ᠠᠶᠢᠮᠠᠭ ᠤᠨ ᠵᠠᠬᠢᠷᠭ᠎ᠠ᠄ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠤᠨ ︽ | ᠥᠪᠡᠷᠲᠡᠭᠡᠨ ᠵᠠᠰᠠᠬᠤ ᠣᠷᠣᠨ ᠤ 2022 ᠣᠨ ᠤ ᠬᠠᠮᠤᠭ ᠤᠨ ᠴᠢᠩᠭ᠎ᠠ ᠤᠰᠤᠨ ᠤ ᠡᠬᠢ ᠪᠠᠶᠠᠯᠢᠭ ᠤᠨ | ᠬᠠᠮᠢᠶᠠᠷᠤᠯᠲᠠ ᠶᠢᠨ ᠳᠦᠷᠢᠮ ᠢ ᠬᠡᠷᠡᠭᠵᠢᠭᠦᠯᠬᠦ ᠬᠢᠨᠠᠨ ᠰᠢᠯᠭᠠᠬᠤ ᠲᠥᠰᠥᠯ ᠢ ᠳᠠᠷᠤᠮᠠᠯᠯᠠᠨ ᠶᠠᠪᠤᠭᠤᠯᠬᠤ ᠲᠤᠬᠠᠢ | ᠮᠡᠳᠡᠭᠳᠡᠯ︾ ᠪᠠ ᠬᠢᠩᠭᠠᠨ ᠠᠶᠢᠮᠠᠭ ᠤᠨ ᠤᠰᠤᠨ ᠠᠰᠢᠭᠯᠠᠯᠲᠠ ᠶᠢᠨ ᠲᠣᠪᠴᠢᠶ᠎ᠠ ᠶᠢᠨ ︽ᠬᠢᠩᠭᠠᠨ ᠠᠶᠢᠮᠠᠭ ᠤᠨ | ᠬᠠᠮᠤᠭ ᠤᠨ ᠴᠢᠩᠭ᠎ᠠ ᠤᠰᠤᠨ ᠤ ᠡᠬᠢ ᠪᠠᠶᠠᠯᠢᠭ ᠤᠨ ᠬᠠᠮᠢᠶᠠᠷᠤᠯᠲᠠ ᠶᠢᠨ ᠳᠦᠷᠢᠮ ᠢ ᠬᠡᠷᠡᠭᠵᠢᠭᠦᠯᠬᠦ 2022 | ᠣᠨ ᠤ ᠬᠢᠨᠠᠨ ᠰᠢᠯᠭᠠᠬᠤ ᠠᠵᠢᠯ ᠤᠨ ᠲᠥᠰᠥᠯ ᠢ ᠳᠠᠷᠤᠮᠠᠯᠯᠠᠨ ᠶᠠᠪᠤᠭᠤᠯᠬᠤ ᠲᠤᠬᠠᠢ ᠮᠡᠳᠡᠭᠳᠡᠯ︾ ᠤᠨ ᠪᠢᠴᠢᠭ | ᠮᠠᠲ᠋ᠧᠷᠢᠶᠠᠯ ᠤᠨ ᠱᠠᠭᠠᠷᠳᠠᠯᠭ᠎ᠠ ᠶᠢ ᠦᠨᠳᠦᠰᠦᠯᠡᠨ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠨᠠᠮ ᠤᠨ | ᠬᠤᠷᠢᠶ᠎ᠠ᠂ ᠬᠤᠰᠢᠭᠤᠨ ᠤ ᠵᠠᠰᠠᠭ ᠤᠨ ᠣᠷᠳᠣᠨ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠲᠤᠰᠬᠠᠢ | ᠰᠡᠳᠦᠪᠲᠦ ᠬᠤᠷᠠᠯ ᠬᠤᠷᠠᠯᠳᠤᠭᠤᠯᠤᠨ ᠰᠤᠳᠤᠯᠬᠤ ᠶᠢᠨ ᠬᠠᠮᠲᠤ ᠲᠤᠰᠬᠠᠢ ᠬᠥᠮᠥᠨ ᠵᠣᠬᠢᠶᠠᠨ ᠪᠠᠶᠢᠭᠤᠯᠤᠨ ᠮᠠᠨ ᠤ | ᠬᠤᠰᠢᠭᠤᠨ ᠤ 2022 ᠣᠨ ᠤ ᠤᠰᠤᠨ ᠤ ᠡᠬᠢ ᠪᠠᠶᠠᠯᠢᠭ ᠤᠨ ᠬᠠᠮᠢᠶᠠᠷᠤᠯᠲᠠ ᠶᠢᠨ ᠳᠦᠷᠢᠮ ᠢ ᠬᠠᠮᠤᠭ ᠤᠨ | ᠴᠢᠩᠭ᠎ᠠ ᠬᠡᠷᠡᠭᠵᠢᠭᠦᠯᠬᠦ ᠠᠵᠢᠯ ᠳᠤ ᠨᠠᠷᠢᠨ ᠬᠢᠨᠠᠮᠠᠭᠠᠢ ᠥᠪᠡᠷ ᠤᠨ ᠪᠠᠶᠢᠴᠠᠭᠠᠯᠲᠠ ᠬᠢᠵᠡᠢ᠂ ᠣᠲᠣ ᠥᠪᠡᠷ ᠤᠨ | ᠪᠠᠶᠢᠴᠠᠭᠠᠯᠲᠠ ᠶᠢᠨ ᠪᠠᠶᠢᠳᠠᠯ ᠢᠶᠠᠨ ᠳᠣᠣᠷᠠᠬᠢ ᠮᠡᠲᠦ ᠮᠡᠳᠡᠭᠦᠯᠦᠶ᠎ᠡ᠄ | ᠨᠢᠭᠡ᠂ ᠪᠦᠭᠦ ᠬᠤᠰᠢᠭᠤᠨ ᠤ ᠲᠣᠶᠢᠮᠣᠴᠢᠯᠠᠯ | ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ ᠨᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠵᠡᠭᠦᠨ ᠬᠤᠶᠢᠲᠤ ᠬᠡᠰᠡᠭ᠂ ᠶᠡᠭᠡ ᠬᠢᠩᠭᠠᠨ ᠳᠠᠪᠠᠭ᠎ᠠ ᠶᠢᠨ ᠡᠮᠦᠨ᠎ᠡ ᠬᠤᠷᠮᠣᠢ ᠳᠤ ᠪᠠᠶᠢᠷᠢᠯᠠᠵᠤ᠂ ᠬᠤᠶᠢᠲᠤ ᠬᠡᠰᠡᠭ ᠨᠢ | ᠶᠡᠭᠡ ᠬᠢᠩᠭᠠᠨ ᠳᠠᠪᠠᠭ᠎ᠠ ᠶᠢᠨ ᠠᠭᠤᠯᠠᠷᠬᠠᠭ ᠭᠠᠵᠠᠷ ᠪᠠᠶᠢᠵᠤ᠂ ᠡᠮᠦᠨ᠎ᠡ ᠬᠡᠰᠡᠭ ᠨᠢ ᠭᠦᠶᠦᠬᠡᠨ ᠠᠭᠤᠯᠠ ᠳᠣᠪᠣᠷᠬᠠᠭ | ᠪᠠᠶᠢᠵᠤ᠂ ᠵᠡᠭᠦᠨ ᠬᠡᠰᠡᠭ ᠨᠢ ᠨᠠᠮ ᠳᠥᠯᠭᠡᠨ᠂ ᠬᠢᠯᠢ ᠶᠢᠨ ᠳᠣᠲᠣᠷ᠎ᠠ ᠭᠤᠣᠯ ᠮᠥᠷᠡᠨ ᠨᠡᠯᠢᠶᠡᠳ ᠠᠷᠪᠢᠨ ᠪᠠᠶᠢᠵᠤ᠂ | ᠨᠡᠯᠢᠶᠡᠳ ᠶᠡᠭᠡ ᠭᠤᠣᠯ ᠮᠥᠷᠡᠨ ᠭᠡᠪᠡᠯ ᠲᠤᠭᠤᠷ ᠤᠨ ᠭᠤᠣᠯ᠂ ᠭᠦᠢᠯᠡᠷ ᠭᠤᠣᠯ ᠵᠡᠷᠭᠡ ᠪᠣᠯᠣᠨ᠎ᠠ᠃ ᠪᠥᠬᠦ | ᠬᠤᠰᠢᠭᠤᠨ ᠳᠤ 14 ᠰᠤᠮᠤ ᠰᠢᠶᠠᠩ ᠪᠠᠯᠭᠠᠰᠤ᠂ 1 ᠡᠭᠦᠯᠳᠡᠷ ᠤᠨ ᠮᠠᠯ ᠤᠨ ᠦᠷᠡᠵᠢᠯ ᠤᠨ ᠲᠥᠪ᠂ 4 ᠤᠯᠤᠰ ᠤᠨ | ᠲᠠᠷᠢᠶᠠᠯᠠᠩ ᠮᠠᠯᠵᠢᠯ ᠤᠨ ᠲᠠᠯᠠᠪᠠᠶ᠂ 7 ᠤᠯᠤᠰ ᠤᠨ ᠣᠶ ᠰᠢᠭᠤᠢ ᠶᠢᠨ ᠲᠠᠯᠠᠪᠠᠶ᠂ 228 ᠭᠠᠴᠠᠭ᠎ᠠ ᠲᠣᠰᠬᠤᠨ ᠲᠠᠢ᠂ | ᠶᠡᠷᠦᠩᠬᠡᠢ ᠲᠠᠯᠠᠪᠠᠶ ᠨᠢ 1.7 ᠲᠦᠮᠡᠨ ᠲᠡᠭᠰᠢ ᠳᠥᠷᠪᠡᠯᠵᠢᠨ ᠺᠢᠯᠣᠮᠧᠲᠷ ᠪᠠᠶᠢᠵᠤ᠂ ᠮᠣᠩᠭᠤᠯ᠂ ᠬᠢᠲᠠᠳ᠂ ᠮᠠᠨᠵᠤ᠂ | ᠰᠣᠯᠣᠩᠭᠤᠰ ᠵᠡᠷᠭᠡ 13 ᠦᠨᠳᠦᠰᠦᠲᠡᠨ ᠲᠠᠢ᠂ ᠪᠥᠬᠦ ᠬᠥᠮᠥᠨ ᠠᠮᠠ ᠨᠢ 33.17 ᠲᠦᠮᠡᠨ ᠬᠥᠮᠥᠨ ᠪᠠᠶᠢᠨ᠎ᠠ᠃ | 2022 ᠣᠨ ᠳᠤ ᠪᠦᠭᠦ ᠬᠤᠰᠢᠭᠤᠨ ᠤ ᠪᠣᠳᠠᠲᠠᠢ ᠬᠡᠷᠡᠭᠯᠡᠬᠦ ᠤᠰᠤᠨ ᠤ ᠶᠡᠷᠦᠩᠬᠡᠢ ᠬᠡᠮᠵᠢᠶ᠎ᠡ᠂ ᠪᠦᠭᠦ ᠵᠢᠯ ᠤᠨ | ᠲᠦᠮᠡᠨ ᠲᠥᠭᠦᠷᠢᠭ ᠤᠨGDP ᠶᠢᠨ ᠤᠰᠤ ᠬᠡᠷᠡᠬᠯᠡᠭᠦ ᠬᠡᠮᠵᠢᠶ᠎ᠡ᠂ ᠲᠦᠮᠡᠨ ᠲᠥᠭᠦᠷᠢᠭ ᠤᠨ ᠨᠡᠮᠡᠭᠳᠡᠯ ᠦᠷᠲᠡᠭ ᠤᠨ | ᠤᠰᠤ ᠬᠡᠷᠡᠬᠯᠡᠭᠦ ᠬᠡᠮᠵᠢᠶ᠎ᠡ ᠨᠢ ᠴᠥᠮ ᠬᠢᠨᠠᠨ ᠰᠢᠯᠭᠠᠬᠤ ᠱᠠᠭᠠᠷᠳᠠᠯᠭ᠎ᠠ ᠳᠤ ᠬᠦᠷᠦᠭᠰᠡᠨ ᠪᠠᠶᠢᠨ᠎ᠠ᠃ ᠪᠣᠳᠠᠲᠠᠢ | ᠲᠠᠷᠢᠶᠠᠨ ᠭᠠᠵᠠᠷ ᠤᠨ ᠤᠰᠤᠯᠠᠯᠲᠠ ᠶᠢᠨ ᠤᠰᠤᠨ ᠤ ᠠᠰᠢᠭᠯᠠᠯᠲᠠ ᠶᠢᠨ ᠢᠯᠡᠳᠬᠡᠮᠵᠢ ᠨᠢ 0.556 ᠪᠣᠯᠣᠨ᠎ᠠ᠃ | ᠣᠷᠣᠨ ᠪᠦᠰᠡ ᠶᠢᠨ ᠣᠯᠠᠨ ᠵᠢᠯ ᠤᠨ ᠳᠤᠮᠳᠠᠴᠢ ᠵᠢᠯ ᠤᠨ ᠲᠤᠨᠳᠠᠰᠤᠨ ᠤ ᠬᠡᠮᠵᠢᠶ᠎ᠡ ᠨᠢ 449.0 ᠮᠢᠯᠢᠮᠧᠲᠷ᠂ | ᠬᠠᠮᠤᠭ ᠤᠨ ᠶᠡᠭᠡ ᠲᠤᠨᠳᠠᠰᠤᠨ ᠤ ᠬᠡᠮᠵᠢᠶ᠎ᠡ ᠨᠢ 823.9 ᠮᠢᠯᠢᠮᠧᠲᠷ᠂ ᠬᠠᠮᠤᠭ ᠤᠨ ᠪᠠᠭ᠎ᠠ ᠲᠤᠨᠳᠠᠰᠤᠨ ᠤ ᠬᠡᠮᠵᠢᠶ᠎ᠡ | ᠨᠢ 156.4 ᠮᠢᠯᠢᠮᠧᠲᠷ ᠪᠠᠶᠢᠳᠠᠭ᠃ ᠤᠯᠡᠠ ᠵᠢᠯ ᠤᠨ ᠳᠤᠮᠳᠠᠴᠢ ᠠᠭᠤᠷᠰᠢᠯᠲᠠ ᠶᠢᠨ ᠬᠡᠮᠵᠢᠶ᠎ᠡ ᠨᠢ 1648. 0 | ᠮᠢᠯᠢᠮᠧᠲᠷ (ᠳ᠋ᠢᠶᠠᠮᠧᠲᠷ ᠨᠢ 20 ᠮᠢᠯᠢᠮᠧᠲᠷ ᠤᠨ ᠠᠭᠤᠷᠰᠢᠭᠤᠯᠬᠤ ᠰᠠᠪᠠ) ᠪᠣᠯᠣᠨ᠎ᠠ᠃ | 2022 ᠣᠨ ᠳᠤ ᠤᠰᠤ ᠬᠡᠷᠡᠭᠯᠡᠬᠦ ᠶᠡᠷᠦᠩᠬᠡᠢ ᠬᠡᠮᠵᠢᠶ᠎ᠡ ᠶᠢ ᠬᠢᠵᠠᠭᠠᠷᠯᠠᠬᠤ ᠭᠦᠢᠴᠡᠳᠬᠡᠯ ᠲᠤᠭ᠎ᠠ ᠶᠢ ᠨᠢᠭᠡᠨᠲᠡ | ᠠᠮᠢᠳᠤᠷᠠᠯ᠂ ᠲᠠᠷᠢᠶᠠᠯᠠᠩ᠂ ᠠᠮᠢ ᠠᠬᠤᠢ ᠪᠠ ᠠᠵᠤ ᠦᠢᠯᠡᠳᠪᠦᠷᠢ ᠳᠤ ᠬᠡᠷᠡᠭᠯᠡᠬᠦ ᠤᠰᠤ ᠵᠡᠷᠭᠡ ᠳᠥᠷᠪᠡᠨ ᠲᠠᠯ᠎ᠠ ᠳᠤ | ᠬᠤᠪᠢᠶᠠᠵᠤ᠂ ᠠᠵᠤ ᠦᠢᠯᠡᠳᠪᠦᠷᠢ ᠳᠤ ᠬᠡᠷᠡᠭᠯᠡᠬᠦ ᠤᠰᠤᠨ ᠤ ᠬᠤᠭᠤᠯᠠᠢ ᠶᠢ ᠬᠢᠵᠠᠭᠠᠷᠯᠠᠬᠤ ᠭᠦᠢᠴᠡᠳᠬᠡᠯ ᠲᠤᠭ᠎ᠠ ᠶᠢ | ᠨᠢᠭᠡᠨᠲᠡ ᠤᠰᠤ ᠬᠡᠷᠡᠭᠯᠡᠬᠦ ᠡᠷᠦᠬᠡ ᠳᠤ ᠨᠠᠶᠢᠳᠠᠪᠤᠷᠢᠵᠢᠭᠤᠯᠪᠠ᠃ ᠲᠠᠷᠢᠶᠠᠯᠠᠩ ᠤᠨ ᠤᠰᠤᠯᠠᠯᠲᠠ ᠳᠤ ᠬᠡᠷᠡᠭᠯᠡᠬᠦ | ᠤᠰᠤᠨ ᠤ ᠬᠤᠭᠤᠯᠠᠢ ᠶᠢᠨ ᠬᠢᠵᠠᠭᠠᠷᠯᠠᠬᠤ ᠲᠤᠭ᠎ᠠ ᠶᠢ ᠨᠢᠭᠡᠨᠲᠡ ᠤᠰᠤ ᠬᠡᠷᠡᠭᠯᠡᠬᠦ ᠬᠤᠷᠰᠢᠭᠰᠠᠨ ᠵᠣᠬᠢᠶᠠᠨ | ᠪᠠᠶᠢᠭᠤᠯᠤᠯᠲᠠ ᠪᠤᠶᠤ ᠮᠠᠰᠢᠨ ᠴᠠᠬᠢᠯᠭᠠᠨ ᠤ ᠬᠤᠳᠳᠤᠭ ᠲᠤ ᠨᠠᠷᠢᠯᠢᠭᠵᠢᠭᠤᠯᠤᠨ ᠵᠠᠳᠠᠯᠵᠠᠢ᠃ | ᠬᠤᠶᠠᠷ᠂ ᠭᠤᠣᠯᠳᠠᠯᠭ᠎ᠠ ᠲᠠᠢ ᠡᠭᠦᠷᠭᠡ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ | ︵ᠨᠢᠭᠡ︶ ᠤᠰᠤᠨ ᠤ ᠡᠬᠢ ᠪᠠᠶᠠᠯᠢᠭ ᠤᠨ ᠬᠠᠲᠠᠭᠤ ᠬᠢᠵᠠᠭᠠᠷᠯᠠᠯ ᠤᠨ ᠳᠦᠷᠢᠮ ︵ᠨᠡᠶᠢᠲᠡ 13.5 ᠬᠤᠪᠢ᠂ | ᠥᠪᠡᠰᠦᠪᠡᠨ ᠲᠣᠭᠲᠠᠭᠠᠭᠰᠠᠨ ᠬᠤᠪᠢ 13.5 ᠬᠤᠪᠢ︶ | 1. ᠤᠰᠤ ᠬᠡᠷᠡᠭᠯᠡᠬᠦ ᠶᠡᠷᠦᠩᠬᠡᠢ ᠬᠡᠮᠵᠢᠶ᠎ᠡ ᠶᠢ ᠨᠠᠷᠢᠯᠢᠭᠵᠢᠭᠤᠯᠤᠨ ᠵᠠᠳᠠᠯᠤᠨ᠎ᠠ ︵ᠨᠡᠶᠢᠲᠡ 3 ᠬᠤᠪᠢ᠂ ᠥᠪᠡᠷᠲᠡᠭᠡᠨ | 3 ᠬᠤᠪᠢ ᠥᠭᠭᠦᠨ᠎ᠡ︶ | ᠦᠰᠦᠭ ᠪᠢᠴᠢᠭ ᠤᠨ ᠲᠣᠳᠣᠷᠬᠠᠶᠢᠯᠠᠯᠲᠠ᠄ 6 ᠰᠠᠷ᠎ᠠ ᠶᠢᠨ ᠰᠡᠭᠦᠯᠴᠢ ᠠᠴᠠ ᠡᠮᠦᠨ᠎ᠡ ᠬᠤᠷᠴᠢᠨ ᠪᠠᠷᠠᠭᠤᠨ | ᠭᠠᠷᠤᠨ ᠡᠮᠦᠨᠡᠲᠦ ᠬᠤᠰᠢᠭᠤᠨ ᠤ ᠬᠢᠨ ᠤᠰᠤ ᠬᠡᠷᠡᠬᠯᠡᠭᠦ ᠶᠡᠷᠦᠩᠬᠡᠢ ᠬᠡᠮᠵᠢᠶ᠎ᠡ ᠶᠢ ᠬᠢᠵᠠᠭᠠᠷᠯᠠᠬᠤ ᠬᠠᠷᠠᠯᠲᠠ ᠪᠠᠨ | ᠠᠮᠢᠳᠤᠷᠠᠯ᠂ ᠲᠠᠷᠢᠶᠠᠯᠠᠩ᠂ ᠠᠵᠤ ᠦᠢᠯᠡᠳᠪᠦᠷᠢ ᠪᠠ ᠠᠮᠢ ᠠᠬᠤᠢ ᠶᠢᠨ ᠣᠷᠴᠢᠨ ᠲᠣᠭᠤᠷᠢᠨ ᠵᠡᠷᠭᠡ ᠠᠵᠢᠯ | ᠳᠦᠷᠦᠯ ᠳᠤ ᠬᠤᠪᠢᠶᠠᠨ ᠥᠭᠴᠦ᠂ ᠳᠡᠭᠡᠷ᠎ᠡ ᠨᠢᠭᠡ ᠱᠠᠲᠤᠨ ᠤ ᠤᠰᠤᠨ ᠤ ᠶᠠᠪᠤᠳᠠᠯ ᠤᠨ ᠵᠠᠰᠠᠭ ᠵᠠᠬᠢᠷᠭᠠᠨ ᠤ | ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠲᠤ ᠮᠡᠳᠡᠭᠦᠯᠦᠨ᠎ᠡ᠃ | ᠲᠤᠯᠭᠠᠭᠤᠷᠢᠯᠠᠬᠤ ᠮᠠᠲ᠋ᠧᠷᠢᠶᠠᠯ᠄ ︽ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠤᠰᠤᠨ | ᠠᠰᠢᠭᠯᠠᠯᠲᠠ ᠶᠢᠨ ᠲᠣᠪᠴᠢᠶ᠎ᠠ ᠶᠢᠨ ᠤᠰᠤ ᠬᠡᠷᠡᠭᠯᠡᠬᠦ ᠶᠡᠷᠦᠩᠬᠡᠢ ᠬᠡᠮᠵᠢᠶ᠎ᠡ ᠶᠢ ᠬᠢᠵᠠᠭᠠᠷᠯᠠᠬᠤ ᠭᠦᠢᠴᠡᠳᠬᠡᠯ ᠲᠤᠭ᠎ᠠ ᠶᠢ | ᠨᠠᠷᠢᠯᠢᠭᠵᠢᠭᠤᠯᠤᠨ ᠵᠠᠳᠠᠯᠤᠭᠰᠠᠨ ᠪᠠᠶᠢᠳᠠᠯ︾ ᠤᠨ ᠲᠤᠬᠠᠢ ᠮᠡᠳᠡᠭᠦᠯᠦᠯᠲᠡ︔ ᠬᠤᠷᠴᠢᠨ ᠪᠠᠷᠠᠭᠤᠨ ᠭᠠᠷᠤᠨ ᠡᠮᠦᠨᠡᠲᠦ | ᠬᠤᠰᠢᠭᠤᠨ ᠤ ᠤᠰᠤᠨ ᠠᠰᠢᠭᠯᠠᠯᠲᠠ ᠶᠢᠨ ᠲᠣᠪᠴᠢᠶ᠎ᠠ ᠶᠢᠨ ︽2025 ᠣᠨ ᠤ ᠭᠠᠵᠠᠷ ᠳᠣᠣᠷᠠᠬᠢ ᠤᠰᠤᠨ ᠤ | ᠬᠠᠮᠢᠶᠠᠷᠤᠯᠲᠠ ᠶᠢᠨ ᠨᠢᠭᠡᠴᠡ ᠶᠢᠨ ᠬᠡᠷᠡᠭᠯᠡᠬᠦ ᠤᠰᠤᠨ ᠤ ᠶᠡᠷᠦᠩᠬᠡᠢ ᠬᠡᠮᠵᠢᠶ᠎ᠡ ᠶᠢ ᠬᠠᠮᠢᠶᠠᠷᠤᠨ ᠡᠵᠡᠮᠳᠡᠬᠦ ᠭᠦᠢᠴᠡᠳᠬᠡᠯ | ᠲᠤᠭ᠎ᠠ ᠶᠢ ᠱᠠᠲᠤ ᠳᠠᠷᠠᠭᠠᠯᠠᠨ ᠬᠤᠪᠢᠶᠠᠨ ᠰᠢᠶᠠᠩ ᠪᠠᠯᠭᠠᠰᠤ ᠰᠤᠮᠤ ᠳᠤ ᠬᠦᠷᠲᠡᠯ᠎ᠡ ᠨᠠᠶᠢᠳᠠᠪᠤᠷᠢᠵᠢᠭᠤᠯᠬᠤ | ᠲᠥᠯᠥᠪᠯᠡᠭᠡ︾ ᠶᠢᠨ ᠲᠤᠬᠠᠢ ᠮᠡᠳᠡᠭᠳᠡᠯ᠃ | 2. ᠤᠰᠤᠨ ᠤ ᠡᠬᠢ ᠪᠠᠶᠠᠯᠢᠭ ᠤᠨ ᠲᠣᠬᠢᠷᠠᠭᠤᠯᠤᠯᠲᠠ ︵ᠨᠡᠶᠢᠲᠡ 1 ᠬᠤᠪᠢ᠂ ᠥᠪᠡᠰᠦᠪᠡᠨ ᠬᠤᠪᠢ ᠣᠯᠭᠤᠬᠤ | 1 ᠬᠤᠪᠢ︶ | ᠦᠰᠦᠭ ᠪᠢᠴᠢᠭ ᠤᠨ ᠲᠣᠳᠣᠷᠬᠠᠶᠢᠯᠠᠯᠲᠠ᠄ 2022 ᠣᠨ ᠳᠤ᠂ ᠰᠤᠩᠭᠠᠷᠢ ᠮᠥᠷᠡᠨ ᠯᠢᠶᠣᠤᠾᠧ ᠭᠤᠣᠯ ᠤᠨ | ᠨᠠᠮ ᠤᠨ ᠬᠤᠷᠢᠶ᠎ᠠ ᠶᠢᠨ ᠴᠠᠷᠠᠰᠤᠨ ᠤᠰᠤᠨ ᠴᠥᠭᠦᠷᠥᠮ ᠤᠨ ᠬᠠᠮᠢᠶᠠᠷᠤᠯᠲᠠ ᠶᠢᠨ ᠲᠣᠪᠴᠢᠶ᠎ᠠ ᠠᠴᠠ 7 ᠤᠳᠠᠭ᠎ᠠ | ᠴᠠᠷᠠᠰᠤᠨ ᠲᠣᠪᠴᠢᠶ᠎ᠠ ᠶᠢᠨ ᠲᠣᠬᠢᠷᠠᠭᠤᠯᠬᠤ ᠵᠠᠷᠯᠢᠭ ᠪᠠᠭᠤᠯᠭᠠᠵᠠᠢ᠂ ᠡᠨᠡ ᠨᠢ ᠮᠠᠨ ᠤ ᠠᠶᠢᠮᠠᠭ ᠤᠨ ᠴᠠᠷᠠᠰᠤᠨ ᠤ | ᠳᠣᠣᠷᠠᠳᠤ ᠤᠷᠤᠰᠬᠠᠯ ᠤᠨ ᠤᠰᠤᠯᠠᠯᠲᠠ ᠶᠢᠨ ᠣᠷᠣᠨ ᠤ ᠰᠠᠶᠢᠨ ᠲᠠᠷᠢᠶᠠᠨ ᠤ ᠤᠰᠤᠯᠠᠯᠲᠠ ᠶᠢᠨ ᠣᠷᠣᠨ ᠳᠤ | ᠬᠤᠯᠪᠣᠭᠳᠠᠵᠠᠢ᠂ ᠳᠤᠰ ᠤᠰᠤᠯᠠᠯᠲᠠ ᠶᠢᠨ ᠣᠷᠣᠨ ᠨᠢ ᠲᠣᠬᠢᠷᠠᠭᠤᠯᠬᠤ ᠵᠠᠷᠯᠢᠭ ᠢ ᠴᠢᠩᠭ᠎ᠠ ᠵᠢᠷᠤᠮᠯᠠᠨ ᠬᠡᠷᠡᠭᠵᠢᠭᠦᠯᠵᠦ | ᠂ ᠣᠨ ᠤ ᠤᠰᠤᠨ ᠤ ᠬᠡᠮᠵᠢᠶ᠎ᠡ ᠶᠢ ᠲᠣᠬᠢᠷᠠᠭᠤᠯᠬᠤ ᠡᠭᠦᠷᠭᠡ ᠪᠠᠨ ᠪᠡᠶᠡᠯᠡᠭᠦᠯᠵᠡᠢ᠃ | ᠲᠤᠯᠭᠠᠭᠤᠷᠢᠯᠠᠬᠤ ᠮᠠᠲ᠋ᠧᠷᠢᠶᠠᠯ᠄ ︽ ᠴᠠᠷᠠᠰᠤᠨ ᠲᠣᠪᠴᠢᠶ᠎ᠠ ᠶᠢᠨ ᠲᠣᠬᠢᠷᠠᠭᠤᠯᠬᠤ ᠵᠠᠷᠯᠢᠭ︾᠃ | 3. ᠤᠰᠤ ᠲᠠᠲᠠᠵᠤ ᠬᠡᠷᠡᠭᠯᠡᠬᠦ ᠶᠢ ᠬᠢᠨᠠᠨ ᠬᠠᠮᠢᠶᠠᠷᠤᠨ᠎ᠠ ︵ᠨᠡᠶᠢᠲᠡ 5 ᠬᠤᠪᠢ᠂ ᠥᠪᠡᠷᠲᠡᠭᠡᠨ 5 ᠬᠤᠪᠢ | ᠲᠣᠭᠲᠠᠭᠠᠨ᠎ᠠ︶ | ᠦᠰᠦᠭ ᠪᠢᠴᠢᠭ ᠤᠨ ᠲᠣᠳᠣᠷᠬᠠᠶᠢᠯᠠᠯᠲᠠ᠄ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ ᠲᠤᠰ ᠣᠷᠣᠨ | ᠪᠦᠰᠡ ᠶᠢᠨ ᠣᠨ ᠤ ᠤᠰᠤ ᠬᠡᠷᠡᠭᠯᠡᠬᠦ ᠶᠡᠷᠦᠩᠬᠡᠢ ᠬᠡᠮᠵᠢᠶ᠎ᠡ ᠪᠠ ᠭᠠᠵᠠᠷ ᠳᠣᠣᠷᠠᠬᠢ ᠤᠰᠤᠨ ᠤ ᠬᠠᠮᠢᠶᠠᠷᠤᠯᠲᠠ ᠶᠢᠨ | ᠨᠢᠭᠡᠴᠢ ᠶᠢᠨ ᠭᠠᠵᠠᠷ ᠳᠣᠣᠷᠠᠬᠢ ᠤᠰᠤᠨ ᠤ ᠶᠡᠷᠦᠩᠬᠡᠢ ᠬᠡᠮᠵᠢᠶ᠎ᠡ ᠶᠢ ᠡᠵᠡᠮᠳᠡᠬᠦ ᠬᠠᠷᠠᠯᠲᠠ᠂ ᠤᠰᠤ ᠬᠡᠷᠡᠭᠰᠡᠬᠦ | ᠪᠠᠶᠢᠳᠠᠯ ᠪᠠ ᠤᠰᠤ ᠬᠡᠷᠡᠭᠯᠡᠬᠦ ᠪᠦᠲᠦᠴᠡ ᠪᠠᠨ ᠦᠨᠳᠦᠰᠦᠯᠡᠵᠦ᠂ ᠤᠰᠤᠨ ᠤ ᠡᠬᠢ ᠰᠤᠷᠪᠤᠯᠵᠢ ᠬᠤᠪᠢᠶᠠᠨ ᠣᠨ ᠤ | ᠤᠰᠤ ᠲᠠᠲᠠᠬᠤ ᠲᠥᠯᠥᠪᠯᠡᠭᠡ ᠪᠠᠨ ᠲᠣᠭᠲᠠᠭᠠᠬᠤ ᠶᠢᠨ ᠬᠠᠮᠲᠤ 6 ᠰᠠᠷ᠎ᠠ ᠶᠢᠨ ᠰᠡᠭᠦᠯᠴᠢ ᠠᠴᠠ ᠡᠮᠦᠨ᠎ᠡ ᠳᠡᠭᠡᠷ᠎ᠡ | ᠨᠢᠭᠡ ᠱᠠᠲᠤᠨ ᠤ ᠤᠰᠤᠨ ᠤ ᠵᠠᠰᠠᠭ ᠵᠠᠬᠢᠷᠭᠠᠨ ᠤ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠲᠤ ᠮᠡᠳᠡᠭᠦᠯᠦᠨ᠎ᠡ ᠂ | ᠤᠰᠤ ᠲᠠᠲᠠᠵᠤ ᠬᠡᠷᠡᠭᠯᠡᠬᠦ ᠶᠢ ᠲᠤᠰᠬᠠᠶᠢᠯᠠᠨ ᠴᠡᠭᠴᠡᠯᠡᠨ ᠵᠠᠰᠠᠬᠤ ᠠᠵᠢᠯᠯᠠᠭ᠎ᠠ ᠶᠢᠨ ᠡᠯ᠎ᠡ ᠱᠠᠲᠤ ᠦᠶ᠎ᠡ ᠶᠢᠨ | ᠡᠭᠦᠷᠭᠡ ᠬᠠᠷᠠᠯᠲᠠ ᠶᠢ ᠴᠡᠭᠴᠡᠯᠡᠨ ᠰᠠᠶᠢᠵᠢᠷᠠᠭᠤᠯᠵᠤ ᠳᠡᠭᠡᠭᠰᠢᠯᠡᠭᠦᠯᠬᠦ ᠶᠢ ᠪᠡᠶᠡᠯᠡᠭᠦᠯᠦᠨ᠎ᠡ︔ ᠡᠯ᠎ᠡ ᠱᠠᠲᠤᠨ ᠤ | ᠬᠢᠨᠠᠯᠲᠠ ᠲᠠᠯᠪᠢᠵᠤ ᠪᠠᠶᠢᠴᠠᠭᠠᠬᠤ ᠪᠤᠶᠤ ᠰᠢᠮᠳᠠᠭᠤᠯᠤᠨ ᠪᠠᠶᠢᠴᠠᠭᠠᠬᠤ᠂ ᠲᠣᠭᠤᠷᠢᠨ ᠪᠠᠶᠢᠴᠠᠭᠠᠬᠤ᠂ ᠬᠢᠨᠠᠨ ᠪᠤᠳᠤᠬᠤ᠂ | ᠵᠠᠭᠤᠴᠢᠯᠠᠭᠤᠷ ᠵᠡᠷᠭᠡ ᠠᠴᠠ ᠢᠯᠡᠷᠡᠭᠦᠯᠦᠭᠰᠡᠨ ᠤᠰᠤᠨ ᠤ ᠡᠬᠢ ᠪᠠᠶᠠᠯᠢᠭ ᠤᠨ ᠬᠢᠨᠠᠯᠲᠠ ᠬᠠᠮᠢᠶᠠᠷᠤᠯᠲᠠ ᠶᠢᠨ | ᠲᠠᠯ᠎ᠠ ᠶᠢᠨ ᠠᠰᠠᠭᠤᠳᠠᠯ ᠢ ᠲᠣᠭᠲᠠᠭᠠᠭᠰᠠᠨ ᠪᠠᠷᠢᠮᠵᠢᠶ᠎ᠠ ᠪᠠ ᠴᠠᠭ ᠤᠨ ᠬᠢᠵᠠᠭᠠᠷ ᠤᠨ ᠱᠠᠭᠠᠷᠳᠠᠯᠭ᠎ᠠ ᠶᠣᠰᠣᠭᠠᠷ | ᠴᠡᠭᠴᠡᠯᠡᠨ ᠰᠠᠶᠢᠵᠢᠷᠠᠭᠤᠯᠬᠤ ᠶᠢ ᠪᠡᠶᠡᠯᠡᠭᠦᠯᠦᠨ᠎ᠡ︔ ᠦᠨᠡᠮᠯᠡᠯ ᠦᠭᠡᠢ ᠪᠠᠷ ᠤᠰᠤ ᠲᠠᠲᠠᠬᠤ ᠶᠠᠪᠤᠳᠠᠯ ᠣᠷᠣᠰᠢᠬᠤ | ᠦᠭᠡᠢ ᠪᠣᠯ ᠴᠥᠮ ᠴᠣᠬᠤᠯᠠᠪᠤᠷᠢ ᠶᠢᠨ ᠱᠠᠭᠠᠷᠳᠠᠯᠭ᠎ᠠ ᠶᠣᠰᠣᠭᠠᠷ ᠤᠰᠤ ᠲᠠᠲᠠᠵᠤ᠂ ᠤᠰᠤ ᠲᠠᠲᠠᠬᠤ ᠬᠡᠮᠵᠢᠯᠲᠡ ᠶᠢᠨ | ᠪᠡᠯᠡᠳᠬᠡᠮᠵᠢ ᠶᠢ ᠴᠥᠮ ᠲᠣᠭᠲᠠᠭᠠᠯ ᠶᠣᠰᠣᠭᠠᠷ ᠤᠭᠰᠠᠷᠠᠬᠤ ᠶᠢᠨ ᠬᠠᠮᠲᠤ ᠬᠡᠪ ᠤᠨ ᠶᠣᠰᠣᠭᠠᠷ ᠠᠵᠢᠯᠯᠠᠭᠤᠯᠵᠤ᠂ | ᠴᠥᠮ ᠲᠣᠭᠲᠠᠭᠠᠯ ᠶᠣᠰᠣᠭᠠᠷ ᠤᠰᠤ ᠲᠠᠲᠠᠬᠤ ᠬᠡᠮᠵᠢᠯᠲᠡ ᠶᠢᠨ ᠡᠬᠡ ᠲᠠᠩᠰᠠ ᠶᠢ ᠪᠠᠶᠢᠭᠤᠯᠬᠤ ᠬᠡᠷᠡᠭᠲᠡᠢ᠃ | ᠲᠤᠯᠭᠠᠭᠤᠷᠢᠯᠠᠬᠤ ᠮᠠᠲ᠋ᠧᠷᠢᠶᠠᠯ᠄ ︽ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠤᠰᠤᠨ | ᠠᠰᠢᠭᠯᠠᠯᠲᠠ ᠶᠢᠨ ᠲᠣᠪᠴᠢᠶ᠎ᠠ ᠶᠢᠨ ᠤᠰᠤ ᠬᠡᠷᠡᠭᠯᠡᠬᠦ ᠶᠡᠷᠦᠩᠬᠡᠢ ᠬᠡᠮᠵᠢᠶ᠎ᠡ ᠶᠢ ᠡᠵᠡᠮᠳᠡᠬᠦ ᠭᠦᠢᠴᠡᠳᠬᠡᠯ ᠲᠤᠭ᠎ᠠ ᠶᠢ | ᠨᠠᠷᠢᠯᠢᠭᠵᠢᠭᠤᠯᠤᠨ ᠵᠠᠳᠠᠯᠤᠭᠰᠠᠨ ᠪᠠᠶᠢᠳᠠᠯ︾ ᠤᠨ ᠲᠤᠬᠠᠢ ᠮᠡᠳᠡᠭᠦᠯᠦᠯᠲᠡ᠂ ᠬᠤᠷᠴᠢᠨ ᠪᠠᠷᠠᠭᠤᠨ ᠭᠠᠷᠤᠨ ᠡᠮᠦᠨᠡᠲᠦ | ᠬᠤᠰᠢᠭᠤᠨ ᠤ ᠤᠰᠤᠨ ᠠᠰᠢᠭᠯᠠᠯᠲᠠ ᠶᠢᠨ ᠲᠣᠪᠴᠢᠶ᠎ᠠ ᠶᠢᠨ ︽2025 ᠣᠨ ᠤ ᠭᠠᠵᠠᠷ ᠳᠣᠣᠷᠠᠬᠢ ᠤᠰᠤᠨ ᠤ | ᠬᠠᠮᠢᠶᠠᠷᠤᠯᠲᠠ ᠶᠢᠨ ᠨᠢᠭᠡᠴᠡ ᠶᠢᠨ ᠤᠰᠤ ᠬᠡᠷᠡᠭᠯᠡᠬᠦ ᠶᠡᠷᠦᠩᠬᠡᠢ ᠬᠡᠮᠵᠢᠶ᠎ᠡ ᠶᠢ ᠬᠠᠮᠢᠶᠠᠷᠤᠨ ᠡᠵᠡᠮᠳᠡᠬᠦ ᠭᠦᠢᠴᠡᠳᠬᠡᠯ | ᠲᠤᠭ᠎ᠠ ᠶᠢ ᠱᠠᠲᠤ ᠳᠠᠷᠠᠭᠠᠯᠠᠨ ᠰᠢᠶᠠᠩ ᠪᠠᠯᠭᠠᠰᠤ ᠰᠤᠮᠤ ᠳᠤ ᠬᠦᠷᠲᠡᠯ᠎ᠡ ᠵᠠᠳᠠᠯᠤᠨ ᠨᠠᠶᠢᠳᠠᠪᠤᠷᠢᠵᠢᠭᠤᠯᠬᠤ ᠲᠤᠬᠠᠢ | ᠲᠥᠯᠥᠪᠯᠡᠭᠡ︾ ᠶᠢᠨ ᠮᠡᠳᠡᠭᠳᠡᠯ᠂ ︽ᠪᠥᠬᠦ ᠤᠯᠤᠰ ᠤᠨ ᠤᠰᠤ ᠲᠠᠲᠠᠵᠤ ᠬᠡᠷᠡᠭᠯᠡᠬᠦ ᠬᠠᠮᠢᠶᠠᠷᠤᠯᠲᠠ ᠶᠢᠨ ᠲᠤᠰᠬᠠᠢ | ᠴᠡᠭᠴᠡᠯᠡᠨ ᠵᠠᠰᠠᠬᠤ ᠮᠡᠳᠡᠭᠡ ᠵᠠᠩᠭᠢ ᠶᠢᠨ ᠰᠢᠰᠲ᠋ᠧᠮ ᠤᠨ ᠲᠠᠪᠴᠠᠩ︾︔ ︽ᠬᠢᠩᠭᠠᠨ ᠠᠶᠢᠮᠠᠭ ᠤᠨ ᠤᠰᠤᠨ ᠤ ᠡᠬᠢ | ᠪᠠᠶᠠᠯᠢᠭ ᠤᠨ ᠬᠠᠮᠢᠶᠠᠷᠤᠯᠲᠠ ᠶᠢᠨ ᠲᠠᠪᠴᠠᠩ︾ ︽ᠤᠰᠤᠨ ᠤ ᠡᠬᠢ ᠪᠠᠶᠠᠯᠢᠭ ᠤᠨ ᠤᠷᠤᠰᠬᠠᠯ ᠤᠨ ᠬᠡᠮᠵᠢᠶ᠎ᠡ ᠶᠢ | ᠬᠢᠨᠠᠨ ᠬᠡᠮᠵᠢᠬᠦ ᠰᠢᠰᠲ᠋ᠧᠮ︾ ︽ᠤᠰᠤ ᠬᠡᠷᠡᠭᠯᠡᠬᠦ ᠲᠤᠭ᠎ᠠ ᠪᠦᠷᠢᠳᠬᠡᠯ ᠤᠨ ᠪᠠᠶᠢᠴᠠᠭᠠᠯᠲᠠ ᠶᠢᠨ ᠰᠢᠭᠤᠳ ᠮᠡᠳᠡᠭᠦᠯᠬᠦ | ᠰᠢᠰᠲ᠋ᠧᠮ︾᠃ | 4. ᠲᠠᠷᠢᠶᠠᠯᠠᠩ ᠤᠨ ᠤᠰᠤᠨ ᠤ ᠦᠨ᠎ᠡ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ︵ᠨᠡᠶᠢᠲᠡ 2.5 ᠬᠤᠪᠢ᠂ | ᠥᠪᠡᠷ ᠤᠨ ᠬᠤᠪᠢ 2.5 ᠬᠤᠪᠢ︶ | ᠦᠰᠦᠭ ᠪᠢᠴᠢᠭ ᠤᠨ ᠲᠣᠳᠣᠷᠬᠠᠶᠢᠯᠠᠯᠲᠠ᠄ ᠲᠠᠷᠢᠶᠠᠯᠠᠩ ᠤᠨ ᠤᠰᠤ ᠬᠠᠩᠭᠠᠬᠤ ᠬᠡᠮᠵᠢᠯᠲᠡ ᠶᠢᠨ | ᠲᠥᠬᠦᠭᠡᠷᠦᠮᠵᠢ ᠶᠢ ᠢᠵᠢ ᠪᠦᠷᠢᠳᠦᠭᠦᠯᠦᠨ ᠲᠡᠭᠦᠯᠳᠡᠷᠵᠢᠭᠦᠯᠦᠨ᠎ᠡ︔ ᠲᠥᠪ ᠤᠨ ᠡᠳ᠋ ᠤᠨ ᠵᠠᠰᠠᠭ ᠤᠨ ᠤᠰᠤᠨ | ᠠᠰᠢᠭᠯᠠᠯᠲᠠ ᠶᠢᠨ ᠬᠥᠭᠵᠢᠯᠲᠡ ᠶᠢᠨ ᠪᠡᠯᠡ ᠮᠥᠩᠭᠦ ᠶᠢ ᠲᠠᠷᠢᠶᠠᠯᠠᠩ ᠤᠨ ᠤᠰᠤᠨ ᠤ ᠦᠨ᠎ᠡ ᠶᠢᠨ ᠶᠡᠷᠦᠩᠬᠡᠶᠢᠯᠡᠭᠰᠡᠨ | ᠦᠭᠡᠷᠡᠴᠢᠯᠡᠯᠲᠡ᠃ | ᠲᠤᠯᠭᠠᠭᠤᠷᠢᠯᠠᠬᠤ ᠮᠠᠲ᠋ᠧᠷᠢᠶᠠᠯ᠄ 2022 ᠣᠨ ᠤ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ | ᠲᠠᠷᠢᠶᠠᠯᠠᠩ ᠤᠨ ᠤᠰᠤᠨ ᠤ ᠦᠨ᠎ᠡ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ ᠤᠰᠤᠯᠠᠯᠲᠠ ᠶᠢᠨ ᠣᠷᠣᠨ ᠤ | ᠵᠠᠩᠭᠢᠯᠠᠭ᠎ᠠ ᠶᠢᠨ ᠮᠡᠳᠡᠭᠡ ᠵᠠᠩᠭᠢᠵᠢᠯᠲᠠ ᠶᠢᠨ ᠥᠭᠡᠷᠡᠴᠢᠯᠡᠯᠲᠡ ᠶᠢ ᠳᠡᠭᠡᠭᠰᠢᠯᠡᠭᠦᠯᠬᠦ ᠲᠥᠷᠥᠯ ᠵᠦᠢᠯ ᠤᠨ ᠪᠠᠷᠢᠯᠭ᠎ᠠ | ᠳᠠᠭᠤᠰᠤᠭᠰᠠᠨ ᠢ ᠰᠢᠯᠭᠠᠨ ᠠᠪᠤᠭᠰᠠᠨ ᠪᠢᠴᠢᠭ᠃ | 5. ᠬᠢᠨᠠᠨ ᠬᠡᠮᠵᠢᠵᠦ ᠬᠡᠮᠵᠢᠬᠦ ᠪᠠ ᠪᠦᠷᠢᠳᠬᠡᠬᠦ ︵ᠨᠡᠶᠢᠲᠡ 2 ᠬᠤᠪᠢ᠂ ᠥᠪᠡᠰᠦᠪᠡᠨ ᠬᠤᠪᠢ ᠣᠯᠭᠤᠬᠤ 2 | ᠬᠤᠪᠢ︶ | ᠦᠰᠦᠭ ᠪᠢᠴᠢᠭ ᠤᠨ ᠲᠣᠳᠣᠷᠬᠠᠶᠢᠯᠠᠯᠲᠠ᠄ ᠮᠠᠨ ᠤ ᠬᠤᠰᠢᠭᠤ ᠣᠨ ᠤ ᠤᠰᠤ ᠲᠠᠲᠠᠬᠤ ᠶᠢ ᠬᠢᠨᠠᠨ ᠬᠡᠮᠵᠢᠵᠦ | ᠬᠡᠮᠵᠢᠬᠦ ᠰᠢᠰᠲ᠋ᠧᠮ ᠤᠨ ᠪᠠᠶᠢᠭᠤᠯᠤᠯᠲᠠ ᠶᠢᠨ ᠡᠭᠦᠷᠭᠡ ᠪᠠᠨ ᠨᠢᠭᠡᠨᠲᠡ ᠪᠡᠶᠡᠯᠡᠭᠦᠯᠪᠡ︔ ᠤᠰᠤᠨ ᠰᠤᠷᠪᠤᠯᠵᠢ ᠶᠢᠨ | ᠭᠠᠵᠠᠷ ᠤᠨ ᠬᠢᠨᠠᠨ ᠡᠵᠡᠮᠳᠡᠬᠦ ᠲᠤᠭ᠎ᠠ ᠪᠠᠷᠢᠮᠲᠠ ᠶᠢᠨ ᠮᠡᠳᠡᠭᠡ ᠵᠠᠩᠭᠢ ᠶᠢ ᠴᠠᠭ ᠲᠤᠬᠠᠢ ᠳᠤᠨᠢ ᠣᠨᠣᠪᠴᠢᠲᠠᠶ | ᠮᠡᠳᠡᠭᠦᠯᠬᠦ ᠬᠡᠷᠡᠭᠲᠡᠢ︔ ᠮᠠᠨ ᠤ ᠬᠤᠰᠢᠭᠤ ︽ᠤᠰᠤ ᠬᠡᠷᠡᠭᠯᠡᠬᠦ ᠪᠦᠷᠢᠳᠬᠡᠯ ᠤᠨ ᠪᠠᠶᠢᠴᠠᠭᠠᠯᠲᠠ ᠶᠢᠨ ᠳᠦᠷᠢᠮ︾ ᠢ | ᠴᠢᠩᠭ᠎ᠠ ᠨᠠᠶᠢᠳᠠᠪᠤᠷᠢᠵᠢᠭᠤᠯᠵᠤ᠂ ᠤᠰᠤ ᠲᠠᠲᠠᠬᠤ ᠡᠷᠦᠬᠡ ᠶᠢ ᠪᠦᠬᠦᠨ ᠢ ᠤᠰᠤ ᠬᠡᠷᠡᠭᠯᠡᠬᠦ ᠪᠦᠷᠢᠳᠬᠡᠯ ᠤᠨ ᠰᠢᠭᠤᠳ | ᠮᠡᠳᠡᠭᠦᠯᠬᠦ ᠰᠢᠰᠲ᠋ᠧᠮ ᠳᠤ ᠣᠷᠣᠭᠤᠯᠵᠤ᠂ ᠤᠯᠠᠷᠢᠯ ᠤᠨ ᠮᠡᠳᠡᠭᠦᠯᠦᠯᠲᠡ᠂ ᠣᠨ ᠤ ᠮᠡᠳᠡᠭᠦᠯᠦᠯᠲᠡ ᠶᠢ ᠴᠠᠭ ᠲᠤᠬᠠᠢ | ᠳᠤᠨᠢ ᠳᠡᠭᠡᠭᠰᠢ ᠮᠡᠳᠡᠭᠦᠯᠵᠦ᠂ ᠤᠰᠤ ᠬᠡᠷᠡᠭᠯᠡᠬᠦ ᠡᠷᠦᠬᠡ ᠶᠢᠨ ᠳᠡᠭᠡᠭᠰᠢ ᠮᠡᠳᠡᠭᠦᠯᠦᠭᠰᠡᠨ ᠲᠤᠭ᠎ᠠ ᠪᠠᠷᠢᠮᠲᠠ ᠶᠢ ᠨᠠᠷᠢᠨ | ᠬᠢᠨᠠᠮᠠᠭᠠᠢ ᠬᠢᠨᠠᠨ ᠬᠠᠷᠭᠤᠭᠤᠯᠵᠤ᠂ ᠲᠤᠭ᠎ᠠ ᠪᠠᠷᠢᠮᠲᠠ ᠶᠢ ᠬᠢᠨᠠᠨ ᠬᠠᠷᠭᠤᠭᠤᠯᠤᠭᠰᠠᠨ ᠣᠨᠣᠪᠴᠢ ᠶᠢᠨ ᠨᠣᠷᠮ᠎ᠠ ᠶᠢ | 100% ᠳᠤ ᠬᠦᠷᠦᠭᠦᠯᠦᠨ᠎ᠡ᠃ | ᠲᠤᠯᠭᠠᠭᠤᠷᠢᠯᠠᠬᠤ ᠮᠠᠲ᠋ᠧᠷᠢᠶᠠᠯ᠄ ︽ᠬᠢᠩᠭᠠᠨ ᠠᠶᠢᠮᠠᠭ ᠤᠨ ᠤᠰᠤᠨ ᠤ ᠡᠬᠢ ᠪᠠᠶᠠᠯᠢᠭ ᠤᠨ ᠬᠠᠮᠢᠶᠠᠷᠤᠯᠲᠠ ᠶᠢᠨ | ᠲᠠᠪᠴᠠᠩ︾ ︽ᠤᠰᠤᠨ ᠤ ᠡᠬᠢ ᠪᠠᠶᠠᠯᠢᠭ ᠤᠨ ᠤᠷᠤᠰᠴᠠ ᠶᠢ ᠬᠢᠨᠠᠨ ᠬᠡᠮᠵᠢᠬᠦ ᠰᠢᠰᠲ᠋ᠧᠮ︾ ︽ᠤᠰᠤ ᠬᠡᠷᠡᠭᠯᠡᠬᠦ ᠶᠢ | ᠪᠦᠷᠢᠳᠬᠡᠨ ᠰᠢᠭᠤᠳ ᠮᠡᠳᠡᠭᠦᠯᠬᠦ ᠰᠢᠰᠲ᠋ᠧᠮ︾᠃ | ︵ᠬᠤᠶᠠᠷ︶ ᠭᠠᠵᠠᠷ ᠳᠣᠣᠷᠠᠬᠢ ᠤᠰᠤᠨ ᠤ ᠬᠠᠮᠢᠶᠠᠷᠤᠯᠲᠠ ︵ᠨᠡᠶᠢᠲᠡ 8 ᠬᠤᠪᠢ᠂ ᠥᠪᠡᠰᠦᠪᠡᠨ 8 ᠬᠤᠪᠢ | ᠲᠣᠭᠲᠠᠭᠠᠨ᠎ᠠ︶ | 1. ᠭᠠᠵᠠᠷ ᠳᠣᠣᠷᠠᠬᠢ ᠤᠰᠤᠨ ᠤ ᠬᠠᠮᠢᠶᠠᠷᠤᠯᠲᠠ ᠶᠢᠨ ᠬᠠᠷᠢᠭᠤᠴᠠᠯᠭ᠎ᠠ ᠶᠢᠨ ᠰᠢᠰᠲ᠋ᠧᠮᠵᠢ ᠶᠢ ᠪᠠᠶᠢᠭᠤᠯᠤᠨ᠎ᠠ ︵ | ᠨᠡᠶᠢᠲᠡ 1 ᠬᠤᠪᠢ᠂ ᠥᠪᠡᠰᠦᠪᠡᠨ ᠬᠤᠪᠢ ᠣᠯᠭᠤᠬᠤ 1 ᠬᠤᠪᠢ︶ | ᠦᠰᠦᠭ ᠪᠢᠴᠢᠭ ᠤᠨ ᠲᠣᠳᠣᠷᠬᠠᠶᠢᠯᠠᠯᠲᠠ᠄ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠬᠠᠷᠢᠶ᠎ᠠ | ᠬᠤᠰᠢᠭᠤ ᠰᠢᠶᠠᠨ ︵ᠲᠣᠭᠤᠷᠢᠭ︶ ᠢ ᠵᠣᠬᠢᠶᠠᠨ ᠪᠠᠶᠢᠭᠤᠯᠤᠨ ᠭᠠᠵᠠᠷ ᠳᠣᠣᠷᠠᠬᠢ ᠤᠰᠤ ᠶᠢ ᠬᠠᠮᠠᠭᠠᠯᠠᠬᠤ ᠪᠠ | ᠬᠠᠮᠢᠶᠠᠷᠬᠤ ᠬᠠᠷᠢᠭᠤᠴᠠᠯᠭ᠎ᠠ ᠶᠢᠨ ᠰᠢᠰᠲ᠋ᠧᠮᠵᠢ ᠶᠢ ᠪᠠᠶᠢᠭᠤᠯᠵᠤ᠂ ᠰᠤᠮᠤ ᠰᠢᠶᠠᠩ ᠪᠠᠯᠭᠠᠰᠤ᠂ ᠭᠠᠴᠠᠭ᠎ᠠ ᠲᠣᠰᠬᠤᠨ᠂ | ᠮᠠᠰᠢᠨ ᠴᠠᠬᠢᠯᠭᠠᠨ ᠬᠤᠳᠳᠤᠭ ᠤᠨ ᠬᠠᠮᠢᠶᠠᠷᠤᠯᠲᠠ ᠶᠢᠨ ᠠᠵᠢᠯᠲᠠᠨ ᠳᠥᠷᠪᠡᠨ ᠱᠠᠲᠤᠨ ᠤ ᠬᠠᠷᠢᠭᠤᠴᠠᠯᠭᠠᠲᠠᠨ ᠵᠢᠴᠢ | ᠠᠵᠢᠯ ᠤᠨ ᠬᠠᠷᠢᠭᠤᠴᠠᠯᠭ᠎ᠠ ᠶᠢ ᠲᠣᠳᠣᠷᠬᠠᠶᠢᠯᠠᠵᠤ᠂ ᠡᠯ᠎ᠡ ᠱᠠᠲᠤᠨ ᠤ ᠬᠠᠷᠢᠭᠤᠴᠠᠯᠭ᠎ᠠ ᠶᠢᠨ ᠰᠢᠰᠲ᠋ᠧᠮᠵᠢ ᠶᠢ | ᠪᠠᠶᠢᠭᠤᠯᠤᠭᠰᠠᠨ ᠪᠠᠶᠢᠳᠠᠯ ᠢᠶᠠᠨ ᠥᠪᠡᠷᠲᠡᠭᠡᠨ ᠵᠠᠰᠠᠬᠤ ᠣᠷᠣᠨ ᠤ ᠤᠰᠤᠨ ᠤ ᠶᠠᠪᠤᠳᠠᠯ ᠤᠨ ᠵᠠᠰᠠᠭ ᠵᠠᠬᠢᠷᠭᠠᠨ ᠤ | ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠮᠡᠳᠡᠭᠦᠯᠵᠦ ᠳᠠᠩᠰᠠᠯᠠᠭᠤᠯᠤᠨ᠎ᠠ᠃ | ᠲᠤᠯᠭᠠᠭᠤᠷᠢᠯᠠᠬᠤ ᠮᠠᠲ᠋ᠧᠷᠢᠶᠠᠯ᠄ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠤᠰᠤᠨ | ᠠᠰᠢᠭᠯᠠᠯᠲᠠ ᠶᠢᠨ ᠲᠣᠪᠴᠢᠶ᠎ᠠ ᠶᠢᠨ ︽ᠭᠠᠵᠠᠷ ᠳᠣᠣᠷᠠᠬᠢ ᠤᠰᠤᠨ ᠤ ᠬᠠᠮᠠᠭᠠᠯᠠᠯᠲᠠ ᠪᠠ ᠬᠠᠮᠢᠶᠠᠷᠤᠯᠲᠠ ᠶᠢᠨ | ᠬᠠᠷᠢᠭᠤᠴᠠᠯᠭ᠎ᠠ ᠶᠢᠨ ᠰᠢᠰᠲ᠋ᠧᠮᠵᠢ ᠶᠢ ᠳᠡᠭᠡᠭᠰᠢ ᠮᠡᠳᠡᠭᠦᠯᠬᠦ ᠲᠤᠬᠠᠢ ᠮᠡᠳᠡᠭᠦᠯᠦᠯᠲᠡ︾᠃ | 2. ᠭᠠᠵᠠᠷ ᠳᠣᠣᠷᠠᠬᠢ ᠤᠰᠤᠨ ᠤ ᠬᠡᠷᠡᠭᠯᠡᠬᠦ ᠤᠰᠤᠨ ᠤ ᠶᠡᠷᠦᠩᠬᠡᠢ ᠬᠡᠮᠵᠢᠶ᠎ᠡ ᠶᠢ ᠬᠠᠮᠢᠶᠠᠷᠤᠨ ᠡᠵᠡᠮᠳᠡᠨ᠎ᠡ ︵ | ᠨᠡᠶᠢᠲᠡ 2 ᠬᠤᠪᠢ᠂ ᠥᠪᠡᠷᠲᠡᠭᠡᠨ 2 ᠬᠤᠪᠢ ᠲᠣᠭᠲᠠᠭᠠᠨ᠎ᠠ︶ | ᠥᠰᠥᠭ ᠪᠢᠴᠢᠭ ᠤᠨ ᠲᠣᠳᠣᠷᠬᠠᠶᠢᠯᠠᠯᠲᠠ᠄ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠵᠠᠰᠠᠭ ᠤᠨ | ᠣᠷᠳᠣᠨ 6 ᠰᠠᠷ᠎ᠠ ᠶᠢᠨ ᠰᠡᠭᠦᠯᠴᠢ ᠠᠴᠠ ᠡᠮᠦᠨ᠎ᠡ ᠥᠪᠡᠷᠲᠡᠭᠡᠨ ᠵᠠᠰᠠᠬᠤ ᠣᠷᠣᠨ ᠤ ᠪᠠᠭᠤᠯᠭᠠᠭᠰᠠᠨ 2025 | ᠣᠨ ᠤ ᠭᠠᠵᠠᠷ ᠳᠣᠣᠷᠠᠬᠢ ᠤᠰᠤᠨ ᠤ ᠬᠠᠮᠢᠶᠠᠷᠤᠯᠲᠠ ᠶᠢᠨ ᠨᠢᠭᠡᠴᠡ ᠶᠢᠨ ᠤᠰᠤ ᠬᠡᠷᠡᠭᠯᠡᠬᠦ ᠶᠡᠷᠦᠩᠬᠡᠢ ᠬᠡᠮᠵᠢᠶ᠎ᠡ ᠶᠢ | ᠬᠠᠮᠢᠶᠠᠷᠤᠨ ᠡᠵᠡᠮᠳᠡᠬᠦ ᠭᠦᠢᠴᠡᠳᠬᠡᠯ ᠲᠤᠭ᠎ᠠ ᠶᠢ ᠰᠤᠮᠤ ᠰᠢᠶᠠᠩ ᠪᠠᠯᠭᠠᠰᠤ ᠪᠠ ᠭᠠᠴᠠᠭ᠎ᠠ ᠲᠣᠰᠬᠤᠨ ᠳᠤ ᠱᠠᠲᠤ | ᠳᠠᠷᠠᠭᠠᠯᠠᠨ ᠬᠤᠪᠢᠶᠠᠷᠢᠯᠠᠨ ᠨᠠᠶᠢᠳᠠᠪᠤᠷᠢᠵᠢᠭᠤᠯᠵᠤ᠂ ᠵᠢᠯ ᠤᠨ ᠰᠡᠭᠦᠯᠴᠢ ᠠᠴᠠ ᠡᠮᠦᠨ᠎ᠡ ᠡᠷᠦᠬᠡ᠂ ᠬᠤᠳᠳᠤᠭ ᠪᠤᠶᠤ | ᠬᠡᠰᠡᠭ ᠭᠠᠵᠠᠷ ᠲᠤ ᠬᠤᠪᠢᠶᠠᠷᠢᠯᠠᠨ ᠥᠭᠬᠦ ᠶᠢᠨ ᠬᠠᠮᠲᠤ ᠳᠡᠭᠡᠷ᠎ᠡ ᠨᠢᠭᠡ ᠱᠠᠲᠤᠨ ᠤ ᠤᠰᠤᠨ ᠤ ᠶᠠᠪᠤᠳᠠᠯ ᠤᠨ ᠵᠠᠰᠠᠭ | ᠵᠠᠬᠢᠷᠭᠠᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠮᠡᠳᠡᠭᠦᠯᠦᠨ᠎ᠡ︔ ᠭᠠᠵᠠᠷ ᠳᠣᠣᠷᠠᠬᠢ ᠤᠰᠤᠨ ᠤ | ᠪᠠᠶᠢᠯᠳᠤᠬᠤ ᠪᠣᠳᠣᠯᠭ᠎ᠠ ᠶᠢᠨ ᠨᠥᠭᠡᠴᠡᠯᠡᠬᠦ ᠳᠦᠷᠢᠮ ᠢ ᠪᠠᠶᠢᠭᠤᠯᠵᠤ᠂ ᠬᠤᠷᠴᠢᠨ ᠪᠠᠷᠠᠭᠤᠨ ᠭᠠᠷᠤᠨ ᠡᠮᠦᠨᠡᠲᠦ | ᠬᠤᠰᠢᠭᠤᠨ ᠤ ᠭᠠᠵᠠᠷ ᠳᠣᠣᠷᠠᠬᠢ ᠤᠰᠤᠨ ᠤ ᠪᠠᠴᠢᠮ ᠪᠠᠶᠢᠳᠠᠯ ᠢ ᠠᠷᠭᠠᠴᠠᠬᠤ ᠪᠠ ᠪᠠᠶᠢᠯᠳᠤᠬᠤ ᠪᠣᠳᠣᠯᠭ᠎ᠠ ᠶᠢᠨ | ᠨᠥᠭᠡᠴᠡᠯᠡᠬᠦ ᠤᠰᠤᠨ ᠤ ᠬᠡᠮᠵᠢᠶ᠎ᠡ ᠶᠢ ᠲᠣᠳᠣᠷᠬᠠᠶᠢᠯᠠᠨ᠎ᠠ᠃ | ᠲᠤᠯᠭᠠᠭᠤᠷᠢᠯᠠᠬᠤ ᠮᠠᠲ᠋ᠧᠷᠢᠶᠠᠯ᠄ ︽ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠤᠰᠤᠨ | ᠠᠰᠢᠭᠯᠠᠯᠲᠠ ᠶᠢᠨ ᠲᠣᠪᠴᠢᠶ᠎ᠠ ᠶᠢᠨ ᠤᠰᠤ ᠬᠡᠷᠡᠭᠯᠡᠬᠦ ᠶᠡᠷᠦᠩᠬᠡᠢ ᠬᠡᠮᠵᠢᠶ᠎ᠡ ᠶᠢ ᠬᠢᠵᠠᠭᠠᠷᠯᠠᠬᠤ ᠭᠦᠢᠴᠡᠳᠬᠡᠯ ᠲᠤᠭ᠎ᠠ ᠶᠢ | ᠨᠠᠷᠢᠯᠢᠭᠵᠢᠭᠤᠯᠤᠨ ᠵᠠᠳᠠᠯᠤᠭᠰᠠᠨ ᠪᠠᠶᠢᠳᠠᠯ︾ ᠤᠨ ᠲᠤᠬᠠᠢ ᠮᠡᠳᠡᠭᠦᠯᠦᠯᠲᠡ᠂ ᠬᠤᠷᠴᠢᠨ ᠪᠠᠷᠠᠭᠤᠨ ᠭᠠᠷᠤᠨ ᠡᠮᠦᠨᠡᠲᠦ | ᠬᠤᠰᠢᠭᠤᠨ ᠤ ᠤᠰᠤᠨ ᠠᠰᠢᠭᠯᠠᠯᠲᠠ ᠶᠢᠨ ᠲᠣᠪᠴᠢᠶ᠎ᠠ ᠶᠢᠨ ︽2025 ᠣᠨ ᠤ ᠭᠠᠵᠠᠷ ᠳᠣᠣᠷᠠᠬᠢ ᠤᠰᠤᠨ ᠤ | ᠬᠠᠮᠢᠶᠠᠷᠤᠯᠲᠠ ᠶᠢᠨ ᠨᠢᠭᠡᠴᠡ ᠶᠢᠨ ᠤᠰᠤ ᠬᠡᠷᠡᠭᠯᠡᠬᠦ ᠶᠡᠷᠦᠩᠬᠡᠢ ᠬᠡᠮᠵᠢᠶ᠎ᠡ ᠶᠢ ᠬᠠᠮᠢᠶᠠᠷᠤᠨ ᠡᠵᠡᠮᠳᠡᠬᠦ ᠭᠦᠢᠴᠡᠳᠬᠡᠯ | ᠲᠤᠭ᠎ᠠ ᠶᠢ ᠱᠠᠲᠤ ᠱᠠᠲᠤ ᠪᠠᠷ ᠵᠠᠳᠠᠯᠤᠨ ᠰᠢᠶᠠᠩ ᠪᠠᠯᠭᠠᠰᠤ ᠰᠤᠮᠤ ᠳᠤ ᠬᠦᠷᠲᠡᠯ᠎ᠡ ᠨᠠᠶᠢᠳᠠᠪᠤᠷᠢᠵᠢᠭᠤᠯᠬᠤ ᠲᠤᠬᠠᠢ | ᠲᠥᠯᠥᠪᠯᠡᠭᠡ︾ ᠶᠢᠨ ᠮᠡᠳᠡᠭᠳᠡᠯ᠂ ︽ᠭᠠᠵᠠᠷ ᠳᠣᠣᠷᠠᠬᠢ ᠤᠰᠤ ᠶᠢ ᠨᠥᠭᠡᠴᠡᠯᠡᠬᠦ ᠳᠦᠷᠢᠮ ᠢ ᠪᠠᠶᠢᠭᠤᠯᠬᠤ ᠲᠤᠬᠠᠢ | ᠵᠠᠬᠢᠳᠠᠯ︾᠃ | 3. ᠭᠠᠵᠠᠷ ᠳᠣᠣᠷᠠᠬᠢ ᠤᠰᠤᠨ ᠤ ᠬᠡᠮᠵᠢᠯᠲᠡ ᠶᠢᠨ ᠬᠢᠨᠠᠨ ᠬᠡᠮᠵᠢᠯᠲᠡ ︵ᠨᠡᠶᠢᠲᠡ 3 ᠬᠤᠪᠢ᠂ ᠥᠪᠡᠰᠦᠪᠡᠨ | ᠲᠣᠭᠲᠠᠭᠠᠭᠰᠠᠨ ᠬᠤᠪᠢ 3 ᠬᠤᠪᠢ︶ | ᠦᠰᠦᠭ ᠪᠢᠴᠢᠭ ᠢᠶᠠᠷ ᠲᠣᠳᠣᠷᠬᠠᠶᠢᠯᠠᠭᠰᠠᠨ ᠨᠢ᠄ ᠮᠠᠨ ᠤ ᠠᠶᠢᠮᠠᠭ ᠨᠢᠭᠡᠨᠲᠡ 2022 ᠣᠨ ᠤ ︽ | ᠴᠠᠬᠢᠯᠭᠠᠨ ᠢᠶᠠᠷ ᠤᠰᠤ ᠶᠢ ᠨᠤᠭᠤᠯᠬᠤ︾ ᠨᠢᠭᠡ ᠬᠤᠳᠳᠤᠭ ᠨᠢᠭᠡ ᠢᠯᠡᠳᠬᠡᠮᠵᠢ ᠶᠢᠨ ᠨᠣᠷᠮ᠎ᠠ᠂ ᠨᠢᠭᠡ ᠬᠦᠰᠦᠨᠦᠭ | ᠨᠢᠭᠡ ᠢᠯᠡᠳᠬᠡᠮᠵᠢ ᠶᠢᠨ ᠨᠣᠷᠮ᠎ᠠ ᠶᠢ ᠲᠣᠭᠲᠠᠭᠠᠬᠤ ᠠᠵᠢᠯ ᠢ ᠪᠡᠶᠡᠯᠡᠭᠦᠯᠵᠦ᠂ ᠣᠲᠣ ᠶᠢᠨ ᠤᠰᠤᠨ ᠠᠰᠢᠭᠯᠠᠯᠲᠠ ᠶᠢᠨ | ᠲᠢᠩᠬᠢᠮ ᠨᠢᠭᠡᠨᠲᠡ ᠢᠯᠡᠳᠬᠡᠮᠵᠢ ᠶᠢ ᠠᠰᠢᠭᠯᠠᠨ ᠭᠠᠵᠠᠷ ᠳᠣᠣᠷᠠᠬᠢ ᠤᠰᠤᠨ ᠤ ᠲᠠᠷᠢᠶᠠᠯᠠᠩ ᠤᠨ ᠤᠰᠤᠯᠠᠯᠲᠠ ᠳᠤ | ᠬᠡᠷᠡᠭᠯᠡᠬᠦ ᠤᠰᠤᠨ ᠤ ᠬᠡᠮᠵᠢᠶ᠎ᠡ ᠶᠢ ᠬᠡᠮᠵᠢᠪᠡ︔ ᠭᠠᠵᠠᠷ ᠳᠣᠣᠷᠠᠬᠢ ᠤᠰᠤ ᠶᠢ ᠬᠡᠮᠵᠢᠵᠦ ᠬᠢᠨᠠᠨ ᠬᠡᠮᠵᠢᠬᠦ | ᠪᠡᠯᠡᠳᠬᠡᠮᠵᠢ ᠶᠢ ᠤᠭᠰᠠᠷᠠᠬᠤ ᠶᠢ ᠴᠢᠩᠳᠠᠯᠠᠵᠤ᠂ ᠠᠵᠤ ᠦᠢᠯᠡᠳᠪᠦᠷᠢ᠂ ᠠᠮᠢᠳᠤᠷᠠᠯ᠂ ᠠᠮᠢ ᠠᠬᠤᠢ ᠶᠢᠨ ᠭᠠᠵᠠᠷ | ᠳᠣᠣᠷᠠᠬᠢ ᠤᠰᠤ ᠶᠢ ᠲᠠᠲᠠᠵᠤ ᠬᠡᠷᠡᠭᠯᠡᠬᠦ ᠳᠤ᠂ ᠵᠢᠯ ᠤᠨ ᠵᠥᠪᠰᠢᠶᠡᠷᠡᠯ ᠤᠨ ᠬᠡᠮᠵᠢᠶ᠎ᠡ ᠨᠢ 5 ᠲᠦᠮᠡᠨ ᠪᠣᠰᠤᠭ᠎ᠠ | ᠳᠥᠷᠪᠡᠯᠵᠢᠨ ᠮᠧᠲᠷ ᠠᠴᠠ ᠳᠡᠭᠡᠭᠰᠢᠬᠢ ᠶᠢ ᠪᠦᠬᠦᠨ ᠢ ᠰᠦᠯᠵᠢᠶᠡᠨ ᠳᠡᠭᠡᠷ᠎ᠡ ᠬᠡᠮᠵᠢᠵᠦ ᠬᠢᠨᠠᠨ ᠬᠡᠮᠵᠢᠬᠦ ᠶᠢ | ᠪᠡᠶᠡᠯᠡᠭᠦᠯᠬᠦ ᠶᠢᠨ ᠬᠠᠮᠲᠤ ᠲᠤᠭ᠎ᠠ ᠪᠠᠷᠢᠮᠲᠠ ᠶᠢ ᠴᠠᠭ ᠲᠤᠬᠠᠢ ᠳᠤᠨᠢ ᠤᠰᠤ ᠲᠠᠲᠠᠬᠤ ᠵᠥᠪᠰᠢᠶᠡᠷᠡᠯ ᠢ ᠬᠢᠨᠠᠨ | ᠵᠥᠪᠰᠢᠶᠡᠷᠡᠬᠦ ᠠᠳᠠᠯᠢ ᠱᠠᠲᠤᠨ ᠤ ᠤᠰᠤᠨ ᠤ ᠵᠠᠰᠠᠭ ᠵᠠᠬᠢᠷᠭᠠᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ | ᠳᠠᠮᠵᠢᠭᠤᠯᠬᠤ ᠬᠡᠷᠡᠭᠲᠡᠢ᠃ | ᠲᠤᠯᠭᠠᠭᠤᠷᠢᠯᠠᠬᠤ ᠮᠠᠲ᠋ᠧᠷᠢᠶᠠᠯ᠄ ︽ᠬᠢᠩᠭᠠᠨ ᠠᠶᠢᠮᠠᠭ ᠤᠨ ᠤᠰᠤᠨ ᠤ ᠡᠬᠢ ᠪᠠᠶᠠᠯᠢᠭ ᠤᠨ ᠬᠠᠮᠢᠶᠠᠷᠤᠯᠲᠠ ᠶᠢᠨ | ᠲᠠᠪᠴᠠᠩ︾ ︽ᠤᠰᠤᠨ ᠤ ᠡᠬᠢ ᠪᠠᠶᠠᠯᠢᠭ ᠤᠨ ᠤᠷᠤᠰᠬᠠᠯ ᠤᠨ ᠬᠡᠮᠵᠢᠶ᠎ᠡ ᠶᠢ ᠬᠢᠨᠠᠨ ᠬᠡᠮᠵᠢᠬᠦ ᠬᠡᠮᠵᠢᠭᠦᠷᠯᠢᠭ ᠤᠨ | ᠰᠢᠰᠲ᠋ᠧᠮ︾᠃ | 4. ᠭᠠᠵᠠᠷ ᠳᠣᠣᠷᠠᠬᠢ ᠤᠰᠤ ᠶᠢ ᠬᠡᠲᠦᠷᠡᠲᠡᠯ᠎ᠡ ᠠᠪᠤᠭᠰᠠᠨ ᠢ ᠵᠠᠰᠠᠬᠤ ︵ᠨᠡᠶᠢᠲᠡ 2 ᠬᠤᠪᠢ᠂ ᠥᠪᠡᠰᠦᠪᠡᠨ | ᠬᠤᠪᠢ ᠣᠯᠭᠤᠬᠤ 2 ᠬᠤᠪᠢ︶ | ᠦᠰᠦᠭ ᠪᠢᠴᠢᠭ ᠤᠨ ᠲᠣᠳᠣᠷᠬᠠᠶᠢᠯᠠᠯᠲᠠ᠄ ᠮᠠᠨ ᠤ ᠬᠤᠰᠢᠭᠤᠨ ᠳᠤ ᠭᠠᠵᠠᠷ ᠳᠣᠣᠷᠠᠬᠢ ᠤᠰᠤ ᠶᠢ ᠬᠡᠲᠦᠷᠡᠲᠡᠯ᠎ᠡ | ᠲᠠᠲᠠᠭᠰᠠᠨ ᠣᠷᠣᠨ ᠪᠠᠶᠢᠬᠤ ᠦᠭᠡᠢ᠃ | ︵ᠭᠤᠷᠪᠠ︶ ᠤᠰᠤ ᠶᠢ ᠠᠷᠪᠢᠯᠠᠵᠤ ᠬᠡᠷᠡᠭᠯᠡᠬᠦ ᠬᠠᠮᠢᠶᠠᠷᠤᠯᠲᠠ ︵ᠨᠡᠶᠢᠲᠡ 11.5 ᠬᠤᠪᠢ᠂ ᠥᠪᠡᠷᠲᠡᠭᠡᠨ | ᠦᠨᠡᠯᠡᠭᠰᠡᠨ ᠬᠤᠪᠢ 11.5 ᠬᠤᠪᠢ︶ | 1. ᠥᠪᠡᠷᠲᠡᠭᠡᠨ ᠵᠠᠰᠠᠬᠤ ᠣᠷᠣᠨ ᠤ ᠤᠰᠤ ᠠᠷᠪᠢᠯᠠᠬᠤ ᠠᠵᠢᠯᠯᠠᠭ᠎ᠠ ᠶᠢᠨ ᠲᠥᠰᠥᠯ ᠢ ᠨᠠᠶᠢᠳᠠᠪᠤᠷᠢᠵᠢᠭᠤᠯᠤᠨ᠎ᠠ ︵ | ᠨᠡᠶᠢᠲᠡ 2 ᠬᠤᠪᠢ᠂ ᠥᠪᠡᠰᠦᠪᠡᠨ ᠬᠤᠪᠢ ᠣᠯᠭᠤᠬᠤ 2 ᠬᠤᠪᠢ︶ | ᠦᠰᠦᠭ ᠪᠢᠴᠢᠭ ᠤᠨ ᠲᠣᠳᠣᠷᠬᠠᠶᠢᠯᠠᠯᠲᠠ᠄ 2022 ᠣᠨ ᠤ ᠤᠰᠤ ᠠᠷᠪᠢᠯᠠᠬᠤ ᠠᠵᠢᠯᠯᠠᠭ᠎ᠠ ᠶᠢᠨ ᠣᠨ ᠤ | ᠲᠥᠯᠥᠪᠯᠡᠭᠡ ᠶᠢ ᠲᠣᠭᠲᠠᠭᠠᠬᠤ ᠶᠢᠨ ᠬᠠᠮᠲᠤ ᠳᠠᠷᠤᠮᠠᠯᠯᠠᠨ ᠲᠠᠷᠬᠠᠭᠠᠬᠤ ᠶᠢᠨ ᠬᠠᠮᠲᠤ ᠡᠯ᠎ᠡ ᠰᠠᠯᠠᠭ᠎ᠠ ᠮᠥᠴᠢᠷ ᠤᠨ | ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢ ᠲᠣᠭᠲᠠᠭᠠᠨ᠎ᠠ︔ ᠮᠠᠨ ᠤ ᠬᠤᠰᠢᠭᠤᠨ ᠤ ᠤᠰᠤ | ᠠᠷᠪᠢᠯᠠᠵᠤ ᠬᠡᠷᠡᠭᠯᠡᠬᠦ ᠠᠵᠢᠯ ᠤᠨ ᠵᠣᠬᠢᠴᠠᠭᠤᠯᠬᠤ ᠲᠣᠭᠲᠠᠴᠠ ᠶᠢ ᠪᠠᠶᠢᠭᠤᠯᠵᠤ᠂ ᠠᠵᠢᠯ ᠤᠨ ᠬᠤᠷᠠᠯ ᠢ ᠵᠣᠬᠢᠶᠠᠨ | ᠪᠠᠶᠢᠭᠤᠯᠤᠨ ᠬᠤᠷᠠᠯᠳᠤᠭᠤᠯᠵᠤ᠂ ᠤᠰᠤ ᠠᠷᠪᠢᠯᠠᠬᠤ ᠠᠵᠢᠯ ᠤᠨ ᠳᠤᠮᠳᠠᠬᠢ ᠴᠢᠬᠤᠯᠠ ᠶᠡᠭᠡ ᠠᠰᠠᠭᠤᠳᠠᠯ ᠢ | ᠵᠣᠬᠢᠴᠠᠭᠤᠯᠤᠨ ᠰᠢᠢᠳᠪᠦᠷᠢᠯᠡᠨ᠎ᠡ᠃ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ ᠣᠨ ᠤ ᠤᠰᠤ ᠠᠷᠪᠢᠯᠠᠬᠤ | ᠠᠵᠢᠯᠯᠠᠭ᠎ᠠ ᠶᠢᠨ ᠲᠥᠯᠥᠪᠯᠡᠭᠡ ᠳᠤ ᠲᠣᠭᠲᠠᠭᠠᠭᠰᠠᠨ ᠡᠯ᠎ᠡ ᠵᠦᠢᠯ ᠤᠨ ᠬᠠᠷᠠᠯᠲᠠ ᠶᠢᠨ ᠡᠭᠦᠷᠭᠡ ᠪᠠᠨ ᠪᠡᠶᠡᠯᠡᠭᠦᠯᠪᠡ᠃ | ᠲᠤᠯᠭᠠᠭᠤᠷᠢᠯᠠᠬᠤ ᠮᠠᠲ᠋ᠧᠷᠢᠶᠠᠯ᠄ ︽ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠤᠰᠤᠨ | ᠠᠰᠢᠭᠯᠠᠯᠲᠠ ᠶᠢᠨ ᠲᠣᠪᠴᠢᠶ᠎ᠠ ᠶᠢᠨ ᠤᠰᠤ ᠠᠷᠪᠢᠯᠠᠬᠤ ᠠᠯᠪᠠᠨ ᠭᠡᠷ ᠪᠠᠶᠢᠭᠤᠯᠬᠤ ᠲᠤᠬᠠᠢ ᠮᠡᠳᠡᠭᠳᠡᠯ︾ ︽ᠬᠤᠷᠴᠢᠨ | ᠪᠠᠷᠠᠭᠤᠨ ᠭᠠᠷᠤᠨ ᠡᠮᠦᠨᠡᠲᠦ ᠬᠤᠰᠢᠭᠤᠨ ᠤ 2022 ᠣᠨ ᠤ ᠤᠰᠤ ᠠᠷᠪᠢᠯᠠᠬᠤ ᠠᠵᠢᠯᠯᠠᠭ᠎ᠠ ᠶᠢᠨ ᠣᠨ ᠤ | ᠲᠥᠯᠥᠪᠯᠡᠭᠡ ᠶᠢᠨ ᠲᠤᠬᠠᠢ ᠵᠠᠬᠢᠳᠠᠯ︾᠃ | 2. ᠤᠰᠤ ᠶᠢ ᠠᠷᠪᠢᠯᠠᠵᠤ ᠬᠡᠷᠡᠭᠯᠡᠬᠦ ᠶᠢ ᠬᠢᠨᠠᠨ ᠬᠠᠮᠢᠶᠠᠷᠤᠨ᠎ᠠ ︵ᠨᠡᠶᠢᠲᠡ 4.5 ᠬᠤᠪᠢ᠂ ᠥᠪᠡᠰᠦᠪᠡᠨ | ᠲᠣᠭᠲᠠᠭᠠᠭᠰᠠᠨ ᠬᠤᠪᠢ 4.5 ᠬᠤᠪᠢ︶ | ᠦᠰᠦᠭ ᠪᠢᠴᠢᠭ ᠤᠨ ᠲᠣᠳᠣᠷᠬᠠᠶᠢᠯᠠᠯᠲᠠ᠄ ᠲᠥᠯᠥᠪᠯᠡᠭᠡ ᠲᠠᠢ ᠪᠠᠷ ᠤᠰᠤ ᠬᠡᠷᠡᠭᠯᠡᠬᠦ ᠵᠢᠴᠢ ᠤᠰᠤ ᠬᠡᠷᠡᠭᠯᠡᠬᠦ | ᠲᠣᠭᠲᠠᠭᠰᠠᠨ ᠨᠣᠷᠮ᠎ᠠ ᠶᠢᠨ ᠬᠠᠮᠢᠶᠠᠷᠤᠯᠲᠠ ᠶᠢ ᠴᠢᠩᠭ᠎ᠠ ᠬᠡᠷᠡᠭᠵᠢᠭᠦᠯᠵᠦ᠂ ᠤᠰᠤ ᠠᠷᠪᠢᠯᠠᠬᠤ ᠶᠢ ᠦᠨᠡᠯᠡᠵᠦ | ᠳᠠᠩᠰᠠᠯᠠᠬᠤ ᠡᠬᠡ ᠳᠠᠩᠰᠠ ᠶᠢᠨ ᠬᠠᠮᠢᠶᠠᠷᠤᠯᠲᠠ ᠶᠢ ᠴᠢᠩᠭᠠᠳᠬᠠᠨ᠎ᠠ ᠂ ᠡᠯ᠎ᠡ ᠱᠠᠲᠤᠨ ᠤ ᠬᠢᠨᠠᠯᠲᠠ ᠲᠠᠯᠪᠢᠵᠤ | ᠪᠠᠶᠢᠴᠠᠭᠠᠬᠤ ᠪᠤᠶᠤ ᠰᠢᠮᠳᠠᠭᠤᠯᠤᠨ ᠪᠠᠶᠢᠴᠠᠭᠠᠬᠤ᠂ ᠲᠣᠭᠤᠷᠢᠨ ᠪᠠᠶᠢᠴᠠᠭᠠᠬᠤ᠂ ᠬᠢᠨᠠᠨ ᠪᠤᠳᠤᠬᠤ᠂ ᠵᠠᠭᠤᠴᠢᠯᠠᠭᠤᠷ | ᠵᠡᠷᠭᠡ ᠳᠤ ᠢᠯᠡᠷᠡᠭᠦᠯᠦᠭᠰᠡᠨ ᠦᠭᠡᠢ ᠤᠰᠤ ᠠᠷᠪᠢᠯᠠᠬᠤ ᠠᠰᠠᠭᠤᠳᠠᠯ︔ ᠬᠤᠳᠠ ᠶᠢᠨ ᠤᠯᠠᠨ ᠨᠡᠶᠢᠲᠡ ᠶᠢᠨ ᠤᠰᠤ | ᠬᠠᠩᠭᠠᠬᠤ ᠬᠤᠭᠤᠯᠠᠢ ᠶᠢᠨ ᠲᠣᠣᠷ ᠤᠨ ᠭᠤᠭᠤᠵᠢᠭᠰᠠᠨ ᠬᠤᠬᠢᠷᠠᠯ ᠤᠨ ᠨᠤᠷᠮ᠎ᠠ ᠶᠢ 10% ᠶᠢᠨ ᠳᠣᠲᠣᠷ᠎ᠠ | ᠬᠢᠵᠠᠭᠠᠷᠯᠠᠨ᠎ᠠ᠃ | ᠲᠤᠯᠭᠠᠭᠤᠷᠢᠯᠠᠬᠤ ᠮᠠᠲ᠋ᠧᠷᠢᠶᠠᠯ᠄ ︽ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠤᠰᠤᠨ | ᠠᠰᠢᠭᠯᠠᠯᠲᠠ ᠶᠢᠨ ᠲᠣᠪᠴᠢᠶ᠎ᠠ ᠶᠢᠨ 2022 ᠣᠨ ᠤ ᠤᠰᠤ ᠲᠠᠲᠠᠬᠤ ᠲᠥᠯᠥᠪᠯᠡᠭᠡ︾ ︽ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠣᠷᠣᠨ ᠨᠤᠲᠤᠭ ᠤᠨ ᠪᠠᠷᠢᠮᠵᠢᠶᠠᠲᠤ ᠠᠵᠢᠯ ᠲᠥᠷᠥᠯ ᠤᠨ ᠤᠰᠤ ᠬᠡᠷᠡᠭᠯᠡᠬᠦ | ᠲᠣᠭᠲᠠᠭᠰᠠᠨ ᠨᠣᠷᠮ᠎ᠠ︾ ︽ᠬᠢᠩᠭᠠᠨ ᠠᠶᠢᠮᠠᠭ ᠤᠨ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ 2020 | ᠣᠨ ᠤ ᠴᠠᠷᠠᠰᠤᠨ ᠪᠠᠯᠭᠠᠰᠤᠨ ᠤ ᠬᠥᠬᠡᠴᠢᠯᠠᠭᠤ ᠭᠠᠴᠠᠭ᠎ᠠ ᠶᠢᠨ ᠭᠠᠩ ᠬᠠᠭᠰᠠᠷᠠᠭᠠᠨ ᠢ ᠤᠰᠤ ᠪᠣᠯᠭᠠᠨ | ᠥᠭᠡᠷᠡᠴᠢᠯᠡᠬᠦ ᠲᠥᠷᠥᠯ ᠵᠦᠢᠯ︾ ᠵᠡᠷᠭᠡ ᠤᠰᠤᠨ ᠤ ᠡᠬᠢ ᠪᠠᠶᠠᠯᠢᠭ ᠤᠨ ᠨᠤᠲᠠᠯᠠᠯᠲᠠ ᠶᠢᠨ ᠮᠡᠳᠡᠭᠦᠯᠦᠯᠲᠡ ᠶᠢᠨ | ᠪᠢᠴᠢᠭ᠂ ᠪᠥᠬᠦ ᠤᠯᠤᠰ ᠤᠨ ᠤᠰᠤ ᠲᠠᠲᠠᠵᠤ ᠬᠡᠷᠡᠭᠯᠡᠬᠦ ᠬᠠᠮᠢᠶᠠᠷᠤᠯᠲᠠ ᠶᠢᠨ ᠲᠤᠰᠬᠠᠢ ᠴᠡᠭᠴᠡᠯᠡᠨ ᠵᠠᠰᠠᠬᠤ ᠮᠡᠳᠡᠭᠡ | ᠵᠠᠩᠭᠢ ᠶᠢᠨ ᠰᠢᠰᠲ᠋ᠧᠮ ᠤᠨ ᠲᠠᠪᠴᠠᠩ ᠳᠠᠬᠢ ᠮᠡᠳᠡᠭᠡ ᠵᠠᠩᠭᠢ᠂ ᠤᠰᠤ ᠬᠡᠷᠡᠭᠯᠡᠬᠦ ᠪᠦᠷᠢᠳᠬᠡᠯ ᠤᠨ ᠰᠢᠭᠤᠳ | ᠮᠡᠳᠡᠭᠦᠯᠬᠦ ᠬᠠᠮᠢᠶᠠᠷᠤᠯᠲᠠ ᠶᠢᠨ ᠰᠢᠰᠲ᠋ᠧᠮ ᠳᠠᠬᠢ ︽ᠭᠤᠣᠯᠳᠠᠯᠭ᠎ᠠ ᠲᠠᠢ ᠣᠯᠠᠨ ᠨᠡᠶᠢᠲᠡ ᠶᠢᠨ ᠤᠰᠤ ᠬᠠᠩᠭᠠᠬᠤ ᠠᠵᠤ | ᠠᠬᠤᠶᠢᠯᠠᠯ ᠤᠨ ᠤᠰᠤ ᠲᠠᠲᠠᠵᠤ ᠬᠡᠷᠡᠭᠯᠡᠬᠦ ᠪᠠᠶᠢᠴᠠᠭᠠᠯᠲᠠ ᠶᠢᠨ ᠬᠦᠰᠦᠨᠦᠭᠲᠦ︾᠃ | 3. ᠤᠰᠤ ᠠᠷᠪᠢᠯᠠᠬᠤ ᠬᠡᠯᠪᠡᠷᠢ ᠶᠢᠨ ᠨᠡᠶᠢᠭᠡᠮ ᠤᠨ ᠪᠦᠲᠦᠭᠡᠨ ᠪᠠᠶᠢᠭᠤᠯᠤᠯᠲᠠ ︵ᠨᠡᠶᠢᠲᠡ 3.5 ᠬᠤᠪᠢ᠂ | ᠥᠪᠡᠰᠦᠪᠡᠨ ᠲᠣᠭᠲᠠᠭᠠᠭᠰᠠᠨ ᠬᠤᠪᠢ 3.5 ᠬᠤᠪᠢ︶ | ᠦᠰᠦᠭ ᠪᠢᠴᠢᠭ ᠤᠨ ᠲᠣᠳᠣᠷᠬᠠᠶᠢᠯᠠᠯᠲᠠ᠄ 2020 ᠣᠨ ᠳᠤ ᠬᠤᠷᠴᠢᠨ ᠪᠠᠷᠠᠭᠤᠨ ᠭᠠᠷᠤᠨ ᠡᠮᠦᠨᠡᠲᠦ | ᠬᠤᠰᠢᠭᠤᠨ ᠤ ᠰᠢᠶᠠᠨ ᠤ ᠬᠡᠪᠴᠢᠶᠡᠨ ᠤ ᠤᠰᠤ ᠠᠷᠪᠢᠯᠠᠬᠤ ᠬᠡᠯᠪᠡᠷᠢ ᠶᠢᠨ ᠨᠡᠶᠢᠭᠡᠮ ᠤᠨ ᠪᠠᠶᠢᠭᠤᠯᠤᠯᠲᠠ ᠨᠢ | ᠤᠯᠤᠰ ᠤᠨ ᠰᠢᠯᠭᠠᠨ ᠪᠠᠶᠢᠴᠠᠭᠠᠯᠲᠠ ᠳᠤ ᠬᠢᠷᠢ ᠲᠡᠩᠴᠡᠵᠦ᠂ ᠨᠢᠭᠡᠨᠲᠡ ᠨᠡᠷᠡᠶᠢᠳᠪᠡ᠃ ᠬᠤᠷᠴᠢᠨ ᠪᠠᠷᠠᠭᠤᠨ ᠭᠠᠷᠤᠨ | ᠡᠮᠦᠨᠡᠲᠦ ᠬᠤᠰᠢᠭᠤᠨ ᠤ ᠤᠰᠤ ᠠᠷᠪᠢᠯᠠᠬᠤ ᠬᠡᠯᠪᠡᠷᠢ ᠶᠢᠨ ᠪᠠᠶᠢᠭᠤᠯᠤᠯᠭ᠎ᠠ ᠶᠢᠨ ᠪᠠᠷᠢᠮᠵᠢᠶ᠎ᠠ ᠳᠤ ᠬᠦ᠋ᠷᠦᠭᠰᠡᠨ | ᠨᠡᠷᠡᠶᠢᠳᠦᠯ ᠤᠨ ᠨᠣᠷᠮ᠎ᠠ 100%᠂ ᠤᠰᠤ ᠠᠷᠪᠢᠯᠠᠬᠤ ᠬᠡᠯᠪᠡᠷᠢ ᠶᠢᠨ ᠠᠵᠢᠯ ᠦᠢᠯᠡᠰ ᠤᠨ ᠨᠢᠭᠡᠴᠡ ᠶᠢᠨ | ᠪᠠᠷᠢᠮᠵᠢᠶ᠎ᠠ ᠳᠤ ᠬᠦ᠋ᠷᠦᠭᠰᠡᠨ ᠨᠡᠷᠡᠶᠢᠳᠦᠯ ᠤᠨ ᠨᠣᠷᠮ᠎ᠠ 70%᠂ ᠬᠤᠷᠴᠢᠨ ᠪᠠᠷᠠᠭᠤᠨ ᠭᠠᠷᠤᠨ ᠡᠮᠦᠨᠡᠲᠦ | ᠬᠤᠰᠢᠭᠤᠨ ᠤ ᠤᠰᠤ ᠠᠷᠪᠢᠯᠠᠬᠤ ᠬᠡᠯᠪᠡᠷᠢ ᠶᠢᠨ ᠪᠠᠶᠢᠭᠤᠯᠤᠯᠭ᠎ᠠ ᠶᠢᠨ ᠪᠠᠶᠢᠭᠤᠯᠤᠯᠲᠠ 2020 ᠣᠨ ᠳᠤ ᠨᠢᠭᠡᠨᠲᠡ | ᠰᠢᠯᠭᠠᠨ ᠪᠠᠶᠢᠴᠠᠭᠠᠯᠲᠠ ᠳᠤ ᠬᠢᠷᠢ ᠲᠡᠩᠴᠡᠪᠡ᠃ 2021 ᠣᠨ ᠳᠤ ᠤᠯᠤᠰ ᠠᠴᠠ ᠲᠥᠪ ᠤᠨ ᠤᠰᠤᠨ | ᠠᠰᠢᠭᠯᠠᠯᠲᠠ ᠶᠢᠨ ᠬᠥᠭᠵᠢᠯᠲᠡ ᠶᠢᠨ ᠰᠢᠶᠠᠨ ᠤ ᠬᠡᠪᠴᠢᠶᠡᠨ ᠤ ᠤᠰᠤ ᠠᠷᠪᠢᠯᠠᠬᠤ ᠬᠡᠯᠪᠡᠷᠢ ᠶᠢᠨ ᠨᠡᠶᠢᠭᠡᠮ ᠤᠨ | ᠨᠥᠬᠦᠪᠦᠷᠢ ᠪᠡᠯᠡ ᠮᠥᠩᠭᠦ ᠶᠢ ᠪᠠᠭᠤᠯᠭᠠᠪᠠ᠃ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠤᠰᠤ ᠠᠷᠪᠢᠯᠠᠬᠤ | ᠬᠡᠯᠪᠡᠷᠢ ᠶᠢᠨ ᠠᠵᠤ ᠠᠬᠤᠶᠢᠯᠠᠯ ᠢ ᠪᠠᠶᠢᠭᠤᠯᠤᠨ ᠪᠦᠲᠦᠭᠡᠭᠰᠡᠨ ᠨᠤᠷᠮ᠎ᠠ 50% ᠪᠣᠯᠣᠨ᠎ᠠ᠃ ᠬᠠᠯᠠᠭᠠᠢ | ᠤᠰᠤᠯᠠᠯᠲᠠ ᠶᠢᠨ ᠣᠷᠣᠨ ᠤ ᠰᠤᠪᠠᠭ ᠤᠨ ᠳᠣᠲᠣᠷ ᠴᠣᠭᠴᠠᠯᠠᠯ ᠤᠨ ᠪᠠᠷᠢᠯᠭ᠎ᠠ ᠶᠢ ᠨᠢᠭᠡᠨᠲᠡ ᠪᠠᠷᠢᠵᠤ ᠳᠠᠭᠤᠰᠬᠠᠪᠠ᠃ | | ᠲᠤᠯᠭᠠᠭᠤᠷᠢᠯᠠᠬᠤ ᠮᠠᠲ᠋ᠧᠷᠢᠶᠠᠯ᠄ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ︽ᠠᠷᠪᠠᠨ | ᠭᠤᠷᠪᠠᠳᠤᠭᠠᠷ ᠲᠠᠪᠤᠨ ᠵᠢᠯ︾ ᠤᠨ ᠬᠤᠭᠤᠴᠠᠭᠠᠨ ᠤ ᠤᠰᠤ ᠠᠷᠪᠢᠯᠠᠬᠤ ᠬᠡᠯᠪᠡᠷᠢ ᠶᠢᠨ ᠨᠡᠶᠢᠭᠡᠮ ᠤᠨ ᠪᠠᠷᠢᠮᠵᠢᠶ᠎ᠠ ᠳᠤ | ᠬᠦᠷᠭᠡᠬᠦ ᠪᠦᠲᠦᠭᠡᠨ ᠪᠠᠶᠢᠭᠤᠯᠤᠯᠲᠠ ᠶᠢᠨ ᠠᠵᠢᠯ ᠤᠨ ᠬᠡᠷᠡᠭᠵᠢᠭᠦᠯᠬᠦ ᠲᠥᠰᠥᠯ᠂ ᠬᠤᠷᠴᠢᠨ ᠪᠠᠷᠠᠭᠤᠨ ᠭᠠᠷᠤᠨ | ᠡᠮᠦᠨᠡᠲᠦ ᠬᠤᠰᠢᠭᠤᠨ ᠤ ᠤᠰᠤ ᠠᠷᠪᠢᠯᠠᠬᠤ ᠬᠡᠯᠪᠡᠷᠢ ᠶᠢᠨ ᠨᠡᠶᠢᠭᠡᠮ ᠤᠨ ᠦᠨᠡᠯᠡᠯᠲᠡ ᠶᠢᠨ ᠬᠤᠪᠢ ᠣᠯᠭᠤᠬᠤ | ᠬᠦᠰᠦᠨᠦᠭᠲᠦ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠤᠰᠤᠨ ᠠᠰᠢᠭᠯᠠᠯᠲᠠ ᠶᠢᠨ ᠲᠣᠪᠴᠢᠶ᠎ᠠ ᠶᠢᠨ | 2019 ᠣᠨ ᠤ ᠤᠰᠤ ᠠᠷᠪᠢᠯᠠᠬᠤ ᠬᠡᠯᠪᠡᠷᠢ ᠶᠢᠨ ᠨᠡᠶᠢᠭᠡᠮ ᠤᠨ ᠪᠠᠶᠢᠭᠤᠯᠤᠯᠲᠠ ᠶᠢᠨ ᠠᠵᠢᠯ ᠤᠨ ᠳ᠋ᠦᠩᠨᠡᠯᠲᠡ᠂ ︽ | 2021 ᠣᠨ ᠤ ᠤᠰᠤᠨ ᠠᠰᠢᠭᠯᠠᠯᠲᠠ ᠶᠢᠨ ᠬᠥᠭᠵᠢᠯᠲᠡ ᠶᠢᠨ ᠪᠡᠯᠡ ᠮᠥᠩᠭᠦ ᠶᠢᠨ ᠲᠥᠰᠥᠪ ᠢ ᠤᠷᠢᠳᠴᠢᠯᠠᠨ | ᠪᠠᠭᠤᠯᠭᠠᠬᠤ ᠲᠤᠬᠠᠢ ᠮᠡᠳᠡᠭᠳᠡᠯ︾᠂ ᠬᠢᠩᠭᠠᠨ ᠠᠶᠢᠮᠠᠭ ᠤᠨ ᠤᠰᠤᠨ ᠠᠰᠢᠭᠯᠠᠯᠲᠠ ᠶᠢᠨ ᠲᠣᠪᠴᠢᠶ᠎ᠠ ᠶᠢᠨ ᠬᠢᠩᠭᠠᠨ | ᠠᠶᠢᠮᠠᠭ ᠤᠨ ᠡᠳ᠋ ᠤᠨ ᠵᠠᠰᠠᠭ ᠤᠨ ᠲᠣᠪᠴᠢᠶ᠎ᠠ ᠶᠢᠨ ︽ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠬᠦᠶ | ᠯᠢᠦ ᠾᠧ ᠭᠤᠣᠯ ᠤᠨ ᠳᠤᠮᠳᠠ ᠬᠡᠯᠪᠡᠷᠢ ᠶᠢᠨ ᠤᠰᠤᠯᠠᠯᠲᠠ ᠶᠢᠨ ᠣᠷᠣᠨ ᠤ 2017 ᠣᠨ ᠤ ᠤᠰᠤ ᠠᠷᠪᠢᠯᠠᠬᠤ | ᠢᠵᠢ ᠪᠦᠷᠢᠳᠦᠭᠦᠯᠬᠦ ᠥᠭᠡᠷᠡᠴᠢᠯᠡᠯᠲᠡ ᠶᠢᠨ ᠲᠥᠷᠥᠯ ᠵᠦᠢᠯ ᠤᠨ ᠵᠢᠷᠤᠭ ᠲᠥᠯᠥᠪᠯᠡᠭᠡ ᠶᠢ ᠬᠤᠪᠢᠷᠠᠭᠤᠯᠬᠤ | ᠮᠡᠳᠡᠭᠦᠯᠦᠯᠲᠡ ᠶᠢᠨ ᠲᠤᠬᠠᠢ ᠴᠣᠬᠤᠯᠠᠪᠤᠷᠢ︾᠃ | 4. ᠤᠰᠤ ᠠᠷᠪᠢᠯᠠᠬᠤ ᠤᠬᠠᠭᠤᠯᠭ᠎ᠠ ᠬᠥᠮᠦᠵᠢᠯ ︵ᠨᠡᠶᠢᠲᠡ 1.5 ᠬᠤᠪᠢ᠂ ᠥᠪᠡᠷᠲᠡᠭᠡᠨ 1.5 ᠬᠤᠪᠢ | ᠣᠯᠭᠤᠨ᠎ᠠ︶ | ᠦᠰᠦᠭ ᠪᠢᠴᠢᠭ ᠤᠨ ᠲᠣᠳᠣᠷᠬᠠᠶᠢᠯᠠᠯᠲᠠ᠄ ︽ᠳᠡᠯᠡᠬᠡᠢ ᠶᠢᠨ ᠤᠰᠤᠨ ᠤ ᠡᠳᠦᠷ︾ ︽ᠳᠤᠮᠳᠠᠳᠤ ᠤᠯᠤᠰ ᠤᠨ | ᠤᠰᠤᠨ ᠤ ᠭᠠᠷᠠᠭ︾ ᠤᠨ ᠡᠮᠦᠨᠡᠲᠦ ᠬᠤᠰᠢᠭᠤᠨ ᠤ ᠨᠢᠭᠡ ᠪᠠᠭ᠎ᠠ ᠬᠡᠮᠵᠢᠶᠡᠨ ᠤ ᠤᠰᠤ ᠠᠷᠪᠢᠯᠠᠬᠤ ᠤᠬᠠᠭᠤᠯᠭ᠎ᠠ᠃ | ᠲᠤᠯᠭᠠᠭᠤᠷᠢᠯᠠᠬᠤ ᠮᠠᠲ᠋ᠧᠷᠢᠶᠠᠯ᠄ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠤᠰᠤᠨ | ᠠᠰᠢᠭᠯᠠᠯᠲᠠ ᠶᠢᠨ ᠲᠣᠪᠴᠢᠶ᠎ᠠ ᠶᠢᠨ ︽ᠳᠡᠯᠡᠬᠡᠢ ᠶᠢᠨ ᠤᠰᠤᠨ ᠤ ᠡᠳᠦᠷ︾ ︽ᠳᠤᠮᠳᠠᠳᠤ ᠤᠯᠤᠰ ᠤᠨ ᠤᠰᠤᠨ ᠤ | ᠭᠠᠷᠠᠭ︾ ᠤᠨ ᠤᠬᠠᠭᠤᠯᠭ᠎ᠠ ᠶᠢᠨ ᠬᠠᠭᠤᠳᠠᠰᠤ ᠶᠢᠨ ᠤᠬᠠᠭᠤᠯᠭ᠎ᠠ ᠶᠢᠨ ᠵᠢᠷᠤᠭ ᠵᠡᠷᠭᠡ ᠮᠠᠲ᠋ᠧᠷᠢᠶᠠᠯ᠃ | ︵ᠳᠥᠷᠪᠡ︶ ᠤᠰᠤᠨ ᠤ ᠡᠬᠢ ᠪᠠᠶᠠᠯᠢᠭ᠂ ᠤᠰᠤᠨ ᠤ ᠠᠮᠢ ᠠᠬᠤᠢ ᠶᠢᠨ ᠬᠠᠮᠠᠭᠠᠯᠠᠯᠲᠠ ︵ᠨᠡᠶᠢᠲᠡ 2 ᠬᠤᠪᠢ᠂ | ᠥᠪᠡᠷᠲᠡᠭᠡᠨ 2 ᠬᠤᠪᠢ ᠣᠯᠭᠤᠨ᠎ᠠ︶ | 1. ᠴᠢᠬᠤᠯᠠ ᠤᠤᠭᠤᠬᠤ ᠤᠰᠤᠨ ᠤ ᠡᠬᠢ ᠰᠤᠷᠪᠤᠯᠵᠢ ᠶᠢᠨ ᠬᠠᠮᠠᠭᠠᠯᠠᠯᠲᠠ ︵ᠨᠡᠶᠢᠲᠡ 1 ᠬᠤᠪᠢ᠂ | ᠥᠪᠡᠷᠲᠡᠭᠡᠨ 1 ᠬᠤᠪᠢ ᠣᠯᠭᠤᠨ᠎ᠠ︶ | ᠦᠰᠦᠭ ᠪᠢᠴᠢᠭ ᠤᠨ ᠲᠣᠳᠣᠷᠬᠠᠶᠢᠯᠠᠯᠲᠠ᠄ ᠠᠶᠢᠮᠠᠭ ᠤᠨ ᠠᠮᠢ ᠠᠬᠤᠢ ᠶᠢᠨ ᠣᠷᠴᠢᠨ ᠲᠣᠭᠤᠷᠢᠨ ᠤ | ᠲᠣᠪᠴᠢᠶ᠎ᠠ ᠶᠢᠨ ᠮᠠᠲ᠋ᠧᠷᠢᠶᠠᠯ ᠢ ᠦᠨᠳᠦᠰᠦᠯᠡᠪᠡᠯ᠂ ᠴᠢᠬᠤᠯᠠ ᠤᠤᠭᠤᠬᠤ ᠤᠰᠤᠨ ᠤ ᠡᠬᠢ ᠰᠤᠷᠪᠤᠯᠵᠢ ᠶᠢᠨ | ᠬᠠᠮᠠᠭᠠᠯᠠᠯᠲᠠ ᠨᠢᠭᠡᠨᠲᠡ ᠳᠠᠭᠤᠰᠴᠠᠢ᠃ | ᠲᠤᠯᠭᠠᠭᠤᠷᠢᠯᠠᠬᠤ ᠮᠠᠲ᠋ᠧᠷᠢᠶᠠᠯ᠄ ᠠᠶᠢᠮᠠᠭ ᠤᠨ ᠠᠮᠢ ᠠᠬᠤᠢ ᠣᠷᠴᠢᠨ ᠲᠣᠭᠤᠷᠢᠨ ᠤ ᠲᠣᠪᠴᠢᠶ᠎ᠠ ᠶᠢᠨ ᠤᠰᠤᠨ ᠤ | ᠴᠢᠨᠠᠷ ᠢ ᠬᠢᠨᠠᠨ ᠬᠡᠮᠵᠢᠭᠰᠡᠨ ᠲᠤᠭ᠎ᠠ ᠪᠠᠷᠢᠮᠲᠠ᠃ | 2. ᠤᠰᠤᠨ ᠠᠰᠢᠭᠯᠠᠯᠲᠠ ᠶᠢᠨ ᠢᠨᠵᠧᠨᠧᠷᠢᠩ ᠤᠨ ᠠᠮᠢ ᠠᠬᠤᠢ ᠶᠢᠨ ᠤᠷᠤᠰᠬᠠᠯ ᠤᠨ ᠬᠡᠮᠵᠢᠶ᠎ᠡ ︵ᠤᠰᠤᠨ ᠤ | ᠬᠡᠮᠵᠢᠶ᠎ᠡ︶ ᠶᠢ ᠬᠠᠮᠢᠶᠠᠷᠤᠨ ᠡᠵᠡᠮᠳᠡᠨ᠎ᠡ ︵ᠨᠡᠶᠢᠲᠡ 1 ᠬᠤᠪᠢ᠂ ᠥᠪᠡᠰᠦᠪᠡᠨ ᠬᠤᠪᠢ ᠣᠯᠭᠤᠬᠤ 1 ᠬᠤᠪᠢ︶ | ᠦᠰᠦᠭ ᠪᠢᠴᠢᠭ ᠢᠶᠠᠷ ᠲᠣᠳᠣᠷᠬᠠᠶᠢᠯᠠᠭᠰᠠᠨ ᠨᠢ᠄ 5 ᠤᠰᠤᠨ ᠴᠥᠭᠦᠷᠥᠮ ᠳᠤ ᠴᠥᠮ ᠨᠢᠭᠡᠨᠲᠡ | ᠴᠣᠬᠤᠯᠠᠪᠤᠷᠢᠯᠠᠭᠰᠠᠨ ᠠᠮᠢ ᠠᠬᠤᠢ ᠶᠢᠨ ᠤᠷᠤᠰᠬᠠᠯ ᠤᠨ ᠬᠡᠮᠵᠢᠶ᠎ᠡ ︵ᠤᠰᠤᠨ ᠤ ᠬᠡᠮᠵᠢᠶ᠎ᠡ︶ ᠶᠢ ᠬᠠᠮᠢᠶᠠᠷᠤᠨ | ᠡᠵᠡᠮᠳᠡᠬᠦ ᠬᠠᠷᠠᠯᠲᠠ ᠶᠢᠨ ᠶᠣᠰᠣᠭᠠᠷ ᠠᠮᠢ ᠠᠬᠤᠢ ᠶᠢᠨ ᠤᠷᠤᠰᠬᠠᠯ ᠤᠨ ᠬᠡᠮᠵᠢᠶ᠎ᠡ ︵ᠤᠰᠤᠨ ᠤ ᠬᠡᠮᠵᠢᠶ᠎ᠡ︶ ᠶᠢ | ᠳᠣᠷᠣᠭᠰᠢ ᠭᠠᠷᠭᠠᠪᠠ᠃ | ︵ᠲᠠᠪᠤ︶ ᠬᠥᠳᠡᠭᠡ ᠲᠣᠰᠬᠤᠨ ᠤ ᠤᠰᠤ ᠬᠠᠩᠭᠠᠬᠤ ᠪᠠᠲᠤᠯᠠᠭ᠎ᠠ ᠳᠤ ︵ᠨᠡᠶᠢᠲᠡ 6 ᠬᠤᠪᠢ᠂ ᠥᠪᠡᠷᠲᠡᠭᠡᠨ 6 | ᠬᠤᠪᠢ ᠣᠯᠭᠤᠨ᠎ᠠ︶ | 1. ᠬᠥᠳᠡᠭᠡ ᠲᠣᠰᠬᠤᠨ ᠤ ᠤᠰᠤ ᠬᠠᠩᠭᠠᠬᠤ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠡᠭᠦᠷᠭᠡ ᠶᠢ | ᠪᠡᠶᠡᠯᠡᠭᠦᠯᠦᠭᠰᠡᠨ ᠪᠠᠶᠢᠳᠠᠯ ︵ᠨᠡᠶᠢᠲᠡ 1 ᠬᠤᠪᠢ᠂ ᠥᠪᠡᠷᠲᠡᠭᠡᠨ 1 ᠬᠤᠪᠢ ᠥᠭᠭᠦᠨ᠎ᠡ︶ | ᠦᠰᠦᠭ ᠪᠢᠴᠢᠭ ᠤᠨ ᠲᠣᠳᠣᠷᠬᠠᠶᠢᠯᠠᠯᠲᠠ᠄ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ ᠣᠨ ᠤ | ᠬᠠᠷᠠᠯᠲᠠ ᠶᠢᠨ ᠡᠭᠦᠷᠭᠡ ᠪᠠᠨ ᠲᠣᠭᠲᠠᠭᠰᠠᠨ ᠴᠠᠭ ᠲᠠᠭᠠᠨ ᠪᠡᠶᠡᠯᠡᠭᠦᠯᠦᠨ᠎ᠡ︔ 2022 ᠣᠨ ᠤ 10 ᠳ᠋ᠤᠭᠠᠷ | ᠰᠠᠷ᠎ᠠ ᠶᠢᠨ ᠰᠡᠭᠦᠯᠴᠢ ᠠᠴᠠ ᠡᠮᠦᠨ᠎ᠡ 2021 ᠣᠨ ᠤ ᠮᠠᠯᠵᠢᠬᠤ ᠲᠠᠷᠢᠶᠠᠯᠠᠬᠤ ᠣᠷᠣᠨ ᠤ ᠤᠰᠤ ᠬᠠᠩᠭᠠᠬᠤ ᠶᠢ | ᠪᠠᠲᠤᠯᠠᠬᠤ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠡᠭᠦᠷᠭᠡ ᠶᠢ ᠪᠡᠶᠡᠯᠡᠭᠦᠯᠦᠨ᠎ᠡ | ᠲᠤᠯᠭᠠᠭᠤᠷᠢᠯᠠᠬᠤ ᠮᠠᠲ᠋ᠧᠷᠢᠶᠠᠯ᠄ 2021 ᠣᠨ ᠤ ᠮᠠᠯᠵᠢᠬᠤ ᠲᠠᠷᠢᠶᠠᠯᠠᠬᠤ ᠣᠷᠣᠨ ᠤ ᠤᠰᠤ ᠬᠠᠩᠭᠠᠬᠤ | ᠪᠠᠲᠤᠯᠠᠭ᠎ᠠ ᠶᠢᠨ ᠢᠨᠵᠧᠨᠧᠷᠢᠩ ᠤᠨ ᠨᠢᠭᠡᠴᠡ ᠶᠢᠨ ᠢᠨᠵᠧᠨᠧᠷᠢᠩ ᠢ ᠰᠢᠯᠭᠠᠨ ᠠᠪᠤᠭᠰᠠᠨ ᠪᠢᠴᠢᠭ᠃ | 2. ᠬᠥᠳᠡᠭᠡ ᠲᠣᠰᠬᠤᠨ ᠤ ᠤᠰᠤ ᠬᠠᠩᠭᠠᠬᠤ ᠢᠨᠵᠧᠨᠧᠷᠢᠩ ᠤᠨ ᠰᠡᠯᠪᠢᠨ ᠵᠠᠰᠠᠵᠤ ᠠᠷᠠᠴᠢᠯᠠᠨ ᠬᠠᠮᠠᠭᠠᠯᠠᠬᠤ | ᠡᠭᠦᠷᠭᠡ ᠶᠢ ᠪᠡᠶᠡᠯᠡᠭᠦᠯᠦᠭᠰᠡᠨ ᠪᠠᠶᠢᠳᠠᠯ ︵ᠨᠡᠶᠢᠲᠡ 1 ᠬᠤᠪᠢ᠂ ᠥᠪᠡᠷᠲᠡᠭᠡᠨ 1 ᠬᠤᠪᠢ ᠥᠭᠭᠦᠨ᠎ᠡ︶ | ᠦᠰᠦᠭ ᠪᠢᠴᠢᠭ ᠤᠨ ᠲᠣᠳᠣᠷᠬᠠᠶᠢᠯᠠᠯᠲᠠ᠄ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ ᠣᠨ ᠤ | ᠬᠠᠷᠠᠯᠲᠠ ᠶᠢᠨ ᠡᠭᠦᠷᠭᠡ ᠪᠠᠨ ᠲᠣᠭᠲᠠᠭᠰᠠᠨ ᠴᠠᠭ ᠲᠠᠭᠠᠨ ᠪᠡᠶᠡᠯᠡᠭᠦᠯᠵᠦ᠂ 2022 ᠣᠨ ᠤ 12 ᠰᠠᠷ᠎ᠠ ᠶᠢᠨ | ᠰᠡᠭᠦᠯᠴᠢ ᠠᠴᠠ ᠡᠮᠦᠨ᠎ᠡ 2022 ᠣᠨ ᠤ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠮᠠᠯᠵᠢᠬᠤ | ᠲᠠᠷᠢᠶᠠᠯᠠᠬᠤ ᠣᠷᠣᠨ ᠤ ᠲᠥᠪᠯᠡᠷᠡᠭᠦᠯᠦᠨ ᠤᠰᠤ ᠬᠠᠩᠭᠠᠵᠤ ᠰᠡᠯᠪᠢᠨ ᠵᠠᠰᠠᠵᠤ ᠠᠷᠠᠴᠢᠯᠠᠨ ᠬᠠᠮᠠᠭᠠᠯᠠᠬᠤ | ᠢᠨᠵᠧᠨᠧᠷᠢᠩ ᠢ ᠪᠡᠶᠡᠯᠡᠭᠦᠯᠦᠨ᠎ᠡ᠃ | ᠲᠤᠯᠭᠠᠭᠤᠷᠢᠯᠠᠬᠤ ᠮᠠᠲ᠋ᠧᠷᠢᠶᠠᠯ᠄ 2022 ᠣᠨ ᠤ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ | ᠮᠠᠯᠵᠢᠬᠤ ᠲᠠᠷᠢᠶᠠᠯᠠᠬᠤ ᠣᠷᠣᠨ ᠤ ᠲᠥᠪᠯᠡᠷᠡᠭᠦᠯᠦᠨ ᠤᠰᠤ ᠬᠠᠩᠭᠠᠵᠤ ᠰᠡᠯᠪᠢᠨ ᠵᠠᠰᠠᠵᠤ ᠠᠷᠠᠴᠢᠯᠠᠨ ᠬᠠᠮᠠᠭᠠᠯᠠᠬᠤ | ᠢᠨᠵᠧᠨᠧᠷᠢᠩ ᠤᠨ ᠨᠢᠭᠡᠴᠡ ᠶᠢᠨ ᠢᠨᠵᠧᠨᠧᠷᠢᠩ ᠢ ᠰᠢᠯᠭᠠᠨ ᠠᠪᠤᠭᠰᠠᠨ ᠪᠢᠴᠢᠭ᠃ | 3. ᠬᠥᠳᠡᠭᠡ ᠲᠣᠰᠬᠤᠨ ᠤ ᠲᠥᠪᠯᠡᠷᠡᠭᠦᠯᠦᠨ ᠤᠰᠤ ᠬᠠᠩᠭᠠᠬᠤ ᠢᠨᠵᠧᠨᠧᠷᠢᠩ ᠤᠨ ᠤᠰᠤᠨ ᠤ ᠰᠦᠢᠳᠬᠡᠯ ᠢ | ᠬᠤᠷᠢᠶᠠᠨ ᠲᠤᠰᠢᠶᠠᠬᠤ ᠡᠭᠦᠷᠭᠡ ᠶᠢ ᠪᠡᠶᠡᠯᠡᠭᠦᠯᠦᠭᠰᠡᠨ ᠪᠠᠶᠢᠳᠠᠯ ︵ᠨᠡᠶᠢᠲᠡ 1 ᠬᠤᠪᠢ᠂ ᠥᠪᠡᠷᠲᠡᠭᠡᠨ 1 ᠬᠤᠪᠢ | ᠥᠭᠭᠦᠨ᠎ᠡ︶ | ᠦᠰᠦᠭ ᠪᠢᠴᠢᠭ ᠢᠶᠠᠷ ᠲᠣᠳᠣᠷᠬᠠᠶᠢᠯᠠᠭᠰᠠᠨ ᠨᠢ᠄ ᠪᠦᠭᠦ ᠬᠤᠰᠢᠭᠤᠨ ᠤ ᠮᠠᠯᠵᠢᠬᠤ ᠲᠠᠷᠢᠶᠠᠯᠠᠬᠤ ᠣᠷᠣᠨ ᠤ ᠤᠰᠤ | ᠤᠮᠳᠠ ᠶᠢᠨ ᠠᠮᠤᠷ ᠲᠦᠪᠰᠢᠨ ᠤ ᠲᠥᠪᠯᠡᠷᠡᠭᠦᠯᠦᠨ ᠤᠰᠤ ᠬᠠᠩᠭᠠᠬᠤ ᠢᠨᠵᠧᠨᠧᠷᠢᠩ ᠢ 54 ᠬᠡᠪ ᠢᠶᠠᠷ | ᠠᠵᠢᠯᠯᠠᠭᠤᠯᠵᠤ᠂ ᠡᠭᠦᠨ ᠳᠤ 23 ᠲᠥᠪᠯᠡᠷᠡᠭᠦᠯᠦᠨ ᠤᠰᠤ ᠬᠠᠩᠭᠠᠬᠤ ᠢᠨᠵᠧᠨᠧᠷᠢᠩ ᠠᠴᠠ ᠤᠰᠤᠨ ᠤ ᠰᠦᠢᠳᠬᠡᠯ | ᠬᠤᠷᠢᠶᠠᠵᠤ᠂ ᠤᠰᠤᠨ ᠤ ᠰᠦᠢᠳᠬᠡᠯ ᠢ ᠬᠡᠪ ᠤᠨ ᠶᠣᠰᠣᠭᠠᠷ ᠬᠤᠷᠢᠶᠠᠵᠤ᠂ 31 ᠲᠥᠪᠯᠡᠷᠡᠭᠦᠯᠦᠨ ᠤᠰᠤ ᠬᠠᠩᠭᠠᠬᠤ | ᠢᠨᠵᠧᠨᠧᠷᠢᠩ ᠤᠨ ᠲᠣᠰᠬᠤᠨ ᠠᠴᠠ ᠤᠰᠤ ᠬᠠᠩᠭᠠᠬᠤ ᠰᠦᠢᠳᠬᠡᠯ ᠢ ᠡᠭᠦᠷᠭᠡᠯᠡᠨ᠎ᠡ᠃ ᠤᠰᠤᠨ ᠤ ᠰᠦᠢᠳᠬᠡᠯ | ᠬᠤᠷᠢᠶᠠᠬᠤ ᠨᠣᠷᠮ᠎ᠠ 95% ᠪᠣᠯᠣᠨ᠎ᠠ᠃ ᠨᠢᠭᠤᠴᠠ ᠪᠠᠷ ᠰᠤᠷᠪᠤᠯᠵᠢᠯᠠᠬᠤ ᠳᠤ ᠤᠰᠤᠨ ᠤ ᠰᠦᠢᠳᠬᠡᠯ ᠬᠤᠷᠢᠶᠠᠭᠰᠠᠨ | ᠦᠭᠡᠢ ᠤᠰᠤ ᠬᠠᠩᠭᠠᠬᠤ ᠢᠨᠵᠧᠨᠧᠷᠢᠩ ᠢ ᠣᠯᠵᠤ ᠮᠡᠳᠡᠭᠰᠡᠨ ᠦᠭᠡᠢ᠃ | ᠲᠤᠯᠭᠠᠭᠤᠷᠢᠯᠠᠬᠤ ᠮᠠᠲ᠋ᠧᠷᠢᠶᠠᠯ᠄ ᠬᠥᠳᠡᠭᠡ ᠲᠣᠰᠬᠤᠨ ᠤ ᠲᠥᠪᠯᠡᠷᠡᠭᠦᠯᠦᠨ ᠤᠰᠤ ᠬᠠᠩᠭᠠᠬᠤ ᠢᠨᠵᠧᠨᠧᠷᠢᠩ ᠤᠨ | ᠤᠰᠤᠨ ᠤ ᠰᠦᠢᠳᠬᠡᠯ ᠢ ᠬᠤᠷᠢᠶᠠᠨ ᠲᠤᠰᠢᠶᠠᠬᠤ ᠡᠭᠦᠷᠭᠡ ᠶᠢ ᠪᠡᠶᠡᠯᠡᠭᠦᠯᠦᠭᠰᠡᠨ ᠪᠠᠶᠢᠳᠠᠯ ᠤᠨ ᠪᠦᠷᠢᠳᠬᠡᠯ ᠤᠨ | ᠬᠦᠰᠦᠨᠦᠭᠲᠦ᠃ | 4. ᠬᠥᠳᠡᠭᠡ ᠲᠣᠰᠬᠤᠨ ᠤ ᠬᠠᠩᠭᠠᠬᠤ ᠤᠰᠤᠨ ᠤ ᠬᠡᠮᠵᠢᠶ᠎ᠡ ᠤᠰᠤᠨ ᠤ ᠴᠢᠨᠠᠷ ᠤᠨ ᠪᠠᠲᠤᠯᠠᠭ᠎ᠠ ᠶᠢᠨ ᠪᠠᠶᠢᠳᠠᠯ ︵ | ᠨᠡᠶᠢᠲᠡ 1 ᠬᠤᠪᠢ᠂ ᠥᠪᠡᠷᠲᠡᠭᠡᠨ 1 ᠬᠤᠪᠢ ᠥᠭᠭᠦᠨ᠎ᠡ︶ | ᠦᠰᠦᠭ ᠪᠢᠴᠢᠭ ᠤᠨ ᠲᠣᠳᠣᠷᠬᠠᠶᠢᠯᠠᠯᠲᠠ᠄ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠬᠥᠳᠡᠭᠡ | ᠲᠣᠰᠬᠤᠨ ᠤ ᠬᠠᠩᠭᠠᠬᠤ ᠤᠰᠤᠨ ᠤ ᠬᠡᠮᠵᠢᠶ᠎ᠡ ᠪᠠᠲᠤᠯᠠᠭ᠎ᠠ ᠲᠠᠢ ᠪᠣᠯᠵᠤ᠂ ᠤᠰᠤᠨ ᠤ ᠴᠢᠨᠠᠷ ᠪᠠᠷᠢᠮᠵᠢᠶ᠎ᠠ ᠳᠤ | ᠬᠦᠢᠷᠴᠠᠢ᠃ 228 ᠵᠠᠰᠠᠭ ᠵᠠᠬᠢᠷᠭᠠᠨ ᠤ ᠲᠣᠰᠬᠤᠨ ᠤ 649 ᠤᠰᠦᠠ ᠤ ᠤᠶᠢᠯᠢᠭᠡᠷ ᠤᠰᠦᠠ ᠤ ᠴᠢᠨᠠᠷ ᠨᠢ ᠴᠥᠮ | ᠠᠮᠢᠳᠤᠷᠠᠯ ᠤᠨ ᠤᠤᠭᠤᠬᠤ ᠤᠰᠦᠠ ᠤ ᠠᠷᠢᠭᠤᠨ ᠴᠡᠪᠡᠷ ᠤᠨ ᠪᠠᠷᠢᠮᠵᠢᠶ᠎ᠠ ᠳᠤ ᠨᠡᠶᠢᠴᠡᠵᠦ ᠪᠠᠶᠢᠨ᠎ᠠ᠃ | ᠲᠤᠯᠭᠠᠭᠤᠷᠢᠯᠠᠬᠤ ᠮᠠᠲ᠋ᠧᠷᠢᠶᠠᠯ᠄ ᠬᠥᠳᠡᠭᠡ ᠲᠣᠰᠬᠤᠨ ᠤ ᠬᠠᠩᠭᠠᠬᠤ ᠤᠰᠤᠨ ᠤ ᠴᠢᠨᠠᠷ ᠢ ᠪᠠᠶᠢᠴᠠᠭᠠᠨ ᠬᠡᠮᠵᠢᠭᠰᠡᠨ | ᠮᠡᠳᠡᠭᠦᠯᠦᠯᠲᠡ᠃ | 5. ᠬᠥᠳᠡᠭᠡ ᠲᠣᠰᠬᠤᠨ ᠤ ᠤᠰᠤᠨ ᠤ ᠬᠠᠩᠭᠠᠯᠭ᠎ᠠ ᠳᠤ ᠠᠰᠠᠭᠤᠳᠠᠯ ᠭᠠᠷᠤᠭᠰᠠᠨ ᠵᠢᠴᠢ ᠴᠡᠭᠴᠡᠯᠡᠨ | ᠰᠠᠶᠢᠵᠢᠷᠠᠭᠤᠯᠤᠭᠰᠠᠨ ᠪᠠᠶᠢᠳᠠᠯ ︵ᠨᠡᠶᠢᠲᠡ 2 ᠬᠤᠪᠢ᠂ ᠥᠪᠡᠷᠲᠡᠭᠡᠨ 2 ᠬᠤᠪᠢ ᠣᠯᠭᠤᠨ᠎ᠠ︶ | ᠦᠰᠦᠭ ᠪᠢᠴᠢᠭ ᠤᠨ ᠲᠣᠳᠣᠷᠬᠠᠶᠢᠯᠠᠯᠲᠠ᠄ ᠬᠥᠳᠡᠭᠡ ᠲᠣᠰᠬᠤᠨ ᠤ ᠤᠰᠤ ᠬᠠᠩᠭᠠᠬᠤ ᠳᠤ ᠤᠤᠭᠤᠬᠤ ᠤᠰᠤᠨ ᠤ | ᠠᠽᠣᠲ ᠬᠦᠴᠢᠯ ᠤᠨ ᠳᠠᠪᠤᠰᠤᠨ ᠤ ᠠᠽᠣᠲ ᠪᠠᠷᠢᠮᠵᠢᠶ᠎ᠠ ᠠᠴᠠ ᠬᠡᠲᠦᠷᠡᠭᠰᠡᠨ᠂ ᠪᠦᠳᠦᠭᠦᠨ ᠭᠡᠳᠡᠰᠦᠨ ᠤ ᠰᠠᠪᠬᠠᠨᠴᠢᠷ | ᠪᠠᠺᠲ᠋ᠧᠷᠢ ᠪᠠᠷᠢᠮᠵᠢᠶ᠎ᠠ ᠠᠴᠠ ᠬᠡᠲᠦᠷᠡᠭᠰᠡᠨ᠂ ᠤᠰᠤᠨ ᠤ ᠴᠢᠨᠠᠷ ᠣᠲᠣ ᠨᠢᠭᠡᠨᠲᠡ 464 ᠡᠷᠦᠬᠡ ᠶᠢᠨ ᠤᠤᠭᠤᠬᠤ | ᠤᠰᠤᠨ ᠤ ᠠᠮᠤᠷ ᠲᠦᠪᠰᠢᠨ ᠤ ᠠᠰᠠᠭᠤᠳᠠᠯ ᠢ ᠰᠢᠢᠳᠪᠦᠷᠢᠯᠡᠪᠡ᠃ | ᠲᠤᠯᠭᠠᠭᠤᠷᠢᠯᠠᠬᠤ ᠮᠠᠲ᠋ᠧᠷᠢᠶᠠᠯ᠄ ᠭᠠᠭᠴᠠ ᠡᠷᠦᠬᠡ ᠶᠢᠨ ᠤᠰᠤ ᠴᠡᠪᠡᠷᠰᠢᠭᠦᠯᠬᠦ ᠲᠥᠬᠦᠭᠡᠷᠦᠮᠵᠢ ᠶᠢ | ᠤᠭᠰᠠᠷᠠᠬᠤ ᠳᠤ ᠭᠠᠷ ᠤᠨ ᠥᠰᠥᠭ ᠵᠢᠷᠤᠭᠰᠠᠨ ᠬᠠᠭᠤᠳᠠᠰᠤ᠃ | 6. ᠬᠥᠳᠡᠭᠡ ᠲᠣᠰᠬᠤᠨ ᠤ ᠤᠰᠤ ᠬᠠᠩᠭᠠᠬᠤ ᠠᠵᠢᠯ ᠰᠢᠨ᠎ᠡ ᠡᠭᠦᠳᠦᠯᠲᠡ ᠲᠠᠢ ᠪᠣᠯᠵᠤ᠂ ᠢᠯᠡᠳᠲᠡ ᠦᠷ᠎ᠡ | ᠪᠦᠲᠦᠮᠵᠢ ᠣᠯᠪᠠ | ᠦᠰᠦᠭ ᠪᠢᠴᠢᠭ ᠤᠨ ᠲᠣᠳᠣᠷᠬᠠᠶᠢᠯᠠᠯᠲᠠ᠄ 2022 ᠣᠨ ᠳᠤ᠂ ᠮᠠᠨ ᠤ ᠬᠤᠰᠢᠭᠤ ᠳᠦᠷᠦ ᠶᠢᠨ ᠶᠠᠪᠤᠳᠠᠯ ᠤᠨ | ᠬᠤᠷᠢᠶ᠎ᠠ ᠵᠢᠴᠢ ᠤᠰᠤᠨ ᠠᠰᠢᠭᠯᠠᠯᠲᠠ ᠶᠢᠨ ᠶᠠᠮᠤᠨ ᠤ ᠮᠡᠳᠡᠭᠳᠡᠯ ᠢ ᠣᠯᠣᠭᠰᠠᠨ ᠦᠭᠡᠢ᠂ ᠵᠣᠷᠢᠭᠵᠢᠭᠤᠯᠤᠯ ᠤᠨ | ᠬᠥᠬᠢᠭᠦᠯᠦᠯ ᠢ ᠣᠯᠣᠭᠰᠠᠨ ᠦᠭᠡᠢ᠃ | ︵ᠵᠢᠷᠭᠤᠭ᠎ᠠ︶ ᠭᠤᠣᠯ ᠮᠥᠷᠡᠨ ᠨᠠᠭᠤᠷ ᠴᠥᠭᠦᠷᠥᠮ ᠤᠨ ᠬᠠᠮᠢᠶᠠᠷᠤᠯᠲᠠ ︵ᠨᠡᠶᠢᠲᠡ 9 ᠬᠤᠪᠢ᠂ ᠥᠪᠡᠷᠲᠡᠭᠡᠨ | 9 ᠬᠤᠪᠢ ᠥᠭᠭᠦᠨ᠎ᠡ︶ | 1. ᠭᠤᠣᠯ ᠮᠥᠷᠡᠨ ᠨᠠᠭᠤᠷ ᠴᠥᠭᠦᠷᠥᠮ ᠤᠨ ᠬᠠᠮᠢᠶᠠᠷᠤᠯᠲᠠ ᠬᠠᠮᠠᠭᠠᠯᠠᠯᠲᠠ ᠶᠢᠨ ᠦᠷ᠎ᠡ ᠪᠦᠲᠦᠮᠵᠢ ︵ᠨᠡᠶᠢᠲᠡ | 3 ᠬᠤᠪᠢ᠂ ᠥᠪᠡᠷᠲᠡᠭᠡᠨ 3 ᠬᠤᠪᠢ ᠣᠯᠭᠤᠨ᠎ᠠ︶ | ᠦᠰᠦᠭ ᠪᠢᠴᠢᠭ ᠤᠨ ᠲᠣᠳᠣᠷᠬᠠᠶᠢᠯᠠᠯᠲᠠ᠄ 