ᠭᠡᠷ ᠪᠦᠯᠢ ᠶᠢᠨ ᠬᠦᠴᠦᠷᠬᠡᠭᠯᠡᠯ ᠪᠣᠯ ᠨᠢᠭᠡᠨ ᠨᠡᠶᠢᠭᠡᠮ ᠤᠨ ᠠᠰᠠᠭᠤᠳᠠᠯ ᠮᠥᠨ᠂ ᠭᠡᠷ ᠪᠦᠯᠢ ᠶᠢᠨ | ᠬᠦᠴᠦᠷᠬᠡᠭᠯᠡᠯ ᠢ ᠦᠨᠳᠦᠰᠦᠨ ᠠᠴᠠ ᠨᠢ ᠬᠤᠷᠢᠭᠯᠠᠨ ᠵᠣᠭᠰᠤᠭᠠᠬᠤ ᠳᠤ ᠡᠷᠬᠡᠪᠰᠢ ᠪᠦᠬᠦ ᠨᠡᠶᠢᠭᠡᠮ ᠢᠶᠠᠷ ᠢᠶᠠᠨ | ᠬᠠᠮᠲᠤ ᠪᠠᠷ ᠴᠢᠷᠮᠠᠶᠢᠵᠤ᠂ ᠲᠠᠨᠢᠯᠲᠠ ᠪᠠᠨ ᠳᠡᠭᠡᠭᠰᠢᠯᠡᠭᠦᠯᠦᠨ ᠠᠷᠭ᠎ᠠ ᠬᠡᠮᠵᠢᠶ᠎ᠡ ᠪᠠᠨ ᠲᠡᠭᠦᠯᠳᠡᠷᠵᠢᠭᠦᠯᠵᠦ᠂ | ᠪᠠᠶᠢᠭᠤᠯᠤᠮᠵᠢ ᠲᠣᠭᠲᠠᠴᠠ ᠪᠠᠨ ᠪᠦᠷᠢᠨᠰᠢᠭᠦᠯᠬᠦ ᠬᠡᠷᠡᠭᠲᠡᠢ ᠪᠠᠶᠢᠳᠠᠭ᠃ ᠢᠩᠭᠢᠪᠡᠯ ᠰᠠᠶ᠋ᠢ ᠥᠩᠭᠡᠨ ᠲᠠᠯ᠎ᠠ ᠪᠠ | ᠦᠨᠳᠦᠰᠦ ᠰᠤᠷᠪᠤᠯᠵᠢ ᠶᠢ ᠵᠡᠷᠭᠡ ᠪᠠᠷ ᠵᠠᠰᠠᠵᠤ᠂ ᠭᠡᠷ ᠪᠦᠯᠢ ᠶᠢᠨ ᠬᠦᠴᠦᠷᠬᠡᠭᠯᠡᠯ ᠡᠭᠦᠰᠬᠦ ᠶᠢ ᠪᠦᠲᠦᠮᠵᠢᠲᠡᠶ | ᠬᠤᠷᠢᠭᠯᠠᠨ ᠵᠣᠭᠰᠣᠭᠠᠵᠤ᠂ ᠨᠡᠶᠢᠭᠡᠮ ᠪᠠ ᠭᠡᠷ ᠪᠦᠯᠢ ᠶᠢ ᠪᠣᠯᠪᠠᠰᠤᠨ ᠤ ᠳᠠᠪᠰᠢᠯᠲᠠ ᠪᠠ ᠡᠮᠡᠭᠲᠡᠶᠢᠴᠦᠳ ᠤᠨ ᠡᠷᠬᠡ | ᠠᠰᠢᠭ ᠤᠨ ᠪᠠᠲᠤᠯᠠᠭ᠎ᠠ ᠶᠢ ᠠᠬᠢᠭᠤᠯᠵᠤ᠂ ᠵᠢᠩᠬᠢᠨᠢ ᠤᠳᠭ᠎ᠠ ᠠᠭᠤᠯᠭ᠎ᠠ ᠳᠡᠭᠡᠷᠡᠬᠢ ᠡᠷᠡᠭᠲᠡᠢ ᠡᠮᠡᠭᠲᠡᠢ ᠡᠷᠬᠡ ᠲᠡᠭᠰᠢ | ᠪᠠᠶᠢᠬᠤ ᠶᠢ ᠪᠡᠶᠡᠯᠡᠭᠦᠯᠵᠦ ᠴᠢᠳᠠᠨ᠎ᠠ᠃ | ᠲᠡᠭᠡᠪᠡᠯ ᠰᠢᠭᠦᠬᠦ ᠬᠤᠷᠢᠶ᠎ᠠ ᠨᠢ ᠭᠡᠷ ᠪᠦᠯᠢ ᠶᠢᠨ ᠬᠦᠴᠦᠷᠬᠡᠭᠯᠡᠯ ᠢ ᠡᠰᠡᠷᠭᠦᠴᠡᠬᠦ ᠳᠤᠮᠳᠠ ᠶᠠᠮᠠᠷ ᠦᠢᠯᠡᠳᠦᠯ | ᠦᠵᠡᠭᠦᠯᠳᠡᠭ ᠪᠣᠯ︖ | ᠬᠡᠷᠡᠭ ᠤᠨ ᠵᠢᠱᠢᠶ᠎ᠡ᠄ ᠨᠢᠭᠡ᠂ ᠭᠤᠶᠤᠴᠢᠯᠠᠭᠴᠢ ᠰᠦᠨ ᠣᠪᠣᠭᠲᠤ ᠪᠣᠯᠣᠨ ᠭᠤᠶᠤᠴᠢᠯᠠᠭᠳᠠᠭᠴᠢ ᠭᠤᠤ | ᠣᠪᠣᠭᠲᠤ ᠬᠠᠨᠢᠯᠠᠨ ᠰᠠᠭᠤᠭᠰᠠᠨ ᠬᠠᠷᠢᠴᠠᠭ᠎ᠠ ᠲᠠᠢ᠃ ᠡᠨᠡ ᠬᠦ ᠬᠤᠭᠤᠴᠠᠭᠠᠨ ᠳᠤ ᠭᠤᠶᠤᠴᠢᠯᠠᠭᠳᠠᠭᠴᠢ ᠭᠤᠤ | ᠣᠪᠣᠭᠲᠤ ᠣᠯᠠᠨ ᠤᠳᠠᠭ᠎ᠠ ᠬᠦᠴᠦᠷᠬᠡᠭᠯᠡᠯ ᠤᠨ ᠠᠷᠭ᠎ᠠ ᠪᠠᠷᠢᠯ ᠬᠡᠷᠡᠭᠯᠡᠨ ᠭᠤᠶᠤᠴᠢᠯᠠᠭᠴᠢ ᠰᠦᠨ ᠣᠪᠣᠭᠲᠤ ᠶᠢ | ᠬᠠᠷᠢᠶᠠᠵᠤ᠂ ᠣᠯᠠᠨ ᠤᠳᠠᠭ᠎ᠠ ᠵᠠᠪᠰᠢᠶᠠᠨ ᠣᠯᠭᠤᠭᠰᠠᠨ ᠴᠤ ᠭᠡᠮᠰᠢᠨ ᠵᠠᠰᠠᠷᠠᠬᠤ ᠦᠭᠡᠢ ᠪᠠᠶᠢᠪᠠ᠃ ᠤᠳᠤ | ᠭᠤᠶᠤᠴᠢᠯᠠᠭᠴᠢ ᠰᠦᠨ ᠣᠪᠣᠭᠲᠤ ᠥᠪᠡᠷ ᠤᠨ ᠬᠠᠤᠯᠢ ᠶᠣᠰᠣᠨ ᠤ ᠡᠷᠬᠡ ᠠᠰᠢᠭ ᠲᠤ ᠬᠠᠯᠳᠠᠭᠳᠠᠬᠤ ᠦᠭᠡᠢ | ᠪᠠᠶᠢᠬᠤ ᠶᠢ ᠬᠠᠮᠠᠭᠠᠯᠠᠭᠤᠯᠬᠤ ᠪᠠᠷ ᠠᠷᠠᠳ ᠤᠨ ᠰᠢᠭᠦᠬᠦ ᠬᠤᠷᠢᠶ᠎ᠠ ᠳᠤ ᠭᠤᠶᠤᠴᠢᠯᠠᠪᠠ᠃ ᠰᠢᠭᠦᠬᠦ ᠬᠤᠷᠢᠶ᠎ᠠ ᠠᠴᠠ | ᠬᠢᠨᠠᠨ ᠪᠠᠶᠢᠴᠠᠭᠠᠭᠰᠠᠨ ᠤ ᠳᠠᠷᠠᠭ᠎ᠠ᠂ ᠬᠠᠤᠯᠢ ᠴᠠᠭᠠᠵᠠ ᠶᠢ ᠬᠤᠯᠪᠣᠭᠳᠠᠯ ᠪᠦᠬᠦᠢ ᠲᠣᠭᠲᠠᠭᠠᠯ ᠢ ᠦᠨᠳᠦᠰᠦᠯᠡᠨ ︽ | ᠬᠥᠮᠥᠨ ᠤ ᠪᠡᠶ᠎ᠡ ᠶᠢ ᠬᠠᠮᠠᠭᠠᠯᠠᠬᠤ ᠵᠠᠷᠯᠢᠭ︾ ᠭᠠᠷᠭᠠᠵᠤ᠂ ᠭᠤᠶᠤᠴᠢᠯᠠᠭᠳᠠᠭᠴᠢ ᠭᠤᠤ ᠣᠪᠣᠭᠲᠤ ᠠᠴᠠ | ᠭᠤᠶᠤᠴᠢᠯᠠᠭᠴᠢ ᠰᠦᠨ ᠣᠪᠣᠭᠲᠤ ᠶᠢ ᠦᠢᠮᠡᠭᠦᠯᠬᠦ᠂ ᠮᠥᠷᠳᠡᠬᠦ᠂ ᠬᠠᠷᠢᠯᠴᠠᠬᠤ ᠶᠢ ᠬᠤᠷᠢᠭᠯᠠᠨ ᠴᠠᠭᠠᠵᠠᠯᠠᠪᠠ᠃ | ᠬᠤᠶᠠᠷ᠂ ᠭᠤᠶᠤᠴᠢᠯᠠᠭᠴᠢ ᠲᠢᠶᠠᠨ ᠣᠪᠣᠭᠲᠤ ᠪᠣᠯᠣᠨ ᠭᠤᠶᠤᠴᠢᠯᠠᠭᠳᠠᠭᠴᠢ ᠳ᠋ᠤᠸᠠᠨ ᠣᠪᠣᠭᠲᠤ ᠡᠷ᠎ᠡ ᠡᠮ᠎ᠡ ᠶᠢᠨ | ᠬᠠᠷᠢᠴᠠᠭ᠎ᠠ ᠲᠠᠢ᠃ ᠭᠤᠶᠤᠴᠢᠯᠠᠭᠴᠢ ᠲᠢᠶᠠᠨ ᠣᠪᠣᠭᠲᠤ 68 ᠨᠠᠰᠤᠲᠠᠢ᠂ ᠭᠤᠶᠤᠴᠢᠯᠠᠭᠳᠠᠭᠴᠢ ᠳ᠋ᠤᠸᠠᠨ ᠣᠪᠣᠭᠲᠤ | 58 ᠨᠠᠰᠤᠲᠠᠢ᠃ ᠬᠠᠮᠲᠤ ᠠᠮᠢᠳᠤᠷᠠᠵᠤ ᠪᠠᠶᠢᠭ᠎ᠠ ᠬᠤᠭᠤᠴᠠᠭᠠᠨ ᠳᠤ᠂ ᠬᠤᠶᠠᠭᠤᠯᠠ ᠬᠡᠷᠡᠯᠳᠦᠭᠰᠡᠨ ᠤ ᠳᠠᠷᠠᠭ᠎ᠠ᠂ | ᠡᠬᠡᠨᠡᠷ ᠢᠶᠠᠨ ᠬᠦᠷᠢᠶᠡᠨ ᠳᠠᠬᠢ ᠲᠡᠮᠦᠷ ᠬᠡᠷᠡᠰᠬᠡ ᠳᠡᠭᠡᠷ᠎ᠡ ᠮᠥᠷᠭᠦᠭᠦᠯᠵᠦ᠂ ᠬᠠᠪᠢᠷᠭᠠᠨ ᠶᠠᠰᠤ ᠨᠢ ᠬᠤᠭᠤᠷᠠᠵᠤ᠂ | ᠡᠯᠢᠭᠡ ᠪᠥᠭᠡᠷᠡᠨ ᠳᠤᠨᠢ ᠰᠢᠷᠬ᠎ᠠ ᠰᠠᠭᠤᠪᠠ᠃ ᠭᠤᠶᠤᠴᠢᠯᠠᠭᠴᠢ ᠲᠢᠶᠠᠨ ᠣᠪᠣᠭᠲᠤ ᠡᠮᠨᠡᠯᠭᠡ ᠠᠴᠠ ᠭᠠᠷᠴᠤ | ᠭᠡᠷ ᠲᠡᠭᠡᠨ ᠬᠠᠷᠢᠭᠰᠠᠨ ᠤ ᠳᠠᠷᠠᠭ᠎ᠠ᠂ ᠭᠤᠶᠤᠴᠢᠯᠠᠭᠳᠠᠭᠴᠢ ᠳ᠋ᠤᠸᠠᠨ ᠣᠪᠣᠭᠲᠤ ᠰᠢᠯᠲᠠᠭ ᠡᠷᠢᠵᠦ ᠭᠤᠶᠤᠴᠢᠯᠠᠭᠴᠢ | ᠲᠢᠶᠠᠨ ᠣᠪᠣᠭᠲᠤ ᠶᠢ ᠰᠦᠷᠳᠡᠭᠦᠯᠦ᠋ᠭᠰᠡᠨ ᠠᠴᠠ ᠠᠷᠭ᠎ᠠ ᠪᠤᠰᠤ ᠥᠬᠢᠨ ᠤ ᠳᠠᠭᠠᠨ ᠣᠴᠢᠵᠤ ᠡᠪᠡᠳᠴᠢᠨ ᠢᠶᠠᠨ | ᠰᠤᠪᠢᠯᠠᠪᠠ᠃ ᠰᠢᠭᠦᠬᠦ ᠬᠤᠷᠢᠶ᠎ᠠ ᠬᠢᠨᠠᠨ ᠪᠠᠶᠢᠴᠠᠭᠠᠭᠰᠠᠨ ᠤ ᠳᠠᠷᠠᠭ᠎ᠠ᠂ ᠬᠠᠤᠯᠢ ᠴᠠᠭᠠᠵᠠ ᠶᠢᠨ ᠬᠤᠯᠪᠣᠭᠳᠠᠯ ᠪᠦᠬᠦᠢ | ᠲᠣᠭᠲᠠᠭᠠᠯ ᠢ ᠦᠨᠳᠦᠰᠦᠯᠡᠨ ︽ᠬᠥᠮᠥᠨ ᠤ ᠪᠡᠶ᠎ᠡ ᠶᠢ ᠬᠠᠮᠠᠭᠠᠯᠠᠬᠤ ᠵᠠᠷᠯᠢᠭ︾ ᠭᠠᠷᠭᠠᠵᠤ᠂ ᠭᠤᠶᠤᠴᠢᠯᠠᠭᠳᠠᠭᠴᠢ | ᠳ᠋ᠤᠸᠠᠨ ᠣᠪᠣᠭᠲᠤ ᠶᠢᠨ ᠭᠡᠷ ᠪᠦᠯᠢ ᠶᠢᠨ ᠬᠦᠴᠦᠷᠬᠡᠭᠯᠡᠯ ᠶᠠᠪᠤᠭᠤᠯᠬᠤ ᠶᠢ ᠴᠠᠭᠠᠵᠠᠯᠠᠪᠠ᠃ | ᠠᠷᠭ᠎ᠠ ᠬᠡᠮᠵᠢᠶ᠎ᠡ᠄ · ᠳᠣᠲᠣᠭᠠᠳᠤ ᠶᠢ ᠬᠠᠮᠠᠭᠠᠯᠠᠬᠤ᠂ ᠡᠮᠡᠭᠲᠡᠶᠢᠴᠦᠳ ᠤᠨ ᠬᠤᠯᠪᠤᠭ᠎ᠠ᠂ ᠠᠷᠠᠳ ᠤᠨ ᠶᠠᠪᠤᠳᠠᠯ᠂ | ᠵᠡᠭᠡᠯᠢ ᠭᠤᠳᠤᠮᠵᠢ ᠂ ᠨᠡᠶᠢᠭᠡᠮ ᠲᠣᠭᠤᠷᠢᠭ᠂ ᠡᠷᠡᠭᠦᠯ ᠬᠠᠮᠠᠭᠠᠯᠠᠯ ᠵᠡᠷᠭᠡ ᠰᠠᠯᠠᠭ᠎ᠠ ᠮᠥᠴᠢᠷ ᠲᠠᠢ ᠬᠠᠮᠵᠢᠯᠴᠠᠨ | ᠬᠥᠳᠡᠯᠦᠯᠴᠡᠬᠦ ᠶᠢ ᠤᠯᠠᠮ ᠨᠢᠭᠡ ᠠᠯᠬᠤᠮ ᠴᠢᠩᠭᠠᠳᠬᠠᠵᠤ᠂ ᠭᠡᠷ ᠪᠦᠯᠢ ᠶᠢᠨ ᠬᠦᠴᠦᠷᠬᠡᠭᠯᠡᠯ ᠢ ᠡᠰᠡᠷᠭᠦᠴᠡᠬᠦ | ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠭᠡᠷ ᠪᠦᠯᠢ ᠶᠢᠨ ᠬᠦᠴᠦᠷᠬᠡᠭᠯᠡᠯ ᠢ ᠤᠯᠠᠨ ᠱᠠᠲᠤ᠂ ᠤᠯᠠᠨ | ᠲᠠᠯ᠎ᠠ ᠠᠴᠠ ᠤᠷᠢᠳᠴᠢᠯᠠᠨ ᠰᠡᠷᠭᠡᠶᠢᠯᠡᠵᠦ ᠵᠠᠯᠬᠠᠭᠠᠨ ᠰᠢᠢᠳᠬᠡᠨ᠎ᠡ᠃ | ᠭᠡᠷ ᠪᠦᠯᠢ ᠶᠢᠨ ᠬᠦᠴᠦᠷᠬᠡᠭᠯᠡᠯ ᠢᠶᠠᠷ ᠰᠢᠯᠲᠠᠭ ᠪᠣᠯᠭᠠᠵᠤ ᠤᠷᠤᠭ ᠰᠠᠯᠬᠤ ᠪᠠᠷ ᠳᠤᠷᠠᠳᠤᠭᠰᠠᠨ ᠦᠭᠡᠢ ᠪᠣᠯ | ᠰᠢᠭᠦᠯᠲᠡ ᠠᠴᠠ ᠡᠮᠦᠨ᠎ᠡ ᠡᠶᠡᠳᠡᠭᠦᠯᠬᠦ ᠪᠤᠶᠤ ᠲᠢᠩᠬᠢᠮ ᠨᠡᠭᠡᠭᠡᠬᠦ ᠶᠠᠪᠤᠴᠠ ᠳᠤ ᠰᠢᠭᠦᠬᠦ ᠲᠤᠰᠢᠶᠠᠯᠲᠠᠨ ᠲᠤᠬᠠᠢ ᠶᠢᠨ | ᠬᠥᠮᠥᠨ ᠲᠠᠢ ᠢᠳᠡᠪᠬᠢᠲᠡᠢ ᠣᠶᠢᠯᠭᠠᠯᠴᠠᠵᠤ᠂ ᠭᠡᠷ ᠪᠦᠯᠢ ᠶᠢᠨ ᠬᠦᠴᠦᠷᠬᠡᠭᠯᠡᠯ ᠤᠨ ᠳᠠᠯᠳᠠ ᠠᠶᠤᠯ ᠣᠷᠣᠰᠢᠵᠤ ᠮᠡᠳᠡᠬᠦ | ᠦᠶ᠎ᠡ ᠳᠤ ᠴᠠᠭ ᠲᠤᠬᠠᠢ ᠳᠤᠨᠢ ᠬᠠᠤᠯᠢ ᠴᠠᠭᠠᠵᠠ ᠪᠠᠷ ᠭᠠᠷ ᠲᠦᠷᠦᠭᠦ ᠬᠡᠷᠡᠭᠲᠡᠢ᠃ | · ᠰᠢᠭᠦᠬᠦ ᠲᠤᠰᠢᠶᠠᠯᠲᠠᠨ ᠬᠦᠴᠦᠷᠬᠡᠭᠯᠡᠯ ᠶᠠᠪᠤᠭᠤᠯᠤᠭᠴᠢᠳ ᠲᠤ ᠴᠠᠭ ᠲᠤᠬᠠᠢ ᠳᠤᠨᠢ ᠰᠡᠳᠬᠢᠴᠡ ᠶᠢᠨ | ᠵᠢᠯᠣᠭᠤᠳᠤᠯᠭ᠎ᠠ ᠬᠢᠵᠦ᠂ ᠢᠳᠬᠠᠨ ᠰᠠᠨᠠᠭᠤᠯᠬᠤ ᠬᠡᠷᠡᠭᠲᠡᠢ᠃ ︽ᠬᠥᠮᠥᠨ ᠤ ᠪᠡᠶ᠎ᠡ ᠶᠢ ᠬᠠᠮᠠᠭᠠᠯᠠᠬᠤ ᠵᠠᠷᠯᠢᠭ︾ ᠤᠨ | ᠬᠢᠵᠠᠭᠠᠷᠯᠠᠯ ᠢ ᠰᠠᠶᠢᠨ ᠳᠤᠷ᠎ᠠ ᠠᠴᠠ ᠪᠠᠨ ᠬᠦᠯᠢᠶᠡᠵᠦ᠂ ᠥᠪᠡᠷ ᠤᠨ ᠠᠯᠳᠠᠭ᠎ᠠ ᠪᠤᠷᠤᠭᠤ ᠪᠠᠨ ᠴᠠᠭ ᠲᠤᠬᠠᠢ ᠳᠤᠨᠢ | ᠵᠠᠯᠠᠷᠠᠭᠤᠯᠬᠤ ᠶᠢ ᠵᠢᠯᠤᠭᠤᠳᠬᠤ ᠬᠡᠷᠡᠭᠲᠡᠢ᠃ | · ᠤᠬᠠᠭᠤᠯᠭ᠎ᠠ ᠪᠠ ᠪᠣᠯᠪᠠᠰᠤᠷᠠᠯ ᠤᠨ ᠡᠷᠴᠢᠮ ᠢᠶᠠᠨ ᠲᠠᠰᠤᠷᠠᠯᠲᠠ ᠦᠭᠡᠢ ᠴᠢᠩᠭᠠᠷᠠᠭᠤᠯᠵᠤ᠂ ᠬᠠᠤᠯᠢ | ᠴᠠᠭᠠᠵᠠ ᠶᠢᠨ ᠰᠠᠨᠠᠭᠤᠯᠭ᠎ᠠ ᠭᠠᠷᠭᠠᠬᠤ ᠪᠠᠷ ᠳᠠᠮᠵᠢᠭᠤᠯᠤᠨ ᠰᠣᠨᠢᠨ ᠮᠡᠳᠡᠭᠡ ᠨᠡᠶᠢᠲᠡᠯᠡᠬᠦ ᠬᠤᠷᠠᠯ ᠬᠢᠵᠦ᠂ ᠪᠢᠴᠢᠯ ᠺᠢᠨᠣ᠋ | ᠂ ᠺᠠᠷᠲ᠋ᠣᠨ ᠱᠤᠭ ᠵᠢᠷᠤᠭ ᠵᠡᠷᠭᠡ ᠣᠯᠠᠨ ᠵᠦᠢᠯ ᠤᠨ ᠬᠡᠯᠪᠡᠷᠢ ᠪᠠᠷ ᠭᠡᠷ ᠪᠦᠯᠢ ᠶᠢᠨ ᠬᠦᠴᠦᠷᠬᠡᠭᠯᠡᠯ ᠤᠨ ᠨᠡᠶᠢᠲᠡᠯᠢᠭ | ᠬᠡᠷᠡᠭ ᠤᠨ ᠵᠢᠱᠢᠶ᠎ᠡ ᠶᠢ ᠨᠡᠶᠢᠲᠡᠯᠡᠵᠦ᠂ ᠭᠡᠷ ᠪᠦᠯᠢ ᠶᠢᠨ ᠬᠦᠴᠦᠷᠬᠡᠭᠯᠡᠯ ᠤᠨ ᠬᠤᠣᠷ ᠬᠥᠨᠥᠭᠡᠯᠳᠦ ᠴᠢᠨᠠᠷ ᠤᠨ ᠲᠤᠬᠠᠢ | ᠪᠦᠬᠦ ᠨᠡᠶᠢᠭᠡᠮ ᠤᠨ ᠲᠠᠨᠢᠯᠲᠠ ᠪᠠ ᠬᠠᠤᠯᠢ ᠴᠠᠭᠠᠵᠠ ᠶᠢᠨ ᠤᠬᠠᠮᠰᠠᠷ ᠢ ᠳᠡᠭᠡᠭᠰᠢᠯᠡᠭᠦᠯᠵᠤ ᠪᠣᠯᠣᠨ᠎ᠠ᠃ | ︵︽ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ︾ ᠶᠢᠨ ᠰᠦᠯᠵᠢᠶᠡᠨ ᠠᠴᠠ︶ |