ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠪᠠᠶᠢᠩᠭᠤ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/10/21
     10 ᠰᠠᠷ᠎ᠠ ᠶᠢᠨ 18 ᠤ ᠡᠳᠦᠷ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠪᠠᠨ ᠨᠠᠢᠮᠠᠳᠤᠭᠠᠷ ᠬᠤᠭᠤᠴᠠᠭᠠᠨ ᠤ ᠠᠷᠠᠳ ᠤᠨ ᠵᠠᠰᠠᠭ ᠤᠨ ᠣᠷᠳᠣᠨ ᠤ ᠳᠥᠴᠢᠨ ᠳᠥᠷᠪᠡᠳᠦᠭᠡᠷ ᠤᠳᠠᠭᠠᠨ ᠤ ᠪᠠᠶᠢᠩᠭᠤ ᠶᠢᠨ ᠬᠤᠷᠠᠯ ᠬᠤᠷᠠᠯᠳᠤᠭᠤᠯᠪᠠ᠃ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠯᠢᠦ ᠬᠠᠶ ᠲᠤᠤ ᠬᠤᠷᠠᠯ ᠡᠷᠭᠢᠯᠡᠵᠦ᠂ ᠬᠤᠰᠢᠭᠤᠨ ᠤ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠤᠨ ᠪᠦᠷᠢᠯᠳᠦᠬᠦᠨ᠂ ᠬᠤᠰᠢᠭᠤᠨ ᠤ ᠰᠢᠭᠤᠳ ᠬᠠᠷᠢᠶ᠎ᠠ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠠᠷ ᠬᠤᠷᠠᠯ ᠳᠤ ᠣᠷᠣᠯᠴᠠᠵᠠᠶ᠃    ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠬᠥᠬᠢᠭᠦᠯᠦᠨ ᠰᠠᠶᠢᠰᠢᠶᠠᠬᠤ ᠶᠡᠭᠡ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ᠂ ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠨᠡᠮᠡᠭᠳᠡᠯ ᠲᠦᠷᠦ ᠶᠢᠨ ᠪᠤᠳᠤᠯᠭ᠎ᠠ ᠶᠢᠨ ᠬᠠᠮᠢᠶ᠎ᠠ ᠪᠦᠬᠦᠢ ᠪᠢᠴᠢᠭ ᠮᠠᠲ᠋ᠧᠷᠢᠶᠠᠯ᠂ ︽ᠦᠵᠡᠰᠬᠦᠯᠡᠩᠲᠦ ᠰᠠᠶᠢᠬᠠᠨ ᠥᠪᠥᠷ ᠮᠣᠩᠭᠤᠯ ᠤᠨ ᠪᠦᠳᠦᠭᠡᠨ ᠪᠠᠶᠢᠭᠤᠯᠤᠯᠲᠠ ᠶᠢ ᠪᠦᠬᠦ ᠲᠠᠯ᠎ᠠ ᠪᠠᠷ ᠠᠬᠢᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠬᠡᠷᠡᠭᠵᠢᠭᠦᠯᠬᠦ ᠰᠠᠨᠠᠯ︾ ᠂ ᠪᠦᠬᠦ ᠣᠷᠣᠨ ᠤ ᠤᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠣᠯᠤᠨ ᠢᠯᠵᠠᠷᠠᠯ ᠤᠨ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠶᠢ ᠠᠬᠢᠭᠤᠯᠬᠤ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ᠃ ᠵᠠᠭᠤᠨ ᠲᠦᠮᠡᠨ ᠭᠠᠭ᠋ᠠᠢ ᠲᠡᠵᠢᠭᠡᠨ ᠦᠷᠡᠵᠢᠭᠦᠯᠬᠦ ᠠᠵᠤ ᠦᠢᠯᠡᠰ ᠤᠨ ᠲᠦᠷᠦᠯ ᠵᠦᠢᠯ ᠤᠨ ᠪᠣᠷᠳᠣᠵᠤ ᠲᠠᠷᠭᠤᠯᠠᠭᠤᠯᠬᠤ ᠲᠠᠯᠠᠪᠠᠢ ᠵᠡᠷᠭᠡ ᠲᠥᠬᠦᠭᠡᠷᠦᠮᠵᠢ ᠶᠢ ᠡᠭᠡᠭᠦᠯᠦᠨ ᠬᠤᠳᠠᠯᠳᠤᠨ ᠠᠪᠬᠤ ᠵᠥᠪᠯᠡᠯᠴᠡᠭᠡᠷ ᠲᠣᠭᠲᠠᠬᠤ᠂ 2025 ᠣᠨ ᠳᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ ᠵᠣᠯᠭᠠᠭᠤᠯᠬᠤ ᠲᠦᠷᠦᠯ ᠵᠦᠢᠯ ᠢ ᠲᠦᠷᠦᠯ ᠵᠦᠢᠯ ᠤᠨ ᠬᠥᠮᠥᠷᠭᠡ ᠳᠤ ᠣᠷᠣᠭᠤᠯᠬᠤ ᠵᠡᠷᠭᠡ 12 ᠵᠦᠢᠯ ᠤᠨ ᠵᠦᠢᠯᠡᠰ ᠢ ᠰᠤᠳᠤᠯᠤᠨ ᠬᠢᠨᠠᠨ ᠵᠥᠪᠯᠡᠪᠡ᠃     ᠬᠤᠷᠠᠯ ᠠᠴᠠ᠂ ᠪᠥᠬᠦ ᠬᠤᠰᠢᠭᠤᠨ ᠤ ᠳᠡᠭᠡᠳᠦ ᠳᠣᠤᠷᠠᠳᠤ ᠱᠠᠲᠤᠨ ᠤ ᠬᠢᠨ ︽ᠤᠯᠤᠰ ᠤᠨ ᠶᠡᠭᠡ ᠶᠠᠪᠤᠳᠠᠯ︾ ᠤᠨ ᠦᠨᠳᠦᠷᠴᠡ ᠠᠴᠠ ᠲᠠᠷᠢᠶᠠᠨ ᠭᠠᠵᠠᠷ ᠢ ᠬᠠᠮᠠᠭᠠᠯᠠᠬᠤ ᠶᠢᠨ ᠲᠦᠢᠯ ᠤᠨ ᠴᠢᠬᠤᠯᠠ ᠴᠢᠨᠠᠷ ᠢ ᠨᠠᠩ ᠤᠬᠠᠮᠰᠠᠷ ᠠᠴᠠ ᠪᠠᠨ  ᠭᠦᠢᠴᠡᠳ ᠲᠠᠨᠢᠵᠤ᠂ ᠲᠠᠷᠢᠶᠠᠨ ᠭᠠᠵᠠᠷ ᠢ ᠬᠠᠮᠠᠭᠠᠯᠠᠬᠤ ᠶᠢ ᠢᠮᠠᠭᠲᠠ ᠰᠠᠶᠢᠳᠦᠷ ᠠᠩᠬᠠᠷᠴᠤ᠂ ᠲᠠᠷᠢᠶᠠᠨ ᠭᠠᠵᠠᠷ ᠤᠨ ᠲᠤᠭ᠎ᠠ ᠬᠡᠮᠵᠢᠶ᠎ᠡ ᠶᠢ ᠪᠠᠭᠠᠰᠬᠠᠬᠤ ᠥᠬᠡᠶ᠂ ᠶᠠᠰᠤ ᠴᠢᠨᠠᠷ ᠢ ᠳᠡᠭᠡᠭᠰᠢᠯᠡᠭᠦᠯᠬᠦ ᠶᠢ ᠪᠠᠲᠤᠯᠠᠬᠤ ᠬᠡᠷᠡᠭᠲᠡᠶ᠃ ᠡᠯ᠎ᠡ ᠰᠠᠯᠠᠭ᠎ᠠ ᠮᠥᠴᠢᠷ ᠤᠨ ᠬᠢᠨ ᠴᠠᠭ ᠢ ᠠᠮᠵᠢᠨ᠂ ︽ᠰᠡᠳᠬᠢᠯ ᠢ ᠳᠤᠯᠠᠭᠠᠴᠠᠭᠤᠯᠬᠤ ᠨᠡᠭᠦᠷᠡᠰᠦ︾ ᠶᠢᠨ ᠦᠨ᠎ᠡ ᠬᠠᠩᠰᠢ ᠶᠢ ᠴᠢᠩᠭ᠎ᠠ ᠡᠵᠡᠮᠳᠡᠵᠦ᠂ ᠲᠡᠭᠡᠭᠡᠪᠦᠷᠢ ᠶᠢᠨ ᠠᠷᠭ᠎ᠠ ᠬᠡᠯᠪᠡᠷᠢ ᠶᠢ ᠰᠢᠯᠢᠳᠡᠭᠵᠢᠭᠦᠯᠵᠦ᠂ ᠲᠡᠭᠡᠭᠡᠪᠦᠷᠢ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ︽ᠰᠡᠳᠬᠢᠯ ᠢ ᠳᠤᠯᠠᠭᠠᠴᠠᠭᠤᠯᠬᠤ ᠨᠡᠭᠦᠷᠡᠰᠦ︾ ᠶᠢ ᠠᠷᠠᠳ ᠢᠷᠭᠡᠳ ᠤᠨ ᠭᠠᠷ ᠲᠤ ᠴᠠᠭ ᠲᠤᠬᠠᠢ ᠳᠤᠨᠢ ᠬᠦᠷᠭᠡᠬᠦ ᠶᠢ ᠪᠠᠲᠤᠯᠠᠵᠤ᠂ ᠬᠤᠳᠠᠯᠳᠤᠨ ᠠᠪᠬᠤ ᠶᠣᠰᠣᠲᠠᠢ ᠶᠢ ᠨᠢ ᠪᠦᠬᠦᠨ ᠢ ᠬᠤᠳᠠᠯᠳᠤᠨ ᠠᠪᠴᠤ ᠡᠪᠦᠯ ᠢ ᠥᠩᠭᠡᠷᠡᠭᠦᠯᠬᠦ ᠬᠡᠷᠡᠭᠲᠡᠢ᠃ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ᠂ ᠨᠥᠬᠦᠪᠥᠷᠢ ᠶᠢ ᠢᠳᠡᠪᠬᠢᠲᠡᠢ ᠲᠡᠮᠡᠴᠡᠨ ᠣᠯᠵᠤ᠂ ᠠᠷᠠᠳ ᠤᠨ ᠠᠮᠢᠳᠤᠷᠠᠯ ᠤᠨ ᠡᠯ᠎ᠡ ᠵᠦᠢᠯ ᠤᠨ ᠢᠨᠵᠧᠨᠧᠷᠢᠩ ᠳᠤ ᠬᠦᠴᠦᠲᠡᠢ ᠪᠠᠲᠤᠯᠠᠭ᠎ᠠ ᠬᠠᠩᠭᠠᠵᠤ᠂ ᠠᠷᠠᠳ ᠤᠯᠠᠨ ᠤ ᠵᠣᠯ ᠵᠢᠷᠭᠠᠯᠲᠤ ᠲᠦᠷᠦᠭᠳᠡᠯ ᠪᠣᠯᠤᠨ ᠬᠠᠨᠤᠮᠵᠢ ᠶᠢᠨ ᠬᠡᠮᠵᠢᠶ᠎ᠡ ᠶᠢ ᠦᠨᠡᠨ ᠬᠦ ᠳᠡᠭᠡᠭᠰᠢᠯᠡᠭᠦᠯᠬᠦ ᠬᠡᠷᠡᠭᠲᠡᠢ ᠭᠡᠵᠦ ᠴᠢᠬᠤᠯᠠᠴᠢᠯᠠᠵᠠᠢ᠃   
 
ᠢᠷᠡᠯᠲᠡ᠄ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号