ᠰᠢ ᠶᠢᠨ ᠫᠢᠩ ᠳᠤᠮᠳᠠᠳᠤ ᠤᠯᠤᠰ ᠤᠨ ᠤᠯᠠᠨ ᠤᠯᠤᠰ ᠯᠤᠭ᠎ᠠ ᠨᠥᠭᠦᠷᠰᠡᠭ ᠢᠶᠠᠷ ᠬᠠᠷᠢᠯᠴᠠᠬᠤ ᠶᠡᠭᠡ ᠬᠤᠷᠠᠯ ᠵᠢᠴᠢ ᠳᠤᠮᠳᠠᠳᠤ ᠤᠯᠤᠰ ᠤᠨ ᠠᠷᠠᠳ ᠲᠦᠮᠡᠨ ᠤ ᠭᠠᠳᠠᠭᠠᠳᠤ ᠲᠠᠢ ᠨᠥᠭᠦᠷᠰᠡᠭ ᠢᠶᠠᠷ ᠬᠠᠷᠢᠯᠴᠠᠬᠤ ᠨᠡᠶᠢᠭᠡᠮᠯᠢᠭ ᠪᠠᠶᠢᠭᠤᠯᠤᠭᠳᠠᠭᠰᠠᠨ 70 ᠵᠢᠯ ᠤᠨ ᠤᠢ ᠶᠢ ᠳᠤᠷᠠᠰᠬᠠᠬᠤ ᠠᠵᠢᠯᠯᠠᠭ᠎ᠠ ᠳᠤ ᠣᠷᠣᠯᠴᠠᠬᠰᠠᠨ ᠭᠠᠳᠠᠭᠠᠳᠤ ᠶᠢᠨ ᠵᠣᠴᠢᠳ ᠲᠠᠢ ᠠᠭᠤᠯᠵᠠᠪᠠ
ᠨᠡᠶᠢᠲᠡᠯᠡᠭᠰᠡᠨ ᠴᠠᠭ᠄
2024/10/12
        ᠰᠢᠨᠬᠤᠸᠠ ᠬᠤᠷᠢᠶ᠎ᠠ ᠶᠢᠨ ᠪᠡᠭᠡᠵᠢᠩ ᠤᠨ 10 ᠰᠠᠷ᠎ᠠ ᠶᠢᠨ 11 ᠤ ᠴᠠᠭᠢᠯᠭᠠᠨ ᠮᠡᠳᠡᠭᠡ 10 ᠰᠠᠷ᠎ᠠ ᠶᠢᠨ 11 ᠤ ᠦᠳᠡ ᠶᠢᠨ ᠡᠮᠦᠨ᠎ᠡ᠂ ᠤᠯᠤᠰ ᠤᠨ ᠲᠡᠷᠢᠭᠦᠯᠡᠭᠴᠢ ᠰᠢ ᠶᠢᠨ ᠫᠢᠩ ᠪᠡᠭᠡᠵᠢᠩ ᠤᠨ ᠠᠷᠠᠳ ᠤᠨ ᠶᠡᠭᠡ ᠬᠤᠷᠠᠯ ᠤᠨ ᠲᠠᠩᠬᠢᠮ ᠳᠤ ᠳᠤᠮᠳᠠᠳᠤ ᠤᠯᠤᠰ ᠤᠨ ᠤᠯᠠᠨ ᠤᠯᠤᠰ ᠯᠤᠭ᠎ᠠ ᠨᠥᠭᠦᠷᠰᠡᠭ ᠢᠶᠠᠷ ᠬᠠᠷᠢᠯᠴᠠᠬᠤ ᠶᠡᠭᠡ ᠬᠤᠷᠠᠯ ᠵᠢᠴᠢ ᠳᠤᠮᠳᠠᠳᠤ ᠤᠯᠤᠰ ᠤᠨ ᠠᠷᠠᠳ ᠲᠦᠮᠡᠨ ᠤ ᠭᠠᠳᠠᠭᠠᠳᠤ ᠲᠠᠢ ᠨᠥᠭᠦᠷᠰᠡᠭ ᠢᠶᠠᠷ ᠬᠠᠷᠢᠯᠴᠠᠬᠤ ᠨᠡᠶᠢᠭᠡᠮᠯᠢᠭ ᠪᠠᠶᠢᠭᠤᠯᠤᠭᠳᠠᠭᠰᠠᠨ 70 ᠵᠢᠯ ᠤᠨ ᠤᠢ ᠶᠢ ᠳᠤᠷᠠᠰᠬᠠᠬᠤ ᠠᠵᠢᠯᠯᠠᠭ᠎ᠠ ᠳᠤ ᠣᠷᠣᠯᠴᠠᠬᠰᠠᠨ ᠭᠠᠳᠠᠭᠠᠳᠤ ᠶᠢᠨ ᠵᠣᠴᠢᠳ ᠲᠠᠢ ᠠᠭᠤᠯᠵᠠᠪᠠ᠃    
习近平会见出席中国国际友好大会.jpg
    10 ᠰᠠᠷ᠎ᠠ ᠶᠢᠨ 11 ᠤ ᠦᠳᠡ ᠶᠢᠨ ᠡᠮᠦᠨ᠎ᠡ᠂ ᠤᠯᠤᠰ ᠤᠨ ᠲᠡᠷᠢᠭᠦᠯᠡᠭᠴᠢ ᠰᠢ ᠶᠢᠨ ᠫᠢᠩ ᠪᠡᠭᠡᠵᠢᠩ ᠤᠨ ᠠᠷᠠᠳ ᠤᠨ ᠶᠡᠭᠡ ᠬᠤᠷᠠᠯ ᠤᠨ ᠲᠠᠩᠬᠢᠮ ᠳᠤ ᠳᠤᠮᠳᠠᠳᠤ ᠤᠯᠤᠰ ᠤᠨ ᠤᠯᠠᠨ ᠤᠯᠤᠰ ᠯᠤᠭ᠎ᠠ ᠨᠥᠭᠦᠷᠰᠡᠭ ᠢᠶᠠᠷ ᠬᠠᠷᠢᠯᠴᠠᠬᠤ ᠶᠡᠭᠡ ᠬᠤᠷᠠᠯ ᠵᠢᠴᠢ ᠳᠤᠮᠳᠠᠳᠤ ᠤᠯᠤᠰ ᠤᠨ ᠠᠷᠠᠳ ᠲᠦᠮᠡᠨ ᠤ ᠭᠠᠳᠠᠭᠠᠳᠤ ᠲᠠᠢ ᠨᠥᠭᠦᠷᠰᠡᠭ ᠢᠶᠠᠷ ᠬᠠᠷᠢᠯᠴᠠᠬᠤ ᠨᠡᠶᠢᠭᠡᠮᠯᠢᠭ ᠪᠠᠶᠢᠭᠤᠯᠤᠭᠳᠠᠭᠰᠠᠨ 70 ᠵᠢᠯ ᠤᠨ ᠤᠢ ᠶᠢ ᠳᠤᠷᠠᠰᠬᠠᠬᠤ ᠠᠵᠢᠯᠯᠠᠭ᠎ᠠ ᠳᠤ ᠣᠷᠣᠯᠴᠠᠬᠰᠠᠨ ᠭᠠᠳᠠᠭᠠᠳᠤ ᠶᠢᠨ ᠵᠣᠴᠢᠳ ᠲᠠᠢ ᠬᠠᠮᠲᠤ ᠪᠠᠷ ᠠᠭᠤᠯᠵᠠᠪᠠ᠃    ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠬᠤᠸᠠᠩ ᠵᠢᠩ ᠸᠧᠨ ᠰᠡᠭᠦᠳᠡᠷᠯᠡᠪᠡ    ᠰᠢ ᠶᠢᠨ ᠫᠢᠩ ᠡᠩ ᠲᠡᠷᠢᠭᠦᠨ ᠳᠤ ᠳᠤᠮᠳᠠᠳᠤ ᠤᠯᠤᠰ ᠲᠤ ᠢᠷᠡᠵᠦ ᠳᠤᠮᠳᠠᠳᠤ ᠤᠯᠤᠰ ᠤᠨ ᠤᠯᠠᠨ ᠤᠯᠤᠰ ᠯᠤᠭ᠎ᠠ ᠨᠥᠭᠦᠷᠰᠡᠭ ᠢᠶᠠᠷ ᠬᠠᠷᠢᠯᠴᠠᠬᠤ ᠶᠡᠭᠡ ᠬᠤᠷᠠᠯ ᠵᠢᠴᠢ ᠳᠤᠮᠳᠠᠳᠤ ᠤᠯᠤᠰ ᠤᠨ ᠠᠷᠠᠳ ᠲᠦᠮᠡᠨ ᠤ ᠭᠠᠳᠠᠭᠠᠳᠤ ᠲᠠᠢ ᠨᠥᠭᠦᠷᠰᠡᠭ ᠢᠶᠠᠷ ᠬᠠᠷᠢᠯᠴᠠᠬᠤ ᠨᠡᠶᠢᠭᠡᠮᠯᠢᠭ ᠪᠠᠶᠢᠭᠤᠯᠤᠭᠳᠠᠭᠰᠠᠨ 70 ᠵᠢᠯ ᠤᠨ ᠤᠢ ᠶᠢ ᠳᠤᠷᠠᠰᠬᠠᠬᠤ ᠠᠵᠢᠯᠯᠠᠭ᠎ᠠ ᠳᠤ ᠣᠷᠣᠯᠴᠠᠬᠰᠠᠨ ᠬᠡᠰᠡᠭ ᠭᠠᠳᠠᠭᠠᠳᠤ ᠶᠢᠨ ᠵᠣᠴᠢᠳ ᠤᠨ ᠲᠥᠯᠥᠭᠡᠯᠡᠭᠴᠢ ᠲᠠᠢ ᠬᠠᠮᠲᠤ ᠭᠡᠷᠡᠯ ᠵᠢᠷᠤᠭ ᠲᠠᠲᠠᠭᠤᠯᠤᠨ ᠳᠤᠷᠠᠰᠬᠠᠯ ᠦᠯᠡᠳᠡᠭᠡᠵᠦ᠂ ᠤᠯᠠᠨ ᠤᠯᠤᠰ ᠤᠨ ᠨᠥᠭᠦᠷᠰᠡᠭ ᠬᠥᠮᠥᠰ ᠤᠨ ᠳᠤᠮᠳᠠᠳᠤ ᠤᠯᠤᠰ ᠤᠨ ᠨᠥᠭᠦᠷᠰᠡᠭ ᠦᠢᠯᠡᠰ ᠲᠤ ᠤᠷᠳᠤ ᠬᠤᠭᠤᠴᠠᠭ᠎ᠠ ᠪᠠᠷ ᠵᠢᠳᠬᠦᠭᠰᠡᠨ ᠢ ᠳᠡᠭᠡᠳᠦ ᠬᠡᠮᠵᠢᠶ᠎ᠡ ᠪᠠᠷ ᠮᠠᠭᠲᠠᠨ ᠰᠠᠶᠢᠰᠢᠶᠠᠵᠤ ᠪᠠᠶᠢᠬᠤ ᠪᠠᠨ ᠢᠯᠡᠳᠬᠡᠪᠡ᠃    ᠰᠢ ᠶᠢᠨ ᠫᠢᠩ᠂ ᠠᠷᠠᠳ ᠲᠦᠮᠡᠨ ᠨᠥᠭᠦᠷᠰᠡᠭ ᠪᠠᠶᠢᠬᠤ ᠪᠣᠯ ᠤᠯᠠᠨ ᠤᠯᠤᠰ ᠤᠨ ᠬᠠᠷᠢᠯᠴᠠᠭᠠᠨ ᠤ ᠯᠠᠪᠳᠠᠭᠤᠨ ᠢᠶᠠᠷ ᠬᠤᠯᠠ ᠠᠶᠠᠯᠠᠬᠤ ᠶᠢᠨ ᠰᠠᠭᠤᠷᠢ ᠮᠥᠨ᠂ ᠳᠡᠯᠡᠬᠡᠢ ᠶᠢᠨ ᠡᠩᠬᠡ ᠲᠠᠶᠢᠪᠤᠩ ᠪᠠ ᠬᠥᠭᠵᠢᠯᠲᠡ ᠶᠢ ᠠᠬᠢᠭᠤᠯᠬᠤ ᠳᠠᠭᠤᠰᠤᠰᠢ ᠦᠭᠡᠢ ᠬᠥᠳᠡᠯᠭᠡᠬᠦ ᠬᠦᠴᠦᠨ ᠮᠥᠨ᠃ ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ 75 ᠵᠢᠯ ᠤᠨ ᠲᠤᠷᠰᠢ᠂ ᠳᠤᠮᠳᠠᠳᠤ ᠤᠯᠤᠰ ᠤᠨ ᠡᠪ ᠬᠠᠮᠲᠤ ᠨᠠᠮ ᠳᠤᠮᠳᠠᠳᠤ ᠤᠯᠤᠰ ᠤᠨ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ᠂ ᠥᠪᠡᠷ ᠢ ᠪᠠᠨ ᠬᠥᠭᠵᠢᠭᠦᠯᠬᠦ ᠮᠥᠷᠲᠡᠭᠡᠨ ᠳᠡᠯᠡᠬᠡᠢ ᠳ᠋ᠠᠬᠢᠨ ᠳᠤ ᠪᠤᠶᠠᠨ ᠦᠢᠯᠡᠳᠬᠦ ᠣᠳᠣᠬᠢᠴᠢᠯᠠᠯᠲᠠ ᠶᠢᠨ ᠵᠠᠮ ᠢᠶᠠᠷ ᠵᠠᠮᠨᠠᠪᠠ᠃ ᠥᠩᠭᠡᠷᠡᠭᠰᠡᠨ ᠢᠶᠠᠨ ᠡᠷᠭᠢᠴᠡᠭᠦᠯᠬᠦᠶ᠎ᠡ᠂ ᠳᠤᠮᠳᠠᠳᠤ ᠤᠯᠤᠰ ᠤᠨ ᠣᠯᠣᠭᠰᠠᠨ ᠡᠯ᠎ᠡ ᠲᠠᠯ᠎ᠠ ᠶᠢᠨ ᠠᠮᠵᠢᠯᠲᠠ ᠪᠦᠲᠦᠮᠵᠢ ᠳᠡᠯᠡᠬᠡᠢ ᠶᠢᠨ ᠡᠯ᠎ᠡ ᠤᠯᠤᠰ ᠤᠨ ᠠᠷᠠᠳ ᠲᠦᠮᠡᠨ ᠤ ᠳᠡᠮᠵᠢᠯᠭᠡ ᠠᠴᠠ ᠰᠠᠯᠵᠤ ᠴᠢᠳᠠᠬᠤ ᠦᠭᠡᠢ ᠶᠤᠮ᠃ ᠨᠢᠭᠡ ᠪᠦᠯᠦᠭ ᠤᠯᠠᠨ ᠤᠯᠤᠰ ᠤᠨ ᠨᠥᠭᠦᠷᠰᠡᠭ ᠬᠥᠮᠥᠰ ᠳᠤᠮᠳᠠᠳᠤ ᠤᠯᠤᠰ ᠤᠨ ᠠᠷᠠᠳ ᠲᠦᠮᠡᠨ ᠲᠠᠢ ᠰᠠᠯᠬᠢ ᠪᠣᠷᠣᠭᠠᠨ ᠢ ᠬᠠᠮᠲᠤ ᠪᠠᠷ ᠲᠤᠭᠤᠯᠵᠤ᠂ ᠵᠢᠷᠭᠠᠯ ᠵᠣᠪᠠᠯᠠᠩ ᠢᠶᠠᠨ ᠬᠠᠮᠲᠤᠳᠬᠠᠵᠤ᠂ ᠮᠠᠰᠢ ᠤᠯᠠᠨ ᠭᠠᠳᠠᠭᠠᠳᠤ ᠶᠢᠨ ᠠᠵᠤ ᠠᠬᠤᠶᠢᠯᠠᠯ᠂ ᠪᠠᠶᠢᠭᠤᠯᠤᠮᠵᠢ᠂ ᠬᠤᠪᠢ ᠬᠥᠮᠥᠨ ᠳᠤᠮᠳᠠᠳᠤ ᠤᠯᠤᠰ ᠤᠨ ᠨᠡᠶᠢᠭᠡᠮ ᠵᠢᠷᠤᠮ ᠤᠨ ᠣᠳᠣᠬᠢᠴᠢᠯᠠᠬᠤ ᠪᠦᠲᠦᠭᠡᠨ ᠪᠠᠶᠢᠭᠤᠯᠤᠯᠲᠠ ᠳᠤ ᠢᠳᠡᠪᠬᠢᠲᠡᠢ ᠣᠷᠣᠯᠴᠠᠵᠤ᠂ ᠡᠯ᠎ᠡ ᠲᠠᠯ᠎ᠠ ᠶᠢᠨ ᠬᠢᠨ ᠤ ᠬᠠᠷᠢᠯᠴᠠᠨ ᠠᠰᠢᠭᠲᠠᠢ ᠬᠠᠮᠲᠤ ᠪᠠᠷ ᠠᠰᠢᠭ ᠭᠦᠷᠳᠡᠭᠦ ᠶᠢ ᠪᠡᠶᠡᠯᠡᠭᠦᠯᠦᠭᠰᠡᠨ ᠢᠶᠠᠷ ᠪᠠᠷᠠᠬᠤ ᠦᠭᠡᠢ ᠪᠠᠰᠠ ᠳᠤᠮᠳᠠᠳᠤ ᠭᠠᠳᠠᠭᠠᠳᠤ ᠶᠢᠨ ᠨᠥᠭᠦᠷᠰᠡᠭ ᠰᠣᠯᠢᠯᠴᠠᠭ᠎ᠠ ᠬᠠᠮᠲᠤᠷᠠᠯᠴᠠᠭ᠎ᠠ ᠶᠢ ᠠᠬᠢᠭᠤᠯᠬᠤ ᠳᠤ ᠴᠢᠬᠤᠯᠠ ᠬᠤᠪᠢ ᠨᠡᠮᠡᠷᠢ ᠦᠵᠡᠭᠦᠯᠪᠡ᠃ ᠲᠠ ᠤᠯᠠᠨ ᠤ ᠳᠤᠮᠳᠠᠳᠤ ᠤᠯᠤᠰ ᠲᠤ ᠦᠵᠡᠭᠦᠯᠦᠭᠰᠡᠨ ᠴᠢᠬᠤᠯᠠ ᠬᠤᠪᠢ ᠨᠡᠮᠡᠷᠢ ᠪᠣᠯᠣᠨ ᠳᠤᠮᠳᠠᠳᠤ ᠤᠯᠤᠰ ᠤᠨ ᠠᠷᠠᠳ ᠲᠦᠮᠡᠨ ᠯᠦᠭᠡ ᠶᠢᠨ ᠴᠢᠩ ᠦᠨᠡᠨᠴᠢ ᠨᠥᠬᠦᠷᠯᠡᠯ ᠢ ᠪᠢᠳᠡ ᠢᠮᠠᠭᠲᠠ ᠪᠠᠲᠤ ᠴᠡᠭᠡᠵᠢᠯᠡᠨ᠎ᠡ ᠭᠡᠵᠦ ᠵᠢᠭᠠᠵᠤ ᠭᠠᠷᠭᠠᠪᠠ᠃    ᠰᠢ ᠶᠢᠨ ᠫᠢᠩ᠂ ᠣᠳᠣᠬᠠᠨ ᠤ ᠳᠡᠯᠡᠬᠡᠢ ᠶᠢᠷᠲᠢᠨᠴᠦ ᠲᠡᠦᠬᠡ ᠶᠢᠨ ᠲᠣᠨᠣᠯᠵᠢᠨ ᠵᠠᠮ ᠳᠡᠭᠡᠷ᠎ᠡ ᠳᠠᠬᠢᠨᠲᠠ ᠵᠣᠭᠰᠣᠪᠠ᠃ ᠵᠠᠭᠤᠨ ᠵᠢᠯ ᠤᠨ ᠬᠤᠪᠢᠰᠤᠯᠲᠠ ᠳᠣᠣᠷ᠎ᠠ᠂ ᠪᠦᠭᠦ ᠪᠥᠮᠪᠥᠷᠴᠡᠭ ᠢᠶᠠᠷ ᠢᠶᠠᠨ ᠵᠢᠷᠭᠠᠯ ᠵᠣᠪᠠᠯᠠᠩ ᠢᠶᠠᠨ ᠬᠠᠮᠲᠤᠳᠬᠠᠵᠤ᠂ ᠬᠥᠮᠥᠨ ᠲᠥᠷᠥᠯᠬᠢᠲᠡᠨ ᠬᠤᠪᠢ ᠵᠠᠶᠠᠭ᠎ᠠ ᠪᠠᠨ ᠬᠠᠮᠲᠤᠳᠬᠠᠵᠤ᠂ ᠬᠥᠮᠥᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠪᠣᠯ ᠳᠡᠯᠡᠬᠡᠢ ᠶᠢᠨ ᠡᠯ᠎ᠡ ᠤᠯᠤᠰ ᠤᠨ ᠠᠷᠠᠳ ᠲᠦᠮᠡᠨ ᠤ ᠠᠯᠤᠰ ᠢᠷᠡᠭᠡᠳᠦᠢ ᠪᠣᠯᠣᠨ᠎ᠠ᠃ ᠳᠤᠮᠳᠠᠳᠤ ᠤᠯᠤᠰ ᠳᠤᠷᠠᠲᠠᠶ᠎ᠠ ᠡᠯ᠎ᠡ ᠤᠯᠤᠰ ᠤᠨ ᠨᠠᠶᠢᠵᠠ ᠨᠠᠷ ᠲᠠᠢ ᠨᠥᠭᠦᠷᠰᠡᠭ ᠰᠣᠯᠢᠯᠴᠠᠭ᠎ᠠ ᠪᠠᠨ ᠴᠢᠩᠭᠠᠳᠬᠠᠵᠤ᠂ ᠠᠷᠠᠳ ᠤᠨ ᠭᠠᠳᠠᠭᠠᠳᠤ ᠬᠠᠷᠢᠯᠴᠠᠭᠠᠨ ᠤ ᠥᠪᠡᠷᠮᠢᠴᠡ ᠦᠢᠯᠡᠳᠦᠯ ᠢ ᠪᠠᠳᠠᠷᠠᠭᠤᠯᠵᠤ᠂ ᠭᠠᠷ ᠬᠤᠯᠪᠣᠯᠴᠠᠨ ᠬᠥᠮᠥᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠤᠨ᠎ᠠ᠃    ᠨᠢᠭᠡ ᠳᠤ᠂ ︽ᠪᠦᠭᠦ ᠳᠡᠯᠡᠬᠡᠢ ᠪᠠᠷ ᠢᠶᠠᠨ ᠬᠠᠷᠢᠯᠴᠠᠨ ᠲᠤᠰᠠᠯᠠᠯᠴᠠᠬᠤ︾ ᠵᠣᠷᠢᠭ ᠰᠠᠨᠠᠭ᠎ᠠ ᠪᠠᠷ᠂ ᠬᠥᠮᠥᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢ ᠠᠬᠢᠭᠤᠯᠬᠤ ᠥᠷᠭᠡᠨ ᠳᠡᠯᠭᠡᠷ ᠬᠠᠮᠲᠤ ᠶᠢᠨ ᠲᠠᠨᠢᠯᠲᠠ ᠶᠢ ᠨᠢᠭᠲᠠᠷᠠᠭᠤᠯᠤᠶ᠎ᠠ᠃ ᠡᠩᠬᠡ ᠲᠠᠶᠢᠪᠤᠩ᠂ ᠬᠥᠭᠵᠢᠯᠲᠡ᠂ ᠲᠥᠪ ᠭᠤᠣᠯᠴᠢ᠂ ᠰᠢᠳᠤᠷᠭᠤ ᠶᠣᠰᠣ᠂ ᠠᠷᠠᠳᠴᠢᠯᠠᠯ᠂ ᠡᠷᠬᠡ ᠴᠢᠯᠦᠭᠡ ᠪᠦᠬᠦᠢ ᠪᠦᠭᠦ ᠬᠥᠮᠥᠨ ᠲᠥᠷᠥᠯᠬᠢᠲᠡᠨ ᠤ ᠬᠠᠮᠲᠤ ᠶᠢᠨ ᠦᠷᠳᠡᠭ ᠢ ᠪᠠᠳᠠᠷᠠᠭᠤᠯᠵᠤ᠂ ᠡᠷᠬᠡ ᠲᠡᠭᠰᠢ ᠡᠮᠬᠢ ᠵᠢᠷᠤᠮ ᠲᠠᠢ ᠳᠡᠯᠡᠬᠡᠢ ᠶᠢᠨ ᠤᠯᠠᠨ ᠲᠦᠢᠯᠵᠢᠯᠲᠡ᠂ ᠲᠦᠭᠡᠮᠡᠯ ᠬᠠᠷᠠᠭᠠᠯᠵᠠᠯ ᠲᠠᠢ ᠪᠠᠭᠲᠠᠭᠠᠮᠵᠢᠲᠠᠢ ᠠᠵᠤ ᠠᠬᠤᠢ ᠶᠢᠨ ᠳᠡᠯᠡᠬᠡᠶᠢᠴᠢᠯᠡᠯᠲᠡ ᠶᠢ ᠰᠠᠨᠠᠭᠠᠴᠢᠯᠠᠵᠤ᠂ ᠮᠠᠨ ᠤ ᠬᠠᠮᠲᠤ ᠪᠠᠷ ᠠᠮᠢᠳᠤᠷᠠᠵᠤ ᠪᠠᠶᠢᠭ᠎ᠠ ᠳᠡᠯᠡᠬᠡᠢ ᠶᠢᠨ ᠪᠥᠮᠪᠥᠷᠴᠡᠭ ᠢᠶᠠᠨ ᠡᠩᠬᠡ ᠲᠠᠶᠢᠪᠤᠩ᠂ ᠡᠶ᠎ᠡ ᠵᠣᠬᠢᠴᠠᠯ ᠲᠠᠢ ᠲᠣᠮᠣ ᠭᠡᠷ ᠪᠦᠯᠢ ᠪᠣᠯᠭᠠᠨ ᠪᠦᠲᠦᠭᠡᠨ ᠪᠠᠶᠢᠭᠤᠯᠤᠶ᠎ᠠ᠃    ᠬᠤᠶᠠᠷ ᠲᠤ᠂ ᠬᠠᠮᠲᠤᠷᠠᠨ ᠠᠵᠢᠯᠯᠠᠵᠤ ᠬᠠᠮᠲᠤ ᠪᠠᠷ ᠠᠰᠢᠭ ᠭᠦᠷᠳᠡᠭᠦ ᠣᠶᠢᠯᠠᠭᠠᠭᠳᠠᠬᠤᠨ ᠢᠶᠠᠷ᠂ ᠬᠥᠮᠥᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠶᠢ ᠠᠬᠢᠭᠤᠯᠬᠤ ᠬᠦᠴᠦᠷᠬᠡᠭ ᠶᠡᠭᠡ ᠬᠠᠮᠲᠤᠷᠠᠯ ᠬᠦᠴᠦᠨ ᠢ ᠨᠢᠭᠲᠠᠷᠠᠭᠤᠯᠤᠶ᠎ᠠ᠃ ᠳᠤᠮᠳᠠᠳᠤ ᠤᠯᠤᠰ ᠬᠤᠪᠢ ᠪᠠᠨ ᠪᠤᠳᠤᠭᠠᠳ ᠪᠤᠰᠤᠳ ᠢ ᠬᠠᠶᠢᠬᠤᠷᠬᠤ ᠦᠭᠡᠢ ᠣᠳᠣᠬᠢᠴᠢᠯᠠᠯᠲᠠ ᠶᠢ ᠬᠥᠭᠡᠭᠡᠴᠡᠯᠳᠦᠬᠦ ᠦᠭᠡᠢ᠂ ᠨᠡᠩ ᠤᠯᠠᠨ ᠭᠠᠳᠠᠭᠠᠳᠤ ᠶᠢᠨ ᠨᠠᠶᠢᠵᠠ ᠨᠠᠷ ᠤᠨ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠠᠬᠢᠴᠠ ᠳᠤ ᠢᠳᠡᠪᠬᠢᠲᠡᠢ ᠣᠷᠤᠯᠴᠠᠬᠤ ᠶᠢ ᠪᠠᠶᠠᠷᠯᠠᠨ ᠤᠭᠲᠤᠵᠤ ᠪᠠᠶᠢᠨ᠎ᠠ᠂ ᠳᠤᠷᠠᠲᠠᠶ᠎ᠠ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠰᠢᠨ᠎ᠡ ᠠᠮᠵᠢᠯᠲᠠ ᠪᠦᠲᠦᠮᠵᠢ ᠪᠠᠷ ᠳᠡᠯᠡᠬᠡᠢ ᠶᠢᠨ ᠬᠥᠭᠵᠢᠯᠲᠡ ᠳᠤ ᠰᠢᠨ᠎ᠡ ᠠᠵᠠ ᠲᠣᠭᠢᠶᠠᠯ ᠬᠠᠩᠭᠠᠵᠤ᠂ ᠡᠩᠬᠡ ᠲᠠᠶᠢᠪᠤᠩ ᠬᠥᠭᠵᠢᠯᠲᠡ᠂ ᠬᠠᠷᠢᠯᠴᠠᠨ ᠠᠰᠢᠭᠲᠠᠢ ᠬᠠᠮᠲᠤᠷᠠᠯᠴᠠᠭ᠎ᠠ᠂ ᠬᠠᠮᠲᠤ ᠪᠠᠷ ᠴᠡᠴᠡᠭᠯᠡᠨ ᠬᠥᠭᠵᠢᠭᠰᠡᠨ ᠳᠡᠯᠡᠬᠡᠢ ᠶᠢᠨ ᠣᠳᠣᠬᠢᠴᠢᠯᠠᠯᠲᠠ ᠶᠢ ᠪᠡᠶᠡᠯᠡᠭᠦᠯᠬᠦ ᠶᠢ ᠠᠬᠢᠭᠤᠯᠵᠤ᠂ ᠡᠯ᠎ᠡ ᠤᠯᠤᠰ ᠤᠨ ᠠᠷᠠᠳ ᠲᠦᠮᠡᠨ ᠳᠤ ᠨᠡᠩ ᠰᠠᠶᠢᠨ ᠪᠤᠶᠠᠨ ᠦᠢᠯᠡᠳᠦᠨ᠎ᠡ᠃    ᠭᠤᠷᠪᠠ ᠳᠤ᠂ ᠨᠡᠭᠡᠭᠡᠯᠲᠡᠲᠡᠢ ᠪᠠᠭᠲᠠᠭᠠᠮᠵᠢᠲᠠᠢ ᠬᠡᠬᠦᠳᠡᠭ ᠴᠡᠭᠡᠵᠢ ᠪᠠᠷ ᠬᠥᠮᠥᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠶᠢ ᠠᠬᠢᠭᠤᠯᠬᠤ ᠪᠣᠯᠪᠠᠰᠤᠨ ᠤ ᠬᠠᠭᠤᠳᠠᠰᠤ ᠶᠢ ᠵᠢᠷᠤᠭᠯᠠᠶ᠎ᠠ᠃ ᠳᠤᠮᠳᠠᠳᠤ ᠶᠢᠨ ᠦᠨᠳᠦᠰᠦᠲᠡᠨ ᠪᠣᠯ ᠨᠡᠭᠡᠭᠡᠯᠲᠡᠲᠡᠢ ᠪᠠᠭᠲᠠᠭᠠᠮᠵᠢᠲᠠᠢ ᠦᠨᠳᠦᠰᠦᠲᠡᠨ ᠮᠥᠨ᠂ ᠳᠤᠮᠳᠠᠳᠤ ᠤᠯᠤᠰ ᠤᠨ ᠠᠷᠠᠳ ᠲᠦᠮᠡᠨ ᠪᠣᠯ ᠴᠠᠶᠢᠯᠭᠠᠨ ᠨᠥᠭᠦᠷᠰᠡᠭ ᠠᠷᠠᠳ ᠲᠦᠮᠡᠨ ᠮᠥᠨ᠃ ᠳᠤᠮᠳᠠᠳᠤ ᠤᠯᠤᠰ ᠳᠤᠷᠠᠲᠠᠶ᠎ᠠ ᠡᠯ᠎ᠡ ᠲᠠᠯ᠎ᠠ ᠶᠢᠨ ᠬᠢᠨ ᠲᠠᠢ ᠬᠠᠮᠲᠤ ᠪᠠᠷ᠂ ᠪᠦᠭᠦ ᠪᠥᠮᠪᠥᠷᠴᠡᠭ ᠤᠨ ᠪᠣᠯᠪᠠᠰᠤᠨ ᠤ ᠰᠠᠨᠠᠭᠠᠴᠢᠯᠠᠭ᠎ᠠ ᠶᠢ ᠦᠢᠯᠡᠳᠦᠯᠭᠡᠵᠢᠭᠦᠯᠵᠦ᠂ ᠴᠢᠩ ᠦᠨᠡᠨᠴᠢ ᠣᠯᠣᠯᠴᠠᠭ᠎ᠠ ᠪᠠᠷ ᠲᠠᠮᠵᠢᠨ ᠣᠶᠢᠯᠠᠭᠠᠯᠴᠠᠭ᠎ᠠ ᠪᠠᠨ ᠨᠡᠮᠡᠭᠳᠡᠭᠦᠯᠵᠦ᠂ ᠨᠥᠬᠦᠷᠯᠡᠯ ᠢᠶᠠᠨ ᠵᠤᠵᠠᠭᠠᠳᠬᠠᠵᠤ᠂ ᠪᠣᠯᠪᠠᠰᠤᠨ ᠤ ᠰᠣᠯᠢᠯᠴᠠᠭ᠎ᠠ ᠪᠠᠷ ᠪᠣᠯᠪᠠᠰᠤᠨ ᠤ ᠵᠠᠢ ᠵᠠᠪᠰᠠᠷ ᠢ ᠳᠠᠪᠠᠵᠤ᠂ ᠪᠣᠯᠪᠠᠰᠤᠨ ᠢᠶᠠᠨ ᠬᠠᠷᠢᠯᠴᠠᠨ ᠲᠣᠯᠢ ᠪᠤᠯᠭᠠᠬᠤ ᠪᠠᠷ ᠪᠣᠯᠪᠠᠰᠤᠨ ᠤ ᠮᠥᠷᠭᠦᠯᠳᠦᠭᠡᠨ ᠢ ᠳᠠᠪᠠᠨ᠎ᠠ ᠭᠡᠵᠦ ᠴᠢᠬᠤᠯᠠᠴᠢᠯᠠᠪᠠ᠃    ᠰᠢ ᠶᠢᠨ ᠫᠢᠩ᠂ ᠳᠤᠮᠳᠠᠳᠤ ᠤᠯᠤᠰ ᠤᠨ ᠡᠪ ᠬᠠᠮᠲᠤ ᠨᠠᠮ ᠪᠣᠯ ᠠᠷᠠᠳ ᠲᠦᠮᠡᠨ ᠳᠤ ᠦᠢᠯᠡᠴᠢᠯᠡᠳᠡᠭ ᠨᠠᠮ ᠮᠥᠨ᠂ ᠳᠤᠮᠳᠠᠳᠤ ᠤᠯᠤᠰ ᠤᠨ ᠵᠠᠰᠠᠭ ᠤᠨ ᠣᠷᠳᠣᠨ ᠪᠣᠯ ᠠᠷᠠᠳ ᠲᠦᠮᠡᠨ ᠤ ᠵᠠᠰᠠᠭ ᠤᠨ ᠣᠷᠳᠣᠨ ᠮᠥᠨ᠂ ᠳᠤᠮᠳᠠᠳᠤ ᠤᠯᠤᠰ ᠤᠨ ᠭᠠᠳᠠᠭᠠᠳᠤ ᠬᠠᠷᠢᠯᠴᠠᠭ᠎ᠠ ᠪᠣᠯ ᠠᠷᠠᠳ ᠲᠦᠮᠡᠨ ᠤ ᠭᠠᠳᠠᠭᠠᠳᠤ ᠬᠠᠷᠢᠯᠴᠠᠭ᠎ᠠ ᠮᠥᠨ᠃ ᠳᠤᠮᠳᠠᠳᠤ ᠤᠯᠤᠰ ᠤᠨ ᠵᠠᠰᠠᠭ ᠤᠨ ᠣᠷᠳᠣᠨ ᠥᠩᠭᠡᠷᠡᠭᠰᠡᠨ ᠲᠠᠢ ᠪᠠᠨ ᠠᠳᠠᠯᠢ ᠪᠠᠷ ᠳᠤᠮᠳᠠᠳᠤ ᠤᠯᠤᠰ ᠤᠨ ᠠᠷᠠᠳ ᠲᠦᠮᠡᠨ ᠤ ᠭᠠᠳᠠᠭᠠᠳᠤ ᠲᠠᠢ ᠨᠥᠭᠦᠷᠰᠡᠭ ᠢᠶᠠᠷ ᠬᠠᠷᠢᠯᠴᠠᠬᠤ ᠨᠡᠶᠢᠭᠡᠮᠯᠢᠭ ᠤᠨ ᠳᠤᠮᠳᠠᠳᠤ ᠭᠠᠳᠠᠭᠠᠳᠤ ᠶᠢᠨ ᠠᠷᠠᠳ ᠲᠦᠮᠡᠨ ᠤ ᠨᠥᠬᠦᠷᠯᠡᠯ ᠢ ᠬᠥᠭᠵᠢᠭᠦᠯᠬᠦ᠂ ᠤᠯᠠᠨ ᠤᠯᠤᠰ ᠤᠨ ᠪᠣᠳᠠᠲᠠᠢ ᠶᠢ ᠡᠷᠭᠢᠮᠯᠡᠭᠦ ᠬᠠᠮᠲᠤᠷᠠᠯᠴᠠᠭ᠎ᠠ ᠶᠢ ᠠᠬᠢᠭᠤᠯᠬᠤ ᠵᠡᠷᠭᠡ ᠲᠠᠯ᠎ᠠ ᠪᠠᠷ ᠥᠪᠡᠷᠮᠢᠴᠡ ᠦᠢᠯᠡᠳᠦᠯ ᠢᠶᠠᠨ ᠪᠠᠳᠠᠷᠠᠭᠤᠯᠬᠤ ᠶᠢ ᠲᠡᠮᠵᠢᠵᠤ᠂ ᠨᠥᠬᠦᠷᠯᠡᠯ ᠢᠶᠠᠷ ᠬᠥᠭᠦᠷᠭᠡ ᠪᠣᠯᠭᠠᠨ᠂ ᠰᠡᠳᠬᠢᠯ ᠢᠶᠠᠷ ᠢᠶᠠᠨ ᠨᠥᠬᠦᠷᠯᠡᠵᠦ᠂ ᠳᠤᠮᠳᠠᠳᠤ ᠭᠠᠳᠠᠭᠠᠳᠤ ᠶᠢᠨ ᠠᠷᠠᠳ ᠤᠨ ᠬᠤᠭᠤᠷᠣᠨᠳᠣᠭᠢ ᠨᠥᠬᠦᠷᠯᠡᠯ ᠢ ᠲᠠᠰᠤᠷᠠᠯᠳᠠ ᠦᠭᠡᠢ ᠭᠦᠨᠵᠡᠭᠡᠶᠢᠷᠡᠭᠦᠯᠦᠨ᠂ ᠡᠯ᠎ᠡ ᠤᠯᠤᠰ ᠤᠨ ᠨᠠᠶᠢᠵᠠ ᠨᠠᠷ ᠲᠠᠢ ᠪᠦᠯᠬᠦᠮᠳᠡᠵᠦ᠂ ᠬᠥᠮᠥᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢᠨ ᠦᠢᠯᠡᠳᠦᠯᠭᠡᠵᠢᠭᠦᠯᠦᠭᠴᠢ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠣᠷᠣᠯᠴᠠᠭᠴᠢ᠂ ᠪᠣᠯᠪᠠᠰᠤᠨ ᠢᠶᠠᠨ ᠬᠠᠷᠢᠯᠴᠠᠨ ᠲᠣᠯᠢ ᠪᠤᠯᠭᠠᠬᠤ ᠪᠠ ᠠᠷᠠᠳ ᠤᠨ ᠰᠡᠳᠬᠢᠯ ᠨᠡᠪᠲᠡᠷᠡᠯᠴᠡᠬᠦ ᠶᠢᠨ ᠠᠬᠢᠭᠤᠯᠤᠭᠴᠢ ᠪᠠ ᠠᠷᠠᠳ ᠲᠦᠮᠡᠨ ᠤ ᠨᠥᠬᠦᠷᠯᠡᠯ ᠤᠨ ᠦᠢᠯᠡᠰ ᠤᠨ ᠵᠠᠯᠭᠠᠮᠵᠢᠯᠠᠭᠴᠢ ᠪᠣᠯᠣᠨ᠎ᠠ ᠭᠡᠵᠦ ᠴᠢᠬᠤᠯᠠᠴᠢᠯᠠᠪᠠ᠃    ᠨᠧᠭᠧᠷᠢᠶ᠎ᠠ ᠶᠢᠨ ᠤᠤᠯ ᠤᠨ ᠶᠡᠷᠦᠩᠬᠡᠶᠢᠯᠡᠭᠴᠢ ᠤᠪᠠ ᠰᠠᠩᠴᠢᠶᠤᠤ᠂ ᠲᠠᠢ ᠤᠯᠤᠰ ᠤᠨ ᠤᠯᠤᠰ ᠤᠨ ᠬᠤᠷᠠᠯ ᠤᠨ ᠤᠤᠯ ᠤᠨ ᠲᠡᠷᠢᠭᠦᠯᠡᠭᠴᠢ ᠫᠦᠸᠧᠴᠢᠨ᠂ ᠠᠮᠧᠷᠢᠺᠠ ᠶᠢᠨ ︽ᠭᠦ᠋ ᠯᠢᠩ ᠤᠨ ᠨᠠᠶᠢᠵᠠ︾ ᠶᠢᠨ ᠬᠤᠷᠠᠯᠳᠤᠭᠤᠯᠤᠭᠴᠢ ᠮᠦ ᠶᠠᠨ ᠯᠢᠩ ᠲᠤᠰ ᠲᠤᠰ ᠭᠠᠳᠠᠭᠠᠳᠤ ᠶᠢᠨ ᠲᠠᠯ᠎ᠠ ᠶᠢ ᠲᠥᠯᠥᠭᠡᠯᠡᠨ ᠦᠭᠡ ᠬᠡᠯᠡᠪᠡ᠃ ᠲᠡᠳᠡ ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ 75 ᠵᠢᠯ ᠤᠨ ᠤᠢ ᠳᠤ ᠬᠠᠯᠠᠭᠤᠨ ᠪᠠᠶᠠᠷ ᠬᠦᠷᠭᠡᠵᠦ᠂ ᠳᠤᠮᠳᠠᠳᠤ ᠤᠯᠤᠰ ᠤᠨ ᠠᠷᠠᠳ ᠲᠦᠮᠡᠨ ᠤ ᠭᠠᠳᠠᠭᠠᠳᠤ ᠲᠠᠢ ᠨᠦᠭᠦᠷᠰᠡᠭ ᠢᠶᠠᠷ ᠬᠠᠷᠢᠯᠴᠠᠬᠤ ᠨᠡᠶᠢᠭᠡᠮᠯᠢᠭ ᠤᠨ ᠠᠷᠠᠳ ᠲᠦᠮᠡᠨ ᠤ ᠬᠤᠭᠤᠷᠣᠨᠳᠣᠭᠢ ᠭᠠᠳᠠᠭᠠᠳᠤ ᠬᠠᠷᠢᠯᠴᠠᠭ᠎ᠠ ᠶᠢ ᠠᠬᠢᠭᠤᠯᠬᠤ᠂ ᠡᠯ᠎ᠡ ᠤᠯᠤᠰ ᠤᠨ ᠠᠷᠠᠳ ᠲᠦᠮᠡᠨ ᠤ ᠣᠶᠢᠯᠠᠭᠠᠯᠴᠠᠭ᠎ᠠ ᠪᠣᠯᠣᠨ ᠨᠥᠬᠦᠷᠯᠡᠯ ᠢ ᠵᠤᠵᠠᠭᠠᠳᠬᠠᠬᠤ ᠲᠠᠯ᠎ᠠ ᠪᠠᠷ ᠦᠵᠡᠭᠦᠯᠦᠭᠰᠡᠨ ᠥᠪᠡᠷᠮᠢᠴᠡ ᠦᠢᠯᠡᠳᠦᠯ ᠢ ᠳᠡᠭᠡᠳᠦ ᠬᠡᠮᠵᠢᠶ᠎ᠡ ᠪᠠᠷ ᠦᠨᠡᠯᠡᠵᠦ᠂ ᠲᠡᠷᠢᠭᠦᠯᠡᠭᠴᠢ ᠰᠢ ᠶᠢᠨ ᠫᠢᠩ ᠤᠨ ᠤᠳᠤᠷᠢᠳᠤᠯᠭ᠎ᠠ ᠳᠣᠣᠷ᠎ᠠ᠂ ᠳᠤᠮᠳᠠᠳᠤ ᠤᠯᠤᠰ ᠠᠮᠵᠢᠯᠲᠠ ᠲᠠᠢ ᠪᠠᠷ ᠶᠠᠳᠠᠭᠤ ᠠᠴᠠ ᠠᠩᠭᠢᠵᠢᠷᠠᠵᠤ᠂ ᠲᠦᠷᠭᠡᠨ ᠬᠥᠭᠵᠢᠯᠲᠡ ᠶᠢ ᠪᠡᠶᠡᠯᠡᠭᠦᠯᠵᠦ᠂ ᠨᠢᠭᠡᠨᠲᠡ ᠥᠷᠭᠡᠨ ᠤᠯᠠᠨ ᠬᠥᠭᠵᠢᠵᠦ ᠪᠠᠶᠢᠭ᠎ᠠ ᠤᠯᠤᠰ ᠤᠨ ᠬᠦᠰᠡᠯ ᠡᠷᠡᠮᠡᠯᠵᠡᠯ ᠤᠨ ᠴᠠᠮᠬᠠᠭ ᠪᠣᠯᠵᠠᠢ᠃ ᠲᠡᠷᠢᠭᠦᠯᠡᠭᠴᠢ ᠰᠢ ᠶᠢᠨ ᠫᠢᠩ ᠬᠥᠮᠥᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠣᠶᠢᠯᠠᠭᠠᠭᠳᠠᠬᠤᠨ ᠪᠠ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠲᠦᠭᠡᠨ ᠪᠠᠶᠢᠭᠤᠯᠬᠤ ᠵᠡᠷᠭᠡ ᠰᠠᠨᠠᠭᠠᠴᠢᠯᠠᠭ᠎ᠠ ᠶᠢ ᠳᠤᠷᠠᠳᠤᠭᠰᠠᠨ ᠨᠢ ᠪᠦᠭᠦ ᠪᠥᠮᠪᠥᠷᠴᠡᠭ ᠤᠨ ᠵᠠᠰᠠᠯᠲᠠ ᠶᠢᠨ ᠲᠤᠬᠠᠢ ᠬᠤᠯᠠ ᠶᠢᠨ ᠬᠠᠷᠠᠴᠠ ᠬᠤᠷᠴᠠ ᠪᠣᠳᠣᠯᠭ᠎ᠠ ᠪᠠ ᠬᠠᠷᠢᠭᠤᠴᠠᠯᠭ᠎ᠠ ᠡᠭᠦᠷᠭᠡᠯᠡᠯ ᠢ ᠢᠯᠡᠷᠡᠭᠦᠯᠵᠦ᠂ ᠳᠡᠯᠡᠬᠡᠢ ᠶᠢᠨ ᠡᠯ᠎ᠡ ᠤᠯᠤᠰ ᠤᠨ ᠨᠢᠭᠲᠠ ᠬᠠᠮᠲᠤᠷᠠᠯᠴᠠᠬᠤ᠂ ᠬᠠᠷᠢᠯᠴᠠᠨ ᠠᠰᠢᠭᠲᠠᠢ ᠬᠠᠮᠲᠤ ᠪᠠᠷ ᠠᠰᠢᠭ ᠭᠦᠷᠲᠡᠭᠦ ᠳᠤ ᠴᠢᠭᠯᠡᠯ ᠢ ᠲᠣᠳᠣᠷᠬᠠᠢ ᠵᠢᠭᠠᠵᠤ᠂ ᠳᠤᠮᠳᠠᠳᠤ ᠤᠯᠤᠰ ᠤᠨ ᠬᠥᠭᠵᠢᠯ ᠴᠡᠴᠡᠭᠯᠡᠯ ᠯᠠᠪᠲᠠᠢ ᠳᠡᠯᠡᠬᠡᠢ ᠳ᠋ᠠᠬᠢᠨ ᠳᠤ ᠦᠷᠭᠦᠯᠵᠢᠯᠡᠨ ᠪᠤᠶᠠᠨ ᠦᠢᠯᠡᠳᠬᠦ ᠪᠣᠯᠣᠨ᠎ᠠ᠃ ᠳᠤᠮᠳᠠᠳᠤ ᠤᠯᠤᠰ ᠯᠤᠭ᠎ᠠ ᠡᠯ᠎ᠡ ᠬᠦᠷᠢᠶ᠎ᠡ ᠴᠠᠷᠠᠭ᠎ᠠ ᠳᠠᠬᠢ ᠨᠥᠭᠦᠷᠰᠡᠭ ᠰᠣᠯᠢᠯᠴᠠᠭ᠎ᠠ ᠬᠠᠮᠲᠤᠷᠠᠯᠴᠠᠭ᠎ᠠ ᠪᠠᠨ ᠦᠷᠭᠦᠯᠵᠢᠯᠡᠨ ᠴᠢᠩᠭᠠᠳᠬᠠᠵᠤ᠂ ᠠᠷᠠᠳ ᠲᠦᠮᠡᠨ ᠤ ᠨᠥᠬᠦᠷᠯᠡᠯ ᠢ ᠦᠶ᠎ᠡ ᠶᠢᠨ ᠦᠶ᠎ᠡ ᠳᠤ ᠤᠯᠠᠮᠵᠢᠯᠠᠵᠤ᠂ ᠭᠠᠷ ᠬᠤᠯᠪᠣᠯᠴᠠᠨ ᠬᠥᠮᠥᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠵᠤ᠂ ᠳᠡᠯᠡᠬᠡᠢ ᠶᠢᠨ ᠡᠩᠬᠡ ᠲᠠᠶᠢᠪᠤᠩ᠂ ᠬᠥᠭᠵᠢᠯ ᠴᠡᠴᠡᠭᠯᠡᠯ ᠳᠤ ᠨᠡᠩ ᠶᠡᠭᠡ ᠬᠤᠪᠢ ᠨᠡᠮᠡᠷᠢ ᠦᠵᠡᠭᠦᠯᠭᠦ ᠶᠢ ᠬᠦᠰᠡᠵᠦ ᠪᠠᠶᠢᠨ᠎ᠠ ᠭᠡᠵᠦ ᠢᠯᠡᠳᠬᠡᠵᠡᠭᠡᠪᠡ᠃    ᠭᠠᠳᠠᠭᠠᠳᠤ ᠶᠢᠨ ᠤᠤᠯ ᠤᠨ ᠤᠯᠤᠰ ᠲᠦᠷᠦ ᠶᠢᠨ ᠴᠢᠬᠤᠯᠠ ᠬᠥᠮᠥᠰ᠂ ᠸᠠᠩ ᠤᠨ ᠣᠷᠳᠣᠨ ᠤ ᠪᠦᠷᠢᠯᠳᠦᠭᠦᠨ᠂ ᠤᠯᠠᠨ ᠤᠯᠤᠰ ᠤᠨ ᠨᠥᠭᠦᠷᠰᠡᠭ ᠵᠣᠬᠢᠶᠠᠨ ᠪᠠᠶᠢᠭᠤᠯᠤᠯᠲᠠ ᠶᠢᠨ ᠬᠠᠷᠢᠭᠤᠴᠠᠯᠭᠠᠲᠠᠨ᠂ ᠨᠥᠭᠦᠷᠰᠡᠭ ᠬᠥᠮᠥᠰ ᠵᠡᠷᠭᠡ 200 ᠰᠢᠬᠠᠮ ᠬᠥᠮᠥᠨ ᠣᠷᠣᠯᠴᠠᠪᠠ᠃    ᠼᠠᠢ ᠴᠢ᠂ ᠬᠠᠨ ᠵᠧᠩ᠂ ᠸᠠᠩ ᠢ ᠨᠠᠷ ᠠᠭᠤᠯᠵᠠᠯᠲᠠ ᠳᠤ ᠣᠷᠣᠯᠴᠠᠵᠠᠢ᠃      
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号