ᠪᠡᠭᠡᠵᠢᠩ ᠤᠨ ᠣᠶ ᠰᠢᠭᠤᠶ ᠶᠢᠨ ᠶᠡᠭᠡ ᠰᠤᠷᠭᠠᠭᠤᠯᠢ ᠪᠣᠯᠤᠨ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ ᠴᠡᠭ ᠲᠣᠭᠲᠠᠭᠠᠨ ᠬᠠᠪᠰᠤᠷᠤᠨ ᠲᠡᠳᠬᠦᠬᠦ ᠶᠠᠷᠢᠯᠴᠠᠬᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/10/16
     10 ᠰᠠᠷ᠎ᠠ ᠶᠢᠨ 11 ᠤ ᠡᠳᠦᠷ᠂ ᠪᠡᠭᠡᠵᠢᠩ ᠤᠨ ᠣᠶ ᠰᠢᠭᠤᠶ ᠶᠢᠨ ᠶᠡᠭᠡ ᠰᠤᠷᠭᠠᠭᠤᠯᠢ ᠬᠢᠭᠡᠳ ᠬᠤᠷᠴᠢᠨ ᠪᠠᠷᠠᠭᠤᠨ ᠭᠠᠷᠤᠨ ᠡᠮᠦᠨᠡᠲᠦ  ᠬᠤᠰᠢᠭᠤ ᠴᠡᠭ ᠲᠣᠭᠲᠠᠭᠠᠨ ᠬᠠᠪᠰᠤᠷᠤᠨ ᠲᠡᠳᠬᠦᠬᠦ ᠶᠠᠷᠢᠯᠴᠠᠬᠤ ᠬᠤᠷᠠᠯ ᠬᠤᠷᠠᠯᠳᠤᠭᠤᠯᠵᠤ᠂ ᠪᠡᠭᠡᠵᠢᠩ ᠤᠨ ᠣᠶ ᠰᠢᠭᠤᠶ ᠶᠢᠨ ᠶᠡᠭᠡ ᠰᠤᠷᠭᠠᠭᠤᠯᠢ ᠶᠢᠨ ᠵᠠᠬᠢᠷᠤᠯ ᠯᠢ ᠵᠣᠣ ᠬᠤ᠋᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠯᠢᠦ ᠬᠠᠶ ᠲᠤᠤ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠯᠢ ᠹᠠᠩ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠳᠡᠳ᠋ ᠬᠤᠰᠢᠭᠤᠨ ᠳᠠᠷᠤᠭ᠎ᠠ ᠯᠢ ᠶᠣᠣ ᠵᠢᠶᠧ ᠵᠢᠴᠢ ᠪᠡᠭᠡᠵᠢᠩ ᠤᠨ ᠣᠶ ᠰᠢᠭᠤᠶ ᠶᠢᠨ ᠶᠡᠭᠡ ᠰᠤᠷᠭᠠᠭᠤᠯᠢ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠵᠠᠰᠠᠭ ᠤᠨ ᠣᠷᠳᠣᠨ ᠤ ᠬᠠᠮᠢᠶ᠎ᠠ ᠪᠥᠬᠦᠶ ᠤᠳᠤᠷᠢᠳᠤᠯᠭ᠎ᠠ ᠶᠠᠷᠢᠯᠴᠠᠬᠤ ᠬᠤᠷᠠᠯ ᠳᠤ ᠣᠷᠣᠯᠴᠠᠪᠠ᠃      ᠶᠠᠷᠢᠯᠴᠠᠬᠤ ᠬᠤᠷᠠᠯ ᠳᠡᠭᠡᠷ᠎ᠡ᠂ ᠯᠢᠦ ᠬᠠᠢ ᠲᠤᠤ᠂ 2013 ᠣᠨ ᠠᠴᠠ ᠨᠠᠰᠢ᠂ ᠪᠡᠭᠡᠵᠢᠩ ᠤᠨ ᠤᠢ ᠰᠢᠭᠤᠢ ᠶᠢᠨ ᠶᠡᠭᠡ ᠰᠤᠷᠭᠠᠭᠤᠯᠢ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠠᠵᠤ ᠦᠢᠯᠡᠰ ᠢ ᠬᠥᠭᠵᠢᠭᠦᠯᠬᠦ᠂ ᠴᠢᠳᠠᠪᠤᠷᠢᠲᠠᠨ ᠢ ᠬᠥᠮᠦᠵᠢᠭᠦᠯᠬᠦ ᠵᠡᠷᠭᠡ ᠬᠦᠷᠢᠶᠡᠨ ᠳᠤ ᠪᠦᠬᠦ ᠲᠠᠯ᠎ᠠ ᠪᠠᠷ ᠬᠦᠴᠦᠨ ᠨᠡᠮᠡᠷᠢᠯᠡᠵᠦ᠂ ᠬᠦᠨ ᠰᠡᠳᠬᠢᠯᠭᠡ ᠲᠠᠢ ᠪᠠᠷ ᠬᠦᠴᠦ ᠣᠷᠣᠭᠤᠯᠵᠤ᠂ ᠴᠡᠭ ᠲᠣᠭᠲᠠᠭᠠᠨ ᠬᠠᠪᠰᠤᠷᠤᠨ ᠲᠡᠳᠬᠦᠬᠦ ᠠᠵᠢᠯ ᠢ ᠪᠦᠬᠦ ᠬᠦᠴᠦᠨ ᠢᠶᠠᠷ ᠢᠶᠠᠨ ᠠᠬᠢᠭᠤᠯᠪᠠ᠃ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ ᠪᠡᠭᠡᠵᠢᠩ ᠤᠨ ᠣᠶ ᠰᠢᠭᠤᠶ ᠶᠢᠨ ᠶᠡᠭᠡ ᠰᠤᠷᠭᠠᠭᠤᠯᠢ ᠶᠢᠨ ᠬᠠᠪᠰᠤᠷᠤᠨ ᠲᠡᠳᠬᠦᠬᠦ ᠠᠵᠠ ᠲᠣᠬᠢᠶᠠᠯ ᠢ ᠮᠠᠰᠢ ᠨᠠᠨᠳᠢᠩᠨᠠᠵᠤ᠂ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠭᠦᠯᠬᠦ᠂ ᠰᠠᠭᠤᠷᠢ ᠲᠥᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠦᠷ᠎ᠡ ᠪᠦᠲᠦᠮᠵᠢ ᠶᠢ ᠳᠡᠭᠡᠭᠰᠢᠯᠡᠭᠦᠯᠬᠦ᠂ ᠰᠤᠷᠭᠠᠨ ᠬᠥᠮᠦᠵᠢᠯ ᠤᠨ ᠴᠢᠨᠠᠷ ᠰᠠᠶᠢᠲᠠᠶ ᠬᠥᠭᠵᠢᠯᠲᠡ ᠵᠡᠷᠭᠡ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠭᠤᠤᠯᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠪᠡᠭᠡᠵᠢᠩ ᠤᠨ ᠣᠶ ᠰᠢᠭᠤᠶ ᠶᠢᠨ ᠶᠡᠭᠡ ᠰᠤᠷᠭᠠᠭᠤᠯᠢ ᠶᠢᠨ ᠳᠡᠮᠵᠢᠯᠭᠡ ᠬᠠᠪᠰᠤᠷᠤᠯᠭ᠎ᠠ ᠶᠢ ᠪᠥᠬᠦ ᠬᠤᠰᠢᠭᠤᠨ ᠤ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠬᠦᠴᠦᠷᠬᠡᠭ ᠶᠡᠭᠡ ᠬᠥᠳᠡᠯᠭᠡᠬᠦ ᠬᠦᠴᠦᠨ ᠪᠣᠯᠭᠠᠨ ᠬᠤᠪᠢᠷᠠᠭᠤᠯᠤᠨ᠎ᠠ ᠭᠡᠵᠡᠢ᠃      ᠯᠢ ᠵᠤᠤ ᠬᠤ᠋᠂ ᠪᠡᠭᠡᠵᠢᠩ ᠤᠨ ᠤᠢ ᠰᠢᠭᠤᠢ ᠶᠢᠨ ᠶᠡᠭᠡ ᠰᠤᠷᠭᠠᠭᠤᠯᠢ ︽ᠬᠡᠷᠡᠭᠴᠡᠭᠡ︾ ᠪᠠᠷ ᠤᠳᠤᠷᠢᠳᠤᠮᠵᠢ ᠪᠣᠯᠭᠠᠬᠤ᠂ ︽ᠳᠠᠪᠠᠭᠤᠯᠢᠭ ᠢᠶᠠᠨ ᠬᠠᠷᠢᠯᠴᠠᠨ ᠨᠥᠬᠦᠪᠥᠷᠢᠯᠡᠬᠦ᠂ ᠬᠠᠮᠵᠢᠯᠴᠠᠨ ᠬᠥᠭᠵᠢᠬᠦ᠂ ᠬᠠᠷᠢᠯᠴᠠᠨ ᠠᠰᠢᠭᠲᠠᠢ ᠬᠠᠮᠲᠤᠪᠠᠷ ᠠᠰᠢᠭ ᠬᠦᠷᠳᠡᠬᠦ︾ ᠵᠠᠷᠴᠢᠮ ᠢ ᠵᠢᠷᠤᠮᠯᠠᠵᠤ᠂ ᠰᠤᠷᠭᠠᠨ ᠬᠥᠮᠦᠵᠢᠯ᠂ ᠰᠢᠨᠵᠢᠯᠡᠬᠦ ᠤᠬᠠᠭᠠᠨ ᠮᠡᠷᠭᠡᠵᠢᠯ᠂ ᠴᠢᠳᠠᠪᠤᠷᠢᠲᠠᠨ ᠢᠶᠠᠷ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠵᠦ᠂ ︽ᠠᠵᠤ ᠦᠢᠯᠡᠰ︾ ᠢᠶᠠᠷ ᠠᠴᠢᠶᠠᠯᠠᠪᠤᠷᠢ ᠪᠣᠯᠭᠠᠨ ᠬᠥᠳᠡᠭᠡ ᠲᠣᠰᠬᠤᠨ ᠤ ᠠᠷᠠᠳ ᠢ ᠪᠠᠶᠠᠵᠢᠭᠤᠯᠤᠨ ᠣᠷᠣᠯᠭ᠎ᠠ ᠶᠢ ᠨᠡᠮᠡᠭᠳᠡᠭᠦᠯᠬᠦ ᠳᠤ ᠬᠦᠴᠦᠨ ᠨᠡᠮᠡᠷᠢᠯᠡᠵᠦ᠂ ︽ᠰᠢᠨ᠎ᠡ ᠶᠢ ᠡᠭᠦᠳᠬᠦ︾ ᠪᠠᠷ ᠬᠥᠳᠡᠯᠭᠡᠬᠦ ᠬᠦᠴᠦᠨ ᠪᠣᠯᠭᠠᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠰᠢᠨ᠎ᠡ ᠵᠠᠭᠪᠤᠷ ᠢ ᠰᠦᠪᠡᠭᠴᠢᠯᠡᠵᠦ᠂ ︽ᠤᠯᠠᠮᠵᠢᠯᠠᠯ︾ ᠢᠶᠠᠷ ᠬᠤᠯᠪᠣᠭᠠᠰᠤ ᠪᠣᠯᠭᠠᠨ ᠰᠣᠶᠣᠯ ᠤᠨ ᠨᠡᠪᠴᠢᠯᠲᠡ ᠶᠢᠨ ᠦᠢᠯᠡᠳᠦᠯ ᠢ ᠪᠠᠳᠠᠷᠠᠭᠤᠯᠵᠤ᠂ ᠴᠡᠭ ᠲᠣᠭᠲᠠᠭᠠᠨ ᠬᠠᠪᠰᠤᠷᠤᠨ ᠲᠡᠳᠬᠦᠬᠦ ᠠᠵᠢᠯ ᠤᠨ ᠰᠢᠨ᠎ᠡ ᠵᠢᠳᠬᠦᠯ ᠴᠢᠷᠮᠠᠶᠢᠯᠭ᠎ᠠ ᠭᠠᠷᠭᠠᠬᠤ ᠶᠢ ᠠᠬᠢᠭᠤᠯᠵᠤ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠰᠠᠶᠢᠨ ᠰᠠᠶᠢᠬᠠᠨ ᠵᠢᠷᠤᠭ ᠲᠥᠯᠥᠪᠯᠡᠭᠡ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠠᠬᠢᠭᠤᠯᠤᠨ᠎ᠠ ᠭᠡᠵᠦ ᠢᠯᠡᠳᠬᠡᠪᠡ᠃
 
ᠢᠷᠡᠯᠲᠡ᠄ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号