9 ᠰᠠᠷ᠎ᠠ ᠶᠢᠨ 11 ᠤ ᠡᠳᠦᠷ ᠠᠴᠠ 17 ᠤ ᠡᠳᠦᠷ ᠪᠣᠯᠲᠠᠯᠠᠬᠢ ᠬᠤᠭᠤᠴᠠᠭ᠎ᠠ ᠪᠣᠯ 26 ᠳ᠋ᠤᠭᠠᠷ | ᠬᠤᠭᠤᠴᠠᠭᠠᠨ ᠤ ᠪᠥᠬᠦ ᠤᠯᠤᠰ ᠤᠨ ᠨᠡᠶᠢᠲᠡᠯᠢᠭ ᠬᠡᠯᠡ ᠶᠢ ᠲᠦᠭᠡᠮᠡᠯᠵᠢᠭᠦᠯᠬᠦ ᠤᠬᠠᠭᠤᠯᠭ᠎ᠠ ᠶᠢᠨ ᠭᠠᠷᠠᠭ ᠪᠣᠯᠣᠨ᠎ᠠ᠂ | 9 ᠰᠠᠷ᠎ᠠ ᠶᠢᠨ 12 ᠤᠨ ᠡᠳᠦᠷ᠂ ︽ᠨᠡᠶᠢᠲᠡᠯᠢᠭ ᠬᠡᠯᠡ ᠶᠢ ᠲᠦᠭᠡᠮᠡᠯᠵᠢᠭᠦᠯᠵᠦ ᠰᠢᠨ᠎ᠡ ᠠᠶᠠᠨ ᠵᠠᠮ︾ ᠢᠶᠠᠷ ᠭᠤᠣᠯ | ᠰᠡᠳᠦᠪ ᠪᠣᠯᠭᠠᠭᠰᠠᠨ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ 26 ᠳ᠋ᠤᠭᠠᠷ ᠬᠤᠭᠤᠴᠠᠭᠠᠨ ᠤ ᠪᠥᠬᠦ | ᠤᠯᠤᠰ ᠤᠨ ᠨᠡᠶᠢᠲᠡᠯᠢᠭ ᠬᠡᠯᠡ ᠶᠢ ᠲᠦᠭᠡᠮᠡᠯᠵᠢᠭᠦᠯᠬᠦ ᠤᠬᠠᠭᠤᠯᠭ᠎ᠠ ᠶᠢᠨ ᠭᠠᠷᠠᠭ ᠹᠦ᠋ ᠴᠢᠶᠠᠨ ᠲᠠᠯᠠᠪᠠᠶ ᠳᠤ | ᠵᠢᠩᠬᠢᠨᠢ ᠪᠠᠷ ᠡᠬᠢᠯᠡᠪᠡ᠃ ᠬᠤᠰᠢᠭᠤᠨ ᠤ ᠤᠳᠤᠷᠢᠳᠤᠯᠭ᠎ᠠ ᠰᠦᠨ ᠱᠤ᠋ ᠲᠤᠸ᠂ ᠸᠠᠩ ᠯᠢ ᠳ᠋ᠦᠩ᠂ ᠶᠤᠸᠠᠢ ᠰᠥᠩ | ᠱᠠᠨ᠂ ᠳ᠋ᠢᠩ ᠪᠥᠸᠧ᠂ ᠯᠢ ᠹᠠᠩ᠂ ᠮᠠ ᠨᠢᠩ᠂ ᠵᠣᠣ ᠬᠤᠩ ᠪᠢᠨ᠂ ᠬᠤᠰᠢᠭᠤᠨ ᠤ ᠤᠯᠤᠰ ᠲᠥᠷᠥ ᠶᠢᠨ | ᠵᠥᠪᠯᠡᠯᠭᠡᠨ ᠤ ᠬᠠᠮᠢᠶ᠎ᠠ ᠪᠦᠬᠦᠢ ᠤᠳᠤᠷᠢᠳᠤᠯᠭ᠎ᠠ᠂ ᠬᠤᠰᠢᠭᠤᠨ ᠤ ᠪᠠᠶᠢᠴᠠᠭᠠᠬᠤ ᠬᠤᠷᠢᠶ᠎ᠠ ᠶᠢᠨ ᠬᠠᠷᠢᠭᠤᠴᠠᠯᠭᠠᠲᠠᠨ | ᠡᠬᠢᠯᠡᠯᠲᠡ ᠶᠢᠨ ᠶᠣᠰᠣᠯᠠᠯ ᠳᠤ ᠣᠷᠣᠯᠴᠠᠵᠤ᠂ ᠬᠤᠰᠢᠭᠤᠨ ᠤ ᠵᠠᠰᠠᠭ ᠤᠨ ᠣᠷᠳᠣᠨ ᠤ ᠬᠠᠮᠢᠶ᠎ᠠ ᠪᠦᠬᠦᠢ | ᠤᠳᠤᠷᠢᠳᠤᠯᠭ᠎ᠠ ᠠᠵᠢᠯᠯᠠᠭ᠎ᠠ ᠶᠢ ᠡᠷᠭᠢᠯᠡᠪᠡ᠃ ᠡᠯ᠎ᠡ ᠱᠠᠲᠤᠨ ᠤ ᠡᠯ᠎ᠡ ᠰᠠᠯᠠᠭ᠎ᠠ ᠮᠥᠴᠢᠷ᠂ ᠬᠤᠰᠢᠭᠤᠨ ᠤ ᠬᠡᠯᠡ | ᠪᠢᠴᠢᠭ ᠤᠨ ᠵᠥᠪᠯᠡᠯ ᠤᠨ ᠡᠯ᠎ᠡ ᠪᠦᠷᠢᠯᠳᠦᠭᠦᠨ ᠨᠢᠭᠡᠴᠡ ᠶᠢᠨ ᠬᠠᠮᠢᠶ᠎ᠠ ᠪᠦᠬᠦᠢ ᠬᠥᠮᠥᠰ ᠵᠢᠴᠢ ᠬᠤᠰᠢᠭᠤᠨ ᠤ | ᠰᠢᠭᠤᠳ ᠬᠠᠷᠢᠶ᠎ᠠ ᠳᠤᠮᠳᠠᠳᠤ ᠪᠠᠭ᠎ᠠ ᠰᠤᠷᠭᠠᠭᠤᠯᠢ᠂ ᠬᠡᠦᠬᠡᠳ ᠤᠨ ᠴᠡᠴᠡᠷᠯᠢᠭ ᠤᠨ ᠪᠠᠭᠰᠢ ᠰᠣᠷᠣᠭᠴᠢ ᠶᠢᠨ | ᠲᠥᠯᠥᠭᠡᠯᠡᠭᠴᠢ 1000 ᠭᠠᠷᠤᠢ ᠬᠥᠮᠥᠨ ᠡᠬᠢᠯᠡᠯᠲᠡ ᠶᠢᠨ ᠶᠣᠰᠣᠯᠠᠯ ᠳᠤ ᠣᠷᠣᠯᠴᠠᠵᠠᠢ᠃ | ᠡᠬᠢᠯᠡᠯᠲᠡ ᠶᠢᠨ ᠶᠣᠰᠣᠯᠠᠯ ᠳᠡᠭᠡᠷ᠎ᠡ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠨᠠᠮ ᠤᠨ | ᠬᠤᠷᠢᠶᠠᠨ ᠤ ᠱᠦᠵᠢ ᠰᠦᠨ ᠱᠤ᠋ ᠲᠤᠸ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ 26 ᠳ᠋ᠤᠭᠠᠷ | ᠬᠤᠭᠤᠴᠠᠭᠠᠨ ᠤ ᠪᠥᠬᠦ ᠤᠯᠤᠰ ᠤᠨ ᠨᠡᠶᠢᠲᠡᠯᠢᠭ ᠬᠡᠯᠡ ᠶᠢ ᠲᠦᠭᠡᠮᠡᠯᠵᠢᠭᠦᠯᠬᠦ ᠤᠬᠠᠭᠤᠯᠭ᠎ᠠ ᠶᠢᠨ ᠭᠠᠷᠠᠭ ᠤᠨ | ᠡᠬᠢᠯᠡᠯᠲᠡ ᠶᠢᠨ ᠶᠣᠰᠣᠯᠠᠯ ᠵᠢᠩᠬᠢᠨᠢ ᠪᠠᠷ ᠡᠬᠢᠯᠡᠭᠰᠡᠨ ᠢ ᠵᠠᠷᠯᠠᠪᠠ᠃ | ᠳᠠᠷᠠᠭ᠎ᠠ ᠪᠠᠷ ᠨᠢ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠸᠠᠩ ᠯᠢ | ᠳ᠋ᠦᠩ ᠬᠡᠯᠡᠬᠦ ᠳᠡᠭᠡᠨ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ ᠲᠤᠰ ᠬᠤᠭᠤᠴᠠᠭᠠᠨ ᠤ ᠡᠩ ᠤᠨ | ᠭᠠᠷᠠᠭ ᠤᠨ ᠠᠵᠢᠯᠯᠠᠭ᠎ᠠ ᠶᠢ ᠲᠦᠭᠡᠮᠡᠯᠵᠢᠭᠦᠯᠬᠦ ᠪᠠᠷ ᠠᠵᠠ ᠲᠣᠬᠢᠶᠠᠯ ᠪᠣᠯᠭᠠᠵᠤ᠂ ᠨᠡᠶᠢᠲᠡᠯᠢᠭ ᠬᠡᠯᠡ ᠶᠢ | ᠲᠦᠭᠡᠮᠡᠯᠵᠢᠭᠦᠯᠬᠦ ᠶᠢ ᠲᠥᠪ ᠤᠨ ᠪᠠ ᠥᠪᠡᠷᠲᠡᠭᠡᠨ ᠵᠠᠰᠠᠬᠤ ᠣᠷᠣᠨ ᠤ ᠡᠯ᠎ᠡ ᠵᠦᠢᠯ ᠤᠨ ᠰᠢᠢᠳᠪᠦᠷᠢᠲᠦ | ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠲᠠᠢ ᠤᠶᠠᠯᠳᠤᠭᠤᠯᠵᠤ᠂ | ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ︽ᠲᠠᠪᠤᠨ ᠶᠡᠭᠡ ᠡᠭᠦᠷᠭᠡ︾ ᠶᠢ | ᠪᠡᠶᠡᠯᠡᠭᠦᠯᠬᠦ ᠪᠠ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ ᠪᠥᠬᠦ ᠲᠠᠯ᠎ᠠ ᠪᠠᠷ ᠪᠦᠲᠦᠭᠡᠨ ᠪᠠᠶᠢᠭᠤᠯᠬᠤ | ᠬᠤᠶᠠᠷ ᠶᠡᠭᠡ ᠶᠠᠪᠤᠳᠠᠯ ᠢ ᠪᠡᠶᠡᠯᠡᠭᠦᠯᠬᠦ ᠲᠠᠢ ᠤᠶᠠᠯᠳᠤᠭᠤᠯᠵᠤ᠂ ᠪᠥᠬᠦ ᠬᠤᠰᠢᠭᠤᠨ ᠤ ᠭᠤᠣᠯ ᠠᠵᠢᠯ ᠲᠠᠢ | ᠤᠶᠠᠯᠳᠤᠭᠤᠯᠵᠤ᠂ ᠨᠡᠶᠢᠲᠡᠯᠢᠭ ᠬᠡᠯᠡ ᠶᠢ ᠲᠦᠭᠡᠮᠡᠯᠵᠢᠭᠦᠯᠬᠦ ᠢᠷᠠᠭᠤ ᠠᠯᠳᠠᠷᠲᠤ ᠡᠭᠦᠷᠭᠡ ᠶᠢ ᠡᠷᠡᠰ ᠡᠭᠦᠷᠭᠡᠯᠡᠵᠦ᠂ | ᠬᠠᠷᠢᠭᠤᠴᠠᠯᠭ᠎ᠠ ᠪᠠ ᠬᠠᠷᠢᠭᠤᠴᠠᠯᠭ᠎ᠠ ᠪᠠᠷ ᠢᠶᠠᠨ ᠰᠡᠳᠬᠢᠯ ᠢᠶᠠᠨ ᠨᠢᠭᠡᠳᠬᠡᠨ ᠬᠦᠰᠡᠯ ᠵᠡᠭᠦᠳᠦ ᠪᠠᠨ ᠲᠡᠷᠭᠡᠯᠰᠢᠭᠦᠯᠬᠦ | ᠬᠦᠴᠦᠷᠬᠡᠭ ᠶᠡᠭᠡ ᠨᠡᠶᠢᠯᠡᠮᠡᠯ ᠬᠦᠴᠦᠨ ᠢ ᠨᠢᠭᠲᠠᠷᠠᠭᠤᠯᠵᠤ᠂ ᠡᠯ᠎ᠡ ᠵᠦᠢᠯ ᠤᠨ ᠠᠵᠢᠯ ᠦᠢᠯᠡᠰ ᠤᠨ ᠲᠠᠰᠤᠷᠠᠯᠲᠠ | ᠦᠭᠡᠢ ᠰᠢᠨ᠎ᠡ ᠬᠡᠷᠡᠯ ᠰᠠᠴᠤᠷᠠᠩᠭᠤᠢ ᠠᠮᠵᠢᠯᠲᠠ ᠶᠢ ᠡᠭᠦᠳᠬᠦ ᠶᠢ ᠠᠬᠢᠭᠤᠯᠤᠨ᠎ᠠ ᠭᠡᠵᠡᠢ᠃ | ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ | ᠳᠠᠷᠤᠭ᠎ᠠ ᠮᠠ ᠨᠢᠩ ︽ᠪᠦᠭᠦ ᠬᠤᠰᠢᠭᠤᠨ ᠤ ᠠᠷᠠᠳ ᠲᠦᠮᠡᠨ ᠳᠤ ᠤᠯᠤᠰ ᠤᠨ ᠨᠡᠶᠢᠳᠡᠮ ᠬᠡᠷᠡᠬᠯᠡᠭᠦ ᠦᠭᠡ ᠬᠡᠯᠡ | ᠦᠰᠦᠭ ᠪᠢᠴᠢᠭ ᠢ ᠳᠡᠯᠭᠡᠷᠡᠭᠦᠯᠦᠨ ᠲᠦᠭᠡᠮᠡᠯᠵᠢᠭᠦᠯᠬᠦ ᠲᠤᠬᠠᠢ ᠰᠠᠨᠠᠭᠠᠴᠢᠯᠠᠭ᠎ᠠ ᠶᠢᠨ ᠪᠢᠴᠢᠭ︾ ᠢ ᠤᠩᠰᠢᠨ | ᠨᠡᠶᠢᠲᠡᠯᠡᠵᠡᠢ᠃ | ᠠᠵᠢᠯᠯᠠᠭ᠎ᠠ ᠶᠢᠨ ᠳᠤᠮᠳᠠ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠪᠠᠭ᠎ᠠ ᠰᠤᠷᠭᠠᠭᠤᠯᠢ ᠶᠢᠨ | ᠰᠤᠷᠤᠭᠴᠢᠳ᠂ ᠳᠤᠮᠳᠠᠳᠤ ᠤᠯᠤᠰ ᠤᠨ ᠵᠠᠭᠤᠴᠢᠯᠠᠭᠤᠷ ᠤᠨ ᠶᠡᠭᠡ ᠰᠤᠷᠭᠠᠭᠤᠯᠢ ᠶᠢᠨ ᠰᠤᠳᠤᠯᠭᠠᠨ ᠤ ᠰᠠᠯᠪᠤᠷᠢ | ᠪᠦᠯᠬᠦᠮ ᠪᠠ ᠡᠯ᠎ᠡ ᠠᠵᠢᠯ ᠲᠥᠷᠥᠯ ᠤᠨ ᠲᠥᠯᠥᠭᠡᠯᠡᠭᠴᠢᠳ ᠤᠨ ᠬᠠᠮᠲᠤ ᠪᠠᠷ ᠠᠪᠴᠢᠷᠠᠭᠰᠠᠨ ᠭᠠᠷ ᠤᠨ ᠳᠣᠬᠢᠶᠠᠨ ᠤ | ᠪᠥᠵᠢᠭ ︽ᠳᠤᠮᠳᠠᠳᠤ ᠤᠯᠤᠰ ᠤᠨ ᠥᠰᠥᠭ ᠤᠨ ᠳᠤᠮᠳᠠᠳᠤ ᠤᠯᠤᠰ ᠤᠨ ᠬᠥᠮᠥᠨ︾᠂ ᠰᠢᠯᠦᠭ ᠤᠶᠠᠩᠭᠠᠯᠠᠬᠤ ︽ | ᠪᠢᠳᠡ ᠢᠷᠡᠯ᠎ᠡ︾᠂ ᠤᠶᠠᠩᠭᠠᠯᠠᠬᠤ ︽ᠳᠤᠮᠳᠠᠳᠤ ᠤᠯᠤᠰ ᠢ ᠤᠶᠠᠩᠭᠠᠯᠠᠨ᠎ᠠ︾ ᠵᠡᠷᠭᠡ ᠠᠯᠢ ᠣᠯᠠᠨ ᠭᠤᠶᠢᠳᠠ | ᠰᠠᠶᠢᠬᠠᠨ ᠲᠣᠭᠯᠠᠯᠲᠠ ᠨᠢ ᠠᠵᠢᠯᠯᠠᠭ᠎ᠠ ᠶᠢᠨ ᠬᠠᠯᠠᠭᠤᠨ ᠥᠷᠨᠢᠯᠲᠡ ᠭᠠᠷᠭᠠᠵᠤ᠂ ᠬᠤᠷᠴᠢᠨ ᠪᠠᠷᠠᠭᠤᠨ ᠭᠠᠷᠤᠨ | ᠡᠮᠦᠨᠡᠲᠦ ᠬᠤᠰᠢᠭᠤᠨ ᠤ ᠨᠡᠶᠢᠲᠡᠯᠢᠭ ᠬᠡᠯᠡ ᠶᠢ ᠲᠦᠭᠡᠮᠡᠯᠵᠢᠭᠦᠯᠦᠭᠰᠡᠨ ᠦᠷ᠎ᠡ ᠪᠦᠲᠦᠭᠡᠯ ᠪᠠ ᠪᠥᠬᠦ ᠬᠤᠰᠢᠭᠤᠨ ᠤ | ᠠᠷᠠᠳ ᠲᠦᠮᠡᠨ ᠤ ᠪᠣᠯᠪᠠᠰᠤᠨ ᠰᠢᠨ᠎ᠡ ᠳᠦᠷᠢ ᠲᠥᠷᠬᠦ ᠶᠢ ᠪᠥᠬᠦ ᠲᠠᠯ᠎ᠠ ᠪᠠᠷ ᠳᠡᠯᠭᠡᠨ ᠦᠵᠡᠭᠦᠯᠵᠡᠢ᠃ | ᠬᠤᠷᠠᠯ ᠳᠤ ᠣᠷᠣᠯᠴᠠᠭᠰᠠᠨ ᠤᠳᠤᠷᠢᠳᠤᠯᠭ᠎ᠠ ᠪᠠᠰᠠ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠤᠬᠠᠮᠰᠠᠷ ᠢ ᠪᠠᠲᠤᠳᠬᠠᠬᠤ · ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠨᠡᠶᠢᠲᠡᠯᠢᠭ | ᠬᠡᠯᠡᠨ ᠤ ᠬᠡᠥᠬᠡᠳ ᠤᠨ ᠤᠷᠤᠯᠳᠤᠭᠠᠨ ᠳᠤ ᠱᠠᠩᠨᠠᠯ ᠣᠯᠣᠭᠰᠠᠨ ᠬᠡᠦᠬᠡᠳ ᠲᠤ ᠱᠠᠩᠨᠠᠯ ᠣᠯᠭᠤᠵᠤ᠂ ᠬᠤᠷᠴᠢᠨ | ᠪᠠᠷᠠᠭᠤᠨ ᠭᠠᠷᠤᠨ ᠡᠮᠦᠨᠡᠲᠦ ᠬᠤᠰᠢᠭᠤᠨ ᠤ ᠬᠤᠶᠠᠳᠤᠭᠠᠷ ᠪᠠᠭ᠎ᠠ ᠰᠤᠷᠭᠠᠭᠤᠯᠢ ᠶᠢᠨ ᠪᠠᠭᠠᠴᠤᠳ ᠤᠨ ᠬᠤᠰᠢᠭᠤᠴᠢ | ᠠᠩᠭᠢ ᠶᠢᠨ ᠭᠡᠰᠢᠭᠦᠳ ︽ᠳᠤᠮᠳᠠᠳᠤ ᠤᠯᠤᠰ ᠤᠨ ᠵᠠᠭᠤᠴᠢᠯᠠᠭᠤᠷ ᠤᠨ ᠶᠡᠭᠡ ᠰᠤᠷᠭᠠᠭᠤᠯᠢ ᠶᠢᠨ ᠰᠤᠷᠭᠠᠨ | ᠬᠥᠮᠦᠵᠢᠯ ᠢ ᠳᠡᠮᠵᠢᠬᠦ ᠪᠠᠭᠰᠢ ᠨᠠᠷ ᠲᠤ ᠪᠢᠴᠢᠭᠰᠡᠨ ᠵᠠᠬᠢᠳᠠᠯ︾ ᠢ ᠤᠩᠰᠢᠨ ᠨᠡᠶᠢᠲᠡᠯᠡᠵᠦ᠂ ᠡᠩ ᠤᠨ ᠡᠯᠴᠢ ᠨᠠᠷ | ᠪᠦᠬᠦ ᠲᠠᠯᠠᠪᠠᠢ ᠶᠢᠨ ᠬᠥᠮᠥᠰ ᠢ ᠳᠠᠭᠠᠭᠤᠯᠤᠨ ᠲᠠᠩᠭᠠᠷᠢᠭᠯᠠᠪᠠ᠃ | ᠡᠬᠢᠯᠡᠯᠲᠡ ᠶᠢᠨ ᠶᠣᠰᠣᠯᠠᠯ ᠳᠠᠭᠤᠰᠤᠭᠰᠠᠨ ᠤ ᠲᠠᠷᠠᠭ᠎ᠠ᠂ ᠬᠤᠷᠠᠯ ᠳᠤ ᠣᠷᠣᠯᠴᠠᠭᠰᠠᠳ ᠬᠠᠮᠲᠤ ᠪᠠᠷ ᠲᠤᠬᠠᠢ ᠶᠢᠨ | ᠲᠠᠯᠠᠪᠠᠢ ᠶᠢᠨ ᠳᠦᠷᠢᠮᠵᠢᠭᠰᠡᠨ ᠬᠢᠲᠠᠳ ᠦᠰᠦᠭ ᠤᠨ ᠪᠢᠴᠢᠯᠭᠡ ᠶᠢᠨ ᠣᠷᠣᠨ ᠪᠦᠰᠡ ᠪᠠ ᠦᠭᠡ ᠬᠡᠯᠡ ᠦᠰᠦᠭ | ᠪᠢᠴᠢᠭ ᠤᠨ ᠦᠵᠡᠭᠦᠯᠦᠯᠭᠡ ᠶᠢᠨ ᠰᠠᠮᠪᠠᠷ᠎ᠠ ᠶᠢᠨ ᠣᠷᠣᠨ ᠳᠤ ᠬᠦᠷᠴᠦ ᠳᠦᠷᠢᠮᠵᠢᠭᠰᠡᠨ ᠬᠢᠲᠠᠳ ᠦᠰᠦᠭ ᠤᠨ | ᠪᠢᠴᠢᠯᠭᠡ ᠶᠢᠨ ᠦᠵᠡᠭᠦᠯᠦᠯᠭᠡ ᠶᠢ ᠰᠣᠨᠢᠷᠬᠠᠵᠤ᠂ ᠦᠵᠡᠭᠦᠯᠦᠯᠭᠡ ᠶᠢᠨ ᠰᠠᠮᠪᠠᠷ᠎ᠠ ᠶᠢ ᠰᠣᠨᠢᠷᠬᠠᠪᠠ᠃ | |