᠢᠷᠠᠭᠤᠯᠬᠤ ᠪᠠ ᠤᠰᠤᠨ ᠤ ᠠᠮᠢ ᠠᠬᠤᠢ ᠶᠢᠨ ᠣᠷᠴᠢᠨ ᠨᠥᠬᠦᠴᠡᠯ ᠤᠨ ᠬᠠᠮᠠᠭᠠᠯᠠᠯᠲᠠ ᠶᠢ ᠲᠦᠯᠬᠢᠨ ᠠᠬᠢᠭᠤᠯᠤᠨ᠎ᠠ᠃ ᠤᠰᠤᠨ ᠤ ᠡᠬᠢ ᠪᠠᠶᠠᠯᠢᠭ ᠢ ᠠᠷᠪᠢᠯᠠᠬᠤ᠂ ᠬᠠᠮᠠᠭᠠᠯᠠᠬᠤ᠂ ᠬᠠᠮᠢᠶᠠᠷᠬᠤ ᠵᠠᠷᠤᠳᠠᠯ  ᠤᠨ ᠣᠷᠣᠭᠤᠯᠤᠯᠲᠠ ᠪᠠᠨ ᠨᠡᠮᠡᠭᠳᠡᠭᠦᠯᠦᠨ᠂ ᠤᠰᠤ ᠠᠷᠪᠢᠯᠠᠬᠤ  ᠨᠡᠶᠢᠭᠡᠮ  ᠤᠨ ᠪᠦᠲᠦᠭᠡᠨ ᠪᠠᠶᠢᠭᠤᠯᠤᠯᠲᠠ ᠶᠢᠨ ᠳᠤᠮᠳᠠᠬᠢ ᠵᠠᠰᠠᠭ  ᠤᠨ ᠣᠷᠳᠣᠨ ᠤ ᠭᠤᠣᠯᠯᠠᠬᠤ ᠦᠢᠯᠡᠳᠦᠯ ᠢ ᠭᠦᠢᠴᠡᠳ ᠪᠠᠳᠠᠷᠠᠭᠤᠯᠤᠨ᠂ ᠵᠣᠬᠢᠶᠠᠨ ᠪᠠᠶᠢᠭᠤᠯᠤᠨ ᠵᠣᠬᠢᠴᠠᠭᠤᠯᠬᠤ ᠪᠠ ᠲᠥᠷᠥ ᠶᠢᠨ ᠪᠣᠳᠣᠯᠭ᠎ᠠ᠂ ᠪᠡᠯᠡ ᠮᠥᠩᠭᠦ ᠶᠢᠨ ᠳᠡᠮᠵᠢᠯᠭᠡ ᠪᠠᠨ ᠴᠢᠩᠭᠠᠳᠬᠠᠵᠤ᠂ ᠬᠠᠤᠯᠢ ᠴᠠᠭᠠᠵᠠ ᠶᠢᠨ ᠠᠷᠭ᠎ᠠ ᠪᠠᠷᠢᠯ ᠪᠣᠯᠣᠨ ᠵᠠᠰᠠᠭ ᠵᠠᠬᠢᠷᠭᠠᠨ  ᠤ ᠠᠷᠭ᠎ᠠ ᠬᠡᠮᠵᠢᠶ᠎ᠡ ᠪᠠᠷ ᠳᠠᠮᠵᠢᠭᠤᠯᠤᠨ ᠨᠠᠶᠢᠳᠠᠪᠤᠷᠢᠵᠢᠭᠤᠯᠵᠤ᠂ ᠤᠰᠤ ᠠᠷᠪᠢᠯᠠᠬᠤ   ᠨᠡᠶᠢᠭᠡᠮ ᠤᠨ  ᠪᠦᠲᠦᠭᠡᠨ ᠪᠠᠶᠢᠭᠤᠯᠤᠯᠲᠠ  ᠳᠤ  ᠪᠠᠶᠢᠭᠤᠯᠤᠯ ᠪᠣᠯᠣᠨ ᠲᠣᠭᠲᠠᠴᠠ ᠶᠢᠨ ᠪᠠᠲᠤᠯᠠᠭ᠎ᠠ ᠬᠠᠩᠭᠠᠨ᠎ᠠ᠃    ᠭᠤᠷᠪᠠ ᠳᠤ ᠤᠰᠤ ᠠᠷᠪᠢᠯᠠᠬᠤ ᠢᠨᠵᠧᠨᠧᠷᠢᠩ ᠤᠨ ᠣᠷᠣᠭᠤᠯᠤᠯᠲᠠ ᠶᠢ ᠨᠡᠮᠡᠭᠳᠡᠭᠦᠯᠵᠦ᠂ ᠤᠰᠤ ᠬᠡᠷᠡᠭᠯᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ ᠤᠰᠤᠨ  ᠤ ᠡᠬᠢ ᠪᠠᠶᠠᠯᠢᠭ ᠢ ᠲᠣᠬᠢᠷᠠᠭᠤᠯᠬᠤ ᠢᠨᠵᠧᠨᠧᠷᠢ ᠤᠨ ᠲᠥᠯᠦᠪᠵᠢᠭᠦᠯᠭᠡ ᠶᠢ ᠬᠡᠷᠡᠭᠵᠢᠭᠦᠯᠬᠦ ᠶᠢ ᠴᠢᠬᠤᠯᠠᠴᠢᠯᠠᠵᠤ᠂ ᠢᠨᠵᠧᠨᠧᠷᠢ ᠤᠨ ᠪᠦᠲᠦᠭᠡᠨ ᠪᠠᠶᠢᠭᠤᠯᠤᠯᠲᠠ ᠶᠢᠨ ᠣᠷᠣᠭᠤᠯᠤᠯᠲᠠ ᠶᠢ ᠨᠡᠮᠡᠭᠳᠡᠭᠦᠯᠦᠨ᠂ ᠤᠰᠤ ᠠᠷᠪᠢᠯᠠᠬᠤ ᠢᠨᠵᠧᠨᠧᠷᠢ  ᠤᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠤᠰᠤᠨ ᠤ ᠡᠬᠢ ᠪᠠᠶᠠᠯᠢᠭ  ᠢ ᠵᠦᠢ ᠵᠣᠬᠢᠰᠲᠠᠢ ᠲᠣᠬᠢᠷᠠᠭᠤᠯᠬᠤ ᠶᠢ ᠪᠡᠶᠡᠯᠡᠭᠦᠯᠬᠦ᠂ ᠤᠰᠤᠨ ᠤ ᠡᠬᠢ ᠪᠠᠶᠠᠯᠢᠭ ᠢ ᠥᠨᠳᠥᠷ ᠦᠷ᠎ᠡ ᠠᠰᠢᠭ ᠲᠠᠢ ᠠᠰᠢᠭᠯᠠᠬᠤ ᠶᠢ ᠠᠬᠢᠭᠤᠯᠬᠤ ᠳᠤ ᠪᠣᠳᠠᠰ ᠤᠨ ᠨᠥᠬᠦᠴᠡᠯ ᠡᠭᠦᠳᠴᠦ ᠥᠭᠬᠦ ᠬᠡᠷᠡᠭᠲᠡᠢ᠃ ᠣᠲᠣ ᠶᠢᠨ ᠪᠠᠶᠢᠭ᠎ᠠ ᠪᠠᠷᠢᠯᠭ᠎ᠠ ᠶᠢᠨ ᠶᠡᠷᠦᠩᠬᠡᠶᠢᠯᠡᠭᠰᠡᠨ ᠦᠷ᠎ᠡ ᠠᠰᠢᠭ ᠢ ᠶᠡᠬᠡᠪᠡᠷ ᠪᠠᠳᠠᠷᠠᠭᠤᠯᠵᠤ᠂ ᠤᠰᠤᠨ ᠤ ᠡᠬᠢ ᠪᠠᠶᠠᠯᠢᠭ ᠢ ᠲᠥᠬᠦᠷᠵᠢᠭᠦᠯᠬᠦ ᠳᠤ ᠵᠠᠩᠭᠢᠯᠠᠭ᠎ᠠ ᠶᠢᠨ ᠦᠢᠯᠡᠳᠦᠯ ᠦᠵᠡᠭᠦᠯᠬᠦ‍ ᠨᠢᠭᠡ ᠪᠦᠯᠦᠭ ᠲᠣᠮᠣ ᠳᠤᠮᠳᠠ ᠬᠡᠯᠪᠡᠷᠢ ᠶᠢᠨ ᠴᠢᠬᠤᠯᠠ ᠡᠵᠡᠮᠳᠡᠬᠦ ᠴᠢᠨᠠᠷᠲᠠᠢ ᠢᠨᠵᠧᠨᠧᠷᠢᠩ ᠢ ᠲᠥᠷᠥᠯ ᠵᠦᠢᠯ ᠲᠣᠭᠲᠠᠭᠠᠨ ᠡᠬᠢᠯᠡᠭᠦᠯᠵᠦ᠂ ᠤᠰᠤ ᠬᠡᠷᠡᠭᠯᠡᠬᠦ ᠪᠦᠲᠦᠴᠡ ᠶᠢᠨ ᠲᠣᠬᠢᠷᠠᠭᠤᠯᠤᠯᠲᠠ ᠶᠢ ᠠᠬᠢᠭᠤᠯᠤᠨ᠂ ᠬᠥᠮᠥᠨ ᠬᠢᠭᠡᠳ ᠪᠠᠶᠢᠭᠠᠯᠢ ᠶᠢᠨ ᠡᠶ᠎ᠡ ᠵᠣᠬᠢᠴᠠᠯ ᠲᠠᠢ ᠪᠠᠷ ᠬᠠᠮᠲᠤ ᠣᠷᠣᠰᠢᠬᠤ ᠶᠢ ᠪᠡᠶᠡᠯᠡᠭᠦᠯᠦᠨ᠎ᠡ᠃     ᠵᠢᠷᠭᠤᠭ᠎ᠠ᠂ ᠥᠪᠡᠷ  ᠢ ᠪᠠᠨ ᠦᠨᠡᠯᠡᠭᠰᠡᠨ ᠦᠷ᠎ᠡ ᠳ᠋ᠦᠩ    ᠳᠡᠭᠡᠷᠡᠬᠢ ᠠᠭᠤᠯᠭ᠎ᠠ ᠶᠢ ᠶᠡᠷᠦᠩᠬᠡᠶᠢᠯᠡᠵᠦ᠂ ︽ᠰᠢᠯᠭᠠᠨ ᠬᠢᠨᠠᠬᠤ ᠲᠥᠰᠥᠯ︾ ᠤᠨ ᠳᠣᠲᠣᠷᠠᠬᠢ ᠰᠢᠯᠭᠠᠨ ᠬᠢᠨᠠᠬᠤ ᠲᠠᠰ ᠢ ᠦᠨᠳᠦᠰᠦᠯᠡᠨ ᠲᠣᠭᠲᠠᠭᠠᠵᠤ᠂ ᠥᠪᠡᠰᠦᠪᠡᠨ ᠦᠨᠡᠯᠡᠭᠰᠡᠨ ᠬᠤᠪᠢ ᠨᠢ 94 ᠬᠤᠪᠢ ᠪᠠᠶᠢᠵᠤ᠂ ᠤᠰᠤᠨ ᠤ ᠡᠬᠢ ᠪᠠᠶᠠᠯᠢᠭ ᠤᠨ ᠬᠠᠮᠢᠶᠠᠷᠤᠯᠲᠠ ᠶᠢᠨ ᠬᠠᠮᠤᠭ ᠤᠨ ᠴᠢᠩᠭ᠎ᠠ ᠳᠦᠷᠢᠮ ᠢ ᠬᠡᠷᠡᠭᠵᠢᠭᠦᠯᠵᠦ ᠥᠪᠡᠰᠦᠪᠡᠨ ᠦᠨᠡᠯᠡᠭᠰᠡᠨ ᠲᠠᠰ ᠨᠢ ᠰᠢᠯᠢᠳᠡᠭ ᠪᠣᠯᠣᠨ᠎ᠠ᠃ 
 
ᠢᠷᠡᠯᠲᠡ᠄ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号