ᠬᠤᠯᠤᠭᠠᠨ᠎ᠠ ᠶᠢᠨ ᠬᠢᠵᠢᠭ ᠪᠣᠯ ᠬᠤᠯᠤᠭᠠᠨ᠎ᠠ ᠶᠢᠨ ᠬᠢᠵᠢᠭ ᠤᠨ ᠶᠧᠷᠰᠧᠨ ᠪᠠᠺᠲ᠋ᠧᠷᠢ ᠠᠴᠠ ᠡᠬᠦᠰᠦᠭᠰᠡᠨ | ᠪᠠᠶᠢᠭᠠᠯᠢ ᠶᠢᠨ ᠬᠢᠵᠢᠭ ᠤᠨ ᠡᠭᠦᠰᠦᠯ ᠤᠨ ᠴᠢᠨᠠᠷᠲᠠᠢ ᠡᠪᠡᠳᠴᠢᠨ ᠮᠥᠨ᠂ ᠶᠡᠷᠦ ᠳᠡᠭᠡᠨ ᠮᠡᠷᠡᠭᠴᠢ ᠠᠮᠢᠲᠠᠨ ᠤ | ᠬᠤᠭᠤᠷᠣᠨᠳᠤ ᠳᠡᠯᠭᠡᠷᠡᠵᠦ᠂ ᠬᠠᠶᠠ ᠬᠥᠮᠥᠨ ᠳᠤ ᠬᠠᠯᠳᠠᠪᠤᠷᠢᠯᠠᠭᠳᠠᠨ ᠳᠡᠯᠭᠡᠷᠡᠳᠡᠭ᠃ ︽ᠪᠦᠬᠦᠳᠡ ᠨᠠᠶᠢᠷᠠᠮᠳᠠᠬᠤ | ᠳᠤᠮᠳᠠᠳᠤ ᠠᠷᠠᠳ ᠤᠯᠤᠰ ᠤᠨ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠵᠠᠰᠠᠬᠤ ᠬᠠᠤᠯᠢ︾ ᠳᠤ ᠬᠤᠯᠤᠭᠠᠨ᠎ᠠ ᠶᠢᠨ | ᠬᠢᠵᠢᠭ ᠢ ᠬᠥᠬᠡ ᠲᠦᠷᠦᠯ ᠤᠨ ᠬᠠᠯᠳᠠᠪᠤᠷᠢᠲᠤ ᠡᠪᠡᠳᠴᠢᠨ ᠢᠶᠠᠷ ᠵᠢᠭᠰᠠᠭᠠᠵᠤ᠂ ᠲᠡᠭᠦᠨ ᠢ ᠪᠠᠰᠠ ︽ᠨᠢᠭᠡᠳᠦᠭᠡᠷ | ᠨᠣᠮᠧᠷᠲᠤ ᠡᠪᠡᠳᠴᠢᠨ︾ ᠬᠡᠳᠡᠭ᠂ ᠲᠡᠷᠡ ᠨᠢ ᠡᠪᠡᠳᠴᠢᠯᠡᠬᠦ ᠴᠠᠭ ᠨᠢ ᠲᠦᠷᠭᠡᠨ ᠮᠥᠷᠲᠡᠭᠡᠨ ᠣᠬᠤᠷ᠂ ᠦᠬᠦᠬᠦ ᠨᠤᠷᠮ᠎ᠠ | ᠨᠢ ᠥᠨᠳᠥᠷ᠂ ᠬᠠᠯᠳᠠᠪᠤᠷᠢᠯᠠᠬᠤ ᠴᠢᠨᠠᠷ ᠢᠶᠠᠷ ᠴᠢᠩᠭ᠎ᠠ᠂ ᠲᠠᠷᠬᠠᠬᠤ ᠨᠢ ᠲᠦᠷᠭᠡᠨ ᠵᠡᠷᠭᠡ ᠣᠨᠴᠠᠯᠢᠭ ᠲᠠᠢ ᠪᠠᠶᠢᠳᠠᠭ᠃ | ᠬᠤᠯᠤᠭᠠᠨ᠎ᠠ ᠶᠢᠨ ᠬᠢᠵᠢᠭ ᠶᠠᠭᠠᠬᠢᠵᠤ ᠬᠥᠮᠥᠨ ᠳᠤ ᠬᠠᠯᠳᠠᠪᠤᠷᠢᠯᠠᠳᠠᠭ ᠪᠤᠢ︖ | 1. ᠠᠮᠢᠲᠠᠨ - ᠨᠣᠬᠠᠢ ᠶᠢᠨ ᠪᠦᠬᠡᠰᠤ - ᠬᠥᠮᠥᠨ ᠤ ᠬᠠᠯᠳᠠᠪᠤᠷᠢᠯᠠᠯ | 2. ᠬᠥᠮᠥᠨ - ᠬᠥᠮᠥᠨ ᠤ ᠬᠤᠭᠤᠷᠣᠨᠳᠤ ᠰᠢᠯᠦᠰᠦ ᠪᠠᠷ ᠳᠠᠮᠵᠢᠨ ᠬᠠᠯᠳᠠᠪᠤᠷᠢᠯᠠᠵᠤ ᠠᠭᠤᠰᠬᠢᠨ ᠤ | ᠬᠤᠯᠤᠭᠠᠨ᠎ᠠ ᠶᠢᠨ ᠬᠢᠵᠢᠭ ᠢ ᠡᠭᠦᠰᠬᠡᠨ᠎ᠡ᠃ | 3. ᠬᠤᠯᠤᠭᠠᠨ᠎ᠠ ᠶᠢᠨ ᠬᠢᠵᠢᠭ ᠲᠤ ᠨᠡᠷᠪᠡᠭᠳᠡᠵᠦ ᠦᠬᠦᠭᠰᠡᠨ ᠠᠮᠢᠲᠠᠨ ᠤ ᠮᠢᠬ᠎ᠠ ᠶᠢ ᠢᠳᠡᠪᠡᠯ ᠬᠤᠯᠤᠭᠠᠨ᠎ᠠ ᠶᠢᠨ | ᠬᠢᠵᠢᠭ ᠤᠨ ᠪᠠᠺᠲ᠋ᠧᠷᠢ ᠰᠢᠭᠤᠳ ᠠᠮᠠᠨ ᠬᠥᠨᠳᠡᠢ ᠪᠠᠷ ᠳᠠᠮᠵᠢᠨ ᠬᠠᠯᠳᠠᠪᠤᠷᠢᠯᠠᠵᠤ᠂ ᠪᠤᠯᠴᠢᠷᠬᠠᠢ ᠶᠢᠨ ᠬᠤᠯᠤᠭᠠᠨ᠎ᠠ ᠶᠢᠨ | ᠬᠢᠵᠢᠭ᠂ ᠠᠭᠤᠰᠬᠢᠨ ᠤ ᠬᠤᠯᠤᠭᠠᠨ᠎ᠠ ᠶᠢᠨ ᠬᠢᠵᠢᠭ ᠪᠠ ᠴᠢᠰᠤ ᠦᠵᠢᠷᠡᠬᠦ ᠡᠪᠡᠳᠴᠢᠨ ᠬᠡᠮ ᠤᠨ ᠬᠤᠯᠤᠭᠠᠨ᠎ᠠ ᠶᠢᠨ | ᠬᠢᠵᠢᠭ ᠢ ᠡᠭᠦᠰᠬᠡᠨ᠎ᠡ᠃ | ᠬᠤᠯᠤᠭᠠᠨ᠎ᠠ ᠶᠢᠨ ᠬᠢᠵᠢᠭ ᠲᠤ ᠬᠠᠯᠳᠠᠪᠤᠷᠢᠯᠠᠭᠳᠠᠬᠤ ᠡᠬᠢ ᠰᠤᠷᠪᠤᠯᠵᠢ | 1. ᠬᠤᠯᠤᠭᠠᠨ᠎ᠠ ᠶᠢᠨ ᠬᠢᠵᠢᠭ ᠲᠤ ᠨᠡᠷᠪᠡᠭᠳᠡᠭᠰᠡᠨ ᠪᠤᠶᠤ ᠦᠬᠦᠭᠰᠡᠨ ᠡᠯ᠎ᠡ ᠵᠦᠢᠯ ᠤᠨ ᠠᠮᠢᠲᠠᠨ᠂ ᠳᠠᠷᠪᠠᠭ᠎ᠠ | ᠲᠠᠤᠯᠠᠢ ᠵᠡᠷᠭᠡ ᠬᠡᠭᠡᠷ᠎ᠡ ᠶᠢᠨ ᠠᠮᠢᠲᠠᠨ | 2. ᠠᠮᠢᠲᠠᠨ ᠤ ᠪᠡᠶ᠎ᠡ ᠳᠡᠭᠡᠷ᠎ᠡ ᠴᠢᠰᠤ ᠰᠣᠷᠣᠵᠤ ᠠᠮᠢᠳᠤᠷᠠᠵᠤ ᠪᠠᠶᠢᠭ᠎ᠠ ᠪᠦᠬᠡᠰᠦ ᠵᠡᠷᠭᠡ ᠮᠦᠯᠵᠢᠬᠦᠦ ᠬᠤᠷᠣᠬᠠᠢ | ᠬᠤᠯᠤᠭᠠᠨ᠎ᠠ ᠶᠢᠨ ᠬᠢᠵᠢᠭ ᠲᠤ ᠬᠠᠯᠳᠠᠪᠤᠷᠢᠯᠠᠭᠳᠠᠭᠰᠠᠨ ᠡᠪᠡᠳᠴᠢᠲᠡᠨ ᠬᠥᠮᠥᠨ ᠤ ᠬᠤᠯᠤᠭᠠᠨ᠎ᠠ ᠶᠢᠨ ᠬᠢᠵᠢᠭ ᠤᠨ | ᠪᠠᠺᠲ᠋ᠧᠷᠢ ᠳᠤ ᠬᠠᠯᠳᠠᠪᠤᠷᠢᠯᠠᠭᠳᠠᠬᠤ ᠠᠷᠭ᠎ᠠ ᠵᠠᠮ ᠨᠢ ᠴᠦ ᠭᠤᠷᠪᠠᠨ ᠵᠦᠢᠯ ᠪᠠᠶᠢᠳᠠᠭ᠄ | 1. ᠬᠤᠯᠤᠭᠠᠨ᠎ᠠ ᠶᠢᠨ ᠬᠢᠵᠢᠭ ᠤᠨ ᠡᠪᠡᠳᠴᠢᠨ ᠲᠠᠢ ᠠᠮᠢᠲᠠᠨ ᠲᠠᠢ ᠣᠶᠢᠷᠠᠳᠤ | 2. ᠬᠤᠯᠤᠭᠠᠨ᠎ᠠ ᠶᠢᠨ ᠬᠢᠵᠢᠭ ᠤᠨ ᠪᠠᠺᠲ᠋ᠧᠷᠢ ᠲᠠᠢ ᠨᠣᠬᠠᠢ ᠶᠢᠨ ᠪᠥᠭᠡᠰᠦᠨ ᠳᠤ ᠬᠠᠵᠠᠭᠳᠠᠬᠤ | 3. ᠬᠤᠯᠤᠭᠠᠨ᠎ᠠ ᠶᠢᠨ ᠬᠢᠵᠢᠭ ᠲᠠᠢ ᠡᠪᠡᠳᠴᠢᠨ ᠠᠴᠠ ᠬᠠᠯᠳᠠᠪᠤᠷᠢᠯᠠᠨ᠎ᠠ ᠬᠤᠯᠤᠭᠠᠨ᠎ᠠ ᠶᠢᠨ ᠬᠢᠵᠢᠭ ᠤᠨ | ᠡᠮᠴᠢᠯᠡᠭᠡᠨ ᠤ ᠢᠯᠡᠷᠡᠯ ᠪᠠ ᠬᠠᠯᠳᠠᠪᠤᠷᠢᠯᠠᠭᠳᠠᠭᠰᠠᠨ ᠢᠯᠡᠷᠡᠯ᠄ ᠬᠤᠯᠤᠭᠠᠨ᠎ᠠ ᠶᠢᠨ ᠬᠢᠵᠢᠭ ᠤᠨ ᠡᠪᠡᠳᠴᠢᠨ ᠡᠭᠦᠰᠬᠦ ᠨᠢ | ᠴᠣᠴᠢᠮᠠᠭ ᠪᠠᠶᠢᠵᠤ᠂ ᠭᠡᠨᠡᠳᠲᠡ ᠳᠠᠭᠠᠷᠠᠳᠠᠰᠤ ᠬᠦᠷᠬᠦ᠂ ᠥᠨᠳᠥᠷ ᠬᠠᠯᠠᠭᠤᠷᠠᠬᠤ᠂ ᠲᠣᠯᠣᠭᠠᠢ ᠡᠪᠡᠳᠬᠦ᠂ ᠪᠥᠭᠡᠯᠵᠢᠬᠦ᠂ | ᠨᠢᠭᠤᠷ ᠴᠢᠷᠠᠢ ᠤᠯᠠᠶᠢᠬᠤ᠂ ᠨᠢᠳᠦ ᠤᠯᠠᠶᠢᠬᠤ᠂ ᠠᠷᠠᠰᠤᠨ ᠳᠡᠭᠡᠷ᠎ᠡ ᠴᠢᠰᠤ ᠭᠠᠷᠤᠭᠰᠠᠨ ᠲᠣᠯᠪᠤ ᠢᠯᠡᠷᠡᠬᠦ ᠵᠡᠷᠭᠡ | ᠪᠠᠶᠢᠳᠠᠯ ᠤᠳ ᠡᠬᠦᠰᠳᠡᠭ᠃ |