ᠠᠵᠢᠯᠲᠠᠨ ᠠᠵᠢᠯᠴᠢᠨ ᠤ ᠡᠮ ᠡᠮᠨᠡᠯᠬᠡ ᠶᠢᠨ ᠳᠠᠭᠠᠳᠬᠠᠯ ᠤᠨ ᠬᠤᠪᠢ ᠬᠥᠮᠦᠨ ᠤ ᠳᠠᠩᠰᠠᠨ ᠡᠷᠦᠬᠡ ᠪᠠᠷ ᠬᠡᠷᠬᠢᠨ ᠭᠡᠷ ᠪᠦᠯᠢ ᠶᠢᠨ ᠲᠤᠳᠤᠷ᠎ᠠ ᠪᠠᠨ ᠬᠠᠷᠢᠯᠴᠠᠨ ᠲᠤᠰᠠᠯᠠᠯᠴᠠᠬᠤ ᠪᠤᠢ
ᠨᠡᠶᠢᠲᠡᠯᠡᠭᠰᠡᠨ ᠴᠠᠭ᠄
2024/10/15
    ᠣᠳᠣᠬᠠᠨ ᠳᠤ᠂ ᠪᠥᠬᠦ ᠤᠯᠤᠰ ᠲᠤ ᠠᠵᠢᠯᠲᠠᠨ ᠠᠵᠢᠯᠴᠢᠨ ᠤ ᠡᠮ ᠡᠮᠨᠡᠯᠬᠡ ᠶᠢᠨ ᠳᠠᠭᠠᠳᠬᠠᠯ ᠤᠨ ᠬᠤᠪᠢ ᠬᠥᠮᠦᠨ ᠤ ᠲᠠᠩᠰᠠᠨ ᠡᠷᠦᠬᠡ ᠨᠢ ᠠᠳᠠᠯᠢ ᠨᠢᠭᠡᠨ ᠡᠮ ᠡᠮᠨᠡᠯᠬᠡ ᠶᠢᠨ ᠳᠠᠭᠠᠳᠬᠠᠯ ᠤᠨ ᠨᠢᠭᠡᠳᠦᠯᠲᠡᠶ ᠲᠥᠯᠥᠪᠵᠢᠬᠦᠯᠬᠦ ᠣᠷᠣᠨ ᠤ ᠳᠣᠲᠣᠷᠠᠬᠢ ᠬᠡᠷ ᠪᠦᠯᠢ ᠶᠢᠨ ᠪᠦᠷᠢᠯᠳᠦᠬᠦᠨ ᠤ ᠬᠤᠭᠤᠷᠣᠨᠳᠣ ᠬᠠᠷᠢᠯᠴᠠᠨ ᠲᠤᠰᠠᠯᠠᠯᠴᠠᠬᠤ ᠶᠢ ᠦᠨᠳᠦᠰᠦᠨ ᠳᠡᠭᠡᠨ ᠪᠡᠶᠡᠯᠡᠭᠦᠯᠵᠦ᠂ ᠬᠡᠰᠡᠭ ᠭᠠᠵᠠᠷ ᠣᠷᠣᠨ ᠳᠤ ᠮᠤᠵᠢ ᠶᠢᠨ ᠳᠣᠲᠣᠷᠠᠬᠢ ᠠᠳᠠᠯᠢ ᠪᠤᠰᠤ ᠬᠤᠲᠠ ᠶᠢᠨ ᠬᠤᠭᠤᠷᠣᠨᠳᠣᠬᠢ ᠬᠡᠷ ᠪᠦᠯᠢ ᠶᠢᠨ ᠬᠠᠷᠢᠯᠴᠠᠨ ᠲᠤᠰᠠᠯᠠᠯᠴᠠᠬᠤ ᠶᠢ ᠨᠢᠭᠡᠨᠲᠡ ᠪᠡᠶᠡᠯᠡᠭᠦᠯᠵᠡᠶ᠃ ᠠᠵᠢᠯᠲᠠᠨ ᠠᠵᠢᠯᠴᠢᠨ ᠤ ᠡᠮ ᠡᠮᠨᠡᠯᠬᠡ ᠶᠢᠨ ᠳᠠᠭᠠᠳᠬᠠᠯ ᠤᠨ ᠬᠤᠪᠢ ᠬᠥᠮᠦᠨ ᠤ ᠳᠠᠩᠰᠠᠨ ᠡᠷᠦᠬᠡ ᠪᠠᠷ ᠬᠡᠷᠬᠢᠨ ᠭᠡᠷ ᠪᠦᠯᠢ ᠶᠢᠨ ᠲᠤᠳᠤᠷ᠎ᠠ ᠪᠠᠨ ᠬᠠᠷᠢᠯᠴᠠᠨ ᠲᠤᠰᠠᠯᠠᠯᠴᠠᠬᠤ ᠪᠤᠢ︖ ᠶᠠᠮᠠᠷ ᠶᠠᠮᠠᠷ ᠰᠢᠯᠲᠠᠭᠠᠨ ᠠᠴᠠ ᠪᠣᠯᠵᠤ ᠡᠮ ᠡᠮᠨᠡᠯᠬᠡ ᠶᠢᠨ ᠳᠠᠭᠠᠳᠬᠠᠯ ᠤᠨ ᠬᠤᠪᠢ ᠬᠥᠮᠦᠨ ᠤ ᠳᠠᠩᠰᠠᠨ ᠡᠷᠦᠬᠡ ᠬᠠᠷᠢᠯᠴᠠᠨ ᠲᠤᠰᠠᠯᠠᠯᠴᠠᠵᠤ ᠲᠠᠶᠢᠯᠬᠦ ᠦᠭᠡᠢ ᠪᠤᠢ︖ ᠤᠯᠤᠰ ᠤᠨ ᠡᠮ ᠡᠮᠨᠡᠯᠬᠡ ᠶᠢᠨ ᠪᠠᠲᠤᠯᠠᠭ᠎ᠠ ᠶᠢᠨ ᠲᠣᠪᠴᠢᠶ᠎ᠠ 10 ᠰᠠᠷ᠎ᠠ ᠶᠢᠨ 5 ᠤ ᠡᠳᠦᠷ ᠬᠤᠯᠪᠣᠭᠳᠠᠯ ᠪᠥᠬᠦᠶ ᠬᠠᠷᠢᠭᠤᠯᠲᠠ ᠶᠢ ᠨᠡᠶᠢᠲᠡᠯᠡᠪᠡ᠃    ᠬᠠᠷᠢᠭᠤᠯᠲᠠ ᠶᠢ ᠦᠨᠳᠦᠰᠦᠯᠡᠪᠡᠯ᠂ ᠭᠡᠷ ᠪᠦᠯᠢ ᠶᠢᠨ ᠲᠤᠳᠤᠷ᠎ᠠ ᠪᠠᠨ ᠬᠠᠷᠢᠯᠴᠠᠨ ᠲᠤᠰᠠᠯᠠᠯᠴᠠᠬᠤ ᠳᠤ ᠬᠤᠶᠠᠷ ᠤᠷᠢᠲᠠᠯ ᠨᠥᠬᠦᠴᠡᠯ ᠲᠠᠢ᠄ ᠨᠢᠭᠡ ᠳᠤ᠂ ᠬᠠᠷᠢᠯᠴᠠᠨ ᠲᠤᠰᠠᠯᠠᠯᠴᠠᠬᠤ ᠭᠡᠷ ᠪᠦᠯᠢ ᠶᠢᠨ ᠪᠦᠷᠢᠯᠳᠦᠬᠦᠨ ᠨᠢ ᠵᠥᠪᠬᠡᠨ ᠡᠴᠢᠭᠡ ᠡᠬᠡ᠂ ᠬᠠᠨᠢ ᠨᠦᠬᠦᠷ ᠪᠠ ᠦᠷ᠎ᠡ ᠬᠡᠦᠬᠡᠳ ᠵᠡᠷᠭᠡ ᠣᠶᠢᠷ᠎ᠠ ᠲᠥᠷᠥᠯ ᠰᠠᠳᠤᠨ ᠳᠤ ᠬᠢᠵᠠᠭᠠᠷᠯᠠᠭᠳᠠᠨ᠎ᠠ᠃ ᠬᠤᠶᠠᠷ ᠲᠤ᠂ ᠬᠠᠷᠢᠯᠴᠠᠨ ᠲᠤᠰᠠᠯᠠᠯᠴᠠᠬᠤ ᠭᠡᠷ ᠪᠦᠯᠢ ᠶᠢᠨ ᠪᠦᠷᠢᠯᠳᠦᠬᠦᠨ ᠨᠢ ᠡᠷᠬᠡᠪᠰᠢ ᠡᠮ ᠡᠮᠨᠡᠯᠬᠡ ᠶᠢᠨ ᠦᠨᠳᠦᠰᠦᠨ ᠳᠠᠭᠠᠳᠬᠠᠯ ᠳᠤ ᠣᠷᠣᠯᠴᠠᠭᠰᠠᠨ ᠪᠠᠶᠢᠬᠤ ᠬᠡᠷᠡᠭᠲᠡᠢ᠃    ᠵᠠᠷᠢᠮ ᠰᠦᠯᠵᠢᠶᠡᠨ ᠠᠨᠳᠠ ᠶᠢᠨ ᠲᠤᠰᠬᠠᠭᠰᠠᠨ ᠢᠶᠠᠷ᠂ ᠦᠪᠡᠷ ᠢᠶᠠᠨ ᠨᠢᠭᠡᠨᠲᠡ ︽ᠡᠮ ᠡᠮᠨᠡᠯᠬᠡ ᠶᠢᠨ ᠳᠠᠭᠠᠳᠬᠠᠯ ᠤᠨ ᠲᠥᠷᠥᠯ ᠰᠠᠳᠤᠨ ᠤ ᠬᠠᠶᠢᠷ᠎ᠠ ᠰᠡᠳᠭᠢᠯᠭᠡ ᠶᠢᠨ ᠲᠠᠩᠰᠠᠨ ᠡᠷᠦᠬᠡ︾ ᠶᠢ ᠬᠤᠯᠪᠣᠵᠠᠶ᠂ ᠭᠡᠪᠡᠴᠦ ︽ᠡᠮ ᠡᠮᠨᠡᠯᠬᠡ ᠶᠢᠨ ᠳᠠᠭᠠᠳᠬᠠᠯ ᠤᠨ ᠬᠤᠪᠢ ᠬᠥᠮᠦᠨ ᠤ ᠲᠠᠩᠰᠠᠨ ᠡᠷᠦᠬᠡ ᠶᠢᠨ ᠬᠡᠷ ᠪᠦᠯᠢ ᠶᠢᠨ ᠲᠤᠳᠤᠷ᠎ᠠ ᠪᠠᠨ ᠬᠠᠷᠢᠯᠴᠠᠨ ᠲᠤᠰᠠᠯᠠᠯᠴᠠᠬᠤ︾ ᠶᠢ ᠪᠡᠶᠡᠯᠡᠭᠦᠯᠵᠦ ᠳᠡᠶᠢᠯᠦᠭᠡᠳᠦᠶ ᠪᠠᠶᠢᠨ᠎ᠠ᠃ ᠦᠨᠡᠨ ᠳᠡᠭᠡᠨ᠂ ︽ᠲᠥᠷᠥᠯ ᠰᠠᠳᠤᠨ ᠤ ᠬᠠᠶᠢᠷ᠎ᠠ ᠰᠡᠳᠭᠢᠯᠭᠡ ᠶᠢᠨ ᠲᠠᠩᠰᠠᠨ ᠡᠷᠦᠬᠡ︾ ᠪᠣᠯᠤᠨ ︽ᠬᠡᠷ ᠪᠦᠯᠢ ᠶᠢᠨ ᠪᠦᠷᠢᠯᠳᠦᠬᠦᠨ ᠬᠤᠭᠤᠷᠤᠨᠳᠤ ᠪᠠᠨ ᠬᠠᠷᠢᠯᠴᠠᠨ ᠲᠤᠰᠠᠯᠠᠯᠴᠠᠬᠤ︾ ᠪᠣᠯ ᠬᠤᠶᠠᠷ ᠵᠦᠢᠯ ᠤᠨ ᠠᠳᠠᠯᠢ ᠪᠤᠰᠤ ᠠᠵᠢᠯᠯᠠᠭ᠎ᠠ ᠪᠣᠯᠤᠨ᠎ᠠ᠃ ᠲᠥᠷᠥᠯ ᠰᠠᠳᠤᠨ ᠤ ᠬᠠᠶᠢᠷ᠎ᠠ ᠰᠡᠳᠭᠢᠯᠭᠡ ᠶᠢᠨ ᠳᠠᠩᠰᠠᠨ ᠡᠷᠦᠬᠡ ᠪᠣᠯ ᠭᠡᠷ ᠤᠨ ᠬᠥᠮᠦᠰ ᠢᠶᠠᠨ ᠬᠠᠪᠰᠤᠷᠤᠨ ᠡᠮ ᠡᠮᠨᠡᠯᠬᠡ ᠶᠢᠨ ᠳᠠᠭᠠᠳᠬᠠᠯ ᠤᠨ ᠺᠣᠳ᠋ ᠢ ᠳᠡᠯᠭᠡᠨ ᠦᠵᠡᠭᠦᠯᠵᠦ᠂ ᠭᠡᠷ ᠤᠨ ᠬᠥᠮᠦᠰ ᠤᠨ ᠡᠮ ᠡᠮᠨᠡᠯᠬᠡ ᠶᠢᠨ ᠳᠠᠭᠠᠳᠬᠠᠯ ᠤᠨ ᠲᠤᠭ᠎ᠠ ᠬᠡᠮᠵᠢᠶ᠎ᠡ ᠶᠢ ᠵᠠᠷᠤᠴᠠᠭᠤᠯᠵᠤ᠂ ᠬᠤᠯᠪᠤᠬᠰᠡᠨ ᠬᠥᠮᠦᠨ ᠤ ᠬᠤᠪᠢ ᠬᠥᠮᠦᠨ ᠤ ᠳᠠᠩᠰᠠᠨ ᠡᠷᠦᠬᠡ ᠲᠠᠢ ᠬᠠᠮᠢᠶ᠎ᠠ ᠦᠭᠡᠢ ᠪᠠᠶᠢᠳᠠᠭ᠃ ᠭᠡᠲᠡᠯ᠎ᠡ ᠬᠠᠷᠢᠯᠴᠠᠨ ᠲᠤᠰᠠᠯᠠᠯᠴᠠᠬᠤ ᠲᠠᠩᠰᠠᠨ ᠡᠷᠦᠬᠡ ᠭᠡᠳᠡᠭ ᠨᠢ ᠬᠤᠯᠪᠤᠬᠰᠡᠨ ᠬᠥᠮᠦᠨ ᠤ ᠡᠮ ᠡᠮᠨᠡᠯᠬᠡ ᠶᠢᠨ ᠳᠠᠭᠠᠳᠬᠠᠯ ᠤᠨ ᠬᠤᠪᠢ ᠬᠥᠮᠦᠨ ᠤ ᠲᠠᠩᠰᠠᠨ ᠡᠷᠦᠬᠡ ᠪᠠᠷ ᠬᠡᠷ ᠤᠨ ᠬᠥᠮᠦᠰ ᠲᠡᠭᠡᠨ ᠬᠠᠷᠢᠯᠴᠠᠨ ᠲᠤᠰᠠᠯᠠᠯᠴᠠᠵᠤ᠂ ᠬᠤᠯᠪᠤᠬᠰᠡᠨ ᠬᠥᠮᠦᠨ ᠤ ᠵᠣᠭᠤᠰ ᠢᠶᠠᠷ ᠬᠡᠷ ᠤᠨ ᠬᠥᠮᠦᠰ ᠢᠶᠠᠨ ᠬᠠᠪᠰᠤᠷᠤᠨ ︽ᠲᠣᠭᠠᠴᠠᠭ᠎ᠠ︾ ᠬᠢᠬᠦ ᠶᠠᠪᠤᠳᠠᠯ ᠪᠣᠯᠤᠨ᠎ᠠ᠃    ᠲᠠᠨᠢᠯᠴᠠᠭᠤᠯᠤᠭᠰᠠᠨ ᠢᠶᠠᠷ᠂ ᠳᠠᠭᠠᠳᠬᠠᠯ ᠳᠤ ᠣᠷᠣᠯᠴᠠᠭᠰᠠᠳ ᠤᠯᠤᠰ ᠤᠨ ᠡᠮ ᠡᠮᠨᠡᠯᠬᠡ ᠶᠢᠨ ᠳᠠᠭᠠᠳᠬᠠᠯ ᠤᠨ ᠦᠢᠯᠡᠴᠢᠯᠡᠭᠡᠨ ᠤ ᠲᠠᠪᠴᠠᠩ ᠤᠨ ᠰᠢᠯᠵᠢᠶ᠎ᠠ ᠣᠷᠣᠨ ᠨᠤᠲᠤᠭ ᠤᠨ ᠲᠤᠰᠬᠠᠶ ᠲᠣᠭᠤᠷᠢᠭ᠂ ᠲᠤᠬᠠᠶ ᠶᠢᠨ ᠭᠠᠵᠠᠷ ᠤᠨ ᠡᠮ ᠡᠮᠨᠡᠯᠬᠡ ᠶᠢᠨ ᠳᠠᠭᠠᠳᠬᠠᠯ ᠤᠨ ᠰᠠᠯᠠᠭ᠎ᠠ ᠮᠥᠴᠢᠷ ᠤᠨ ᠵᠢᠷᠬᠢᠶ᠎ᠠ ᠨᠡᠶᠢᠲᠡ ᠶᠢᠨ ᠲᠠᠪᠴᠠᠩ᠂ ᠠᠯᠪᠠᠨ ᠤ ᠰᠦᠯᠵᠢᠶ᠎ᠡ ᠵᠡᠷᠭᠡ ︽ᠠᠵᠢᠯᠲᠠᠨ ᠠᠵᠢᠯᠴᠢᠨ ᠤ ᠡᠮ ᠡᠮᠨᠡᠯᠬᠡ ᠶᠢᠨ ᠳᠠᠭᠠᠳᠬᠠᠯ ᠤᠨ ᠬᠤᠪᠢ ᠬᠥᠮᠦᠨ ᠤ ᠲᠠᠩᠰᠠᠨ ᠡᠷᠦᠬᠡ ᠶᠢᠨ ᠬᠡᠷ ᠪᠦᠯᠢ ᠶᠢᠨ ᠲᠤᠳᠤᠷ᠎ᠠ ᠪᠠᠨ ᠬᠠᠷᠢᠯᠴᠠᠨ ᠲᠤᠰᠠᠯᠠᠯᠴᠠᠬᠤ︾ ᠴᠢᠳᠠᠮᠵᠢ ᠶᠢᠨ ᠬᠡᠰᠡᠭ ᠢᠶᠠᠷ ᠳᠠᠮᠵᠢᠭᠤᠯᠤᠨ᠂ ᠰᠦᠯᠵᠢᠶᠡᠨ ᠳᠡᠭᠡᠷ᠎ᠡ ᠭᠦᠢᠴᠡᠳᠭᠡᠬᠦ ᠶᠢ ᠪᠡᠶᠡᠯᠡᠭᠦᠯᠵᠦ ᠪᠣᠯᠤᠨ᠎ᠠ᠃    ᠠᠩᠬᠠᠷᠤᠭᠤᠰᠢᠲᠠᠶ ᠨᠢ᠂ ᠭᠠᠭᠴᠠ ᠬᠦ ᠠᠵᠢᠯᠲᠠᠨ ᠠᠵᠢᠯᠴᠢᠨ ᠤ ᠡᠮ ᠡᠮᠨᠡᠯᠬᠡ ᠶᠢᠨ ᠳᠠᠭᠠᠳᠬᠠᠯ ᠳᠤ ᠣᠷᠣᠯᠴᠠᠭᠰᠠᠨ ᠬᠥᠮᠦᠨ ᠰᠠᠶ᠋ᠢ ᠬᠤᠪᠢ ᠬᠥᠮᠦᠨ ᠤ ᠲᠠᠩᠰᠠᠨ ᠡᠷᠦᠬᠡ ᠲᠠᠢ᠂ ᠵᠥᠪᠬᠡᠨ ᠠᠵᠢᠯᠲᠠᠨ ᠠᠵᠢᠯᠴᠢᠨ ᠤ ᠡᠮ ᠡᠮᠨᠡᠯᠬᠡ ᠶᠢᠨ ᠳᠠᠭᠠᠳᠬᠠᠯ ᠳᠤ ᠣᠷᠣᠯᠴᠠᠭᠰᠠᠨ ᠬᠥᠮᠦᠨ ᠰᠠᠶ᠋ᠢ ᠬᠤᠪᠢ ᠬᠥᠮᠦᠨ ᠤ ᠲᠠᠩᠰᠠᠨ ᠡᠷᠦᠬᠡ ᠶᠢᠨ ᠪᠠᠯᠠ ᠮᠥᠩᠭᠦ ᠶᠢ ᠬᠡᠷ ᠪᠦᠯᠢ ᠶᠢᠨ ᠪᠦᠷᠢᠯᠳᠦᠬᠦᠨ ᠳᠡᠭᠡᠨ ᠬᠠᠷᠢᠯᠴᠠᠨ ᠲᠤᠰᠠᠯᠠᠯᠴᠠᠵᠤ ᠴᠢᠳᠠᠨ᠎ᠠ᠃ ᠡᠭᠦᠨ ᠤ ᠵᠡᠷᠭᠡ ᠪᠠᠷ᠂ ᠠᠵᠢᠯᠲᠠᠨ ᠠᠵᠢᠯᠴᠢᠨ ᠤ ᠡᠮ ᠡᠮᠨᠡᠯᠬᠡ ᠶᠢᠨ ᠳᠠᠭᠠᠳᠬᠠᠯ ᠤᠨ ᠬᠤᠪᠢ ᠬᠥᠮᠦᠨ ᠤ ᠲᠠᠩᠰᠠᠨ ᠡᠷᠦᠬᠡ ᠳᠠᠬᠢ ᠵᠣᠭᠤᠰ ᠢ ᠬᠠᠮᠲᠤ ᠳᠤᠨᠢ ᠬᠠᠩᠭᠠᠵᠤ᠂ ᠺᠠᠷᠲ ᠢ ᠬᠠᠮᠲᠤ ᠳᠤᠨᠢ ᠬᠡᠷᠡᠭᠯᠡᠵᠦ ᠪᠣᠯᠬᠤ ᠥᠬᠡᠶ᠃ ᠶᠠᠮᠠᠷᠪᠠ ᠪᠠᠶᠢᠳᠠᠯ ᠳᠣᠣᠷ᠎ᠠ ᠴᠤ ᠭᠡᠰᠡᠨ ᠡᠪᠡᠳᠴᠢᠨ ᠦᠵᠡᠭᠦᠯᠵᠦ ᠡᠮ ᠬᠤᠳᠠᠯᠳᠤᠨ ᠠᠪᠬᠤ ᠳᠤ ᠡᠷᠬᠡᠪᠰᠢ ᠡᠪᠡᠳᠴᠢᠲᠡᠨ ᠤ ᠬᠤᠪᠢ ᠬᠥᠮᠦᠨ ᠤ ᠡᠮ ᠡᠮᠨᠡᠯᠬᠡ ᠶᠢᠨ ᠳᠠᠭᠠᠳᠬᠠᠯ ᠤᠨ ᠺᠠᠷᠲ ᠢ ᠬᠡᠷᠡᠭᠯᠡᠬᠦ ᠬᠡᠷᠡᠭᠲᠡᠢ᠃    ᠤᠯᠤᠰ ᠤᠨ ᠡᠮ ᠡᠮᠨᠡᠯᠬᠡ ᠶᠢᠨ ᠳᠠᠭᠠᠳᠬᠠᠯ ᠤᠨ ᠲᠣᠪᠴᠢᠶ᠎ᠠ ᠶᠢᠨ ᠬᠠᠮᠤᠭ ᠤᠨ ᠰᠢᠨ᠎ᠡ ᠲᠤᠭ᠎ᠠ ᠪᠠᠷᠢᠮᠲᠠ ᠳᠤ ᠬᠠᠷᠠᠭᠤᠯᠤᠬᠰᠡᠨ ᠢᠶᠠᠷ᠂ ᠡᠨᠡ ᠵᠢᠯ ᠤᠨ 1 ᠠᠴᠠ 8 ᠰᠠᠷ᠎ᠠ ᠪᠣᠯᠲᠠᠯ᠎ᠠ ᠠᠵᠢᠯᠲᠠᠨ ᠠᠵᠢᠯᠴᠢᠨ ᠤ ᠡᠮ ᠡᠮᠨᠡᠯᠬᠡ ᠶᠢᠨ ᠳᠠᠭᠠᠳᠬᠠᠯ ᠤᠨ ᠬᠤᠪᠢ ᠬᠥᠮᠦᠨ ᠤ ᠲᠠᠩᠰᠠᠨ ᠡᠷᠦᠬᠡ ᠶᠢ ᠨᠡᠶᠢᠲᠡ 2.18 ᠳ᠋ᠦᠩᠰᠢᠭᠤᠷ ᠬᠥᠮᠦᠨ ᠤᠳᠠᠭ᠎ᠠ ᠰᠢᠢᠳᠪᠦᠷᠢᠯᠡᠵᠦ᠂ ᠨᠡᠶᠢᠲᠡ 262.57 ᠳ᠋ᠦᠩᠰᠢᠭᠤᠷ ᠲᠥᠭᠦᠷᠢᠭ ᠬᠠᠷᠢᠯᠴᠠᠨ ᠲᠤᠰᠠᠯᠠᠯᠴᠠᠵᠠᠢ᠃ 9 ᠰᠠᠷ᠎ᠠ ᠶᠢᠨ 16 ᠤ ᠡᠳᠦᠷ ᠪᠣᠯᠲᠠᠯ᠎ᠠ᠂ 11 ᠮᠤᠵᠢ ᠣᠷᠣᠨ ᠨᠢᠭᠡᠨᠲᠡ ᠬᠠᠷᠢᠯᠴᠠᠨ ᠲᠤᠰᠠᠯᠠᠯᠴᠠᠬᠤ ᠬᠡᠪᠴᠢᠶ᠎ᠡ ᠪᠠᠨ ᠣᠶᠢᠷ᠎ᠠ ᠲᠥᠷᠥᠯ ᠰᠠᠳᠤᠨ ᠬᠦᠷᠲᠡᠯ᠎ᠡ ᠥᠷᠭᠡᠳᠭᠡᠵᠦ᠂ 26 ᠮᠤᠵᠢ ᠣᠷᠣᠨ ᠵᠢᠴᠢ ᠰᠢᠨᠵᠢᠶᠠᠩ ᠤᠨ ᠦᠢᠯᠡᠳᠪᠦᠷᠢᠯᠡᠯ ᠪᠥᠲᠥᠭᠡᠨ ᠪᠠᠶᠢᠭᠤᠯᠤᠯᠲᠠ ᠶᠢᠨ ᠪᠢᠩᠲ᠋ᠤᠸᠠᠨ ᠨᠢᠭᠡᠨᠲᠡ ᠠᠵᠢᠯᠲᠠᠨ ᠠᠵᠢᠯᠴᠢᠨ ᠤ ᠡᠮ ᠡᠮᠨᠡᠯᠬᠡ ᠶᠢᠨ ᠳᠠᠭᠠᠳᠬᠠᠯ ᠤᠨ ᠬᠤᠪᠢ ᠬᠥᠮᠦᠨ ᠤ ᠲᠠᠩᠰᠠᠨ ᠡᠷᠦᠬᠡ ᠶᠢ ᠮᠤᠵᠢ ᠶᠢᠨ ᠳᠣᠲᠣᠷ᠎ᠠ ᠪᠠᠨ ᠨᠢᠭᠡᠳᠦᠯᠲᠡᠶ ᠲᠥᠯᠥᠪᠵᠢᠬᠦᠯᠬᠦ ᠣᠷᠣᠨ ᠠᠯᠤᠰᠯᠠᠨ ᠬᠠᠷᠢᠯᠴᠠᠨ ᠲᠤᠰᠠᠯᠠᠯᠴᠠᠬᠤ ᠶᠢ ᠪᠡᠶᠡᠯᠡᠭᠦᠯᠪᠡ᠃    ᠤᠯᠤᠰ ᠤᠨ ᠡᠮ ᠡᠮᠨᠡᠯᠬᠡ ᠶᠢᠨ ᠳᠠᠭᠠᠳᠬᠠᠯ ᠤᠨ ᠲᠣᠪᠴᠢᠶ᠎ᠠ ᠶᠢᠨ ᠬᠤᠯᠪᠣᠭᠳᠠᠯ ᠪᠥᠬᠦᠶ ᠬᠠᠷᠢᠭᠤᠴᠠᠯᠭᠠᠲᠠᠨ ᠡᠮᠤᠨᠡᠭᠡᠨ᠂ ᠵᠢᠱᠢᠯᠲᠡ ᠪᠠᠷ ᠡᠨᠡ ᠵᠢᠯ ᠤᠨ ᠰᠡᠬᠦᠯᠴᠢ ᠪᠣᠯᠬᠤ ᠳᠤ᠂ ᠡᠯ᠎ᠡ ᠭᠠᠵᠠᠷ ᠤᠨ ᠬᠢᠨ ᠬᠤᠪᠢ ᠬᠥᠮᠦᠨ ᠤ ᠲᠠᠩᠰᠠᠨ ᠡᠷᠦᠬᠡ ᠶᠢᠨ ᠮᠤᠵᠢ ᠶᠢᠨ ᠳᠣᠲᠣᠭᠠᠳᠤ ᠳᠤ ᠬᠠᠷᠢᠯᠴᠠᠨ ᠲᠤᠰᠠᠯᠠᠯᠴᠠᠬᠤ ᠶᠢ ᠪᠡᠶᠡᠯᠡᠭᠦᠯᠵᠦ᠂ ᠢᠷᠡᠬᠦ ᠵᠢᠯ ᠠᠴᠠ ᠡᠬᠢᠯᠡᠨ ᠮᠤᠵᠢ ᠠᠯᠤᠰᠯᠠᠨ ᠬᠠᠷᠢᠯᠴᠠᠨ ᠲᠤᠰᠠᠯᠠᠯᠴᠠᠬᠤ ᠶᠢ ᠰᠦᠪᠡᠭᠴᠢᠯᠡᠨ ᠠᠬᠢᠭᠤᠯᠬᠤ ᠪᠤᠯᠤᠨ᠎ᠠ ᠭᠡᠵᠤ ᠢᠯᠡᠳᠭᠡᠪᠡ᠃
 
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠡ ᠤ ᠰᠤᠨᠢᠠ ᠮᠠᠳᠡᠭᠡ ᠶᠢᠨ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号