| | ᠹᠠᠨ ᠴᠢᠶᠧ ᠨᠢᠭᠡᠳᠦᠯ ᠳᠤ ᠲᠥᠪᠡᠳ ᠬᠠᠰᠢ ᠪᠠᠷ ᠪᠡᠯᠡᠭ ᠬᠢᠬᠦ᠂ ᠴᠢᠯᠠᠭᠤ ᠪᠠᠷ ᠵᠢᠷᠤᠭ ᠤᠨ ᠬᠠᠪᠲᠠᠰᠤ ᠬᠢᠬᠦ᠂ | ᠬᠤᠸᠠᠷ ᠲᠠᠢ ᠮᠠᠨᠲᠠᠤ ᠬᠢᠬᠦ ᠵᠡᠷᠭᠡ ᠤᠯᠠᠮᠵᠢᠯᠠᠯᠲᠤ ᠭᠠᠷ ᠤᠷᠠᠯᠠᠯ ᠨᠢ ᠬᠥᠮᠦᠰ ᠤᠨ ᠬᠦᠷᠢᠶᠡᠯᠡᠯ ᠢ ᠣᠯᠤᠨ᠎ᠠ ᠁ | ᠪᠠᠶᠠᠷ ᠳᠤᠷᠠᠰᠬᠠᠯ ᠤᠨ ᠡᠳᠦᠷ ᠹᠠᠨ ᠴᠢᠶᠧ ᠨᠢᠭᠡᠳᠦᠯ ᠳᠤ ᠣᠴᠢᠬᠤ ᠨᠢ ᠬᠢᠩᠭᠠᠨ ᠠᠶᠢᠮᠠᠭ ᠤᠨ ᠤᠯᠠᠭᠠᠨᠬᠤᠲᠠ᠂ | ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ ᠵᠢᠴᠢ ᠤᠢᠢᠷ᠎ᠠ ᠬᠠᠪᠢ ᠶᠢᠨ ᠬᠤᠳᠠ ᠪᠠᠯᠭᠠᠰᠤᠨ ᠤ ᠰᠠᠭᠤᠭᠠᠯᠢ | ᠠᠷᠠᠳ ᠤᠨ ᠤᠬᠢ ᠰᠣᠩᠭᠤᠯᠲᠠ ᠪᠣᠯᠤᠭᠰᠠᠨ ᠪᠠᠶᠢᠨ᠎ᠠ᠃ | ᠹᠠᠨ ᠴᠢᠶᠧ ᠨᠢᠭᠡᠳᠦᠯ ᠭᠡᠵᠦ ᠴᠤᠬᠤᠮ ᠶᠠᠮᠠᠷ ᠭᠠᠵᠠᠷ ᠶᠤᠮ ᠪᠤᠢ︖ | ᠹᠠᠨ ᠴᠢᠶᠧ ᠨᠢᠭᠡᠳᠦᠯ ᠪᠣᠯ ᠬᠥᠳᠡᠭᠡ ᠲᠣᠰᠬᠤᠨ ᠤ ᠵᠢᠭᠤᠯᠴᠢᠯᠠᠯ ᠤᠨ ᠶᠡᠷᠦᠩᠬᠡᠶ ᠴᠣᠭᠴᠠ ᠮᠥᠨ᠃ 2022 | ᠣᠨ ᠳᠤ ᠹᠠᠨ ᠴᠢᠶᠧ ᠨᠢᠭᠡᠳᠦᠯ ᠤᠨ ᠲᠦᠷᠦᠯ ᠵᠦᠢᠯ ᠢ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ | ᠬᠤᠷᠴᠢᠨ ᠪᠠᠯᠭᠠᠰᠤᠨ ᠤ ᠫᠢᠩ ᠠᠨ ᠲᠣᠰᠬᠤᠨ ᠳᠤ ᠨᠠᠶᠢᠳᠠᠪᠤᠷᠢᠵᠢᠭᠤᠯᠪᠠ᠃ ᠲᠥᠷᠥᠯ ᠵᠦᠢᠯ ᠢ ᠬᠡᠪᠴᠢᠶᠡᠵᠢᠭᠦᠯᠦᠨ | ᠬᠥᠭᠵᠢᠭᠦᠯᠬᠦ᠂ ᠦᠢᠯᠡᠳᠪᠦᠷᠢᠯᠡᠯ ᠪᠣᠷᠣᠯᠠᠭᠤᠯᠭ᠎ᠠ ᠶᠢ ᠨᠢᠭᠡ ᠴᠤᠭᠴᠠᠵᠢᠭᠤᠯᠬᠤ᠂ ᠡᠬᠢ ᠪᠠᠶᠠᠯᠢᠭ ᠢ ᠡᠮᠬᠢᠯᠡᠨ | ᠨᠡᠶᠢᠯᠡᠭᠦᠯᠬᠦ ᠪᠠᠷ ᠳᠠᠮᠵᠢᠭᠤᠯᠤᠨ ᠰᠡᠯᠡᠭᠦᠴᠡᠨ ᠵᠢᠮᠢᠰ ᠲᠡᠭᠦᠬᠦ᠂ ᠲᠠᠷᠢᠶᠠᠯᠠᠩ ᠤᠨ ᠠᠵᠢᠯ ᠢ ᠪᠡᠶᠡᠴᠢᠯᠡᠨ ᠣᠶᠢᠯᠠᠭᠠᠬᠤ᠂ | ᠬᠥᠳᠡᠭᠡ ᠲᠣᠰᠬᠤᠨ ᠤ ᠠᠷᠠᠳ ᠤᠨ ᠤᠯᠠᠮᠵᠢᠯᠠᠯᠲᠤ ᠪᠠᠭᠤᠴᠠ ᠶᠢ ᠨᠢᠭᠡ ᠴᠤᠭᠴᠠᠵᠢᠭᠤᠯᠵᠤ᠂ ᠲᠠᠷᠢᠶᠠᠯᠠᠩ ᠤᠨ ᠠᠵᠤ | ᠦᠢᠯᠡᠰ ᠤᠨ ᠴᠢᠳᠠᠮᠵᠢ ᠶᠢ ᠥᠷᠭᠡᠳᠭᠡᠨ᠂ ᠲᠠᠷᠢᠶᠠᠯᠠᠩ ᠵᠢᠭᠤᠯᠴᠢᠯᠠᠯ ᠢ ᠨᠢᠭᠡ ᠴᠤᠭᠴᠠᠵᠢᠭᠤᠯᠬᠤ᠂ ᠠᠭᠤᠰᠤᠯᠳᠤᠨ | ᠬᠥᠭᠵᠢᠬᠦ ᠶᠢ ᠪᠡᠶᠡᠯᠡᠭᠦᠯᠪᠡ᠃ | ᠫᠢᠩ ᠠᠨ ᠲᠣᠰᠬᠤᠨ ᠳᠤ ᠣᠷᠣᠪᠠᠯ ᠪᠠᠷᠢᠮᠵᠢᠶᠠᠵᠢᠭᠰᠠᠨ ᠵᠢᠮᠢᠰ ᠢᠳᠡᠰᠢᠨ ᠨᠣᠭᠤᠭ᠎ᠠ ᠶᠢᠨ ᠬᠦᠯᠡᠮᠵᠢ ᠨᠦᠭᠦᠳ | ᠬᠠᠷᠠᠭᠳᠠᠵᠤ᠂ ᠭᠠᠵᠠᠷ ᠪᠣᠯᠭᠠᠨ ᠳᠤ ᠬᠦᠷᠦᠰᠦ ᠰᠢᠷᠣᠶ ᠶᠢᠨ ᠰᠠᠶᠢᠬᠠᠨ ᠦᠨᠦᠷ ᠪᠠ ᠵᠢᠮᠢᠰ ᠤᠨ ᠠᠩᠬᠢᠯᠤᠮ᠎ᠠ ᠦᠨᠦᠷ | ᠬᠠᠩᠬᠤᠯᠵᠤ᠂ ᠵᠢᠵᠢᠭ ᠲᠣᠰᠬᠤᠨ ᠨᠢ ᠠᠯᠢ ᠡᠷᠲᠡ ᠵᠢᠭᠤᠯᠴᠢᠯᠠᠭᠰᠠᠳ ᠤᠨ ᠬᠠᠯᠠᠮᠰᠢᠯ ᠭᠠᠵᠠᠷ ᠪᠣᠯᠤᠭᠰᠠᠨ ᠪᠠᠶᠢᠨ᠎ᠠ᠃ | | ᠥᠩᠭᠡᠷᠡᠭᠰᠡᠨ ᠳᠤ ᠡ᠊ᠨᠳᠡ ᠬᠠᠷᠢᠨ ᠡᠷᠡᠰ ᠤᠨᠳᠤᠤ ᠪᠠᠶᠢᠳᠠᠯ ᠲᠠᠢ ᠪᠠᠶᠢᠵᠠᠢ᠃ ᠰᠠᠭᠤᠷᠢ ᠲᠥᠬᠦᠭᠡᠷᠦᠮᠵᠢ | ᠬᠤᠴᠣᠷᠤᠩᠭᠤᠢ᠂ ᠠᠵᠤ ᠦᠢᠯᠡᠰ ᠤᠨ ᠬᠥᠭᠵᠢᠯᠲᠡ ᠪᠠᠭᠤᠷᠠᠢ ᠵᠡᠷᠭᠡ ᠳᠤᠲᠠᠭᠤᠳᠠᠯ ᠲᠤᠪᠤᠶᠢᠮ᠎ᠠ ᠪᠠᠶᠢᠵᠤ᠂ ᠣᠯᠠᠩᠬᠢ | ᠲᠣᠰᠬᠤᠨ ᠤ ᠠᠷᠠᠳ ᠲᠩᠷᠢ ᠶᠢᠨ ᠴᠢᠷᠠᠢ ᠶᠢ ᠬᠠᠷᠠᠨ ᠠᠮᠢᠳᠤᠷᠠᠵᠤ ᠪᠠᠶᠢᠪᠠ᠃ ᠬᠠᠷᠢᠨ ᠪᠠᠶᠠᠵᠢᠯ ᠤᠨ ᠳᠠᠭᠠᠭᠤᠯᠤᠭᠴᠢ | ᠴᠢ ᠰᠢᠶᠣᠤ ᠵᠢᠩ ᠬᠦᠷᠴᠦ ᠢᠷᠡᠭᠰᠡᠨ ᠨᠢ ᠡᠨᠡ ᠬᠦ ᠵᠢᠵᠢᠭ ᠲᠣᠰᠬᠤᠨ ᠳᠤ ᠮᠠᠰᠢ ᠶᠡᠭᠡ ᠬᠤᠪᠢᠷᠠᠯᠲᠠ ᠭᠠᠷᠭᠠᠭᠰᠠᠨ | ᠠᠵᠢ᠃ | 2009 ᠣᠨ ᠳᠤ ᠣᠶᠤᠲᠠᠨ ᠭᠠᠴᠠᠭᠠᠨ ᠳᠠᠷᠤᠭ᠎ᠠ ᠴᠢ ᠰᠢᠶᠤᠤ ᠵᠢᠩ ᠬᠤᠷᠴᠢᠨ ᠪᠠᠯᠭᠠᠰᠤᠨ ᠤ ᠶᠤᠸᠠᠨ | ᠹᠧᠩ ᠲᠣᠰᠬᠤᠨ ᠳᠤ ᠬᠤᠪᠢᠶᠠᠭᠳᠠᠵᠤ᠂ 2013 ᠣᠨ ᠳᠤ ᠦᠢᠯᠡᠴᠢᠯᠡᠭᠡᠨ ᠤ ᠬᠤᠭᠤᠴᠠᠭ᠎ᠠ ᠨᠢ ᠲᠤᠯᠤᠭᠰᠠᠨ ᠤ | ᠳᠠᠷᠠᠭ᠎ᠠ ᠲᠡᠷᠡ ᠬᠤᠷᠴᠢᠨ ᠪᠠᠯᠭᠠᠰᠤᠨ ᠤ ᠫᠢᠩ ᠠᠨ ᠲᠣᠰᠬᠤᠨ ᠳᠤ ᠦᠯᠡᠳᠡᠬᠦ ᠪᠠᠷ ᠲᠤᠭᠲᠠᠵᠤ᠂ ᠦᠢᠯᠡᠰ ᠪᠤᠰᠬᠠᠬᠤ | ᠠᠶᠠᠨ ᠢᠶᠠᠨ ᠡᠬᠢᠯᠡᠭᠦᠯᠪᠠ᠃ | ︽ᠹᠠᠨ ᠴᠢᠶᠧ ᠨᠢᠭᠡᠳᠦᠯ ᠪᠠᠶᠢᠭᠤᠯᠤᠭᠳᠠᠭᠰᠠᠨ ᠤ ᠳᠠᠷᠠᠭ᠎ᠠ 4 ᠪᠡᠷᠭᠡᠨ ᠪᠢᠳᠡᠨ ᠢ ᠳᠠᠭᠠᠵᠤ ᠬᠥᠳᠡᠭᠡ | ᠲᠣᠰᠬᠤᠨ ᠤ ᠠᠷᠠᠳ ᠤᠨ ᠤᠯᠠᠮᠵᠢᠯᠠᠯᠲᠤ ᠪᠠᠭᠤᠴᠠ ᠶᠢ ᠬᠥᠭᠵᠢᠭᠦᠯᠵᠦ᠂ ᠲᠤᠬᠠᠶ ᠶᠢᠨ ᠵᠢᠯ ᠳᠤ ᠡᠷᠦᠬᠡ ᠪᠦᠷᠢ ᠶᠢᠨ | ᠣᠷᠣᠯᠭ᠎ᠠ ᠨᠢ ᠬᠤᠶᠠᠷ ᠲᠦᠮᠡ ᠭᠠᠷᠤᠶ ᠲᠥᠭᠦᠷᠢᠭ ᠨᠡᠮᠡᠭᠳᠡᠪᠡ᠃ ᠠᠷᠠᠳ ᠤᠨ ᠤᠯᠠᠮᠵᠢᠯᠠᠯᠲᠤ ᠪᠠᠭᠤᠴᠠ ᠶᠢ | ᠡᠵᠡᠩᠨᠡᠪᠡᠯ ᠵᠣᠭᠤᠰ ᠣᠯᠬᠤ ᠶᠢ ᠮᠡᠳᠡᠭᠡᠳ ᠨᠢᠳᠤᠨᠤᠨ ᠪᠠᠰᠠ 18 ᠡᠷᠦᠬᠡ ᠲᠣᠰᠬᠤᠨ ᠤ ᠠᠷᠠᠳ ᠭᠡᠷ ᠪᠠᠶᠢᠰᠢᠩ ᠢᠶᠠᠨ | ᠵᠠᠰᠠᠨ ᠴᠢᠮᠡᠭᠯᠡᠵᠦ ᠪᠢᠳᠠᠨ ᠲᠠᠢ ᠬᠠᠮᠲᠤ ᠬᠥᠳᠡᠭᠡ ᠲᠣᠰᠬᠤᠨ ᠤ ᠵᠢᠭᠤᠯᠴᠢᠯᠠᠯ ᠬᠢᠪᠡ᠃ ᠣᠳᠣ ᠪᠢᠳᠡᠨ ᠤ ᠡᠷᠴᠢ | ᠵᠣᠷᠢᠭ ᠮᠠᠰᠢ ᠲᠡᠭᠦᠯᠳᠡᠷ ᠪᠠᠶᠢᠨ᠎ᠠ᠂ ᠣᠯᠠᠨ ᠢᠶᠠᠷ ᠢᠶᠠᠨ ᠬᠥᠳᠡᠭᠡ ᠲᠣᠰᠬᠤᠨ ᠤ ᠵᠢᠭᠤᠯᠴᠢᠯᠠᠯ ᠥᠷᠨᠢᠭᠦᠯᠬᠦ ᠳᠤ ᠮᠠᠰᠢ | ᠢᠲᠡᠭᠡᠯ ᠲᠠᠢ ᠪᠠᠶᠢᠨ᠎ᠠ︾ ᠭᠡᠵᠦ ᠴᠢ ᠰᠢᠶᠤᠤ ᠵᠢᠩ ᠬᠡᠯᠡᠪᠡ᠃ | ᠴᠢ ᠰᠢᠶᠤᠤ ᠵᠢᠩ ᠪᠠᠰᠠ ᠹᠠᠨ ᠴᠢᠶᠧ ᠶᠡᠭᠡ ᠬᠦᠷᠢᠶᠡᠯᠡᠩ ᠳᠤ ᠤᠤᠷ ᠰᠤᠶᠤᠯ ᠤᠨ ᠪᠠᠭ᠎ᠠ ᠬᠢᠴᠢᠶᠡᠯ ᠤᠨ | ᠲᠠᠩᠬᠢᠮ ᠨᠡᠭᠡᠭᠡᠵᠦ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠤᠯᠠᠮᠵᠢᠯᠠᠨ ᠪᠠᠳᠠᠷᠠᠭᠤᠯᠵᠤ᠂ ︽ | ᠲᠠᠷᠢᠶᠠᠯᠠᠬᠤ ᠰᠣᠶᠣᠯ + ᠲᠠᠷᠢᠶᠠᠯᠠᠩ ᠤᠨ ᠠᠵᠢᠯ ᠢ ᠪᠡᠶᠡᠴᠢᠯᠡᠨ ᠣᠶᠢᠯᠠᠭᠠᠬᠤ︾ ᠵᠠᠭᠪᠤᠷ ᠢ ᠰᠦᠪᠡᠭᠴᠢᠯᠡᠵᠦ᠂ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠶᠢ ᠬᠥᠳᠡᠯᠮᠦᠷᠢ | ᠦᠢᠯᠡᠳᠦᠯᠭᠡ᠂ ᠰᠤᠷᠭᠠᠭᠤᠯᠢ ᠶᠢᠨ ᠭᠠᠳᠠᠨᠠᠬᠢ ᠲᠠᠷᠢᠶᠠᠯᠠᠬᠤ ᠠᠵᠢᠯᠯᠠᠭ᠎ᠠ ᠶᠢᠨ ᠳᠤᠮᠳᠠ ᠠᠭᠤᠰᠤᠯᠴᠠᠭᠤᠯᠪᠠ᠃ | ᠡᠭᠦᠨ ᠤ ᠬᠠᠮᠲᠤ ᠲᠡᠷᠡ ᠪᠠᠰᠠ ᠬᠥᠳᠡᠭᠡ ᠲᠣᠰᠬᠤᠨ ᠤ ᠶᠠᠪᠠᠭᠠᠨ ᠠᠶᠠᠯᠠᠯ᠂ ᠤᠯᠤᠰ ᠤᠨ ᠰᠤᠷᠲᠠᠯ ᠤᠨ ᠴᠠᠢ ᠶᠢᠨ | ᠤᠷᠠᠯᠢᠭ ᠵᠡᠷᠭᠡ ᠠᠵᠢᠯᠯᠠᠭ᠎ᠠ ᠥᠷᠨᠢᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠤᠶᠤᠨ ᠰᠠᠨᠠᠭᠠᠨ ᠤ | ᠭᠡᠷ ᠣᠷᠣᠨ ᠤ ᠪᠦᠳᠦᠭᠡᠨ ᠪᠠᠶᠢᠭᠤᠯᠤᠯᠲᠠ ᠶᠢ ᠠᠬᠢᠭᠤᠯᠬᠤ ᠳᠤ ᠬᠦᠴᠦᠨ ᠨᠡᠮᠡᠷᠢᠯᠡᠪᠡ᠃ | ᠬᠥᠭᠵᠢᠯᠲᠡ ᠶᠢᠨ ᠥᠩᠭᠡᠷᠡᠯᠲᠡ ᠪᠠᠨ ᠡᠷᠭᠢᠴᠡᠭᠦᠯᠬᠦ ᠳᠤ ᠴᠢ ᠰᠢᠶᠤᠤ ᠵᠢᠩ ᠲᠡᠭᠦᠨ ᠢ ︽1.0 ᠠᠴᠠ 4.0 | ᠬᠦᠷᠲᠡᠯᠡᠬᠢ︾ ᠲᠠᠰ ᠳᠡᠪᠰᠢᠬᠦ ᠶᠠᠪᠤᠴᠠ ᠪᠠᠷ ᠳᠦᠷᠰᠦᠯᠡᠵᠠᠢ᠄ ︽ᠪᠢᠳᠡ ᠬᠠᠮᠤᠭ ᠠᠩᠬᠠᠨ ᠤ ᠲᠠᠷᠢᠶᠠᠯᠠᠩ ᠤᠨ | ᠦᠢᠯᠡᠳᠪᠦᠷᠢᠯᠡᠯ ᠠᠴᠠ ᠠᠯᠬᠤᠮ ᠠᠯᠬᠤᠮ ᠢᠶᠠᠷ ᠵᠢᠮᠢᠰ ᠲᠡᠭᠦᠬᠦ᠂ ᠢᠳᠡᠭᠡᠨ ᠤᠮᠳᠠᠭᠠᠨ᠂ ᠳᠠᠬᠢᠨ ᠬᠤᠨᠤᠭ ᠪᠠᠭᠤᠳᠠᠯ᠂ | ᠪᠣᠯᠪᠠᠰᠤᠷᠠᠯ ᠤᠨ ᠣᠯᠠᠨ ᠡᠰᠢᠵᠢᠭᠰᠡᠨ ᠡᠵᠡᠩᠨᠡᠯᠲᠡ ᠬᠦᠷᠲᠡᠯ᠎ᠡ ᠬᠥᠭᠵᠢᠵᠦ᠂ ᠣᠲᠣ ᠨᠠᠩ ᠴᠤ ᠹᠠᠨ | ᠴᠢᠶᠧᠨᠢᠭᠡᠳᠦᠯ ᠢᠶᠠᠷ ᠳᠡᠮᠵᠢᠨ ᠠᠷᠠᠳ ᠤᠨ ᠤᠯᠠᠮᠵᠢᠯᠠᠯᠲᠤ ᠪᠠᠭᠤᠴᠠ᠂ ᠰᠤᠳᠤᠯᠤᠨ ᠰᠤᠷᠤᠯᠴᠠᠬᠤ᠂ ᠪᠣᠯᠪᠠᠰᠤᠷᠠᠯ ᠢ | ᠨᠢᠭᠡ ᠴᠣᠭᠴᠠᠵᠢᠭᠤᠯᠤᠭᠰᠠᠨ ᠠᠵᠤ ᠦᠢᠯᠡᠰ ᠤᠨ ᠠᠭᠤᠰᠤᠯᠴᠠᠯ ᠤᠨ ᠰᠢᠨ᠎ᠡ ᠵᠠᠭᠪᠤᠷ ᠢ ᠪᠡᠶᠡᠯᠡᠭᠦᠯᠪᠡ︾᠃ | ᠴᠢᠨᠡᠭᠡᠯᠢᠭᠵᠢᠨ ᠪᠠᠶᠠᠵᠢᠭᠰᠠᠨ ︽ᠹᠠᠨ ᠴᠢᠶᠧ ᠨᠢᠭᠡᠳᠦᠯ︾ ᠢ ᠬᠡᠷᠬᠢᠨ ᠨᠡᠩ ᠤᠯᠠᠨ ᠪᠤᠯᠭᠠᠬᠤ ᠪᠤᠶ︖ | ᠬᠡᠷᠬᠢᠨ ᠨᠢᠭᠡᠨ ᠴᠢ ᠰᠢᠶᠣᠤ ᠵᠢᠩ ᠢᠶᠠᠷ ᠨᠢᠭᠡ ᠪᠦᠯᠦᠭ ︽ᠴᠢ ᠰᠢᠶᠣᠤ ᠵᠢᠩ︾ ᠢ ᠳᠠᠶᠢᠴᠢᠯᠠᠬᠤ ᠪᠤᠢ︖ | ᠬᠠᠮᠲᠤ ᠪᠠᠷ ᠵᠦᠪᠳᠡᠬᠦ ᠬᠠᠮᠲᠤ ᠪᠠᠷ ᠪᠠᠶᠢᠭᠤᠯᠬᠤ ᠳᠤᠮᠳᠠ ᠬᠥᠭᠵᠢᠯᠲᠡ ᠶᠢ ᠬᠠᠮᠲᠤ ᠪᠠᠷ ᠡᠷᠢᠯᠬᠢᠯᠡᠵᠦ᠂ | ᠬᠠᠮᠲᠤ ᠪᠠᠷ ᠠᠵᠢᠯᠯᠠᠬᠤ ᠬᠠᠮᠲᠤ ᠪᠠᠷ ᠴᠢᠷᠮᠠᠶᠢᠬᠤ ᠳᠤᠮᠳᠠ ᠨᠢᠭᠲᠠᠷᠠᠨ ᠪᠦᠯᠬᠦᠮᠳᠡᠵᠦ᠂ ᠬᠠᠮᠲᠤ ᠪᠠᠷ ᠰᠤᠷᠤᠯᠴᠠᠨ | ᠬᠠᠮᠲᠤ ᠪᠠᠷ ᠪᠦᠲᠦᠭᠡᠬᠦ ᠳᠤᠮᠳᠠ ᠬᠥᠭᠵᠢᠨ ᠮᠠᠨᠳᠤᠨ᠎ᠠ᠃ 2022 ᠣᠨ ᠳᠤ ᠬᠢᠩᠭᠠᠨ ᠠᠶᠢᠮᠠᠭ ︽ᠰᠢᠶᠣᠤ ᠵᠢᠩ | ᠲᠥᠯᠥᠪᠯᠡᠭᠡ︾ ᠢᠢ ᠬᠡᠷᠡᠭᠵᠢᠭᠦᠯᠵᠦ᠂ ᠴᠢ ᠰᠢᠶᠣᠤ ᠵᠢᠩ ᠰᠢᠭ ᠨᠠᠩ ᠣᠯᠠᠨ ᠠᠵᠤ ᠦᠢᠯᠡᠰ ᠤᠨ ᠬᠥᠭᠵᠢᠯᠲᠡ ᠶᠢᠨ | ᠳᠠᠭᠠᠭᠤᠯᠤᠭᠴᠢ ᠶᠢ ᠬᠥᠮᠦᠵᠢᠭᠦᠯᠬᠦ ᠪᠠᠷ ᠵᠣᠷᠢᠯᠭ᠎ᠠ ᠪᠠᠨ ᠪᠣᠯᠭᠠᠪᠠ᠃ ᠡᠨᠡ ᠬᠦ ᠲᠥᠯᠥᠪᠯᠡᠭᠡ ᠨᠢ ᠬᠥᠳᠡᠭᠡ | ᠲᠣᠰᠬᠤᠨ ᠤ ᠠᠵᠤ ᠦᠢᠯᠡᠰ ᠪᠣᠯᠤᠨ ᠴᠢᠳᠠᠪᠤᠷᠢᠲᠠᠨ ᠢ ᠬᠥᠭᠵᠢᠭᠦᠯᠦᠨ ᠮᠠᠨᠳᠤᠭᠤᠯᠬᠤ ᠳᠤ ᠪᠠᠲᠤ ᠪᠠᠬᠢ ᠰᠠᠭᠤᠷᠢ ᠶᠢ | ᠲᠠᠯᠪᠢᠭᠰᠠᠨ ᠢᠶᠠᠷ ᠪᠠᠷᠠᠬᠤ ᠦᠭᠡᠢ ᠨᠡᠩ ᠴᠤ ᠦᠨᠳᠦᠰᠦᠲᠡᠨ ᠤ ᠪᠦᠯᠬᠦᠮᠳᠡᠯ ᠪᠣᠯᠤᠨ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠬᠠᠷᠢᠯᠴᠠᠨ ᠠᠭᠤᠰᠤᠯᠴᠠᠭᠤᠯᠵᠤ ᠬᠠᠮᠲᠤ ᠪᠠᠷ ᠠᠬᠢᠭᠤᠯᠬᠤ ᠠᠮᠢᠳᠤᠯᠢᠭ ᠦᠢᠯᠡᠳᠦᠯᠭᠡ | ᠪᠣᠯᠤᠭᠰᠠᠨ ᠪᠠᠶᠢᠨ᠎ᠠ᠃ | ︽ᠰᠢᠶᠣᠤ ᠵᠢᠩ ᠲᠥᠯᠥᠪᠯᠡᠭᠡ︾ ᠶᠢ ᠬᠡᠷᠡᠭᠵᠢᠭᠦᠯᠦᠭᠰᠡᠨ ᠠᠴᠠ ᠬᠢᠩᠭᠠᠨ ᠠᠶᠢᠮᠠᠭ ᠲᠤ ᠤᠯᠠᠮ ᠣᠯᠠᠨ ︽ | ᠰᠢᠶᠣᠤ ᠵᠢᠩ︾ ᠮᠠᠶ᠋ᠢᠭ ᠤᠨ ᠴᠢᠳᠠᠪᠤᠷᠢᠲᠠᠨ ᠴᠣᠯᠭᠤᠷᠠᠨ ᠭᠠᠷᠴᠤ᠂ ᠲᠡᠳᠡ ᠥᠪᠡᠷ ᠤᠨ ᠣᠶᠤᠨ ᠤᠬᠠᠭᠠᠨ ᠪᠠ | ᠴᠢᠷᠮᠠᠶᠢᠯᠭ᠎ᠠ ᠪᠠᠷ ᠢᠶᠠᠨ ᠦᠨᠳᠦᠰᠦᠲᠡᠨ ᠨᠦᠭᠦᠳ ᠤᠨ ᠣᠯᠠᠨ ᠲᠦᠮᠡᠨ ᠢ ᠳᠠᠭᠠᠭᠤᠯᠤᠨ ᠪᠠᠶᠠᠵᠢᠯ ᠤᠨ ᠵᠠᠮ ᠢᠶᠠᠷ | ᠵᠠᠮᠨᠠᠪᠠ᠃ ᠣᠳᠣ ᠪᠣᠯᠲᠠᠯ᠎ᠠ ᠲᠣᠰ ᠲᠥᠯᠥᠪᠯᠡᠭᠡ ᠪᠠᠷ ᠠᠵᠤ ᠦᠢᠯᠡᠰ ᠤᠨ ᠳᠠᠭᠠᠭᠤᠯᠤᠭᠴᠢ 1288 ᠬᠥᠮᠦᠨ ᠢ | ᠬᠥᠮᠦᠵᠢᠭᠦᠯᠵᠦ᠂ 3.8 ᠲᠦᠮᠡᠨ ᠮᠠᠯᠵᠢᠬᠤ ᠲᠠᠷᠢᠶᠠᠯᠠᠬᠤ ᠡᠷᠦᠬᠡ ᠶᠢ ᠨᠥᠯᠥᠭᠡᠯᠡᠨ ᠳᠠᠶᠢᠴᠢᠯᠠᠵᠤ᠂ ᠡᠷᠦᠬᠡ | ᠪᠦᠷᠢ ᠶᠢᠨ ᠵᠢᠯ ᠤᠨ ᠳᠤᠮᠳᠠᠴᠢ ᠣᠷᠣᠯᠭ᠎ᠠ ᠶᠢᠨ ᠨᠡᠮᠡᠭᠳᠡᠯ 4900 ᠲᠥᠭᠦᠷᠢᠭ ᠲᠤ ᠬᠦᠷᠴᠦ᠂ ᠪᠦᠬᠦᠶᠢᠯᠡ | ᠡᠵᠡᠩᠨᠡᠯᠲᠡ ᠶᠢᠨ ᠣᠷᠣᠯᠭ᠎ᠠ ᠨᠢ ᠨᠡᠶᠢᠲᠡ 3.58 ᠳ᠋ᠦᠩᠰᠢᠭᠤᠷ ᠲᠥᠭᠦᠷᠢᠭ ᠲᠤ ᠬᠦᠷᠴᠡᠶ᠃ | ︽ᠲᠠᠷᠢᠶᠠᠯᠠᠩ ᠪᠠ ᠵᠢᠭᠤᠯᠴᠢᠯᠠᠯ ᠤᠨ ᠠᠭᠤᠰᠤᠯᠴᠠᠯ ᠢ ᠬᠥᠭᠵᠢᠭᠦᠯᠬᠦ ᠶᠢᠨ ᠬᠠᠮᠲᠤ ᠪᠢᠳᠡ ᠪᠠᠰᠠ ᠠᠳᠡᠬᠢ ᠶᠢ | ᠰᠢᠨ᠎ᠡ ᠲᠠᠷᠢᠶᠠᠴᠢᠳ ᠢ ᠬᠥᠮᠦᠵᠢᠭᠦᠯᠬᠦ ᠰᠠᠭᠤᠷᠢᠨ ᠪᠣᠯᠭᠠᠪᠠ᠃ ᠹᠠᠨ ᠴᠢᠶᠧᠨᠢᠭᠡᠳᠦᠯ ᠢᠶᠠᠷ ᠤᠳᠤᠷᠢᠳᠤᠮᠵᠢ ᠪᠣᠯᠭᠠᠵᠤ᠂ | ᠪᠢᠳᠡ ᠨᠠᠩ ᠣᠯᠠᠨ ᠠᠷᠠᠳ ᠣᠯᠠᠨ ᠢ ᠳᠠᠶᠢᠴᠢᠯᠠᠨ ᠣᠷᠣᠯᠴᠠᠭᠤᠯᠪᠠ᠃ 2022 ᠣᠨ ᠠᠴᠠ ᠣᠲᠣ ᠪᠣᠯᠲᠠᠯ᠎ᠠ | ᠪᠥᠬᠦ ᠪᠠᠯᠭᠠᠰᠤᠨ ᠤ ᠭᠥᠯᠢᠶᠡᠨ ᠠᠪᠤᠭᠰᠠᠨ ᠵᠢᠭᠤᠯᠴᠢᠯᠠᠭᠰᠠᠳ ᠤᠨ ᠲᠤᠭ᠎ᠠ 20 ᠲᠦᠮᠡ ︵ᠤᠳᠠᠭ᠎ᠠ︶ ᠳᠤ ᠬᠦᠷᠴᠡᠶ | ᠃ ᠪᠢᠳᠡ ᠵᠢᠭᠤᠯᠴᠢᠯᠠᠯ ᠢ ᠵᠢᠯ ᠤᠨ ᠳᠥᠷᠪᠡᠨ ᠤᠯᠠᠷᠢᠯ ᠳᠤ ᠬᠥᠭᠵᠢᠭᠡᠵᠦ᠂ ᠵᠢᠭᠤᠯᠴᠢᠯᠠᠯ ᠢᠶᠠᠷ ᠳᠠᠮᠵᠢᠭᠤᠯᠤᠨ | ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠠᠬᠢᠭᠤᠯᠤᠭᠰᠠᠨ ᠠᠰᠢᠭ ᠢ ᠨᠠᠩ ᠦᠨᠡᠨ | ᠪᠣᠳᠠᠲᠠᠶ ᠡᠳ᠋ᠯᠡᠵᠠᠢ︾ ᠭᠡᠵᠦ ᠬᠤᠷᠴᠢᠨ ᠪᠠᠯᠭᠠᠰᠤᠨ ᠤ ᠨᠠᠮ ᠤᠨ ᠬᠤᠷᠢᠶ᠎ᠠ ᠶᠢᠨ ᠱᠦᠵᠢ ᠭᠤᠤ ᠪᠢᠩ ᠬᠡᠯᠡᠪᠡ᠃ | ᠨᠡᠩ ᠤᠯᠠᠨ ᠰᠢᠨ᠎ᠡ ᠲᠠᠷᠢᠶᠠᠴᠢᠨ ᠠᠳᠡ ᠦᠰᠦᠨ ᠪᠤᠶᠢᠵᠢᠵᠤ᠂ ᠨᠡᠩ ᠤᠯᠠᠨ ᠰᠢᠨ᠎ᠡ ᠮᠡᠷᠭᠡᠵᠢᠯ ᠠᠳᠡ | ᠳᠡᠯᠭᠡᠷᠡᠵᠦ᠂ ᠨᠡᠩ ᠤᠯᠠᠨ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠠᠳᠡ ᠪᠤᠢ ᠪᠤᠯᠤᠨ᠎ᠠ ᠁ | ᠦᠨᠳᠦᠰᠦᠲᠡᠨ ᠨᠦᠭᠦᠳ ᠤᠨ ᠤᠯᠠᠨ ᠲᠦᠮᠡᠨ ᠰᠡᠳᠭᠢᠯ ᠵᠢᠷᠦᠬᠡ ᠪᠠᠨ ᠬᠤᠯᠪᠣᠵᠤ᠂ ᠬᠠᠮᠲᠤ ᠪᠠᠷ ᠬᠥᠭᠵᠢᠬᠦ | ᠬᠠᠮᠲᠤ ᠪᠠᠷ ᠲᠠᠪᠰᠢᠬᠤ ᠳᠤᠮᠳᠠ ᠨᠡᠩ ᠤᠯᠠᠨ ᠠᠭᠤᠰᠤᠯᠴᠠᠨ ᠬᠥᠭᠵᠢᠭᠰᠡᠨ ᠠᠰᠢᠭ ᠢ ᠬᠤᠪᠢᠶᠠᠯᠴᠠᠨ᠎ᠠ᠃ | |