ᠰᠢᠨᠬᠤᠸᠠ ᠬᠤᠷᠢᠶ᠎ᠠ ᠶᠢᠨ ᠪᠡᠭᠡᠵᠢᠩ ᠤᠨ 1 ᠰᠠᠷ᠎ᠠ ᠶᠢᠨ 10 ᠤ ᠴᠠᠬᠢᠯᠭᠠᠨ ᠮᠡᠳᠡᠭᠡ 1 ᠰᠠᠷ᠎ᠠ ᠶᠢᠨ 10 ᠤ | ᠦᠳᠡ ᠶᠢᠨ ᠬᠤᠶᠢᠨ᠎ᠠ᠂ ᠤᠯᠤᠰ ᠤᠨ ᠲᠡᠷᠢᠭᠦᠯᠡᠭᠴᠢ ᠰᠢ ᠶᠢᠨ ᠫᠢᠩ ᠠᠷᠠᠳ ᠤᠨ ᠶᠡᠭᠡ ᠬᠤᠷᠠᠯ ᠤᠨ ᠲᠠᠩᠬᠢᠮ ᠳᠤ ᠳᠤᠮᠳᠠᠳᠤ | ᠤᠯᠤᠰ ᠲᠤ ᠲᠥᠷᠥ ᠶᠢᠨ ᠠᠶᠢᠯᠴᠢᠯᠠᠯᠲᠠ ᠬᠢᠬᠦ ᠪᠠᠷ ᠢᠷᠡᠭᠰᠡᠨ ᠮᠠᠯᠳᠠᠶᠢᠹ ᠤᠨ ᠶᠡᠷᠦᠩᠬᠡᠶᠢᠯᠡᠭᠴᠢ ᠮᠦᠶ᠋ᠢᠽᠢ ᠲᠠᠢ ᠬᠡᠯᠡᠯᠴᠡᠭᠡ | ᠬᠢᠪᠡ᠃ ᠬᠤᠶᠠᠷ ᠤᠯᠤᠰ ᠤᠨ ᠲᠡᠷᠢᠭᠦᠨ ᠳᠤᠮᠳᠠᠳᠤ ᠮᠠᠯᠳᠠᠶᠢᠹ ᠤᠨ ᠬᠠᠷᠢᠯᠴᠠᠭ᠎ᠠ ᠶᠢ ᠪᠦᠬᠦ ᠲᠠᠯ᠎ᠠ ᠶᠢᠨ ᠪᠠᠶᠢᠯᠳᠤᠬᠤ | ᠪᠣᠳᠣᠯᠭ᠎ᠠ ᠶᠢᠨ ᠬᠠᠮᠲᠤᠷᠠᠯᠴᠠᠭᠠᠨ ᠤ ᠬᠠᠨᠢᠲᠠᠨ ᠤ ᠬᠠᠷᠢᠯᠴᠠᠭ᠎ᠠ ᠪᠣᠯᠭᠠᠨ ᠳᠡᠭᠡᠭᠰᠢᠯᠡᠭᠦᠯᠦᠨ᠎ᠡ ᠭᠡᠵᠦ ᠨᠡᠶᠢᠲᠡᠯᠡᠪᠡ᠃ | ᠰᠢ ᠶᠢᠨ ᠫᠢᠩ᠂ ᠳᠤᠮᠳᠠᠳᠤ ᠤᠯᠤᠰ ᠪᠣᠯᠣᠨ ᠮᠠᠯᠳᠠᠶᠢᠹ ᠪᠣᠯ ᠤᠯᠠᠮᠵᠢᠯᠠᠯᠲᠤ ᠨᠥᠬᠦᠷᠰᠡᠭ ᠬᠥᠷᠰᠢ ᠮᠥᠨ᠂ ᠬᠤᠶᠠᠷ | ᠤᠯᠤᠰ ᠤᠨ ᠠᠷᠠᠳ ᠲᠦᠮᠡᠨ ᠡᠷᠲᠡᠨ ᠤ ᠲᠡᠯᠡᠶ ᠳᠡᠭᠡᠷᠡᠬᠢ ᠲᠣᠷᠭᠠᠨ ᠵᠠᠮ ᠢᠶᠠᠷ ᠳᠡᠮᠵᠢᠨ ᠨᠥᠬᠦᠷᠰᠡᠭ ᠬᠠᠷᠢᠯᠴᠠᠭ᠎ᠠ | ᠪᠠᠶᠢᠭᠤᠯᠪᠠ᠃ ᠳᠤᠮᠳᠠᠳᠤ ᠮᠠᠯᠳᠠᠶᠢᠹ ᠬᠠᠷᠢᠯᠴᠠᠭ᠎ᠠ ᠪᠠᠶᠢᠭᠤᠯᠤᠭᠰᠠᠨ 52 ᠵᠢᠯ ᠤᠨ ᠲᠤᠷᠰᠢ᠂ ᠬᠤᠶᠠᠷ ᠤᠯᠤᠰ ᠢᠮᠠᠭᠲᠠ | ᠬᠠᠷᠢᠯᠴᠠᠨ ᠬᠦᠨᠳᠦᠳᠬᠡᠵᠦ᠂ ᠬᠠᠷᠢᠯᠴᠠᠨ ᠳᠡᠮᠵᠢᠵᠦ᠂ ᠶᠡᠭᠡ ᠪᠠᠭ᠎ᠠ ᠤᠯᠤᠰ ᠡᠷᠬᠡ ᠲᠡᠭᠰᠢ ᠪᠠᠷ ᠬᠠᠨᠳᠤᠯᠴᠠᠬᠤ᠂ ᠰᠠᠬᠢᠨ | ᠪᠠᠷᠠᠯᠠᠵᠤ ᠬᠠᠷᠢᠯᠴᠠᠨ ᠬᠠᠪᠰᠤᠷᠤᠯᠴᠠᠬᠤ᠂ ᠬᠠᠷᠢᠯᠴᠠᠨ ᠠᠰᠢᠭᠲᠠᠢ ᠬᠠᠮᠲᠤ ᠪᠠᠷ ᠠᠰᠢᠭ ᠬᠦᠷᠳᠡᠬᠦ ᠬᠡᠪ ᠳᠠᠭᠤᠷᠢᠶᠠᠯ ᠢ ᠪᠤᠢ | ᠪᠣᠯᠭᠠᠪᠠ᠃ ᠣᠶᠢᠷ᠎ᠠ ᠶᠢᠨ ᠵᠢᠯ ᠠᠴᠠ ᠨᠠᠭᠠᠰᠢ᠂ ᠬᠤᠶᠠᠷ ᠤᠯᠤᠰ ᠤᠨ ᠬᠠᠷᠢᠯᠴᠠᠭ᠎ᠠ ᠭᠦᠨᠵᠡᠭᠡᠶᠢᠷᠡᠨ ᠬᠥᠭᠵᠢᠵᠦ᠂ ︽ᠨᠢᠭᠡ ᠪᠦᠰᠡ | ᠨᠢᠭᠡ ᠵᠠᠮ︾ ᠢ ᠬᠠᠮᠲᠤ ᠪᠠᠷ ᠪᠦᠲᠦᠭᠡᠨ ᠪᠠᠶᠢᠭᠤᠯᠬᠤ ᠪᠠ ᠡᠯ᠎ᠡ ᠬᠦᠷᠢᠶᠡᠨ ᠳᠠᠬᠢ ᠰᠣᠯᠢᠯᠴᠠᠭ᠎ᠠ ᠬᠠᠮᠲᠤᠷᠠᠯᠴᠠᠭ᠎ᠠ ᠦᠯᠡᠮᠵᠢ | ᠦᠷ᠎ᠡ ᠪᠦᠲᠦᠭᠡᠯ ᠣᠯᠪᠠ᠃ ᠰᠢᠨ᠎ᠡ ᠪᠠᠶᠢᠳᠠᠯ ᠤᠨ ᠳᠣᠣᠷ᠎ᠠ᠂ ᠳᠤᠮᠳᠠᠳᠤ ᠮᠠᠯᠳᠠᠶᠢᠹ ᠤᠨ ᠬᠠᠷᠢᠯᠴᠠᠭ᠎ᠠ ᠤᠷᠢᠳᠤᠬᠢ ᠶᠢ | ᠵᠠᠯᠭᠠᠮᠵᠢᠯᠠᠨ ᠬᠤᠶᠢᠰᠢᠬᠢ ᠶᠢ ᠰᠡᠩᠬᠡᠷᠡᠭᠦᠯᠬᠦ᠂ ᠥᠩᠭᠡᠷᠡᠭᠰᠡᠨ ᠢ ᠵᠠᠯᠭᠠᠮᠵᠢᠯᠠᠨ ᠢᠷᠡᠭᠡᠳᠦᠢ ᠶᠢ ᠨᠡᠭᠡᠭᠡᠬᠦ ᠲᠡᠦᠬᠡᠨ ᠠᠵᠠ | ᠲᠣᠬᠢᠶᠠᠯ ᠲᠤᠯᠭᠠᠷᠠᠵᠤ ᠪᠠᠶᠢᠨ᠎ᠠ᠃ ᠳᠤᠮᠳᠠᠳᠤ ᠮᠠᠯᠳᠠᠶᠢᠹ ᠤᠨ ᠬᠠᠷᠢᠯᠴᠠᠭ᠎ᠠ ᠶᠢ ᠪᠦᠬᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ | ᠬᠠᠮᠲᠤᠷᠠᠯᠴᠠᠭᠠᠨ ᠤ ᠬᠠᠨᠢᠲᠠᠨ ᠤ ᠬᠠᠷᠢᠯᠴᠠᠭ᠎ᠠ ᠪᠣᠯᠭᠠᠨ ᠳᠡᠭᠡᠭᠰᠢᠯᠡᠭᠦᠯᠬᠦ ᠨᠢ ᠳᠤᠮᠳᠠᠳᠤ ᠮᠠᠯᠳᠠᠶᠢᠹ ᠤᠨ ᠬᠠᠷᠢᠯᠴᠠᠭᠠᠨ ᠤ | ᠬᠥᠭᠵᠢᠯᠲᠡ ᠶᠢᠨ ᠬᠡᠷᠡᠭᠴᠡᠭᠡ ᠪᠣᠯᠣᠨ ᠬᠤᠶᠠᠷ ᠤᠯᠤᠰ ᠤᠨ ᠠᠷᠠᠳ ᠲᠦᠮᠡᠨ ᠤ ᠬᠦᠰᠡᠯ ᠡᠷᠡᠮᠡᠯᠵᠡᠯ ᠳᠤ ᠨᠡᠶᠢᠴᠡᠨ᠎ᠡ᠃ | ᠳᠤᠮᠳᠠᠳᠤ ᠤᠯᠤᠰ ᠳᠤᠷᠠᠲᠠᠶ᠎ᠠ ᠮᠠᠯᠳᠠᠶᠢᠹ ᠤᠨ ᠬᠢᠨ ᠲᠠᠢ ᠬᠠᠮᠲᠤ ᠪᠠᠷ ᠡᠯ᠎ᠡ ᠬᠦᠷᠢᠶᠡᠨ ᠳᠠᠬᠢ ᠰᠣᠯᠢᠯᠴᠠᠭ᠎ᠠ | ᠬᠠᠮᠲᠤᠷᠠᠯᠴᠠᠭ᠎ᠠ ᠪᠠᠨ ᠲᠠᠰᠤᠷᠠᠯᠲᠠ ᠦᠭᠡᠢ ᠥᠷᠭᠡᠳᠬᠡᠵᠦ᠂ ᠳᠤᠮᠳᠠᠳᠤ ᠮᠠᠯᠳᠠᠶᠢᠹ ᠤᠨ ᠬᠤᠪᠢ ᠵᠠᠶᠠᠭᠠᠨ ᠤ ᠬᠠᠮᠲᠤ ᠶᠢᠨ | ᠴᠣᠭᠴᠠ ᠶᠢ ᠪᠠᠶᠢᠭᠤᠯᠬᠤ ᠪᠠᠷ ᠬᠠᠮᠲᠤ ᠪᠠᠷ ᠴᠢᠷᠮᠠᠶᠢᠨ᠎ᠠ ᠭᠡᠵᠦ ᠵᠢᠭᠠᠵᠤ ᠭᠠᠷᠭᠠᠪᠠ᠃ ᠰᠢ ᠶᠢᠨ ᠫᠢᠩ ᠳᠤᠮᠳᠠᠳᠤ ᠤᠯᠤᠰ ᠤᠨ | ᠡᠪ ᠬᠠᠮᠲᠤ ᠨᠠᠮ ᠤᠨ ᠵᠠᠭᠤᠨ ᠵᠢᠯ ᠤᠨ ᠲᠡᠮᠡᠴᠡᠯ ᠤᠨ ᠥᠩᠭᠡᠷᠡᠯᠲᠡ ᠪᠣᠯᠣᠨ ᠡᠷᠬᠢᠮ ᠨᠠᠨᠳᠢᠨ ᠲᠤᠷᠰᠢᠯᠭ᠎ᠠ ᠶᠢ ᠭᠦᠨᠵᠡᠭᠡᠢ | ᠲᠣᠳᠣᠷᠠᠭᠤᠯᠤᠨ ᠥᠭᠦᠯᠡᠪᠡ᠃ ᠰᠢ ᠶᠢᠨ ᠫᠢᠩ᠂ ᠳᠤᠮᠳᠠᠳᠤ ᠤᠯᠤᠰ ᠮᠠᠯᠳᠠᠶᠢᠹ ᠤᠨ ᠬᠢᠨ ᠤ ᠲᠤᠰ ᠤᠯᠤᠰ ᠤᠨ ᠢᠶᠠᠨ | ᠪᠠᠶᠢᠳᠠᠯ ᠳᠤ ᠨᠡᠶᠢᠴᠡᠭᠰᠡᠨ ᠬᠥᠭᠵᠢᠯᠲᠡ ᠶᠢᠨ ᠵᠠᠮ ᠢᠶᠠᠨ ᠰᠦᠪᠡᠭᠴᠢᠯᠡᠬᠦ ᠶᠢ ᠬᠦᠨᠳᠦᠳᠬᠡᠨ ᠳᠡᠮᠵᠢᠵᠦ᠂ ᠮᠠᠯᠳᠠᠶᠢᠹ ᠤᠨ ᠬᠢᠨ ᠤ | ᠤᠯᠤᠰ ᠤᠨ ᠡᠷᠬᠡ ᠮᠡᠳᠡᠯ ᠲᠤᠰᠠᠭᠠᠷ ᠲᠣᠭᠲᠠᠨᠢᠯ᠂ ᠨᠤᠲᠤᠭ ᠳᠡᠪᠢᠰᠬᠡᠷ ᠤᠨ ᠪᠦᠷᠢᠨ ᠪᠦᠲᠦᠨ᠂ ᠦᠨᠳᠦᠰᠦᠲᠡᠨ ᠤ ᠨᠡᠷ᠎ᠡ | ᠬᠦᠨᠳᠦ ᠪᠠᠨ ᠬᠠᠮᠠᠭᠠᠯᠠᠬᠤ ᠶᠢ ᠡᠷᠡᠰ ᠳᠡᠮᠵᠢᠵᠦ᠂ ᠳᠤᠷᠠᠲᠠᠶ᠎ᠠ ᠮᠠᠯᠳᠠᠶᠢᠹ ᠤᠨ ᠬᠢᠨ ᠲᠠᠢ ᠲᠦᠷᠦ ᠶᠢ ᠵᠠᠰᠠᠵᠤ ᠵᠠᠰᠠᠭ ᠢ ᠡᠷᠬᠢᠯᠡᠬᠦ | ᠲᠤᠷᠰᠢᠯᠭ᠎ᠠ ᠪᠠᠨ ᠰᠣᠯᠢᠯᠴᠠᠵᠤ᠂ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢᠨ ᠵᠣᠯᠭᠠᠯᠴᠠᠭ᠎ᠠ ᠪᠠᠨ ᠴᠢᠩᠭᠠᠳᠬᠠᠵᠤ᠂ ︽ᠨᠢᠭᠡ | ᠪᠦᠰᠡ ᠨᠢᠭᠡ ᠵᠠᠮ︾ ᠢ ᠬᠠᠮᠲᠤ ᠪᠠᠷ ᠴᠢᠨᠠᠷ ᠰᠠᠶᠢᠲᠠᠢ ᠪᠦᠲᠦᠭᠡᠨ ᠪᠠᠶᠢᠭᠤᠯᠬᠤ ᠶᠢ ᠠᠬᠢᠭᠤᠯᠵᠤ᠂ ᠳᠤᠮᠳᠠᠳᠤ ᠮᠠᠯᠳᠠᠶᠢᠹ ᠤᠨ | ᠨᠥᠬᠦᠷᠯᠡᠯ ᠳᠤ ᠰᠢᠨ᠎ᠡ ᠬᠡᠪ ᠳᠠᠭᠤᠷᠢᠶᠠᠯ ᠦᠵᠡᠭᠦᠯᠦᠨ᠎ᠡ᠃ ᠬᠤᠶᠠᠷ ᠲᠠᠯ᠎ᠠ ᠪᠠᠷ ᠢᠶᠠᠨ ᠠᠵᠤ ᠠᠬᠤᠢ ᠠᠷᠠᠯᠵᠢᠶᠠᠨ ᠤ ᠪᠡᠯᠡ | ᠣᠷᠣᠭᠤᠯᠤᠯᠲᠠ᠂ ᠬᠥᠳᠡᠭᠡ ᠠᠵᠤ ᠠᠬᠤᠢ ᠶᠢᠨ ᠬᠦᠷᠢᠶᠡᠯᠡᠩ ᠲᠣᠭᠤᠷᠢᠭ᠂ ᠳᠠᠯᠠᠢ ᠲᠠᠩᠭᠢᠰ ᠤᠨ ᠠᠵᠤ ᠠᠬᠤᠢ᠂ ᠪᠣᠬᠢᠷᠲᠤᠯ | ᠦᠭᠡᠢ ᠠᠵᠤ ᠠᠬᠤᠢ᠂ ᠲᠣᠭᠠᠴᠢᠯᠠᠭᠰᠠᠨ ᠠᠵᠤ ᠠᠬᠤᠢ ᠵᠡᠷᠭᠡ ᠬᠦᠷᠢᠶᠡᠨ ᠳᠠᠬᠢ ᠬᠠᠮᠲᠤᠷᠠᠯᠴᠠᠭ᠎ᠠ ᠪᠠᠨ ᠴᠢᠩᠭᠠᠳᠬᠠᠵᠤ᠂ ᠲᠠᠯᠠᠢ | ᠲᠠᠩᠭᠢᠰ ᠤᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠵᠡᠷᠭᠡ ᠬᠠᠮᠲᠤᠷᠠᠯᠴᠠᠭ᠎ᠠ ᠪᠠᠨ ᠥᠷᠭᠡᠳᠬᠡᠵᠦ᠂ ᠰᠣᠶᠣᠯ | ᠢᠷᠭᠡᠨᠰᠢᠯ ᠤᠨ ᠰᠣᠯᠢᠯᠴᠠᠭ᠎ᠠ ᠪᠠᠨ ᠴᠢᠩᠭᠠᠳᠬᠠᠶ᠎ᠠ᠃ ᠳᠤᠮᠳᠠᠳᠤ ᠤᠯᠤᠰ ᠤᠨ ᠬᠢᠨ ᠮᠠᠯᠳᠠᠶᠢᠹ ᠤᠨ ᠨᠡᠩ ᠤᠯᠠᠨ ᠰᠢᠯᠢᠳᠡᠭ | ᠰᠣᠷᠣᠭᠴᠢ ᠶᠢᠨ ᠳᠤᠮᠳᠠᠳᠤ ᠤᠯᠤᠰ ᠲᠤ ᠢᠷᠡᠵᠤ ᠰᠤᠷᠤᠯᠴᠠᠬᠤ ᠶᠢ ᠳᠡᠮᠵᠢᠵᠦ᠂ ᠬᠤᠶᠠᠷ ᠤᠯᠤᠰ ᠤᠨ ᠬᠤᠭᠤᠷᠣᠨᠳᠤᠬᠢ | ᠰᠢᠭᠤᠳ ᠬᠦᠷᠬᠦ ᠨᠢᠰᠬᠡᠯ ᠤᠨ ᠡᠭᠡᠯᠵᠢ ᠶᠢ ᠨᠡᠮᠡᠭᠳᠡᠭᠦᠯᠬᠦ ᠶᠢ ᠠᠬᠢᠭᠤᠯᠤᠨ᠎ᠠ ᠭᠡᠵᠦ ᠴᠢᠬᠤᠯᠠᠴᠢᠯᠠᠪᠠ᠃ | ᠰᠢ ᠶᠢᠨ ᠫᠢᠩ᠂ ᠳᠤᠮᠳᠠᠳᠤ ᠮᠠᠯᠳᠠᠶᠢᠹ ᠪᠣᠯ ᠴᠥᠮ ᠬᠥᠭᠵᠢᠵᠦ ᠪᠠᠶᠢᠭ᠎ᠠ ᠤᠯᠤᠰ ᠮᠥᠨ᠂ ᠳᠡᠯᠡᠬᠡᠢ ᠶᠢᠨ ᠪᠠ ᠭᠠᠵᠠᠷ | ᠣᠷᠣᠨ ᠤ ᠬᠡᠷᠡᠭ ᠶᠠᠪᠤᠳᠠᠯ ᠳᠤ ᠠᠳᠠᠯᠢᠪᠲᠤᠷ ᠦᠵᠡᠯᠲᠡ ᠪᠠ ᠵᠣᠭᠰᠣᠯᠲᠠ ᠲᠠᠢ ᠶᠤᠮ᠃ ᠬᠤᠶᠠᠷ ᠲᠠᠯ᠎ᠠ ᠪᠠᠷ ᠢᠶᠠᠨ ᠤᠯᠠᠨ | ᠲᠠᠯ᠎ᠠ ᠶᠢᠨ ᠣᠯᠣᠯᠴᠠᠭ᠎ᠠ ᠬᠠᠮᠵᠢᠯᠴᠠᠭ᠎ᠠ ᠪᠠᠨ ᠨᠢᠭᠲᠠᠷᠠᠭᠤᠯᠵᠤ᠂ ᠵᠢᠩᠬᠢᠨᠢ ᠤᠯᠠᠨ ᠲᠠᠯᠠᠲᠤ ᠦᠵᠡᠯ ᠪᠣᠯᠣᠨ ᠬᠥᠭᠵᠢᠵᠦ | ᠪᠠᠶᠢᠭ᠎ᠠ ᠤᠯᠤᠰ ᠤᠳ ᠤᠨ ᠬᠠᠮᠲᠤ ᠶᠢᠨ ᠠᠰᠢᠭ ᠲᠤᠰᠠ ᠶᠢ ᠬᠠᠮᠠᠭᠠᠯᠠᠵᠤ᠂ ᠬᠥᠮᠥᠨ ᠲᠥᠷᠥᠯᠬᠢᠲᠡᠨ ᠤ ᠬᠤᠪᠢ ᠵᠠᠶᠠᠭᠠᠨ ᠤ | ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢ ᠬᠠᠮᠲᠤ ᠪᠠᠷ ᠴᠢᠷᠮᠠᠶᠢᠨ ᠠᠬᠢᠭᠤᠯᠵᠤ᠂ ᠳᠡᠯᠡᠬᠡᠢ ᠳ᠋ᠠᠬᠢᠨ ᠢ ᠨᠡᠩ ᠡᠩᠬᠡ | ᠲᠠᠶᠢᠪᠤᠩ᠂ ᠨᠡᠩ ᠠᠮᠤᠷ ᠲᠦᠪᠰᠢᠨ᠂ ᠨᠡᠩ ᠬᠥᠭᠵᠢᠯ ᠴᠡᠴᠡᠭᠯᠡᠯ ᠲᠠᠢ ᠪᠣᠯᠭᠠᠶ᠎ᠠ᠃ ᠳᠤᠮᠳᠠᠳᠤ ᠤᠯᠤᠰ ᠳᠤᠷᠠᠲᠠᠶ᠎ᠠ | ᠮᠠᠯᠳᠠᠶᠢᠹ ᠤᠨ ᠬᠢᠨ ᠲᠠᠢ ᠵᠣᠬᠢᠴᠠᠭᠤᠯᠭ᠎ᠠ ᠬᠠᠮᠲᠤᠷᠠᠯᠴᠠᠭ᠎ᠠ ᠪᠠᠨ ᠴᠢᠩᠭᠠᠳᠬᠠᠵᠤ᠂ ᠤᠯᠠᠨ ᠤᠯᠤᠰ ᠤᠨ ᠬᠤᠯᠪᠣᠭᠠᠲᠤ | ᠪᠠᠶᠢᠭᠤᠯᠭ᠎ᠠ ᠶᠢᠨ ᠠᠭᠤᠷ ᠠᠮᠢᠰᠬᠤᠯ ᠤᠨ ᠬᠤᠪᠢᠷᠠᠯᠲᠠ ᠶᠢᠨ ᠳ᠋ᠦᠪᠠᠢ ᠶᠢᠨ ᠶᠡᠭᠡ ᠬᠤᠷᠠᠯ ᠠᠴᠠ ᠲᠣᠬᠢᠷᠠᠯᠴᠠᠭᠰᠠᠨ | ᠬᠠᠮᠲᠤ ᠶᠢᠨ ᠲᠠᠨᠢᠯᠲᠠ ᠶᠢ ᠨᠠᠶᠢᠳᠠᠪᠤᠷᠢᠵᠢᠭᠤᠯᠵᠤ᠂ ︽ ᠫᠠᠷᠢᠰ ᠤᠨ ᠬᠡᠯᠡᠯᠴᠡᠭᠡᠷ︾ ᠤᠨ ᠪᠦᠬᠦ ᠲᠠᠯ᠎ᠠ ᠪᠠᠷ ᠪᠦᠲᠦᠮᠵᠢᠲᠡᠢ | ᠬᠡᠷᠡᠭᠵᠢᠭᠦᠯᠦᠭᠳᠡᠬᠦ ᠶᠢ ᠠᠬᠢᠭᠤᠯᠤᠨ᠎ᠠ ᠭᠡᠵᠦ ᠵᠢᠭᠠᠵᠤ ᠭᠠᠷᠭᠠᠪᠠ᠃ | ᠮᠦᠶ᠋ᠢᠽᠢ᠂ ᠪᠢ ᠰᠠᠶᠢᠳ ᠨᠠᠷ ᠤᠨ ᠵᠥᠪᠯᠡᠯ ᠤᠨ ᠢᠶᠠᠨ ᠣᠯᠠᠨ ᠡᠷᠬᠢᠮ ᠰᠠᠶᠢᠳ ᠢᠶᠠᠨ ᠳᠠᠭᠠᠭᠤᠯᠤᠨ ᠳᠤᠮᠳᠠᠳᠤ | ᠤᠯᠤᠰ ᠲᠤ ᠠᠩᠬ᠎ᠠ ᠤᠳᠠᠭ᠎ᠠ ᠲᠦᠷᠦ ᠶᠢᠨ ᠶᠠᠪᠤᠳᠠᠯ ᠤᠨ ᠠᠶᠢᠯᠴᠢᠯᠠᠯᠲᠠ ᠬᠢᠵᠦ ᠪᠠᠶᠢᠭ᠎ᠠ ᠨᠢ ᠶᠡᠬᠡᠳᠡ ᠠᠵᠠ ᠲᠠᠢ | ᠰᠠᠨᠠᠭᠳᠠᠵᠤ᠂ ᠡᠨᠡ ᠵᠢᠯ ᠤᠨ ᠳᠤᠮᠳᠠᠳᠤ ᠤᠯᠤᠰ ᠤᠨ ᠬᠦᠯᠢᠶᠡᠨ ᠠᠪᠴᠤ ᠵᠣᠴᠢᠯᠠᠭᠰᠠᠨ ᠠᠩᠬᠠᠳᠠᠭᠴᠢ ᠭᠠᠳᠠᠭᠠᠳᠤ | ᠤᠯᠤᠰ ᠤᠨ ᠲᠡᠷᠢᠭᠦᠨ ᠪᠣᠯᠤᠭᠰᠠᠨ ᠨᠢ ᠮᠠᠨ ᠤ ᠬᠤᠶᠠᠷ ᠲᠠᠯ᠎ᠠ ᠪᠠᠷ ᠢᠶᠠᠨ ᠮᠠᠯᠳᠠᠶᠢᠹ ᠳᠤᠮᠳᠠᠳᠤ ᠶᠢᠨ ᠬᠠᠷᠢᠯᠴᠠᠭ᠎ᠠ ᠶᠢ | ᠬᠥᠭᠵᠢᠭᠦᠯᠬᠦ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ ᠪᠠᠶᠢᠬᠤ ᠶᠢ ᠭᠦᠢᠴᠡᠳ ᠬᠠᠷᠠᠭᠤᠯᠵᠤ ᠪᠠᠶᠢᠨ᠎ᠠ᠃ ᠮᠠᠯᠳᠠᠶᠢᠹ ᠤᠨ | ᠬᠢᠨ ᠨᠢᠭᠡ ᠳᠤᠮᠳᠠᠳᠤ ᠤᠯᠤᠰ ᠪᠠᠶᠢᠬᠤ ᠲᠦᠷᠦ ᠶᠢᠨ ᠪᠣᠳᠣᠯᠭ᠎ᠠ ᠶᠢ ᠭᠤᠶᠢᠪᠢᠰᠢ ᠦᠭᠡᠢ ᠬᠡᠷᠡᠭᠵᠢᠭᠦᠯᠦᠨ᠎ᠡ᠃ ᠨᠦᠭᠦᠭᠡ | ᠡᠲᠡᠭᠡᠳ ᠤᠨ ᠢᠶᠠᠨ ᠤᠯᠤᠰ ᠤᠨ ᠡᠷᠬᠡ ᠮᠡᠳᠡᠯ ᠲᠤᠰᠠᠭᠠᠷ ᠲᠣᠭᠲᠠᠨᠢᠯ ᠪᠣᠯᠣᠨ ᠨᠤᠲᠤᠭ ᠳᠡᠪᠢᠰᠬᠡᠷ ᠤᠨ ᠪᠦᠷᠢᠨ ᠪᠦᠲᠦᠨ | ᠪᠠᠶᠢᠬᠤ ᠶᠢ ᠬᠠᠮᠠᠭᠠᠯᠠᠬᠤ ᠶᠢ ᠡᠷᠡᠰ ᠳᠡᠮᠵᠢᠬᠦ ᠪᠣᠯ ᠮᠠᠯᠳᠠᠶᠢᠹ ᠳᠤᠮᠳᠠᠳᠤ ᠶᠢᠨ ᠬᠠᠷᠢᠯᠴᠠᠭ᠎ᠠ ᠶᠢᠨ ᠦᠷᠭᠦᠯᠵᠢᠯᠡᠨ ᠰᠠᠶᠢᠨ | ᠬᠥᠭᠵᠢᠬᠦ ᠶᠢᠨ ᠪᠠᠲᠤ ᠪᠠᠬᠢ ᠰᠠᠭᠤᠷᠢ ᠪᠣᠯᠣᠨ᠎ᠠ᠃ ᠡᠨᠡ ᠵᠢᠯ ᠪᠣᠯ ᠲᠡᠷᠢᠭᠦᠯᠡᠭᠴᠢ ᠰᠢ ᠶᠢᠨ ᠫᠢᠩ ᠮᠠᠯᠳᠠᠶᠢᠹ ᠲᠤ ᠲᠡᠦᠬᠡᠲᠦ | ᠴᠢᠨᠠᠷᠲᠠᠢ ᠲᠦᠷᠦ ᠶᠢᠨ ᠶᠠᠪᠤᠳᠠᠯ ᠤᠨ ᠠᠶᠢᠯᠴᠢᠯᠠᠯᠲᠠ ᠬᠢᠭᠰᠡᠨ ᠠᠷᠪᠠᠨ ᠵᠢᠯ ᠤᠨ ᠤᠢ ᠪᠣᠯᠣᠨ᠎ᠠ᠃ ᠳᠤᠮᠳᠠᠳᠤ ᠤᠯᠤᠰ | ᠮᠠᠯᠳᠠᠶᠢᠹ ᠤᠨ ᠠᠵᠤ ᠠᠬᠤᠢ ᠨᠡᠶᠢᠭᠡᠮ ᠤᠨ ᠬᠥᠭᠵᠢᠯᠲᠡ ᠳᠤ ᠶᠡᠭᠡ ᠬᠡᠮᠵᠢᠶᠡᠨ ᠤ ᠡᠷᠬᠢᠮ ᠨᠠᠨᠳᠢᠨ ᠬᠠᠪᠰᠤᠷᠤᠯᠭ᠎ᠠ ᠬᠠᠩᠭᠠᠵᠤ᠂ | ᠮᠠᠯᠳᠠᠶᠢᠹ ᠳᠤᠮᠳᠠᠳᠤ ᠶᠢᠨ ᠬᠠᠮᠲᠤᠷᠠᠯᠴᠠᠭ᠎ᠠ ᠢᠯᠠᠩᠭᠤᠶ᠎ᠠ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠲᠦᠭᠡᠨ ᠪᠠᠶᠢᠭᠤᠯᠬᠤ | ᠨᠢ ᠮᠠᠯᠳᠠᠶᠢᠹ ᠤᠨ ᠠᠷᠠᠳ ᠲᠦᠮᠡᠨ ᠳᠤ ᠮᠠᠰᠢ ᠤᠯᠠᠨ ᠠᠰᠢᠭ ᠬᠦᠷᠲᠡᠭᠡᠵᠦ᠂ ᠮᠠᠯᠳᠠᠶᠢᠹ ᠳᠤᠮᠳᠠᠳᠤ ᠶᠢᠨ ᠨᠥᠬᠦᠷᠯᠡᠯ ᠤᠨ ᠶᠡᠭᠡ | ᠬᠥᠭᠦᠷᠭᠡ ᠨᠢᠭᠡᠨᠲᠡ ᠬᠤᠶᠠᠷ ᠤᠯᠤᠰ ᠤᠨ ᠠᠷᠠᠳ ᠲᠦᠮᠡᠨ ᠤ ᠨᠥᠬᠦᠷᠯᠡᠯ ᠤᠨ ᠪᠡᠯᠭᠡ ᠲᠡᠮᠳᠡᠭ ᠪᠣᠯᠵᠠᠢ᠃ ᠪᠢ ᠲᠣᠰ ᠤᠳᠠᠭ᠎ᠠ | ᠹᠦᠵᠢᠶᠠᠨ ᠳᠤ ᠠᠶᠢᠯᠴᠢᠯᠠᠯᠲᠠ ᠬᠢᠬᠦ ᠬᠤᠭᠤᠴᠠᠭᠠᠨ ᠳᠠᠭᠠᠨ᠂ ᠳᠤᠮᠳᠠᠳᠤ ᠤᠯᠤᠰ ᠤᠨ ᠬᠥᠭᠵᠢᠯᠲᠡ ᠶᠢᠨ ᠣᠯᠣᠭᠰᠠᠨ ᠯᠤᠲᠤ | ᠶᠡᠭᠡ ᠠᠮᠵᠢᠯᠲᠠ ᠶᠢ ᠨᠢᠳᠦ ᠪᠠᠷ ᠢᠶᠠᠨ ᠦᠵᠡᠵᠦ᠂ ᠲᠡᠷᠢᠭᠦᠯᠡᠭᠴᠢ ᠰᠢ ᠶᠢᠨ ᠫᠢᠩ ᠤᠨ ᠭᠠᠷᠮᠠᠭᠠᠢ ᠤᠳᠤᠷᠢᠳᠬᠤ ᠬᠦᠴᠦᠨ ᠢ | ᠪᠡᠶ᠎ᠡ ᠪᠠᠷ ᠢᠶᠠᠨ ᠮᠡᠳᠡᠷᠡᠪᠡ᠃ ᠮᠠᠯᠳᠠᠶᠢᠹ ᠤᠨ ᠬᠢᠨ ᠪᠦᠬᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ | ᠬᠠᠨᠢᠲᠠᠨ ᠤ ᠬᠠᠷᠢᠯᠴᠠᠭ᠎ᠠ ᠶᠢ ᠪᠠᠶᠢᠭᠤᠯᠬᠤ ᠪᠠᠷ ᠠᠵᠠ ᠲᠣᠬᠢᠶᠠᠯ ᠪᠣᠯᠭᠠᠵᠤ᠂ ᠬᠤᠶᠠᠷ ᠲᠠᠯ᠎ᠠ ᠶᠢᠨ ᠬᠠᠮᠲᠤᠷᠠᠯᠴᠠᠭᠠᠨ ᠤ ᠰᠢᠨ᠎ᠡ | ᠠᠷᠭ᠎ᠠ ᠵᠠᠮ ᠢ ᠴᠢᠨᠠᠭᠰᠢᠳᠠ ᠥᠷᠭᠡᠳᠬᠡᠵᠦ᠂ ᠬᠤᠶᠠᠷ ᠲᠠᠯ᠎ᠠ ᠶᠢᠨ ᠬᠠᠷᠢᠯᠴᠠᠭᠠᠨ ᠤ ᠰᠢᠨ᠎ᠡ ᠠᠭᠤᠯᠤᠭᠳᠠᠬᠤᠨ ᠢ ᠨᠡᠮᠡᠭᠳᠡᠭᠦᠯᠵᠦ᠂ | ︽ᠨᠢᠭᠡ ᠪᠦᠰᠡ ᠨᠢᠭᠡ ᠵᠠᠮ︾ ᠢ ᠬᠠᠮᠲᠤ ᠪᠠᠷ ᠴᠢᠨᠠᠷ ᠰᠠᠶᠢᠲᠠᠢ ᠪᠦᠲᠦᠭᠡᠨ ᠪᠠᠶᠢᠭᠤᠯᠬᠤ ᠶᠢ ᠠᠬᠢᠭᠤᠯᠵᠤ᠂ ᠮᠠᠯᠳᠠᠶᠢᠹ | ᠳᠤᠮᠳᠠᠳᠤ ᠶᠢᠨ ᠬᠠᠷᠢᠯᠴᠠᠭ᠎ᠠ ᠨᠡᠩ ᠤᠯᠠᠨ ᠰᠢᠨ᠎ᠡ ᠬᠥᠭᠵᠢᠯᠲᠡ ᠲᠠᠢ ᠪᠣᠯᠬᠤ ᠶᠢ ᠠᠬᠢᠭᠤᠯᠵᠤ᠂ ᠬᠤᠶᠠᠷ ᠤᠯᠤᠰ ᠤᠨ ᠠᠷᠠᠳ | ᠲᠦᠮᠡᠨ ᠳᠤ ᠨᠡᠩ ᠤᠯᠠᠨ ᠪᠤᠶᠠᠨ ᠦᠢᠯᠡᠳᠬᠦ ᠶᠢ ᠬᠦᠰᠡᠵᠦ ᠪᠠᠶᠢᠨ᠎ᠠ᠃ ᠳᠤᠮᠳᠠᠳᠤ ᠤᠯᠤᠰ ᠤᠨ ᠬᠢᠨ ᠰᠣᠶᠣᠯ ᠢᠷᠭᠡᠨᠰᠢᠯ ᠤᠨ | ᠰᠣᠯᠢᠯᠴᠠᠭ᠎ᠠ ᠪᠠᠨ ᠠᠬᠢᠭᠤᠯᠬᠤ ᠶᠢᠨ ᠲᠥᠯᠥᠭᠡ ᠢᠳᠡᠪᠬᠢᠲᠡᠢ ᠠᠷᠭ᠎ᠠ ᠬᠡᠮᠵᠢᠶ᠎ᠡ ᠠᠪᠬᠤ ᠶᠢ ᠪᠠᠶᠠᠷᠯᠠᠨ ᠤᠭᠲᠤᠵᠤ᠂ ᠨᠡᠩ | ᠤᠯᠠᠨ ᠳᠤᠮᠳᠠᠳᠤ ᠶᠢᠨ ᠵᠢᠭᠤᠯᠴᠢᠯᠠᠭᠰᠠᠳ ᠤᠨ ᠮᠠᠯᠳᠠᠶᠢᠹ ᠲᠤ ᠬᠦᠷᠴᠦ ᠵᠢᠭᠤᠯᠴᠢᠯᠠᠬᠤ ᠶᠢ ᠬᠦᠰᠡᠵᠦ ᠪᠠᠶᠢᠨ᠎ᠠ᠃ | ᠮᠠᠯᠳᠠᠶᠢᠹ ᠤᠨ ᠬᠢᠨ ᠲᠡᠷᠢᠭᠦᠯᠡᠭᠴᠢ ᠰᠢ ᠶᠢᠨ ᠫᠢᠩ ᠤᠨ ᠳᠤᠷᠠᠳᠤᠭᠰᠠᠨ ᠪᠦᠬᠦ ᠪᠥᠮᠪᠥᠷᠴᠡᠭ ᠤᠨ ᠬᠥᠭᠵᠢᠯᠲᠡ ᠶᠢᠨ | ᠰᠠᠨᠠᠭᠠᠴᠢᠯᠠᠭ᠎ᠠ᠂ ᠪᠦᠬᠦ ᠪᠥᠮᠪᠥᠷᠴᠡᠭ ᠤᠨ ᠠᠮᠤᠷ ᠲᠦᠪᠰᠢᠨ ᠤ ᠰᠠᠨᠠᠭᠠᠴᠢᠯᠠᠭ᠎ᠠ᠂ ᠪᠦᠬᠦ ᠪᠥᠮᠪᠥᠷᠴᠡᠭ ᠤᠨ ᠪᠣᠯᠪᠠᠰᠤᠨ ᠤ | ᠰᠠᠨᠠᠭᠠᠴᠢᠯᠠᠭ᠎ᠠ ᠶᠢ ᠲᠡᠮᠵᠢᠵᠤ᠂ ᠳᠤᠷᠠᠲᠠᠶ᠎ᠠ ᠳᠤᠮᠳᠠᠳᠤ ᠤᠯᠤᠰ ᠯᠤᠭ᠎ᠠ ᠳᠡᠯᠡᠬᠡᠢ ᠶᠢᠨ ᠪᠠ ᠭᠠᠵᠠᠷ ᠣᠷᠣᠨ ᠤ ᠬᠡᠷᠡᠭ | ᠶᠠᠪᠤᠳᠠᠯ ᠳᠠᠬᠢ ᠣᠯᠣᠯᠴᠠᠭ᠎ᠠ ᠬᠠᠮᠵᠢᠯᠴᠠᠭ᠎ᠠ ᠪᠠᠨ ᠨᠢᠭᠲᠠᠷᠠᠭᠤᠯᠵᠤ᠂ ᠬᠠᠷᠢᠯᠴᠠᠨ ᠳᠡᠮᠵᠢᠬᠦ ᠪᠠᠨ ᠴᠢᠩᠭᠠᠳᠬᠠᠨ᠎ᠠ ᠭᠡᠵᠦ | ᠢᠯᠡᠳᠬᠡᠪᠡ᠃ | ᠬᠡᠯᠡᠯᠴᠡᠭᠡ ᠲᠡᠭᠦᠰᠦᠭᠰᠡᠨ ᠤ ᠲᠠᠷᠠᠭ᠎ᠠ᠂ ᠬᠤᠶᠠᠷ ᠤᠯᠤᠰ ᠤᠨ ᠲᠡᠷᠢᠭᠦᠨ ᠳᠤᠮᠳᠠᠳᠤ ᠮᠠᠯᠳᠠᠶᠢᠹ ᠤᠨ ᠪᠦᠬᠦ ᠲᠠᠯ᠎ᠠ ᠶᠢᠨ | ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠬᠠᠨᠢᠲᠠᠨ ᠤ ᠬᠠᠷᠢᠯᠴᠠᠭ᠎ᠠ ᠶᠢ ᠪᠠᠶᠢᠭᠤᠯᠬᠤ ᠠᠵᠢᠯᠯᠠᠭ᠎ᠠ ᠶᠢᠨ ᠲᠥᠯᠥᠪᠯᠡᠭᠡ | ᠵᠢᠴᠢ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠲᠦᠭᠡᠨ ᠪᠠᠶᠢᠭᠤᠯᠬᠤ᠂ ᠭᠠᠮᠰᠢᠭ ᠤᠨ ᠬᠠᠮᠢᠶᠠᠷᠤᠯᠲᠠ᠂ ᠠᠵᠤ ᠠᠬᠤᠢ | ᠮᠡᠷᠭᠡᠵᠢᠯ᠂ ᠬᠥᠬᠡ ᠥᠩᠭᠡᠲᠦ ᠠᠵᠤ ᠠᠬᠤᠢ᠂ ᠲᠣᠭᠠᠴᠢᠯᠠᠭᠰᠠᠨ ᠠᠵᠤ ᠠᠬᠤᠢ᠂ ᠪᠣᠬᠢᠷᠲᠤᠯ ᠦᠭᠡᠢ ᠬᠥᠭᠵᠢᠯᠲᠡ᠂ ᠰᠠᠭᠤᠷᠢ | ᠲᠥᠬᠦᠭᠡᠷᠦᠮᠵᠢ ᠪᠣᠯᠣᠨ ᠠᠷᠠᠳ ᠤᠨ ᠠᠮᠢᠳᠤᠷᠠᠯ ᠵᠡᠷᠭᠡ ᠬᠦᠷᠢᠶ᠎ᠡ ᠴᠠᠷᠠᠭ᠎ᠠ ᠳᠠᠬᠢ ᠤᠯᠠᠨ ᠵᠦᠢᠯ ᠤᠨ ᠬᠤᠶᠠᠷ ᠲᠠᠯ᠎ᠠ ᠶᠢᠨ | ᠬᠠᠮᠲᠤᠷᠠᠯᠴᠠᠭᠠᠨ ᠤ ᠪᠢᠴᠢᠭ ᠲᠤ ᠭᠠᠷ ᠤᠨ ᠦᠰᠦᠭ ᠵᠢᠷᠤᠬᠤ ᠶᠢ ᠬᠠᠮᠲᠤ ᠪᠠᠷ ᠭᠡᠷᠡᠴᠢᠯᠡᠪᠡ᠃ | ᠬᠡᠯᠡᠯᠴᠡᠭᠡ ᠬᠢᠬᠦ ᠠᠴᠠ ᠡᠮᠦᠨ᠎ᠡ᠂ ᠰᠢ ᠶᠢᠨ ᠫᠢᠩ ᠬᠠᠳᠤᠨ ᠫᠧᠩ ᠯᠢ ᠶᠤᠸᠠᠨ ᠲᠠᠢ ᠪᠠᠨ ᠠᠷᠠᠳ ᠤᠨ ᠶᠡᠭᠡ ᠬᠤᠷᠠᠯ ᠤᠨ | ᠲᠠᠩᠬᠢᠮ ᠤᠨ ᠬᠤᠶᠢᠲᠤ ᠶᠡᠭᠡ ᠲᠢᠩᠬᠢᠮ ᠳᠤ ᠮᠦᠶ᠋ᠢᠽᠢ ᠪᠣᠯᠣᠨ ᠬᠠᠳᠤᠨ ᠰᠠᠵᠢᠳᠠ ᠶᠢ ᠤᠭᠲᠤᠬᠤ ᠶᠣᠰᠣᠯᠠᠯ ᠶᠠᠪᠤᠭᠤᠯᠪᠠ᠃ | ᠲᠢᠶᠠᠨ ᠠᠨ ᠮᠧᠨ ᠲᠠᠯᠠᠪᠠᠢ ᠳᠤ ᠶᠣᠰᠣᠯᠠᠯ ᠤᠨ ᠫᠤᠤ ᠶᠢ 21 ᠳᠤᠤᠭᠠᠷᠭᠠᠵᠤ᠂ ᠶᠣᠰᠣᠯᠠᠯ ᠤᠨ ᠴᠡᠷᠢᠭ ᠮᠥᠷᠯᠡᠨ | ᠵᠣᠭᠰᠣᠵᠤ ᠬᠦᠨᠳᠦᠳᠬᠡᠯ ᠳᠡᠪᠰᠢᠭᠦᠯᠪᠡ᠃ ᠬᠤᠶᠠᠷ ᠤᠯᠤᠰ ᠤᠨ ᠲᠡᠷᠢᠭᠦᠨ ᠰᠢᠯᠭᠠᠨ ᠦᠵᠡᠬᠦ ᠲᠠᠶᠢᠰᠠᠨ ᠳᠤ ᠭᠠᠷᠴᠤ᠂ | ᠴᠡᠷᠢᠭ ᠤᠨ ᠬᠥᠭᠵᠢᠮ ᠤᠨ ᠪᠦᠯᠬᠦᠮ ᠳᠤᠮᠳᠠᠳᠤ ᠮᠠᠯᠳᠠᠶᠢᠹ ᠬᠤᠶᠠᠷ ᠤᠯᠤᠰ ᠤᠨ ᠰᠦᠯᠳᠡ ᠳᠠᠭᠤᠤ ᠶᠢ ᠬᠥᠭᠵᠢᠮᠳᠡᠪᠡ᠃ | ᠮᠦᠶ᠋ᠢᠽᠢ ᠰᠢ ᠶᠢᠨ ᠫᠢᠩ ᠤᠨ ᠪᠠᠷ᠎ᠠ ᠪᠤᠯᠤᠯᠭ᠎ᠠ ᠲᠠᠢ ᠪᠠᠷ ᠳᠤᠮᠳᠠᠳᠤ ᠤᠯᠤᠰ ᠤᠨ ᠠᠷᠠᠳ ᠤᠨ ᠴᠢᠯᠦᠭᠡᠯᠡᠬᠦ ᠴᠡᠷᠢᠭ ᠤᠨ | ᠶᠣᠰᠣᠯᠠᠯ ᠤᠨ ᠠᠩᠭᠢ ᠶᠢ ᠰᠢᠯᠭᠠᠨ ᠦᠵᠡᠭᠰᠡᠨ ᠪᠥᠭᠡᠳ ᠵᠢᠭᠰᠠᠭᠠᠯ ᠢ ᠰᠣᠨᠢᠷᠬᠠᠪᠠ᠃ | ᠲᠤᠰ ᠣᠷᠣᠢ᠂ ᠰᠢ ᠶᠢᠨ ᠫᠢᠩ ᠪᠣᠯᠣᠨ ᠫᠧᠩ ᠯᠢ ᠶᠤᠸᠠᠨ ᠠᠷᠠᠳ ᠤᠨ ᠶᠡᠭᠡ ᠬᠤᠷᠠᠯ ᠤᠨ ᠲᠠᠩᠬᠢᠮ ᠤᠨ ᠠᠯᠳᠠᠨ | ᠲᠢᠩᠬᠢᠮ ᠳᠤ ᠮᠦᠶ᠋ᠢᠽᠢ ᠪᠣᠯᠣᠨ ᠲᠡᠭᠦᠨ ᠤ ᠬᠠᠲᠤᠨ ᠢ ᠤᠭᠲᠤᠬᠤ ᠳᠠᠶᠢᠯᠠᠯᠭ᠎ᠠ ᠬᠢᠪᠡ᠃ | ᠸᠠᠩ ᠢ ᠳᠡᠭᠡᠷᠡᠬᠢ ᠠᠵᠢᠯᠯᠠᠭ᠎ᠠ ᠳᠤ ᠣᠷᠣᠯᠴᠠᠪᠠ᠃ | ᠮᠦᠶ᠋ᠢᠽᠢ ᠳᠤᠮᠳᠠᠳᠤ ᠤᠯᠤᠰ ᠲᠤ ᠠᠶᠢᠯᠴᠢᠯᠠᠬᠤ ᠬᠤᠭᠤᠴᠠᠭᠠᠨ ᠳᠤ᠂ ᠬᠤᠶᠠᠷ ᠲᠠᠯ᠎ᠠ ᠪᠠᠷ ᠢᠶᠠᠨ ︽ᠪᠦᠭᠦᠳᠡ ᠨᠠᠶᠢᠷᠠᠮᠳᠠᠬᠤ | ᠳᠤᠮᠳᠠᠳᠤ ᠠᠷᠠᠳ ᠤᠯᠤᠰ ᠪᠣᠯᠣᠨ ᠪᠦᠭᠦᠳᠡ ᠨᠠᠶᠢᠷᠠᠮᠳᠠᠬᠤ ᠮᠠᠯᠳᠠᠶᠢᠹ ᠤᠯᠤᠰ ᠤᠨ ᠬᠠᠮᠲᠤᠷᠠᠭᠰᠠᠨ ᠰᠣᠨᠢᠨ ᠮᠡᠳᠡᠭᠡᠨ ᠤ | ᠠᠯᠪᠠᠨ ᠮᠡᠳᠡᠭᠡ︾ ᠶᠢ ᠨᠡᠶᠢᠲᠡᠯᠡᠬᠦ ᠪᠣᠯᠣᠨ᠎ᠠ᠃ |