ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠤᠯᠤᠰ ᠤᠨ ᠪᠠᠶᠠᠷ ᠤᠨ ᠳᠠᠷᠠᠭᠠᠬᠢ ᠠᠵᠢᠯ ᠢᠶᠠᠨ ᠦᠳᠲᠡᠷ ᠲᠦᠷᠭᠡᠨ ᠡᠬᠢᠯᠡᠭᠦᠯᠪᠡ
ᠨᠡᠶᠢᠲᠡᠯᠡᠭᠰᠡᠨ ᠴᠠᠭ᠄
2024/10/14
    ᠤᠯᠤᠰ ᠤᠨ ᠪᠠᠶᠠᠷ ᠤᠨ ᠠᠮᠠᠷᠠᠯᠲᠠ ᠳᠠᠭᠤᠰᠬᠤ ᠶᠢ ᠳᠠᠭᠠᠯᠳᠤᠨ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠶᠢᠨ ᠬᠢᠨ ᠦᠳᠲᠡᠷ ᠲᠦᠷᠭᠡᠨ ︽ᠠᠮᠠᠷᠠᠯᠲᠠ ᠶᠢᠨ ᠪᠠᠶᠢᠳᠠᠯ︾ ᠠᠴᠠ ︽ᠠᠵᠢᠯ ᠤᠨ ᠪᠠᠶᠢᠳᠠᠯ︾ ᠳᠤ ᠪᠠᠨ ᠤᠷᠤᠵᠤ᠂ ᠡᠯ᠎ᠡ ᠴᠣᠩᠬᠤᠪᠴᠢ ᠶᠢᠨ ᠠᠵᠢᠯᠳᠠᠳ ᠪᠦᠷᠢᠨ ᠭᠦᠢᠴᠡᠳ ᠦᠢᠯᠡᠴᠢᠯᠡᠭᠡ ᠪᠠ ᠣᠷᠭᠢᠯᠤᠮ᠎ᠠ ᠬᠠᠯᠠᠭᠤᠨ ᠰᠡᠳᠭᠢᠯᠭᠡ ᠪᠠᠷ ᠠᠵᠢᠯ ᠢᠶᠠᠨ ᠡᠬᠢᠯᠡᠭᠦᠯᠪᠡ᠃    ᠰᠤᠷᠪᠤᠯᠵᠢᠯᠠᠭᠴᠢ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠲᠤ ᠬᠦᠷᠬᠦ ᠳᠤ᠂ ᠠᠵᠢᠯᠲᠠᠳ ᠲᠡᠷᠢ ᠲᠡᠭᠰᠢ ᠠᠵᠢᠯ ᠤᠨ ᠪᠠᠶᠢᠷᠢ ᠳᠠᠭᠠᠨ ᠪᠠᠶᠢᠵᠤ᠂ ᠠᠵᠢᠯ ᠶᠠᠪᠤᠳᠠᠯ  ᠭᠦᠢᠴᠡᠳᠭᠡᠬᠦ ᠪᠠᠷ ᠢᠷᠡᠭᠰᠡᠨ ᠤᠯᠠᠨ ᠲᠦᠮᠡᠨ ᠤ ᠮᠠᠳᠠᠭ ᠲᠠᠢ ᠠᠰᠠᠭᠤᠯᠳᠠ ᠳᠤ ᠬᠦᠯᠢᠴᠡᠩᠭᠦᠢ ᠪᠠᠷ ᠬᠠᠷᠢᠭᠤᠯᠳᠠ ᠦᠭᠴᠤ᠂ ᠴᠡᠪᠡᠷ ᠴᠡᠮᠴᠡᠭᠡᠷ ᠣᠷᠴᠢᠨ ᠲᠣᠭᠤᠷᠢᠨ᠂ ᠲᠣᠳᠣᠷᠬᠠᠢ ᠵᠢᠭᠠᠯᠲᠠ ᠲᠡᠮᠳᠡᠭ᠂ ᠬᠠᠯᠠᠭᠤᠮᠰᠤᠭ ᠦᠢᠯᠡᠴᠢᠯᠡᠭᠡ ᠪᠠ ᠲᠤᠰᠬᠠᠢ ᠮᠡᠷᠭᠡᠵᠢᠯ ᠤᠨ ᠬᠡᠪ ᠪᠣᠯᠪᠠᠰᠤᠷᠠᠯ ᠢᠶᠠᠷ ᠢᠶᠠᠨ ᠤᠯᠠᠨ ᠤ ᠰᠠᠶᠢᠨ ᠦᠨᠡᠯᠡᠯᠲᠡ ᠶᠢ ᠣᠯᠵᠤ ᠪᠠᠶᠢᠨ᠎ᠠ᠃    