| | ᠰᠣᠯᠣᠨ ᠤᠰᠤ ᠲᠠᠲᠠᠵᠤ ᠡᠨᠧᠷᠭᠢ ᠬᠠᠳᠠᠭᠠᠯᠠᠬᠤ ᠴᠠᠬᠢᠯᠭᠠᠨ ᠥᠷᠲᠡᠭᠡᠨ ᠤ ᠡᠮᠦᠨᠡᠬᠢ ᠬᠤᠭᠤᠴᠠᠭᠠᠨ ᠤ | ᠠᠵᠢᠯ ᠢ ᠲᠦᠷᠭᠡᠳᠬᠡᠨ ᠥᠷᠨᠢᠭᠦᠯᠬᠦ ᠶᠢᠨ ᠲᠤᠰᠠᠳᠠ᠂ ᠮᠠᠨ ᠤ ᠬᠤᠰᠢᠭᠤ 2024 ᠣᠨ ᠤ 8 ᠰᠠᠷ᠎ᠠ ᠶᠢᠨ 30 ᠤ | ᠡᠳᠦᠷ ᠰᠣᠯᠣᠨ ᠤᠰᠤ ᠲᠠᠲᠠᠵᠤ ᠡᠨᠧᠷᠭᠢ ᠬᠠᠳᠠᠭᠠᠯᠠᠬᠤ ᠲᠥᠷᠥᠯ ᠵᠦᠢᠯ ᠤᠨ ᠪᠠᠯᠠ ᠣᠷᠣᠭᠤᠯᠤᠯᠲᠠ ᠶᠢᠨ ᠭᠤᠤᠯ | ᠴᠣᠭᠴᠠ ᠳᠤ ᠴᠢᠭᠯᠡᠭᠦᠯᠦᠨ ᠰᠢᠯᠢᠳᠡᠭ ᠢ ᠨᠢ ᠰᠣᠩᠭᠤᠬᠤ ᠠᠵᠢᠯ ᠢ ᠥᠷᠨᠢᠭᠦᠯᠦᠭᠰᠡᠨ ᠪᠥᠭᠡᠳ ᠬᠤᠷᠴᠢᠨ ᠪᠠᠷᠠᠭᠤᠨ | ᠭᠠᠷᠤᠨ ᠡᠮᠦᠨᠡᠲᠦ ᠬᠤᠰᠢᠭᠤᠨ ᠤ ᠵᠠᠰᠠᠭ ᠤᠨ ᠣᠷᠳᠣᠨ ᠤ ᠰᠦᠯᠵᠢᠶᠡᠨ ᠳᠡᠭᠡᠷ᠎ᠡ ᠰᠢᠯᠢᠳᠡᠭ ᠢ ᠨᠢ ᠰᠣᠩᠭᠤᠬᠤ ᠠᠯᠪᠠᠨ | ᠵᠠᠷᠯᠠᠯ ᠨᠡᠶᠢᠲᠡᠯᠡᠵᠦ᠂ 9 ᠰᠠᠷ᠎ᠠ ᠶᠢᠨ 5 ᠤ ᠡᠳᠦᠷ ᠨᠡᠷ᠎ᠡ ᠮᠡᠳᠡᠭᠦᠯᠵᠦ ᠳᠠᠭᠤᠰᠬᠠᠬᠤ ᠪᠣᠯᠳᠠᠯ᠎ᠠ᠂ ᠵᠥᠪᠬᠡᠨ 1 ᠵᠥᠩ | ᠭᠤᠸᠠᠩ ᠾᠧ ᠰᠠᠯᠬᠢᠨ ᠬᠦᠴᠦᠨ ᠤ ᠴᠠᠬᠢᠯᠭᠠᠨ ᠤ ᠬᠢᠵᠠᠭᠠᠷᠲᠤ ᠺᠣᠮᠫᠠᠨᠢ ᠰᠢᠯᠢᠳᠡᠭ ᠢ ᠨᠢ ᠰᠣᠩᠭᠤᠬᠤ ᠳᠤ | ᠤᠷᠤᠯᠴᠠᠵᠤ᠂ ᠳᠤᠮᠳᠠᠳᠤ ᠤᠯᠤᠰ ᠤᠨ ᠴᠠᠬᠢᠯᠭᠠᠨ ᠬᠦᠴᠦᠨ ᠤ ᠪᠥᠲᠥᠭᠡᠨ ᠪᠠᠶᠢᠭᠤᠯᠤᠯᠲᠠ ᠶᠢᠨ ᠪᠦᠯᠦᠭᠯᠡᠯ ᠤᠨ | ᠪᠡᠭᠡᠵᠢᠩ ᠤᠨ ᠬᠠᠶᠢᠨ ᠬᠡᠮᠵᠢᠯᠲᠡ ᠶᠢᠨ ᠵᠢᠷᠤᠭ ᠲᠥᠯᠥᠪᠯᠡᠭᠡ ᠶᠢᠨ ᠰᠤᠳᠤᠯᠭᠠᠨ ᠤ ᠬᠦᠷᠢᠶᠡᠯᠡᠩ ᠤᠨ ᠬᠢᠵᠠᠭᠠᠷᠲᠤ | ᠺᠣᠮᠫᠠᠨᠢ ᠶᠢᠨ ᠬᠢᠨᠠᠨ ᠲᠣᠭᠲᠠᠭᠠᠯᠳᠠ ᠪᠠ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠠᠳ ᠤᠨ | ᠵᠠᠰᠠᠭ ᠤᠨ ᠣᠷᠳᠣᠨ ᠤ ᠬᠤᠷᠠᠯ ᠢᠶᠠᠷ ᠰᠤᠳᠤᠯᠤᠭᠠᠳ᠂ ᠵᠥᠩ ᠭᠤᠸᠠᠩ ᠾᠧ ᠰᠠᠯᠬᠢᠨ ᠬᠦᠴᠦᠨ ᠤ ᠴᠠᠬᠢᠯᠭᠠᠨ ᠤ | ᠬᠢᠵᠠᠭᠠᠷᠲᠤ ᠺᠣᠮᠫᠠᠨᠢ ᠲᠥᠷᠥᠯ ᠵᠦᠢᠯ ᠤᠨ ᠪᠠᠯᠠ ᠣᠷᠣᠭᠤᠯᠤᠯᠲᠠ ᠶᠢᠨ ᠭᠤᠤᠯ ᠴᠣᠭᠴᠠ ᠶᠢᠨ ᠱᠠᠭᠠᠷᠳᠠᠯᠭ᠎ᠠ ᠳᠤ | ᠨᠡᠶᠢᠴᠡᠵᠤ᠂ ᠵᠥᠩ ᠭᠤᠸᠠᠩ ᠾᠧ ᠰᠠᠯᠬᠢᠨ ᠬᠦᠴᠦᠨ ᠤ ᠴᠠᠬᠢᠯᠭᠠᠨ ᠤ ᠬᠢᠵᠠᠭᠠᠷᠲᠤ ᠺᠣᠮᠫᠠᠨᠢ ᠶᠢ ᠥᠪᠥᠷ | ᠮᠣᠩᠭᠤᠯ ᠤᠨ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠰᠣᠯᠣᠨ ᠤᠰᠤ ᠲᠠᠲᠠᠵᠤ ᠡᠨᠧᠷᠭᠢ | ᠬᠠᠳᠠᠭᠠᠯᠠᠬᠤ ᠴᠠᠬᠢᠯᠭᠠᠨ ᠥᠷᠲᠡᠭᠡ ᠶᠢᠨ ᠲᠥᠷᠥᠯ ᠵᠦᠢᠯ ᠤᠨ ᠪᠠᠯᠠ ᠣᠷᠣᠭᠤᠯᠤᠯᠲᠠ ᠶᠢᠨ ᠭᠤᠤᠯ ᠴᠣᠭᠴᠠ | ᠪᠤᠯᠭᠠᠬᠤ ᠪᠠᠷ ᠲᠤᠭᠲᠠᠭᠠᠭᠰᠠᠨ ᠪᠦᠭᠡᠳ ᠰᠢᠯᠢᠳᠡᠭ ᠢ ᠨᠢ ᠰᠣᠩᠭᠤᠭᠰᠠᠨ ᠦᠷ᠎ᠡ ᠳ᠋ᠦᠩ ᠢᠶᠠᠨ ᠠᠶᠢᠮᠠᠭ ᠤᠨ | ᠵᠠᠬᠢᠷᠭ᠎ᠠ ᠳᠤ ᠮᠡᠳᠡᠭᠦᠯᠦᠨ ᠳᠠᠩᠰᠠᠯᠠᠭᠤᠯᠪᠠ᠃ ᠡᠳᠦᠭᠡ ᠲᠥᠷᠥᠯ ᠵᠦᠢᠯ ᠤᠨ ᠪᠠᠯᠠ ᠣᠷᠣᠭᠤᠯᠤᠯᠲᠠ ᠶᠢᠨ ᠭᠤᠤᠯ | ᠴᠣᠭᠴᠠ ᠶᠢᠨ ᠰᠢᠯᠢᠳᠡᠭ ᠢ ᠨᠢ ᠰᠣᠩᠭᠤᠭᠰᠠᠨ ᠦᠷ᠎ᠡ ᠳ᠋ᠦᠩ ᠢ ᠵᠠᠷᠯᠠᠨ ᠨᠡᠶᠢᠲᠡᠯᠡᠵᠦ᠂ ᠵᠠᠷᠯᠠᠨ ᠨᠡᠶᠢᠲᠡᠯᠡᠬᠦ | ᠬᠤᠭᠤᠴᠠᠭ᠎ᠠ 2024 ᠣᠨ ᠤ 9 ᠰᠠᠷ᠎ᠠ ᠶᠢᠨ 27 ᠤ ᠡᠳᠦᠷ ᠤᠨ 8᠄ 30 ᠴᠠᠭ ᠠᠴᠠ 2024 ᠣᠨ ᠤ 9 | ᠰᠠᠷ᠎ᠠ ᠶᠢᠨ 30 ᠤ ᠡᠳᠦᠷ ᠤᠨ 17᠄ 30 ᠴᠠᠭ ᠪᠣᠯᠲᠠᠯ᠎ᠠ᠂ ᠬᠡᠷᠪᠡ ᠰᠢᠯᠢᠳᠡᠭ ᠢ ᠨᠢ ᠰᠣᠩᠭᠤᠭᠰᠠᠨ ᠦᠷ᠎ᠡ | ᠳ᠋ᠦᠩ ᠳᠤ ᠣᠨᠳᠣᠤ ᠰᠠᠨᠠᠯ ᠲᠠᠢ ᠪᠠᠶᠢᠪᠠᠯ᠂ 2024 ᠣᠨ ᠤ 9 ᠰᠠᠷ᠎ᠠ ᠶᠢᠨ 30 ᠤ ᠡᠳᠦᠷ ᠤᠨ 17᠄ 30 | ᠴᠠᠭ ᠠᠴᠠ ᠡᠮᠦᠨ᠎ᠡ ᠬᠤᠰᠢᠭᠤᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠰᠠᠬᠢᠯᠭ᠎ᠠ ᠪᠠᠲᠤ | ᠪᠠᠶᠢᠴᠠᠭᠠᠬᠤ ᠬᠢᠨᠠᠨ ᠪᠠᠶᠢᠴᠠᠭᠠᠬᠤ ᠳᠤᠭᠤᠶᠢᠯᠠᠩ ᠳᠤ ᠳᠤᠷᠠᠳᠤᠭᠠᠷᠠᠢ᠃ ᠬᠠᠷᠢᠯᠴᠠᠬᠤ ᠤᠲᠠᠰᠤ᠄ 0482 — | 8660302᠂ 8615003 ᠪᠤᠯᠤᠨ᠎ᠠ᠃ | | | ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ | ᠵᠥᠪᠯᠡᠯ | 2024 ᠣᠨ ᠤ 9 ᠰᠠᠷ᠎ᠠ ᠶᠢᠨ 27 ᠤ ᠡᠳᠦᠷ |