ᠪᠦᠬᠦ ᠣᠷᠣᠨ ᠤ ︽ᠮᠢᠩᠭ᠎ᠠ ᠲᠦᠮᠡ ᠶᠢᠨ ᠢᠨᠵᠧᠨᠧᠷᠢᠩ︾ ᠤᠨ ᠲᠤᠷᠰᠢᠯᠭ᠎ᠠ ᠶᠢ ᠰᠤᠷᠤᠯᠴᠠᠨ ᠬᠡᠷᠡᠭᠯᠡᠬᠦ ᠠᠬᠤᠢ ᠲᠠᠯᠠᠪᠠᠢ ᠶᠢᠨ ᠠᠬᠢᠭᠤᠯᠬᠤ ᠬᠤᠷᠠᠯ ᠤᠨ ᠲᠣᠭᠤᠷᠢᠨ ᠦᠵᠡᠬᠦ ᠪᠦᠯᠬᠦᠮ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ ᠪᠠᠷ ᠭᠦᠨᠵᠡᠭᠡᠶᠢᠷᠡᠪᠡ
ᠨᠡᠶᠢᠲᠡᠯᠡᠭᠰᠡᠨ ᠴᠠᠭ᠄
2024/10/18
      10 ᠰᠠᠷ᠎ᠠ ᠶᠢᠨ 16 ᠤ ᠡᠳᠦᠷ᠂ ᠪᠥᠬᠦ ᠣᠷᠣᠨ ᠤ ︽ᠮᠢᠩᠭ᠎ᠠ ᠲᠦᠮᠡ ᠶᠢᠨ ᠢᠨᠵᠧᠨᠧᠷᠢᠩ︾ ᠤᠨ ᠲᠤᠷᠰᠢᠯᠭ᠎ᠠ ᠶᠢ ᠰᠤᠷᠤᠯᠴᠠᠨ ᠬᠡᠷᠡᠭᠯᠡᠬᠦ ᠠᠬᠤᠢ ᠲᠠᠯᠠᠪᠠᠢ ᠶᠢᠨ ᠠᠬᠢᠭᠤᠯᠬᠤ ᠬᠤᠷᠠᠯ ᠬᠢᠩᠭᠠᠨ ᠠᠶᠢᠮᠠᠭ ᠲᠤ ᠬᠤᠷᠠᠯᠳᠤᠵᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠮᠠᠯᠵᠢᠬᠤ ᠲᠠᠷᠢᠶᠠᠯᠠᠬᠤ ᠣᠷᠣᠨ ᠤ ᠠᠵᠢᠯ ᠤᠨ ᠤᠳᠤᠷᠢᠳᠬᠤ ᠳᠤᠭᠤᠶᠢᠯᠠᠩ ᠤᠨ ᠳᠡᠳ᠋ ᠳᠠᠷᠤᠭ᠎ᠠ ᠳᠠᠶᠢᠴᠢᠨ ᠬᠤᠷᠠᠯ ᠳᠤ ᠣᠷᠣᠯᠴᠠᠭᠰᠠᠳ ᠢ ᠳᠠᠭᠠᠭᠤᠯᠤᠨ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠬᠤᠷᠴᠢᠨ ᠪᠠᠯᠭᠠᠰᠤᠨ ᠤ ᠫᠢᠩ ᠠᠨ ᠲᠣᠰᠬᠤᠨ ᠳᠤ ᠭᠦᠨᠵᠡᠭᠡᠶᠢᠷᠡᠨ ᠲᠤᠬᠠᠶ ᠶᠢᠨ ᠲᠠᠯᠠᠪᠠᠶ ᠪᠠᠷ ᠲᠣᠭᠤᠷᠢᠨ ᠦᠵᠡᠪᠡ᠃ ᠬᠢᠩᠭᠠᠨ ᠠᠶᠢᠮᠠᠭ ᠤᠨ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ ᠹᠧᠩ ᠠᠶ ᠰᠢᠶᠠ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠯᠢᠦ ᠬᠠᠶ ᠲᠤᠤ ᠵᠢᠴᠢ ᠠᠶᠢᠮᠠᠭ ᠬᠤᠰᠢᠭᠤᠨ ᠤ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠠᠷ ᠬᠠᠮᠲᠤ ᠪᠠᠷ ᠲᠣᠭᠤᠷᠢᠨ ᠦᠵᠡᠬᠦ ᠳᠤ ᠣᠷᠣᠯᠴᠠᠪᠠ᠃      ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠬᠤᠷᠴᠢᠨ ᠪᠠᠯᠭᠠᠰᠤᠨ ᠤ ᠫᠢᠩ ᠠᠨ ᠲᠣᠰᠬᠤᠨ ᠳᠤ᠂ ᠲᠣᠭᠤᠷᠢᠨ ᠦᠵᠡᠬᠦ ᠪᠦᠯᠬᠦᠮ ᠤᠨ ᠬᠢᠨ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ︽ᠮᠢᠩᠭ᠎ᠠ ᠲᠦᠮᠡ  ᠶᠢᠨ ᠢᠨᠵᠧᠨᠧᠷᠢᠩ︾ ᠢ ᠬᠡᠷᠡᠭᠵᠢᠭᠦᠯᠦᠭᠰᠡᠨ ᠪᠠᠶᠢᠳᠠᠯ ᠤᠨ ᠲᠤᠬᠠᠶ ᠲᠠᠨᠢᠯᠴᠠᠭᠤᠯᠭ᠎ᠠ ᠶᠢ ᠰᠣᠨᠣᠰᠤᠭᠰᠠᠨ ᠪᠥᠭᠡᠳ ᠹᠠᠨ ᠴᠢᠶᠧ ᠨᠢᠭᠡᠳᠦᠯ ᠳᠤ ᠬᠦᠷᠴᠦ᠂ ᠫᠢᠩ ᠠᠨ ᠲᠣᠰᠬᠤᠨ ᠤ ᠠᠵᠤ ᠦᠢᠯᠡᠰ ᠤᠨ ᠬᠥᠭᠵᠢᠯᠲᠡ᠂ ᠴᠢ ᠰᠢᠶᠤᠤ ᠵᠢᠩ ᠤᠨ ᠲᠣᠰᠬᠤᠨ ᠤ ᠠᠷᠠᠳ  ᠢᠶᠠᠨ ᠳᠠᠭᠠᠭᠤᠯᠤᠨ ᠣᠷᠣᠯᠭ᠎ᠠ ᠶᠢ ᠨᠢ ᠨᠡᠮᠡᠭᠳᠡᠭᠦᠯᠦᠨ ᠪᠠᠶᠠᠵᠢᠭᠤᠯᠵᠤ ᠪᠠᠶᠢᠭ᠎ᠠ᠂ ᠬᠥᠳᠡᠭᠡ ᠲᠣᠰᠬᠤᠨ ᠤ ᠴᠢᠳᠠᠪᠤᠷᠢᠲᠠᠨ ᠢ ᠬᠦᠮᠦᠵᠢᠭᠦᠯᠬᠦ ᠰᠠᠭᠤᠷᠢᠨ ᠭᠠᠵᠠᠷ ᠤᠨ ᠪᠥᠲᠥᠭᠡᠨ ᠪᠠᠶᠢᠭᠤᠯᠤᠯᠲᠠ᠂ ᠭᠤᠷᠪᠠ ᠶᠢ ᠬᠤᠪᠢᠷᠠᠭᠤᠯᠬᠤ ᠥᠭᠡᠷᠡᠴᠢᠯᠡᠯᠲᠡ᠂ ᠬᠥᠳᠡᠭᠡ ᠲᠣᠰᠬᠤᠨ ᠤ ᠡᠵᠡᠩᠨᠡᠯᠲᠡ ᠵᠡᠷᠭᠡ ᠲᠠᠯ᠎ᠠ ᠶᠢᠨ ᠪᠠᠶᠢᠳᠠᠯ ᠢ ᠭᠦᠨᠵᠡᠭᠡᠶ ᠣᠶᠢᠯᠠᠭᠠᠪᠠ᠃      ᠣᠶᠢᠯᠠᠭᠠᠭᠰᠠᠨ ᠢᠶᠠᠷ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠬᠤᠷᠴᠢᠨ ᠪᠠᠯᠭᠠᠰᠤᠨ ᠤ ᠫᠢᠩ ᠠᠨ ᠲᠣᠰᠬᠤᠨ ᠤ ᠬᠢᠨ ︽ᠮᠢᠩᠭ᠎ᠠ ᠲᠦᠮᠡ ᠶᠢᠨ ᠢᠨᠵᠧᠨᠧᠷᠢᠩ︾ ᠢ ᠶᠡᠬᠡᠪᠡᠷ ᠬᠡᠷᠡᠭᠵᠢᠭᠦᠯᠵᠦ᠂ ︽ᠴᠢᠳᠠᠪᠤᠷᠢᠲᠠᠨ ᠢᠶᠠᠷ ᠳᠠᠶᠢᠴᠢᠯᠠᠬᠤ ᠳᠤ ᠠᠩᠬᠠᠷᠤᠯ ᠢᠶᠠᠨ ᠲᠥᠪᠯᠡᠷᠡᠭᠦᠯᠵᠦ᠂ ︿ᠰᠢᠶᠤᠤ ᠵᠢᠩ ᠲᠥᠯᠥᠪᠯᠡᠭᠡ﹀ ᠶᠢᠨ ᠵᠢᠱᠢᠶ᠎ᠡ ᠦᠵᠡᠭᠦᠯᠬᠦ ᠲᠣᠰᠬᠤᠨ︾ ᠢ ᠡᠭᠦᠳᠦᠨ ᠪᠠᠶᠢᠭᠤᠯᠬᠤ ᠪᠠᠷ ᠭᠤᠣᠯ ᠰᠡᠳᠦᠪ ᠪᠣᠯᠭᠠᠵᠤ᠂ ᠣᠷᠴᠢᠨ ᠲᠣᠭᠤᠷᠢᠨ ᠤ ᠠᠷᠢᠭᠤᠨ ᠴᠡᠪᠡᠷ ᠤᠨ ᠰᠠᠭᠤᠷᠢ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ᠂ ᠵᠡᠷᠡᠮᠳᠡᠭ ᠤᠢ ᠰᠢᠭᠤᠢ ᠶᠢᠨ ᠥᠭᠡᠷᠡᠴᠢᠯᠡᠯᠲᠡ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠢᠱᠢᠶ᠎ᠡ ᠦᠵᠡᠭᠦᠯᠬᠦ ᠲᠣᠰᠬᠤᠨ ᠤ ᠠᠵᠤ ᠦᠢᠯᠡᠰ ᠢ ᠬᠤᠳᠠ ᠲᠠᠢ ᠠᠭᠤᠰᠤᠯᠴᠠᠭᠤᠯᠬᠤ ᠰᠠᠭᠤᠷᠢᠨ ᠭᠠᠵᠠᠷ ᠤᠨ ᠪᠦᠳᠦᠭᠡᠨ ᠪᠠᠶᠢᠭᠤᠯᠤᠯᠲᠠ ᠂ ᠰᠣᠶᠣᠯ ᠢ ᠬᠥᠭᠵᠢᠭᠦᠯᠦᠨ ᠮᠠᠨᠳᠤᠭᠤᠯᠬᠤ ᠰᠠᠭᠤᠷᠢ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠵᠡᠷᠭᠡ 6 ︽ᠮᠢᠩᠭ᠎ᠠ ᠲᠦᠮᠡ ᠶᠢᠨ ᠢᠨᠵᠧᠨᠧᠷᠢᠩ︾ ᠤᠨ ᠲᠦᠷᠦᠯ ᠵᠦᠢᠯ ᠢ ᠬᠡᠷᠡᠭᠵᠢᠭᠦᠯᠵᠦ᠂ ᠭᠤᠷᠪᠠᠳᠤᠭᠠᠷ ᠠᠵᠤ ᠦᠢᠯᠡᠰ ᠢᠶᠠᠷ ᠬᠤᠶᠠᠳᠤᠭᠠᠷ ᠠᠵᠤ ᠦᠢᠯᠡᠰ ᠢ ᠠᠬᠢᠭᠤᠯᠬᠤ᠂ ᠬᠤᠶᠠᠳᠤᠭᠠᠷ ᠠᠵᠤ ᠦᠢᠯᠡᠰ ᠢᠶᠠᠷ ᠨᠢᠭᠡᠳᠦᠭᠡᠷ ᠠᠵᠤ ᠦᠢᠯᠡᠰ ᠢ ᠠᠬᠢᠭᠤᠯᠬᠤ ︽ᠭᠤᠷᠪᠠᠳᠤᠭᠠᠷ ᠬᠤᠶᠠᠳᠤᠭᠠᠷ ᠨᠢᠭᠡᠳᠦᠭᠡᠷ︾ ᠤᠨ ᠬᠥᠭᠵᠢᠯᠲᠡ ᠶᠢᠨ ᠵᠠᠭᠪᠤᠷ ᠢᠶᠠᠷ ᠳᠠᠮᠵᠢᠭᠤᠯᠵᠤ᠂ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ᠂ ᠬᠥᠳᠡᠭᠡ ᠠᠵᠤ ᠠᠬᠤᠢ ᠶᠢᠨ ᠦᠷ᠎ᠡ ᠠᠰᠢᠭ ᠢ ᠨᠡᠮᠡᠭᠳᠡᠭᠦᠯᠬᠦ ᠶᠢ ᠪᠡᠶᠡᠯᠡᠭᠦᠯᠵᠦ᠂ ᠥᠪᠡᠷᠮᠢᠴᠡ ᠣᠨᠴᠠᠯᠢᠭ ᠲᠠᠢ ᠬᠥᠳᠡᠭᠡ ᠲᠣᠰᠬᠤᠨ ᠤ ᠬᠥᠭᠵᠢᠯᠲᠡ ᠶᠢᠨ ᠵᠠᠮ ᠢᠶᠠᠷ ᠵᠠᠮᠨᠠᠵᠤ᠂ ᠪᠦᠬᠦ ᠣᠷᠣᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠷᠬᠡᠭ ᠶᠡᠭᠡ ᠬᠥᠳᠡᠯᠭᠡᠬᠦ ᠬᠦᠴᠦᠨ ᠨᠡᠮᠡᠷᠢᠯᠡᠵᠦ᠂ ᠲᠤᠷᠰᠢᠯᠭ᠎ᠠ ᠪᠠ ᠯᠠᠪᠯᠠᠯᠲᠠ ᠬᠠᠩᠭᠠᠪᠠ᠃
 
ᠢᠷᠡᠯᠲᠡ᠄ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号