ᠮᠤᠩᠭᠤᠯ ᠨᠤᠲᠤᠭ ᠤᠨ ᠤᠳᠤᠨ ᠦᠯᠦᠭᠡᠢ ᠮᠦᠡᠭᠭᠡ ᠰᠤᠶᠤᠯ ᠤᠨ ᠰᠤᠳᠤᠨ ᠲᠡᠯᠡᠬᠡᠢ
ᠨᠡᠶᠢᠲᠡᠯᠡᠭᠰᠡᠨ ᠴᠠᠭ᠄
2024/10/11
       ᠨᠠᠯᠠᠭᠠᠷ ᠨᠠᠮᠥᠷ ᠤᠨ 9 ᠰᠠᠷ᠎ᠠ ᠶᠢᠨ 29 ᠤ ᠡᠳᠥᠷ᠂ ᠬᠤᠷᠴᠢᠨ ᠪᠠᠷᠠᠭᠤᠨ ᠭᠠᠷᠥᠨ ᠡᠮᠥᠨᠡᠳᠥ ᠬᠤᠰᠢᠭᠤᠨ ᠤ ᠨᠢᠭᠡᠳᠥᠭᠡᠷ ᠳᠤᠮᠳᠠᠳᠥ ᠰᠤᠷᠭᠠᠭᠤᠯᠢ ᠰᠤᠷᠭᠠᠭᠤᠯᠢ ᠪᠠᠶᠢᠭᠤᠯᠤᠭᠳᠠᠭᠰᠠᠨ 40 ᠵᠢᠯ ᠤᠨ ᠤᠢ ᠪᠠᠨ ᠭᠤᠶᠢᠳᠠ ᠰᠠᠶᠢᠬᠠᠨ ᠪᠡᠯᠭᠡᠯᠡᠯ᠎ᠠ᠃     ᠡᠮᠥᠨᠡᠳᠥ ᠬᠤᠰᠢᠭᠤᠨ ᠤ ᠨᠢᠭᠡᠳᠥᠭᠡᠷ ᠳᠤᠮᠳᠠᠳᠥ ᠰᠤᠷᠭᠠᠭᠤᠯᠢ 1984 ᠤᠨ ᠳᠤ ᠬᠤᠷᠴᠢᠨ ᠮᠤᠩᠭᠤᠯᠴᠤᠳ ᠤᠨ ᠰᠤᠶᠤᠯ ᠰᠤᠷᠭᠠᠨ ᠬᠦᠮᠥᠵᠢᠯ ᠤᠨ ᠬᠦᠰᠡᠯ ᠤᠨ ᠨᠠᠷᠠ ᠶᠢ ᠡᠷᠬᠦᠵᠤ᠂ ᠬᠢᠨᠭ᠍ᠭᠠᠨ ᠳᠠᠪᠠᠭᠠᠨ ᠤ ᠡᠮᠥᠨ᠎ᠡ ᠬᠤᠷᠮᠥᠢ᠂ ᠳᠤᠩᠭᠠᠯᠠᠭ ᠤᠷᠤᠰᠬᠠᠯᠳᠥ ᠳᠤᠭᠤᠷ ᠤᠨ ᠭᠤᠤᠯ ᠤᠨ ᠲᠡᠨᠵᠢᠨ ᠳᠤ ᠡᠷᠥᠭᠡ ᠪᠠᠨ ᠰᠡᠬᠦᠵᠤ ᠡᠬᠦᠳᠡ ᠪᠠᠨ ᠨᠡᠭᠡᠭᠡᠨ᠂ ᠲᠤᠯᠭ᠎ᠠ ᠶᠢᠨ ᠭᠠᠯ ᠢᠶᠠᠨ ᠲᠦᠷᠡᠯᠵᠡᠬᠦᠯᠥᠭᠰᠡᠨ ᠶᠤᠮ᠃       ᠰᠤᠷᠭᠠᠭᠤᠯᠢ ᠪᠠᠶᠢᠭᠤᠯᠤᠭᠳᠠᠭᠰᠠᠨ 40 ᠵᠢᠯ ᠤᠨ ᠳᠤᠷᠰᠢ᠂ ᠡᠮᠥᠨᠡᠳᠥ ᠬᠤᠰᠢᠭᠤᠨ ᠤ ᠨᠢᠭᠡᠳᠥᠭᠡᠷ ᠳᠤᠮᠳᠠᠳᠥ ᠰᠤᠷᠭᠠᠭᠤᠯᠢ ᠦᠨᠳᠥᠰᠥᠳᠡᠨ ᠤ ᠰᠤᠷᠭᠠᠨ ᠬᠦᠮᠥᠵᠢᠯ ᠤᠨ ᠥᠢᠯᠡᠰ ᠲᠤ ᠦᠯᠡᠮᠵᠢ ᠶᠡᠭᠡ ᠭᠠᠪᠢᠶ᠎ᠡ ᠵᠢᠳᠬᠦᠯ ᠦᠵᠡᠬᠦᠯᠵᠦ᠂ ᠤᠷᠤᠨ ᠨᠤᠳᠤᠭ ᠤᠨ ᠠᠵᠤ ᠠᠬᠤᠢ ᠰᠤᠶᠤᠯ ᠰᠤᠷᠭᠠᠨ ᠬᠦᠮᠥᠵᠢᠯ ᠤᠨ ᠥᠢᠯᠡᠰ ᠲᠤ ᠨᠡᠮᠡᠷᠢ ᠬᠠᠨᠳᠢᠪ ᠡᠷᠬᠦᠨ᠂ ᠮᠤᠷᠠᠯ ᠰᠤᠷᠤᠯᠭ᠎ᠠ ᠬᠤᠤᠰᠯᠠᠭᠰᠠᠨ ᠰᠢᠯᠢᠳᠡᠭ ᠰᠤᠷᠤᠭᠴᠢ ᠶᠢ ᠳᠡᠭᠡᠳᠥ ᠳᠡᠰ ᠤᠨ ᠰᠤᠷᠭᠠᠭᠤᠯᠢ ᠳᠤ ᠮᠠᠰᠢ ᠤᠯᠠᠨ ᠬᠦᠷᠭᠡᠵᠤ᠂ ᠤᠷᠤᠨ ᠨᠤᠳᠤᠭ ᠤᠨ ᠢᠶᠠᠨ ᠪᠦᠳᠥᠭᠡᠨ ᠪᠠᠶᠢᠭᠤᠯᠤᠯᠳᠠ ᠳᠤ ᠰᠢᠯᠢᠳᠡᠭ ᠴᠢᠳᠠᠪᠤᠷᠢᠳᠠᠨ ᠬᠦᠮᠥᠵᠢᠬᠦᠯᠵᠤ ᠦᠭᠴᠡᠢ᠃     ᠡᠮᠥᠨᠡᠳᠥ ᠬᠤᠰᠢᠭᠤᠨ ᠤ ᠨᠢᠭᠡᠳᠥᠭᠡᠷ ᠳᠤᠮᠳᠠᠳᠥ ᠰᠤᠷᠭᠠᠭᠤᠯᠢ ᠠᠴᠠ ᠲᠡᠭᠦᠰᠦᠭᠰᠡᠨ ᠰᠤᠷᠤᠭᠴᠢᠳ ᠤᠳᠥ ᠤᠯᠤᠰ ᠤᠨ ᠲᠤᠳᠤᠨ᠎ᠠ ᠭᠠᠳᠠᠨ᠎ᠠ ᠠᠵᠢᠯᠯᠠᠵᠤ ᠰᠤᠷᠤᠯᠴᠠᠵᠤ ᠪᠠᠶᠢᠬᠤ ᠪᠦᠭᠡᠳ ᠡᠷᠳᠡᠮ ᠰᠤᠶᠤᠯ ᠢᠶᠠᠷ ᠢᠶᠠᠨ ᠥᠢᠯᠡᠰ ᠪᠤᠰᠬᠠᠵᠤ᠂ ᠵᠠᠰᠠᠭ ᠵᠠᠬᠢᠷᠭᠠᠨ᠂ ᠤᠯᠤᠰ ᠤᠨ ᠪᠠᠶᠢᠭᠤᠯᠭ᠎ᠠ ᠳᠤ ᠠᠵᠢᠯ ᠠᠯᠪᠠ ᠬᠥᠢᠴᠡᠳᠭᠡᠨ ᠡᠬᠦᠷᠭᠡ ᠳᠤᠰᠢᠶᠠᠯ ᠬᠠᠷᠢᠭᠤᠴᠠᠵᠤ᠂ ᠡᠯ᠎ᠡ ᠲᠦᠷᠥᠯ ᠤᠨ ᠠᠵᠢᠯ ᠥᠢᠯᠡᠰ ᠤᠨ ᠰᠠᠯᠠᠭ᠎ᠠ ᠮᠦᠴᠢᠷ ᠲᠤ ᠡᠭᠡ ᠰᠤᠷᠭᠠᠭᠤᠯᠢ ᠶᠢᠨ ᠢᠶᠠᠨ ᠠᠯᠳᠠᠷ ᠨᠡᠷ᠎ᠡ ᠶᠢ ᠡᠷᠬᠦᠵᠤ ᠶᠠᠪᠤᠨ᠎ᠠ᠃     ᠭᠤᠶᠢᠳᠠ ᠰᠠᠶᠢᠬᠠᠨ ᠶᠠᠪᠤᠭᠳᠠᠭᠰᠠᠨ ᠰᠤᠷᠭᠠᠭᠤᠯᠢ ᠪᠠᠶᠢᠭᠤᠯᠤᠭᠳᠠᠭᠰᠠᠨ 40 ᠵᠢᠯ ᠤᠨ ᠤᠢ ᠪᠠᠨ ᠪᠡᠯᠡᠭᠯᠡᠬᠦ ᠶᠡᠭᠡ ᠬᠤᠷᠠᠯ ᠳᠤ ᠠᠶᠢᠮᠠᠭ ᠬᠤᠰᠢᠭᠤᠨ ᠤ ᠤᠳᠤᠷᠢᠳᠤᠯᠭ᠎ᠠ ᠨᠠᠷ ᠤᠷᠤᠯᠴᠠᠭᠰᠠᠨ ᠪᠦᠭᠡᠳ ᠡᠮᠥᠨᠡᠳᠥ ᠬᠤᠰᠢᠭᠤᠨ ᠤ ᠨᠢᠭᠡᠳᠥᠭᠡᠷ ᠳᠤᠮᠳᠠᠳᠥ ᠰᠤᠷᠭᠠᠭᠤᠯᠢ ᠶᠢᠨ 1987 ᠤᠨ ᠠᠴᠠ 2024 ᠤᠨ ᠳᠤ ᠳᠡᠬᠦᠰᠥᠭᠰᠡᠨ ᠰᠤᠷᠤᠯᠭ᠎ᠠ ᠶᠢᠨ ᠬᠠᠨᠢᠳᠠᠨ 1500 ᠭᠠᠷᠤᠢ ᠬᠦᠮᠥᠨ ᠤᠷᠤᠯᠴᠠᠵᠤ᠂ ᠦᠨᠳᠥᠰᠥᠳᠡᠨ ᠤ ᠬᠤᠪᠴᠠᠰᠥ ᠵᠠᠰᠠᠯ ᠢᠶᠠᠷ ᠢᠶᠠᠨ ᠭᠤᠶᠤᠯᠠᠨ᠂ ᠡᠭᠡ ᠰᠤᠷᠭᠠᠭᠤᠯᠢ ᠶᠢᠨ ᠢᠶᠠᠨ 40 ᠵᠢᠯ ᠤᠨ ᠤᠢ ᠶᠢ ᠬᠠᠮᠳᠥ ᠪᠠᠷ ᠪᠡᠯᠭᠡᠯᠡᠭᠰᠡᠨ ᠪᠠᠶᠢᠨ᠎ᠠ᠃     ︽ᠪᠢ ᠡᠮᠥᠨᠡᠳᠥ ᠬᠤᠰᠢᠭᠤᠨ ᠤ ᠨᠢᠭᠡᠳᠥᠭᠡᠷ ᠳᠤᠮᠳᠠᠳᠥ ᠰᠤᠷᠭᠠᠭᠤᠯᠢ ᠠᠴᠠ 2007 ᠤᠨ ᠳᠤ ᠳᠡᠬᠦᠰᠥᠭᠰᠡᠨ ᠰᠤᠷᠤᠭᠴᠢ ᠪᠤᠯᠤᠨ᠎ᠠ᠂ ᠡᠭᠡ ᠰᠤᠷᠭᠠᠭᠤᠯᠢ ᠪᠠᠶᠢᠭᠤᠯᠤᠭᠳᠠᠭᠰᠠᠨ 40 ᠵᠢᠯ ᠤᠨ ᠤᠢ ᠪᠠᠨ ᠪᠡᠯᠭᠡᠯᠡᠬᠦ ᠭᠤᠶᠢᠳᠠ ᠰᠠᠶᠢᠬᠠᠨ ᠨᠠᠶᠢᠷ ᠲᠤ ᠬᠦᠷᠥᠯᠴᠡᠨ ᠢᠷᠡᠭᠰᠡᠨ ᠳᠡᠭᠡᠨ ᠰᠡᠳᠬᠢᠯ ᠮᠠᠰᠢ ᠦᠨᠳᠥᠷ ᠪᠠᠶᠢᠨ᠎ᠠ᠃ ᠪᠢ ᠤᠳᠥ ᠡᠮᠥᠨᠡᠳᠥ ᠬᠤᠰᠢᠭᠤᠨ ᠳᠤ ᠴᠠᠭᠠᠨ ᠢᠳᠡᠭᠡᠨ ᠤ ᠥᠢᠯᠡᠰ ᠡᠷᠬᠢᠯᠡᠵᠤ ᠪᠤᠢ᠂ ᠦᠨᠥᠳᠥᠷ 80000 ᠭᠠᠷᠤᠢ ᠲᠦᠬᠦᠷᠢᠭ ᠤᠨ ᠴᠠᠭᠠᠨ ᠢᠳᠡᠭᠡᠨ ᠢᠶᠠᠨ ᠡᠭᠡ ᠰᠤᠷᠭᠠᠭᠤᠯᠢ ᠳᠠᠭᠠᠨ ᠪᠡᠯᠡᠭ ᠪᠤᠯᠭᠠᠨ ᠡᠷᠬᠦᠭᠰᠡᠨ ᠶᠤᠮ᠃ ᠡᠭᠡ ᠰᠤᠷᠭᠠᠭᠤᠯᠢ ᠶᠢᠨ ᠢᠷᠡᠬᠦ ᠮᠠᠷᠭᠠᠰᠢ ᠨᠡᠩ ᠭᠡᠭᠡᠨ ᠰᠠᠷᠠᠭᠤᠯ ᠪᠤᠯᠳᠤᠭᠠᠢ︾ ᠭᠡᠵᠤ ᠴᠤᠯᠮᠥᠨ ᠬᠡᠯᠡᠪᠡ᠃     ᠡᠮᠥᠨᠡᠳᠥ ᠬᠤᠰᠢᠭᠤᠨ ᠤ ᠨᠢᠭᠡᠳᠥᠭᠡᠷ ᠳᠤᠮᠳᠠᠳᠥ ᠰᠤᠷᠭᠠᠭᠤᠯᠢ ᠨᠡᠶᠢᠭᠡᠮ ᠨᠡᠶᠢᠳᠡ ᠪᠠ ᠰᠤᠷᠤᠭᠴᠢ ᠶᠢᠨ ᠭᠡᠷ ᠤᠨ ᠠᠬᠠᠮᠠᠳ ᠤᠨ ᠬᠦᠷᠢᠶᠡᠯᠡᠯ ᠢ ᠤᠯᠵᠤ᠂ ᠨᠠᠮ ᠵᠠᠰᠠᠭ ᠤᠨ ᠢᠳᠡᠭᠡᠯ ᠢ ᠬᠦᠷᠳᠡᠨ᠂ ᠬᠤᠰᠢᠭᠤ ᠨᠤᠳᠤᠭ ᠤᠨ ᠢᠶᠠᠨ ︽ᠮᠤᠩᠭᠤᠯ ᠰᠤᠶᠤᠯ ᠰᠤᠷᠭᠠᠨ ᠬᠦᠮᠥᠵᠢᠯ ᠤᠨ ᠳᠠᠷᠬᠠᠨ ᠭᠤᠯᠤᠮᠳᠠ︾᠂ ︽ᠮᠤᠩᠭᠤᠯ ᠡᠷᠳᠡᠮᠳᠡᠨ ᠴᠢᠳᠠᠪᠤᠷᠢᠳᠠᠨ ᠢ ᠬᠦᠮᠥᠵᠢᠬᠦᠯᠬᠦ ᠦᠯᠥᠬᠡᠢ︾ ᠭᠡᠵᠤ ᠬᠤᠯᠠ ᠤᠶᠢᠷ᠎ᠠ ᠳᠤ ᠠᠯᠳᠠᠷᠰᠢᠨ᠂ ᠤᠷᠥᠨ ᠤ ᠳᠤᠳᠤᠷᠠᠬᠢ ᠦᠨᠳᠥᠰᠥᠳᠡᠨ ᠤ ᠰᠤᠷᠭᠠᠭᠤᠯᠢ ᠶᠢᠨ ᠳᠡᠷᠢᠬᠦᠨ ᠡᠩᠨᠡᠭᠡᠨ ᠳᠤ ᠬᠤᠰᠢᠭᠤᠷᠠᠨ᠂ ᠤᠯᠤᠰ ᠤᠨ ᠳᠤᠳᠤᠨᠠᠬᠢ ᠦᠨᠳᠥᠰᠥᠳᠡᠨ ᠤ ᠰᠤᠷᠭᠠᠭᠤᠯᠢ ᠶᠢᠨ ᠡᠩᠨᠡᠭᠡᠨ ᠳᠤ ᠨᠡᠷ᠎ᠡ ᠪᠠᠨ ᠳᠡᠮᠳᠡᠭᠯᠡᠬᠦᠯᠥᠨ ᠠᠯᠳᠠᠷ ᠢᠶᠠᠨ ᠮᠠᠨᠳᠤᠭᠤᠯᠵᠦ ᠪᠤᠢ᠃      ᠡᠮᠥᠨᠡᠳᠥ ᠬᠤᠰᠢᠭᠤᠨ ᠤ ᠨᠢᠭᠡᠳᠥᠭᠡᠷ ᠳᠤᠮᠳᠠᠳᠥ ᠰᠤᠷᠭᠠᠭᠤᠯᠢ ᠨᠠᠮ ᠵᠠᠰᠠᠭ ᠤᠨ ᠬᠠᠶᠢᠷ᠎ᠠ ᠬᠠᠯᠠᠮᠵᠢᠯᠠᠯ ᠪᠠ ᠬᠡᠳᠥᠨ ᠦᠶ᠎ᠡ ᠶᠢᠨ ᠪᠠᠭᠰᠢ ᠠᠵᠢᠯᠳᠠᠳ ᠤᠨ ᠤᠶᠢᠭ᠎ᠠ ᠦᠬᠡᠢ ᠴᠢᠷᠮᠠᠶᠢᠯᠭ᠎ᠠ ᠪᠠᠷ ᠰᠤᠷᠭᠠᠭᠤᠯᠢ ᠶᠢᠨ ᠬᠢᠴᠢᠶᠡᠯ ᠬᠦᠮᠤᠵᠢᠯ ᠪᠠ ᠵᠢᠭᠠᠨ ᠰᠤᠷᠭᠠᠯᠳᠠ ᠶᠢᠨ ᠶᠠᠰᠥ ᠴᠢᠨᠠᠷ ᠵᠢᠴᠢ ᠰᠤᠷᠭᠠᠭᠤᠯᠢ ᠡᠷᠬᠢᠯᠡᠬᠦ ᠬᠢᠷᠢ ᠲᠦᠪᠰᠢᠨ ᠴᠤ ᠳᠠᠰᠤᠷᠠᠯᠳᠠ ᠦᠬᠡᠢ ᠳᠡᠭᠡᠭᠰᠢᠯᠡᠵᠤ᠂ 1990 ᠤᠨ ᠳᠤ ︽ᠪᠦᠬᠦ ᠤᠷᠤᠨ ᠤ ᠦᠨᠳᠥᠰᠥᠳᠡᠨ ᠤ ᠪᠦᠯᠬᠦᠮᠳᠡᠯ ᠳᠠᠪᠰᠢᠯᠳᠠ ᠶᠢᠨ ᠳᠡᠷᠢᠬᠦᠨ ᠤ ᠬᠠᠮᠳᠥ︾᠂ 2009 ᠤᠨ ᠳᠤ ︽ᠪᠦᠬᠦ ᠤᠯᠤᠰ ᠤᠨ ᠰᠤᠷᠭᠠᠨ ᠬᠦᠮᠥᠵᠢᠯ ᠤᠨ ᠰᠢᠰᠲ᠋ᠧᠮ ᠤᠨ ᠳᠡᠷᠢᠬᠦᠨ ᠤ ᠬᠠᠮᠳᠥ ᠨᠢᠭᠡᠴᠢ︾᠂ 2012 ᠤᠨ ᠳᠤ ︽ᠪᠦᠬᠦ ᠤᠯᠤᠰ ᠤᠨ ᠤᠨᠴᠠᠯᠢᠬᠳᠥ ᠰᠤᠷᠭᠠᠭᠤᠯᠢ︾᠂ 2014 ᠤᠨ ᠳᠤ ︽ᠪᠦᠬᠦ ᠤᠯᠤᠰ ᠤᠨ ᠵᠢᠱᠢᠶᠡᠴᠢ ᠠᠵᠢᠯᠴᠢᠨ ᠤ ᠭᠡᠷ ᠪᠦᠯᠢ︾ ᠭᠡᠬᠦ ᠮᠡᠳᠥ ᠶᠢᠨ ᠢᠷᠠᠭᠤ ᠠᠯᠳᠠᠷ ᠢᠶᠠᠷ ᠬᠠᠨ᠎ᠠ ᠪᠠᠨ ᠮᠢᠯᠢᠶᠠᠯ᠎ᠠ᠃     ᠡᠮᠥᠨᠡᠳᠥ ᠬᠤᠰᠢᠭᠤᠨ ᠤ ᠨᠢᠭᠡᠳᠥᠭᠡᠷ ᠳᠤᠮᠳᠠᠳᠥ ᠰᠤᠷᠭᠠᠭᠤᠯᠢ ᠤᠳᠤ ᠰᠢᠨ᠎ᠡ ᠳᠡᠥᠭᠡᠨ ᠭᠠᠷᠤᠭ᠎ᠠ ᠳᠤ ᠵᠤᠭᠰᠤᠵᠤ᠂ ᠤᠭ ᠰᠠᠨᠠᠭ᠎ᠠ ᠪᠠᠨ ᠦᠯᠥ ᠮᠠᠷᠳᠠᠨ᠂ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠬᠤ᠂ ᠴᠤᠴᠠᠯᠳᠠ ᠦᠬᠡᠢ ᠤᠷᠤᠭᠰᠢᠯᠠᠨ ᠳᠠᠪᠰᠢᠬᠤ ᠵᠤᠷᠢᠭ ᠰᠠᠨᠠᠭ᠎ᠠ ᠶᠢ ᠪᠠᠳᠠᠷᠠᠭᠤᠯᠵᠦ᠂ ᠰᠢᠨ᠎ᠡ ᠠᠶᠠᠨ ᠢᠶᠠᠨ ᠡᠬᠢᠯᠡᠬᠦᠯᠵᠤ᠂ ᠰᠤᠷᠭᠠᠨ ᠬᠦᠮᠥᠵᠢᠯ ᠤᠨ ᠤᠷᠳᠥ ᠠᠶᠠᠨ ᠳᠤ ᠢᠳᠡᠭᠡᠯ ᠳᠡᠬᠦᠯᠳᠡᠷ ᠡᠷᠡᠮᠡᠬᠡᠶᠢᠯᠡᠵᠦ ᠶᠠᠪᠤᠨ᠎ᠠ᠃ ︵ᠤᠷᠠᠨᠳᠤᠳᠢ  ᠱᠤᠸᠠᠩ ᠴᠢᠥᠸᠠᠨ ︶
 
ᠢᠷᠡᠯᠲᠡ᠄ ᠬᠢᠩᠭᠠᠨ ᠤ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号