ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ ᠣᠳᠣᠬᠠᠨ ᠤ ᠭᠤᠤᠯᠳᠠᠯᠭ᠎ᠠ ᠲᠠᠢ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠵᠠᠢ
ᠨᠡᠶᠢᠲᠡᠯᠡᠭᠰᠡᠨ ᠴᠠᠭ᠄
2024/10/16
     10 ᠰᠠᠷ᠎ᠠ ᠶᠢᠨ 11 ᠤ ᠡᠳᠦᠷ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ ᠣᠳᠣᠬᠠᠨ ᠤ ᠭᠤᠤᠯᠳᠠᠯᠭ᠎ᠠ ᠲᠠᠢ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠵᠠᠢ᠃ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠯᠢᠦ ᠬᠠᠶ ᠲᠤᠤ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠸᠠᠩ ᠵᠢᠶᠠ ᠪᠥᠸᠧ᠂ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠶᠤᠸᠠᠢ ᠰᠥᠩ ᠱᠠᠨ ᠬᠤᠷᠠᠯ ᠳᠤ ᠣᠷᠣᠯᠴᠠᠵᠠᠶ᠃      ᠬᠤᠷᠠᠯ ᠠᠴᠠ ᠥᠪᠡᠷᠲᠡᠭᠡᠨ ᠵᠠᠰᠠᠬᠤ ᠣᠷᠣᠨ ᠤ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠯᠳᠠ ᠶᠢᠨ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠵᠣᠬᠢᠴᠠᠭᠤᠯᠤᠨ ᠪᠠᠲᠤᠯᠠᠬᠤ ᠠᠵᠢᠯ ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠤᠭᠰᠠᠨ ᠤ ᠳᠠᠷᠠᠭᠠᠬᠢ ᠦᠨᠡᠯᠡᠨ ᠵᠢᠱᠢᠯᠲᠡ ᠶᠢᠨ ᠪᠠᠶᠢᠴᠠᠭᠠᠯᠲᠠ ᠶᠢ ᠤᠭᠲᠤᠬᠤ᠂ ᠣᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠠ ᠢᠯᠵᠠᠷᠠᠯ ᠤᠨ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ᠂ ᠴᠢᠬᠤᠯᠠ ᠶᠡᠭᠡ ᠲᠥᠷᠥᠯ ᠵᠦᠢᠯ ᠤᠨ ᠨᠥᠭᠡᠴᠡ ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ᠂ ᠡᠪᠦᠯ ᠤᠨ ᠤᠯᠠᠷᠢᠯ ᠤᠨ ᠳᠤᠯᠠᠭᠠᠯᠠᠭ᠎ᠠ ᠬᠠᠩᠭᠠᠬᠤ᠂ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠪᠠ 12345 ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠠᠳ ᠲᠤ ᠲᠥᠬᠦᠮ ᠦᠵᠡᠭᠦᠯᠬᠦ ᠬᠠᠯᠠᠮᠰᠢᠯ ᠤᠲᠠᠰᠤ ᠵᠡᠷᠭᠡ ᠭᠤᠤᠯᠳᠠᠯᠭ᠎ᠠ ᠲᠠᠢ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃     ᠬᠤᠷᠠᠯ ᠠᠴᠠ᠂ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠯᠳᠠ ᠪᠣᠯ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠬᠤ ᠪᠣᠳᠠᠲᠠᠶ ᠠᠵᠢᠯᠯᠠᠭ᠎ᠠ ᠮᠥᠨ᠂ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ ᠤᠳ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠪᠥᠬᠦ ᠲᠠᠯ᠎ᠠ ᠶᠢ ᠪᠣᠳᠣᠯᠬᠢᠯᠠᠨ᠂ ᠱᠠᠯᠠᠪᠳᠠᠭᠤᠯᠤᠨ ᠪᠠᠶᠢᠴᠠᠭᠠᠬᠤ ᠳᠤᠭᠤᠶᠢᠯᠠᠩ ᠲᠠᠢ ᠨᠡᠪᠲᠡᠷᠡᠯᠴᠡᠨ ᠰᠣᠯᠢᠯᠴᠠᠬᠤ ᠠᠵᠢᠯ ᠢ ᠰᠠᠶᠢᠲᠤᠷ ᠬᠢᠬᠦ ᠬᠡᠷᠡᠭᠲᠡᠶ︔ ᠤᠳᠠᠭ᠎ᠠ ᠪᠦᠷᠢ ᠶᠢᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠯᠳᠠ ᠶᠢᠨ ᠬᠠᠷᠢᠭᠤ ᠲᠤᠰᠬᠠᠬᠤ ᠵᠢᠴᠢ ᠵᠠᠬᠢᠳᠠᠯ ᠰᠣᠷᠪᠤᠯᠵᠢᠯᠠᠯ ᠤᠨ ᠠᠰᠠᠭᠤᠳᠠᠯ ᠢ ︽ᠡᠷᠭᠢᠨ ᠬᠠᠷᠠᠬᠤ︾ ᠠᠵᠢᠯ ᠢ ᠴᠠᠭ ᠲᠤᠬᠠᠢ ᠳᠤᠨᠢ ᠪᠦᠲᠦᠮᠵᠢᠲᠡᠢ ᠬᠢᠬᠦ ᠬᠡᠷᠡᠭᠲᠡᠢ︔ ᠭᠤᠣᠯᠳᠠᠯᠭ᠎ᠠ ᠲᠠᠢ ᠬᠦᠷᠢᠶ᠎ᠡ ᠴᠠᠷᠠᠭ᠎ᠠ᠂ ᠭᠤᠣᠯᠳᠠᠯᠭ᠎ᠠ ᠲᠠᠢ ᠠᠵᠢᠯ ᠲᠦᠷᠦᠯ ᠢ ᠴᠢᠩᠭ᠎ᠠ ᠠᠩᠬᠠᠷᠴᠤ᠂ ᠪᠠᠭᠤᠷᠠᠢ ᠭᠤᠭᠴᠤᠭ᠎ᠠ ᠪᠠ ᠲᠣᠪᠤᠶᠢᠮ᠎ᠠ ᠠᠰᠠᠭᠤᠳᠠᠯ ᠢ ᠳᠠᠷᠦ᠋ᠢᠬᠠᠨ ᠵᠢᠭᠰᠠᠭᠠᠨ ᠪᠠᠶᠢᠴᠠᠭᠠᠵᠤ᠂ ᠭᠤᠣᠯᠳᠠᠯᠭ᠎ᠠ ᠲᠠᠢ ᠠᠰᠠᠭᠤᠳᠠᠯ ᠢ ᠬᠠᠤᠯᠢ ᠲᠣᠭᠲᠠᠭᠠᠯ ᠶᠣᠰᠣᠭᠠᠷ ᠲᠦᠷᠭᠡᠨ ᠪᠥᠭᠡᠳ ᠬᠦᠨᠳᠦ ᠪᠠᠷ ᠰᠢᠢᠳᠪᠦᠷᠢᠯᠡᠵᠦ ᠂ ᠠᠰᠠᠭᠤᠳᠠᠯ ᠢ ᠴᠠᠭ ᠲᠤᠬᠠᠢ ᠳᠤᠨᠢ ᠣᠨᠣᠪᠴᠢᠲᠠᠶ ᠬᠠᠩᠭᠠᠬᠤ ᠶᠢᠨ ᠬᠠᠮᠲᠤ ᠬᠠᠷᠢᠭᠤ ᠲᠤᠰᠬᠠᠭᠰᠠᠨ ᠰᠠᠨᠠᠯ ᠢ ᠲᠡᠷᠡ ᠳᠠᠷᠤᠢ ᠳᠤᠨᠢ ᠬᠠᠯᠠᠨ ᠰᠠᠶᠢᠵᠢᠷᠠᠭᠤᠯᠬᠤ ᠬᠡᠷᠡᠭᠲᠡᠢ︔ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠬᠠᠷᠢᠭᠤᠴᠠᠯᠭ᠎ᠠ ᠶᠢᠨ ᠬᠡᠯᠬᠢᠶ᠎ᠡ ᠶᠢ ᠴᠢᠩᠭᠠᠯᠠᠵᠤ᠂ ᠰᠠᠬᠢᠯᠭ᠎ᠠ ᠪᠠᠲᠤ ᠶᠢ ᠴᠢᠩᠳᠠᠯᠠᠨ᠂ ᠬᠠᠮᠵᠢᠯᠴᠠᠨ ᠬᠠᠮᠲᠤᠷᠠᠯᠴᠠᠵᠤ᠂ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠯᠳᠠ ᠶᠢᠨ ᠠᠵᠢᠯ ᠢ ᠪᠣᠳᠠᠲᠠᠢ ᠳᠤ ᠨᠠᠶᠢᠳᠠᠪᠤᠷᠢᠵᠢᠭᠤᠯᠵᠤ᠂ ᠪᠣᠳᠠᠲᠤ ᠦᠷ᠎ᠡ ᠪᠦᠲᠦᠮᠵᠢ ᠣᠯᠬᠤ ᠶᠢ ᠠᠬᠢᠭᠤᠯᠬᠤ ᠬᠡᠷᠡᠭᠲᠡᠢ ᠭᠡᠵᠤ ᠴᠢᠬᠤᠯᠠᠴᠢᠯᠠᠪᠠ᠃     ᠬᠤᠷᠠᠯ ᠠᠴᠠ ᠪᠠᠰᠠ ᠪᠤᠰᠤᠳ ᠬᠤᠯᠪᠣᠭᠳᠠᠯ ᠪᠦᠬᠦᠢ ᠶᠠᠪᠤᠳᠠᠯ ᠢ ᠰᠤᠳᠤᠯᠵᠠᠢ᠃     ᠬᠤᠰᠢᠭᠤᠨ ᠤ ᠤᠳᠤᠷᠢᠳᠤᠯᠭ᠎ᠠ ᠬᠤᠸᠠᠩ ᠮᠠᠨ ᠯᠢᠶᠠᠩ᠂ ᠯᠢ ᠹᠠᠩ᠂ ᠵᠠᠩ ᠵᠢᠶᠦ᠋ᠨ ᠢᠦᠶ᠂ ᠯᠢᠦ ᠢᠦᠶ ᠪᠥᠸᠧ᠂ ᠮᠠ ᠨᠢᠩ᠂ ᠸᠠᠩ ᠰᠢᠤᠸᠠᠢ ᠸᠧᠶ᠂ ᠯᠢ ᠶᠣᠣ ᠵᠢᠶᠧ ᠵᠢᠴᠢ ᠬᠤᠰᠢᠭᠤᠨ ᠤ ᠳᠥᠷᠪᠡᠨ ᠶᠡᠭᠡ ᠪᠠᠭ ᠤᠨ ᠬᠠᠮᠢᠶ᠎ᠠ ᠪᠥᠬᠦᠶ ᠤᠳᠤᠷᠢᠳᠤᠯᠭ᠎ᠠ᠂ ᠡᠯ᠎ᠡ ᠰᠤᠮᠤ ᠰᠢᠶᠠᠩ ᠪᠠᠯᠭᠠᠰᠤ᠂ ᠬᠤᠰᠢᠭᠤᠨ ᠤ ᠰᠢᠭᠤᠳ ᠬᠠᠷᠢᠶ᠎ᠠ ᠰᠠᠯᠠᠭ᠎ᠠ ᠮᠥᠴᠢᠷ ᠤᠨ ᠭᠤᠤᠯ ᠬᠠᠷᠢᠭᠤᠴᠠᠯᠭᠠᠲᠠᠨ ᠨᠠᠷ ᠬᠤᠷᠠᠯ ᠳᠤ ᠣᠷᠣᠯᠴᠠᠵᠠᠶ᠃
 
ᠢᠷᠡᠯᠲᠡ᠄ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号