ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ ᠤᠷᠭᠤᠮᠠᠯ ᠤᠨ ᠦᠢᠯᠡᠳᠪᠦᠷᠢ ᠶᠢᠨ ᠲᠥᠷᠥᠯ ᠵᠦᠢᠯ ᠤᠨ ᠶᠠᠷᠢᠯᠴᠠᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/10/12
     10 ᠰᠠᠷ᠎ᠠ ᠶᠢᠨ 10 ᠤ ᠡᠳᠦᠷ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ ᠤᠷᠭᠤᠮᠠᠯ ᠤᠨ ᠦᠢᠯᠡᠳᠪᠦᠷᠢ ᠶᠢᠨ ᠲᠥᠷᠥᠯ ᠵᠦᠢᠯ ᠤᠨ ᠶᠠᠷᠢᠯᠴᠠᠬᠤ ᠬᠤᠷᠠᠯ ᠬᠤᠷᠠᠯᠳᠤᠭᠤᠯᠵᠠᠢ᠃ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠯᠢᠦ ᠬᠠᠶ ᠲᠤᠤ᠂ ᠴᠢᠩ ᠺᠥᠩ ᠵᠢᠶᠠᠨ ᠲᠧᠦ ︵ᠱᠠᠨᠰᠢ︶ ᠡᠨᠧᠷᠭᠢ ᠶᠢᠨ ᠬᠢᠵᠠᠭᠠᠷᠲᠤ ᠺᠣᠮᠫᠠᠨᠢ ᠶᠢᠨ ᠶᠡᠷᠦᠩᠬᠡᠶ ᠳᠠᠭᠠᠭᠠᠮᠠᠯ ᠳ᠋ᠦ᠋ ᠢᠦᠶ᠂ ︵ᠳᠤᠮᠳᠠᠳᠤ ᠤᠯᠤᠰ ᠤᠨ ᠵᠠᠮ ᠬᠠᠷᠢᠯᠴᠠᠭᠠᠨ ᠤ ᠪᠦᠳᠣᠭᠡᠨ ᠪᠠᠶᠢᠭᠤᠯᠤᠯᠳᠠ ᠶᠢᠨ ᠪᠦᠯᠦᠭᠯᠡᠯ ᠤᠨ ᠬᠢᠵᠠᠭᠠᠷᠳᠣ ᠺᠤᠮᠫᠠᠨᠢ︶ ᠴᠦᠩᠴᠢᠩ ᠬᠤᠲᠠ ᠶᠢᠨ ᠤᠰᠤᠨ ᠠᠰᠢᠭᠯᠠᠯᠲᠠ ᠴᠠᠬᠢᠯᠭᠠᠨ ᠬᠦᠴᠦᠨ ᠤ ᠪᠠᠷᠢᠯᠭ᠎ᠠ ᠶᠢᠨ ᠬᠠᠶᠢᠨ ᠬᠡᠮᠵᠢᠯᠲᠡ ᠶᠢᠨ ᠵᠢᠷᠤᠭ ᠲᠥᠯᠥᠪᠯᠡᠭᠡ ᠶᠢᠨ ᠰᠤᠳᠤᠯᠭᠠᠨ ᠤ ᠬᠦᠷᠢᠶᠡᠯᠡᠩ ᠤᠨ ᠨᠠᠮ ᠤᠨ ᠬᠤᠷᠢᠶᠠᠨ ᠤ ᠱᠦᠵᠢ᠂ ᠬᠡᠷᠡᠭ ᠮᠡᠳᠡᠭᠴᠢᠳ ᠤᠨ ᠳᠠᠷᠤᠭ᠎ᠠ ᠬᠤᠸᠠᠩ ᠱᠢ᠂ ᠳᠤᠮᠳᠠᠳᠤ ᠤᠯᠤᠰ ᠤᠨ ᠲᠡᠮᠦᠷ ᠵᠠᠮ ᠤᠨ ᠴᠠᠬᠢᠯᠭᠠᠨ ᠬᠡᠢ ᠬᠢᠮᠢ ᠶᠢᠨ ᠲᠣᠪᠴᠢᠶ᠎ᠠ ᠶᠢᠨ ᠰᠢ ᠠᠨ ᠺᠣᠮᠫᠠᠨᠢ ᠶᠢᠨ ᠡᠵᠡᠩᠨᠡᠯᠲᠡ ᠨᠡᠭᠡᠭᠡᠯᠲᠡ ᠶᠢᠨ ᠬᠡᠯᠲᠡᠰ ᠤᠨ ᠬᠠᠮᠢᠶ᠎ᠠ ᠪᠥᠬᠦᠶ ᠬᠠᠷᠢᠭᠤᠴᠠᠯᠭᠠᠲᠠᠨ ᠵᠢᠴᠢ ᠬᠤᠰᠢᠭᠤᠨ ᠤ ᠰᠢᠭᠤᠳ ᠬᠠᠷᠢᠶ᠎ᠠ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠠᠷ ᠶᠠᠷᠢᠯᠴᠠᠬᠤ ᠬᠤᠷᠠᠯ ᠳᠤ ᠣᠷᠣᠯᠴᠠᠵᠠᠶ᠃     ᠶᠠᠷᠢᠯᠴᠠᠬᠤ ᠬᠤᠷᠠᠯ ᠳᠡᠭᠡᠷ᠎ᠡ᠂ ᠬᠤᠯᠪᠣᠭᠳᠠᠯ ᠪᠦᠬᠦᠢ ᠠᠵᠤ ᠠᠬᠤᠶᠢᠯᠠᠯ ᠤᠨ ᠬᠢᠨ ᠤᠷᠭᠤᠮᠠᠯ ᠤᠨ ᠦᠢᠯᠡᠳᠪᠦᠷᠢ ᠶᠢᠨ ᠲᠦᠷᠦᠯ ᠵᠦᠢᠯ ᠢ ᠠᠬᠢᠭᠤᠯᠤᠭᠰᠠᠨ ᠪᠠᠶᠢᠳᠠᠯ ᠢᠶᠠᠨ ᠲᠠᠨᠢᠯᠴᠠᠭᠤᠯᠵᠤ᠂ ᠡᠯ᠎ᠡ ᠲᠠᠯ᠎ᠠ ᠶᠢᠨ ᠬᠢᠨ ᠤᠷᠭᠤᠮᠠᠯ ᠤᠨ ᠦᠢᠯᠡᠳᠪᠦᠷᠢ ᠶᠢᠨ ᠲᠦᠷᠦᠯ ᠵᠦᠢᠯ ᠤᠨ ᠵᠢᠷᠤᠭ ᠲᠥᠯᠥᠪᠯᠡᠭᠡ᠂ ᠪᠦᠳᠦᠭᠡᠨ ᠪᠠᠶᠢᠭᠤᠯᠤᠯᠲᠠ᠂ ᠡᠵᠡᠩᠨᠡᠯᠲᠡ ᠪᠣᠯᠤᠨ ᠵᠢᠭᠠᠰᠤ᠂ ᠨᠣᠭᠤᠭ᠎ᠠ᠂ ᠡᠪᠡᠰᠦᠨ ᠤ ᠲᠥᠬᠦᠭᠡᠷᠦᠮᠵᠢ ᠶᠢᠨ ᠲᠠᠷᠢᠶᠠᠯᠠᠩ ᠵᠢᠴᠢ ᠲᠠᠷᠢᠶᠠᠯᠠᠩ ᠤᠨ ᠣᠶᠤᠨᠴᠢ ᠪᠤᠳᠤᠬᠤ ᠲᠥᠪ ᠵᠡᠷᠭᠡ ᠲᠠᠯ᠎ᠠ ᠪᠠᠷ ᠰᠠᠨᠠᠯ ᠢᠶᠠᠨ ᠭᠦᠨᠵᠡᠭᠡᠢ ᠰᠣᠯᠢᠯᠴᠠᠵᠠᠢ᠃     ᠯᠢᠦ ᠬᠠᠶ ᠲᠤᠤ᠂ ᠤᠷᠭᠤᠮᠠᠯ ᠤᠨ ᠦᠢᠯᠡᠳᠪᠦᠷᠢ ᠶᠢᠨ ᠲᠥᠷᠥᠯ ᠵᠦᠢᠯ ᠨᠢ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠲᠠᠷᠢᠶᠠᠯᠠᠩ ᠤᠨ ᠬᠥᠭᠵᠢᠯᠲᠡ ᠳᠤ ᠴᠢᠬᠤᠯᠠ ᠠᠴᠢ ᠬᠤᠯᠪᠣᠭᠳᠠᠯ ᠲᠠᠢ ᠶᠤᠮ᠂ ᠬᠤᠰᠢᠭᠤᠨ ᠤ ᠵᠠᠰᠠᠭ ᠤᠨ ᠣᠷᠳᠣᠨ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠪᠥᠬᠦ ᠬᠦᠴᠦᠨ ᠢᠶᠠᠷ ᠢᠶᠠᠨ ᠳᠡᠮᠵᠢᠵᠦ᠂ ᠠᠵᠤ ᠠᠬᠤᠶᠢᠯᠠᠯ ᠳᠤ ᠰᠠᠶᠢᠨ ᠰᠠᠶᠢᠬᠠᠨ ᠲᠥᠷᠥ ᠶᠢᠨ ᠪᠣᠳᠣᠯᠭ᠎ᠠ ᠶᠢᠨ ᠣᠷᠴᠢᠨ ᠲᠣᠭᠤᠷᠢᠨ ᠪᠠ ᠦᠢᠯᠡᠴᠢᠯᠡᠭᠡᠨ ᠤ ᠪᠠᠲᠤᠯᠠᠭ᠎ᠠ ᠬᠠᠩᠭᠠᠵᠤ᠂ ᠠᠵᠤ ᠠᠬᠤᠶᠢᠯᠠᠯ ᠢ ᠲᠥᠷᠥᠯ ᠵᠦᠢᠯ ᠤᠨ ᠪᠠᠷᠢᠯᠭ᠎ᠠ ᠶᠢᠨ ᠵᠢᠷᠤᠭ ᠲᠥᠯᠥᠪᠯᠡᠭᠡ᠂ ᠪᠠᠷᠢᠯᠭ᠎ᠠ ᠶᠢᠨ ᠵᠢᠷᠤᠭ ᠲᠥᠯᠥᠪᠯᠡᠭᠡ᠂ ᠪᠦᠲᠦᠴᠡ ᠶᠢᠨ ᠵᠢᠷᠤᠭ ᠲᠥᠯᠥᠪᠯᠡᠭᠡ ᠳᠤ ᠲᠥᠷᠥᠯ ᠵᠦᠢᠯ ᠤᠨ ᠭᠤᠤᠯᠯᠠᠬᠤ ᠣᠶᠢᠯᠠᠭᠠᠭᠳᠠᠬᠤᠨ ᠢ ᠳᠣᠪᠤᠶᠢᠯᠭᠠᠨ᠂ ᠣᠲᠣ ᠦᠶ᠎ᠡ ᠶᠢᠨ ᠲᠠᠷᠢᠶᠠᠯᠠᠩ᠂ ᠤᠶᠤᠨᠲᠤ ᠲᠠᠷᠢᠶᠠᠯᠠᠩ᠂ ᠣᠷᠴᠢᠯ ᠲᠠᠷᠢᠶᠠᠯᠠᠩ ᠪᠠ ᠰᠣᠶᠣᠯ ᠵᠢᠭᠤᠯᠴᠢᠯᠠᠯ ᠤᠨ ᠬᠦᠴᠦᠨ ᠵᠦᠢᠯ ᠢ ᠬᠠᠷᠢᠯᠴᠠᠨ ᠤᠶᠠᠯᠳᠤᠭᠤᠯᠵᠤ᠂ ᠪᠠᠷᠠᠭᠠᠯᠬᠢᠯᠠᠯ ᠤᠨ ᠴᠢᠨᠠᠷᠲᠠᠶ ᠪᠠ ᠬᠥᠲᠥᠯᠦᠨ ᠳᠠᠭᠠᠭᠤᠯᠬᠤ ᠴᠢᠨᠠᠷᠲᠠᠶ ᠲᠥᠷᠥᠯ ᠵᠦᠢᠯ ᠢ ᠪᠣᠶ ᠪᠣᠯᠭᠠᠵᠤ᠂ ᠲᠥᠬᠦᠭᠡᠷᠦᠮᠵᠢ ᠶᠢ ᠰᠣᠩᠭᠤᠬᠤ ᠲᠠᠯ᠎ᠠ ᠪᠠᠷ ᠲᠡᠷᠢᠭᠦᠨ ᠤ ᠤᠶᠤᠨᠴᠢᠯᠠᠭᠰᠠᠨ ᠠᠷᠭ᠎ᠠ ᠪᠠᠷᠢᠯ ᠢ ᠬᠡᠷᠡᠭᠯᠡᠨ᠂ ᠲᠥᠷᠥᠯ ᠵᠦᠢᠯ ᠤᠨ ᠮᠡᠷᠭᠡᠵᠢᠯ ᠤᠨ ᠪᠣᠯᠪᠠᠰᠤᠷᠠᠩᠭᠤᠶ ᠲᠣᠭᠲᠠᠭᠤᠨ ᠪᠠᠶᠢᠬᠤ ᠶᠢ ᠦᠨᠡᠨ ᠬᠦ ᠪᠠᠲᠤᠯᠠᠬᠤ ᠶᠢ ᠬᠦᠰᠡᠵᠦ ᠪᠠᠶᠢᠨ᠎ᠠ᠃ ᠵᠠᠰᠠᠭ ᠠᠵᠤ ᠠᠬᠤᠶᠢᠯᠠᠯ ᠬᠤᠶᠠᠷ ᠲᠠᠯ᠎ᠠ ᠪᠠᠷ ᠢᠶᠠᠨ ᠪᠠᠷᠢᠯᠭ᠎ᠠ ᠶᠢᠨ ᠬᠤᠭᠤᠴᠠᠭ᠎ᠠ ᠪᠠᠨ ᠲᠣᠩᠭᠤᠷᠠᠭᠤᠯᠤᠨ ᠪᠠᠶᠢᠷᠢᠯᠠᠭᠤᠯᠵᠤ᠂ ᠵᠠᠩᠭᠢᠯᠠᠭ᠎ᠠ ᠶᠢᠨ ᠴᠡᠭ ᠢ ᠠᠮᠵᠢᠨ ᠠᠳᠬᠤᠵᠤ᠂ ᠲᠥᠷᠥᠯ ᠵᠦᠢᠯ ᠢ ᠡᠷᠲᠡᠬᠡᠨ ᠨᠠᠶᠢᠳᠠᠪᠤᠷᠢᠵᠢᠭᠤᠯᠤᠨ ᠪᠠᠶᠢᠭᠤᠯᠬᠤ ᠶᠢ ᠪᠠᠲᠤᠯᠠᠵᠤ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠲᠠᠷᠢᠶᠠᠯᠠᠩ ᠤᠨ ᠬᠥᠭᠵᠢᠯᠲᠡ ᠪᠠ ᠠᠵᠤ ᠠᠬᠤᠶ ᠶᠢᠨ ᠨᠡᠮᠡᠭᠳᠡᠯ ᠳᠤ ᠬᠦᠴᠦᠨ ᠴᠢᠳᠠᠯ ᠢᠶᠠᠨ ᠡᠷᠭᠦᠬᠦ ᠬᠡᠷᠡᠭᠲᠡᠶ ᠭᠡᠵᠠᠢ᠃
 
ᠢᠷᠡᠯᠲᠡ᠄ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号