ᠠᠵᠢᠯ ᠶᠠᠪᠤᠳᠠᠯ ᠭᠦᠢᠴᠡᠳᠭᠡᠬᠦ ᠪᠠᠷ ᠢᠷᠡᠭᠰᠡᠨ ᠰᠠᠭᠤᠭᠠᠯᠢ ᠠᠷᠠᠳ ᠵᠠᠩ ᠷᠦᠢ᠄ ︽ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠦᠪ ᠤᠨ ᠶᠡᠭᠡ ᠲᠢᠩᠬᠢᠮ ᠤᠨ ᠣᠷᠴᠢᠨ ᠲᠣᠭᠤᠷᠢᠨ ᠴᠡᠪᠡᠷᠬᠡᠨ᠂ ᠠᠵᠢᠯᠲᠠᠳ ᠤᠨ ᠦᠢᠯᠡᠴᠢᠯᠡᠭᠡᠨ ᠤ ᠣᠪᠣᠷ ᠨᠢ ᠴᠦ ᠲᠤᠳᠤᠨᠤ ᠪᠠᠶᠢᠵᠤ᠂ ᠲᠥᠷᠥ ᠶᠢᠨ ᠪᠣᠳᠣᠯᠭ᠎ᠠ ᠶᠢ ᠲᠠᠶᠢᠯᠪᠤᠷᠢᠯᠠᠬᠤ ᠨᠢ ᠮᠠᠰᠢ ᠲᠤᠰᠬᠠᠶᠢᠵᠢᠭᠰᠠᠨ ᠮᠦᠷᠲᠡᠬᠡᠨ ᠲᠣᠳᠣᠷᠬᠠᠶ︾ ᠭᠡᠵᠤ ᠬᠡᠯᠡᠪᠡ᠃     ᠤᠯᠤᠰ ᠤᠨ ᠪᠠᠶᠠᠷ ᠤᠨ ᠳᠠᠷᠠᠭᠠᠬᠢ ᠡᠯ᠎ᠡ ᠵᠦᠢᠯ ᠤᠨ ᠲᠤᠬᠠᠶᠢᠯᠠᠭᠰᠠᠨ ᠠᠵᠢᠯ ᠤᠨ ᠤᠷᠤᠭᠰᠢᠲᠠᠶ ᠶᠠᠪᠤᠭᠳᠠᠬᠤ ᠶᠢ ᠪᠠᠲᠤᠯᠠᠬᠤ ᠪᠠᠷ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠤᠷᠢᠳᠴᠢᠯᠠᠨ ᠪᠠᠶᠢᠷᠢᠯᠠᠭᠤᠯᠵᠤ᠂ ᠰᠦᠯᠵᠢᠶᠡᠨ ᠤ ᠮᠡᠷᠭᠡᠵᠢᠯᠲᠡᠨ ᠢ ᠵᠣᠬᠢᠶᠠᠨ ᠪᠠᠶᠢᠭᠤᠯᠤᠨ ᠦᠢᠯᠡᠴᠢᠯᠡᠭᠡᠨ ᠤ ᠰᠢᠰᠲ᠋ᠧᠮ ᠢ ᠪᠦᠷᠢᠨᠰᠢᠭᠦᠯᠦᠨ᠂ ᠦᠢᠯᠡᠴᠢᠯᠡᠭᠡᠨ ᠤ ᠲᠣᠭᠲᠠᠴᠠ ᠶᠢ ᠲᠡᠭᠦᠯᠳᠡᠷᠵᠢᠭᠦᠯᠵᠦ᠂ ᠠᠵᠤ ᠠᠬᠤᠶᠢᠯᠠᠯ ᠪᠠ ᠣᠯᠠᠨ ᠲᠦᠮᠡᠨ ᠳᠤ ᠨᠠᠩ ᠴᠢᠨᠠᠷ ᠰᠠᠶᠢᠲᠠᠶ ᠥᠨᠳᠥᠷ ᠪᠦᠲᠦᠮᠵᠢᠲᠡᠶ ᠦᠢᠯᠡᠴᠢᠯᠡᠭᠡ ᠬᠠᠩᠭᠠᠵᠤ᠂ ᠪᠣᠳᠠᠲᠤ ᠠᠵᠢᠯᠯᠠᠭ᠎ᠠ ᠪᠠᠷ ᠢᠶᠠᠨ ᠣᠯᠠᠨ ᠲᠦᠮᠡᠨ ᠤ ᠬᠠᠨᠤᠮᠵᠢ ᠶᠢᠨ ᠬᠡᠮᠵᠢᠶ᠎ᠡ ᠶᠢ ᠳᠡᠭᠡᠭᠰᠢᠯᠡᠭᠦᠯᠵᠤ ᠪᠠᠶᠢᠨ᠎ᠠ᠃
 
ᠢᠷᠡᠯᠲᠡ᠄ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号