ᠪᠡᠭᠡᠵᠢᠩ ᠤᠨ ᠣᠶ ᠰᠢᠭᠤᠶ ᠶᠢᠨ ᠶᠡᠭᠡ ᠰᠤᠷᠭᠠᠭᠤᠯᠢ ᠶᠢᠨ ᠵᠠᠬᠢᠷᠤᠯ ᠯᠢ ᠵᠤᠤ ᠬᠤ᠋ ᠨᠠᠷ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠳᠤ ᠢᠷᠡᠵᠦ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2024/10/16
      10 ᠰᠠᠷ᠎ᠠ ᠶᠢᠨ 11 ᠤ ᠡᠳᠦᠷ᠂ ᠪᠡᠭᠡᠵᠢᠩ ᠤᠨ ᠣᠶ ᠰᠢᠭᠤᠶ ᠶᠢᠨ ᠶᠡᠭᠡ ᠰᠤᠷᠭᠠᠭᠤᠯᠢ ᠶᠢᠨ ᠵᠠᠬᠢᠷᠤᠯ ᠯᠢ ᠵᠣᠣ ᠬᠤ᠋ ᠨᠠᠷ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠳᠤ ᠢᠷᠡᠵᠤ ᠴᠡᠭ ᠲᠣᠭᠲᠠᠭᠠᠨ ᠬᠠᠪᠰᠤᠷᠤᠨ ᠲᠡᠳᠬᠦᠬᠦ ᠠᠵᠢᠯ ᠢ ᠪᠠᠶᠢᠴᠠᠭᠠᠨ ᠰᠤᠳᠤᠯᠵᠤ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠯᠢᠦ ᠬᠠᠶ ᠲᠤᠤ᠂ ᠬᠤᠰᠢᠭᠤᠨ ᠤ ᠵᠠᠰᠠᠭ ᠤᠨ ᠣᠷᠳᠣᠨ ᠤ ᠬᠠᠮᠢᠶ᠎ᠠ ᠪᠥᠬᠦᠶ ᠤᠳᠤᠷᠢᠳᠤᠯᠭ᠎ᠠ ᠨᠠᠷ ᠬᠠᠮᠲᠤ ᠪᠠᠷ ᠪᠠᠶᠢᠴᠠᠭᠠᠨ ᠰᠤᠳᠤᠯᠤᠯᠲᠠ ᠬᠢᠪᠠ᠃      ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠡᠷᠬᠢᠲᠦ ᠪᠠᠯᠭᠠᠰᠤᠨ ᠤ ᠬᠦᠢᠲᠡᠨ ᠳᠤ ᠲᠡᠰᠪᠤᠷᠢᠲᠡᠢ ᠪᠦᠭᠡᠳ ᠥᠨᠳᠥᠷ ᠤᠨᠠᠯᠲᠠ ᠲᠠᠢ ᠴᠠᠷᠭᠠᠰᠤ ᠶᠢᠨ ᠲᠥᠷᠥᠯ ᠵᠦᠢᠯ ᠤᠨ ︽ᠤᠮᠠᠷᠠᠲᠤ ᠶᠢᠨ ᠣᠶ ᠶᠢᠨ 201︾ ᠶᠢᠨ ᠡᠭᠦᠯᠳᠡᠷ ᠢ ᠤᠷᠤᠭᠤᠯᠤᠨ ᠠᠪᠴᠢᠷᠠᠬᠤ ᠵᠢᠱᠢᠶ᠎ᠡ ᠦᠵᠡᠭᠦᠯᠬᠦ ᠰᠠᠭᠤᠷᠢᠨ ᠭᠠᠵᠠᠷ᠂ ᠬᠤᠷᠴᠢᠨ ᠪᠠᠯᠭᠠᠰᠤᠨ ᠤ ᠫᠢᠩ ᠠᠨ ᠲᠣᠰᠬᠤᠨ᠂ ᠯᠢᠦ ᠱᠦ ᠴᠤᠸᠠᠨ ᠲᠣᠰᠬᠤᠨ ᠵᠡᠷᠭᠡ ᠭᠠᠵᠠᠷ ᠢᠶᠠᠷ ᠯᠢ ᠵᠤᠤ ᠬᠤ᠋ ᠨᠠᠷ ᠪᠡᠭᠡᠵᠢᠩ ᠤᠨ ᠤᠢ ᠰᠢᠭᠤᠶ ᠶᠢᠨ ᠶᠡᠭᠡ ᠰᠤᠷᠭᠠᠭᠤᠯᠢ ᠶᠢᠨ ᠴᠡᠭ ᠲᠣᠭᠲᠠᠭᠠᠨ ᠬᠠᠪᠰᠤᠷᠤᠨ ᠲᠡᠳᠬᠦᠬᠦ ᠠᠵᠢᠯ ᠢ ᠥᠷᠨᠢᠭᠦᠯᠵᠦ ᠪᠠᠶᠢᠭ᠎ᠠ ᠪᠠᠶᠢᠳᠠᠯ ᠢ ᠨᠠᠷᠢᠨ ᠣᠶᠢᠯᠠᠭᠠᠵᠠᠢ᠃ ᠪᠠᠰᠠ ᠬᠠᠪᠰᠤᠷᠤᠨ ᠲᠡᠳᠬᠦᠬᠦ ᠠᠵᠢᠯ ᠢ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠬᠡᠷᠡᠭᠴᠡᠭᠡ ᠶᠢᠨ ᠲᠣᠭᠤᠷᠢᠨ ᠳᠤ ᠤᠯᠠᠨ ᠠᠷᠭ᠎ᠠ ᠵᠠᠮ᠂ ᠪᠦᠬᠦ ᠲᠠᠯ᠎ᠠ ᠶᠢᠨ᠂ ᠭᠦᠨ ᠳᠠᠪᠬᠤᠷᠭ᠎ᠠ ᠶᠢᠨ ᠲᠣᠭᠤᠷᠢᠨ ᠳᠤ ᠴᠡᠭ ᠲᠣᠭᠲᠠᠭᠠᠨ ᠬᠠᠪᠰᠤᠷᠤᠨ ᠲᠡᠳᠬᠦᠬᠦ ᠠᠵᠢᠯ ᠢ ᠥᠷᠨᠢᠭᠦᠯᠵᠦ᠂ ᠪᠡᠭᠡᠵᠢᠩ ᠤᠨ ᠤᠢ ᠰᠢᠭᠤᠶ ᠶᠢᠨ ᠶᠡᠭᠡ ᠰᠤᠷᠭᠠᠭᠤᠯᠢ ᠶᠢᠨ ᠳᠠᠪᠠᠭᠤᠯᠢᠭ ᠢ ᠭᠦᠢᠴᠡᠳ ᠪᠠᠳᠠᠷᠠᠭᠤᠯᠵᠤ᠂ ᠬᠠᠪᠰᠤᠷᠤᠨ ᠲᠡᠳᠬᠦᠬᠦ ᠠᠷᠭ᠎ᠠ ᠬᠡᠮᠵᠢᠶ᠎ᠡ ᠶᠢᠨ ᠰᠢᠨ᠎ᠡ ᠶᠢ ᠡᠭᠦᠳᠴᠦ᠂ ᠬᠥᠳᠡᠭᠡ ᠲᠣᠰᠬᠤᠨ ᠤ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠢ ᠲᠦᠷᠭᠡᠳᠬᠡᠨ ᠬᠥᠭᠵᠢᠭᠦᠯᠵᠦ᠂ ᠬᠠᠮᠵᠢᠯᠴᠠᠨ ᠬᠠᠮᠲᠤᠪᠠᠷ ᠠᠰᠢᠭ ᠬᠦᠷᠳᠡᠬᠦ ᠶᠢ ᠲᠤᠪᠤᠶᠢᠯᠭᠠᠵᠦ᠂ ᠰᠤᠷᠭᠠᠭᠤᠯᠢ ᠪᠠ ᠣᠷᠣᠨ ᠨᠤᠲᠤᠭ ᠤᠨ ᠬᠠᠮᠲᠤ ᠶᠢᠨ ᠬᠥᠭᠵᠢᠯᠲᠡ ᠶᠢᠨ ᠲᠤᠮᠤ ᠲᠠᠪᠴᠠᠩ ᠢ ᠪᠦᠬᠦ ᠬᠦᠴᠦᠨ ᠢᠶᠠᠷ ᠢᠶᠠᠨ ᠪᠠᠶᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃      ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠬᠤᠶᠠᠳᠤᠭᠠᠷ ᠳᠤᠮᠳᠠᠳᠤ ᠰᠤᠷᠭᠠᠭᠤᠯᠢ᠂ ᠬᠢᠩᠭᠠᠨ  ᠳᠠᠬᠢ ᠪᠡᠭᠡᠵᠢᠩ ᠪᠠᠭ᠎ᠠ ᠰᠤᠷᠭᠠᠭᠤᠯᠢ᠂ ᠭᠤᠷᠪᠠᠳᠤᠭᠠᠷ ᠳᠤᠮᠳᠠᠳᠤ ᠰᠤᠷᠭᠠᠭᠤᠯᠢ᠂ ᠲᠠᠪᠠᠭ᠎ᠠ ᠶᠢᠨ ᠭᠤᠤ ᠳᠤᠮᠳᠠᠳᠤ ᠰᠤᠷᠭᠠᠭᠤᠯᠢ ᠳᠤ᠂ ᠯᠢ ᠵᠤᠤ ᠬᠤ᠋ ᠨᠠᠷ ᠪᠡᠭᠡᠵᠢᠩ ᠤᠨ ᠤᠢ ᠰᠢᠭᠤᠢ ᠶᠢᠨ ᠶᠡᠭᠡ ᠰᠤᠷᠭᠠᠭᠤᠯᠢ ᠶᠢᠨ ᠰᠤᠷᠭᠠᠨ ᠬᠥᠮᠦᠵᠢᠯ ᠢ ᠳᠡᠮᠵᠢᠬᠦ ᠪᠠᠭᠰᠢ ᠰᠤᠷᠤᠭᠴᠢᠳ ᠢ ᠲᠣᠬᠤᠨᠢᠭᠤᠯᠵᠤ᠂ ᠲᠡᠳᠡᠨ ᠢ ᠰᠤᠷᠭᠠᠨ ᠬᠥᠮᠦᠵᠢᠯ ᠢ ᠳᠡᠮᠵᠢᠬᠦ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠪᠦᠬᠦ ᠰᠡᠳᠬᠢᠯ ᠪᠦᠬᠦ ᠵᠣᠷᠢᠭ ᠢᠶᠠᠷ ᠢᠶᠠᠨ ᠰᠤᠷᠭᠠᠨ ᠬᠥᠮᠦᠵᠢᠯ ᠢ ᠳᠡᠮᠵᠢᠬᠦ ᠠᠵᠢᠯ ᠳᠤ ᠣᠷᠣᠯᠴᠠᠵᠤ᠂ ᠲᠤᠰ ᠪᠡᠶ᠎ᠡ ᠶᠢᠨ ᠲᠤᠰᠬᠠᠢ ᠮᠡᠷᠭᠡᠵᠢᠯ ᠤᠨ ᠳᠠᠪᠠᠭᠤᠯᠢᠭ ᠢᠶᠠᠨ ᠪᠠᠳᠠᠷᠠᠭᠤᠯᠵᠤ᠂ ᠵᠢᠭᠠᠨ ᠰᠤᠷᠭᠠᠯᠲᠠ ᠶᠢᠨ ᠬᠡᠯᠪᠡᠷᠢ ᠶᠢᠨ ᠰᠢᠨ᠎ᠡ ᠶᠢ ᠡᠭᠦᠳᠴᠦ᠂ ᠵᠢᠭᠠᠨ ᠰᠤᠷᠭᠠᠯᠲᠠ ᠶᠢᠨ ᠶᠠᠰᠤ ᠴᠢᠨᠠᠷ ᠢᠶᠠᠨ ᠳᠡᠭᠡᠭᠰᠢᠯᠡᠭᠦᠯᠵᠦ᠂ ᠬᠢᠴᠢᠶᠡᠯ ᠤᠨ ᠲᠠᠩᠬᠢᠮ ᠢᠶᠠᠷ ᠬᠢᠴᠢᠶᠡᠯᠯᠡᠬᠦ᠂ ᠭᠤᠣᠯ ᠰᠡᠳᠦᠪᠲᠦ ᠰᠤᠷᠭᠠᠨ ᠬᠥᠮᠦᠵᠢᠯ᠂ ᠨᠡᠶᠢᠭᠡᠮ ᠤᠨ ᠦᠢᠯᠡᠳᠦᠯᠭᠡ ᠵᠡᠷᠭᠡ ᠤᠯᠠᠨ ᠵᠦᠢᠯ ᠤᠨ ᠬᠡᠯᠪᠡᠷᠢ ᠪᠠᠷ ᠰᠤᠷᠭᠠᠨ ᠬᠥᠮᠦᠵᠢᠯ ᠤᠨ ᠠᠵᠢᠯᠯᠠᠭ᠎ᠠ ᠥᠷᠨᠢᠭᠦᠯᠵᠦ᠂ ᠬᠡᠦᠬᠡᠳ ᠤᠳ ᠢ ᠦᠨᠡᠨ ᠬᠦ ᠰᠤᠷᠤᠯᠴᠠᠵᠤ ᠴᠢᠳᠠᠬᠤ᠂ ᠠᠵᠢᠯ ᠬᠢᠵᠤ ᠴᠢᠳᠠᠬᠤ᠂ ᠬᠥᠮᠦᠨ ᠢ ᠬᠦᠮᠦᠵᠢᠭᠦᠯᠦᠨ ᠰᠤᠷᠭᠠᠨ ᠬᠥᠮᠦᠵᠢᠯ ᠢ ᠳᠡᠮᠵᠢᠬᠦ ᠰᠠᠶᠢᠨ ᠰᠠᠶᠢᠬᠠᠨ ᠪᠦᠯᠬᠦᠮ ᠤᠨ ᠲᠦᠷᠢ ᠲᠥᠷᠬᠦ ᠶᠢ ᠪᠤᠢ ᠪᠣᠯᠭᠠᠵᠤ᠂ ᠪᠡᠭᠡᠵᠢᠩ ᠤᠨ ᠤᠢ ᠰᠢᠭᠤᠢ ᠶᠢᠨ ᠶᠡᠭᠡ ᠰᠤᠷᠭᠠᠭᠤᠯᠢ ᠶᠢᠨ ᠬᠠᠷᠢᠭᠤᠴᠠᠯᠭ᠎ᠠ ᠡᠭᠦᠷᠭᠡᠯᠡᠯ ᠪᠣᠯᠤᠨ ᠬᠤᠪᠢ ᠨᠡᠮᠡᠷᠢ ᠦᠵᠡᠭᠦᠯᠬᠦ ᠵᠣᠷᠢᠭ ᠰᠠᠨᠠᠭ᠎ᠠ ᠶᠢ ᠭᠦᠢᠴᠡᠳ ᠢᠯᠡᠷᠡᠭᠦᠯᠬᠦ ᠬᠡᠷᠡᠭᠲᠡᠢ ᠭᠡᠵᠦ ᠵᠣᠷᠢᠭᠵᠢᠭᠤᠯᠪᠠ᠃      ᠪᠠᠶᠢᠴᠠᠭᠠᠨ ᠰᠤᠳᠤᠯᠤᠯᠲᠠ ᠶᠢᠨ ᠳᠤᠮᠳᠠ᠂ ᠯᠢ ᠵᠤᠤ ᠬᠤ᠋ ᠨᠠᠷ ᠪᠠᠰᠠ ᠬᠢᠩᠭᠠᠨ ᠳᠠᠬᠢ ᠪᠡᠭᠡᠵᠢᠩ ᠪᠠᠭ᠎ᠠ ᠰᠤᠷᠭᠠᠭᠤᠯᠢ ᠶᠢᠨ ᠪᠦᠬᠦ ᠤᠯᠤᠰ ᠤᠨ ᠲᠠᠷᠢᠶᠠᠯᠠᠩ ᠤᠢ ᠰᠢᠭᠤᠢ ᠶᠢᠨ ᠶᠡᠭᠡ ᠳᠡᠭᠡᠳᠦ ᠰᠤᠷᠭᠠᠭᠤᠯᠢ ᠶᠢᠨ ᠰᠤᠷᠭᠠᠨ ᠬᠥᠮᠦᠵᠢᠯ ᠤᠨ ᠬᠤᠯᠪᠣᠭ᠎ᠠ ᠶᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠦᠢᠯᠡᠳᠦᠯᠭᠡ ᠶᠢᠨ ᠰᠠᠭᠤᠷᠢᠨ ᠤ ᠫᠠᠶᠢᠰᠠ ᠶᠢ ᠰᠡᠬᠦᠪᠡ᠃
 
ᠢᠷᠡᠯᠲᠡ᠄ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号