2022 ᠣᠨ ᠤ ︽ᠬᠠᠪᠤᠷ ᠤᠨ ᠤᠯᠠᠷᠢᠯ︾᠂ ︽ᠨᠠᠮᠤᠷ ᠤᠨ ᠤᠯᠠᠷᠢᠯ︾ | ᠤᠨ ᠲᠤᠰᠬᠠᠢ ᠠᠵᠢᠯᠯᠠᠭ᠎ᠠ ᠶᠢ ᠪᠡᠶᠡᠯᠡᠭᠦᠯᠵᠦ᠂ ᠭᠤᠣᠯ ᠮᠥᠷᠡᠨ ᠨᠠᠭᠤᠷ ᠴᠥᠭᠦᠷᠥᠮ ᠤᠨ ︽ᠲᠦᠷᠪᠡᠨ ᠰᠠᠮᠠᠭᠤᠷᠠᠯ︾ ᠤ | 52 ᠠᠰᠠᠭᠤᠳᠠᠯ ᠢ ᠴᠡᠭᠴᠡᠯᠡᠨ ᠵᠠᠰᠠᠵᠤ ᠳᠠᠭᠤᠰᠬᠠᠪᠠ︔ ᠡᠯᠡᠰᠦ ᠮᠠᠯᠲᠠᠬᠤ ᠬᠠᠮᠢᠶᠠᠷᠤᠯᠲᠠ ᠶᠢᠨ ᠡᠭᠦᠷᠭᠡ ᠦᠭᠡᠢ︔ | ᠭᠤᠣᠯ ᠨᠠᠭᠤᠷ ᠤᠨ ᠡᠷᠭᠢ ᠶᠢᠨ ᠱᠤᠭᠤᠮ ᠢ ᠬᠠᠮᠠᠭᠠᠯᠠᠬᠤ ᠪᠠ ᠠᠰᠢᠭᠯᠠᠬᠤ ᠲᠥᠯᠦᠪᠵᠢᠭᠦᠯᠭᠡ ᠶᠢ ᠨᠠᠶᠢᠷᠠᠭᠤᠯᠤᠨ | ᠵᠣᠬᠢᠶᠠᠬᠤ ᠥᠪᠡᠷᠲᠡᠭᠡᠨ ᠵᠠᠰᠠᠬᠤ ᠣᠷᠣᠨ ᠤ ᠣᠨ ᠤ ᠠᠵᠢᠯ ᠤᠨ ᠡᠭᠦᠷᠭᠡ ᠶᠢ ᠨᠢᠭᠡᠨᠲᠡ ᠪᠡᠶᠡᠯᠡᠭᠦᠯᠪᠡ᠃ | ᠲᠤᠯᠭᠠᠭᠤᠷᠢᠯᠠᠬᠤ ᠮᠠᠲ᠋ᠧᠷᠢᠶᠠᠯ᠄ ︽︿ᠬᠢᠩᠭᠠᠨ ᠠᠶᠢᠮᠠᠭ ᠤᠨ 2022 ᠣᠨ ᠤ ᠭᠤᠣᠯ ᠮᠥᠷᠡᠨ ᠨᠠᠭᠤᠷ | ᠴᠥᠭᠦᠷᠥᠮ ᠤᠨ ᠬᠠᠮᠢᠶᠠᠷᠤᠯᠲᠠ ᠬᠠᠮᠠᠭᠠᠯᠠᠯᠲᠠ ᠶᠢᠨ ︿ᠨᠠᠮᠤᠷ ᠤᠨ ᠤᠯᠠᠷᠢᠯ﹀ ᠤᠨ ᠠᠵᠢᠯᠯᠠᠭᠠᠨ ᠤ ᠲᠥᠰᠥᠯ︾ ᠢ | ᠳᠠᠷᠤᠮᠠᠯᠯᠠᠨ ᠲᠠᠷᠬᠠᠭᠠᠬᠤ ᠲᠤᠬᠠᠢ ᠮᠡᠳᠡᠭᠳᠡᠯ︾ ︽2022 ᠣᠨ ᠤ ᠭᠤᠣᠯ ᠮᠥᠷᠡᠨ ᠨᠠᠭᠤᠷ ᠴᠥᠭᠦᠷᠥᠮ ᠤᠨ | ᠬᠠᠮᠢᠶᠠᠷᠤᠯᠲᠠ ᠬᠠᠮᠠᠭᠠᠯᠠᠯᠲᠠ ᠶᠢᠨ ︿ᠬᠠᠪᠤᠷ ᠤᠨ ᠤᠯᠠᠷᠢᠯ﹀ ᠤᠨ ᠠᠵᠢᠯᠯᠠᠭᠠᠨ ᠤ ᠲᠥᠰᠥᠯ︾ ︽ᠬᠤᠷᠴᠢᠨ | ᠪᠠᠷᠠᠭᠤᠨ ᠭᠠᠷᠤᠨ ᠡᠮᠦᠨᠡᠲᠦ ᠬᠤᠰᠢᠭᠤᠨ ᠤ ᠭᠤᠣᠯ ᠮᠥᠷᠡᠨ ᠨᠠᠭᠤᠷ ᠴᠥᠭᠦᠷᠥᠮ ᠤᠨ ︿ᠳᠥᠷᠪᠡᠨ ᠰᠠᠮᠠᠭᠤᠷᠠᠯ ᠢ | ᠠᠷᠢᠯᠭᠠᠬᠤ﹀ ᠠᠵᠢᠯᠯᠠᠭᠠᠨ ᠤ ᠪᠠᠶᠢᠩᠭᠤᠵᠢᠭᠰᠠᠨ ᠵᠢᠷᠤᠮᠵᠢᠭᠰᠠᠨ ᠡᠬᠡ ᠲᠠᠩᠰᠠ ︱ 2022︾᠃ | 2. ᠭᠤᠣᠯ ᠮᠥᠷᠡᠨ ᠤ ᠳᠠᠷᠤᠭ᠎ᠠ ᠶᠢᠨ ᠨᠠᠭᠤᠷ ᠴᠥᠭᠦᠷᠥᠮ ᠤᠨ ᠳᠠᠷᠤᠭ᠎ᠠ ᠶᠢᠨ ᠳᠦᠷᠢᠮ ᠢ ᠬᠡᠷᠡᠭᠵᠢᠭᠦᠯᠬᠦ | ᠠᠵᠢᠯ ᠢ ᠲᠦᠯᠬᠢᠨ ᠠᠬᠢᠭᠤᠯᠬᠤ ᠡᠷᠴᠢᠮ ︵ᠨᠡᠶᠢᠲᠡ 4 ᠬᠤᠪᠢ᠂ ᠥᠪᠡᠷᠲᠡᠭᠡᠨ 4 ᠬᠤᠪᠢ ᠣᠯᠭᠤᠨ᠎ᠠ︶ | ᠦᠰᠦᠭ ᠪᠢᠴᠢᠭ ᠤᠨ ᠲᠣᠳᠣᠷᠬᠠᠶᠢᠯᠠᠯᠲᠠ᠄ 2022 ᠣᠨ ᠳᠤ᠂ ᠬᠦᠨᠳᠦ ᠨᠣᠴᠢᠲᠠᠢ ᠵᠢᠴᠢ ᠲᠡᠭᠦᠨ ᠠᠴᠠ | ᠳᠡᠭᠡᠭᠰᠢᠬᠢ ᠭᠤᠣᠯ ᠮᠥᠷᠡᠨ ᠨᠠᠭᠤᠷ ᠴᠥᠭᠦᠷᠥᠮ ᠤᠨ ᠲᠣᠪᠣᠶᠢᠮ᠎ᠠ ᠠᠰᠠᠭᠤᠳᠠᠯ ᠪᠠᠶᠢᠬᠤ ᠦᠭᠡᠢ︔ ᠰᠠᠯᠠᠭ᠎ᠠ | ᠮᠥᠴᠢᠷ ᠤᠨ ᠬᠠᠮᠵᠢᠯᠴᠠᠬᠤ᠂ ᠬᠠᠮᠲᠤᠪᠠᠷ ᠡᠳ᠋ᠯᠡᠬᠦ᠂ ᠬᠤᠯᠪᠤᠭᠠᠯᠠᠨ ᠬᠥᠳᠡᠯᠦᠯᠴᠡᠬᠦ ᠲᠣᠭᠲᠠᠴᠠ ᠶᠢ ᠪᠠᠳᠠᠷᠠᠭᠤᠯᠵᠤ᠂ | ᠭᠤᠣᠯ ᠮᠥᠷᠡᠨ ᠨᠠᠭᠤᠷ ᠴᠥᠭᠦᠷᠥᠮ ᠤᠨ ᠬᠢᠨᠠᠯᠲᠠ ᠬᠠᠮᠢᠶᠠᠷᠤᠯᠲᠠ ᠶᠢᠨ ᠠᠵᠢᠯ ᠢ ᠠᠬᠢᠭᠤᠯᠬᠤ ᠬᠡᠷᠡᠭᠲᠡᠢ︔ ᠭᠤᠣᠯ | ᠨᠠᠭᠤᠷ ᠴᠥᠭᠦᠷᠥᠮ ᠤᠨ ᠳᠠᠷᠤᠭ᠎ᠠ ᠶᠢᠨ ᠳᠦᠷᠢᠮ ᠤᠨ ᠰᠢᠰᠲ᠋ᠧᠮ ᠤᠨ ᠪᠠᠶᠢᠭᠤᠯᠤᠯᠲᠠ ᠶᠢ ᠴᠢᠩᠭᠠᠳᠬᠠᠨ᠎ᠠ᠃ | ᠲᠤᠯᠭᠠᠭᠤᠷᠢᠯᠠᠬᠤ ᠮᠠᠲ᠋ᠧᠷᠢᠶᠠᠯ᠄ ︽ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ︿ᠭᠤᠣᠯ ᠮᠥᠷᠡᠨ | ᠨᠠᠭᠤᠷ ᠪᠦᠷᠢᠳᠦ ᠶᠢᠨ ᠳᠠᠷᠤᠭ᠎ᠠ + ᠪᠠᠶᠢᠴᠠᠭᠠᠬᠤ ᠳᠠᠷᠤᠭ᠎ᠠ + ᠴᠠᠭᠳᠠᠭᠠᠨ ᠤ ᠳᠠᠷᠤᠭ᠎ᠠ﹀ ᠬᠤᠯᠪᠤᠭᠠᠯᠠᠨ | ᠬᠠᠮᠵᠢᠯᠴᠠᠬᠤ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠬᠤ ᠲᠤᠬᠠᠢ ᠬᠡᠷᠡᠭᠵᠢᠭᠦᠯᠬᠦ ᠰᠠᠨᠠᠯ︾᠃ | | 3. ᠤᠰᠤᠨ ᠠᠰᠢᠭᠯᠠᠯᠲᠠ ᠶᠢᠨ ᠢᠨᠵᠧᠨᠧᠷᠢᠩ ᠤᠨ ᠠᠵᠢᠯᠯᠠᠭᠠᠨ ᠤ ᠬᠠᠮᠢᠶᠠᠷᠤᠯᠲᠠ ︵ᠨᠡᠶᠢᠲᠡ 2 ᠬᠤᠪᠢ᠂ | ᠥᠪᠡᠷᠲᠡᠭᠡᠨ 2 ᠬᠤᠪᠢ ᠥᠭᠬᠦ︶ | ᠦᠰᠦᠭ ᠪᠢᠴᠢᠭ ᠤᠨ ᠲᠣᠳᠣᠷᠬᠠᠶᠢᠯᠠᠯᠲᠠ᠄ ᠬᠠᠰᠢᠯᠭ᠎ᠠ ᠳᠠᠯᠠᠩ ᠤᠨ ᠤᠰᠤᠨ ᠬᠠᠭᠠᠯᠲᠠ ᠶᠢᠨ ᠪᠠᠶᠢᠴᠠᠭᠠᠯᠲᠠ ᠳᠤ | ᠠᠰᠠᠭᠤᠳᠠᠯ ᠭᠠᠷᠤᠭᠰᠠᠨ ᠦᠭᠡᠢ᠃ ᠤᠰᠤᠨ ᠴᠥᠭᠦᠷᠥᠮ ᠤᠨ ᠪᠠᠢᠴᠠᠭᠠᠯᠲᠠ ᠶᠢᠨ ᠠᠰᠠᠭᠤᠳᠠᠯ ᠢ ᠨᠢᠭᠡᠨᠲᠡ ᠴᠡᠭᠴᠡᠯᠡᠨ | ᠵᠠᠰᠠᠵᠤ ᠳᠠᠭᠤᠰᠬᠠᠪᠠ᠃ | ᠲᠤᠯᠭᠠᠭᠤᠷᠢᠯᠠᠬᠤ ᠮᠠᠲ᠋ᠧᠷᠢᠶᠠᠯ᠄ ᠤᠰᠤᠨ ᠴᠥᠭᠦᠷᠥᠮ ᠤᠨ ᠦᠶᠡᠷ ᠪᠢᠯᠬᠠᠬᠤ ᠵᠠᠮ ᠵᠡᠷᠭᠡ ᠤᠰᠤᠨ | ᠠᠰᠢᠭᠯᠠᠯᠲᠠ ᠶᠢᠨ ᠪᠡᠯᠡᠳᠬᠡᠮᠵᠢ ᠶᠢᠨ ᠦᠶᠡᠷ ᠠᠴᠠ ᠡᠮᠦᠨᠡᠬᠢ ᠪᠠᠶᠢᠴᠠᠭᠠᠯᠲᠠ ᠶᠢᠨ ᠬᠤᠷᠢᠶᠠᠩᠭᠤᠢ ᠬᠦᠰᠦᠨᠦᠭᠲᠦ᠂ | ᠦᠶᠡᠷ ᠪᠢᠯᠬᠠᠬᠤ ᠵᠠᠮ ᠢ ᠴᠡᠭᠴᠡᠯᠡᠨ ᠰᠠᠶᠢᠵᠢᠷᠠᠭᠤᠯᠤᠭᠰᠠᠨ ᠵᠢᠷᠤᠭ᠃ | 4 . ᠪᠤᠰᠤᠳ ᠠᠵᠢᠯ | ᠮᠠᠨ ᠤ ᠬᠤᠰᠢᠭᠤ ᠬᠢᠩᠭᠠᠨ ᠠᠶᠢᠮᠠᠭ ᠤᠨ ᠪᠠᠭᠤᠯᠭᠠᠭᠰᠠᠨ 2022 ᠣᠨ ᠤ ᠪᠤᠰᠤᠳ ᠠᠵᠢᠯ ᠤᠨ ᠬᠠᠷᠠᠯᠲᠠ ᠶᠢᠨ | ᠡᠭᠦᠷᠭᠡ ᠪᠠᠨ ᠴᠠᠭ ᠲᠤᠬᠠᠢ ᠳᠤᠨᠢ ᠥᠨᠳᠥᠷ ᠪᠦᠲᠦᠮᠵᠢᠲᠡᠶ ᠪᠠᠷ ᠪᠡᠶᠡᠯᠡᠭᠦᠯᠪᠡ᠃ | ᠭᠤᠷᠪᠠ᠂ ᠭᠤᠣᠯᠳᠠᠯᠭ᠎ᠠ ᠲᠠᠢ ᠡᠭᠦᠷᠭᠡ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠤᠨ ᠵᠥᠷᠢᠶᠡᠲᠦ | ᠴᠢᠨᠠᠷ ᠤᠨ ᠭᠦᠢᠴᠡᠳᠬᠡᠯ ᠲᠤᠭ᠎ᠠ ︵ᠨᠡᠶᠢᠲᠡ 5 ᠬᠤᠪᠢ᠂ ᠥᠪᠡᠰᠦᠪᠡᠨ 4 ᠬᠤᠪᠢ ᠣᠯᠭᠤᠨ᠎ᠠ︶ | ︵ᠨᠢᠭᠡ︶ ᠤᠰᠤ ᠲᠠᠲᠠᠵᠤ ᠬᠡᠷᠡᠭᠯᠡᠬᠦ ᠶᠢ ᠬᠢᠨᠠᠨ ᠬᠠᠮᠢᠶᠠᠷᠬᠤ ︵ᠨᠡᠶᠢᠲᠡ 4 ᠬᠤᠪᠢ᠂ ᠥᠪᠡᠰᠦᠪᠡᠨ 4 ᠬᠤᠪᠢ | ᠲᠣᠭᠲᠠᠭᠠᠨ᠎ᠠ︶ | ᠦᠰᠦᠭ ᠪᠢᠴᠢᠭ ᠤᠨ ᠲᠣᠳᠣᠷᠬᠠᠶᠢᠯᠠᠯᠲᠠ᠄ ᠵᠢᠯ ᠤᠨ ᠡᠴᠦᠰ ᠠᠴᠠ ᠡᠮᠦᠨ᠎ᠡ ᠤᠰᠤ ᠲᠠᠲᠠᠵᠤ ᠬᠡᠷᠡᠭᠯᠡᠬᠦ ᠲᠤᠰᠬᠠᠢ | ᠵᠦᠢᠯ ᠤᠨ ᠴᠡᠭᠴᠡᠯᠡᠨ ᠵᠠᠰᠠᠯᠲᠠ ᠶᠢ ᠪᠡᠶᠡᠯᠡᠭᠦᠯᠦᠭᠰᠡᠨ ᠨᠣᠷᠮ᠎ᠠ ᠶᠢ 80% ᠠᠴᠠ ᠳᠡᠭᠡᠭᠰᠢ ᠳᠤ ᠬᠦᠷᠦᠭᠦᠯᠦᠨ᠎ᠡ | ᠳᠤᠮᠳᠠ ᠬᠡᠯᠪᠡᠷᠢ ᠶᠢᠨ ᠤᠰᠤᠯᠠᠯᠲᠠ ᠶᠢᠨ ᠣᠷᠣᠨ ᠤ ᠤᠰᠤ ᠲᠠᠲᠠᠬᠤ ᠵᠥᠪᠰᠢᠶᠡᠷᠡᠯ ᠤᠨ ᠭᠠᠷᠳᠠᠮ ᠢ ᠪᠡᠶᠡᠯᠡᠭᠦᠯᠦᠨ᠎ᠡ︔ | ᠲᠣᠭᠲᠠᠭᠠᠯ ᠠᠴᠠ ᠵᠥᠷᠢᠴᠡᠨ ᠤᠰᠤ ᠲᠠᠲᠠᠵᠤ ᠬᠡᠷᠡᠭᠯᠡᠬᠦ ᠶᠢ ᠴᠡᠭᠴᠡᠯᠡᠨ ᠰᠠᠶᠢᠵᠢᠷᠠᠭᠤᠯᠬᠤ ᠶᠢ ᠴᠢᠩᠭᠠᠳᠬᠠᠵᠤ᠂ | ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠮᠳᠠᠭᠤᠯᠤᠨ ᠪᠠᠶᠢᠴᠠᠭᠠᠬᠤ ᠵᠢᠴᠢ ᠬᠢᠨᠠᠨ ᠪᠤᠳᠤᠬᠤ ᠰᠠᠯᠠᠭ᠎ᠠ | ᠮᠥᠴᠢᠷ ᠤᠨ ᠲᠤᠰᠢᠶᠠᠭᠰᠠᠨ ᠴᠡᠭᠴᠡᠯᠡᠨ ᠰᠠᠶᠢᠵᠢᠷᠠᠭᠤᠯᠬᠤ ᠡᠭᠦᠷᠭᠡ ᠶᠢ ᠪᠡᠶᠡᠯᠡᠭᠦᠯᠦᠨ᠎ᠡ᠃ | ᠲᠤᠯᠭᠠᠭᠤᠷᠢᠯᠠᠬᠤ ᠮᠠᠲ᠋ᠧᠷᠢᠶᠠᠯ᠄ ︽ᠪᠥᠬᠦ ᠤᠯᠤᠰ ᠤᠨ ᠤᠰᠤ ᠲᠠᠲᠠᠵᠤ ᠬᠡᠷᠡᠭᠯᠡᠬᠦ ᠬᠠᠮᠢᠶᠠᠷᠤᠯᠲᠠ ᠶᠢᠨ ᠲᠤᠰᠬᠠᠢ | ᠴᠡᠭᠴᠡᠯᠡᠨ ᠵᠠᠰᠠᠬᠤ ᠮᠡᠳᠡᠭᠡ ᠵᠠᠩᠭᠢ ᠶᠢᠨ ᠰᠢᠰᠲ᠋ᠧᠮ ᠤᠨ ᠲᠠᠪᠴᠠᠩ︾︔ ᠡᠯᠧᠺᠲᠷᠣᠨ ᠭᠡᠷᠡᠴᠢ ᠦᠨᠡᠮᠯᠡᠯ ᠤᠨ | ᠰᠢᠰᠲ᠋ᠧᠮ ᠤᠨ ᠡᠬᠡ ᠳᠠᠩᠰᠠ᠂ ᠤᠰᠤᠯᠠᠯᠲᠠ ᠶᠢᠨ ᠣᠷᠣᠨ ᠤ ᠤᠰᠤ ᠲᠠᠲᠠᠬᠤ ᠵᠥᠪᠰᠢᠶᠡᠷᠡᠯ ᠤᠨ ᠦᠨᠡᠮᠯᠡᠯ᠃ | ︵ᠬᠤᠶᠠᠷ︶ ᠭᠠᠵᠠᠷ ᠳᠣᠣᠷᠠᠬᠢ ᠤᠰᠤᠨ ᠤ ᠬᠠᠮᠢᠶᠠᠷᠤᠯᠲᠠ ᠶᠢ ᠴᠢᠩᠭᠠᠳᠬᠠᠨ᠎ᠠ ︵ᠨᠡᠶᠢᠲᠡ 1 ᠬᠤᠪᠢ᠂ | ᠥᠪᠡᠷ ᠢᠶᠠᠨ ᠦᠨᠡᠯᠡᠭᠰᠡᠨ ᠬᠤᠪᠢ 0 ᠬᠤᠪᠢ︶ | ᠦᠰᠦᠭ ᠪᠢᠴᠢᠭ ᠢᠶᠠᠷ ᠲᠣᠳᠣᠷᠬᠠᠶᠢᠯᠠᠭᠰᠠᠨ ᠨᠢ᠄ 2022 ᠣᠨ ᠤ ᠬᠤᠷᠴᠢᠨ ᠪᠠᠷᠠᠭᠤᠨ ᠭᠠᠷᠤᠨ ᠡᠮᠦᠨᠡᠲᠦ | ᠬᠤᠰᠢᠭᠤᠨ ᠤ ᠳᠠᠬᠢᠯᠲᠠ ᠤᠰᠤᠨ ᠤ ᠪᠤᠴᠠᠯᠲᠠ ᠶᠢᠨ ᠬᠡᠮᠵᠢᠶ᠎ᠡ 2.1 ᠲᠦᠮᠡᠨ ᠲᠣᠨ ᠪᠣᠯᠣᠨ᠎ᠠ᠃ ᠲᠥᠰᠥᠪ ᠦᠭᠡᠢ᠃ | | ᠳᠥᠷᠪᠡ᠂ ᠦᠷ᠎ᠡ ᠪᠦᠲᠦᠮᠵᠢ ᠵᠢᠴᠢ ᠲᠤᠷᠰᠢᠯᠭ᠎ᠠ | ᠮᠠᠨ ᠤ ᠬᠤᠰᠢᠭᠤᠨ ᠤ ᠬᠠᠮᠤᠭ ᠤᠨ ᠴᠢᠩᠭ᠎ᠠ ᠤᠰᠤᠨ ᠤ ᠡᠬᠢ ᠪᠠᠶᠠᠯᠢᠭ ᠤᠨ ᠬᠠᠮᠢᠶᠠᠷᠤᠯᠲᠠ ᠶᠢᠨ ᠠᠵᠢᠯ ᠦᠷ᠎ᠡ | ᠪᠦᠲᠦᠮᠵᠢ ᠣᠯᠣᠭᠰᠠᠨ ᠨᠢ ᠭᠤᠣᠯᠳᠠᠭᠤ ᠬᠠᠮᠤᠭ ᠤᠨ ᠴᠢᠩᠭ᠎ᠠ ᠤᠰᠤᠨ ᠤ ᠡᠬᠢ ᠪᠠᠶᠠᠯᠢᠭ ᠤᠨ ᠬᠠᠮᠢᠶᠠᠷᠤᠯᠲᠠ ᠶᠢᠨ | ᠳᠦᠷᠢᠮ ᠢ ᠠᠯᠬᠤᠮ ᠠᠯᠬᠤᠮ ᠢᠶᠠᠷ ᠭᠦᠨᠵᠡᠭᠡᠶᠢᠷᠡᠭᠦᠯᠵᠦ᠂ ᠤᠰᠤ ᠲᠠᠲᠠᠬᠤ ᠵᠥᠪᠰᠢᠶᠡᠷᠡᠯ ᠢ ᠵᠢᠷᠤᠮᠵᠢᠭᠤᠯᠤᠨ ᠬᠢᠨᠠᠨ | ᠵᠥᠪᠰᠢᠶᠡᠷᠡᠬᠦ᠂ ᠤᠰᠤᠨ ᠤ ᠡᠬᠢ ᠪᠠᠶᠠᠯᠢᠭ ᠢ ᠬᠢᠨᠠᠨ ᠡᠵᠡᠮᠳᠡᠬᠦ ᠴᠢᠳᠠᠪᠤᠷᠢ ᠶᠢᠨ ᠪᠠᠶᠢᠭᠤᠯᠤᠯᠲᠠ ᠶᠢ ᠲᠣᠭᠲᠠᠭᠤᠨ ᠢᠶᠠᠷ | ᠠᠬᠢᠭᠤᠯᠵᠤ᠂ ᠬᠠᠮᠤᠭ ᠤᠨ ᠴᠢᠩᠭ᠎ᠠ ᠤᠰᠤᠨ ᠤ ᠡᠬᠢ ᠪᠠᠶᠠᠯᠢᠭ ᠤᠨ ᠬᠠᠮᠢᠶᠠᠷᠤᠯᠲᠠ ᠶᠢᠨ ᠬᠢᠨᠠᠨ ᠰᠢᠯᠭᠠᠯᠲᠠ ᠶᠢ | ᠪᠠᠶᠢᠩᠭᠤᠵᠢᠭᠤᠯᠵᠤ᠂ ᠬᠢᠵᠠᠭᠠᠷᠯᠠᠬᠤ ᠭᠦᠢᠴᠡᠳᠬᠡᠯ ᠲᠤᠭ᠎ᠠ ᠶᠢᠨ ᠬᠠᠲᠠᠭᠤ ᠬᠢᠵᠠᠭᠠᠷᠯᠠᠯ ᠤᠨ ᠦᠢᠯᠡᠳᠦᠯ ᠢ | ᠲᠠᠰᠤᠷᠠᠯᠲᠠ ᠦᠭᠡᠢ ᠴᠢᠩᠭᠠᠷᠠᠭᠤᠯᠤᠭᠰᠠᠨ ᠳᠤ ᠢᠯᠡᠷᠡᠨ᠎ᠡ᠃ | ᠨᠢᠭᠡ ᠳᠤ᠂ ᠤᠰᠤ ᠲᠠᠲᠠᠵᠤ ᠬᠡᠷᠡᠭᠯᠡᠬᠦ ᠬᠠᠮᠢᠶᠠᠷᠤᠯᠲᠠ ᠶᠢ ᠴᠢᠩᠳᠠᠯᠠᠨ᠎ᠠ᠃ ︽ᠤᠷᠢᠳ ᠢᠶᠠᠷ ᠭᠠᠵᠠᠷ ᠤᠨ | ᠭᠠᠳᠠᠷᠭᠤ᠂ ᠳᠠᠷᠠᠭ᠎ᠠ ᠨᠢ ᠭᠠᠵᠠᠷ ᠳᠣᠣᠷ᠎ᠠ᠂ ᠤᠷᠢᠳ ᠢᠶᠠᠷ ᠭᠦᠢᠬᠡᠨ ᠳᠠᠪᠬᠤᠷᠭ᠎ᠠ᠂ ᠳᠠᠷᠠᠭ᠎ᠠ ᠨᠢ ᠭᠦᠨ ᠳᠠᠪᠬᠤᠷᠭ᠎ᠠ | ︾ ᠪᠠ ︽ᠴᠢᠨᠠᠷ ᠬᠤᠪᠢᠶᠠᠨ ᠤᠰᠤ ᠬᠠᠩᠭᠠᠬᠤ᠂ ᠰᠠᠶᠢᠨ ᠤᠰᠤ ᠶᠢ ᠰᠠᠶᠢᠨ ᠬᠡᠷᠡᠭᠯᠡᠬᠦ᠂ ᠶᠡᠷᠦᠩᠬᠡᠢ ᠬᠡᠮᠵᠢᠶ᠎ᠡ ᠶᠢ | ᠬᠢᠵᠠᠭᠠᠷᠯᠠᠬᠤ᠂ ᠨᠣᠷᠮ᠎ᠠ ᠲᠣᠭᠲᠠᠭᠠᠨ ᠬᠠᠮᠢᠶᠠᠷᠬᠤ︾ ᠵᠠᠷᠴᠢᠮ ᠶᠣᠰᠣᠭᠠᠷ᠂ ᠮᠠᠨ ᠤ ᠬᠤᠰᠢᠭᠤ ᠪᠦᠲᠦᠭᠡᠨ | ᠪᠠᠶᠢᠭᠤᠯᠤᠯᠲᠠ ᠶᠢᠨ ᠲᠥᠷᠥᠯ ᠵᠦᠢᠯ ᠤᠨ ᠤᠰᠤᠨ ᠤ ᠡᠬᠢ ᠪᠠᠶᠠᠯᠢᠭ ᠢ ᠨᠤᠲᠠᠯᠠᠬᠤ ᠳᠦᠷᠢᠮ ᠢ ᠨᠠᠷᠢᠨ ᠬᠢᠨᠠᠮᠠᠭᠠᠢ | ᠨᠠᠶᠢᠳᠠᠪᠤᠷᠢᠵᠢᠭᠤᠯᠵᠤ᠂ ᠤᠰᠤᠨ ᠤ ᠶᠡᠷᠦᠩᠬᠡᠢ ᠬᠡᠮᠵᠢᠶ᠎ᠡ ᠠᠴᠠ ᠬᠡᠲᠦᠷᠡᠭᠰᠡᠨ ᠣᠷᠣᠨ ᠪᠦᠰᠡ ᠳᠤ ᠰᠢᠨ᠎ᠡ ᠪᠠᠷ | ᠨᠡᠮᠡᠭᠰᠡᠨ ᠤᠰᠤ ᠲᠠᠲᠠᠬᠤ ᠶᠢ ᠬᠢᠵᠠᠭᠠᠷᠯᠠᠨ ᠵᠥᠪᠰᠢᠶᠡᠷᠡᠬᠦ ᠳᠦᠷᠢᠮ ᠪᠠ ᠲᠣᠭᠲᠠᠭᠰᠠᠨ ᠨᠣᠷᠮ᠎ᠠ ᠠᠴᠠ ᠬᠡᠲᠦᠷᠡᠭᠦᠯᠦᠨ | ᠤᠰᠤ ᠬᠡᠷᠡᠭᠯᠡᠬᠦ ᠶᠢ ᠠᠬᠢᠭᠤᠯᠤᠨ ᠪᠤᠳᠤᠵᠤ ᠦᠨ᠎ᠡ ᠨᠡᠮᠡᠬᠦ ᠳᠦᠷᠢᠮ ᠢ ᠬᠡᠷᠡᠭᠵᠢᠭᠦᠯᠵᠦ᠂ ᠤᠰᠤ ᠶᠡᠭᠡ | ᠬᠤᠷᠣᠭᠳᠠᠭᠤᠯᠬᠤ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠴᠢᠩᠭ᠎ᠠ ᠬᠢᠵᠠᠭᠠᠷᠯᠠᠵᠤ᠂ ᠤᠰᠤᠨ ᠤ ᠡᠬᠢ | ᠪᠠᠶᠠᠯᠢᠭ ᠢ ᠵᠦᠢ ᠵᠣᠬᠢᠰᠲᠠᠢ ᠨᠡᠭᠡᠭᠡᠨ ᠠᠰᠢᠭᠯᠠᠬᠤ᠂ ᠥᠨᠳᠥᠷ ᠪᠦᠲᠦᠮᠵᠢᠲᠡᠶ ᠠᠰᠢᠭᠯᠠᠬᠤ ᠶᠢ ᠠᠬᠢᠭᠤᠯᠤᠨ᠎ᠠ᠃ | ᠤᠰᠤᠨ ᠤ ᠡᠬᠢ ᠪᠠᠶᠠᠯᠢᠭ ᠤᠨ ᠭᠠᠶᠢᠯᠢ ᠶᠢᠨ ᠥᠭᠡᠷᠡᠴᠢᠯᠡᠯᠲᠡ ᠶᠢᠨ ᠨᠠᠶᠢᠳᠠᠪᠤᠷᠢᠵᠢᠭᠤᠯᠤᠯᠲᠠ ᠶᠢ ᠪᠦᠬᠦ ᠲᠠᠯ᠎ᠠ ᠪᠠᠷ | ᠲᠦᠯᠬᠢᠨ ᠠᠬᠢᠭᠤᠯᠵᠤ᠂ ᠤᠰᠤᠨ ᠤ ᠡᠬᠢ ᠤᠰᠤ ᠲᠠᠲᠠᠬᠤ ᠶᠢ ᠬᠢᠨᠠᠨ ᠡᠵᠡᠮᠳᠡᠬᠦ ᠰᠢᠰᠲ᠋ᠧᠮ ᠤᠨ ᠪᠠᠶᠢᠭᠤᠯᠤᠯᠲᠠ ᠶᠢᠨ | ᠬᠠᠮᠢᠶᠠᠷᠤᠯᠲᠠ ᠶᠢ ᠴᠢᠩᠭᠠᠳᠬᠠᠵᠤ᠂ 82 ᠢᠵᠢ ᠬᠢᠨᠠᠨ ᠡᠵᠡᠮᠳᠡᠬᠦ ᠲᠥᠬᠦᠭᠡᠷᠦᠮᠵᠢ ᠶᠢ ᠤᠭᠰᠠᠷᠠᠪᠠ᠃ ᠤᠰᠤ | ᠲᠠᠲᠠᠬᠤ ᠬᠠᠮᠢᠶᠠᠷᠤᠯᠲᠠ ᠶᠢᠨ ᠲᠤᠰᠬᠠᠢ ᠵᠦᠢᠯ ᠤᠨ ᠬᠢᠨᠠᠯᠲᠠ ᠪᠠᠶᠢᠴᠠᠭᠠᠯᠲᠠ ᠶᠢ ᠴᠢᠩᠭᠠᠳᠬᠠᠵᠤ᠂ ᠦᠨᠡᠮᠯᠡᠯ | ᠦᠭᠡᠢ ᠪᠠᠷ ᠤᠰᠤ ᠲᠠᠲᠠᠬᠤ᠂ ᠤᠰᠤ ᠲᠠᠲᠠᠬᠤ ᠵᠥᠪᠰᠢᠶᠡᠷᠡᠯ ᠤᠨ ᠲᠣᠭᠲᠠᠭᠠᠯ ᠶᠣᠰᠣᠭᠠᠷ ᠤᠰᠤ ᠲᠠᠲᠠᠬᠤ ᠦᠭᠡᠢ | ᠵᠡᠷᠭᠡ ᠠᠰᠠᠭᠤᠳᠠᠯ ᠳᠤ ᠭᠤᠣᠯᠳᠠᠯᠭ᠎ᠠ ᠲᠠᠢ ᠪᠠᠷ ᠬᠢᠨᠠᠯᠲᠠ ᠲᠠᠯᠪᠢᠨ ᠪᠠᠶᠢᠴᠠᠭᠠᠵᠤ᠂ ᠰᠢᠮᠳᠠᠭᠤᠯᠤᠨ ᠴᠡᠭᠴᠡᠯᠡᠨ | ᠰᠠᠶᠢᠵᠢᠷᠠᠭᠤᠯᠤᠨ᠎ᠠ᠃ | ᠬᠤᠶᠠᠷ ᠲᠤ᠂ ᠤᠰᠤ ᠬᠡᠷᠡᠭᠯᠡᠬᠦ ᠦᠷ᠎ᠡ ᠪᠦᠲᠦᠮᠵᠢ ᠶᠢ ᠴᠢᠩᠭ᠎ᠠ ᠡᠵᠡᠮᠳᠡᠨ᠎ᠡ᠃ ᠤᠰᠤ ᠬᠡᠷᠡᠭᠯᠡᠬᠦ ᠦᠷ᠎ᠡ | ᠪᠦᠲᠦᠮᠵᠢ ᠶᠢ ᠡᠵᠡᠮᠳᠡᠬᠦ ᠤᠯᠠᠭᠠᠨ ᠱᠤᠭᠤᠮ ᠤᠨ ᠬᠠᠮᠢᠶᠠᠷᠤᠯᠲᠠ ᠶᠢ ᠴᠢᠩᠭᠠᠳᠬᠠᠵᠤ᠂ ᠤᠰᠤ ᠶᠢ ᠠᠷᠪᠢᠯᠠᠵᠤ | ᠬᠡᠷᠡᠭᠯᠡᠬᠦ ᠶᠢ ᠠᠵᠤ ᠠᠬᠤᠢ ᠨᠡᠶᠢᠭᠡᠮ ᠤᠨ ᠬᠥᠭᠵᠢᠯᠲᠡ ᠪᠠ ᠣᠯᠠᠨ ᠲᠦᠮᠡᠨ ᠤ ᠠᠮᠢᠳᠤᠷᠠᠯ ᠦᠢᠯᠡᠳᠪᠦᠷᠢᠯᠡᠯ ᠤᠨ ᠪᠥᠬᠦ | ᠶᠠᠪᠤᠴᠠ ᠳᠤ ᠲᠤᠭᠤᠰᠢᠯᠠᠭᠤᠯᠤᠨ᠂ ᠤᠰᠤ ᠠᠷᠪᠢᠯᠠᠬᠤ ᠬᠡᠯᠪᠡᠷᠢ ᠶᠢᠨ ᠨᠡᠶᠢᠭᠡᠮ ᠤᠨ ᠪᠠᠶᠢᠭᠤᠯᠤᠯᠲᠠ ᠶᠢ ᠪᠥᠬᠦ | ᠲᠠᠯ᠎ᠠ ᠪᠠᠷ ᠠᠬᠢᠭᠤᠯᠤᠨ᠎ᠠ᠃ 2020 ᠣᠨ ᠳᠤ ᠮᠠᠨ ᠤ ᠬᠤᠰᠢᠭᠤᠨ ᠤ ᠲᠦᠮᠡᠨ ᠲᠥᠭᠦᠷᠢᠭ ᠤᠨ GDP ᠶᠢᠨ | ᠤᠰᠤ ᠬᠡᠷᠡᠭᠯᠡᠬᠦ ᠬᠡᠮᠵᠢᠶ᠎ᠡ 2015 ᠣᠨ ᠤ ᠬᠢ ᠠᠴᠠ 24.54% ᠪᠠᠭᠤᠷᠠᠵᠤ᠂ ᠲᠦᠮᠡᠨ ᠲᠥᠭᠦᠷᠢᠭ ᠤᠨ ᠠᠵᠤ | ᠦᠢᠯᠡᠳᠪᠦᠷᠢ ᠶᠢᠨ ᠨᠡᠮᠡᠭᠳᠡᠯ ᠥᠷᠲᠡᠭ ᠤᠨ ᠤᠰᠤ ᠬᠡᠷᠡᠭᠯᠡᠬᠦ ᠬᠡᠮᠵᠢᠶ᠎ᠡ 2015 ᠣᠨ ᠤ ᠬᠢ ᠠᠴᠠ 67.55% | ᠪᠠᠭᠤᠷᠠᠵᠤ᠂ ᠲᠠᠷᠢᠶᠠᠨ ᠭᠠᠵᠠᠷ ᠤᠨ ᠤᠰᠤᠯᠠᠯᠲᠠ ᠶᠢᠨ ᠤᠰᠤᠨ ᠤ ᠪᠦᠲᠦᠮᠵᠢᠲᠡᠶ ᠠᠰᠢᠭᠯᠠᠯᠲᠠ ᠶᠢᠨ ᠢᠯᠡᠳᠬᠡᠮᠵᠢ 0. | 5532 ᠬᠦᠷᠴᠡᠢ︔ 2021 ᠣᠨ ᠳᠤ ᠮᠠᠨ ᠤ ᠬᠤᠰᠢᠭᠤᠨ ᠤ ᠲᠦᠮᠡᠨ ᠲᠥᠭᠦᠷᠢᠭ ᠤᠨ GDP ᠶᠢᠨ ᠤᠰᠤ | ᠬᠡᠷᠡᠭᠯᠡᠬᠦ ᠬᠡᠮᠵᠢᠶ᠎ᠡ ᠨᠢ 2020 ᠣᠨ ᠤ ᠬᠢ ᠠᠴᠠ 21.06% ᠪᠠᠷ ᠪᠠᠭᠤᠷᠠᠵᠤ᠂ ᠲᠦᠮᠡᠨ ᠲᠥᠭᠦᠷᠢᠭ ᠤᠨ ᠠᠵᠤ | ᠦᠢᠯᠡᠳᠪᠦᠷᠢ ᠶᠢᠨ ᠨᠡᠮᠡᠭᠳᠡᠯ ᠥᠷᠲᠡᠭ ᠤᠨ ᠤᠰᠤ ᠬᠡᠷᠡᠭᠯᠡᠬᠦ ᠬᠡᠮᠵᠢᠶ᠎ᠡ ᠨᠢ 2015 ᠣᠨ ᠤ ᠬᠢ ᠠᠴᠠ 35.01% | ᠪᠠᠷ ᠪᠠᠭᠤᠷᠠᠵᠤ᠂ ᠲᠠᠷᠢᠶᠠᠨ ᠭᠠᠵᠠᠷ ᠤᠨ ᠤᠰᠤᠯᠠᠯᠲᠠ ᠶᠢᠨ ᠤᠰᠤᠨ ᠤ ᠪᠦᠲᠦᠮᠵᠢᠲᠡᠶ ᠠᠰᠢᠭᠯᠠᠯᠲᠠ ᠶᠢᠨ ᠢᠯᠡᠳᠬᠡᠮᠵᠢ | ᠨᠢ 0.5533 ᠬᠦᠷᠴᠡᠢ᠃ | ᠭᠤᠷᠪᠠ ᠳᠤ᠂ ᠭᠠᠵᠠᠷ ᠳᠣᠣᠷᠠᠬᠢ ᠤᠰᠤᠨ ᠤ ᠬᠠᠮᠠᠭᠠᠯᠠᠯᠲᠠ ᠶᠢ ᠴᠢᠩᠳᠠᠯᠠᠵᠤ᠂ ᠤᠰᠤᠨ ᠤ ᠴᠢᠳᠠᠮᠵᠢᠲᠤ ᠣᠷᠣᠨ | ᠤ ᠬᠠᠮᠢᠶᠠᠷᠤᠯᠲᠠ ᠶᠢ ᠲᠦᠯᠬᠢᠨ ᠠᠬᠢᠭᠤᠯᠤᠨ᠎ᠠ᠃ ᠤᠰᠤ ᠬᠡᠷᠡᠭᠯᠡᠬᠦ ᠶᠡᠷᠦᠩᠬᠡᠢ ᠬᠡᠮᠵᠢᠶ᠎ᠡ ᠶᠢ ᠴᠢᠩᠭ᠎ᠠ ᠬᠢᠵᠠᠭᠠᠷᠯᠠᠵᠤ᠂ | ᠤᠰᠤᠨ ᠲᠦᠪᠰᠢᠨ ᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠂ ᠬᠤᠷᠴᠢᠨ ᠪᠠᠷᠠᠭᠤᠨ ᠭᠠᠷᠤᠨ ᠡᠮᠦᠨᠡᠲᠦ | ᠬᠤᠰᠢᠭᠤᠨ ᠤ ᠴᠢᠬᠤᠯᠠ ᠭᠠᠵᠠᠷ ᠳᠣᠣᠷᠠᠬᠢ ᠤᠰᠤᠨ ᠤ ᠤᠰᠤᠨ ᠰᠤᠷᠪᠤᠯᠵᠢ ᠶᠢᠨ ᠣᠷᠣᠨ ᠤ ᠤᠰᠤᠨ ᠲᠦᠪᠰᠢᠨ | ᠬᠢᠭᠡᠳ ᠤᠰᠤᠨ ᠤ ᠬᠡᠮᠵᠢᠶ᠎ᠡ ᠶᠢ ᠬᠤᠶᠠᠷ ᠢ ᠡᠵᠡᠮᠳᠡᠬᠦ ᠲᠥᠰᠥᠯ ᠢ ᠴᠣᠬᠤᠯᠠᠪᠤᠷᠢᠯᠠᠨ ᠬᠠᠷᠢᠭᠤᠯᠬᠤ ᠠᠵᠢᠯ ᠢ | ᠪᠡᠶᠡᠯᠡᠭᠦᠯᠵᠦ᠂ ᠤᠰᠤᠨ ᠤ ᠴᠢᠳᠠᠮᠵᠢᠲᠤ ᠣᠷᠣᠨ ᠤ ᠪᠣᠬᠢᠷᠲᠤᠯ ᠢ ᠬᠢᠵᠠᠭᠠᠷᠯᠠᠬᠤ ᠠᠵᠢᠯ ᠳᠤ ᠪᠣᠳᠠᠲᠤ ᠦᠷ᠎ᠡ | ᠪᠦᠲᠦᠮᠵᠢ ᠣᠯᠵᠤ᠂ ᠮᠠᠨ ᠤ ᠬᠤᠰᠢᠭᠤᠨ ᠤ ᠤᠰᠤᠨ ᠤ ᠴᠢᠳᠠᠮᠵᠢᠲᠤ ᠣᠷᠣᠨ ᠤ ᠤᠰᠤᠨ ᠤ ᠴᠢᠨᠠᠷ ᠢ ᠪᠦᠬᠦᠨ ᠢ | ᠪᠠᠷᠢᠮᠵᠢᠶ᠎ᠠ ᠳᠤ ᠬᠦᠷᠦᠭᠦᠯᠦᠨ᠎ᠡ᠃ ᠮᠠᠨ ᠤ ᠬᠤᠰᠢᠭᠤ ᠲᠥᠪ ᠤᠨ ᠪᠠ ᠥᠪᠡᠷᠲᠡᠭᠡᠨ ᠵᠠᠰᠠᠬᠤ ᠣᠷᠣᠨ ᠤ ᠤᠰᠤᠨ ᠤ | ᠡᠬᠢ ᠪᠠᠶᠠᠯᠢᠭ ᠤᠨ ᠬᠠᠮᠤᠭ ᠤᠨ ᠴᠢᠩᠭ᠎ᠠ ᠬᠠᠮᠢᠶᠠᠷᠤᠯᠲᠠ ᠶᠢᠨ ᠳᠦᠷᠢᠮ ᠢ ᠬᠡᠷᠡᠭᠵᠢᠭᠦᠯᠬᠦ ᠲᠤᠬᠠᠢ ᠬᠠᠮᠢᠶ᠎ᠠ ᠪᠦᠬᠦᠢ | ᠱᠠᠭᠠᠷᠳᠠᠯᠭ᠎ᠠ ᠶᠢ ᠨᠠᠷᠢᠨ ᠬᠢᠨᠠᠮᠠᠭᠠᠢ ᠲᠤᠭᠤᠰᠢᠯᠠᠭᠤᠯᠵᠤ᠂ ᠤᠰᠤ ᠬᠡᠷᠡᠭᠯᠡᠬᠦ ᠶᠡᠷᠦᠩᠬᠡᠢ ᠬᠡᠮᠵᠢᠶ᠎ᠡ᠂ ᠤᠰᠤ ᠬᠡᠷᠡᠭᠯᠡᠬᠦ | ᠠᠰᠢᠭᠯᠠᠮᠵᠢ᠂ ᠤᠰᠤᠨ ᠤ ᠴᠢᠳᠠᠮᠵᠢᠲᠤ ᠣᠷᠣᠨ ᠤ ᠤᠰᠤᠨ ᠤ ᠴᠢᠨᠠᠷ ᠤᠨ ᠪᠠᠷᠢᠮᠵᠢᠶ᠎ᠠ ᠳᠤ ᠬᠦᠷᠬᠦ ᠨᠣᠷᠮ᠎ᠠ ᠶᠢᠨ ︽ | ᠭᠤᠷᠪᠠᠨ ᠤᠯᠠᠭᠠᠨ ᠱᠤᠭᠤᠮ︾ ᠤᠨ ᠭᠦᠢᠴᠡᠳᠬᠡᠯ ᠲᠤᠭ᠎ᠠ ᠪᠠᠷ ᠤᠳᠤᠷᠢᠳᠤᠮᠵᠢ ᠪᠠ ᠬᠢᠵᠠᠭᠠᠷᠯᠠᠯ ᠪᠣᠯᠭᠠᠵᠤ᠂ | ᠤᠰᠤᠨ ᠤ ᠡᠬᠢ ᠪᠠᠶᠠᠯᠢᠭ ᠤᠨ ᠬᠠᠮᠢᠶᠠᠷᠤᠯᠲᠠ ᠶᠢᠨ ᠬᠠᠮᠤᠭ ᠤᠨ ᠴᠢᠩᠭ᠎ᠠ ᠡᠯ᠎ᠡ ᠵᠦᠢᠯ ᠤᠨ ᠳᠦᠷᠢᠮ ᠢ ᠴᠢᠩᠭ᠎ᠠ | ᠨᠠᠶᠢᠳᠠᠪᠤᠷᠢᠵᠢᠭᠤᠯᠤᠨ᠂ ᠤᠰᠤᠨ ᠤ ᠡᠬᠢ ᠪᠠᠶᠠᠯᠢᠭ ᠤᠨ ᠬᠠᠮᠢᠶᠠᠷᠤᠯᠲᠠ ᠶᠢᠨ ᠴᠢᠳᠠᠪᠤᠷᠢ ᠶᠢ ᠵᠢᠯ ᠳᠠᠷᠠᠭᠠᠯᠠᠨ | ᠳᠡᠭᠡᠭᠰᠢᠯᠡᠭᠦᠯᠵᠦ᠂ ᠮᠠᠨ ᠤ ᠬᠤᠰᠢᠭᠤᠨ ᠤ ᠠᠵᠤ ᠠᠬᠤᠢ ᠨᠡᠶᠢᠭᠡᠮ ᠤᠨ ᠬᠥᠭᠵᠢᠯᠲᠡ᠂ ᠶᠠᠳᠠᠭᠤ ᠠᠴᠠ | ᠠᠩᠭᠢᠵᠢᠷᠠᠭᠤᠯᠬᠤ ᠪᠣᠭᠤᠮᠲᠠ ᠰᠢᠪᠲᠤᠯᠬᠤ ᠪᠠ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠳᠤ | ᠦᠷᠭᠦᠯᠵᠢᠯᠡᠨ ᠤᠰᠤᠨ ᠤ ᠡᠬᠢ ᠪᠠᠶᠠᠯᠢᠭ ᠤᠨ ᠪᠠᠲᠤᠯᠠᠭ᠎ᠠ ᠬᠠᠩᠭᠠᠨ᠎ᠠ᠃ 2022 ᠣᠨ ᠳᠤ᠂ ᠮᠠᠨ ᠤ ᠬᠤᠰᠢᠭᠤ | ᠤᠰᠤᠨ ᠤ ᠶᠡᠷᠦᠩᠬᠡᠢ ᠬᠡᠮᠵᠢᠶ᠎ᠡ ᠶᠢ ᠨᠠᠷᠢᠯᠢᠭᠵᠢᠭᠤᠯᠤᠨ ᠵᠠᠳᠠᠯᠵᠤ᠂ ᠤᠰᠤᠨ ᠤ ᠶᠡᠷᠦᠩᠬᠡᠢ ᠬᠡᠮᠵᠢᠶ᠎ᠡ ᠶᠢ ᠡᠵᠡᠮᠳᠡᠬᠦ | ᠬᠠᠷᠠᠯᠲᠠ ᠪᠠᠨ ᠠᠮᠢᠳᠤᠷᠠᠯ᠂ ᠲᠠᠷᠢᠶᠠᠯᠠᠩ᠂ ᠠᠵᠤ ᠦᠢᠯᠡᠳᠪᠦᠷᠢ ᠪᠠ ᠠᠮᠢ ᠠᠬᠤᠢ ᠶᠢᠨ ᠣᠷᠴᠢᠨ ᠲᠣᠭᠤᠷᠢᠨ ᠵᠡᠷᠭᠡ | ᠠᠵᠢᠯ ᠲᠥᠷᠥᠯ ᠳᠤ ᠬᠤᠪᠢᠶᠠᠷᠢᠯᠠᠨ ᠥᠭᠴᠡᠢ︔ ᠮᠠᠨ ᠤ ᠬᠤᠰᠢᠭᠤᠨ ᠤ ᠪᠥᠬᠦ ᠤᠯᠤᠰ ᠤᠨ ᠤᠰᠤ ᠲᠠᠲᠠᠵᠤ | ᠬᠡᠷᠡᠭᠯᠡᠬᠦ ᠬᠠᠮᠢᠶᠠᠷᠤᠯᠲᠠ ᠶᠢᠨ ᠲᠤᠰᠬᠠᠢ ᠴᠡᠭᠴᠡᠯᠡᠨ ᠵᠠᠰᠠᠬᠤ ᠮᠡᠳᠡᠭᠡ ᠵᠠᠩᠭᠢ ᠶᠢᠨ ᠲᠠᠪᠴᠠᠩ ᠳᠠᠬᠢ ᠳ᠋ᠤᠭᠠᠷ ᠢ ᠨᠢ | ᠬᠠᠰᠤᠬᠤ ᠴᠢᠬᠤᠯᠠᠲᠠᠢ ᠤᠰᠤ ᠲᠠᠲᠠᠬᠤ ᠲᠥᠷᠥᠯ ᠵᠦᠢᠯ ᠢ ᠪᠦᠬᠦᠨ ᠢ ᠪᠡᠶᠡᠯᠡᠭᠦᠯᠪᠡ᠃ | ᠲᠠᠪᠤ᠂ ᠣᠷᠣᠰᠢᠵᠤ ᠪᠠᠶᠢᠭ᠎ᠠ ᠠᠰᠠᠭᠤᠳᠠᠯ ᠵᠢᠴᠢ ᠬᠠᠯᠠᠨ ᠰᠠᠶᠢᠵᠢᠷᠠᠭᠤᠯᠬᠤ ᠠᠷᠭ᠎ᠠ ᠬᠡᠮᠵᠢᠶ᠎ᠡ | ︵ᠨᠢᠭᠡ︶ ᠣᠷᠣᠰᠢᠵᠤ ᠪᠠᠶᠢᠭ᠎ᠠ ᠠᠰᠠᠭᠤᠳᠠᠯ | ᠨᠢᠭᠡ ᠳᠤ᠂ ᠣᠷᠣᠨ ᠨᠤᠲᠤᠭ ᠤᠨ ᠤᠰᠤᠨ ᠠᠰᠢᠭᠯᠠᠯᠲᠠ ᠶᠢᠨ ᠬᠠᠤᠯᠢ ᠳᠦᠷᠢᠮ ᠤᠨ ᠰᠢᠰᠲ᠋ᠧᠮ ᠤᠨ | ᠪᠠᠶᠢᠭᠤᠯᠤᠯᠲᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠬᠦ ᠴᠢᠬᠤᠯᠠᠲᠠᠢ ᠪᠠᠶᠢᠨ᠎ᠠ᠃ ᠤᠯᠤᠰ ᠠᠴᠠ ︽ᠪᠥᠬᠦᠳᠡ | ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠰᠤᠨ ᠤ ᠬᠠᠤᠯᠢ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ | ᠤᠯᠤᠰ ᠤᠨ ᠬᠥᠷᠥᠰᠥ ᠰᠢᠷᠣᠢ ᠶᠢ ᠬᠠᠮᠠᠭᠠᠯᠠᠬᠤ ᠬᠠᠤᠯᠢ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ | ᠤᠯᠤᠰ ᠤᠨ ᠦᠶᠡᠷ ᠢ ᠰᠡᠷᠭᠡᠶᠢᠯᠡᠬᠦ ᠬᠠᠤᠯᠢ︾ ᠵᠡᠷᠭᠡ ᠠᠯᠢ ᠤᠯᠠᠨ ᠬᠠᠤᠯᠢ ᠴᠠᠭᠠᠵᠠ ᠬᠠᠤᠯᠢ ᠲᠣᠭᠲᠠᠭᠠᠯ ᠢ ᠤᠷᠢᠳ | ᠬᠤᠵᠢᠳ ᠨᠡᠶᠢᠲᠡᠯᠡᠵᠦ᠂ ᠤᠰᠤᠨ ᠠᠰᠢᠭᠯᠠᠯᠲᠠ ᠶᠢᠨ ᠶᠠᠮᠤᠨ ᠠᠴᠠ ᠪᠠᠰᠠ 10 ᠭᠠᠷᠤᠢ ᠳᠦᠷᠢᠮ ᠲᠣᠭᠲᠠᠭᠠᠯ ᠢ | ᠨᠡᠶᠢᠲᠡᠯᠡᠵᠦ᠂ ᠤᠯᠤᠰ ᠤᠨ ᠲᠡᠰ ᠤᠨ ᠤᠰᠤᠨ ᠤ ᠬᠠᠤᠯᠢ ᠴᠠᠭᠠᠵᠠ ᠬᠠᠤᠯᠢ ᠲᠣᠭᠲᠠᠭᠠᠯ ᠤᠨ ᠰᠢᠰᠲ᠋ᠧᠮ ᠢ ᠨᠢᠭᠡᠨᠲᠡ | ᠠᠩᠬ᠎ᠠ ᠠᠯᠬᠤᠮ ᠪᠠᠶᠢᠭᠤᠯᠪᠠ᠃ ᠭᠡᠪᠡᠴᠦ ᠪᠠᠰᠠ ᠣᠷᠣᠨ ᠨᠤᠲᠤᠭ ᠤᠨ ᠴᠢᠨᠠᠷᠲᠠᠢ ᠬᠠᠤᠯᠢ ᠲᠣᠭᠲᠠᠭᠠᠯ᠂ ᠳᠦᠷᠢᠮ | ᠲᠣᠭᠲᠠᠭᠠᠯ ᠤᠨ ᠬᠡᠯᠪᠡᠷᠢ ᠪᠠᠷ ᠵᠣᠬᠢᠴᠠᠩᠭᠤᠢ ᠢᠵᠢ ᠪᠦᠷᠢᠳᠦᠭᠰᠡᠨ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠪᠠ | ᠲᠦᠷᠦ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠲᠣᠭᠲᠠᠭᠠᠵᠤ ᠪᠠᠶᠢᠭᠠᠳ ᠲᠤᠭᠤᠰᠢᠯᠠᠭᠤᠯᠤᠨ ᠨᠠᠶᠢᠳᠠᠪᠤᠷᠢᠵᠢᠭᠤᠯᠬᠤ | ᠴᠢᠬᠤᠯᠠᠲᠠᠢ ᠪᠠᠶᠢᠨ᠎ᠠ᠃ | ᠬᠤᠶᠠᠷ ᠲᠤ᠂ ᠤᠰᠤᠨ ᠤ ᠡᠬᠢ ᠪᠠᠶᠠᠯᠢᠭ ᠢ ᠠᠷᠪᠢᠯᠠᠨ ᠭᠠᠮᠨᠠᠵᠤ ᠬᠠᠮᠠᠭᠠᠯᠠᠬᠤ ᠲᠤᠬᠠᠢ ᠣᠯᠠᠨ ᠨᠡᠶᠢᠲᠡ ᠶᠢᠨ | ᠦᠵᠡᠯ ᠤᠬᠠᠮᠰᠠᠷ ᠢ ᠲᠦᠷᠭᠡᠨ ᠳᠡᠭᠡᠭᠰᠢᠯᠡᠭᠦᠯᠬᠦ ᠴᠢᠬᠤᠯᠠᠲᠠᠢ ᠪᠠᠶᠢᠨ᠎ᠠ᠃ ᠤᠯᠠᠮᠵᠢᠯᠠᠯᠲᠤ ᠦᠢᠯᠡᠳᠪᠦᠷᠢᠯᠡᠯ ᠤᠨ ᠠᠷᠭ᠎ᠠ | ᠮᠠᠶ᠋ᠢᠭ᠂ ᠬᠡᠷᠡᠭᠯᠡᠭᠡᠨ ᠤ ᠠᠷᠭ᠎ᠠ ᠮᠠᠶ᠋ᠢᠭ ᠪᠠ ᠣᠶᠢᠯᠠᠭᠠᠭᠳᠠᠬᠤᠨ ᠢ ᠬᠤᠪᠢᠷᠠᠭᠤᠯᠬᠤ ᠳᠤ ᠡᠭᠦᠷᠭᠡ ᠬᠦᠨᠳᠦ ᠵᠠᠮ ᠬᠤᠯᠠ | ᠪᠠᠶᠢᠨ᠎ᠠ᠃ ᠮᠠᠨ ᠤ ᠬᠤᠰᠢᠭᠤᠨ ᠤ ᠤᠰᠤᠨ ᠤ ᠡᠬᠢ ᠪᠠᠶᠠᠯᠢᠭ ᠤᠨ ᠬᠠᠮᠠᠭᠠᠯᠠᠯᠲᠠ ᠶᠢᠨ ᠲᠠᠯ᠎ᠠ ᠪᠠᠷ ᠬᠢ ᠰᠤᠷᠭᠠᠨ | ᠬᠥᠮᠦᠵᠢᠯ ᠠᠩᠬᠠᠨ ᠤ ᠱᠠᠲᠤᠨ ᠳᠤ ᠣᠷᠣᠰᠢᠵᠤ᠂ ᠤᠰᠤᠨ ᠤ ᠡᠬᠢ ᠪᠠᠶᠠᠯᠢᠭ ᠤᠨ ᠬᠠᠮᠠᠭᠠᠯᠠᠯᠲᠠ ᠶᠢᠨ ᠲᠤᠬᠠᠢ ᠣᠯᠠᠨ | ᠨᠡᠶᠢᠲᠡ ᠶᠢᠨ ᠤᠬᠠᠮᠰᠠᠷ ᠴᠢᠩᠭ᠎ᠠ ᠪᠢᠰᠢ ᠪᠠᠶᠢᠭᠰᠠᠭᠠᠷ᠃ ᠤᠰᠤᠨ ᠤ ᠡᠬᠢ ᠪᠠᠶᠠᠯᠢᠭ ᠢ ᠬᠠᠮᠠᠭᠠᠯᠠᠬᠤ ᠮᠡᠳᠡᠯᠭᠡ ᠶᠢᠨ | ᠤᠬᠠᠭᠤᠯᠭ᠎ᠠ ᠶᠢ ᠬᠢᠵᠦ᠂ ᠬᠥᠮᠥᠰ ᠤᠨ ᠤᠰᠤᠨ ᠤ ᠡᠬᠢ ᠪᠠᠶᠠᠯᠢᠭ ᠢ ᠬᠠᠮᠠᠭᠠᠯᠠᠬᠤ ᠪᠠ ᠬᠠᠮᠢᠶᠠᠷᠬᠤ ᠮᠡᠳᠡᠯᠭᠡ ᠶᠢᠨ ᠬᠢᠷᠢ | ᠬᠡᠮᠵᠢᠶ᠎ᠡ ᠶᠢ ᠳᠡᠭᠡᠭᠰᠢᠯᠡᠭᠦᠯᠬᠦ ᠬᠡᠷᠡᠭᠲᠡᠢ᠃ | ︵ᠬᠤᠶᠠᠷ︶ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ | ᠨᠢᠭᠡ ᠳᠤ᠂ ᠤᠬᠠᠭᠤᠯᠭ᠎ᠠ ᠶᠢᠨ ᠠᠵᠢᠯ ᠢ ᠴᠢᠩᠭᠠᠳᠬᠠᠵᠤ᠂ ᠣᠯᠠᠨ ᠨᠡᠶᠢᠲᠡ ᠶᠢᠨ ᠤᠰᠤᠨ ᠤ ᠡᠬᠢ ᠪᠠᠶᠠᠯᠢᠭ ᠢ | ᠬᠠᠮᠠᠭᠠᠯᠠᠬᠤ ᠦᠵᠡᠯ ᠤᠬᠠᠮᠰᠠᠷ ᠢ ᠴᠢᠩᠭᠠᠷᠠᠭᠤᠯᠤᠨ᠎ᠠ᠃ ᠤᠰᠤᠨ ᠤ ᠡᠬᠢ ᠪᠠᠶᠠᠯᠢᠭ ᠢ ᠠᠷᠪᠢᠯᠠᠨ ᠭᠠᠮᠨᠠᠵᠤ | ᠬᠠᠮᠠᠭᠠᠯᠠᠬᠤ ᠮᠡᠳᠡᠯᠭᠡ ᠶᠢᠨ ᠬᠥᠮᠦᠵᠢᠯ ᠢ ᠰᠤᠷᠭᠠᠭᠤᠯᠢ ᠶᠢᠨ ᠰᠤᠷᠭᠠᠨ ᠬᠥᠮᠦᠵᠢᠯ ᠤᠨ ᠪᠥᠬᠦ ᠶᠠᠪᠤᠴᠠ ᠳᠤ | ᠲᠤᠭᠤᠰᠢᠯᠠᠭᠤᠯᠬᠤ ᠬᠡᠷᠡᠭᠲᠡᠢ︔ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠤᠳᠤᠷᠢᠳᠤᠯᠭ᠎ᠠ ᠪᠠ ᠠᠵᠢᠯᠲᠠᠨ ᠳᠤ | ᠪᠣᠯᠪᠠᠰᠤᠷᠠᠭᠤᠯᠤᠯ ᠤᠨ ᠠᠵᠢᠯ ᠥᠷᠨᠢᠭᠦᠯᠦᠨ᠎ᠡ︔ ᠡᠭᠦᠨ ᠤ ᠵᠡᠷᠭᠡᠴᠡᠭᠡᠪᠡᠷ᠂ ᠰᠣᠨᠢᠨ᠂ ᠲᠧᠯᠸᠢᠰ᠂ ᠰᠦᠯᠵᠢᠶ᠎ᠡ ᠵᠡᠷᠭᠡ | ᠶᠠᠷᠢᠶ᠎ᠠ ᠬᠡᠯᠡᠯᠴᠡᠭᠡᠨ ᠤ ᠵᠢᠭᠰᠠᠭᠠᠯ ᠤᠨ ᠭᠠᠵᠠᠷ ᠤᠨ ᠦᠢᠯᠡᠳᠦᠯ ᠢ ᠭᠦᠢᠴᠡᠳ ᠪᠠᠳᠠᠷᠠᠭᠤᠯᠵᠤ᠂ ᠤᠰᠤᠨ ᠤ ᠡᠬᠢ | ᠪᠠᠶᠠᠯᠢᠭ ᠢ ᠬᠠᠮᠠᠭᠠᠯᠠᠬᠤ ᠮᠡᠳᠡᠯᠭᠡ ᠶᠢᠨ ᠤᠬᠠᠭᠤᠯᠭ᠎ᠠ ᠶᠢ ᠴᠢᠩᠭᠠᠳᠬᠠᠨ᠎ᠠ᠂ ᠠᠷᠪᠢᠯᠠᠨ ᠭᠠᠮᠨᠠᠬᠤ ᠬᠡᠯᠪᠡᠷᠢ ᠶᠢᠨ ᠬᠤᠳᠠ | ᠂ ᠠᠵᠤ ᠠᠬᠤᠶᠢᠯᠠᠯ᠂ ᠨᠡᠶᠢᠭᠡᠮ ᠲᠣᠭᠤᠷᠢᠭ ᠪᠠ ᠠᠶᠢᠯ ᠲᠣᠰᠬᠤᠨ ᠤ ᠠᠵᠢᠯᠯᠠᠭ᠎ᠠ ᠶᠢ ᠥᠷᠭᠡᠨ ᠢᠶᠠᠷ ᠵᠣᠬᠢᠶᠠᠨ | ᠪᠠᠶᠢᠭᠤᠯᠤᠨ ᠥᠷᠨᠢᠭᠦᠯᠵᠦ᠂ ᠰᠤᠷᠭᠠᠨ ᠬᠥᠮᠥᠵᠢᠭᠦᠯᠬᠦ ᠪᠠᠷ ᠳᠠᠮᠵᠢᠭᠤᠯᠤᠨ ᠠᠷᠠᠳ ᠤᠯᠠᠨ ᠤ ᠠᠮᠢ ᠠᠬᠤᠢ ᠳᠤ | ᠣᠷᠣᠯᠴᠠᠬᠤ ᠤᠬᠠᠮᠰᠠᠷ ᠪᠠ ᠵᠣᠷᠢᠭ ᠰᠠᠨᠠᠭ᠎ᠠ ᠶᠢ ᠦᠨᠡᠨ ᠬᠦ ᠬᠥᠮᠥᠵᠢᠭᠦᠯᠦᠨ᠎ᠡ᠃ | ᠬᠤᠶᠠᠷ ᠲᠤ᠂ ᠤᠰᠤᠨ ᠤ ᠡᠬᠢ ᠪᠠᠶᠠᠯᠢᠭ ᠤᠨ ᠬᠠᠮᠢᠶᠠᠷᠤᠯᠲᠠ ᠶᠢ ᠴᠢᠩᠭᠠᠳᠬᠠᠵᠤ᠂ ᠤᠰᠤ ᠠᠷᠪᠢᠯᠠᠬᠤ | ᠬᠡᠯᠪᠡᠷᠢ ᠶᠢᠨ ᠨᠡᠶᠢᠭᠡᠮ ᠤᠨ ᠪᠠᠶᠢᠭᠤᠯᠤᠯᠲᠠ ᠶᠢ ᠲᠦᠯᠬᠢᠨ ᠠᠬᠢᠭᠤᠯᠤᠨ᠎ᠠ᠃ ᠤᠰᠤᠨ ᠤ ᠡᠬᠢ ᠪᠠᠶᠠᠯᠢᠭ ᠢ ᠠᠷᠪᠢᠯᠠᠬᠤ | ᠶᠠᠪᠤᠳᠠᠯ ᠢ ᠬᠠᠮᠢᠶᠠᠷᠤᠯᠲᠠ ᠶᠢᠨ ᠠᠵᠢᠯ ᠤᠨ ᠲᠡᠷᠢᠭᠦᠨ ᠪᠠᠶᠢᠷᠢᠨ ᠳᠤ ᠲᠠᠯᠪᠢᠨ ᠠᠳᠬᠤᠵᠤ᠂ ᠤᠰᠤ ᠠᠷᠪᠢᠯᠠᠬᠤ | ᠬᠡᠯᠪᠡᠷᠢ ᠶᠢᠨ ᠨᠡᠶᠢᠭᠡᠮ ᠤᠨ ᠪᠠᠶᠢᠭᠤᠯᠤᠯᠲᠠ ᠶᠢ ᠲᠦᠷᠭᠡᠳᠬᠡᠬᠦ ᠬᠡᠷᠡᠭᠲᠡᠢ᠂ ᠤᠰᠤᠨ ᠤ ᠡᠬᠢ ᠪᠠᠶᠠᠯᠢᠭ ᠢ ᠬᠢᠨᠠᠨ | ᠡᠵᠡᠮᠳᠡᠬᠦ ᠴᠢᠳᠠᠪᠤᠷᠢ ᠶᠢᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ᠂ | ᠠᠵᠤ ᠠᠬᠤᠢ ᠶᠢᠨ᠂ ᠬᠠᠤᠯᠢ ᠴᠠᠭᠠᠵᠠ ᠶᠢᠨ ᠠᠷᠭ᠎ᠠ ᠪᠠᠷᠢᠯ ᠢ ᠬᠡᠷᠡᠭᠯᠡᠨ᠂ ᠤᠰᠤᠨ ᠤ ᠡᠬᠢ ᠪᠠᠶᠠᠯᠢᠭ ᠢ ᠨᠢᠭᠡᠳᠦᠯᠲᠡᠢ | ᠬᠠᠮᠢᠶᠠᠷᠤᠨ᠎ᠠ᠃ ᠤᠰᠤ ᠠᠷᠪᠢᠯᠠᠬᠤ ᠬᠡᠯᠪᠡᠷᠢ ᠶᠢᠨ ᠨᠡᠶᠢᠭᠡᠮ ᠤᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ | ᠴᠢᠩᠭᠠᠳᠬᠠᠵᠤ᠂ ᠵᠠᠰᠠᠭ ᠤᠨ ᠣᠷᠳᠣᠨ ᠠᠴᠠ ᠲᠣᠬᠢᠷᠠᠭᠤᠯᠤᠨ ᠡᠵᠡᠮᠳᠡᠭᠰᠡᠨ᠂ ᠵᠠᠬ᠎ᠠ ᠳᠡᠯᠭᠡᠭᠦᠷ ᠢᠶᠠᠷ ᠬᠥᠲᠥᠯᠥᠨ | ᠵᠢᠯᠣᠭᠤᠳᠤᠭᠰᠠᠨ᠂ ᠤᠯᠠᠨ ᠨᠡᠶᠢᠲᠡ ᠪᠠᠷ ᠢᠶᠠᠨ ᠣᠷᠣᠯᠴᠠᠭᠰᠠᠨ ᠤᠰᠤ ᠠᠷᠪᠢᠯᠠᠬᠤ ᠬᠡᠯᠪᠡᠷᠢ ᠶᠢᠨ ᠨᠡᠶᠢᠭᠡᠮ ᠤᠨ | ᠬᠠᠮᠢᠶᠠᠷᠤᠯᠲᠠ ᠶᠢᠨ ᠪᠠᠶᠢᠭᠤᠯᠤᠯ ᠢ ᠪᠠᠶᠢᠭᠤᠯᠵᠤ᠂ ᠤᠰᠤᠨ ᠤ ᠡᠬᠢ ᠪᠠᠶᠠᠯᠢᠭ ᠢ ᠨᠢᠭᠡᠳᠦᠯᠲᠡᠢ ᠬᠠᠮᠢᠶᠠᠷᠬᠤ᠂ | ᠰᠢᠯᠢᠳᠡᠭᠵᠢᠭᠦᠯᠦᠨ ᠲᠣᠬᠢᠷᠠᠭᠤᠯᠬᠤ ᠪᠠ ᠤᠰᠤᠨ ᠤ ᠠᠮᠢ ᠠᠬᠤᠢ ᠶᠢᠨ ᠣᠷᠴᠢᠨ ᠨᠥᠬᠦᠴᠡᠯ ᠤᠨ ᠬᠠᠮᠠᠭᠠᠯᠠᠯᠲᠠ ᠶᠢ | ᠲᠦᠯᠬᠢᠨ ᠠᠬᠢᠭᠤᠯᠤᠨ᠎ᠠ᠃ ᠤᠰᠤᠨ ᠤ ᠡᠬᠢ ᠪᠠᠶᠠᠯᠢᠭ ᠢ ᠠᠷᠪᠢᠯᠠᠬᠤ᠂ ᠬᠠᠮᠠᠭᠠᠯᠠᠬᠤ᠂ ᠬᠠᠮᠢᠶᠠᠷᠬᠤ ᠵᠠᠷᠤᠳᠠᠯ ᠤᠨ | ᠣᠷᠣᠭᠤᠯᠤᠯᠲᠠ ᠪᠠᠨ ᠨᠡᠮᠡᠭᠳᠡᠭᠦᠯᠦᠨ᠂ ᠤᠰᠤ ᠠᠷᠪᠢᠯᠠᠬᠤ ᠶᠢᠨ ᠨᠡᠶᠢᠭᠡᠮ ᠤᠨ ᠪᠦᠲᠦᠭᠡᠨ ᠪᠠᠶᠢᠭᠤᠯᠤᠯᠲᠠ ᠶᠢᠨ | ᠳᠤᠮᠳᠠᠬᠢ ᠵᠠᠰᠠᠭ ᠤᠨ ᠣᠷᠳᠣᠨ ᠤ ᠭᠤᠣᠯᠯᠠᠬᠤ ᠦᠢᠯᠡᠳᠦᠯ ᠢ ᠭᠦᠢᠴᠡᠳ ᠪᠠᠳᠠᠷᠠᠭᠤᠯᠤᠨ᠂ ᠵᠣᠬᠢᠶᠠᠨ ᠪᠠᠶᠢᠭᠤᠯᠤᠨ | ᠵᠣᠬᠢᠴᠠᠭᠤᠯᠬᠤ ᠪᠠ ᠲᠥᠷᠥ ᠶᠢᠨ ᠪᠣᠳᠣᠯᠭ᠎ᠠ᠂ ᠪᠡᠯᠡ ᠮᠥᠩᠭᠦ ᠶᠢᠨ ᠳᠡᠮᠵᠢᠯᠭᠡ ᠪᠠᠨ ᠴᠢᠩᠭᠠᠳᠬᠠᠵᠤ᠂ ᠬᠠᠤᠯᠢ | ᠴᠠᠭᠠᠵᠠ ᠶᠢᠨ ᠠᠷᠭ᠎ᠠ ᠪᠠᠷᠢᠯ ᠪᠣᠯᠣᠨ ᠵᠠᠰᠠᠭ ᠵᠠᠬᠢᠷᠭᠠᠨ ᠤ ᠠᠷᠭ᠎ᠠ ᠬᠡᠮᠵᠢᠶ᠎ᠡ ᠪᠠᠷ ᠳᠠᠮᠵᠢᠭᠤᠯᠤᠨ ᠨᠠᠶᠢᠳᠠᠪᠤᠷᠢᠵᠢᠭᠤᠯᠵᠤ | ᠂ ᠤᠰᠤ ᠠᠷᠪᠢᠯᠠᠬᠤ ᠶᠢᠨ ᠨᠡᠶᠢᠭᠡᠮ ᠤᠨ ᠪᠦᠲᠦᠭᠡᠨ ᠪᠠᠶᠢᠭᠤᠯᠤᠯᠲᠠ ᠳᠤ ᠪᠠᠶᠢᠭᠤᠯᠤᠯ ᠪᠣᠯᠣᠨ ᠲᠣᠭᠲᠠᠴᠠ ᠶᠢᠨ | ᠪᠠᠲᠤᠯᠠᠭ᠎ᠠ ᠬᠠᠩᠭᠠᠨ᠎ᠠ᠃ | ᠭᠤᠷᠪᠠ ᠳᠤ᠂ ᠤᠰᠤ ᠠᠷᠪᠢᠯᠠᠬᠤ ᠢᠨᠵᠧᠨᠧᠷᠢᠩ ᠤᠨ ᠣᠷᠣᠭᠤᠯᠤᠯᠲᠠ ᠶᠢ ᠨᠡᠮᠡᠭᠳᠡᠭᠦᠯᠵᠦ᠂ ᠤᠰᠤ ᠬᠡᠷᠡᠭᠯᠡᠬᠦ | ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ ᠤᠰᠤᠨ ᠤ ᠡᠬᠢ ᠪᠠᠶᠠᠯᠢᠭ ᠢ ᠲᠣᠬᠢᠷᠠᠭᠤᠯᠬᠤ ᠢᠨᠵᠧᠨᠧᠷᠢ ᠤᠨ | ᠲᠥᠯᠦᠪᠵᠢᠭᠦᠯᠭᠡ ᠶᠢ ᠬᠡᠷᠡᠭᠵᠢᠭᠦᠯᠬᠦ ᠶᠢ ᠴᠢᠬᠤᠯᠠᠴᠢᠯᠠᠵᠤ᠂ ᠢᠨᠵᠧᠨᠧᠷᠢ ᠤᠨ ᠪᠦᠲᠦᠭᠡᠨ ᠪᠠᠶᠢᠭᠤᠯᠤᠯᠲᠠ ᠶᠢᠨ | ᠣᠷᠣᠭᠤᠯᠤᠯᠲᠠ ᠶᠢ ᠨᠡᠮᠡᠭᠳᠡᠭᠦᠯᠦᠨ᠂ ᠤᠰᠤ ᠠᠷᠪᠢᠯᠠᠬᠤ ᠢᠨᠵᠧᠨᠧᠷᠢ ᠤᠨ ᠪᠦᠲᠦᠭᠡᠨ ᠪᠠᠶᠢᠭᠤᠯᠤᠯᠲᠠ ᠶᠢ | ᠴᠢᠩᠭᠠᠳᠬᠠᠵᠤ᠂ ᠤᠰᠤᠨ ᠤ ᠡᠬᠢ ᠪᠠᠶᠠᠯᠢᠭ ᠢ ᠵᠦᠢ ᠵᠣᠬᠢᠰᠲᠠᠢ ᠲᠣᠬᠢᠷᠠᠭᠤᠯᠬᠤ ᠶᠢ ᠪᠡᠶᠡᠯᠡᠭᠦᠯᠬᠦ᠂ ᠤᠰᠤᠨ ᠤ | ᠡᠬᠢ ᠪᠠᠶᠠᠯᠢᠭ ᠢ ᠥᠨᠳᠥᠷ ᠦᠷ᠎ᠡ ᠠᠰᠢᠭ ᠲᠠᠢ ᠠᠰᠢᠭᠯᠠᠬᠤ ᠶᠢ ᠠᠬᠢᠭᠤᠯᠬᠤ ᠳᠤ ᠪᠣᠳᠠᠰ ᠤᠨ ᠨᠥᠬᠦᠴᠡᠯ ᠡᠭᠦᠳᠴᠦ | ᠥᠭᠬᠦ ᠬᠡᠷᠡᠭᠲᠡᠢ᠃ ᠣᠲᠣ ᠶᠢᠨ ᠪᠠᠶᠢᠭ᠎ᠠ ᠪᠠᠷᠢᠯᠭ᠎ᠠ ᠶᠢᠨ ᠶᠡᠷᠦᠩᠬᠡᠶᠢᠯᠡᠭᠰᠡᠨ ᠦᠷ᠎ᠡ ᠠᠰᠢᠭ ᠢ ᠶᠡᠬᠡᠪᠡᠷ ᠪᠠᠳᠠᠷᠠᠭᠤᠯᠵᠤ᠂ | ᠤᠰᠤᠨ ᠤ ᠡᠬᠢ ᠪᠠᠶᠠᠯᠢᠭ ᠢ ᠲᠥᠬᠦᠷᠵᠢᠭᠦᠯᠬᠦ ᠳᠤ ᠵᠠᠩᠭᠢᠯᠠᠭ᠎ᠠ ᠶᠢᠨ ᠦᠢᠯᠡᠳᠦᠯ ᠦᠵᠡᠭᠦᠯᠬᠦ ᠨᠢᠭᠡ ᠪᠦᠯᠦᠭ ᠲᠣᠮᠣ | ᠳᠤᠮᠳᠠ ᠬᠡᠯᠪᠡᠷᠢ ᠶᠢᠨ ᠴᠢᠬᠤᠯᠠ ᠡᠵᠡᠮᠳᠡᠬᠦ ᠴᠢᠨᠠᠷᠲᠠᠢ ᠢᠨᠵᠧᠨᠧᠷᠢᠩ ᠢ ᠲᠥᠷᠥᠯ ᠵᠦᠢᠯ ᠲᠣᠭᠲᠠᠭᠠᠨ ᠡᠬᠢᠯᠡᠭᠦᠯᠵᠦ᠂ | ᠤᠰᠤ ᠬᠡᠷᠡᠭᠯᠡᠬᠦ ᠪᠦᠲᠦᠴᠡ ᠶᠢᠨ ᠲᠣᠬᠢᠷᠠᠭᠤᠯᠤᠯᠲᠠ ᠶᠢ ᠠᠬᠢᠭᠤᠯᠤᠨ᠂ ᠬᠥᠮᠥᠨ ᠬᠢᠭᠡᠳ ᠪᠠᠶᠢᠭᠠᠯᠢ ᠶᠢᠨ ᠡᠶ᠎ᠡ | ᠵᠣᠬᠢᠴᠠᠯ ᠲᠠᠢ ᠪᠠᠷ ᠬᠠᠮᠲᠤ ᠣᠷᠣᠰᠢᠬᠤ ᠶᠢ ᠪᠡᠶᠡᠯᠡᠭᠦᠯᠦᠨ᠎ᠡ᠃ | ᠵᠢᠷᠭᠤᠭ᠎ᠠ᠂ ᠥᠪᠡᠷ ᠢ ᠪᠠᠨ ᠦᠨᠡᠯᠡᠭᠰᠡᠨ ᠦᠷ᠎ᠡ ᠳ᠋ᠦᠩ | ᠳᠡᠭᠡᠷᠡᠬᠢ ᠠᠭᠤᠯᠭ᠎ᠠ ᠶᠢ ᠶᠡᠷᠦᠩᠬᠡᠶᠢᠯᠡᠵᠦ᠂ ︽ᠰᠢᠯᠭᠠᠨ ᠬᠢᠨᠠᠬᠤ ᠲᠥᠰᠥᠯ︾ ᠤᠨ ᠳᠣᠲᠣᠷᠠᠬᠢ ᠰᠢᠯᠭᠠᠨ ᠬᠢᠨᠠᠬᠤ | ᠲᠠᠰ ᠢ ᠦᠨᠳᠦᠰᠦᠯᠡᠨ ᠲᠣᠭᠲᠠᠭᠠᠵᠤ᠂ ᠥᠪᠡᠰᠦᠪᠡᠨ ᠦᠨᠡᠯᠡᠭᠰᠡᠨ ᠬᠤᠪᠢ ᠨᠢ 94 ᠬᠤᠪᠢ ᠪᠠᠶᠢᠵᠤ᠂ ᠤᠰᠤᠨ ᠤ | ᠡᠬᠢ ᠪᠠᠶᠠᠯᠢᠭ ᠤᠨ ᠬᠠᠮᠢᠶᠠᠷᠤᠯᠲᠠ ᠶᠢᠨ ᠬᠠᠮᠤᠭ ᠤᠨ ᠴᠢᠩᠭ᠎ᠠ ᠳᠦᠷᠢᠮ ᠢ ᠬᠡᠷᠡᠭᠵᠢᠭᠦᠯᠵᠦ ᠥᠪᠡᠰᠦᠪᠡᠨ ᠦᠨᠡᠯᠡᠭᠰᠡᠨ | ᠲᠠᠰ ᠨᠢ ᠰᠢᠯᠢᠳᠡᠭ ᠪᠣᠯᠣᠨ᠎ᠠ᠃ |