ᠡᠳᠦᠷ ᠪᠣᠯᠭᠠᠨ ᠥᠨᠳᠡᠭᠡ ᠢᠳᠡᠬᠦ ᠨᠢ ᠪᠡᠶ᠎ᠡ ᠳᠤ ᠲᠤᠰᠠᠲᠠᠢ ᠤᠤ︖
ᠨᠡᠶᠢᠲᠡᠯᠡᠭᠰᠡᠨ ᠴᠠᠭ᠄
2023/9/7
    1. ᠴᠢᠰᠤᠨ ᠤ ᠥᠭᠡᠬᠦ ᠶᠢ ᠲᠣᠬᠢᠷᠠᠭᠤᠯᠤᠨ᠂ ᠵᠢᠷᠦᠬᠡᠨ ᠤ ᠴᠢᠰᠤᠨ ᠰᠤᠳᠠᠯ ᠤᠨ ᠡᠪᠡᠳᠴᠢᠨ ᠡᠭᠦᠰᠬᠦ   ᠨᠣᠷᠮ᠎ᠠ ᠶᠢ ᠳᠣᠷᠣᠭᠰᠢᠯᠠᠭᠤᠯᠤᠨ᠎ᠠ᠃ ᠲᠠᠬᠢᠶᠠᠨ ᠥᠨᠳᠡᠭᠡᠨ ᠤ ᠳᠣᠲᠣᠷᠠᠬᠢ ᠥᠨᠳᠡᠭᠡᠨ ᠹᠣᠰᠹᠣᠷᠲᠤ ᠥᠭᠡᠬᠦ ᠨᠢ   ᠥᠭᠡᠬᠦ ᠶᠢᠨ ᠰᠢᠩᠭᠡᠭᠡᠯᠲᠡ᠂ ᠰᠣᠯᠢᠯᠴᠠᠭ᠎ᠠ ᠶᠢ ᠵᠣᠬᠢᠴᠠᠭᠤᠯᠬᠤ ᠦᠢᠯᠡᠳᠦᠯ ᠲᠠᠢ ᠪᠣᠯᠬᠤᠷ ᠡᠳᠦᠷ ᠪᠦᠷᠢ ᠨᠢᠭᠡ   ᠲᠠᠬᠢᠶᠠᠨ ᠥᠨᠳᠡᠭᠡ ᠢᠳᠡᠬᠦ ᠨᠢ ᠦᠨᠡᠨ ᠳᠡᠭᠡᠨ ᠨᠡᠯᠢᠶᠡᠳ ᠠᠷᠪᠢᠨ ᠬᠠᠨᠤᠮᠠᠯ ᠥᠭᠡᠬᠦ ᠲᠠᠢ ᠤᠯᠠᠭᠠᠨ ᠮᠢᠬᠠᠨ ᠤ   ᠲᠥᠷᠥᠯ ᠢ ᠢᠳᠡᠬᠦ ᠠᠴᠠ ᠢᠯᠡᠭᠦᠦ ᠵᠢᠷᠦᠬᠡᠨ ᠤ ᠴᠢᠰᠤᠨ ᠰᠤᠳᠠᠯ ᠤᠨ ᠡᠷᠡᠭᠦᠯ ᠮᠡᠨᠳᠦ ᠳᠤ ᠲᠤᠩ ᠠᠰᠢᠭᠲᠠᠢ ᠪᠠᠶᠢᠳᠠᠭ ᠃            2. ᠥᠯ ᠳᠠᠭᠠᠭᠠᠵᠤ᠂ ᠪᠡᠶ᠎ᠡ ᠶᠢᠨ ᠬᠦᠨᠳᠦ ᠶᠢ ᠬᠢᠵᠠᠭᠠᠷᠯᠠᠬᠤ ᠳᠤ ᠲᠤᠰᠠᠯᠠᠨ᠎ᠠ᠃ ᠲᠠᠬᠢᠶᠠᠨ ᠤ ᠥᠨᠳᠡᠭᠡᠨ ᠳᠤ  ᠠᠰᠢᠭᠯᠠᠯᠲᠠ ᠶᠢᠨ ᠨᠣᠷᠮ᠎ᠠ ᠪᠠᠷ ᠲᠤᠶᠢᠯ ᠤᠨ ᠥᠨᠳᠥᠷ ᠴᠢᠨᠠᠷ ᠰᠠᠶᠢᠲᠠᠢ ᠤᠭᠤᠷᠠᠭ ᠠᠭᠤᠯᠤᠭᠳᠠᠵᠤ ᠪᠠᠶᠢᠳᠠᠭ᠃   ᠤᠭᠤᠷᠠᠭ ᠤᠨ ᠰᠢᠩᠭᠡᠭᠡᠯᠲᠡ ᠶᠢᠨ ᠬᠤᠷᠳᠤᠴᠠ ᠨᠢ ᠨᠡᠭᠦᠷᠡᠰᠦ ᠤᠰᠤᠨ ᠤ ᠨᠢᠭᠡᠳᠪᠦᠷᠢ ᠠᠴᠠ ᠬᠤᠯᠠ ᠳᠣᠣᠷ᠎ᠠ   ᠪᠠᠶᠢᠳᠠᠭ ᠠᠴᠠ ᠢᠳᠡᠭᠰᠡᠨ ᠤ ᠳᠠᠷᠠᠭ᠎ᠠ ᠴᠠᠳᠬᠤᠯᠠᠩ ᠪᠠᠶᠢᠳᠠᠯ ᠲᠠᠢ ᠪᠠᠶᠢᠯᠭᠠᠳᠠᠭ ᠠᠴᠠ ᠢᠳᠡᠭᠡᠨ ᠤ ᠳᠤᠷᠠᠰᠢᠯ ᠢ   ᠬᠤᠷᠢᠭᠯᠠᠳᠠᠭ᠃            3. ᠨᠢᠳᠦ ᠬᠤᠷᠴᠠ᠂ ᠲᠠᠷᠢᠬᠢ ᠲᠣᠯᠣᠭᠠᠢ ᠰᠡᠷᠭᠡᠭ ᠪᠣᠯᠳᠠᠭ᠃ ᠲᠠᠬᠢᠶᠠᠨ ᠤ ᠥᠨᠳᠡᠭᠡᠨ ᠳᠠᠬᠢ ᠸᠢᠲ᠋ᠠᠮᠢᠨ A   ᠶᠢᠨ ᠠᠭᠤᠯᠤᠭᠳᠠᠴᠠ ᠮᠠᠰᠢ ᠥᠨᠳᠥᠷ᠂ ᠡᠳᠦᠷ ᠲᠤᠲᠤᠮ ᠤᠨ ᠢᠳᠡᠭᠡᠨ ᠤ ᠳᠣᠲᠣᠷᠠᠬᠢ ᠸᠢᠲ᠋ᠠᠮᠢᠨ A ᠶᠢᠨ   ᠢᠷᠡᠯᠲᠡ ᠨᠢ ᠮᠠᠰᠢ ᠰᠠᠶᠢᠨ ᠪᠠᠶᠢᠳᠠᠭ᠃ ᠸᠢᠲ᠋ᠠᠮᠢᠨ A ᠶᠢᠨ ᠠᠭᠤᠯᠤᠭᠳᠠᠴᠠ ᠪᠠᠷ ᠲᠤᠶᠢᠯ ᠤᠨ ᠥᠨᠳᠥᠷ ᠠᠮᠢᠲᠠᠨ ᠤ   ᠡᠯᠢᠭᠡ ᠲᠠᠢ ᠬᠠᠷᠢᠴᠠᠭᠤᠯᠪᠠᠯ᠂ ᠲᠠᠬᠢᠶᠠᠨ ᠤ ᠥᠨᠳᠡᠭᠡ ᠶᠢᠨ ᠳᠠᠪᠠᠭᠤᠯᠢᠭ ᠲᠠᠯ᠎ᠠ ᠨᠢ ᠡᠯᠢᠭᠡ ᠰᠢᠭ ᠲᠡᠶᠢᠮᠦ ᠠᠮᠠᠷᠬᠠᠨ   ᠬᠡᠮᠵᠢᠶ᠎ᠡ ᠠᠴᠠ ᠬᠡᠲᠦᠷᠡᠲᠡᠯ᠎ᠡ ᠰᠢᠩᠭᠡᠳᠡᠭ ᠦᠭᠡᠢ᠃ ᠥᠨᠳᠡᠭᠡᠨ ᠹᠣᠰᠹᠣᠷᠲᠤ ᠥᠭᠡᠬᠦ ᠪᠣᠯ ᠲᠠᠬᠢᠶᠠᠨ ᠤ ᠥᠨᠳᠡᠭᠡᠨ ᠤ   ᠳᠣᠲᠣᠷᠠᠬᠢ ᠣᠨᠴᠠ ᠪᠠᠶᠢᠳᠠᠭ ᠨᠢᠭᠡ ᠵᠦᠢᠯ ᠤᠨ ᠰᠢᠮ᠎ᠡ ᠲᠡᠵᠢᠭᠡᠯ ᠤᠨ ᠡᠳ᠋ ᠪᠠᠶᠢᠵᠤ᠂ ᠶᠡᠭᠡ ᠲᠠᠷᠢᠬᠢᠨ ᠤ   ᠮᠡᠳᠡᠷᠡᠯ ᠤᠨ ᠡᠰ ᠲᠤ ᠰᠢᠮ᠎ᠡ ᠲᠡᠵᠢᠭᠡᠯ ᠬᠠᠩᠭᠠᠳᠠᠭ᠃ ᠡᠳᠦᠷ ᠪᠦᠷᠢ ᠨᠢᠭᠡ ᠲᠠᠬᠢᠶᠠᠨ ᠤ ᠥᠨᠳᠡᠭᠡ ᠢᠳᠡᠬᠦ ᠨᠢ   ᠴᠡᠭᠡᠵᠢᠯᠡᠬᠦ ᠴᠢᠳᠠᠪᠤᠷᠢ ᠮᠠᠭᠤᠳᠠᠬᠤ ᠠᠴᠠ ᠰᠡᠷᠭᠡᠶᠢᠯᠡᠵᠦ᠂ ᠲᠠᠨᠢᠨ ᠮᠡᠳᠡᠬᠦᠢ ᠶᠢᠨ ᠴᠢᠳᠠᠪᠤᠷᠢ ᠮᠠᠭᠤᠳᠠᠬᠤ ᠶᠢ   ᠰᠡᠷᠭᠡᠶᠢᠯᠡᠬᠦ ᠳᠤ ᠵᠣᠬᠢᠬᠤ ᠬᠡᠮᠵᠢᠶᠡᠨ ᠤ ᠠᠴᠢ ᠲᠤᠰᠠ ᠲᠠᠢ ᠶᠤᠮ᠃       
 
ᠢᠷᠡᠯᠲᠡ᠄ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号