ᠲᠤᠮᠳᠠᠳᠤ ᠶᠢᠨ ᠦᠨᠳᠤᠰᠤᠳᠡᠨ ᠨᠢᠭᠡ ᠭᠡᠷ ᠪᠦᠯᠢ ᠮᠡᠳᠤ ᠲᠤᠳᠤᠨᠤ —ᠠᠨᠠᠷ ᠤᠨ ᠴᠡᠴᠡᠭ ᠬᠢᠨᠭ᠍ᠭᠠᠨ ᠨᠤᠳᠤᠭ ᠲᠤ ᠪᠠᠳᠠᠷᠠᠨ ᠲᠡᠯᠬᠡᠷᠡᠨᠡᠮ
ᠨᠡᠶᠢᠲᠡᠯᠡᠭᠰᠡᠨ ᠴᠠᠭ᠄
2024/10/16
         ᠬᠢᠨᠭ᠍ᠭᠠᠨ ᠠᠶᠢᠮᠠᠭ ᠤᠨ ᠡᠮᠡᠭᠳᠡᠶᠢᠴᠤᠳ ᠤᠨ ᠬᠤᠯᠪᠤᠭᠠᠳᠤ ᠬᠤᠷᠠᠯ ᠲᠤᠮᠳᠠᠳᠤ ᠶᠢᠨ ᠦᠨᠳᠦᠰᠦᠳᠡᠨ ᠤ ᠬᠠᠮᠳᠤ ᠶᠢᠨ ᠴᠤᠬᠴᠠ ᠶᠢᠨ ᠤᠬᠠᠮᠰᠠᠷ ᠢ ᠪᠠᠳᠦ ᠴᠤᠬᠴᠠᠯᠠᠵᠦ ᠪᠠᠶᠢᠬᠤ ᠲᠤᠬᠠᠢ ᠲᠡᠮᠳᠡᠭᠯᠡᠪᠡ     ᠬᠦᠬᠡ ᠤᠬᠳᠠᠷᠭᠤᠢ ᠳᠤ ᠬᠦᠪᠤᠡᠭ ᠡᠬᠦᠯᠡ ᠴᠠᠶᠢᠷᠠᠭᠠᠳ᠂    ᠬᠦᠳᠡᠭᠡ ᠲᠠᠯ᠎ᠠ ᠳᠤ ᠬᠦᠯᠦᠭ ᠮᠤᠷᠢ ᠲᠤᠪᠳᠤᠯᠤᠨ᠎ᠠ᠃    ᠁ ᠁    ︽ᠬᠦᠳᠡᠭᠡ ᠲᠠᠯ᠎ᠠ ᠳᠤ ᠮᠦᠡᠭᠬᠡ ᠶᠢᠨ ᠨᠠᠷᠠ ᠮᠠᠨᠳᠤᠯ᠎ᠠ︾ ᠬᠡᠬᠦ ᠲᠠᠭᠤᠤ ᠲᠠᠯ᠎ᠠ ᠨᠤᠳᠤᠭ ᠤᠨ ᠬᠦᠪᠡᠬᠦᠳ ᠦᠬᠢᠳ ᠰᠢᠨ᠎ᠠ ᠠᠮᠢᠳᠦᠷᠠᠯ ᠢᠶᠠᠨ ᠴᠢᠩ ᠰᠡᠳᠬᠢᠯ ᠠᠴᠠ ᠪᠠᠨ ᠮᠠᠬᠳᠠᠨ ᠰᠠᠶᠢᠰᠢᠶᠠᠵᠦ ᠪᠠᠶᠢᠬᠤ ᠶᠢ ᠬᠠᠷᠠᠭᠤᠯᠪᠠ᠃ ᠤᠶᠢᠷ᠎ᠠ ᠶᠢᠨ ᠡᠳᠦᠷ᠂ ᠬᠢᠨᠭ᠍ᠭᠠᠨ ᠠᠶᠢᠮᠠᠭ ᠤᠨ ᠡᠮᠡᠭᠳᠡᠶᠢᠴᠤᠳ ᠤᠨ ᠤᠬᠠᠭᠤᠯᠬᠤ ᠪᠦᠯᠬᠦᠮ ᠦᠨᠳᠦᠰᠦᠳᠡᠨ ᠤ ᠲᠦᠷᠦ ᠶᠢᠨ ᠪᠤᠳᠤᠯᠭ᠎ᠠ ᠶᠢ ᠲᠦᠭᠦᠮ ᠤᠶᠢᠯᠠᠭᠠᠮᠵᠢᠳᠠᠢ ᠬᠡᠯᠡ ᠬᠡᠯᠯᠡᠭᠡ ᠪᠠᠷ ᠭᠠᠴᠠᠭ᠎ᠠ ᠲᠤᠰᠬᠤᠨ ᠨᠡᠶᠢᠬᠡᠮ ᠲᠤᠭᠤᠷᠢᠭ ᠢᠶᠠᠷ ᠤᠬᠠᠭᠤᠯᠵᠦ᠂ ᠦᠨᠳᠦᠰᠦᠳᠡᠨ ᠤ ᠪᠦᠯᠬᠦᠮᠳᠡᠯ ᠲᠠᠪᠰᠢᠯᠳᠠ ᠶᠢᠨ ᠦᠯᠢᠬᠡᠷ ᠢ ᠤᠯᠠᠨ ᠲᠦᠮᠡᠨ ᠳᠤ ᠶᠠᠷᠢᠵᠦ ᠦᠭᠴᠠᠢ᠃    ᠤᠶᠢᠷ᠎ᠠ ᠶᠢᠨ ᠬᠡᠳᠦᠨ ᠵᠢᠯ᠂ ᠬᠢᠨᠭ᠍ᠭᠠᠨ ᠠᠶᠢᠮᠠᠭ ᠤᠨ ᠡᠮᠡᠭᠳᠡᠶᠢᠴᠤᠳ ᠤᠨ ᠬᠤᠯᠪᠤᠭᠠᠳᠤ ᠬᠤᠷᠠᠯ ︽ᠠᠨᠠᠷ ᠤᠨ ᠴᠡᠴᠡᠭ ᠬᠢᠨᠭ᠍ᠭᠠᠨ ᠨᠤᠳᠤᠭ ᠲᠤ ᠪᠠᠳᠠᠷᠠᠨ ᠲᠡᠯᠬᠡᠷᠡᠨ᠎ᠡ︾ ᠬᠡᠬᠦ ᠡᠮᠡᠭᠳᠡᠶᠢᠴᠤᠳ ᠤᠨ ᠦᠵᠡᠯ ᠰᠠᠨᠠᠭ᠎ᠠ ᠤᠯᠤᠰ ᠲᠦᠷᠦ ᠶᠢᠨ ᠬᠦᠳᠦᠯᠦᠨ ᠲᠠᠭᠠᠭᠤᠯᠬᠤ ᠠᠵᠢᠯ ᠤᠨ ᠨᠡᠷᠡᠳᠤ ᠲᠡᠮᠳᠡᠭ ᠢ ᠴᠢᠷᠮᠠᠶᠢᠨ ᠡᠬᠦᠳᠴᠦ᠂ ᠲᠤᠮᠳᠠᠳᠤ ᠶᠢᠨ ᠦᠨᠳᠦᠰᠦᠳᠡᠨ ᠤ ᠬᠠᠮᠳᠤ ᠶᠢᠨ ᠴᠤᠬᠴᠠ ᠶᠢᠨ ᠤᠬᠠᠮᠰᠠᠷ ᠢ ᠪᠠᠳᠦ ᠴᠤᠬᠴᠠᠯᠠᠬᠤ ᠶᠢ ᠡᠮᠡᠭᠳᠡᠶᠢᠴᠤᠳ ᠤᠨ ᠠᠵᠢᠯ ᠳᠤ ᠢᠮᠠᠬᠳᠠ ᠲᠤᠭᠤᠰᠢᠯᠠᠭᠤᠯᠵᠦ᠂ ᠭᠤᠤᠯ ᠰᠢᠵᠢᠮ ᠢᠶᠠᠷ ᠬᠦᠳᠦᠯᠦᠨ ᠲᠠᠭᠠᠭᠤᠯᠤᠨ᠂ ᠲᠤᠮᠳᠠᠳᠤ ᠶᠢᠨ ᠦᠨᠳᠦᠰᠦᠳᠡᠨ ᠤ ᠬᠠᠮᠳᠤ ᠶᠢᠨ ᠴᠤᠬᠴᠠ ᠶᠢᠨ ᠤᠬᠠᠮᠰᠠᠷ ᠢ ᠪᠠᠳᠦ ᠴᠤᠬᠴᠠᠯᠠᠬᠤ ᠶᠢ ᠡᠮᠡᠭᠳᠡᠶᠢᠴᠤᠳ ᠤᠨ ᠰᠡᠳᠬᠢᠯ ᠵᠢᠷᠦᠭᠡᠨ ᠳᠤ ᠬᠠᠳᠠᠩᠰᠢᠭᠤᠯᠵᠦ ᠪᠤᠢ᠃    ᠲᠤᠮᠳᠠᠳᠤ ᠶᠢᠨ ᠦᠨᠳᠦᠰᠦᠳᠡᠨ ᠤ ᠬᠠᠮᠳᠤ ᠶᠢᠨ ᠴᠤᠬᠴᠠ ᠶᠢᠨ ᠤᠬᠠᠮᠰᠠᠷ ᠢ ᠪᠠᠳᠦ ᠴᠤᠬᠴᠠᠯᠠᠬᠤ ᠭᠤᠤᠯ ᠰᠢᠵᠢᠮ ᠢᠶᠠᠷ ᠡᠮᠡᠭᠳᠠᠶᠢᠴᠦᠳ ᠢ ᠬᠦᠳᠦᠯᠦᠨ ᠲᠠᠭᠠᠭᠤᠯᠵᠠᠢ    ᠡᠨᠡ ᠵᠢᠯ ᠤᠨ ᠲᠠᠪᠤᠳᠤᠭᠠᠷ ᠰᠠᠷ᠎ᠠ ᠳᠤ᠂ ᠬᠢᠨᠭ᠍ᠭᠠᠨ ᠠᠶᠢᠮᠠᠭ ᠤᠨ ᠡᠮᠡᠭᠳᠡᠶᠢᠴᠤᠳ ᠤᠨ ᠬᠤᠯᠪᠤᠭᠠᠳᠤ ᠬᠤᠷᠠᠯ 2024 ᠤᠨ ᠤ ︽ᠠᠨᠠᠷ ᠤᠨ ᠴᠡᠴᠡᠭ ᠬᠢᠨᠭ᠍ᠭᠠᠨ ᠨᠤᠳᠤᠭ ᠲᠤ ᠪᠠᠳᠠᠷᠠᠨ ᠲᠡᠯᠬᠡᠷᠡᠨ᠎ᠡ︾ ᠬᠡᠬᠦ ᠤᠬᠠᠭᠤᠯᠭ᠎ᠠ ᠶᠢᠨ ᠠᠵᠢᠯᠯᠠᠭ᠎ᠠ ᠶᠢ ᠵᠢᠩᠬᠢᠨᠢ ᠪᠠᠷ ᠡᠬᠢᠯᠡᠬᠦᠯᠵᠦ᠂ ᠲᠤᠮᠳᠠᠳᠤ ᠶᠢᠨ ᠦᠨᠳᠦᠰᠦᠳᠡᠨ ᠤ ᠬᠠᠮᠳᠤ ᠶᠢᠨ ᠴᠤᠬᠴᠠ ᠶᠢᠨ ᠤᠬᠠᠮᠰᠠᠷ ᠢ ᠪᠠᠳᠦ ᠴᠤᠬᠴᠠᠯᠠᠬᠤ᠂ ︽ᠵᠢᠷᠭᠤᠭᠠᠨ ᠦᠬᠦᠯᠡᠪᠦᠷᠢ ᠶᠢᠨ ᠪᠤᠳᠠᠳᠤ ᠶᠠᠪᠤᠳᠠᠯ ᠪᠠ ᠶᠤᠰᠤ ᠤᠴᠢᠷ︾ ᠢ ᠰᠠᠶᠢᠳᠦᠷ ᠶᠠᠷᠢᠬᠤ ᠪᠠᠷ ᠤᠬᠠᠭᠤᠯᠭ᠎ᠠ ᠶᠢᠨ ᠴᠢᠬᠤᠯᠠ ᠠᠭᠤᠯᠭ᠎ᠠ ᠪᠤᠯᠭᠠᠵᠠᠢ᠃ ᠬᠢᠨᠭ᠍ᠭᠠᠨ ᠠᠶᠢᠮᠠᠭ ᠤᠨ ᠡᠮᠡᠭᠳᠡᠶᠢᠴᠤᠳ ᠤᠨ ᠬᠤᠯᠪᠤᠭᠠᠳᠤ ᠬᠤᠷᠠᠯ ᠡᠯ᠎ᠡ ᠬᠤᠰᠢᠭᠤ ᠰᠢᠶᠠᠨ ᠬᠤᠳᠠ ᠶᠢᠨ ᠡᠮᠡᠭᠳᠡᠶᠢᠴᠤᠳ ᠤᠨ ᠤᠬᠠᠭᠤᠯᠬᠤ ᠪᠦᠯᠬᠦᠮ ᠳᠤ ᠲᠤᠭ ᠤᠯᠭᠤᠵᠦ᠂ ᠦᠨᠳᠦᠰᠦᠳᠡᠨ ᠤ ᠪᠦᠯᠬᠦᠮᠳᠡᠯ ᠤᠨ ᠦᠯᠢᠬᠡᠷ ᠢ ᠦᠨᠳᠦᠰᠦᠨ ᠱᠠᠳᠦᠨ ᠳᠤ ᠰᠠᠶᠢᠳᠦᠷ ᠶᠠᠷᠢᠵᠦ᠂ ᠡᠮᠡᠭᠳᠠᠢ ᠺᠠᠳ᠋ᠷ ᠪᠤᠯᠤᠨ ᠡᠮᠡᠭᠳᠠᠶᠢᠴᠦᠳ ᠲᠠᠢ ᠤᠮᠠᠷᠠᠳᠤ ᠬᠢᠯᠢ ᠶᠢᠨ ᠬᠤᠪᠢᠰᠬᠠᠯᠳᠤ ᠲᠠᠭᠤᠤ ᠶᠢ ᠲᠠᠭᠤᠯᠠᠵᠦ᠂ ᠲᠤᠮᠳᠠᠳᠤ ᠶᠢᠨ ᠦᠨᠳᠦᠰᠦᠳᠡᠨ ᠤ ᠬᠠᠮᠳᠤ ᠶᠢᠨ ᠴᠤᠬᠴᠠ ᠶᠢᠨ ᠤᠬᠠᠮᠰᠠᠷ ᠢ ᠪᠠᠳᠦ ᠴᠤᠬᠴᠠᠯᠠᠪᠠ᠃    ᠡᠮᠡᠭᠳᠡᠶᠢᠴᠤᠳ ᠤᠨ ᠤᠬᠠᠭᠤᠯᠬᠤ ᠪᠦᠯᠬᠦᠮ ᠤᠨ ᠬᠡᠰᠢᠬᠦᠳ ᠨᠡᠶᠢᠳᠡᠯᠢᠭ ᠵᠢᠱᠢᠶᠡᠴᠢ ᠪᠠᠷ ᠬᠦᠳᠦᠯᠦᠨ ᠲᠠᠭᠠᠭᠤᠯᠬᠤ᠂ ᠲᠤᠰᠬᠠᠢ ᠮᠡᠷᠬᠡᠵᠢᠯᠳᠡᠨ ᠲᠠᠶᠢᠯᠪᠦᠷᠢᠯᠠᠯᠳᠠ ᠬᠢᠬᠦ᠂ ᠡᠮᠡᠭᠳᠡᠢ ᠺᠠᠳ᠋ᠷ ᠵᠢᠱᠢᠶ᠎ᠡ ᠦᠵᠡᠬᠦᠯᠬᠦ ᠪᠠ ᠡᠮᠡᠭᠳᠡᠢ ᠰᠠᠶᠢᠨ ᠲᠤᠷᠠᠴᠤᠤᠯ ᠬᠦᠳᠦᠯᠦᠨ ᠲᠠᠭᠠᠭᠤᠯᠬᠤ ᠵᠡᠷᠬᠡ ᠶᠢ ᠪᠠᠷᠢᠮᠳᠠᠯᠠᠵᠦ᠂ ᠦᠨᠳᠦᠰᠦᠨ ᠱᠠᠳᠦᠨ ᠳᠤ ᠬᠦᠨᠵᠡᠬᠡᠶᠢᠷᠡᠨ᠂ ᠦᠨᠳᠦᠰᠦᠳᠡᠨ ᠤ ᠪᠦᠯᠬᠦᠮᠳᠡᠯ ᠲᠠᠪᠰᠢᠯᠳᠠ ᠶᠢᠨ ᠨᠡᠶᠢᠳᠡᠯᠢᠭ ᠵᠢᠱᠢᠶ᠎ᠡ ᠶᠢ ᠤᠬᠠᠭᠤᠯᠤᠨ ᠲᠠᠶᠢᠯᠪᠦᠷᠢᠯᠠᠵᠠᠢ᠃    ᠤᠯᠠᠨ ᠲᠦᠮᠡᠨ ᠳᠤ ᠤᠨᠤᠯ ᠤᠨ ᠤᠬᠠᠭᠤᠯᠭ᠎ᠠ ᠬᠢᠵᠦ ᠬᠠᠤᠯᠢ ᠴᠠᠭᠠᠵᠠ ᠪᠠ ᠰᠠᠶᠢᠨ ᠰᠤᠷᠳᠠᠯ ᠢ ᠬᠡᠷ ᠪᠦᠯᠢ ᠳᠤ ᠬᠦᠷᠬᠡᠵᠡᠢ    ᠬᠢᠨᠭ᠍ᠭᠠᠨ ᠠᠶᠢᠮᠠᠭ ᠤᠨ ᠡᠮᠡᠭᠳᠡᠶᠢᠴᠤᠳ ᠤᠨ ᠬᠤᠯᠪᠤᠭᠠᠳᠤ ᠬᠤᠷᠠᠯ ᠦᠨᠳᠦᠰᠦᠨ ᠱᠠᠳᠦᠨ ᠳᠤ ︽ᠤᠨᠤᠯ ᠤᠨ ᠤᠬᠠᠭᠤᠯᠭ᠎ᠠ ᠶᠢ ᠤᠯᠠᠨ ᠤ ᠲᠡᠷᠬᠡᠳᠡ ᠬᠦᠷᠬᠡᠬᠦ᠂ ᠬᠠᠤᠯᠢ ᠲᠦᠬᠡᠮᠡᠯᠵᠢᠬᠦᠯᠬᠦ ᠠᠵᠢᠯᠯᠠᠭ᠎ᠠ ᠶᠢ ᠬᠦᠳᠡᠭᠡ ᠲᠤᠰᠬᠤᠨ ᠳᠤ ᠬᠦᠷᠬᠡᠬᠦ᠂ ᠰᠠᠶᠢᠨ ᠰᠤᠷᠳᠠᠯ ᠢ ᠬᠡᠷ ᠪᠦᠯᠢ ᠳᠤ ᠬᠦᠷᠬᠡᠬᠦ︾ ᠤᠬᠠᠭᠤᠯᠭ᠎ᠠ ᠬᠢᠵᠦ᠂ ᠲᠤᠮᠳᠠᠳᠤ ᠶᠢᠨ ᠦᠨᠳᠦᠰᠦᠳᠡᠨ ᠤ ᠬᠠᠮᠳᠤ ᠶᠢᠨ ᠴᠤᠬᠴᠠ ᠶᠢᠨ ᠤᠬᠠᠮᠰᠠᠷ ᠢ ᠪᠠᠳᠦ ᠴᠤᠬᠴᠠᠯᠠᠬᠤ ᠲᠤᠬᠠᠢ ᠨᠠᠮ ᠤᠨ ᠤᠨᠤᠯ ᠢ ᠦᠨᠳᠦᠰᠦᠨ ᠱᠠᠳᠦᠨ ᠳᠤ ᠬᠦᠷᠬᠡᠵᠦ᠂ ᠡᠷᠬᠡ ᠠᠰᠢᠬ ᠢᠶᠠᠨ ᠬᠠᠮᠠᠭᠠᠯᠠᠬᠤ ᠬᠠᠤᠯᠢ ᠶᠢᠨ ᠮᠡᠳᠡᠯᠬᠡ ᠶᠢ ᠡᠮᠡᠭᠳᠠᠶᠢᠴᠦᠳ ᠲᠤ ᠮᠡᠳᠡᠬᠦᠯᠵᠦ᠂ ᠰᠠᠶᠢᠨ ᠬᠡᠷ ᠤᠨ ᠰᠤᠷᠳᠠᠯ ᠢ ᠬᠦᠮᠦᠰ ᠤᠨ ᠰᠡᠳᠬᠢᠯ ᠳᠤ ᠬᠠᠳᠠᠩᠰᠢᠭᠤᠯᠵᠠᠢ᠃    ᠦᠨᠳᠦᠰᠦᠨ ᠱᠠᠳᠦᠨ ᠤ ᠡᠮᠡᠭᠳᠡᠶᠢᠴᠤᠳ ᠤᠨ ᠬᠤᠯᠪᠤᠭᠠᠳᠤ ᠬᠤᠷᠠᠯ ᠲᠤᠬᠠᠢ ᠶᠢᠨ ᠭᠠᠵᠠᠷ ᠤᠨ ᠤᠨᠴᠠᠯᠢᠭ ᠲᠠᠭᠠᠨ ᠲᠤᠬᠢᠷᠠᠭᠤᠯᠤᠨ ︽ᠠᠨᠠᠷ ᠤᠨ ᠴᠡᠴᠡᠭ ᠲᠡᠯᠬᠡᠷᠡᠨ᠎ᠡ +︾ ᠤᠬᠠᠭᠤᠯᠭ᠎ᠠ ᠶᠢᠨ ᠠᠵᠢᠯᠯᠠᠭ᠎ᠠ ᠦᠷᠨᠢᠬᠦᠯᠵᠡᠢ᠃ ︽ᠠᠨᠠᠷ ᠤᠨ ᠴᠡᠴᠡᠭ ᠲᠡᠯᠬᠡᠷᠡᠨ᠎ᠡ + ᠬᠤᠪᠢᠰᠬᠠᠯᠳᠤ ᠬᠦᠮᠦᠵᠢᠯ ᠬᠦᠷᠳᠡᠭᠡᠬᠦ︾ ︽ᠠᠨᠠᠷ ᠤᠨ ᠴᠡᠴᠡᠭ ᠲᠡᠯᠬᠡᠷᠡᠨ᠎ᠡ + ᠬᠠᠤᠯᠢ ᠲᠦᠬᠡᠮᠡᠯᠵᠢᠬᠦᠯᠬᠦ ᠤᠬᠠᠭᠤᠯᠭ᠎ᠠ ᠬᠢᠬᠦ︾ ︽ᠠᠨᠠᠷ ᠤᠨ ᠴᠡᠴᠡᠭ ᠲᠡᠯᠬᠡᠷᠡᠨ᠎ᠡ + ᠬᠡᠷ ᠤᠨ ᠰᠤᠷᠳᠠᠯ ᠢ ᠤᠯᠠᠮᠵᠢᠯᠠᠬᠤ︾ ︽ᠠᠨᠠᠷ ᠤᠨ ᠴᠡᠴᠡᠭ ᠲᠡᠯᠬᠡᠷᠡᠨ᠎ᠡ + ᠰᠠᠶᠢᠨ ᠲᠤᠷ᠎ᠠ ᠶᠢᠨ ᠦᠢᠯᠡᠴᠢᠯᠡᠭᠡ ᠬᠠᠩᠭᠠᠬᠤ︾ ᠵᠡᠷᠭᠡ ᠤᠬᠠᠭᠤᠯᠭ᠎ᠠ ᠶᠢᠨ ᠬᠡᠯᠪᠡᠷᠢ ᠪᠠᠷ ᠡᠯ᠎ᠡ ᠦᠨᠳᠦᠰᠦᠳᠡᠨ ᠤ ᠡᠮᠡᠭᠳᠠᠶᠢᠴᠦᠳ ᠢ ᠨᠠᠮ ᠤᠨ ᠦᠬᠡ ᠶᠢ ᠰᠤᠨᠤᠰᠴᠦ᠂ ᠨᠠᠮ ᠤᠨ ᠠᠴᠢ ᠳᠤ ᠲᠠᠯᠠᠷᠬᠠᠨ᠂ ᠨᠠᠮ ᠢᠶᠠᠨ ᠲᠠᠭᠠᠨ ᠤᠷᠤᠬᠰᠢᠯᠠᠬᠤ ᠲᠤᠬᠠᠢ ᠬᠦᠳᠦᠯᠦᠨ ᠵᠢᠯᠤᠭᠤᠳᠴᠠᠢ᠃ ᠬᠤᠷᠴᠢᠨ ᠪᠠᠷᠠᠭᠤᠨ ᠭᠠᠷᠦᠨ ᠡᠮᠦᠨᠡᠳᠤ ᠬᠤᠰᠢᠭᠤᠨ ᠤ ᠡᠮᠡᠭᠳᠡᠶᠢᠴᠤᠳ ᠤᠨ ᠨᠡᠶᠢᠭᠡᠮᠯᠢᠭ ᠤᠨ ᠲᠤᠮᠳᠠᠳᠤ ᠶᠢᠨ ᠦᠨᠳᠦᠰᠦᠳᠡᠨ ᠤ ᠬᠠᠮᠳᠤ ᠶᠢᠨ ᠴᠤᠬᠴᠠ ᠶᠢᠨ ᠤᠬᠠᠮᠰᠠᠷ ᠢ ᠪᠠᠳᠦ ᠴᠤᠬᠴᠠᠯᠠᠬᠤ ᠬᠡᠷ ᠪᠦᠯᠢ ᠶᠢᠨ ᠬᠦᠮᠦᠵᠢᠯ ᠢ ᠠᠬᠢᠭᠤᠯᠬᠤ ᠬᠤᠪᠢᠶᠠᠷᠢ ᠨᠡᠶᠢᠬᠡᠮᠯᠢᠭ ᠤᠨ ᠲᠠᠷᠤᠭ᠎ᠠ ᠬᠠᠨ ᠬᠦᠢ ᠯᠢᠩ ᠨᠡᠶᠢᠬᠡᠮ ᠲᠤᠭᠤᠷᠢᠭ ᠲᠤ ᠤᠯᠠᠨ ᠤᠳᠠᠭ᠎ᠠ ᠬᠦᠨᠵᠡᠬᠡᠶᠢᠷᠡᠨ᠂ ᠤᠳᠤᠬᠠᠨ ᠤ ᠬᠡᠷ ᠪᠦᠯᠢ ᠶᠢᠨ ᠬᠦᠮᠦᠵᠢᠯ ᠤᠨ ᠪᠤᠳᠠᠳᠠᠢ ᠠᠰᠠᠭᠤᠳᠠᠯ ᠲᠠᠢ ᠤᠶᠠᠯᠳᠤᠭᠤᠯᠤᠨ ᠪᠢᠴᠢᠭ ᠤᠨ ᠰᠤᠷᠪᠤᠯᠵᠢᠳᠤ ᠬᠡᠷ ᠪᠦᠯᠢ ᠶᠢ ᠡᠬᠦᠳᠦᠨ ᠪᠠᠶᠢᠭᠤᠯᠬᠤ ᠶᠢᠨ ᠴᠢᠬᠤᠯᠠ ᠠᠴᠢ ᠬᠤᠯᠪᠤᠬᠳᠠᠯ ᠢ ᠲᠠᠶᠢᠯᠪᠦᠷᠢᠯᠠᠵᠦ᠂ ᠬᠡᠷ ᠪᠦᠯᠢ ᠶᠢᠨ ᠬᠦᠮᠦᠵᠢᠯ ᠢ ᠠᠬᠢᠭᠤᠯᠬᠤ ᠳᠤ ᠬᠦᠴᠦᠨ ᠨᠡᠮᠡᠷᠢᠯᠡᠵᠡᠢ᠃    ᠬᠤᠳᠠ ᠪᠠᠯᠭᠠᠰᠦᠨ ᠤ ᠨᠡᠶᠢᠬᠡᠮ ᠲᠤᠭᠤᠷᠢᠭ ᠤᠨ ︽ᠡᠮᠡᠭᠳᠡᠶᠢᠴᠤᠳ ᠤᠨ ᠬᠡᠷ ᠪᠦᠯᠢ︾ ︽ᠡᠮᠡᠭᠳᠡᠶᠢᠴᠤᠳ ᠤᠨ ᠦᠷᠦᠬᠡ︾ ᠶᠢ ᠠᠰᠢᠬᠯᠠᠵᠦ᠂ ᠶᠠᠷᠢᠯᠴᠠᠬᠤ ᠬᠤᠷᠠᠯ᠂ ᠨᠤᠮ ᠤᠡᠭᠰᠢᠬᠤ ᠬᠤᠷᠠᠯ᠂ ᠲᠤᠰᠬᠠᠢ ᠰᠡᠳᠤᠪᠳᠤ ᠰᠠᠭᠤᠳᠠᠯ ᠤᠨ ᠬᠤᠷᠠᠯ᠂ ᠤᠯᠠᠨ ᠲᠦᠮᠡᠨᠴᠢ ᠴᠢᠨᠠᠷᠳᠠᠢ ᠰᠤᠶᠤᠯ ᠤᠨ ᠠᠵᠢᠯᠯᠠᠭ᠎ᠠ ᠵᠡᠷᠭᠡ ᠶᠢ ᠦᠷᠨᠢᠬᠦᠯᠵᠦ᠂ ︽ᠠᠨᠠᠷ ᠤᠨ ᠴᠡᠴᠡᠭ ᠬᠢᠨᠭ᠍ᠭᠠᠨ ᠨᠤᠳᠤᠭ ᠲᠤ ᠪᠠᠳᠠᠷᠠᠨ ᠲᠡᠯᠬᠡᠷᠡᠨ᠎ᠡ︾ ᠬᠡᠬᠦ ᠠᠭᠤᠯᠭ᠎ᠠ ᠪᠠᠷ ᠲᠤᠮᠳᠠᠳᠤ ᠶᠢᠨ ᠦᠨᠳᠦᠰᠦᠳᠡᠨ ᠤ ᠬᠠᠮᠳᠤ ᠶᠢᠨ ᠴᠤᠬᠴᠠ ᠶᠢᠨ ᠤᠬᠠᠮᠰᠠᠷ ᠢ ᠦᠨᠳᠦᠰᠦᠨ ᠱᠠᠳᠦᠨ ᠤ ᠡᠮᠡᠭᠳᠡᠶᠢᠴᠤᠳ ᠤᠨ ᠬᠤᠯᠪᠤᠭᠠᠳᠤ ᠬᠤᠷᠠᠯ ᠤᠨ ᠠᠵᠢᠯ ᠳᠤ ᠪᠠᠳᠦ ᠲᠤᠭᠤᠰᠢᠯᠠᠭᠤᠯᠵᠠᠢ᠃ ᠡᠨᠡ ᠵᠢᠯ ᠠᠴᠠ ᠨᠠᠭᠠᠰᠢ᠂ ᠬᠢᠨᠭ᠍ᠭᠠᠨ ᠠᠶᠢᠮᠠᠭ ᠤᠨ ᠡᠯ᠎ᠡ ᠱᠠᠳᠦᠨ ᠤ ᠡᠮᠡᠭᠳᠡᠶᠢᠴᠤᠳ ᠤᠨ ᠬᠤᠯᠪᠤᠭᠠᠳᠤ ᠬᠤᠷᠠᠯ ᠨᠡᠶᠢᠳᠡ 1374 ᠲᠠᠯᠠᠪᠦᠷ ᠤᠬᠠᠭᠤᠯᠭ᠎ᠠ ᠶᠢᠨ ᠠᠵᠢᠯᠯᠠᠭ᠎ᠠ ᠦᠷᠨᠢᠬᠦᠯᠵᠦ᠂ 4.1 ᠲᠦᠮᠡᠨ ᠬᠦᠮᠦᠨ ᠳᠤ ᠪᠤᠯᠪᠠᠰᠤᠷᠠᠯ ᠬᠦᠷᠳᠡᠭᠡᠵᠡᠢ᠃    ᠤᠬᠠᠭᠤᠯᠭ᠎ᠠ ᠶᠢᠨ ᠠᠵᠢᠯᠯᠠᠭ᠎ᠠ ᠶᠢ ᠰᠠᠶᠢᠳᠦᠷ ᠦᠷᠨᠢᠬᠦᠯᠵᠦ ᠤᠯᠠᠨ ᠲᠦᠮᠡᠨ ᠳᠤ ᠦᠨᠡᠨᠬᠦ ᠠᠰᠢᠭ ᠬᠦᠷᠳᠡᠭᠡᠵᠡᠢ    ᠦᠨᠳᠦᠰᠦᠨ ᠱᠠᠳᠦᠨ ᠤ ᠡᠮᠡᠭᠳᠡᠶᠢᠴᠤᠳ ᠤᠨ ᠬᠤᠯᠪᠤᠭᠠᠳᠤ ᠬᠤᠷᠠᠯ ᠠᠳᠠᠯᠢ ᠪᠤᠰᠤ ᠬᠦᠮᠦᠰ ᠤᠨ ᠤᠨᠴᠠᠯᠢᠭ ᠪᠠ ᠤᠨᠤᠯ ᠤᠨ ᠮᠡᠳᠡᠯᠬᠡ ᠶᠢᠨ ᠱᠠᠭᠠᠷᠳᠠᠯᠭ᠎ᠠ ᠳᠤ ᠠᠩᠬᠠᠷᠦᠯ ᠢᠶᠠᠨ ᠬᠠᠨᠳᠤᠭᠤᠯᠵᠦ᠂ ᠠᠳᠠᠯᠢ ᠪᠤᠰᠤ ᠤᠬᠠᠭᠤᠯᠭ᠎ᠠ ᠶᠢᠨ ᠠᠷᠭ᠎ᠠ ᠶᠢ ᠬᠡᠷᠡᠭᠯᠡᠵᠠᠢ᠃    ᠬᠢᠨᠭ᠍ᠭᠠᠨ ᠠᠶᠢᠮᠠᠭ ᠤᠨ ᠡᠮᠡᠭᠳᠡᠶᠢᠴᠤᠳ ᠤᠨ ᠬᠤᠯᠪᠤᠭᠠᠳᠤ ᠬᠤᠷᠠᠯ ᠦᠪᠦᠷ ᠮᠤᠩᠭᠤᠯ ᠤᠨ ᠺᠧ ᠴᠢᠨ ᠸᠠᠨ ᠵᠢᠶᠠ ᠢᠳᠡᠬᠡᠨ ᠤ ᠬᠢᠵᠠᠭᠠᠷᠳᠤ ᠺᠤᠮᠫᠠᠨᠢ ᠲᠠᠢ ᠬᠠᠮᠵᠢᠯᠴᠠᠨ ᠡᠮᠡᠭᠳᠡᠶᠢᠴᠤᠳ ᠲᠤ ᠦᠢᠯᠡᠴᠢᠯᠡᠵᠦ᠂ 3.3 ᠲᠦᠮᠡ ᠭᠠᠷᠦᠢ ᠯᠤᠩᠬᠤ ᠵᠢᠶᠠᠩᠶ᠋ᠢᠤ ᠶᠢ ᠡᠮᠡᠭᠳᠠᠶᠢᠴᠦᠳ ᠲᠤ ᠦᠨ᠎ᠡ ᠲᠦᠯᠦᠪᠦᠷᠢ ᠦᠬᠡᠢ ᠲᠠᠷᠬᠠᠭᠠᠵᠦ᠂ ᠤᠬᠠᠭᠤᠯᠭ᠎ᠠ ᠶᠢᠨ ᠠᠵᠢᠯᠯᠠᠭ᠎ᠠ ᠶᠢᠨ ᠬᠦᠴᠦᠯᠡᠴᠡ ᠶᠢ ᠨᠡᠮᠡᠭᠳᠡᠭᠦᠯᠵᠠᠢ᠃    ᠬᠢᠨᠭ᠍ᠭᠠᠨ ᠠᠶᠢᠮᠠᠭ ᠤᠨ ᠡᠮᠡᠭᠳᠡᠶᠢᠴᠤᠳ ᠤᠨ ᠬᠤᠯᠪᠤᠭᠠᠳᠤ ᠬᠤᠷᠠᠯ ᠤᠨ ᠨᠠᠮ ᠤᠨ ᠲᠤᠭᠤᠶᠢᠯᠠᠩ ᠤᠨ ᠲᠡᠳ᠋ ᠱᠦᠵᠢ᠂ ᠲᠡᠷᠢᠬᠦᠯᠡᠭᠴᠢ ᠰᠢᠤᠢ ᠷᠦᠩ ᠬᠤᠸᠠ᠂ ᠤᠶᠢᠷ᠎ᠠ ᠶᠢᠨ ᠬᠡᠳᠦᠨ ᠵᠢᠯ ᠠᠴᠠ ᠨᠠᠭᠠᠰᠢ᠂ ᠬᠢᠨᠭ᠍ᠭᠠᠨ ᠠᠶᠢᠮᠠᠭ ︽ᠪᠦᠬᠦ ᠤᠯᠤᠰ ᠤᠨ ᠦᠨᠳᠦᠰᠦᠳᠡᠨ ᠤ ᠪᠦᠯᠬᠦᠮᠳᠡᠯ ᠲᠠᠪᠰᠢᠯᠳᠠ ᠶᠢᠨ ᠵᠢᠱᠢᠶ᠎ᠡ ᠦᠵᠡᠬᠦᠯᠬᠦ ᠠᠶᠢᠮᠠᠭ︾ ᠤᠨ ᠢᠷᠠᠭᠤ ᠠᠯᠳᠠᠷ ᠢ ᠬᠤᠶᠠᠷ ᠤᠳᠠᠭ᠎ᠠ ᠬᠦᠷᠳᠡᠵᠦ᠂ ᠲᠤᠮᠳᠠᠳᠤ ᠶᠢᠨ ᠦᠨᠳᠦᠰᠦᠳᠡᠨ ᠤ ᠬᠠᠮᠳᠤ ᠶᠢᠨ ᠴᠤᠬᠴᠠ ᠶᠢᠨ ᠤᠬᠠᠮᠰᠠᠷ ᠢ ᠪᠠᠳᠦ ᠴᠤᠬᠴᠠᠯᠠᠬᠤ ᠶᠢ ᠢᠮᠠᠬᠳᠠ ᠪᠠᠷᠢᠮᠳᠠᠯᠠᠨ᠂ ᠰᠢᠨ᠎ᠠ ᠴᠠᠭ ᠦᠶ᠎ᠡ ᠶᠢᠨ ᠨᠠᠮ ᠤᠨ ᠦᠨᠳᠦᠰᠦᠳᠡᠨ ᠤ ᠠᠵᠢᠯ ᠤᠨ ᠴᠢᠨᠠᠷ ᠰᠠᠶᠢᠳᠠᠢ ᠬᠦᠭᠵᠢᠯᠳᠡ ᠶᠢ ᠠᠬᠢᠭᠤᠯᠵᠠᠢ᠃ ᠬᠢᠨᠭ᠍ᠭᠠᠨ ᠠᠶᠢᠮᠠᠭ ᠤᠨ ᠡᠮᠡᠭᠳᠡᠶᠢᠴᠤᠳ ᠤᠨ ᠬᠤᠯᠪᠤᠭᠠᠳᠤ ᠬᠤᠷᠠᠯ ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠡᠮᠡᠭᠳᠡᠶᠢᠴᠤᠳ ᠤᠨ ᠬᠤᠯᠪᠤᠭᠠᠳᠤ ᠬᠤᠷᠠᠯ ᠤᠨ ︽ᠠᠷᠪᠠ ᠵᠠᠭᠤ ᠮᠢᠩᠭ᠎ᠠ ᠲᠦᠮᠡᠨ ᠡᠮᠡᠭᠳᠡᠶᠢᠴᠤᠳ ᠤᠨ ᠲᠤᠮᠤ ᠤᠬᠠᠭᠤᠯᠭ᠎ᠠ︾ ᠶᠢᠨ ᠨᠡᠷᠡᠳᠤ ᠲᠡᠮᠳᠡᠭ ᠢ ᠠᠰᠢᠬᠯᠠᠨ᠂ ︽ᠠᠨᠠᠷ ᠤᠨ ᠴᠡᠴᠡᠭ ᠬᠢᠨᠭ᠍ᠭᠠᠨ ᠨᠤᠳᠤᠭ ᠲᠤ ᠲᠡᠯᠬᠡᠷᠡᠨ᠎ᠡ︾ ᠬᠡᠬᠦ ᠠᠵᠢᠯᠯᠠᠭ᠎ᠠ ᠦᠷᠨᠢᠬᠦᠯᠵᠦ ᠪᠤᠳᠠᠳᠤ ᠦᠷ᠎ᠠ ᠪᠦᠳᠦᠮᠵᠢ ᠤᠯᠵᠠᠢ᠃ ᠲᠤᠰ ᠤᠬᠠᠭᠤᠯᠭ᠎ᠠ ᠶᠢᠨ ᠠᠵᠢᠯᠯᠠᠭ᠎ᠠ ᠪᠦᠬᠦ ᠠᠶᠢᠮᠠᠭ ᠤᠨ ᠡᠯ᠎ᠡ ᠱᠠᠳᠦᠨ ᠤ ᠡᠮᠡᠭᠳᠡᠶᠢᠴᠤᠳ ᠤᠨ ᠬᠤᠯᠪᠤᠭᠠᠳᠤ ᠬᠤᠷᠠᠯ ᠤᠨ ᠺᠠᠳ᠋ᠷ ᠠᠵᠢᠯᠳᠠᠳ ᠢ ᠦᠵᠡᠯ ᠰᠠᠨᠠᠭ᠎ᠠ ᠤᠯᠤᠰ ᠲᠦᠷᠦ ᠶᠢᠨ ᠲᠠᠯ᠎ᠠ ᠪᠠᠷ ᠬᠦᠳᠦᠯᠦᠨ ᠵᠢᠯᠤᠭᠤᠳᠴᠤ᠂ ᠲᠤᠮᠳᠠᠳᠤ ᠶᠢᠨ ᠦᠨᠳᠦᠰᠦᠳᠡᠨ ᠤ ᠬᠠᠮᠳᠤ ᠶᠢᠨ ᠴᠤᠬᠴᠠ ᠶᠢᠨ ᠤᠬᠠᠮᠰᠠᠷ ᠢ ᠪᠦᠬᠦ ᠲᠠᠯ᠎ᠠ ᠪᠠᠷ ᠴᠤᠬᠴᠠᠯᠠᠨ᠂ ᠪᠦᠯᠬᠦᠮᠳᠡᠨ ᠨᠢᠬᠳᠠᠷᠠᠬᠰᠠᠨ ᠰᠠᠶᠢᠨ ᠰᠠᠶᠢᠬᠠᠨ ᠨᠡᠶᠢᠬᠡᠮ ᠤᠨ ᠠᠭᠤᠷ ᠠᠮᠢᠰᠬᠤᠯ ᠢ ᠪᠦᠷᠢᠯᠳᠦᠬᠦᠯᠦᠭᠰᠡᠨ ᠪᠠᠶᠢᠨ᠎ᠠ᠃                       ᠸᠠᠩ ᠱᠢ ᠶᠤᠸᠠᠢ    ᠬᠠᠨ᠎ᠠ
 
ᠢᠷᠡᠯᠲᠡ᠄ ᠬᠢᠩᠭᠠᠨ ᠤ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号