ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ ᠱᠠᠨᠳᠦ᠋ᠩ ᠤᠨ ᠰᠢᠨ ᠷᠦᠩ ᠴᠤᠸᠠᠩ ᠪᠦᠯᠦᠭᠯᠡᠯ ᠲᠠᠢ ᠪᠣᠬᠢᠷᠲᠤᠯ ᠥᠬᠡᠶ ᠢᠳᠡᠭᠡᠨ ᠤ ᠠᠵᠤ ᠦᠢᠯᠡᠰ ᠤᠨ ᠬᠦᠷᠢᠶᠡᠯᠡᠩ ᠤᠨ ᠲᠥᠷᠥᠯ ᠵᠦᠢᠯ ᠤᠨ ᠶᠠᠷᠢᠯᠴᠠᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/10/18
      10 ᠰᠠᠷ᠎ᠠ ᠶᠢᠨ 16 ᠤ ᠡᠳᠦᠷ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ ᠱᠠᠨᠳᠦ᠋ᠩ ᠤᠨ ᠰᠢᠨ ᠷᠦᠩ ᠴᠤᠸᠠᠩ ᠪᠦᠯᠦᠭᠯᠡᠯ ᠲᠠᠢ ᠪᠣᠬᠢᠷᠲᠤᠯ ᠦᠭᠡᠢ ᠢᠳᠡᠭᠡᠨ ᠤ ᠠᠵᠤ ᠦᠢᠯᠡᠰ ᠤᠨ ᠬᠦᠷᠢᠶᠡᠯᠡᠩ ᠤᠨ ᠲᠦᠷᠦᠯ ᠵᠦᠢᠯ ᠤᠨ ᠶᠠᠷᠢᠯᠴᠠᠬᠤ ᠬᠤᠷᠠᠯ ᠬᠤᠷᠠᠯᠳᠤᠭᠤᠯᠵᠤ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠯᠢᠦ ᠬᠠᠢ ᠲᠤᠤ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠪᠠᠶᠢᠩᠭᠤ ᠶᠢᠨ ᠳᠡᠳ᠋ ᠳᠠᠷᠤᠭ᠎ᠠ ᠸᠠᠩ ᠮᠧᠩ᠂ ᠱᠠᠨᠳᠦ᠋ᠩ ᠤᠨ ᠰᠢᠨ ᠷᠦᠩ ᠴᠤᠸᠠᠩ ᠪᠦᠯᠦᠭᠯᠡᠯ ᠤᠨ ᠬᠡᠷᠡᠭ ᠮᠡᠳᠡᠭᠴᠢᠳ ᠤᠨ ᠳᠠᠷᠤᠭ᠎ᠠ ᠼᠦᠩ ᠯᠢᠨ᠂ ᠬᠤᠰᠢᠭᠤᠨ ᠤ ᠰᠢᠭᠤᠳ ᠬᠠᠷᠢᠶ᠎ᠠ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠠᠷ ᠶᠠᠷᠢᠯᠴᠠᠬᠤ ᠬᠤᠷᠠᠯ ᠳᠤ ᠣᠷᠣᠯᠴᠠᠪᠠ᠃      ᠶᠠᠷᠢᠯᠴᠠᠬᠤ ᠬᠤᠷᠠᠯ ᠳᠡᠭᠡᠷ᠎ᠡ᠂ ᠱᠠᠨᠳᠦ᠋ᠩ ᠤᠨ ᠰᠢᠨ ᠷᠦᠩ ᠴᠤᠸᠠᠩ ᠪᠦᠯᠦᠭᠯᠡᠯ ᠪᠣᠬᠢᠷᠲᠤᠯ ᠥᠬᠡᠶ ᠢᠳᠡᠭᠡᠨ ᠤ ᠠᠵᠤ ᠦᠢᠯᠡᠰ ᠤᠨ ᠬᠦᠷᠢᠶᠡᠯᠡᠩ ᠢ ᠡᠭᠦᠳᠦᠨ ᠪᠠᠶᠢᠭᠤᠯᠬᠤ ᠲᠥᠷᠥᠯ ᠵᠦᠢᠯ ᠤᠨ ᠲᠠᠨᠢᠯᠴᠠᠭᠤᠯᠭ᠎ᠠ ᠬᠢᠵᠦ᠂ ᠬᠤᠶᠠᠷ ᠲᠠᠯ᠎ᠠ ᠪᠠᠷ ᠢᠶᠠᠨ ᠠᠵᠤ ᠦᠢᠯᠡᠰ ᠤᠨ ᠬᠥᠭᠵᠢᠯᠲᠡ ᠶᠢᠨ ᠳᠠᠪᠠᠭᠤᠯᠢᠭ᠂ ᠬᠦᠢᠳᠡᠨ ᠬᠡᠯᠬᠢᠶᠡᠲᠦ ᠲᠡᠭᠡᠭᠡᠪᠦᠷᠢ᠂ ᠦᠢᠯᠡᠳᠪᠦᠷᠢᠯᠡᠯ ᠤᠨ ᠱᠤᠭᠤᠮ ᠤᠨ ᠪᠥᠲᠥᠭᠡᠨ ᠪᠠᠶᠢᠭᠤᠯᠤᠯᠲᠠ ᠵᠢᠴᠢ ᠲᠥᠷᠥᠯ ᠵᠦᠢᠯ ᠢ ᠬᠡᠷᠬᠢᠨ ᠨᠠᠶᠢᠳᠠᠪᠤᠷᠢᠵᠢᠭᠤᠯᠬᠤ ᠲᠤᠬᠠᠶ ᠭᠦᠨᠵᠡᠭᠡᠶ ᠰᠣᠯᠢᠯᠴᠠᠨ ᠶᠠᠷᠢᠯᠴᠠᠪᠠ᠃     ᠯᠢᠦ ᠬᠠᠶ ᠲᠤᠤ᠂ ᠪᠣᠬᠢᠷᠲᠤᠯ ᠥᠬᠡᠶ ᠢᠳᠡᠭᠡᠨ ᠤ ᠠᠵᠤ ᠦᠢᠯᠡᠰ ᠤᠨ ᠬᠦᠷᠢᠶᠡᠯᠡᠩ ᠤᠨ ᠲᠥᠷᠥᠯ ᠵᠦᠢᠯ ᠨᠢ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠬᠥᠭᠵᠢᠯᠲᠡ ᠳᠤ ᠶᠡᠷᠦ ᠪᠤᠰᠤ ᠶᠢᠨ ᠠᠴᠢ ᠬᠤᠯᠪᠣᠭᠳᠠᠯ ᠲᠠᠢ ᠶᠤᠮ᠂ ᠬᠤᠰᠢᠭᠤᠨ ᠤ ᠵᠠᠰᠠᠭ ᠤᠨ ᠣᠷᠳᠣᠨ ᠭᠤᠤᠯᠯᠠᠬᠤ ᠦᠢᠯᠡᠳᠦᠯ ᠢᠶᠠᠨ ᠪᠠᠳᠠᠷᠠᠭᠤᠯᠵᠤ᠂ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠪᠥᠬᠦ ᠬᠦᠴᠦᠨ ᠢᠶᠠᠷ ᠢᠶᠠᠨ ᠳᠡᠮᠵᠢᠵᠦ᠂ ᠲᠤᠰᠬᠠᠶ ᠠᠩᠭᠢ ᠪᠠᠶᠢᠭᠤᠯᠤᠨ᠂ ᠨᠢᠭᠲᠠ ᠬᠠᠷᠢᠯᠴᠠᠵᠤ᠂ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠳᠤ ᠴᠢᠨᠠᠷ ᠰᠠᠶᠢᠲᠠᠶ ᠦᠢᠯᠡᠴᠢᠯᠡᠭᠡ ᠪᠠ ᠪᠠᠲᠤᠯᠠᠭ᠎ᠠ ᠬᠠᠩᠭᠠᠨ᠎ᠠ᠃ ᠠᠵᠤ ᠠᠬᠤᠶᠢᠯᠠᠯ ᠤᠨ ᠬᠢᠨ ᠲᠥᠷᠥᠯ ᠵᠦᠢᠯ ᠢ ᠵᠢᠷᠤᠵᠤ ᠲᠥᠯᠥᠪᠯᠡᠬᠦ᠂ ᠪᠥᠲᠥᠭᠡᠨ ᠪᠠᠶᠢᠭᠤᠯᠬᠤ ᠠᠭᠤᠯᠭ᠎ᠠ ᠵᠡᠷᠭᠡ ᠲᠠᠯ᠎ᠠ ᠪᠠᠷ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠭᠠᠵᠠᠷ ᠰᠢᠷᠣᠶ ᠶᠢᠨ ᠲᠥᠯᠥᠪᠵᠢᠭᠦᠯᠭᠡ ᠵᠢᠴᠢ ᠺᠣᠮᠫᠠᠨᠢ ᠶᠢᠨ ᠳᠡᠩᠰᠡᠯᠡᠯᠲᠡ ᠵᠡᠷᠭᠡ ᠲᠠᠯ᠎ᠠ ᠶᠢᠨ ᠠᠵᠢᠯ ᠢ ᠰᠠᠶᠢᠲᠤᠷ ᠬᠢᠵᠦ᠂ ᠵᠠᠰᠠᠭ ᠠᠵᠤ ᠠᠬᠤᠶᠢᠯᠠᠯ ᠬᠤᠯᠪᠣᠭᠠᠯᠠᠨ᠂  ᠲᠠᠷᠠᠭᠠᠴᠢ ᠶᠢᠨ ᠲᠥᠷᠥᠯ ᠵᠦᠢᠯ ᠢ ᠨᠠᠶᠢᠳᠠᠪᠤᠷᠢᠵᠢᠭᠤᠯᠬᠤ ᠶᠢ ᠡᠷᠡᠰ ᠭᠤᠶᠢᠪᠢᠰᠢ ᠥᠬᠡᠶ ᠠᠬᠢᠭᠤᠯᠵᠤ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠬᠠᠮᠲᠤ ᠪᠠᠷ ᠠᠬᠢᠭᠤᠯᠬᠤ ᠶᠢ ᠬᠦᠰᠡᠵᠦ ᠪᠠᠶᠢᠨ᠎ᠠ ᠭᠡᠵᠡᠶ᠃
 
ᠢᠷᠡᠯᠲᠡ᠄ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号