ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ᠄ ᠤᠯᠤᠰ ᠤᠨ ᠲᠤᠭ ᠨᠠᠮᠢᠷᠠᠵᠤ᠂ ᠤᠯᠤᠰ ᠤᠨ ᠪᠠᠶᠠᠷ ᠢ ᠤᠭᠲᠤᠵᠤ᠂ ᠬᠠᠮᠤᠭ ᠤᠨ ᠭᠤᠶᠣ ︽ᠳᠤᠮᠳᠠᠳᠤ ᠤᠯᠤᠰ ᠤᠨ ᠤᠯᠠᠭᠠᠨ︾  ᠢ ᠳᠡᠯᠭᠡᠨ ᠦᠵᠡᠭᠦᠯᠦᠨ᠎ᠡ
ᠨᠡᠶᠢᠲᠡᠯᠡᠭᠰᠡᠨ ᠴᠠᠭ᠄
2023/9/29
   ᠨᠠᠢᠮᠠᠨ ᠰᠠᠷ᠎ᠠ ᠶᠢᠨ ᠠᠷᠪᠠᠨ ᠲᠠᠪᠤᠨ ᠤ ᠪᠠᠶᠠᠷ᠂ ᠤᠯᠤᠰ ᠤᠨ ᠪᠠᠶᠠᠷ ᠤᠨ ᠬᠤᠣᠰ ᠪᠠᠶᠠᠷ ᠢ ᠤᠭᠲᠤᠬᠤ ᠶᠢᠨ ᠲᠥᠯᠥᠭᠡ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠬᠤᠳᠠ ᠶᠢᠨ ᠲᠣᠭᠤᠷᠢᠭ ᠤᠨ ᠭᠤᠣᠯ ᠵᠠᠮ ᠪᠣᠯᠣᠨ ᠴᠢᠬᠤᠯᠠ ᠤᠯᠠᠨ ᠨᠡᠶᠢᠲᠡ ᠶᠢᠨ ᠲᠠᠯᠠᠪᠤᠷ ᠲᠤ ᠬᠤᠷᠴᠠ ᠰᠣᠷᠭᠤᠭ ᠲᠠᠪᠤᠨ ᠣᠳᠣᠲᠤ ᠤᠯᠠᠭᠠᠨ ᠲᠤᠭ ᠢ ᠡᠯᠭᠦᠵᠦ᠂ ᠭᠠᠵᠠᠷ ᠪᠣᠯᠭᠠᠨ ᠳᠤ ︽ᠳᠤᠮᠳᠠᠳᠤ ᠶᠢᠨ ᠤᠯᠠᠭᠠᠨ︾ ᠪᠢᠯᠬᠠᠵᠤ᠂ ᠪᠠᠶᠠᠷ ᠤᠨ ᠡᠳᠦᠷ ᠤᠨ ᠠᠭᠤᠷ ᠠᠮᠢᠰᠬᠤᠯ ᠢ ᠪᠤᠢ ᠪᠣᠯᠭᠠᠪᠠ᠃     ᠵᠠᠬ᠎ᠠ ᠳᠡᠯᠭᠡᠭᠦᠷ ᠤᠨ ᠡᠭᠦᠳᠡᠨ ᠠᠴᠠ ᠭᠠᠳᠠᠨ᠎ᠠ᠂ ᠬᠤᠲᠠ ᠶᠢᠨ ᠲᠣᠭᠤᠷᠢᠭ ᠤᠨ ᠭᠤᠣᠯ ᠵᠠᠮ ᠤᠨ ᠳ᠋ᠧᠩ ᠤᠨ ᠪᠠᠭᠠᠨ᠎ᠠ ᠳᠡᠭᠡᠷ᠎ᠡ ᠪᠠᠰᠠ ᠤᠯᠤᠰ ᠤᠨ ᠲᠤᠭ ᠢ ᠲᠡᠷᠢ ᠲᠡᠭᠰᠢ ᠡᠯᠭᠦᠵᠦ᠂ ᠵᠡᠭᠡᠯᠢ ᠭᠤᠳᠤᠮᠵᠢ ᠪᠠᠷ ᠭᠤᠶᠣ ᠰᠠᠶᠢᠬᠠᠨ ︽ᠳᠤᠮᠳᠠᠳᠤ ᠤᠯᠤᠰ ᠤᠨ ᠤᠯᠠᠭᠠᠨ︾ ᠢ ᠵᠠᠰᠠᠵᠤ ᠴᠢᠮᠡᠵᠡᠢ᠃   ᠣᠶᠢᠯᠠᠭᠠᠭᠰᠠᠨ ᠢᠶᠠᠷ᠂ ᠣᠶᠢᠷ᠎ᠠ ᠶᠢᠨ ᠡᠳᠦᠷ ᠤᠳ ᠲᠤ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠠᠴᠠ ᠬᠠᠷᠢᠶᠠᠲᠤ ᠣᠷᠣᠨ ᠤ ᠪᠠᠨ ᠬᠤᠳᠠᠯᠳᠤᠭᠠᠴᠢᠳ ᠢ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠯᠤᠰ ᠤᠨ ᠲᠤᠭ ᠤᠨ ᠬᠠᠤᠯᠢ︾ ᠶᠢᠨ ᠲᠣᠭᠲᠠᠭᠠᠯ ᠶᠣᠰᠣᠭᠠᠷ ᠤᠯᠤᠰ ᠤᠨ ᠲᠤᠭ ᠢᠶᠠᠨ ᠵᠥᠪ ᠡᠯᠭᠦᠬᠦ ᠶᠢᠨ ᠬᠠᠮᠲᠤ ᠤᠯᠤᠰ ᠤᠨ ᠲᠤᠭ ᠤᠨ ᠡᠳᠦᠷ ᠲᠤᠲᠤᠮ ᠤᠨ ᠬᠠᠮᠠᠭᠠᠯᠠᠯᠲᠠ ᠬᠠᠮᠢᠶᠠᠷᠤᠯᠲᠠ ᠶᠢᠨ ᠠᠵᠢᠯ ᠢᠶᠠᠨ ᠴᠢᠩᠭᠠᠳᠬᠠᠵᠤ᠂ ᠪᠠᠶᠠᠷ ᠤᠨ ᠡᠳᠦᠷ ᠤᠨ ᠬᠤᠭᠤᠴᠠᠭᠠᠨ ᠳᠤ ᠤᠯᠤᠰ ᠤᠨ ᠲᠤᠭ ᠢᠶᠠᠨ ᠴᠡᠪᠡᠷ ᠴᠡᠮᠴᠡᠭᠡᠷ ᠪᠠᠶᠢᠯᠭᠠᠬᠤ ᠶᠢ ᠪᠠᠲᠤᠯᠠᠬᠤ ᠬᠡᠷᠡᠭᠲᠡᠢ ᠭᠡᠵᠦ ᠤᠷᠢᠶᠠᠯᠠᠵᠠᠢ᠃
 
ᠢᠷᠡᠯᠲᠡ᠄ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号