ᠰᠢᠮ᠎ᠡ ᠲᠡᠵᠢᠭᠡᠯ ᠰᠠᠶᠢᠲᠠᠢ ᠥᠷᠯᠥᠭᠡ ᠶᠢᠨ ᠴᠠᠢ ᠬᠤᠭᠤᠯᠠᠨ ᠳᠤ ᠨᠡᠭᠦᠷᠡᠰᠦ ᠤᠰᠤᠨ ᠤ ᠨᠢᠭᠡᠳᠪᠦᠷᠢ᠂ | ᠤᠭᠤᠷᠠᠭ᠂ ᠥᠨᠳᠡᠭᠡᠨ ᠹᠣᠰᠹᠣᠷᠲᠤ ᠥᠭᠡᠬᠦ᠂ ᠸᠢᠲ᠋ᠠᠮᠢᠨ ᠪᠠ ᠡᠷᠦᠳᠡᠰᠦ ᠪᠣᠳᠠᠰ ᠢ ᠪᠠᠭᠲᠠᠭᠠᠨ᠎ᠠ᠃ | 1᠂ ᠨᠡᠭᠦᠷᠡᠰᠦ ᠤᠰᠤᠨ ᠤ ᠨᠢᠭᠡᠳᠪᠦᠷᠢ ᠶᠢ ᠡᠯᠪᠡᠭ ᠠᠭᠤᠯᠤᠭᠰᠠᠨ ᠢᠳᠡᠭᠡᠨ ᠵᠢᠱᠢᠶᠡᠯᠡᠪᠡᠯ᠂ ᠲᠠᠯᠬ᠎ᠠ᠂ ᠮᠠᠨᠲᠠᠤ᠂ | ᠬᠤᠯᠢᠮᠠᠭ ᠠᠮᠤ ᠶᠢᠨ ᠰᠢᠩᠭᠡᠨ ᠪᠤᠳᠠᠭ᠎ᠠ ᠵᠡᠷᠭᠡ ᠭᠤᠣᠯ ᠢᠳᠡᠭᠡᠨ᠃ ᠡᠳᠡᠭᠡᠷ ᠨᠢ ᠨᠡᠭᠦᠷᠡᠰᠦ ᠤᠰᠤᠨ ᠤ | ᠨᠢᠭᠡᠳᠪᠦᠷᠢ ᠶᠢ ᠠᠭᠤᠯᠵᠣ᠂ ᠲᠠᠷᠢᠬᠢᠨ ᠳᠤ ᠬᠡᠷᠡᠭᠴᠡᠭᠡ ᠲᠠᠢ ︽ᠲᠦᠯᠡᠰᠢ︾ - ᠦᠵᠦᠮ ᠤᠨ ᠰᠢᠬᠢᠷ ᠪᠣᠯᠭᠠᠨ | ᠬᠤᠪᠢᠷᠠᠭᠤᠯᠵᠤ᠂ ᠶᠡᠭᠡ ᠲᠠᠷᠢᠬᠢ ᠶᠢᠨ ᠰᠡᠳᠬᠢᠬᠦ᠂ ᠴᠡᠭᠡᠵᠢᠯᠡᠬᠦ ᠪᠠ ᠠᠰᠠᠭᠤᠳᠠᠯ ᠢ ᠰᠢᠢᠳᠪᠦᠷᠢᠯᠡᠬᠦ ᠵᠡᠷᠭᠡ | ᠶᠠᠪᠤᠳᠠᠯ ᠳᠤ ᠲᠤᠰᠠᠯᠠᠵᠤ ᠪᠣᠯᠣᠨ᠎ᠠ᠃ | 2᠂ ᠤᠭᠤᠷᠠᠭ ᠡᠯᠪᠡᠭ ᠠᠭᠤᠯᠤᠭᠰᠠᠨ ᠢᠳᠡᠭᠡᠨ ᠵᠢᠱᠢᠶᠡᠯᠡᠪᠡᠯ᠂ ᠮᠢᠬ᠎ᠠ᠂ ᠵᠢᠭᠠᠰᠤ᠂ ᠦᠨᠢᠶᠡᠨ ᠰᠦ ᠵᠡᠷᠭᠡ ᠨᠢ | ᠴᠢᠰᠤᠨ ᠰᠢᠬᠢᠷ ᠢ ᠠᠭᠠᠵᠢᠮ ᠢᠶᠠᠷ ᠳᠡᠭᠡᠭᠰᠢᠯᠡᠭᠦᠯᠦᠭᠰᠡᠨ ᠤ ᠳᠠᠷᠠᠭ᠎ᠠ ᠲᠣᠭᠲᠠᠭᠤᠨ ᠪᠠᠶᠢᠳᠠᠯ ᠢ ᠪᠠᠲᠤᠯᠠᠨ᠎ᠠ᠃ ᠤᠭᠤᠷᠠᠭ | ᠳᠣᠲᠣᠷᠠᠬᠢ ᠲᠠᠷᠠᠭ ᠤᠨ ᠰᠢᠪᠲᠦᠷᠲᠦ ᠬᠦᠴᠢᠯ ᠨᠢ ᠪᠠᠰᠠ ᠬᠥᠮᠥᠨ ᠤ ᠪᠡᠶ᠎ᠡ ᠶᠢᠨ ᠳᠤᠫᠠᠮᠢᠨ ᠪᠠ ᠪᠥᠭᠡᠷ᠎ᠡ ᠶᠢᠨ | ᠳᠡᠭᠡᠳᠦ ᠪᠤᠯᠴᠢᠷᠬᠠᠢ ᠶᠢᠨ ᠡᠳ᠋ ᠰᠢᠭᠦᠷᠡᠭᠦᠯᠬᠦ ᠶᠢ ᠠᠬᠢᠭᠤᠯᠵᠤ᠂ ᠬᠥᠮᠥᠰ ᠤᠨ ᠰᠡᠳᠬᠢᠬᠦᠢ ᠶᠢ ᠬᠤᠷᠴᠠ ᠰᠡᠷᠭᠡᠭ | ᠪᠣᠯᠭᠠᠳᠠᠭ᠃ | 3᠂ ᠥᠨᠳᠡᠭᠡᠨ ᠹᠣᠰᠹᠣᠷᠲᠤ ᠥᠭᠡᠬᠦ ᠡᠯᠪᠡᠭ ᠠᠭᠤᠯᠤᠭᠰᠠᠨ ᠢᠳᠡᠭᠡᠨ ᠵᠢᠱᠢᠶᠡᠯᠡᠪᠡᠯ᠂ ᠲᠠᠬᠢᠶᠠᠨ ᠥᠨᠳᠡᠭᠡ᠂ | ᠪᠤᠷᠴᠠᠭ ᠤᠨ ᠢᠳᠡᠭᠡᠨ ᠵᠡᠷᠭᠡ ᠥᠨᠳᠡᠭᠡᠨ ᠹᠣᠰᠹᠣᠷᠲᠤ ᠥᠭᠡᠬᠦ ᠰᠢᠩᠭᠡᠭᠡᠭᠳᠡᠭᠰᠡᠨ ᠤ ᠳᠠᠷᠠᠭ᠎ᠠ ᠰᠥᠰᠥᠨ ᠤ ᠱᠦᠯᠲᠦ | ᠢᠯᠭᠠᠷᠠᠭᠤᠯᠵᠤ᠂ ᠡᠭᠦᠨ ᠤ ᠤᠯᠠᠮ ᠠᠴᠠ ᠮᠡᠳᠡᠷᠡᠯ ᠤᠨ ᠵᠠᠭᠤᠴᠢ ᠳᠠᠮᠵᠢᠭᠤᠯᠤᠭᠴᠢ ᠡᠳ᠋ ᠤᠨ ᠡᠲ᠋ᠠ ᠡᠰᠢᠯᠲᠦ | ᠰᠥᠰᠥᠨ ᠤ ᠱᠦᠯᠲᠦ ᠶᠢ ᠨᠡᠶᠢᠯᠡᠭᠦᠯᠦᠨ᠂ ᠮᠡᠳᠡᠷᠡᠯ ᠤᠨ ᠰᠢᠰᠲ᠋ᠧᠮ ᠤᠨ ᠠᠵᠢᠯᠯᠠᠭ᠎ᠠ ᠶᠢ ᠠᠬᠢᠭᠤᠯᠤᠨ | ᠰᠠᠶᠢᠵᠢᠷᠠᠭᠤᠯᠳᠠᠭ᠃ | 4᠂ ᠸᠢᠲ᠋ᠠᠮᠢᠨ᠂ ᠡᠷᠦᠳᠡᠰᠦ ᠡᠯᠪᠡᠭ ᠠᠭᠤᠯᠤᠭᠰᠠᠨ ᠢᠳᠡᠭᠡᠨ ᠵᠢᠱᠢᠶᠡᠯᠡᠪᠡᠯ᠂ ᠰᠢᠨ᠎ᠡ ᠰᠣᠷᠭᠤᠭ ᠵᠢᠮᠢᠰ ᠨᠣᠭᠤᠭ᠎ᠠ᠂ | ᠸᠢᠲ᠋ᠠᠮᠢᠨ ᠪᠣᠯᠣᠨ ᠡᠷᠦᠳᠡᠰᠦ ᠪᠣᠳᠠᠰ ᠪᠣᠯ ᠶᠡᠭᠡ ᠲᠠᠷᠢᠬᠢᠨ ᠳᠤ ᠳᠤᠲᠠᠭᠳᠠᠵᠤ ᠪᠣᠯᠣᠰᠢ ᠦᠭᠡᠢ ︽ ᠪᠠᠷᠢᠯᠭ᠎ᠠ ᠶᠢᠨ | ᠮᠠᠲ᠋ᠧᠷᠢᠶᠠᠯ︾ ᠮᠥᠨ᠂ ᠤᠷᠭᠤᠮᠠᠯ ᠤᠨ ᠬᠢᠮᠢ ᠶᠢᠨ ᠪᠣᠳᠠᠰ ᠨᠢ ᠶᠡᠭᠡ ᠲᠠᠷᠢᠬᠢᠨ ᠳᠤ ᠤᠴᠠᠷᠠᠭᠤᠯᠬᠤ ᠴᠢᠯᠦᠭᠡᠲᠦ | ᠡᠰ ᠤᠨ ᠬᠤᠬᠢᠷᠠᠯ ᠢ ᠡᠰᠡᠷᠭᠦᠴᠡᠵᠦ᠂ ᠴᠡᠭᠡᠵᠢᠯᠡᠬᠦ ᠴᠢᠳᠠᠪᠤᠷᠢ ᠶᠢ ᠬᠠᠮᠠᠭᠠᠯᠠᠳᠠᠭ᠃ | | |