︽ᠬᠥᠬᠡᠮᠳᠦᠭ ᠨᠣᠭᠤᠭᠠᠨ ᠠᠭᠤᠯᠠ ᠤᠰᠤ ᠪᠣᠯ ᠳᠠᠷᠤᠢ ᠠᠯᠳᠠ ᠮᠥᠩᠭᠦᠨ ᠠᠭᠤᠯᠠ︾ ᠭᠡᠬᠦ ᠶᠢ ᠦᠨᠡᠨ ᠬᠦ ᠦᠢᠯᠡᠳᠦᠯᠭᠡᠵᠢᠭᠦᠯᠦᠨ᠎ᠠ
ᠨᠡᠶᠢᠲᠡᠯᠡᠭᠰᠡᠨ ᠴᠠᠭ᠄
2024/10/12
     ᠤᠶᠢᠷ᠎ᠠ ᠳᠤ᠂ ᠬᠢᠩᠭᠠᠨ ᠠᠶᠢᠮᠠᠭ ᠤᠨ ᠷᠠᠰᠢᠶᠠᠨ ᠬᠤᠳᠠ ᠶᠢᠨ ᠰᠧᠨ ᠸᠠᠩ ᠨᠡᠶᠢᠭᠡᠮ ᠲᠣᠭᠤᠷᠢᠭ ᠲᠠᠬᠢ ︽ᠦᠨᠳᠦᠰᠦᠲᠡᠨ ᠤ ᠪᠦᠯᠬᠦᠮᠳᠡᠯ ᠲᠠᠪᠰᠢᠯᠳᠠ ᠨᠡᠷᠡᠮᠵᠢᠲᠦ︾ ᠪᠢᠴᠢᠬᠠᠨ ᠭᠠᠯᠲᠤ ᠲᠡᠷᠭᠡᠨ ᠬᠤᠭᠤᠯᠠᠨ ᠭᠡᠷ ᠵᠢᠭᠤᠯᠴᠢᠯᠠᠭᠴᠢᠳ ᠤᠨ ᠠᠩᠬᠠᠷᠤᠯ ᠢ ᠤᠨᠴᠠ ᠲᠠᠳᠠᠨ᠎ᠠ᠃ ᠡᠨᠡ ᠨᠢ ᠬᠢᠲᠠᠳ ᠦᠨᠳᠦᠰᠦᠲᠡᠨ᠂ ᠮᠣᠩᠭᠤᠯ ᠦᠨᠳᠦᠰᠦᠲᠡᠨ᠂ ᠮᠠᠨᠵᠤ ᠦᠨᠳᠦᠰᠦᠲᠡᠨ ᠬᠠᠮᠳᠤᠷᠠᠨ ᠡᠵᠡᠩᠨᠡᠵᠦ ᠪᠠᠶᠢᠭ᠎ᠠ ᠤᠯᠠᠨ ᠬᠡᠷᠡᠭᠴᠡᠭᠡᠲᠦ ᠬᠤᠭᠤᠯᠠᠨ ᠭᠡᠷ ᠪᠤᠯᠤᠨ᠎ᠠ᠃ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠴᠢᠳᠠᠮᠵᠢᠳᠦ ᠣᠷᠣᠨ ᠪᠣᠯᠤᠭᠰᠠᠨ ᠬᠢᠩᠭᠠᠨ ᠠᠶᠢᠮᠠᠭ ᠠᠮᠢ ᠠᠬᠤᠢ ᠶᠢᠨ ᠪᠣᠯᠪᠠᠰᠤᠨ ᠤ ᠪᠦᠳᠦᠬᠡᠨ ᠪᠠᠶᠢᠭᠤᠯᠤᠯᠲᠠ ᠶᠢ ᠴᠢᠬᠤᠯᠠ ᠪᠠᠶᠢᠷᠢᠨ ᠳᠤ ᠲᠠᠯᠪᠢᠵᠦ᠂ ᠬᠦᠭᠵᠢᠯᠳᠡ ᠪᠠᠨ ᠲᠦᠷᠬᠡᠳᠬᠡᠨ᠂ ᠬᠥᠭᠵᠢᠭᠦᠯᠬᠦ ᠪᠠ ᠬᠠᠮᠠᠭᠠᠯᠠᠬᠤ ᠶᠢᠨ ᠬᠠᠷᠢᠴᠠᠭ᠎ᠠ ᠶᠢ ᠰᠢᠨᠵᠢᠯᠡᠬᠦ ᠤᠬᠠᠭᠠᠨᠴᠢ ᠪᠠᠷ ᠰᠢᠢᠳᠪᠦᠷᠢᠯᠡᠵᠦ᠂ ᠠᠮᠢ ᠠᠬᠤᠢ ᠶᠢᠨ ᠰᠢᠰᠲ᠋ᠧᠮ ᠢ ᠬᠠᠮᠠᠭᠠᠯᠠᠨ ᠰᠡᠷᠭᠦᠭᠡᠬᠦ ᠪᠠ ᠠᠮᠢ ᠠᠬᠤᠢ ᠪᠠᠷ ᠠᠷᠠᠳ ᠢᠶᠠᠨ ᠪᠠᠶᠠᠵᠢᠭᠤᠯᠬᠤ ᠶᠢ ᠬᠠᠷᠢᠯᠴᠠᠨ ᠤᠶᠠᠯᠳᠤᠭᠤᠯᠵᠤ᠂ ᠰᠡᠳᠭᠢᠯ ᠢᠶᠠᠨ ᠨᠢᠭᠡᠳᠭᠡᠨ ᠬᠦᠴᠦ ᠪᠠᠨ ᠬᠠᠮᠲᠤᠳᠬᠠᠵᠤ᠂ ᠠᠮᠢ ᠠᠬᠤᠢ ᠶᠢᠨ ᠳᠠᠪᠠᠭᠤᠯᠢᠭ ᠢ ᠭᠦᠢᠴᠡᠳ ᠪᠠᠳᠠᠷᠠᠭᠤᠯᠪᠠ᠃     ︽ᠠᠮᠢ ᠠᠬᠤᠶ ᠶᠢᠨ ᠤᠷᠴᠢᠨ ᠲᠤᠭᠤᠷᠢᠨ ᠢ ᠬᠠᠮᠠᠭᠠᠯᠠᠬᠤ ᠪᠣᠯ ᠵᠠᠪᠠᠯ ᠪᠡᠶᠡᠯᠡᠬᠦᠯᠬᠦ ᠬᠡᠷᠡᠭᠳᠡᠢ ᠬᠠᠲᠠᠭᠤ ᠡᠭᠦᠷᠭᠡ ᠪᠤᠯᠤᠨ᠎ᠠ︾᠃ 2002 ᠣᠨ ᠳᠤ᠂ ᠬᠢᠩᠭᠠᠨ ᠠᠶᠢᠮᠠᠭ ᠤᠨ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠳ᠋ᠠᠱᠢᠵᠠᠢ ᠪᠠᠯᠭᠠᠰᠤᠨ ᠤ ᠬᠦᠬᠡᠳᠤᠬᠤᠢ ᠭᠠᠴᠠᠭᠠᠨ ᠤ ᠨᠠᠮ ᠤᠨ ᠡᠭᠦᠷ ᠤᠨ ᠱᠦᠵᠢ ᠪᠠᠢ ᠵᠢᠤ ᠵᠢᠶᠠᠩ ᠡᠶᠢᠮᠦ ᠨᠢᠭᠡ ᠦᠭᠡ ᠬᠡᠯᠡᠵᠦ ᠥᠩᠭᠡᠷᠡᠪᠡ᠃     22 ᠵᠢᠯ ᠤᠨ ᠲᠠᠷᠠᠭ᠎ᠠ ᠪᠠᠢ ᠵᠢᠤ ᠵᠢᠶᠠᠩ᠄ ︽ᠠᠭᠤᠯᠠ ᠶᠢ ᠲᠦᠰᠢᠭᠰᠡᠨ ᠠᠴᠠ ᠪᠢᠳᠡ ᠰᠠᠶᠢᠨ ᠰᠠᠶᠢᠬᠠᠨ ᠠᠮᠢᠳᠤᠷᠠᠯ ᠢ ᠡᠳ᠋ᠯᠡᠵᠡᠢ︾ ᠭᠡᠵᠦ ᠬᠡᠯᠡᠨ᠎ᠠ᠃     ᠤᠯᠠᠨ ᠵᠢᠯ ᠤᠨ ᠳᠤᠷᠰᠢ᠂ ᠬᠦᠬᠡᠳᠤᠬᠤᠢ ᠭᠠᠴᠠᠭ᠎ᠠ ᠲᠦᠮᠡ ᠰᠢᠬᠠᠮ ᠦᠬᠡᠷ ᠬᠤᠨᠢ ᠲᠡᠵᠢᠭᠡᠵᠦ᠂ ᠠᠮᠢ ᠠᠬᠤᠢ ᠬᠦᠨᠳᠦ ᠨᠣᠴᠢᠲᠠᠢ ᠮᠠᠭᠤᠳᠠᠵᠠᠢ᠃ ᠲᠤᠰ ᠭᠠᠴᠠᠭ᠎ᠠ 2002 ᠣᠨ ᠠᠴᠠ ᠡᠬᠢᠯᠡᠨ ᠬᠠᠷᠭᠠᠨ᠎ᠠ ᠲᠠᠷᠢᠵᠦ᠂ ᠣᠳᠣᠬᠠᠨ ᠳᠤ 1.4 ᠲᠦᠮᠡᠨ ᠮᠦ ᠳᠤ ᠬᠦᠷᠭᠡᠵᠠᠢ᠃ ᠬᠠᠷᠭᠠᠨ᠎ᠠ ᠳᠤ ᠪᠦᠳᠦᠭᠦᠯᠢᠭ ᠤᠭᠤᠷᠠᠭ ᠵᠡᠷᠭᠡ ᠣᠯᠠᠨ ᠵᠦᠢᠯ ᠤᠨ ᠰᠢᠮ᠎ᠡ ᠲᠡᠵᠢᠭᠡᠯ ᠡᠭᠤᠯᠤᠭᠳᠠᠵᠦ᠂ ᠦᠬᠡᠷ ᠬᠤᠨᠢᠨ ᠤ ᠲᠡᠵᠢᠭᠡᠯ ᠪᠣᠷᠳᠤᠭ᠎ᠠ ᠪᠤᠯᠭᠠᠨ ᠪᠤᠯᠪᠠᠰᠤᠷᠠᠭᠤᠯᠵᠦ ᠪᠤᠯᠤᠨ᠎ᠠ᠃ ᠪᠠᠢ ᠵᠢᠤ ᠵᠢᠶᠠᠩ ᠲᠣᠰᠬᠤᠨ ᠤ ︽ᠬᠤᠶᠠᠷ ᠵᠥᠪᠯᠡᠯ︾ ᠤᠨ ᠭᠡᠰᠢᠭᠦᠨ ᠢ ᠵᠤᠬᠢᠶᠠᠨ ᠪᠠᠶᠢᠭᠤᠯᠤᠨ᠂ ᠬᠢᠷᠢᠨ᠂ ᠡᡁᠧᠪᠸᠢ ᠠᠴᠠ ᠲᠡᠵᠢᠭᠡᠯ ᠪᠣᠷᠳᠤᠭ᠎ᠠ ᠪᠣᠯᠪᠠᠰᠤᠷᠠᠭᠤᠯᠬᠤ ᠳᠤᠨᠤᠭ ᠲᠥᠬᠦᠭᠡᠷᠦᠮᠵᠢ ᠤᠷᠤᠭᠤᠯᠤᠨ᠂ ᠬᠠᠷᠭᠠᠨ᠎ᠠ ᠶᠢ ᠲᠡᠵᠢᠭᠡᠯ ᠪᠣᠷᠳᠤᠭ᠎ᠠ ᠪᠤᠯᠭᠠᠨ ᠪᠤᠯᠪᠠᠰᠤᠷᠠᠭᠤᠯᠵᠦ᠂ ᠲᠡᠵᠢᠭᠡᠪᠦᠷᠢ ᠶᠢᠨ ᠡᠷᠦᠬᠡ ᠳᠤ ᠬᠤᠳᠠᠯᠳᠤᠨ ᠥᠭᠴᠡᠢ᠃     ︽ᠬᠤᠨᠢᠨ ᠳᠤ ᠬᠠᠷᠭᠠᠨ᠎ᠠ ᠶᠢᠨ ᠵᠦᠢᠯ ᠨᠡᠮᠡᠵᠦ ᠢᠳᠡᠭᠦᠯᠪᠡᠯ ᠡᠷᠳᠡᠨᠢ ᠰᠢᠰᠢ᠂ ᠪᠤᠷᠴᠠᠭ ᠤᠨ ᠰᠢᠬᠠᠳᠠᠰᠤ ᠵᠡᠷᠭᠡ ᠨᠠᠷᠢᠯᠢᠭ ᠪᠣᠷᠳᠤᠭ᠎ᠠ ᠶᠢ ᠠᠷᠪᠢᠯᠠᠵᠤ᠂ 100 ᠭᠠᠷᠤᠶ ᠬᠤᠨᠢ ᠲᠡᠵᠢᠭᠡᠪᠡᠯ ᠲᠦᠮᠡ ᠭᠠᠷᠤᠶ ᠲᠥᠭᠦᠷᠢᠭ ᠠᠷᠪᠢᠯᠠᠵᠤ ᠴᠢᠳᠠᠨ᠎ᠠ︾ ᠭᠡᠵᠦ ᠬᠦᠬᠡᠳᠤᠬᠤᠢ ᠭᠠᠴᠠᠭᠠᠨ ᠤ ᠲᠠᠷᠢᠶᠠᠴᠢᠨ ᠪᠦᠦ ᠱᠦ ᠯᠢᠨ ᠪᠠᠶᠠᠷᠯᠠᠨ ᠬᠡᠯᠡᠵᠦ ᠪᠠᠶᠢᠯ᠎ᠠ᠃ ᠳᠡᠷᠡ ᠵᠠᠯᠭᠠᠭᠠᠳ ︽ᠬᠠᠷᠭᠠᠨ᠎ᠠ ᠶᠢᠨ ᠳᠡᠵᠢᠭᠡᠯ ᠪᠣᠷᠳᠤᠭ᠎ᠠ ᠪᠠᠷ ᠬᠤᠨᠢ ᠲᠡᠵᠢᠭᠡᠪᠡᠯ ᠦᠪᠡᠷ ᠤᠨ ᠦᠷᠳᠡᠭ ᠢ ᠪᠠᠭᠤᠷᠠᠭᠤᠯᠬᠤ ᠪᠠᠷ ᠪᠠᠷᠠᠬᠤ ᠦᠭᠡᠢ ᠬᠤᠨᠢᠨ ᠤ ᠮᠢᠬ᠎ᠠ ᠨᠢ ᠠᠮᠳᠠᠳᠠᠢ︾ ᠭᠡᠵᠦ ᠰᠤᠷᠪᠤᠯᠵᠢᠯᠠᠭᠴᠢ ᠳᠤ ᠳᠠᠨᠢᠯᠴᠠᠭᠤᠯᠵᠦ ᠪᠠᠶᠢᠯ᠎ᠠ᠃     ᠤᠢᠢᠷ᠎ᠠ ᠶᠢᠨ ᠵᠢᠯ ᠠᠴᠠ ᠨᠠᠭᠠᠰᠢ᠂ ᠬᠢᠩᠭᠠᠨ ᠠᠶᠢᠮᠠᠭ ᠤᠷᠢᠳ ᠬᠤᠵᠢᠳ ᠥᠪᠥᠷ ᠮᠣᠩᠭᠤᠯ ᠤᠨ ᠠᠩᠬᠠᠳᠠᠭᠴᠢ ᠤᠯᠤᠰ ᠤᠨ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠠᠶᠢᠮᠠᠭ ᠪᠠ ᠠᠩᠬᠠᠳᠠᠭᠴᠢ ᠲᠤᠰᠬᠠᠢ ᠮᠤᠵᠢ ᠣᠷᠣᠨ ᠬᠤᠳᠠ ᠶᠢᠨ ᠲᠡᠰ ᠤᠨ ︽ᠬᠥᠬᠡᠮᠳᠦᠭ ᠨᠣᠭᠤᠭᠠᠨ ᠠᠭᠤᠯᠠ ᠤᠰᠤ ᠪᠣᠯ ᠳᠠᠷᠦᠢ ᠠᠯᠳᠠ ᠮᠥᠩᠭᠦᠨ ᠠᠭᠤᠯᠠ︾ ᠭᠡᠬᠦ ᠦᠢᠯᠡᠳᠦᠯᠭᠡ ᠶᠢᠨ ᠰᠢᠨ᠎ᠡ ᠶᠢ ᠡᠭᠦᠳᠬᠦ ᠰᠠᠭᠤᠷᠢᠨ ᠭᠠᠵᠠᠷ ᠤᠨ ᠢᠷᠠᠭᠤ ᠠᠯᠳᠠᠷ ᠢ ᠬᠦᠷᠳᠡᠵᠡᠢ᠃ ᠡᠭᠦᠨ ᠤ ᠬᠠᠮᠳᠦ᠂ ᠣᠲᠣ ᠦᠶ᠎ᠡ ᠶᠢᠨ ᠮᠠᠯ ᠠᠵᠤ ᠠᠬᠤᠶ᠂ ᠲᠠᠷᠢᠶᠠᠯᠠᠩ ᠮᠠᠯ ᠠᠵᠤ ᠠᠬᠤᠶ ᠶᠢᠨ ᠪᠦᠳᠦᠬᠡᠭᠳᠡᠬᠦᠨ ᠢ ᠨᠠᠷᠢᠯᠢᠭ ᠪᠤᠯᠪᠠᠰᠤᠷᠠᠭᠤᠯᠬᠤ ᠪᠠ ᠰᠣᠶᠣᠯ ᠵᠢᠭᠤᠯᠴᠢᠯᠠᠯ ᠤᠨ ᠡᠬᠢ ᠪᠠᠶᠠᠯᠢᠭ ᠢ ᠨᠡᠭᠡᠭᠡᠨ ᠠᠰᠢᠭᠯᠠᠬᠤ ᠵᠡᠷᠭᠡ ᠠᠷᠠᠳ ᠢ ᠪᠠᠶᠠᠵᠢᠭᠤᠯᠤᠭᠰᠠᠨ ᠰᠢᠨ᠎ᠡ ᠠᠮᠵᠢᠯᠲᠠ ᠪᠦᠲᠦᠮᠵᠢ ᠶᠢ ᠳᠠᠰᠤᠷᠠᠯᠳᠠ ᠦᠬᠡᠢ ᠡᠭᠦᠳᠦᠭᠰᠡᠭᠡᠷ ᠢᠷᠡᠵᠡᠢ᠃     ᠨᠢᠳᠤᠨᠤᠨ ᠬᠢᠩᠭᠠᠨ ᠠᠶᠢᠮᠠᠭ ︽ᠤᠷᠢᠳᠠᠪᠠᠷ ᠪᠡᠯᠡᠳᠭᠡᠯ ᠬᠢᠬᠦ︾ ᠪᠠ ︽ᠪᠦᠰᠡᠯᠡᠯᠳᠡ ᠶᠢ ᠰᠢᠪᠳᠤᠯᠬᠤ︾ ᠲᠠᠯ᠎ᠠ ᠪᠠᠷ ᠰᠢᠨ᠎ᠡ ᠠᠮᠵᠢᠯᠳᠠ ᠤᠯᠵᠦ᠂ ᠰᠢᠨ᠎ᠡ ᠶᠢ ᠡᠭᠦᠳᠦᠭᠰᠡᠨ ᠬᠤᠭᠤᠴᠠᠭᠠᠲᠤ ᠪᠠᠷᠠᠭᠠᠨ ᠤ ᠬᠡᠯᠪᠡᠷᠢ ᠶᠢᠨ ᠠᠷᠠᠯᠵᠢᠶᠠᠨ ᠤ ᠵᠠᠭᠪᠤᠷ ᠢ ᠬᠡᠷᠡᠭᠯᠡᠨ᠂ ᠪᠦᠬᠦ ᠣᠷᠣᠨ ᠳᠤ ᠣᠶ ᠰᠢᠭᠤᠶ᠂ ᠨᠤᠲᠤᠭ ᠪᠡᠯᠴᠢᠭᠡᠷ ᠤᠨ ᠨᠡᠭᠦᠷᠡᠰᠦᠲᠥ᠋ᠷᠥᠭᠴᠢ ᠶᠢ ᠬᠤᠷᠠᠮᠳᠤᠭᠤᠯᠬᠤ ︽ᠬᠤᠤᠰ ᠲᠡᠷᠢᠭᠦᠨ ᠤ ᠲᠠᠩᠰᠠ︾ ᠶᠢᠨ ᠠᠷᠠᠯᠵᠢᠶ᠎ᠠ ᠶᠢ ᠡᠩ ᠲᠡᠷᠢᠭᠦᠨ ᠳᠤ ᠬᠢᠪᠡ᠃    ᠬᠢᠩᠭᠠᠨ ᠠᠶᠢᠮᠠᠭ ᠤᠨ ᠣᠶ ᠰᠢᠭᠤᠶ ᠪᠠ ᠡᠪᠡᠰᠦ ᠪᠡᠯᠴᠢᠭᠡᠷ ᠤᠨ ᠲᠣᠪᠴᠢᠶ᠎ᠠ ᠶᠢᠨ ᠬᠠᠮᠢᠶ᠎ᠠ ᠪᠥᠬᠦᠶ ᠬᠠᠷᠢᠭᠤᠴᠠᠯᠭᠠᠲᠠᠨ ᠤ ᠲᠠᠨᠢᠯᠴᠠᠭᠤᠯᠤᠭᠰᠠᠨ ᠢ ᠦᠨᠳᠦᠰᠦᠯᠡᠪᠡᠯ᠂ ᠨᠢᠳᠤᠨᠤᠨ ᠤ 10 ᠰᠠᠷ᠎ᠠ ᠳᠤ ᠨᠡᠶᠢᠲᠡᠯᠡᠭᠰᠡᠨ ︽ᠳᠤᠯᠠᠭᠠᠨ ᠬᠦᠯᠡᠮᠵᠢ ᠶᠢᠨ ᠬᠡᠶ ᠪᠡᠶᠡᠲᠦ ᠶᠢᠨ ᠭᠠᠳᠠᠭᠰᠢᠯᠠᠭᠤᠯᠤᠯᠲᠠ ᠶᠢ ᠰᠠᠶᠢᠨ ᠳᠤᠷ᠎ᠠ ᠠᠴᠠ ᠪᠠᠨ ᠪᠠᠭᠠᠰᠬᠠᠬᠤ ᠠᠷᠠᠯᠵᠢᠶᠠᠨ ᠤ ᠬᠠᠮᠢᠶᠠᠷᠤᠯᠲᠠ ᠶᠢᠨ ᠠᠷᠭ᠎ᠠ ︵ᠲᠤᠷᠰᠢᠨ ᠬᠡᠷᠡᠭᠵᠢᠭᠦᠯᠬᠦ︶︾ ᠪᠠ ︽ᠬᠦᠯᠡᠮᠵᠢ ᠶᠢᠨ ᠬᠡᠶ ᠪᠡᠶᠡᠲᠦ ᠶᠢᠨ ᠭᠠᠳᠠᠭᠰᠢᠯᠠᠭᠤᠯᠤᠯᠲᠠ ᠶᠢ ᠰᠠᠶᠢᠨ ᠳᠤᠷ᠎ᠠ ᠠᠴᠠ ᠪᠠᠨ ᠪᠠᠭᠠᠰᠬᠠᠬᠤ ᠲᠥᠷᠥᠯ ᠵᠦᠢᠯ ᠤᠨ ᠠᠷᠭ᠎ᠠ ᠵᠦᠢ — ᠣᠶᠢᠵᠢᠭᠤᠯᠤᠯᠲᠠ ︵CCER-14-001-V01︶︾ ᠶᠢ ᠦᠨᠡᠯᠡᠨ ᠵᠢᠱᠢᠬᠦ ᠪᠡᠷᠢᠮᠵᠢᠶ᠎ᠡ ᠶᠢ ᠦᠨᠳᠦᠰᠦᠯᠡᠵᠦ᠂ 5 ᠵᠢᠯ ᠨᠢᠭᠡ ᠤᠳᠠᠭ᠎ᠠ ᠬᠢᠨᠠᠨ ᠬᠡᠮᠵᠢᠵᠦ᠂ ᠬᠢᠩᠭᠠᠨ ᠠᠶᠢᠮᠠᠭ ᠤᠨ ᠨᠡᠭᠦᠷᠡᠰᠦᠲᠥ᠋ᠷᠥᠭᠴᠢ ᠬᠤᠷᠠᠮᠳᠤᠭᠤᠯᠬᠤ ᠠᠷᠠᠯᠵᠢᠶᠠᠨ ᠤ ᠦᠷᠳᠡᠭ ᠢ 1 ᠳ᠋ᠦᠩᠰᠢᠭᠤᠷ ᠲᠥᠭᠦᠷᠢᠭ ᠲᠤ ᠬᠦᠷᠭᠡᠪᠡ᠃   ᠬᠢᠩᠭᠠᠨ ᠠᠶᠢᠮᠠᠭ ᠤᠨ ᠨᠡᠭᠦᠷᠡᠰᠦᠲᠥ᠋ᠷᠥᠭᠴᠢ ᠶᠢ ᠬᠤᠷᠠᠮᠳᠤᠭᠤᠯᠬᠤ ᠠᠵᠢᠯ ᠨᠢ ᠨᠢᠭᠡ ᠬᠤᠳᠠ ᠨᠢᠭᠡ ᠭᠠᠵᠠᠷ ᠢᠶᠠᠷ ᠬᠢᠵᠠᠭᠠᠷᠯᠠᠭᠰᠠᠨ ᠪᠢᠰᠢ᠂ ᠬᠠᠷᠢᠨ ᠤᠢ ᠰᠢᠭᠤᠢ ᠶᠢᠨ ᠠᠵᠦ ᠦᠢᠯᠡᠰ ᠤᠨ ᠴᠢᠬᠤᠯᠠ ᠨᠢᠬᠡ ᠲᠤᠯᠭᠠᠭᠤᠷᠢᠯᠠᠯ ᠪᠤᠯᠬᠤ ᠨᠡᠭᠦᠷᠡᠰᠦᠲᠥ᠋ᠷᠥᠭᠴᠢ ᠶᠢ ᠬᠤᠷᠠᠮᠳᠤᠭᠤᠯᠬᠤ ᠲᠤᠷᠰᠢᠯᠲᠠ ᠶᠢᠨ ᠴᠡᠭ ᠤᠨ ᠪᠦᠳᠦᠬᠡᠨ ᠪᠠᠶᠢᠭᠤᠯᠤᠯᠳᠠ ᠶᠢ ᠰᠠᠶᠢᠳᠤᠷ ᠬᠢᠵᠦ᠂ ᠷᠠᠰᠢᠶᠠᠨ ᠬᠤᠳᠠ ᠪᠣᠯᠤᠨ ᠲᠦᠴᠢᠦᠸᠠᠨ ᠰᠢᠶᠠᠨ ᠢ ᠲᠤᠷᠰᠢᠯᠳᠡ ᠶᠢᠨ ᠴᠡᠭ ᠢᠶᠠᠷ ᠰᠤᠩᠭᠤᠵᠠᠢ᠃ ᠷᠠᠰᠢᠶᠠᠨ ᠬᠤᠳᠠ ᠶᠢᠨ ᠳ᠋ᠤᠯᠠᠷ ᠤᠢ ᠰᠢᠭᠤᠢ ᠶᠢᠨ ᠲᠠᠯᠠᠪᠠᠢ ᠶᠢᠨ ᠤᠢ ᠮᠣᠳᠣᠨ ᠤ ᠡᠷᠬᠡ ᠶᠢ ᠲᠤᠳᠤᠷᠬᠠᠶᠢᠯᠠᠬᠰᠠᠨ ᠠᠴᠠ ᠨᠡᠭᠦᠷᠡᠰᠦᠲᠥ᠋ᠷᠥᠭᠴᠢ ᠶᠢ ᠬᠤᠷᠠᠮᠳᠤᠭᠤᠯᠬᠤ ᠲᠤᠷᠰᠢᠯᠲᠠ ᠶᠢᠨ ᠴᠡᠭ ᠤᠨ ᠠᠵᠢᠯ ᠢ ᠲᠦᠷᠭᠡᠨ ᠠᠬᠢᠭᠤᠯᠬᠤ ᠳᠤ ᠠᠰᠢᠭᠲᠠᠢ ᠨᠦᠬᠦᠴᠡᠯ ᠢ ᠪᠦᠷᠢᠯᠳᠦᠬᠦᠯᠵᠦ ᠦᠭᠬᠦᠭᠰᠡᠨ ᠪᠠᠶᠢᠯ᠎ᠠ᠃ ᠲᠦᠴᠢᠦᠸᠠᠨ ᠰᠢᠶᠠᠨ ᠤᠢ ᠮᠤᠳᠤᠨ ᠤ ᠥᠮᠴᠢᠯᠡᠯ ᠤᠨ ᠡᠷᠬᠡ ᠶᠢ ᠤᠯᠠᠨ ᠡᠰᠢᠵᠢᠬᠦᠯᠵᠤ᠂ ᠨᠡᠭᠦᠷᠡᠰᠦᠲᠥ᠋ᠷᠥᠭᠴᠢ ᠶᠢ ᠬᠤᠷᠠᠮᠳᠤᠭᠤᠯᠬᠤ ᠶᠠᠪᠤᠴᠠ ᠳᠤ ᠤᠯᠠᠨ ᠲᠤᠷᠰᠢᠯᠭ᠎ᠠ ᠬᠤᠷᠠᠮᠳᠤᠭᠤᠯᠤᠭᠠᠳ ᠪᠤᠰᠤᠳ ᠭᠠᠵᠠᠷ ᠤᠷᠤᠨ ᠳᠤ ᠬᠠᠭᠤᠯᠪᠤᠷᠢᠯᠠᠵᠤ ᠪᠣᠯᠬᠤ ᠦᠯᠢᠭᠡᠷ ᠵᠢᠱᠢᠶ᠎ᠡ ᠦᠵᠡᠭᠦᠯᠦᠨ᠂ ᠪᠦᠬᠦ ᠠᠶᠢᠮᠠᠭ ᠴᠢᠨᠠᠭᠰᠢᠯᠠᠪᠠᠯ ᠪᠦᠬᠦ ᠣᠷᠣᠨ ᠲᠤᠳᠤᠷ᠎ᠠ ᠲᠡᠯᠭᠡᠷᠡᠭᠦᠯᠵᠦ ᠪᠤᠯᠤᠮᠠᠷ ᠦᠯᠢᠭᠡᠷ ᠵᠢᠱᠢᠶ᠎ᠡ ᠪᠤᠯᠤᠬᠰᠠᠨ ᠶᠤᠮ᠃     ᠨᠢᠳᠤᠨᠤᠨ ᠬᠢᠩᠭᠠᠨ ᠠᠶᠢᠮᠠᠭ ︽ᠨᠡᠭᠦᠷᠡᠰᠦᠲᠥ᠋ᠷᠥᠭᠴᠢ ᠶᠢ ᠬᠤᠷᠠᠮᠳᠤᠭᠤᠯᠬᠤ ᠴᠢᠳᠠᠪᠤᠷᠢ ᠶᠢ ᠳᠡᠭᠡᠭᠰᠢᠯᠡᠭᠦᠯᠬᠦ + ᠡᠬᠢ ᠪᠠᠶᠠᠯᠢᠭ ᠢ ᠴᠢᠩᠭ᠎ᠠ ᠬᠠᠮᠢᠶᠠᠷᠬᠤ + ᠲᠦᠷᠭᠡᠨ ᠪᠥᠭᠡᠳ ᠡᠮᠬᠢ ᠳᠢᠭᠯᠢᠮ ᠲᠠᠢ ᠨᠡᠭᠡᠭᠡᠨ ᠬᠥᠭᠵᠢᠭᠦᠯᠬᠦ︾ ᠤᠢ ᠰᠢᠭᠤᠢ ᠡᠪᠡᠰᠦ ᠪᠡᠯᠴᠢᠭᠡᠷ ᠤᠨ ᠨᠡᠭᠦᠷᠡᠰᠦᠲᠥ᠋ᠷᠥᠭᠴᠢ ᠶᠢ ᠬᠤᠷᠠᠮᠳᠤᠭᠤᠯᠬᠤ ᠲᠦᠷᠢᠮ ᠤᠨ ᠰᠢᠰᠲ᠋ᠧᠮ ᠢ ᠪᠠᠶᠢᠭᠤᠯᠵᠤ᠂ ︽ᠬᠢᠩᠭᠠᠨ ᠠᠶᠢᠮᠠᠭ ᠤᠨ ᠣᠶ ᠰᠢᠭᠤᠶ ᠨᠤᠲᠤᠭ ᠪᠡᠯᠴᠢᠭᠡᠷ ᠨᠤᠭᠤ ᠭᠠᠵᠠᠷ ᠤᠨ ᠨᠡᠭᠦᠷᠡᠰᠦᠲᠥ᠋ᠷᠥᠭᠴᠢ ᠶᠢ ᠬᠤᠷᠠᠮᠳᠤᠭᠤᠯᠬᠤ ᠴᠢᠳᠠᠪᠤᠷᠢ ᠶᠢ ᠪᠠᠬᠢᠵᠢᠭᠦᠯᠦᠨ ᠳᠡᠭᠡᠭᠰᠢᠯᠡᠭᠦᠯᠬᠦ ᠲᠥᠰᠦᠯ︾ ᠵᠡᠷᠭᠡ ᠣᠯᠠᠨ ᠲᠤᠰᠬᠠᠶ ᠵᠦᠢᠯ ᠤᠨ ᠲᠦᠷᠢᠮ ᠢ ᠰᠢᠨ᠎ᠡ ᠪᠠᠷ ᠵᠤᠬᠢᠶᠠᠨ ᠨᠠᠶᠢᠷᠠᠭᠤᠯᠵᠦ᠂ ᠬᠢᠩᠭᠠᠨ ᠠᠶᠢᠮᠠᠭ ᠤᠨ ᠣᠶ ᠰᠢᠭᠤᠶ ᠡᠪᠡᠰᠦ ᠪᠡᠯᠴᠢᠭᠡᠷ ᠤᠨ ᠠᠮᠢ ᠠᠬᠤᠶ ᠶᠢ ᠬᠠᠮᠠᠭᠠᠯᠠᠨ ᠰᠡᠷᠭᠦᠭᠡᠬᠦ ᠡᠷᠴᠢᠮ ᠢ ᠴᠢᠩᠭᠠᠷᠠᠭᠤᠯᠤᠨ᠂ ᠣᠶ ᠰᠢᠭᠤᠶ ᠨᠤᠳᠤᠭ ᠪᠡᠯᠴᠢᠭᠡᠷ ᠨᠤᠭᠤ ᠭᠠᠵᠠᠷ ᠤᠨ ᠨᠡᠭᠦᠷᠡᠰᠦᠲᠥ᠋ᠷᠥᠭᠴᠢ ᠶᠢ ᠬᠤᠷᠠᠮᠳᠤᠭᠤᠯᠬᠤ ᠴᠢᠳᠠᠪᠤᠷᠢ ᠶᠢ ᠦᠷᠭᠦᠯᠵᠢᠯᠡᠨ ᠳᠡᠭᠡᠭᠰᠢᠯᠡᠭᠦᠯᠵᠦ᠂ ᠣᠶ ᠰᠢᠭᠤᠢ ᠨᠤᠳᠤᠭ ᠪᠡᠯᠴᠢᠭᠡᠷ ᠤᠨ ᠨᠡᠭᠦᠷᠡᠰᠦᠲᠥ᠋ᠷᠥᠭᠴᠢ ᠶᠢ ᠬᠤᠷᠠᠮᠳᠤᠭᠤᠯᠬᠤ ᠨᠡᠭᠡᠭᠡᠨ ᠬᠥᠭᠵᠢᠭᠦᠯᠬᠦ ᠠᠷᠠᠯᠵᠢᠶ᠎ᠠ ᠶᠢ ᠲᠦᠷᠭᠡᠨ ᠠᠬᠢᠭᠤᠯᠬᠤ ᠳᠤ ᠵᠢᠷᠤᠮᠵᠢᠭᠰᠠᠨ ᠲᠦᠷᠢᠮ ᠤᠨ ᠪᠠᠲᠤᠯᠠᠭ᠎ᠠ ᠬᠠᠩᠭᠠᠭᠰᠠᠨ ᠪᠠᠶᠢᠨ᠎ᠠ᠃      ︽ᠳᠤᠰ ᠳᠦᠷᠢᠮ ᠤᠨ ᠰᠢᠰᠲ᠋ᠧᠮ ᠤᠨ ᠬᠦᠴᠦᠳᠠᠢ ᠲᠤᠯᠭᠠᠭᠤᠷᠢᠯᠠᠯ ᠲᠤᠤᠷ᠎ᠠ᠂ ᠨᠡᠭᠦᠷᠡᠰᠦᠲᠥ᠋ᠷᠥᠭᠴᠢ ᠶᠢ ᠬᠤᠷᠠᠮᠳᠤᠭᠤᠯᠬᠤ ᠠᠵᠢᠯ ᠤᠨ ᠴᠢᠳᠠᠪᠤᠷᠢ ᠶᠢ ᠳᠡᠭᠡᠭᠰᠢᠯᠡᠭᠦᠯᠵᠦ᠂ ︿ᠭᠤᠷᠪᠠᠨ ᠤᠮᠠᠷᠠᠲᠤ﹀ ᠶᠢᠨ ᠬᠠᠯᠬᠠᠪᠴᠢ ᠣᠶ ᠶᠢᠨ ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ ᠢ ᠨᠡᠭᠦᠷᠡᠰᠦᠲᠥ᠋ᠷᠥᠭᠴᠢ ᠶᠢ ᠬᠤᠷᠠᠮᠳᠤᠭᠤᠯᠬᠤ ᠠᠵᠢᠯ ᠲᠠᠢ ᠤᠷᠭᠠᠨᠢᠭ ᠢᠶᠠᠷ ᠤᠶᠠᠯᠳᠤᠭᠤᠯᠵᠦ᠂ ᠨᠢᠭᠡᠳᠦᠯᠲᠡᠶ ᠬᠠᠮᠢᠶᠠᠷᠬᠤ᠂ ᠨᠢᠭᠡᠳᠦᠯᠲᠡᠶ ᠨᠡᠭᠡᠭᠡᠨ ᠬᠥᠭᠵᠢᠭᠦᠯᠬᠦ᠂ ᠨᠢᠭᠡᠳᠦᠯᠲᠡᠶ ᠪᠣᠷᠣᠯᠠᠭᠤᠯᠬᠤ ︿ᠭᠤᠷᠪᠠᠨ ᠨᠢᠬᠡᠳᠤᠯ﹀ ᠢ ᠪᠡᠶᠡᠯᠡᠭᠦᠯᠵᠦ᠂ ᠤᠢ ᠰᠢᠭᠤᠢ ᠨᠤᠳᠤᠭ ᠪᠡᠯᠴᠢᠬᠡᠷ ᠨᠤᠭᠤ ᠭᠠᠵᠠᠷ ᠤᠨ ᠨᠡᠭᠦᠷᠡᠰᠦᠲᠥ᠋ᠷᠥᠭᠴᠢ ᠶᠢ ᠠᠷᠠᠯᠵᠢᠶᠠᠯᠠᠬᠤ ᠵᠠᠬ᠎ᠠ ᠲᠡᠯᠬᠡᠬᠦᠷ ᠤᠨ ᠵᠢᠮ᠎ᠡ ᠶᠤᠰᠤ ᠬᠡᠪ ᠵᠠᠭᠪᠤᠷ ᠢ ᠦᠨᠡᠨᠬᠦ ᠵᠢᠷᠤᠮᠯᠡᠵᠦ᠂ ᠤᠯᠤᠰ ᠤᠨ ᠥᠮᠴᠢᠯᠡᠯ ᠤᠨ ᠨᠠᠨᠳᠢᠨ ᠡᠳ᠋ ᠬᠥᠷᠥᠩᠭᠡ ᠶᠢᠨ ᠨᠢᠬᠡ ᠪᠤᠯᠬᠤ ᠬᠢᠨᠭ᠍ᠭᠠᠨ ᠠᠶᠢᠮᠠᠭ ᠤᠨ ᠤᠢ ᠰᠢᠭᠤᠢ ᠨᠤᠳᠤᠭ ᠪᠡᠯᠴᠢᠬᠡᠷ ᠨᠤᠭᠤ ᠭᠠᠵᠠᠷ ᠤᠨ ᠨᠡᠭᠦᠷᠡᠰᠦᠲᠥ᠋ᠷᠥᠭᠴᠢ ᠠᠯᠳᠠᠭᠳᠠᠨ ᠭᠡᠭᠡᠭᠳᠡᠬᠦ ᠠᠶᠤᠯ ᠲᠦᠭᠰᠢᠭᠦᠷᠢ ᠶᠢ ᠪᠢᠳᠡ ᠯᠠᠪᠳᠠᠢ ᠪᠦᠲᠦᠮᠵᠢᠲᠡᠶ ᠰᠡᠷᠭᠡᠶᠢᠯᠡᠵᠦ ᠴᠢᠳᠠᠨ᠎ᠠ︾ ᠭᠡᠵᠦ ᠬᠢᠩᠭᠠᠨ ᠠᠶᠢᠮᠠᠭ ᠤᠨ ᠤᠢ ᠰᠢᠭᠤᠢ ᠪᠠ ᠨᠤᠳᠤᠭ ᠪᠡᠯᠴᠢᠭᠡᠷ ᠤᠨ ᠳᠤᠪᠴᠢᠶ᠎ᠠ ᠶᠢᠨ ᠳᠥᠷᠪᠡᠳᠦᠭᠡᠷ ᠳᠡᠰ ᠤᠨ ᠪᠠᠶᠢᠴᠠᠭᠠᠨ ᠰᠤᠳᠤᠯᠤᠭᠴᠢ ᠸᠠᠩ ᠵᠢᠤᠸᠠᠢ ᠸᠧᠢ ᠢᠯᠡᠷᠬᠡᠶᠢᠯᠡᠵᠦ ᠪᠠᠶᠢᠯ᠎ᠠ᠃
 
ᠢᠷᠡᠯᠲᠡ᠄ ᠬᠢᠩᠭᠠᠨ ᠤ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号